ᠠᠯᠠᠱᠠ ᠠᠶᠢᠮᠠᠭ ᠤᠨ ᠨᠡᠭᠦᠷᠡᠰᠦ ᠬᠠᠳᠠᠭᠠᠯᠠᠵᠤ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠪᠠᠶᠠᠨᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/26
     8 ᠰᠠᠷ᠎ᠠ ᠶᠢᠨ 23᠎ ᠤ ᠡᠳᠦᠷ᠂ ᠠᠯᠠᠱᠠ ᠠᠶᠢᠮᠠᠭ ᠤᠨ ᠨᠡᠭᠦᠷᠡᠰᠦ ᠬᠠᠳᠠᠭᠠᠯᠠᠵᠤ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠪᠠᠶᠠᠨᠬᠤᠲᠠ ᠳᠤ ᠶᠠᠪᠤᠭᠳᠠᠪᠠ ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠭᠢᠯᠡᠪᠡ᠃ ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠪᠦᠦ ᠶᠧ ᠣᠷᠣᠯᠴᠠᠵᠠᠶ᠃
   ᠭᠡᠷ᠎ᠡ ᠲᠣᠭᠲᠠᠭᠰᠠᠨ ᠲᠤᠬᠠᠶ ᠶᠢᠨ ᠲᠠᠯᠠᠪᠠᠶ ᠳᠤ᠂ ᠠᠯᠠᠱᠠ ᠠᠶᠢᠮᠠᠭ ᠨᠢ ᠳᠤᠮᠳᠠᠳᠤ ᠤᠯᠤᠰ ᠤᠨ ᠨᠡᠭᠦᠷᠡᠰᠦᠨ ᠤ ᠺᠣᠮᠫᠠᠨᠢ ᠶᠢᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ᠂ ᠰᠢᠶᠠᠮᠧᠨ ᠤ ᠤᠯᠤᠰ ᠤᠨ ᠠᠷᠠᠯᠵᠢᠶᠠᠨ ᠤ ᠲᠡᠮᠦᠷᠯᠢᠭ ᠪᠣᠯᠪᠠᠰᠤᠷᠠᠭᠤᠯᠬᠤ ᠬᠡᠤᠷᠰᠢᠭᠦᠯᠬᠦ ᠬᠢᠵᠠᠭᠠᠷᠲᠤ ᠺᠣᠮᠫᠠᠨᠢ᠂ ᠠᠯᠠᠱᠠ ᠠᠶᠢᠮᠠᠭ ᠤᠨ ᠬᠤ᠋ ᠮᠧᠩ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠨᠠ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠢ ᠳ᠋ᠠ ᠽᠥᠩ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠵᠡᠷᠭᠡ  6 ᠠᠵᠤ ᠠᠬᠤᠶᠢᠯᠠᠯ ᠲᠠᠢ ᠭᠡᠷ᠎ᠡ ᠲᠣᠭᠲᠠᠵᠤ᠂ ᠣᠯᠠᠨᠪᠤᠯᠠᠭ ᠤᠨ 1000 ᠲᠦᠮᠡᠨ ᠲᠣᠨ ᠨᠡᠭᠦᠷᠡᠰᠦ ᠬᠠᠳᠠᠭᠠᠯᠠᠵᠤ ᠳᠣᠭᠢᠷᠠᠭᠤᠯᠬᠤ ᠰᠠᠭᠤᠷᠢᠨ ᠭᠠᠵᠠᠷ᠂ ᠣᠯᠠᠨᠪᠤᠯᠠᠭ ᠤᠨ 1000 ᠲᠦᠮᠡᠨ ᠲᠣᠨ ᠨᠡᠭᠦᠷᠡᠰᠦ ᠬᠠᠳᠠᠭᠠᠯᠠᠬᠤ ᠬᠦᠷᠢᠶᠡᠯᠡᠩ ᠵᠢᠴᠢ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ᠂ ᠣᠯᠠᠨ ᠲᠠᠯ᠎ᠠ ᠪᠠᠷ ᠨᠡᠪᠳᠡᠷᠡᠭᠰᠡᠨ ᠪᠣᠭᠤᠮᠲᠠ ᠶᠢᠨ ᠠᠵᠤ ᠠᠬᠤᠶ ᠶᠢᠨ ᠬᠢᠯᠢ ᠠᠯᠤᠰᠯᠠᠭᠰᠠᠨ ᠬᠠᠮᠲᠤᠷᠠᠯᠴᠠᠭ᠎ᠠ᠂ ᠣᠯᠠᠨᠪᠤᠯᠠᠭ ᠤᠨ 300 ᠲᠦᠮᠡᠨ ᠲᠣᠨ ᠨᠡᠭᠦᠷᠡᠰᠦ ᠤᠬᠢᠶᠠᠵᠤ ᠰᠣᠩᠭᠤᠨ ᠪᠣᠯᠪᠠᠰᠤᠷᠠᠭᠤᠯᠬᠤ ᠪᠠ ᠥᠯᠵᠡᠶ ᠪᠣᠭᠤᠮᠲᠠ ᠶᠢᠨ ᠣᠶᠤᠨᠴᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ 5 ᠲᠥᠷᠥᠯ ᠵᠦᠢᠯ ᠳᠤ ᠭᠡᠷ᠎ᠡ ᠲᠣᠭᠲᠠᠵᠤ᠂ ᠲᠥᠷᠥᠯ ᠵᠦᠢᠯ ᠤᠨ ᠶᠡᠷᠦᠩᠬᠡᠶ ᠬᠡᠪᠴᠢᠶ᠎ᠡ ᠨᠢ᠄ ᠨᠥᠭᠡᠴᠡᠯᠡᠬᠦ ᠨᠡᠭᠦᠷᠡᠰᠦ 5800 ᠲᠦᠮᠡᠨ ᠲᠣᠨ᠂ ᠬᠡᠦᠷᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠨᠢ 700 ᠲᠦᠮᠡᠨ ᠲᠣᠨ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 160.4 ᠳ᠋ᠦᠩᠰᠢᠭᠤᠷ ᠲᠥᠭᠦᠷᠢᠭ ᠪᠣᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号