| | | | | ︵1992 ᠣᠨ ᠤ 6 ᠳ᠋ᠤᠭᠠᠷ ᠰᠠᠷ᠎ᠠ ᠶᠢᠨ 22 ᠤᠨ ᠡᠳᠦᠷ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 100 ᠳ᠋ᠤᠭᠠᠷ ᠲᠣᠭᠠᠲᠤ ᠪᠠᠷ ᠨᠡᠶᠢᠲᠡᠯᠡᠪᠡ᠂ | 2011 ᠣᠨ ᠤ 1ᠳ᠋ᠦ᠋ᠭᠡᠷ ᠰᠠᠷ᠎ᠠ ᠶᠢᠨ 8 ᠤ ᠡᠳᠦᠷ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠬᠦᠴᠦᠨ | ᠦᠭᠡᠢ ᠪᠣᠯᠭᠠᠬᠤ ᠪᠠ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ | ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ᠂ ᠡᠨᠡ ᠨᠢ 2017 ᠣᠨ ᠤ 3 ᠳ᠋ᠤᠭᠠᠷ ᠰᠠᠷ᠎ᠠ ᠶᠢᠨ 1 ᠤ | ᠡᠳᠦᠷ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠤᠨ ᠬᠤᠶᠠᠳᠤᠭᠠᠷ ᠤᠳᠠᠭ᠎ᠠ ᠵᠠᠰᠠᠪᠤᠷᠢ | ᠣᠷᠣᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | | | ᠨᠢᠭᠡᠳᠦᠭᠡᠷ ᠵᠦᠢᠯ ᠬᠤᠲᠠ ᠶᠢᠨ ᠴᠡᠴᠡᠷᠯᠢᠭᠵᠢᠭᠦᠯᠦᠯᠲᠡ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ | ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠮᠢᠳᠤᠷᠠᠯ ᠤᠨ ᠣᠷᠴᠢᠨ ᠲᠣᠭᠤᠷᠢᠨ ᠢ | ᠭᠤᠶᠤᠵᠢᠭᠤᠯᠵᠤ᠂ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠡᠮᠡᠭᠳᠡᠭᠦᠯᠬᠦ ᠶᠢᠨ ᠲᠤᠰᠠᠳᠠ ᠡᠨᠡ ᠬᠦ | ᠳᠦᠷᠢᠮ ᠢ ᠪᠣᠯᠪᠠᠰᠤᠷᠠᠭᠤᠯᠤᠭᠰᠠᠨ ᠪᠣᠯᠣᠨ᠎ᠠ᠃ | ᠬᠤᠶᠠᠳᠤᠭᠠᠷ ᠵᠦᠢᠯ ᠲᠤᠰ ᠳᠦᠷᠢᠮ ᠨᠢ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠣᠶ | ᠮᠣᠳᠣ ᠡᠪᠡᠰᠦ ᠴᠡᠴᠡᠭ ᠲᠠᠷᠢᠬᠤ ᠪᠠ ᠵᠠᠰᠠᠪᠤᠷᠢ ᠦᠢᠯᠡᠴᠢᠯᠡᠭᠡ ᠵᠡᠷᠭᠡ ᠬᠤᠲᠠ ᠶᠢᠨ ᠴᠡᠴᠡᠷᠯᠢᠭᠵᠢᠭᠦᠯᠦᠯᠲᠡ ᠶᠢᠨ | ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠠᠮᠢᠶᠠᠷᠤᠯᠲᠠ ᠳᠤ ᠲᠣᠬᠢᠷᠠᠨ᠎ᠠ᠃ | ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ | ᠴᠡᠴᠡᠷᠯᠢᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠳᠡᠭᠡᠨ ᠣᠷᠣᠭᠤᠯᠬᠤ ᠬᠡᠷᠡᠭᠲᠡᠶ᠃ | ᠳᠥᠷᠪᠡᠳᠦᠭᠡᠷ ᠵᠦᠢᠯ ᠤᠯᠤᠰ ᠠᠴᠠ ᠬᠤᠲᠠ ᠶᠢᠨ ᠴᠡᠴᠡᠷᠯᠢᠭᠵᠢᠭᠦᠯᠦᠯᠲᠡ ᠶᠢᠨ ᠰᠢᠨᠵᠢᠯᠡᠬᠦ ᠤᠬᠠᠭᠠᠨ ᠤ | ᠰᠤᠳᠤᠯᠤᠯ ᠢ ᠵᠣᠷᠢᠭᠵᠢᠭᠤᠯᠤᠨ ᠴᠢᠩᠭᠠᠳᠬᠠᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ᠂ ᠬᠤᠲᠠ ᠶᠢᠨ | ᠴᠡᠴᠡᠷᠯᠢᠭᠵᠢᠭᠦᠯᠦᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠤᠷᠠᠯᠢᠭ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ | ᠲᠠᠪᠤᠳᠤᠭᠠᠷ ᠵᠦᠢᠯ ᠬᠤᠲᠠ ᠶᠢᠨ ᠳᠣᠲᠣᠷᠠᠬᠢ ᠨᠢᠭᠡᠴᠢ ᠪᠠ ᠬᠥᠳᠡᠯᠮᠦᠷᠢᠯᠡᠬᠦ ᠴᠢᠳᠠᠪᠤᠷᠢ ᠲᠠᠢ ᠠᠷᠠᠳ | ᠢᠷᠭᠡᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠣᠳᠣ ᠲᠠᠷᠢᠬᠤ ᠪᠤᠶᠤ ᠪᠤᠰᠤᠳ | ᠨᠣᠭᠤᠭᠠᠷᠠᠭᠤᠯᠬᠤ ᠡᠭᠦᠷᠭᠡ ᠶᠢ ᠭᠦᠢᠴᠡᠳᠬᠡᠬᠦ ᠬᠡᠷᠡᠭᠲᠡᠶ᠃ | ᠵᠢᠷᠭᠤᠳᠤᠭᠠᠷ ᠵᠦᠢᠯ ᠬᠤᠲᠠ ᠶᠢᠨ ᠴᠡᠴᠡᠷᠯᠢᠭᠵᠢᠭᠦᠯᠦᠯᠲᠡ ᠶᠢᠨ ᠠᠵᠢᠯ ᠤᠨ ᠳᠤᠮᠳᠠ ᠢᠯᠡᠳᠲᠡ | ᠠᠮᠵᠢᠯᠲᠠ ᠣᠯᠤᠭᠰᠠᠨ ᠨᠢᠭᠡᠴᠢ ᠪᠠ ᠬᠤᠪᠢ ᠬᠥᠮᠦᠨ ᠢ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ | ᠱᠠᠩᠨᠠᠬᠤ ᠬᠡᠷᠡᠭᠲᠡᠶ᠃ | ᠳᠣᠯᠣᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠤᠯᠤᠰ ᠤᠨ | ᠴᠡᠴᠡᠷᠯᠢᠭᠵᠢᠭᠦᠯᠦᠯᠲᠡ ᠶᠢᠨ ᠺᠣᠮᠢᠰ ᠪᠠᠶᠢᠭᠤᠯᠵᠤ᠂ ᠪᠦᠬᠦ ᠤᠯᠤᠰ ᠤᠨ ᠬᠤᠲᠠ ᠬᠥᠳᠡᠭᠡ ᠶᠢᠨ | ᠴᠡᠴᠡᠷᠯᠢᠭᠵᠢᠭᠦᠯᠦᠯᠲᠡ ᠶᠢᠨ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ ᠤᠳᠤᠷᠢᠳᠴᠤ᠂ ᠲᠡᠭᠦᠨ ᠤ ᠠᠯᠪᠠᠨ ᠭᠡᠷ ᠢ | ᠲᠥᠷᠥ ᠶᠢᠨ ᠶᠠᠪᠤᠳᠠᠯ ᠤᠨ ᠬᠤᠷᠢᠶᠠᠨ ᠤ ᠣᠶ ᠰᠢᠭᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠭᠠᠷᠭᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠣᠶ ᠰᠢᠭᠤᠶ ᠶᠢᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠨᠢ ᠲᠥᠷᠥ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠭᠰᠠᠨ ᠡᠷᠬᠡ ᠲᠤᠰᠢᠶᠠᠯ ᠤᠨ ᠶᠣᠰᠣᠭᠠᠷ ᠪᠦᠬᠦ ᠤᠯᠤᠰ ᠤᠨ ᠬᠤᠲᠠ ᠶᠢᠨ ᠴᠡᠴᠡᠷᠯᠢᠭᠵᠢᠭᠦᠯᠦᠯᠲᠡ ᠶᠢᠨ | ᠠᠵᠢᠯ ᠢ ᠬᠠᠷᠢᠭᠤᠴᠠᠬᠤ ᠬᠡᠷᠡᠭᠲᠡᠶ᠃ | ᠣᠷᠣᠨ ᠨᠤᠲᠤᠭ ᠤᠨ ᠴᠡᠴᠡᠷᠯᠢᠭᠵᠢᠭᠦᠯᠦᠯᠲᠡ ᠶᠢᠨ ᠬᠠᠮᠢᠶᠠᠷᠤᠯᠲᠠ ᠶᠢᠨ ᠪᠠᠶᠢᠭᠤᠯᠤᠯ ᠢ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠭᠠᠵᠠᠷ ᠤᠨ | ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠬᠤ ᠬᠡᠷᠡᠭᠲᠡᠶ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠬᠤᠲᠠ ᠶᠢᠨ ᠴᠡᠴᠡᠷᠯᠢᠭᠵᠢᠭᠦᠯᠦᠯᠲᠡ ᠶᠢᠨ ᠠᠵᠢᠯ ᠢ | ᠭᠤᠤᠯᠴᠢᠯᠠᠨ ᠬᠠᠮᠢᠶᠠᠷᠬᠤ ᠬᠡᠷᠡᠭᠲᠡᠶ᠃ | ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠣᠶ ᠰᠢᠭᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠨᠢ | ᠬᠠᠮᠢᠶᠠᠷᠴᠤ ᠪᠦᠬᠦᠢ ᠴᠡᠴᠡᠷᠯᠢᠭᠵᠢᠭᠦᠯᠦᠯᠲᠡ ᠶᠢᠨ ᠠᠵᠢᠯ ᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | | | ᠬᠤᠶᠠᠳᠤᠭᠠᠷ ᠪᠦᠯᠦᠭ ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ | | | ᠨᠠᠢᠮᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠤᠲᠠ ᠶᠢᠨ | ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠲᠠ ᠶᠢᠨ | ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠶᠢ ᠵᠣᠬᠢᠶᠠᠨ | ᠪᠠᠶᠢᠭᠤᠯᠤᠨ ᠬᠤᠲᠠ ᠶᠢᠨ ᠴᠡᠴᠡᠷᠯᠢᠭᠵᠢᠭᠦᠯᠦᠯᠲᠡ ᠶᠢᠨ ᠲᠥᠯᠥᠪᠵᠢᠭᠦᠯᠭᠡ ᠶᠢ ᠬᠠᠮᠲᠤᠪᠠᠷ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠤᠲᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ | | ᠶᠢᠰᠦᠳᠦᠭᠡᠷ ᠵᠦᠢᠯ ᠬᠤᠳᠠ ᠶᠢᠨ ᠴᠡᠴᠡᠷᠯᠢᠭᠵᠢᠭᠦᠯᠦᠯᠲᠡ ᠶᠢᠨ ᠲᠥᠯᠦᠪᠵᠢᠭᠦᠯᠭᠡ ᠳᠤ ᠪᠣᠳᠠᠲᠤ | ᠪᠠᠶᠢᠳᠠᠯ ᠠᠴᠠ ᠡᠭᠦᠰᠴᠦ᠂ ᠬᠤᠳᠠ ᠶᠢᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠤᠳᠠ ᠶᠢᠨ ᠬᠥᠮᠥᠨ | ᠠᠮᠠ ᠪᠣᠯᠣᠨ ᠬᠤᠳᠠ ᠶᠢᠨ ᠲᠡᠯᠡᠪᠡᠢ ᠲᠠᠢ ᠵᠣᠬᠢᠴᠠᠭᠰᠠᠨ ᠬᠤᠳᠠ ᠶᠢᠨ ᠴᠡᠴᠡᠷᠯᠢᠭᠵᠢᠭᠦᠯᠦᠯᠲᠡ ᠳᠤ ᠬᠡᠷᠡᠭᠯᠡᠬᠦ | ᠭᠠᠵᠠᠷ ᠤᠨ ᠲᠡᠯᠡᠪᠡᠢ ᠶᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ | | ᠬᠤᠳᠠ ᠶᠢᠨ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠤᠯᠡᠠ ᠨᠡᠶᠢᠲᠡ ᠶᠢᠨ ᠨᠣᠭᠤᠭᠠᠷᠠᠭᠤᠯᠬᠤ | ᠭᠠᠵᠠᠷ ᠤᠨ ᠲᠡᠯᠡᠪᠡᠢ ᠪᠠ ᠨᠣᠭᠤᠭᠠᠷᠠᠭᠤᠯᠬᠤ ᠪᠦᠷᠬᠦᠴᠡ ᠶᠢᠨ ᠨᠤᠷᠮ᠎ᠠ ᠵᠡᠷᠭᠡ ᠲᠥᠯᠦᠪᠵᠢᠭᠦᠯᠭᠡ ᠶᠢᠨ ᠭᠦᠢᠴᠡᠳᠬᠡᠬᠦ | ᠲᠤᠭ᠎ᠠ ᠶᠢ ᠳᠥᠷᠦ ᠶᠢᠨ ᠶᠠᠪᠤᠳᠠᠯ ᠤᠨ ᠬᠤᠷᠢᠶᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠪᠤᠰᠤ ᠬᠤᠳᠠ ᠶᠢᠨ ᠰᠢᠨᠵᠢ ᠴᠢᠨᠠᠷ᠂ ᠬᠡᠪᠴᠢᠶ᠎ᠡ | ᠪᠠ ᠪᠠᠶᠢᠭᠠᠯᠢ ᠶᠢᠨ ᠨᠥᠬᠦᠴᠡᠯ ᠵᠡᠷᠭᠡ ᠪᠣᠳᠠᠲᠤ ᠪᠠᠶᠢᠳᠠᠯ ᠢ ᠦᠨᠳᠦᠰᠦᠯᠡᠵᠦ ᠲᠣᠭᠲᠠᠭᠠᠨ᠎ᠠ᠃ | | ᠠᠷᠪᠠᠳᠤᠭᠠᠷ ᠵᠦᠢᠯ ᠬᠤᠳᠠ ᠶᠢᠨ ᠴᠡᠴᠡᠷᠯᠢᠭᠵᠢᠭᠦᠯᠦᠯᠲᠡ ᠶᠢᠨ ᠲᠥᠯᠦᠪᠵᠢᠭᠦᠯᠭᠡ ᠨᠢ ᠲᠤᠬᠠᠢ ᠶᠢᠨ | ᠭᠠᠵᠠᠷ ᠤᠨ ᠣᠨᠴᠠᠯᠢᠭ ᠢᠶᠠᠨ ᠦᠨᠳᠦᠰᠦᠯᠡᠨ᠂ ᠤᠤᠯ ᠤᠨ ᠪᠠᠶᠢᠭᠰᠠᠨ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ | ᠂ ᠤᠰᠤᠨ ᠴᠣᠭᠴᠠ᠂ ᠤᠷᠭᠤᠮᠠᠯ ᠤᠨ ᠬᠤᠴᠢᠯᠭ᠎ᠠ ᠪᠣᠯᠣᠨ ᠲᠡᠦᠬᠡ ᠰᠣᠶᠣᠯ ᠤᠨ ᠦᠯᠡᠳᠡᠭᠳᠡᠯ ᠵᠡᠷᠭᠡ ᠪᠠᠶᠢᠭᠠᠯᠢ᠂ | ᠬᠥᠮᠥᠨ ᠰᠣᠶᠣᠯ ᠤᠨ ᠨᠥᠬᠦᠴᠡᠯ ᠢ ᠠᠰᠢᠭᠯᠠᠨ᠂ ᠤᠯᠠᠨ ᠲᠦᠮᠡᠨ ᠳᠤ ᠲᠦᠬᠦᠮ ᠦᠵᠡᠭᠦᠯᠬᠦ ᠵᠠᠷᠴᠢᠮ ᠢᠶᠠᠷ ᠤᠯᠠᠨ | ᠨᠡᠶᠢᠳᠡ ᠶᠢᠨ ᠨᠣᠭᠤᠭᠠᠨ ᠬᠥᠷᠥᠰᠥ᠂ ᠣᠷᠣᠨ ᠰᠠᠭᠤᠴᠠ ᠶᠢᠨ ᠲᠣᠭᠤᠷᠢᠭ ᠤᠨ ᠨᠣᠭᠤᠭᠠᠨ ᠬᠥᠷᠥᠰᠥ᠂ | ᠬᠠᠮᠠᠭᠠᠯᠠᠯᠲᠠ ᠶᠢᠨ ᠨᠣᠭᠤᠭᠠᠨ ᠬᠥᠷᠥᠰᠥ᠂ ᠦᠢᠯᠡᠳᠪᠦᠷᠢᠯᠡᠯ ᠤᠨ ᠨᠣᠭᠤᠭᠠᠨ ᠬᠥᠷᠥᠰᠥ ᠪᠣᠯᠣᠨ ᠦᠵᠡᠮᠵᠢᠲᠦ | ᠣᠶᠢᠲᠤ ᠭᠠᠵᠠᠷ ᠵᠡᠷᠭᠡ ᠶᠢ ᠵᠦᠢ ᠵᠣᠬᠢᠰᠲᠠᠢ ᠪᠠᠶᠢᠷᠢᠯᠠᠭᠤᠯᠬᠤ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠬᠤᠳᠠ ᠶᠢᠨ ᠴᠡᠴᠡᠷᠯᠢᠭᠵᠢᠭᠦᠯᠦᠯᠲᠡ ᠶᠢᠨ ᠪᠠᠷᠢᠯᠭ᠎ᠠ ᠶᠢᠨ ᠵᠢᠷᠤᠭ | ᠲᠥᠯᠥᠪᠯᠡᠭᠡ ᠶᠢ ᠵᠣᠬᠢᠴᠠᠩᠭᠤᠢ ᠬᠢᠷᠢ ᠬᠡᠮ ᠤᠨ ᠦᠨᠡᠮᠯᠡᠯ ᠲᠠᠢ ᠵᠢᠷᠤᠭ ᠲᠥᠯᠥᠪᠯᠡᠭᠡ ᠶᠢᠨ ᠨᠢᠭᠡᠴᠢ ᠳᠤ ᠨᠠᠶᠢᠳᠠᠵᠤ | ᠡᠭᠦᠷᠭᠡᠯᠡᠭᠦᠯᠬᠦ ᠬᠡᠷᠡᠭᠲᠡᠢ᠃ | | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠯᠲᠠ ᠨᠣᠭᠤᠭᠠᠷᠠᠭᠤᠯᠬᠤ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠡᠰ | ᠳᠠᠷᠠᠭᠠᠯᠠᠯ ᠤᠨ ᠶᠣᠰᠣᠭᠠᠷ ᠬᠢᠨᠠᠨ ᠵᠥᠪᠰᠢᠶᠡᠷᠡᠬᠦ ᠳᠡᠭᠡᠨ ᠡᠷᠬᠡᠪᠰᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ | ᠪᠠᠶᠢᠴᠠᠭᠠᠬᠤ ᠳᠤ ᠣᠷᠣᠯᠴᠠᠬᠤ ᠬᠡᠷᠡᠭᠲᠡᠢ᠃ | | ᠪᠦᠲᠦᠭᠡᠨ ᠪᠠᠶᠢᠭᠤᠯᠬᠤ ᠨᠢᠭᠡᠴᠢ ᠡᠷᠬᠡᠪᠰᠢ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠶᠢᠨ ᠲᠥᠰᠥᠯ | ᠶᠣᠰᠣᠭᠠᠷ ᠪᠠᠷᠢᠯᠭ᠎ᠠ ᠶᠢᠨ ᠠᠵᠢᠯ ᠢᠶᠠᠨ ᠬᠢᠬᠦ ᠬᠡᠷᠡᠭᠲᠡᠢ᠃ ᠵᠢᠷᠤᠭ ᠲᠥᠯᠥᠪᠯᠡᠭᠡᠨ ᠤ ᠲᠥᠰᠥᠯ ᠢ ᠦᠨᠡᠬᠡᠷ | ᠬᠤᠪᠢᠷᠠᠭᠤᠯᠬᠤ ᠴᠢᠬᠤᠯᠠ ᠲᠠᠢ ᠪᠣᠯ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠪᠠᠷ ᠬᠢᠨᠠᠨ ᠵᠥᠪᠰᠢᠶᠡᠷᠡᠭᠦᠯᠬᠦ | ᠬᠡᠷᠡᠭᠲᠡᠢ᠃ | | ᠠᠷᠪᠠᠨ ᠬᠤᠶᠠᠳᠤᠭᠠᠷ ᠵᠦᠢᠯ ᠬᠤᠳᠠ ᠶᠢᠨ ᠴᠡᠴᠡᠷᠯᠢᠭᠵᠢᠭᠦᠯᠦᠯᠲᠡ ᠶᠢᠨ ᠪᠠᠷᠢᠯᠭ᠎ᠠ ᠶᠢᠨ ᠵᠢᠷᠤᠭ | ᠲᠥᠯᠥᠪᠯᠡᠭᠡ ᠶᠢ ᠬᠢᠬᠦ ᠳᠡᠭᠡᠨ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠲᠤᠷᠰᠢᠯᠭ᠎ᠠ ᠪᠠᠷ ᠲᠣᠯᠢ | ᠪᠣᠯᠭᠠᠵᠤ᠂ ᠦᠨᠳᠦᠰᠦᠲᠡᠨ ᠤ ᠬᠡᠪ ᠨᠠᠮᠪᠠ ᠪᠠ ᠣᠷᠣᠨ ᠨᠤᠲᠤᠭ ᠤᠨ ᠣᠨᠴᠠᠯᠢᠭ ᠢ ᠬᠠᠷᠠᠭᠤᠯᠬᠤ ᠬᠡᠷᠡᠭᠲᠡᠢ᠃ | ᠬᠤᠳᠠ ᠶᠢᠨ ᠤᠯᠡᠠ ᠨᠡᠶᠢᠲᠡ ᠶᠢᠨ ᠵᠦᠯᠭᠡ ᠭᠠᠵᠠᠷ ᠪᠠ ᠣᠷᠣᠨ ᠰᠠᠭᠤᠴᠠ ᠶᠢᠨ ᠲᠣᠭᠤᠷᠢᠭ ᠤᠨ ᠵᠦᠯᠭᠡ ᠭᠠᠵᠠᠷ ᠢ | ᠪᠦᠲᠦᠭᠡᠨ ᠪᠠᠶᠢᠭᠤᠯᠬᠤ ᠳᠤ ᠤᠷᠭᠤᠮᠠᠯ ᠤᠨ ᠦᠵᠡᠮᠵᠢ ᠶᠢ ᠪᠦᠲᠦᠭᠡᠬᠦ ᠪᠠᠷ ᠭᠤᠣᠯ ᠪᠣᠯᠭᠠᠵᠤ᠂ ᠲᠤᠬᠠᠢ ᠶᠢᠨ | ᠭᠠᠵᠠᠷ ᠤᠨ ᠪᠠᠶᠢᠭᠠᠯᠢ ᠶᠢᠨ ᠨᠥᠬᠦᠴᠡᠯ ᠳᠤ ᠲᠣᠬᠢᠷᠠᠭᠰᠠᠨ ᠡᠪᠡᠰᠦ ᠮᠣᠳᠣ ᠴᠡᠴᠡᠭ ᠡᠪᠡᠰᠦ ᠶᠢ ᠰᠣᠩᠭᠤᠨ | ᠬᠡᠷᠡᠭᠯᠡᠬᠦ ᠶᠢᠨ ᠬᠠᠮᠲᠤ ᠪᠤᠯᠠᠭ᠂ ᠴᠢᠯᠠᠭᠤ᠂ ᠱᠤᠭᠤᠮᠠᠯ ᠵᠡᠷᠭᠡ ᠦᠵᠡᠮᠵᠢ ᠶᠢ ᠵᠣᠬᠢᠰᠲᠠᠢ ᠪᠠᠷ ᠲᠣᠬᠢᠷᠠᠭᠤᠯᠬᠤ ᠬᠡᠷᠡᠭᠲᠡᠢ | ᠃ | | ᠠᠷᠪᠠᠨ ᠭᠤᠷᠪᠠᠳᠤᠭᠠᠷ ᠵᠦᠢᠯ ᠬᠤᠳᠠ ᠶᠢᠨ ᠴᠡᠴᠡᠷᠯᠢᠭᠵᠢᠭᠦᠯᠦᠯᠲᠡ ᠶᠢᠨ ᠲᠥᠯᠦᠪᠵᠢᠭᠦᠯᠭᠡ ᠶᠢ | ᠬᠢᠬᠦ ᠳᠡᠭᠡᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠳᠠᠯᠢ ᠪᠤᠰᠤ ᠳᠥᠷᠦᠯ ᠬᠡᠯᠪᠡᠷᠢ ᠶᠢᠨ | ᠬᠠᠮᠠᠭᠠᠯᠠᠯᠲᠠ ᠶᠢᠨ ᠵᠦᠯᠭᠡ ᠭᠠᠵᠠᠷ ᠢ ᠲᠥᠯᠥᠪᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠨᠢᠭᠡᠴᠢ ᠶᠢᠨ ᠢᠶᠠᠨ ᠬᠠᠮᠢᠶᠠᠷᠤᠯᠲᠠ ᠶᠢᠨ | ᠬᠡᠪᠴᠢᠶᠡᠨ ᠳᠠᠬᠢ ᠬᠠᠮᠠᠭᠠᠯᠠᠯᠲᠠ ᠶᠢᠨ ᠨᠣᠭᠤᠭᠠᠨ ᠭᠠᠵᠠᠷ ᠤᠨ ᠴᠡᠴᠡᠷᠯᠢᠭᠵᠢᠭᠦᠯᠦᠯᠲᠡ ᠶᠢᠨ ᠪᠦᠲᠦᠭᠡᠨ | ᠪᠠᠶᠢᠭᠤᠯᠤᠯᠲᠠ ᠶᠢ ᠬᠠᠷᠢᠭᠤᠴᠠᠬᠤ ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠨᠢᠭᠡᠴᠢ ᠶᠢᠨ ᠬᠠᠷᠢᠶ᠎ᠠ ᠨᠣᠭᠤᠭᠠᠨ ᠭᠠᠵᠠᠷ ᠤᠨ ᠴᠡᠴᠡᠷᠯᠢᠭᠵᠢᠭᠦᠯᠦᠯᠲᠡ ᠶᠢᠨ | ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠲᠤᠰ ᠨᠢᠭᠡᠴᠢ ᠥᠪᠡᠷ ᠢᠶᠠᠨ ᠬᠠᠷᠢᠭᠤᠴᠠᠨ᠎ᠠ᠂ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠮᠲᠤ ᠮᠡᠷᠭᠡᠵᠢᠯ ᠤᠨ ᠵᠢᠯᠣᠭᠤᠳᠤᠯᠭ᠎ᠠ | ᠣᠯᠭᠤᠬᠤ ᠬᠡᠷᠡᠭᠲᠡᠢ᠃ | | ᠠᠷᠪᠠᠨ ᠲᠠᠪᠤᠳᠤᠭᠠᠷ ᠵᠦᠢᠯ ᠬᠤᠳᠠ ᠶᠢᠨ ᠵᠤᠯᠵᠠᠭ᠎ᠠ ᠮᠣᠳᠣᠨ ᠤ ᠬᠦᠷᠢᠶᠡᠯᠡᠩ᠂ ᠡᠪᠡᠰᠦᠨ ᠤ ᠬᠦᠷᠢᠶᠡᠯᠡᠩ | ᠂ ᠴᠡᠴᠡᠭ ᠤᠨ ᠬᠦᠷᠢᠶᠡᠯᠡᠩ ᠵᠡᠷᠭᠡ ᠦᠢᠯᠡᠳᠪᠦᠷᠢᠯᠡᠯ ᠤᠨ ᠨᠣᠭᠤᠭᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠬᠤᠳᠠ ᠶᠢᠨ ᠨᠣᠭᠤᠭᠠᠷᠠᠭᠤᠯᠬᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠤᠯᠬᠤ ᠬᠡᠷᠡᠭᠲᠡᠢ᠃ | | ᠠᠷᠪᠠᠨ ᠵᠢᠷᠭᠤᠳᠤᠭᠠᠷ ᠵᠦᠢᠯ ᠬᠤᠳᠠ ᠶᠢᠨ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠵᠦᠢᠯ ᠪᠠ ᠣᠷᠣᠨ ᠰᠠᠭᠤᠴᠠ ᠶᠢᠨ ᠲᠣᠭᠤᠷᠢᠭ ᠢ ᠨᠡᠭᠡᠭᠡᠨ | ᠬᠥᠭᠵᠢᠭᠦᠯᠬᠦ ᠪᠠᠷᠢᠯᠭ᠎ᠠ ᠶᠢᠨ ᠵᠦᠢᠯ ᠢ ᠨᠣᠭᠤᠭᠠᠷᠠᠭᠤᠯᠬᠤ ᠴᠢᠬᠤᠯᠠ ᠲᠠᠢ ᠪᠣᠯ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤᠨᠢ ᠢᠵᠢ ᠪᠦᠷᠢᠳᠦᠭᠦᠯᠦᠭᠰᠡᠨ ᠨᠣᠭᠤᠭᠠᠷᠠᠭᠤᠯᠬᠤ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠪᠠᠭᠲᠠᠭᠠᠬᠤ ᠬᠡᠷᠡᠭᠲᠡᠢ ᠪᠥᠭᠡᠳ ᠨᠣᠭᠤᠭᠠᠷᠠᠭᠤᠯᠬᠤ ᠪᠠᠷᠢᠯᠭ᠎ᠠ ᠶᠢᠨ | ᠠᠵᠢᠯ ᠢ ᠨᠢᠭᠡᠳᠦᠯᠲᠡᠢ ᠲᠣᠬᠢᠷᠠᠭᠤᠯᠵᠤ᠂ ᠨᠣᠭᠤᠭᠠᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠤ ᠳᠣᠲᠣᠷ᠎ᠠ | ᠪᠡᠶᠡᠯᠡᠭᠦᠯᠬᠦ ᠬᠡᠷᠡᠭᠲᠡᠢ᠃ | | | ᠭᠤᠷᠪᠠᠳᠤᠭᠠᠷ ᠪᠦᠯᠦᠭ ᠬᠠᠮᠠᠭᠠᠯᠠᠬᠤ ᠪᠠ ᠬᠠᠮᠢᠶᠠᠷᠬᠤ | | | ᠠᠷᠪᠠᠨ ᠳᠣᠯᠣᠳᠤᠭᠠᠷ ᠵᠦᠢᠯ ᠬᠤᠳᠠ ᠶᠢᠨ ᠤᠯᠡᠠ ᠨᠡᠶᠢᠲᠡ ᠶᠢᠨ ᠴᠡᠴᠡᠷᠯᠢᠭᠵᠢᠭᠦᠯᠦᠯᠲᠡ ᠶᠢᠨ ᠭᠠᠵᠠᠷ᠂ | ᠦᠵᠡᠮᠵᠢ ᠶᠢᠨ ᠣᠶᠢᠲᠤ ᠭᠠᠵᠠᠷ᠂ ᠬᠠᠮᠠᠭᠠᠯᠠᠯᠲᠠ ᠶᠢᠨ ᠴᠡᠴᠡᠷᠯᠢᠭᠵᠢᠭᠦᠯᠦᠯᠲᠡ ᠶᠢᠨ ᠭᠠᠵᠠᠷ᠂ ᠵᠡᠮ ᠳᠠᠭᠠᠭᠰᠠᠨ ᠮᠣᠳᠣ | ᠬᠢᠭᠡᠳ ᠭᠤᠣᠯ ᠵᠡᠮ ᠤᠨ ᠴᠡᠴᠡᠷᠯᠢᠭᠵᠢᠭᠦᠯᠦᠯᠲᠡ ᠶᠢᠨ ᠪᠦᠰᠡ ᠶᠢᠨ ᠴᠡᠴᠡᠷᠯᠢᠭᠵᠢᠭᠦᠯᠦᠯᠲᠡ ᠶᠢ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶᠠᠷᠤᠨ᠎ᠠ︔ ᠡᠯ᠎ᠡ ᠨᠢᠭᠡᠴᠢ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ | ᠬᠠᠮᠠᠭᠠᠯᠠᠯᠲᠠ ᠶᠢᠨ ᠨᠣᠭᠤᠭᠠᠨ ᠭᠠᠵᠠᠷ ᠤᠨ ᠴᠡᠴᠡᠷᠯᠢᠭᠵᠢᠭᠦᠯᠦᠯᠲᠡ ᠶᠢ ᠲᠤᠰ ᠨᠢᠭᠡᠴᠢ ᠠᠴᠠ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ︔ ᠨᠢᠭᠡᠴᠢ ᠶᠢᠨ ᠥᠪᠡᠷ ᠢᠶᠠᠨ ᠪᠠᠶᠢᠭᠤᠯᠤᠭᠰᠠᠨ | ᠴᠡᠴᠡᠷᠯᠢᠭ ᠪᠠ ᠨᠢᠭᠡᠴᠢ ᠶᠢᠨ ᠬᠠᠷᠢᠶ᠎ᠠ ᠨᠣᠭᠤᠭᠠᠨ ᠭᠠᠵᠠᠷ ᠤᠨ ᠴᠡᠴᠡᠷᠯᠢᠭᠵᠢᠭᠦᠯᠦᠯᠲᠡ ᠶᠢ ᠲᠤᠰ ᠨᠢᠭᠡᠴᠢ ᠠᠴᠠ | ᠬᠠᠮᠢᠶᠠᠷᠤᠨ᠎ᠠ︔ ᠣᠷᠣᠨ ᠰᠠᠭᠤᠴᠠ ᠶᠢᠨ ᠲᠣᠭᠤᠷᠢᠭ ᠤᠨ ᠴᠡᠴᠡᠷᠯᠢᠭᠵᠢᠭᠦᠯᠦᠯᠲᠡ ᠶᠢ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ | ᠰᠠᠯᠠᠭ᠎ᠠ ᠮᠥᠴᠢᠷ ᠠᠴᠠ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠭᠰᠠᠨ ᠨᠢᠭᠡᠴᠢ ᠠᠴᠠ ᠬᠤᠳᠠ ᠶᠢᠨ ᠵᠤᠯᠵᠠᠭ᠎ᠠ | ᠮᠣᠳᠣᠨ ᠤ ᠬᠦᠷᠢᠶᠡᠯᠡᠩ᠂ ᠡᠪᠡᠰᠦᠨ ᠤ ᠬᠦᠷᠢᠶᠡᠯᠡᠩ ᠪᠠ ᠴᠡᠴᠡᠭ ᠤᠨ ᠬᠦᠷᠢᠶᠡᠯᠡᠩ ᠵᠡᠷᠭᠡ ᠶᠢ ᠡᠵᠡᠩᠨᠡᠯᠲᠡ ᠶᠢᠨ | ᠨᠢᠭᠡᠴᠢ ᠠᠴᠠ ᠨᠢ ᠬᠠᠮᠢᠶᠠᠷᠤᠨ᠎ᠠ᠃ | | ᠠᠷᠪᠠᠨ ᠨᠠᠢᠮᠠᠳᠤᠭᠠᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠭᠡᠳ ᠴᠥᠮ ᠬᠤᠳᠠ ᠶᠢᠨ | ᠴᠡᠴᠡᠷᠯᠢᠭᠵᠢᠭᠦᠯᠦᠯᠲᠡ ᠶᠢᠨ ᠲᠥᠯᠦᠪᠵᠢᠭᠦᠯᠭᠡ ᠶᠢᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠳᠤᠷ᠎ᠠ ᠮᠡᠳᠡᠨ | ᠬᠤᠪᠢᠷᠠᠭᠤᠯᠬᠤ ᠪᠤᠶᠤ ᠴᠡᠴᠡᠷᠯᠢᠭᠵᠢᠭᠦᠯᠦᠯᠲᠡ ᠶᠢᠨ ᠲᠥᠯᠦᠪᠵᠢᠭᠦᠯᠭᠡ ᠶᠢᠨ ᠬᠡᠷᠡᠭᠯᠡᠬᠦ ᠭᠠᠵᠠᠷ ᠤᠨ ᠪᠠᠶᠢᠴᠠ᠂ ᠭᠠᠵᠠᠷ | ᠤᠨ ᠭᠠᠳᠠᠷᠭᠤ᠂ ᠤᠰᠤᠨ ᠴᠣᠭᠴᠠ ᠪᠣᠯᠣᠨ ᠤᠷᠭᠤᠮᠠᠯ ᠤᠨ ᠬᠤᠴᠢᠯᠭ᠎ᠠ ᠶᠢ ᠡᠪᠳᠡᠵᠦ ᠪᠣᠯᠬᠤ ᠦᠭᠡᠢ᠃ | | ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠴᠥᠮ ᠬᠤᠳᠠ ᠶᠢᠨ | ᠴᠡᠴᠡᠷᠯᠢᠭᠵᠢᠭᠦᠯᠦᠯᠲᠡ ᠳᠤ ᠬᠡᠷᠡᠭᠯᠡᠬᠦ ᠭᠠᠵᠠᠷ ᠢ ᠳᠤᠷ᠎ᠠ ᠮᠡᠳᠡᠨ ᠡᠵᠡᠯᠡᠨ ᠬᠡᠷᠡᠭᠯᠡᠵᠦ ᠪᠣᠯᠬᠤ ᠦᠭᠡᠢ︔ ᠡᠵᠡᠯᠡᠨ | ᠬᠡᠷᠡᠭᠯᠡᠭᠰᠡᠨ ᠬᠤᠳᠠ ᠶᠢᠨ ᠴᠡᠴᠡᠷᠯᠢᠭᠵᠢᠭᠦᠯᠦᠯᠲᠡ ᠳᠤ ᠬᠡᠷᠡᠭᠯᠡᠬᠦ ᠭᠠᠵᠠᠷ ᠢ ᠬᠤᠭᠤᠴᠠᠭ᠎ᠠ ᠲᠣᠭᠲᠠᠭᠠᠨ ᠪᠤᠴᠠᠭᠠᠯᠭᠠᠬᠤ | ᠬᠡᠷᠡᠭᠲᠡᠢ᠃ | | ᠪᠦᠲᠦᠭᠡᠨ ᠪᠠᠶᠢᠭᠤᠯᠤᠯᠲᠠ ᠪᠤᠶᠤ ᠪᠤᠰᠤᠳ ᠣᠨᠴᠣᠭᠤᠢ ᠬᠡᠷᠡᠭᠴᠡᠭᠡ ᠠᠴᠠ ᠪᠣᠯᠣᠭᠠᠳ ᠬᠤᠳᠠ ᠶᠢᠨ | ᠴᠡᠴᠡᠷᠯᠢᠭᠵᠢᠭᠦᠯᠦᠯᠲᠡ ᠳᠤ ᠬᠡᠷᠡᠭᠯᠡᠬᠦ ᠭᠠᠵᠠᠷ ᠢ ᠲᠥᠷ ᠡᠵᠡᠯᠡᠨ ᠬᠡᠷᠡᠭᠯᠡᠬᠦ ᠳᠤ᠂ ᠡᠷᠬᠡᠪᠰᠢ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠷ | ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠬᠦ ᠬᠡᠷᠡᠭᠲᠡᠢ᠃ | | ᠬᠤᠷᠢᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠬᠤᠳᠠ ᠶᠢᠨ ᠡᠪᠡᠰᠦ ᠮᠣᠳᠣ ᠡᠪᠡᠰᠦ | ᠮᠣᠳᠣ ᠪᠠ ᠨᠣᠭᠤᠭᠠᠷᠠᠭᠤᠯᠬᠤ ᠲᠥᠬᠦᠭᠡᠷᠦᠮᠵᠢ ᠶᠢ ᠡᠪᠳᠡᠵᠦ ᠪᠣᠯᠬᠤ ᠦᠭᠡᠢ᠃ | | ᠬᠤᠳᠠ ᠶᠢᠨ ᠮᠣᠳᠣ ᠶᠢ ᠣᠭᠲᠣᠯᠬᠤ ᠳᠤ ᠡᠷᠬᠡᠪᠰᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠬᠡᠷᠡᠭᠲᠡᠢ ᠪᠥᠭᠡᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠣᠳᠣ ᠨᠥᠬᠦᠵᠦ | ᠲᠡᠷᠢᠬᠤ ᠪᠤᠶᠤ ᠨᠥᠬᠦᠵᠦ ᠵᠠᠰᠠᠬᠤ ᠪᠤᠰᠤᠳ ᠠᠷᠭ᠎ᠠ ᠬᠡᠮᠵᠢᠶ᠎ᠡ ᠠᠪᠬᠤ ᠬᠡᠷᠡᠭᠲᠡᠢ᠃ | | ᠬᠤᠷᠢᠨ ᠨᠢᠭᠡᠳᠦᠭᠡᠷ ᠵᠦᠢᠯ ᠬᠤᠳᠠ ᠶᠢᠨ ᠤᠯᠠᠨ ᠨᠡᠶᠢᠲᠡ ᠶᠢᠨ ᠵᠦᠯᠭᠡ ᠭᠠᠵᠠᠷ ᠲᠤ ᠬᠤᠳᠠᠯᠳᠤᠭ᠎ᠠ᠂ | ᠦᠢᠯᠡᠴᠢᠯᠡᠭᠡᠨ ᠤ ᠳᠡᠯᠭᠡᠭᠦᠷ ᠭᠠᠷᠭᠠᠬᠤ ᠳᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠵᠥᠪᠰᠢᠶᠡᠷᠡᠭᠰᠡᠨ ᠡᠵᠡᠩᠨᠡᠯᠲᠡ ᠶᠢᠨ ᠦᠨᠡᠮᠯᠡᠯ ᠢᠶᠠᠨ ᠠᠪᠴᠤ᠂ ᠤᠯᠠᠨ ᠨᠡᠶᠢᠲᠡ ᠶᠢᠨ ᠵᠦᠯᠭᠡ | ᠭᠠᠵᠠᠷ ᠢ ᠬᠠᠮᠢᠶᠠᠷᠬᠤ ᠨᠢᠭᠡᠴᠢ ᠶᠢᠨ ᠵᠢᠭᠠᠨ ᠲᠣᠭᠲᠠᠭᠠᠭᠰᠠᠨ ᠭᠠᠵᠠᠷ ᠲᠤ ᠡᠵᠡᠩᠨᠡᠯᠲᠡ ᠶᠢᠨ ᠠᠵᠢᠯᠯᠠᠭ᠎ᠠ ᠬᠢᠬᠦ ᠶᠢᠨ | ᠬᠠᠮᠲᠤ ᠤᠯᠠᠨ ᠨᠡᠶᠢᠲᠡ ᠶᠢᠨ ᠵᠦᠯᠭᠡ ᠭᠠᠵᠠᠷ ᠪᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠬᠤ ᠬᠡᠷᠡᠭᠲᠡᠢ᠃ | | ᠬᠤᠷᠢᠨ ᠬᠤᠶᠠᠳᠤᠭᠠᠷ ᠵᠦᠢᠯ ᠬᠤᠳᠠ ᠶᠢᠨ ᠵᠦᠯᠭᠡ ᠭᠠᠵᠠᠷ ᠢ ᠬᠠᠮᠢᠶᠠᠷᠬᠤ ᠨᠢᠭᠡᠴᠢ ᠨᠦᠭᠦᠳ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠪᠡᠰᠦ ᠮᠣᠳᠣ ᠢᠭᠴᠤ ᠰᠠᠬᠤᠯᠢᠭ ᠤᠷᠭᠤᠬᠤ | ᠪᠠ ᠴᠡᠴᠡᠷᠯᠢᠭᠵᠢᠭᠦᠯᠦᠯᠲᠡ ᠶᠢᠨ ᠲᠥᠬᠦᠭᠡᠷᠦᠮᠵᠢ ᠶᠢᠨ ᠬᠦᠴᠦᠨ ᠲᠡᠭᠦᠯᠳᠡᠷ ᠪᠠᠶᠢᠬᠤ ᠶᠢ ᠪᠠᠲᠤᠯᠠᠬᠤ ᠬᠡᠷᠡᠭᠲᠡᠢ᠃ | | ᠬᠤᠷᠢᠨ ᠭᠤᠷᠪᠠᠳᠤᠭᠠᠷ ᠵᠦᠢᠯ ᠬᠤᠭᠤᠯᠠᠢ ᠱᠤᠭᠤᠮ ᠢ ᠠᠶᠤᠯᠭᠦᠢ ᠬᠡᠷᠡᠭᠯᠡᠬᠦ ᠶᠢ ᠪᠠᠲᠤᠯᠠᠬᠤ ᠵᠣᠷᠢᠯᠭ᠎ᠠ ᠪᠠᠷ | ᠮᠣᠳᠣ ᠶᠢ ᠬᠠᠶᠢᠴᠢᠯᠠᠵᠤ ᠵᠠᠰᠠᠬᠤ ᠴᠢᠬᠤᠯᠠ ᠲᠠᠢ ᠦᠶ᠎ᠡ ᠳᠤ ᠬᠤᠭᠤᠯᠠᠢ ᠱᠤᠭᠤᠮ ᠢ ᠠᠶᠤᠯᠭᠦᠢ ᠬᠡᠷᠡᠭᠯᠡᠬᠦ ᠪᠠ | ᠮᠣᠳᠣᠨ ᠤ ᠬᠡᠪ ᠤᠨ ᠤᠷᠭᠤᠯᠲᠠ ᠶᠢ ᠬᠠᠮᠲᠤ ᠳᠤᠨᠢ ᠬᠠᠷᠠᠭᠠᠯᠵᠠᠬᠤ ᠵᠠᠷᠴᠢᠮ ᠶᠣᠰᠣᠭᠠᠷ ᠬᠠᠶᠢᠴᠢᠯᠠᠵᠤ ᠵᠠᠰᠠᠬᠤ | ᠬᠡᠷᠡᠭᠲᠡᠢ᠃ ᠵᠠᠰᠠᠵᠤ ᠬᠠᠶᠢᠴᠢᠯᠠᠬᠤ ᠵᠠᠷᠤᠳᠠᠯ ᠢ ᠡᠭᠦᠷᠭᠡᠯᠡᠬᠦ ᠠᠷᠭ᠎ᠠ ᠶᠢ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠲᠣᠭᠲᠠᠭᠠᠨ᠎ᠠ᠃ | | ᠡᠰᠡᠷᠭᠦᠴᠡᠰᠢ ᠦᠭᠡᠢ ᠬᠦᠴᠦᠨ ᠠᠴᠠ ᠪᠣᠯᠵᠤ ᠮᠣᠳᠣ ᠬᠡᠯᠪᠡᠶᠢᠭᠡᠳ ᠬᠤᠭᠤᠯᠠᠢ ᠱᠤᠭᠤᠮ ᠤᠨ ᠠᠶᠦᠯᠭᠦᠢ | ᠪᠠᠶᠢᠳᠠᠯ ᠳᠤ ᠠᠶᠤᠯ ᠤᠴᠠᠷᠠᠭᠤᠯᠤᠭᠰᠠᠨ ᠪᠠᠶᠢᠪᠠᠯ᠂ ᠬᠤᠭᠤᠯᠠᠢ ᠱᠤᠭᠤᠮ ᠤᠨ ᠬᠠᠮᠢᠶᠠᠷᠤᠯᠲᠠ ᠶᠢᠨ ᠨᠢᠭᠡᠴᠢ | ᠤᠷᠢᠳᠠᠪᠠᠷ ᠲᠡᠭᠰᠢᠯᠡᠨ ᠵᠠᠰᠠᠬᠤ ᠪᠤᠶᠤ ᠮᠣᠳᠣ ᠣᠭᠲᠣᠯᠵᠤ ᠪᠣᠯᠣᠨ᠎ᠠ᠂ ᠭᠡᠬᠦ ᠳᠡᠭᠡᠨ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ | ᠰᠠᠯᠠᠭ᠎ᠠ ᠮᠥᠴᠢᠷ ᠪᠣᠯᠣᠨ ᠨᠣᠭᠤᠭᠠᠷᠠᠭᠤᠯᠤᠭᠰᠠᠨ ᠭᠠᠵᠠᠷ ᠤᠨ ᠬᠠᠮᠢᠶᠠᠷᠤᠯᠲᠠ ᠶᠢᠨ ᠨᠢᠭᠡᠴᠢ ᠳᠤ ᠴᠠᠭ ᠲᠤᠬᠠᠢ ᠳᠤᠨᠢ | ᠮᠡᠳᠡᠭᠦᠯᠬᠦ ᠬᠡᠷᠡᠭᠲᠡᠢ᠃ | | ᠬᠤᠷᠢᠨ ᠳᠥᠷᠪᠡᠳᠦᠭᠡᠷ ᠵᠦᠢᠯ ᠵᠠᠭᠤᠨ ᠵᠢᠯ ᠠᠴᠠ ᠳᠡᠭᠡᠭᠰᠢᠬᠢ ᠮᠣᠳᠣᠨ ᠤ ᠨᠠᠰᠤᠨ ᠤ ᠮᠣᠳᠣ᠂ ᠬᠤᠪᠣᠷ | ᠴᠤᠬᠠᠭ ᠪᠠ ᠬᠤᠪᠣᠷ ᠨᠠᠨᠳᠢᠨ ᠮᠣᠳᠣ᠂ ᠲᠡᠦᠬᠡ ᠶᠢᠨ ᠦᠨ᠎ᠡ ᠴᠡᠨ᠎ᠡ ᠲᠠᠢ ᠪᠤᠶᠤ ᠴᠢᠬᠤᠯᠠ ᠳᠤᠷᠠᠰᠬᠠᠯ ᠤᠨ ᠠᠴᠢ | ᠬᠤᠯᠪᠣᠭᠳᠠᠯ ᠲᠠᠢ ᠮᠣᠳᠣ ᠪᠣᠯ ᠴᠥᠮ ᠡᠷᠲᠡᠨ ᠤ ᠠᠯᠳᠠᠷᠲᠤ ᠮᠣᠳᠣᠨ ᠳᠤ ᠲᠣᠭᠠᠴᠠᠭᠳᠠᠨ᠎ᠠ᠃ | | ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠨᠢᠭᠡᠳᠦᠯᠲᠡᠢ ᠬᠠᠮᠢᠶᠠᠷᠴᠤ᠂ ᠲᠤᠰ ᠲᠤᠰ ᠲᠤᠨᠢ ᠵᠠᠰᠠᠪᠤᠷᠢ | ᠦᠢᠯᠡᠴᠢᠯᠡᠭᠡ ᠠᠷᠭ᠎ᠠ ᠶᠢ ᠬᠡᠷᠡᠭᠵᠢᠭᠦᠯᠦᠨ᠎ᠡ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ | ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠳ ᠡᠷᠲᠡᠨ ᠤ ᠮᠣᠳᠣ | ᠨᠡᠷᠡᠳᠦ ᠮᠣᠳᠣᠨ ᠤ ᠲᠡᠩᠰᠠ ᠡᠪᠬᠡᠮᠡᠯ ᠪᠠ ᠲᠡᠮᠳᠡᠭ ᠵᠣᠬᠢᠶᠠᠵᠤ᠂ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠵᠠᠭᠠᠭᠯᠠᠨ | ᠲᠣᠭᠲᠠᠭᠠᠵᠤ᠂ ᠵᠠᠰᠠᠪᠤᠷᠢ ᠦᠢᠯᠡᠴᠢᠯᠡᠭᠡ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠨᠢᠭᠡᠴᠢ ᠶᠢᠨ | ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠪᠤᠶᠤ ᠬᠤᠪᠢ ᠬᠥᠮᠥᠨ ᠤ ᠬᠦᠷᠢᠶ᠎ᠡ ᠬᠠᠰᠢᠶ᠎ᠠ ᠶᠢᠨ ᠳᠣᠲᠣᠷᠠᠬᠢ ᠡᠷᠲᠡᠨ ᠤ | ᠮᠣᠳᠣ ᠨᠡᠷᠡᠳᠦ ᠮᠣᠳᠣ ᠶᠢ ᠲᠤᠰ ᠨᠢᠭᠡᠴᠢ ᠪᠤᠶᠤ ᠰᠠᠭᠤᠭᠠᠯᠢ ᠠᠷᠠᠳ ᠵᠠᠰᠠᠪᠤᠷᠢ ᠦᠢᠯᠡᠴᠢᠯᠡᠭᠡ ᠠᠵᠢᠯ ᠢ | ᠬᠠᠷᠢᠭᠤᠴᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠯᠲᠠ ᠲᠠᠯᠪᠢᠬᠤ ᠪᠠ ᠮᠡᠷᠭᠡᠵᠢᠯ ᠤᠨ ᠵᠢᠯᠣᠭᠤᠳᠤᠯᠭ᠎ᠠ | ᠬᠢᠬᠦ ᠶᠢ ᠬᠠᠷᠢᠭᠤᠴᠠᠨ᠎ᠠ᠃ | | ᠡᠷᠲᠡᠨ ᠤ ᠮᠣᠳᠣ ᠨᠡᠷᠡᠳᠦ ᠮᠣᠳᠣ ᠶᠢ ᠣᠭᠲᠣᠯᠬᠤ ᠪᠤᠶᠤ ᠨᠡᠭᠦᠯᠭᠡᠨ ᠰᠢᠯᠵᠢᠭᠦᠯᠬᠦ ᠶᠢ ᠬᠠᠲᠠᠭᠤ ᠬᠤᠷᠢᠭᠯᠠᠨ᠎ᠠ᠃ | ᠣᠨᠴᠣᠭᠤᠢ ᠬᠡᠷᠡᠭᠴᠡᠭᠡ ᠠᠴᠠ ᠪᠣᠯᠵᠤ ᠡᠷᠲᠡᠨ ᠤ ᠮᠣᠳᠣ ᠨᠡᠷᠡᠳᠦ ᠮᠣᠳᠣ ᠶᠢ ᠨᠡᠭᠦᠯᠭᠡᠨ ᠰᠢᠯᠵᠢᠭᠦᠯᠬᠦ ᠴᠢᠬᠤᠯᠠ ᠲᠠᠢ | ᠪᠣᠯ ᠡᠷᠬᠡᠪᠰᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠢ | ᠪᠥᠭᠡᠳ ᠠᠳᠠᠯᠢ ᠱᠠᠲᠤᠨ ᠤ ᠪᠤᠶᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠬᠦ ᠬᠡᠷᠡᠭᠲᠡᠢ᠃ | | | ᠳᠥᠷᠪᠡᠳᠦᠭᠡᠷ ᠪᠦᠯᠦᠭ ᠲᠣᠷᠭᠠᠬᠤ ᠳᠦᠷᠢᠮ | | | ᠬᠤᠷᠢᠨ ᠲᠠᠪᠤᠳᠤᠭᠠᠷ ᠵᠦᠢᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠳᠠᠭᠠᠯᠲᠠ ᠴᠡᠴᠡᠷᠯᠢᠭᠵᠢᠭᠦᠯᠦᠯᠲᠡ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠢ ᠵᠥᠪᠰᠢᠶᠡᠷᠡᠭᠦᠯᠦᠭᠰᠡᠨ | ᠦᠭᠡᠢ ᠪᠤᠶᠤ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠶᠢᠨ ᠲᠥᠰᠥᠯ ᠤᠨ ᠶᠣᠰᠣᠭᠠᠷ ᠪᠠᠷᠢᠯᠭ᠎ᠠ ᠪᠠᠷᠢᠭᠰᠠᠨ | ᠦᠭᠡᠢ ᠪᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠪᠠᠷᠢᠯᠭ᠎ᠠ ᠶᠢᠨ ᠠᠵᠢᠯ ᠢ ᠨᠢ | ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ ᠪᠤᠶᠤ ᠪᠤᠰᠤᠳ ᠨᠥᠬᠦᠵᠦ ᠵᠠᠰᠠᠬᠤ ᠠᠷᠭ᠎ᠠ ᠬᠡᠮᠵᠢᠶ᠎ᠡ | ᠠᠪᠤᠭᠤᠯᠬᠤ ᠬᠡᠷᠡᠭᠲᠡᠢ᠃ | | ᠬᠤᠷᠢᠨ ᠵᠢᠷᠭᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠳᠠᠷᠠᠭᠠᠬᠢ ᠬᠡᠳᠦᠨ | ᠲᠠᠯ᠎ᠠ ᠪᠠᠷ ᠥᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ | ᠲᠡᠭᠦᠨ ᠤ ᠡᠷᠬᠡ ᠣᠯᠭᠤᠭᠰᠠᠨ ᠨᠢᠭᠡᠴᠢ ᠠᠴᠠ ᠵᠠᠷᠯᠢᠭᠳᠠᠵᠤ ᠪᠠᠶᠢᠭᠠᠳ ᠬᠠᠯᠳᠠᠯᠭ᠎ᠠ ᠶᠢ ᠨᠢ ᠵᠣᠭᠰᠤᠭᠠᠬᠤ ᠶᠢᠨ ᠬᠠᠮᠲᠤ | ᠲᠣᠷᠭᠠᠭᠤᠯᠢ ᠣᠨᠣᠭᠳᠠᠭᠤᠯᠬᠤ ᠪᠠᠷ ᠳᠠᠪᠬᠤᠷ ᠰᠢᠢᠳᠭᠡᠵᠦ ᠪᠣᠯᠣᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ | ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ | ᠣᠯᠭᠤᠬᠤ ᠶᠣᠰᠣᠲᠠᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠬᠦᠯᠢᠶᠡᠯᠭᠡᠨ᠎ᠡ᠄ | | ︵ᠨᠢᠭᠡ︶ ᠬᠤᠳᠠ ᠶᠢᠨ ᠡᠪᠡᠰᠦ ᠮᠣᠳᠣ ᠡᠪᠡᠰᠦ ᠮᠣᠳᠣ ᠶᠢ ᠡᠪᠳᠡᠭᠰᠡᠨ︔ | | ︵ᠬᠤᠶᠠᠷ︶ ᠬᠤᠳᠠ ᠶᠢᠨ ᠮᠣᠳᠣ ᠶᠢ ᠳᠤᠷ᠎ᠠ ᠮᠡᠳᠡᠨ ᠣᠭᠲᠣᠯᠣᠭᠰᠠᠨ︔ | | ︵ᠭᠤᠷᠪᠠ︶ ᠡᠷᠲᠡᠨ ᠤ ᠮᠣᠳᠣ ᠨᠡᠷᠡᠳᠦ ᠮᠣᠳᠣ ᠶᠢ ᠣᠭᠲᠣᠯᠣᠭᠰᠠᠨ᠂ ᠳᠤᠷ᠎ᠠ ᠮᠡᠳᠡᠨ ᠨᠡᠭᠦᠯᠭᠡᠭᠰᠡᠨ ᠪᠤᠶᠤ | ᠰᠠᠶᠢᠲᠤᠷ ᠠᠷᠠᠴᠢᠯᠠᠵᠤ ᠬᠠᠮᠠᠭᠠᠯᠠᠭᠰᠠᠨ ᠦᠭᠡᠢ ᠠᠴᠠ ᠪᠣᠯᠵᠤ ᠡᠷᠲᠡᠨ ᠤ ᠮᠣᠳᠣ ᠨᠡᠷᠡᠳᠦ ᠮᠣᠳᠣ ᠶᠢ ᠭᠡᠮᠲᠦᠭᠡᠭᠰᠡᠨ | ᠪᠤᠶᠤ ᠦᠬᠦᠭᠦᠯᠦᠭᠰᠡᠨ︔ | | ︵ᠳᠥᠷᠪᠡ︶ ᠬᠤᠳᠠ ᠶᠢᠨ ᠴᠡᠴᠡᠷᠯᠢᠭᠵᠢᠭᠦᠯᠦᠯᠲᠡ ᠶᠢᠨ ᠪᠡᠯᠡᠳᠬᠡᠮᠵᠢ ᠶᠢ ᠡᠪᠳᠡᠭᠰᠡᠨ᠃ | | ᠬᠤᠷᠢᠨ ᠳᠣᠯᠣᠳᠤᠭᠠᠷ ᠵᠦᠢᠯ ᠵᠥᠪᠰᠢᠶᠡᠷᠡᠯ ᠠᠪᠤᠭᠰᠠᠨ ᠦᠭᠡᠢ ᠪᠠᠷ ᠬᠤᠳᠠ ᠶᠢᠨ | ᠴᠡᠴᠡᠷᠯᠢᠭᠵᠢᠭᠦᠯᠦᠯᠲᠡ ᠳᠤ ᠬᠡᠷᠡᠭᠯᠡᠬᠦ ᠭᠠᠵᠠᠷ ᠢ ᠳᠤᠷ᠎ᠠ ᠮᠡᠳᠡᠨ ᠡᠵᠡᠯᠡᠨ ᠬᠡᠷᠡᠭᠯᠡᠭᠰᠡᠨ ᠪᠠᠶᠢᠪᠠᠯ᠂ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠪᠤᠴᠠᠭᠠᠯᠭᠠᠵᠤ᠂ ᠤᠤᠯ ᠤᠨ | ᠪᠠᠶᠢᠳᠠᠯ ᠢ ᠨᠢ ᠰᠡᠷᠭᠦᠭᠡᠯᠭᠡᠬᠦ ᠪᠥᠭᠡᠳ ᠲᠣᠷᠭᠠᠭᠤᠯᠢ ᠣᠨᠣᠭᠳᠠᠭᠤᠯᠬᠤ ᠪᠠᠷ ᠳᠠᠪᠬᠤᠷ ᠰᠢᠢᠳᠭᠡᠵᠦ ᠪᠣᠯᠣᠨ᠎ᠠ︔ | ᠬᠤᠬᠢᠷᠠᠯ ᠤᠴᠠᠷᠠᠭᠤᠯᠤᠭᠰᠠᠨ ᠪᠠᠶᠢᠪᠠᠯ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | | ᠬᠤᠷᠢᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠨᠣᠭᠤᠭᠠᠨ ᠬᠥᠷᠥᠰᠥ ᠶᠢᠨ ᠬᠠᠮᠢᠶᠠᠷᠤᠯᠲᠠ ᠶᠢᠨ | ᠨᠢᠭᠡᠴᠢ ᠶᠢᠨ ᠬᠠᠮᠢᠶᠠᠷᠴᠤ ᠪᠦᠬᠦᠢ ᠬᠤᠳᠠᠯᠳᠤᠭ᠎ᠠ᠂ ᠦᠢᠯᠡᠴᠢᠯᠡᠭᠡᠨ ᠤ ᠳᠡᠯᠭᠡᠭᠡ ᠮᠠᠶᠢᠮᠠᠶ ᠶᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠬᠤᠲᠠ ᠶᠢᠨ ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠨᠢᠭᠡᠴᠢ ᠳᠤ ᠰᠡᠷᠡᠮᠵᠢ ᠣᠯᠭᠤᠬᠤ ᠶᠢᠨ ᠬᠠᠮᠲᠤ ᠲᠣᠷᠭᠠᠭᠤᠯᠢ | ᠣᠨᠣᠭᠳᠠᠭᠤᠯᠵᠤ ᠪᠣᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠠᠵᠤ ᠦᠢᠯᠡᠳᠪᠦᠷᠢ ᠬᠤᠳᠠᠯᠳᠤᠭ᠎ᠠ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠪᠰᠢᠭᠦᠯᠵᠦ ᠡᠵᠡᠩᠨᠡᠯᠲᠡ ᠶᠢᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠶ ᠪᠣᠯᠭᠠᠵᠤ ᠪᠣᠯᠤᠨ᠎ᠠ᠃ | | ᠬᠤᠷᠢ ᠶᠢᠰᠦᠳᠦᠭᠡᠷ ᠵᠦᠢᠯ ᠲᠤᠰ ᠳᠦᠷᠢᠮ ᠢ ᠵᠥᠷᠢᠴᠡᠭᠰᠡᠨ ᠰᠢᠭᠤᠳ ᠬᠠᠷᠢᠭᠤᠴᠠᠯᠭ᠎ᠠ ᠲᠠᠢ ᠬᠥᠮᠥᠨ | ᠪᠤᠶᠤ ᠨᠢᠭᠡᠴᠢ ᠶᠢᠨ ᠬᠠᠷᠢᠭᠤᠴᠠᠯᠭᠠᠲᠠᠨ ᠳᠤ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ | ᠬᠠᠮᠢᠶᠠᠷᠬᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠢᠳᠬᠡᠯ ᠥᠭᠴᠦ ᠪᠣᠯᠣᠨ᠎ᠠ︔ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠨ᠎ᠡ᠃ | | ᠭᠤᠴᠢᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ | ᠴᠡᠴᠡᠷᠯᠢᠭᠵᠢᠭᠦᠯᠦᠯᠲᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠣᠨ ᠬᠤᠳᠠ ᠶᠢᠨ | ᠴᠡᠴᠡᠷᠯᠢᠭᠵᠢᠭᠦᠯᠦᠯᠲᠡ ᠶᠢᠨ ᠬᠠᠮᠢᠶᠠᠷᠤᠯᠲᠠ ᠶᠢᠨ ᠨᠢᠭᠡᠴᠢ ᠶᠢᠨ ᠠᠵᠢᠯᠲᠠᠨ ᠡᠭᠦᠷᠭᠡ ᠲᠤᠰᠢᠶᠠᠯ ᠳᠠᠭᠠᠨ ᠣᠰᠣᠯᠳᠠᠵᠤ᠂ | ᠡᠷᠬᠡ ᠲᠤᠰᠢᠶᠠᠯ ᠢᠶᠠᠨ ᠳᠤᠷ᠎ᠠ ᠮᠡᠳᠡᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ | ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠠ ᠬᠠᠮᠢᠶᠠᠷᠬᠤ ᠪᠠᠶᠢᠭᠤᠯᠭ᠎ᠠ ᠠᠴᠠ ᠵᠠᠰᠠᠭ | ᠵᠠᠬᠢᠷᠭᠠᠨ ᠤ ᠰᠢᠢᠳᠬᠡᠯ ᠣᠯᠭᠤᠨ᠎ᠠ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠬᠦᠯᠢᠶᠡᠯᠭᠡᠨ᠎ᠡ᠃ | | ᠭᠤᠴᠢᠨ ᠨᠢᠭᠡᠳᠦᠭᠡᠷ ᠵᠦᠢᠯ ᠲᠤᠬᠠᠢ ᠶᠢᠨ ᠬᠥᠮᠥᠨ ᠨᠢ ᠵᠠᠰᠠᠭ ᠵᠠᠬᠢᠷᠭᠠᠨ ᠤ ᠰᠢᠢᠳᠬᠡᠯ ᠢ ᠬᠦᠯᠢᠶᠡᠬᠦ | ᠦᠭᠡᠢ ᠪᠣᠯ ᠰᠢᠢᠳᠬᠡᠬᠦ ᠲᠣᠭᠲᠠᠭᠠᠯ ᠤᠨ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ | ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠶᠢᠨ ᠳᠡᠭᠡᠷ᠎ᠡ ᠨᠢᠭᠡ ᠱᠠᠲᠤᠨ ᠤ ᠪᠠᠶᠢᠭᠤᠯᠭ᠎ᠠ ᠳᠤ ᠳᠠᠬᠢᠨ | ᠵᠥᠪᠯᠡᠭᠦᠯᠬᠦ ᠪᠠᠷ ᠭᠤᠶᠤᠴᠢᠯᠠᠵᠤ ᠪᠣᠯᠣᠨ᠎ᠠ᠂ ᠲᠡᠬᠢᠠ ᠵᠥᠪᠯᠡᠭᠰᠡᠨ ᠲᠣᠭᠲᠠᠭᠠᠯ ᠢ ᠵᠥᠪᠰᠢᠶᠡᠷᠡᠬᠦ ᠦᠭᠡᠢ ᠪᠣᠯ ᠲᠡᠬᠢᠠ | ᠵᠥᠪᠯᠡᠭᠰᠡᠨ ᠲᠣᠭᠲᠠᠭᠠᠯ ᠢ ᠣᠯᠣᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠵᠤ ᠪᠣᠯᠣᠨ᠎ᠠ᠃ ᠲᠤᠬᠠᠢ ᠶᠢᠨ ᠬᠥᠮᠥᠨ ᠨᠢ ᠠᠷᠠᠳ ᠤᠨ ᠰᠢᠭᠦᠬᠦ ᠬᠤᠷᠢᠶᠠᠨ ᠳᠤ ᠰᠢᠭᠤᠳ | ᠵᠠᠭᠠᠯᠳᠤᠵᠤ ᠴᠤ ᠪᠣᠯᠣᠨ᠎ᠠ᠃ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ ᠪᠠᠷ ᠭᠤᠶᠤᠴᠢᠯᠠᠭᠰᠠᠨ ᠦᠭᠡᠢ ᠪᠤᠶᠤ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠭᠰᠠᠨ ᠦᠭᠡᠢ ᠮᠥᠷᠲᠡᠭᠡᠨ ᠰᠢᠢᠳᠬᠡᠬᠦ ᠲᠣᠭᠲᠠᠭᠠᠯ ᠢ ᠬᠡᠷᠡᠭᠵᠢᠭᠦᠯᠬᠦ | ᠦᠭᠡᠢ ᠪᠠᠶᠢᠪᠠᠯ᠂ ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ | ᠡᠷᠭᠦᠳᠡᠯ ᠭᠠᠷᠭᠠᠵᠤ ᠠᠯᠪᠡᠳᠡᠠ ᠭᠦᠢᠴᠡᠳᠬᠡᠭᠦᠯᠦᠨ᠎ᠡ᠃ | | ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠢ ᠵᠥᠪᠰᠢᠶᠡᠷᠡᠬᠦ ᠦᠭᠡᠢ ᠪᠠᠶᠢᠪᠠᠯ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ | ᠰᠢᠢᠳᠬᠡᠯ ᠤᠨ ᠬᠠᠤᠯᠢ︾ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | | ᠲᠠᠪᠤᠳᠤᠭᠠᠷ ᠪᠦᠯᠦᠭ ᠬᠠᠪᠰᠤᠷᠤᠯᠲᠠ ᠳᠦᠷᠢᠮ | | | ᠭᠤᠴᠢᠨ ᠬᠤᠶᠠᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠲᠤᠰ ᠳᠦᠷᠢᠮ ᠢ ᠦᠨᠳᠦᠰᠦᠯᠡᠨ ᠬᠡᠷᠡᠭᠵᠢᠭᠦᠯᠬᠦ ᠠᠷᠭ᠎ᠠ ᠲᠣᠭᠲᠠᠭᠠᠵᠤ ᠪᠣᠯᠣᠨ᠎ᠠ᠃ | | | ᠭᠤᠴᠢᠨ ᠭᠤᠷᠪᠠᠳᠤᠭᠠᠷ ᠵᠦᠢᠯ ᠲᠤᠰ ᠳᠦᠷᠢᠮ ᠢ 1992 ᠣᠨ ᠤ 8 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠮᠥᠷᠳᠡᠨ᠎ᠡ᠃ | | |