ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠮᠵᠢᠯᠠᠨ ᠲᠠᠷᠬᠠᠭᠠᠭᠰᠠᠨ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠲᠣᠷᠭᠠᠭᠤᠯᠢ ᠣᠨᠣᠭᠳᠠᠭᠤᠯᠬᠤ ᠲᠣᠭᠲᠠᠭᠠᠯ︾᠎ 
ᠨᠡᠶᠢᠲᠡᠯᠡᠭᠰᠡᠨ ᠴᠠᠭ᠄
2024/8/26
           14 ᠳ᠋ᠦ᠋ᠭᠡᠷ ᠲᠣᠭᠠᠲᠤ                        ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ ᠲᠣᠭᠲᠠᠭᠠᠯ︾᠎ ᠎ ᠢ ᠨᠢᠭᠡᠨᠲᠡ 2023 ᠣᠨ ᠤ 12 ᠳ᠋ᠤᠭᠠᠷ ᠰᠠᠷ᠎ᠠ ᠶᠢᠨ 25᠎ ᠤ ᠡᠳᠦᠷ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ 32 ᠳ᠋ᠤᠭᠠᠷ ᠤᠳᠠᠭᠠᠨ ᠤ ᠶᠠᠮᠤᠨ ᠤ ᠶᠠᠪᠤᠳᠠᠯ ᠤᠨ ᠬᠤᠷᠠᠯᠳᠤᠭᠠᠨ ᠠᠴᠠ ᠬᠢᠨᠠᠨ ᠶᠠᠷᠢᠯᠴᠠᠵᠤ ᠪᠠᠲᠤᠯᠠᠪᠠ᠂ ᠤᠳᠤ ᠨᠡᠶᠢᠲᠡᠯᠡᠶ᠎ᠡ᠂ 2024 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠮᠥᠷᠳᠡᠨ᠎ᠡ᠃            ᠰᠠᠶᠢᠳ ᠸᠠᠩ ᠰᠢᠶᠠᠩ ᠰᠢ            2024 ᠣᠨ ᠤ 1ᠳ᠋ᠦ᠋ᠭᠡᠷ ᠰᠠᠷ᠎ᠠ ᠶᠢᠨ 10᠎                         ᠨᠢᠭᠡᠳᠦᠭᠡᠷ ᠵᠦᠢᠯ    ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠰᠡᠷᠭᠡᠶᠢᠯᠡᠬᠦ ᠪᠠ ᠪᠠᠭᠠᠰᠬᠠᠬᠤ ᠵᠣᠷᠢᠯᠭ᠎ᠠ ᠪᠠᠷ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠤ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠡ᠊ᠨᠳᠡᠯ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠵᠥᠪ ᠬᠡᠷᠡᠭᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠵᠡᠷᠭᠡ ᠲᠣᠭᠲᠠᠭᠠᠯ ᠶᠣᠰᠣᠭᠠᠷ ᠲᠤᠰ ᠲᠣᠭᠲᠠᠭᠠᠯ ᠢ ᠲᠣᠭᠲᠠᠭᠠᠪᠠ᠃            ᠬᠤᠶᠠᠳᠤᠭᠠᠷ ᠵᠦᠢᠯ    ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠤᠭᠰᠠᠨ ᠨᠢᠭᠡᠴᠢ ︵ᠳᠣᠷᠣᠭᠰᠢ ᠡ᠊ᠨᠳᠡᠯ ᠭᠠᠷᠤᠭᠰᠠᠨ ᠨᠢᠭᠡᠴᠢ ᠭᠡᠵᠦ ᠲᠣᠪᠴᠢᠯᠠᠨ᠎ᠠ︶ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠳᠤ ᠪᠤᠰᠤᠳ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠵᠢᠴᠢ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠲᠠᠨ᠂ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠵᠡᠷᠭᠡ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠪᠠ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠎ ᠎ ᠤᠨ ᠶᠣᠰᠣᠭᠠᠷ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠳᠤ ᠲᠤᠰ ᠲᠣᠭᠲᠠᠭᠠᠯ ᠢ ᠬᠡᠷᠡᠭᠯᠡᠨ᠎ᠡ᠃            ᠭᠤᠷᠪᠠᠳᠤᠭᠠᠷ ᠵᠦᠢᠯ    ᠲᠤᠰ ᠲᠣᠭᠲᠠᠭᠠᠯ ᠳᠤ ᠬᠡᠯᠡᠵᠦ ᠪᠠᠶᠢᠭ᠎ᠠ ᠡ᠊ᠨᠳᠡᠯ ᠭᠠᠷᠤᠭᠰᠠᠨ ᠨᠢᠭᠡᠴᠢ ᠭᠡᠳᠡᠭ ᠨᠢ ᠡ᠊ᠨᠳᠡᠯ ᠭᠠᠷᠤᠭᠰᠠᠨ ᠶᠠᠪᠤᠳᠠᠯ ᠳᠤ ᠬᠠᠷᠢᠭᠤᠴᠠᠯᠭ᠎ᠠ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠢᠭᠠᠵᠤ ᠪᠠᠶᠢᠨ᠎ᠠ᠃            ᠲᠤᠰ ᠲᠣᠭᠲᠠᠭᠠᠯ ᠳᠤ ᠬᠡᠯᠡᠵᠦ ᠪᠠᠶᠢᠭ᠎ᠠ ᠭᠤᠣᠯ ᠬᠠᠷᠢᠭᠤᠴᠠᠯᠭᠠᠲᠠᠨ ᠭᠡᠳᠡᠭ ᠨᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠂ ᠶᠡᠷᠦᠩᠬᠡᠢ ᠳᠠᠭᠠᠭᠠᠮᠠᠯ ᠪᠤᠶᠤ ᠬᠤᠪᠢ ᠬᠥᠮᠥᠨ ᠤ ᠡᠵᠡᠩᠨᠡᠯᠲᠡ ᠶᠢᠨ ᠪᠡᠯᠡ ᠣᠷᠣᠭᠤᠯᠤᠭᠴᠢ᠂ ᠪᠤᠰᠤᠳ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢ ᠶᠢᠨ ᠳᠠᠷᠤᠭ᠎ᠠ᠂ ᠵᠢᠩᠯᠢ᠂ ᠠᠭᠤᠷᠬᠠᠢ ᠶᠢᠨ ᠳᠠᠷᠤᠭ᠎ᠠ ︵ᠪᠣᠳᠠᠲᠠᠢ ᠡᠵᠡᠮᠳᠡᠭᠴᠢ ᠶᠢ ᠪᠠᠭᠲᠠᠭᠠᠨ᠎ᠠ︶ ᠵᠡᠷᠭᠡ ᠬᠥᠮᠥᠰ ᠢ ᠵᠢᠭᠠᠵᠤ ᠪᠠᠶᠢᠨ᠎ᠠ᠃            ᠳᠥᠷᠪᠡᠳᠦᠭᠡᠷ ᠵᠦᠢᠯ    ᠲᠤᠰ ᠲᠣᠭᠲᠠᠭᠠᠯ ᠳᠤ ᠬᠡᠯᠡᠵᠦ ᠪᠠᠶᠢᠭ᠎ᠠ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠪᠤᠰᠤᠳ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠵᠢᠴᠢ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ᠂ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠤ ᠲᠦᠷᠦᠭᠦᠦ ᠨᠢᠭᠡ ᠵᠢᠯ ᠤᠨ ᠣᠷᠣᠯᠭ᠎ᠠ ᠨᠢ ᠤᠯᠤᠰ ᠤᠨ ᠥᠮᠴᠢᠯᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠲᠣᠭᠠᠴᠠᠭᠳᠠᠪᠠᠯ᠂ ᠲᠤᠰ ᠨᠢᠭᠡᠴᠢ ᠶᠢᠨ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠲᠦᠷᠦᠭᠦᠦ ᠨᠢᠭᠡ ᠵᠢᠯ ᠤᠨ ᠣᠷᠣᠯᠭ᠎ᠠ ᠶᠢᠨ ᠶᠡᠷᠦᠩᠬᠡᠢ ᠲᠤᠭ᠎ᠠ ᠶᠢ ᠵᠢᠭᠠᠵᠤ ᠪᠠᠶᠢᠨ᠎ᠠ︔ ᠤᠯᠤᠰ ᠤᠨ ᠥᠮᠴᠢᠯᠡᠯ ᠤᠨ ᠪᠤᠰᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠬᠠᠷᠢᠶᠠᠯᠠᠭᠳᠠᠬᠤ ᠭᠡᠳᠡᠭ ᠨᠢ ᠡᠳ᠋ ᠤᠨ ᠶᠠᠪᠤᠳᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠲᠦᠷᠦᠭᠦᠦ ᠨᠢᠭᠡ ᠵᠢᠯ ᠤᠨ ᠣᠷᠣᠯᠭ᠎ᠠ ᠶᠢᠨ ᠪᠦᠬᠦ ᠲᠤᠭ᠎ᠠ ᠶᠢ ᠵᠢᠭᠠᠵᠤ ᠪᠠᠶᠢᠨ᠎ᠠ᠃            ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠤᠶᠤ ᠡᠳ᠋ ᠤᠨ ᠶᠠᠪᠤᠳᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠢᠨᠠᠨ ᠲᠣᠭᠲᠠᠭᠠᠬᠤ ᠶᠢᠨ ᠠᠷᠭ᠎ᠠ ᠦᠭᠡᠢ ᠵᠡᠷᠭᠡ ᠰᠢᠯᠲᠠᠭᠠᠨ ᠠᠴᠠ ᠪᠣᠯᠵᠤ ᠬᠤᠯᠪᠣᠭᠳᠠᠯ ᠪᠦᠬᠦᠢ ᠬᠥᠮᠥᠰ ᠤᠨ ᠲᠦᠷᠦᠭᠦᠦ ᠨᠢᠭᠡ ᠵᠢᠯ ᠤᠨ ᠣᠷᠣᠯᠭ᠎ᠠ ᠶᠢ ᠲᠣᠭᠲᠠᠭᠠᠬᠤ ᠳᠤ ᠪᠡᠷᠬᠡᠲᠡᠢ ᠪᠣᠯᠭᠠᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠠᠷᠭ᠎ᠠ ᠪᠠᠷ ᠲᠣᠭᠲᠠᠭᠠᠨ᠎ᠠ᠄            ︵ᠨᠢᠭᠡ︶ ᠭᠤᠣᠯ ᠬᠠᠷᠢᠭᠤᠴᠠᠯᠭᠠᠲᠠᠨ ᠤ ᠲᠦᠷᠦᠭᠦᠦ ᠨᠢᠭᠡ ᠵᠢᠯ ᠤᠨ ᠣᠷᠣᠯᠭ᠎ᠠ ᠶᠢ ᠲᠤᠰ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠦᠷᠦᠭᠦᠦ ᠨᠢᠭᠡ ᠵᠢᠯ ᠤᠨ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠤᠨ 5 ᠲᠠᠬᠢᠨ ᠠᠴᠠ ᠳᠡᠭᠡᠭᠰᠢ 10 ᠲᠠᠬᠢᠨ ᠠᠴᠠ ᠳᠣᠭᠤᠭᠰᠢ ᠪᠠᠷ ᠪᠣᠳᠣᠨ᠎ᠠ︔            ︵ᠬᠤᠶᠠᠷ︶ ᠪᠤᠰᠤᠳ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠵᠢᠴᠢ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ᠂ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠤ ᠲᠦᠷᠦᠭᠦᠦ ᠨᠢᠭᠡ ᠵᠢᠯ ᠤᠨ ᠣᠷᠣᠯᠭ᠎ᠠ ᠶᠢ ᠲᠤᠰ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠦᠷᠦᠭᠦᠦ ᠨᠢᠭᠡ ᠵᠢᠯ ᠤᠨ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠤᠨ 1 ᠲᠠᠬᠢᠨ ᠠᠴᠠ ᠳᠡᠭᠡᠭᠰᠢ 5 ᠲᠠᠬᠢᠨ ᠠᠴᠠ ᠳᠣᠭᠤᠭᠰᠢ ᠪᠠᠷ ᠪᠤᠳᠤᠨ᠎ᠠ᠃            ᠲᠠᠪᠤᠳᠤᠭᠠᠷ ᠵᠦᠢᠯ    ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠎ ᠎ ᠳᠤ ᠬᠡᠯᠡᠵᠦ ᠪᠠᠶᠢᠭ᠎ᠠ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠠ ᠮᠡᠳᠡᠭᠦᠯᠬᠦ ᠦᠭᠡᠢ ᠨᠢᠭᠤᠬᠤ ᠶᠢ ᠳᠠᠷᠠᠭᠠᠬᠢ ᠵᠢᠭᠰᠠᠭᠠᠭᠰᠠᠨ ᠪᠠᠶᠢᠳᠠᠯ ᠢᠶᠠᠷ ᠮᠠᠭᠠᠳᠯᠠᠨ ᠲᠣᠭᠲᠠᠭᠠᠨ᠎ᠠ᠄            ︵ᠨᠢᠭᠡ︶ ᠡ᠊ᠨᠳᠡᠯ ᠢ ᠮᠡᠳᠡᠭᠦᠯᠦᠭᠰᠡᠨ ᠴᠠᠭ ᠨᠢ ᠲᠣᠭᠲᠠᠭᠰᠠᠨ ᠬᠤᠭᠤᠴᠠᠭ᠎ᠠ ᠠᠴᠠ ᠬᠡᠲᠦᠷᠡᠭᠰᠡᠨ ᠪᠠᠶᠢᠪᠠᠯ᠂ ᠤᠳᠠᠭᠠᠰᠢᠷᠠᠭᠤᠯᠤᠨ ᠮᠡᠳᠡᠭᠦᠯᠦᠭᠰᠡᠨ ᠳᠤ ᠲᠣᠭᠠᠴᠠᠭᠳᠠᠨ᠎ᠠ︔            ︵ᠬᠤᠶᠠᠷ︶ ᠡ᠊ᠨᠳᠡᠯ ᠠᠴᠠ ᠪᠣᠯᠵᠤ ᠳᠡᠭᠡᠭᠰᠢ ᠮᠡᠳᠡᠭᠦᠯᠬᠦ ᠶᠣᠰᠣᠲᠠᠢ ᠡ᠊ᠨᠳᠡᠯ ᠪᠤᠶᠤ ᠡ᠊ᠨᠳᠡᠯ ᠭᠠᠷᠤᠭᠰᠠᠨ ᠴᠠᠭ ᠂ ᠭᠠᠵᠠᠷ᠂ ᠲᠦᠷᠦᠯ ᠢᠯᠭᠠᠯ᠂ ᠦᠬᠦᠵᠦ ᠰᠢᠷᠬᠠᠲᠤᠭᠰᠠᠨ ᠬᠥᠮᠥᠨ ᠤ ᠲᠤᠭ᠎ᠠ᠂ ᠠᠵᠤ ᠠᠬᠤᠢ ᠶᠢᠨ ᠰᠢᠭᠤᠳ ᠬᠤᠬᠢᠷᠠᠯ ᠵᠡᠷᠭᠡ ᠠᠭᠤᠯᠭ᠎ᠠ ᠶᠢ ᠣᠷᠬᠢᠭᠳᠠᠭᠤᠯᠤᠨ ᠮᠡᠳᠡᠭᠦᠯᠦᠭᠰᠡᠨ ᠦᠭᠡᠢ ᠪᠠᠶᠢᠪᠠᠯ᠂ ᠣᠷᠬᠢᠭᠳᠠᠭᠤᠯᠤᠨ ᠮᠡᠳᠡᠭᠦᠯᠦᠭᠰᠡᠨ ᠳᠤ ᠲᠣᠭᠠᠴᠠᠭᠳᠠᠨ᠎ᠠ︔ ︵ᠬᠤᠶᠠᠷ︶ ᠡ᠊ᠨᠳᠡᠯ ᠠᠴᠠ ᠪᠣᠯᠵᠤ ᠳᠡᠭᠡᠭᠰᠢ ᠮᠡᠳᠡᠭᠦᠯᠬᠦ ᠶᠣᠰᠣᠲᠠᠢ ᠡ᠊ᠨᠳᠡᠯ ᠪᠤᠶᠤ ᠡ᠊ᠨᠳᠡᠯ ᠭᠠᠷᠤᠭᠰᠠᠨ ᠴᠠᠭ᠂ ᠭᠠᠵᠠᠷ᠂ ᠲᠦᠷᠦᠯ ᠢᠯᠭᠠᠯ᠂ ᠦᠬᠦᠵᠦ ᠰᠢᠷᠬᠠᠲᠤᠭᠰᠠᠨ ᠬᠥᠮᠥᠨ ᠤ ᠲᠤᠭ᠎ᠠ᠂ ᠠᠵᠤ ᠠᠬᠤᠢ ᠶᠢᠨ ᠰᠢᠭᠤᠳ ᠬᠤᠬᠢᠷᠠᠯ ᠵᠡᠷᠭᠡ ᠠᠭᠤᠯᠭ᠎ᠠ ᠶᠢ ᠣᠷᠬᠢᠭᠳᠠᠭᠤᠯᠤᠨ ᠮᠡᠳᠡᠭᠦᠯᠦᠭᠰᠡᠨ ᠦᠭᠡᠢ ᠪᠠᠶᠢᠪᠠᠯ᠂ ᠣᠷᠬᠢᠭᠳᠠᠭᠤᠯᠤᠨ ᠮᠡᠳᠡᠭᠦᠯᠦᠭᠰᠡᠨ ᠳᠤ ᠲᠣᠭᠠᠴᠠᠭᠳᠠᠨ᠎ᠠ︔            ︵ᠭᠤᠷᠪᠠ︶ ᠡ᠊ᠨᠳᠡᠯ ᠭᠠᠷᠤᠭᠰᠠᠨ ᠴᠠᠭ᠂ ᠭᠠᠵᠠᠷ᠂ ᠠᠩᠬ᠎ᠠ ᠠᠯᠬᠤᠮ ᠤᠨ ᠰᠢᠯᠲᠠᠭᠠᠨ᠂ ᠰᠢᠨᠵᠢ ᠴᠢᠨᠠᠷ᠂ ᠦᠬᠦᠵᠦ ᠰᠢᠷᠬᠠᠲᠤᠭᠰᠠᠨ ᠬᠥᠮᠥᠨ ᠤ ᠲᠤᠭ᠎ᠠ ᠪᠠ ᠠᠶᠤᠯ ᠳᠤ ᠬᠤᠯᠪᠣᠭᠳᠠᠭᠰᠠᠨ ᠬᠥᠮᠥᠨ ᠤ ᠲᠤᠭ᠎ᠠ᠂ ᠠᠵᠤ ᠠᠬᠤᠢ ᠶᠢᠨ ᠰᠢᠭᠤᠳ ᠬᠤᠬᠢᠷᠠᠯ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠵᠣᠷᠢᠭᠤᠳᠠ ᠦᠨᠡᠨ ᠮᠥᠨ ᠢᠶᠠᠷ ᠨᠢ ᠮᠡᠳᠡᠭᠦᠯᠦᠭᠰᠡᠨ ᠦᠭᠡᠢ ᠪᠠᠶᠢᠪᠠᠯ᠂ ᠬᠤᠳᠠᠯ ᠢᠶᠠᠷ ᠮᠡᠳᠡᠭᠦᠯᠦᠭᠰᠡᠨ ᠳᠤ ᠲᠣᠭᠠᠴᠠᠭᠳᠠᠨ᠎ᠠ︔            ︵ᠳᠥᠷᠪᠡ︶ ᠨᠢᠭᠡᠨᠲᠡ ᠭᠠᠷᠤᠭᠰᠠᠨ ᠡ᠊ᠨᠳᠡᠯ ᠢ ᠨᠢᠭᠤᠨ ᠳᠠᠯᠳᠠᠯᠠᠵᠤ᠂ ᠲᠣᠭᠲᠠᠭᠰᠠᠨ ᠴᠠᠭ ᠬᠤᠭᠤᠴᠠᠭ᠎ᠠ ᠠᠴᠠ ᠬᠡᠲᠦᠷᠡᠲᠡᠯ᠎ᠡ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠭᠰᠡᠨ ᠦᠭᠡᠢ᠂ ᠪᠠᠶᠢᠴᠠᠭᠠᠨ ᠲᠣᠳᠣᠯᠠᠭᠠᠳ ᠦᠨᠡᠨ ᠮᠠᠭᠠᠳ ᠪᠠᠶᠢᠪᠠᠯ᠂ ᠮᠡᠳᠡᠭᠦᠯᠬᠦ ᠦᠭᠡᠢ ᠨᠢᠭᠤᠭᠰᠠᠨ ᠳᠤ ᠲᠣᠭᠠᠴᠠᠭᠳᠠᠨ᠎ᠠ᠃            ᠵᠢᠷᠭᠤᠳᠤᠭᠠᠷ ᠵᠦᠢᠯ    ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠭᠲᠠᠭᠠᠨ᠎ᠠ᠄            ︵ᠨᠢᠭᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠣᠭᠲᠠᠭᠠᠨ᠎ᠠ︔            ︵ᠬᠤᠶᠠᠷ︶ ᠬᠦᠨᠳᠦ ᠬᠡᠴᠡᠭᠦᠦ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ︔            ︵ᠭᠤᠷᠪᠠ︶ ᠳᠤᠮᠳᠠ ᠵᠡᠷᠭᠡ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ︔            ︵ᠳᠥᠷᠪᠡ︶ ᠡ᠊ᠩ ᠤᠨ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃            ᠳᠡᠭᠡᠳᠦ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳᠣᠣᠷ᠎ᠠ ᠨᠢᠭᠡ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠡ᠊ᠨᠳᠡᠯ ᠭᠠᠷᠤᠭᠰᠠᠨ ᠨᠢᠭᠡᠴᠢ ᠵᠢᠴᠢ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠥᠭᠴᠦ ᠪᠣᠯᠣᠨ᠎ᠠ᠃            ᠳᠣᠯᠣᠳᠤᠭᠠᠷ ᠵᠦᠢᠯ    ᠨᠡᠭᠦᠷᠡᠰᠦᠨ ᠠᠭᠤᠷᠬᠠᠢ ᠶᠢᠨ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠄            ︵ᠨᠢᠭᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠭᠠᠭᠰᠠᠨ ᠨᠡᠭᠦᠷᠡᠰᠦᠨ ᠠᠭᠤᠷᠬᠠᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ ᠠᠴᠠ ᠲᠣᠭᠲᠠᠭᠠᠨ᠎ᠠ︔            ︵ᠬᠤᠶᠠᠷ︶ ᠬᠦᠨᠳᠦ ᠬᠡᠴᠡᠭᠦᠦ ᠡ᠊ᠨᠳᠡᠯ᠂ ᠳᠤᠮᠳᠠ ᠵᠡᠷᠭᠡ ᠡ᠊ᠨᠳᠡᠯ ᠪᠠ ᠡᠩ ᠤᠨ ᠡ᠊ᠨᠳᠡᠯ ᠭᠠᠷᠤᠭᠰᠠᠨ ᠨᠡᠭᠦᠷᠡᠰᠦᠨ ᠠᠭᠤᠷᠬᠠᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶᠠᠨ ᠤ ᠮᠤᠵᠢ ᠶᠢᠨ ᠱᠠᠲᠤᠨ ᠤ ᠲᠣᠪᠴᠢᠶ᠎ᠠ ᠠᠴᠠ ᠲᠣᠭᠲᠠᠭᠠᠨ᠎ᠠ᠃            ᠳᠡᠭᠡᠳᠦ ᠱᠠᠲᠤᠨ ᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠳᠣᠣᠷ᠎ᠠ ᠨᠢᠭᠡ ᠱᠠᠲᠤᠨ ᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠵᠢᠭᠠᠨ ᠲᠣᠭᠲᠠᠭᠠᠵᠤ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠥᠭᠭᠦᠭᠦᠯᠵᠦ ᠪᠣᠯᠣᠨ᠎ᠠ᠃            ᠨᠠᠢᠮᠠᠳᠤᠭᠠᠷ ᠵᠦᠢᠯ    ᠣᠨᠴᠠᠭᠠᠶ ᠬᠦᠨᠳᠦ ᠬᠡᠴᠡᠭᠦᠦ ᠡ᠊ᠨᠳᠡᠯ ᠠᠴᠠ ᠳᠣᠷᠣᠭᠰᠢᠬᠢ ᠵᠡᠷᠭᠡ ᠳᠡᠰ ᠤᠨ ᠡ᠊ᠨᠳᠡᠯ ᠤᠨ ᠡ᠊ᠨᠳᠡᠯ ᠭᠠᠷᠤᠭᠰᠠᠨ ᠭᠠᠵᠠᠷ ᠪᠣᠯᠣᠨ ᠡ᠊ᠨᠳᠡᠯ ᠭᠠᠷᠤᠭᠰᠠᠨ ᠨᠢᠭᠡᠴᠢ ᠶᠢᠨ ᠪᠠᠶᠢᠭ᠎ᠠ ᠭᠠᠵᠠᠷ ᠨᠢ ᠠᠳᠠᠯᠢ ᠨᠢᠭᠡᠨ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠳᠤ ᠪᠠᠶᠢᠬᠤ ᠦᠭᠡᠢ ᠪᠠᠶᠢᠪᠠᠯ᠂ ᠡ᠊ᠨᠳᠡᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠲᠤᠰ ᠲᠣᠭᠲᠠᠭᠠᠯ ᠤᠨ ᠵᠢᠷᠭᠤᠳᠤᠭᠠᠷ ᠵᠦᠢᠯ    ᠪᠤᠶᠤ ᠳᠣᠯᠣᠳᠤᠭᠠᠷ ᠵᠦᠢᠯ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠦᠨ᠎ᠡ᠃            ᠶᠢᠰᠦᠳᠦᠭᠡᠷ ᠵᠦᠢᠯ    ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠭᠤᠷᠬᠠᠢ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠡ᠊ᠨᠳᠡᠯ ᠭᠠᠷᠤᠭᠰᠠᠨ ᠨᠢᠭᠡᠴᠢ ᠬᠢᠭᠡᠳ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠲᠤ ᠲᠣᠷᠭᠠᠭᠤᠯᠢ ᠣᠨᠣᠭᠳᠠᠭᠤᠯᠬᠤ ᠪᠠᠷ ᠵᠠᠰᠠᠭ ᠵᠠᠬᠢᠷᠭᠠᠨ ᠤ ᠰᠢᠢᠳᠬᠡᠯ ᠣᠯᠭᠤᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠠᠶᠦᠯᠭᠦᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠣᠯᠭᠤᠬᠤ ᠠᠷᠭ᠎ᠠ︾ ᠵᠡᠷᠭᠡ ᠲᠣᠭᠲᠠᠭᠠᠯ ᠤᠨ ᠲᠡᠰ ᠳᠠᠷᠠᠭᠠᠯᠠᠯ ᠤᠨ ᠶᠣᠰᠣᠭᠠᠷ ᠬᠡᠷᠡᠭᠵᠢᠭᠦᠯᠦᠨ᠎ᠡ᠃            ᠠᠷᠪᠠᠳᠤᠭᠠᠷ ᠵᠦᠢᠯ    ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠵᠠᠰᠠᠭ ᠵᠠᠬᠢᠷᠭᠠᠨ ᠤ ᠰᠢᠢᠳᠬᠡᠯ ᠣᠯᠭᠤᠬᠤ ᠠᠴᠠ ᠪᠠᠨ ᠡᠮᠦᠨ᠎ᠡ᠂ ᠲᠤᠬᠠᠢ ᠶᠢᠨ ᠬᠥᠮᠥᠨ ᠳᠤ ᠬᠠᠤᠯᠢ ᠶᠣᠰᠣᠭᠠᠷ ᠡᠳ᠋ᠯᠡᠬᠦ ᠲᠣᠭᠠᠴᠢᠯᠲᠠ ᠬᠢᠬᠦ᠂ ᠵᠥᠪᠲᠥᠭᠡᠨ ᠲᠣᠳᠣᠷᠬᠠᠶᠢᠯᠠᠬᠤ᠂ ᠰᠠᠨᠠᠯ ᠰᠣᠨᠣᠰᠤᠭᠤᠯᠬᠤ ᠪᠠᠷ ᠱᠠᠭᠠᠷᠳᠠᠬᠤ ᠵᠡᠷᠭᠡ ᠡᠷᠬᠡ ᠶᠢ ᠬᠡᠯᠡᠵᠦ ᠣᠯᠭᠤᠬᠤ ᠬᠡᠷᠡᠭᠲᠡᠢ︔ ᠲᠤᠬᠠᠢ ᠶᠢᠨ ᠬᠥᠮᠥᠨ ᠨᠢ ᠵᠠᠰᠠᠭ ᠵᠠᠬᠢᠷᠭᠠᠨ ᠤ ᠰᠢᠢᠳᠬᠡᠯ ᠢ ᠬᠦᠯᠢᠶᠡᠬᠦ ᠦᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ᠃            ᠠᠷᠪᠠᠨ ᠨᠢᠭᠡᠳᠦᠭᠡᠷ ᠵᠦᠢᠯ    ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠎ ᠎ ᠶᠢᠨ ᠵᠠᠭᠤ ᠠᠷᠪᠠᠳᠤᠭᠠᠷ ᠵᠦᠢᠯ᠂ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠎ ᠎ ᠤᠨ ᠭᠤᠴᠢᠨ ᠲᠠᠪᠤᠳᠤᠭᠠᠷ ᠵᠦᠢᠯ᠂ ᠭᠤᠴᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠳᠠᠷᠠᠭᠠᠬᠢ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠡ᠊ᠨᠳᠡᠯ ᠭᠠᠷᠤᠭᠰᠠᠨ ᠤ ᠲᠠᠷᠠᠭ᠎ᠠ ᠲᠡᠷᠡ ᠳᠠᠷᠤᠢ ᠳᠤᠨᠢ ᠡ᠊ᠨᠳᠡᠯ ᠢ ᠵᠠᠪᠳᠤᠨ ᠠᠪᠤᠷᠠᠬᠤ ᠠᠵᠢᠯ ᠢ ᠵᠣᠬᠢᠶᠠᠨ ᠪᠠᠶᠢᠭᠤᠯᠤᠭᠰᠠᠨ ᠦᠭᠡᠢ᠂ ᠡᠰᠡᠬᠦᠯ᠎ᠡ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠬᠤᠭᠤᠴᠠᠭᠠᠨ ᠳᠤ ᠳᠤᠷ᠎ᠠ ᠮᠡᠳᠡᠨ ᠠᠵᠢᠯ ᠤᠨ ᠪᠠᠶᠢᠷᠢ ᠠᠴᠠ ᠪᠠᠨ ᠰᠠᠯᠤᠭᠰᠠᠨ᠂ ᠡᠰᠡᠬᠦᠯ᠎ᠡ ᠡ᠊ᠨᠳᠡᠯ ᠢ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ᠂ ᠡᠰᠡᠬᠦᠯ᠎ᠡ ᠡ᠊ᠨᠳᠡᠯ ᠭᠠᠷᠤᠭᠰᠠᠨ ᠤ ᠲᠠᠷᠠᠭ᠎ᠠ ᠤᠷᠭᠤᠵᠦ ᠳᠠᠯᠳᠠᠯᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60%᠎ ᠠᠴᠠ 80%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠬᠦᠨᠳᠦ ᠬᠡᠴᠡᠭᠦᠦ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 80%᠎ ᠠᠴᠠ 100%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠡ᠊ᠨᠳᠡᠯ ᠢ ᠮᠡᠳᠡᠭᠦᠯᠬᠦ ᠠᠴᠠ ᠭᠤᠭᠤᠵᠢᠭᠳᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 40%᠎ ᠠᠴᠠ 60%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠬᠦᠨᠳᠦ ᠬᠡᠴᠡᠭᠦᠦ ᠨᠡᠶᠢᠭᠡᠮ ᠤᠨ ᠨᠥᠯᠥᠭᠡ ᠭᠠᠷᠭᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60%᠎ ᠠᠴᠠ 80% ᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠡ᠊ᠨᠳᠡᠯ ᠤᠨ ᠲᠤᠬᠠᠢ ᠶᠢᠨ ᠲᠠᠯᠠᠪᠤᠷ ᠢ ᠬᠠᠭᠤᠷᠮᠠᠭᠯᠠᠨ ᠵᠣᠬᠢᠶᠠᠭᠰᠠᠨ᠂ ᠵᠣᠷᠢᠭᠤᠳᠠ ᠡᠪᠳᠡᠭᠰᠡᠨ᠂ ᠡᠰᠡᠬᠦᠯ᠎ᠡ ᠪᠡᠯᠡ ᠮᠥᠩᠭᠦ᠂ ᠡᠳ᠋ ᠬᠥᠷᠥᠩᠭᠡ ᠪᠠᠨ ᠰᠢᠯᠵᠢᠭᠦᠯᠦᠭᠰᠡᠨ᠂ ᠨᠢᠭᠤᠨ ᠳᠠᠯᠳᠠᠯᠠᠭᠰᠠᠨ᠂ ᠬᠤᠯᠪᠣᠭᠳᠠᠯ ᠪᠦᠬᠦᠢ ᠭᠡᠷᠡᠴᠢ ᠪᠠᠷᠢᠮᠲᠠ᠂ ᠮᠠᠲ᠋ᠧᠷᠢᠶᠠᠯ ᠢ ᠤᠰᠠᠳᠬᠠᠭᠰᠠᠨ᠂ ᠡᠰᠡᠬᠦᠯ᠎ᠡ ᠪᠠᠶᠢᠴᠠᠭᠠᠯᠲᠠ ᠶᠢ ᠬᠦᠯᠢᠶᠡᠬᠦ ᠶᠢ ᠲᠡᠪᠴᠢᠭᠰᠡᠨ᠂ ᠡᠰᠡᠬᠦᠯ᠎ᠡ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠬᠠᠩᠭᠠᠬᠤ ᠶᠢ ᠲᠡᠪᠴᠢᠭᠰᠡᠨ᠂ ᠡᠰᠡᠬᠦᠯ᠎ᠡ ᠡ᠊ᠨᠳᠡᠯ ᠢ ᠪᠠᠶᠢᠴᠠᠭᠠᠬᠤ ᠳᠤᠮᠳᠠ ᠬᠠᠭᠤᠷᠮᠠᠭ ᠭᠡᠷᠡᠴᠢ ᠬᠢᠭᠰᠡᠨ᠂ ᠡᠰᠡᠬᠦᠯ᠎ᠡ ᠪᠤᠰᠤᠳ ᠢ ᠵᠢᠭᠠᠨ ᠳᠣᠬᠢᠵᠤ ᠪᠠᠶᠢᠭᠠᠳ ᠬᠠᠭᠤᠷᠮᠠᠭ ᠭᠡᠷᠡᠴᠢ ᠬᠢᠯᠭᠡᠭᠰᠡᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60%᠎ ᠠᠴᠠ 80%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ; ︵ᠭᠤᠷᠪᠠ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠡ᠊ᠨᠳᠡᠯ ᠢ ᠪᠠᠶᠢᠴᠠᠭᠠᠬᠤ ᠶᠠᠪᠤᠴᠠ ᠳᠤ ᠬᠠᠭᠤᠷᠮᠠᠭ ᠭᠡᠷᠡᠴᠢ ᠬᠢᠭᠰᠡᠨ᠂ ᠡᠰᠡᠬᠦᠯ᠎ᠡ ᠪᠤᠰᠤᠳ ᠢ ᠵᠢᠭᠠᠨ ᠳᠣᠬᠢᠵᠤ ᠪᠠᠶᠢᠭᠠᠳ ᠬᠠᠭᠤᠷᠮᠠᠭ ᠭᠡᠷᠡᠴᠢ ᠬᠢᠯᠭᠡᠭᠰᠡᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60%᠎ ᠠᠴᠠ 80%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠨᠡᠶᠢᠭᠡᠮ ᠳᠤ ᠬᠦᠨᠳᠦ ᠬᠡᠴᠡᠭᠦᠦ ᠨᠥᠯᠥᠭᠡ ᠭᠠᠷᠭᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 80%᠎ ᠠᠴᠠ 100%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠠᠷᠪᠠᠨ ᠬᠤᠶᠠᠳᠤᠭᠠᠷ ᠵᠦᠢᠯ    ᠡ᠊ᠨᠳᠡᠯ ᠭᠠᠷᠤᠭᠰᠠᠨ ᠨᠢᠭᠡᠴᠢ ᠶᠢᠨ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠨᠢ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠎ ᠎ ᠤᠨ ᠭᠤᠴᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60%᠎ ᠠᠴᠠ 80%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠨᠡᠶᠢᠭᠡᠮ ᠳᠤ ᠬᠦᠨᠳᠦ ᠬᠡᠴᠡᠭᠦᠦ ᠨᠥᠯᠥᠭᠡ ᠭᠠᠷᠭᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 80%᠎ ᠠᠴᠠ 100%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠠᠷᠪᠠᠨ ᠭᠤᠷᠪᠠᠳᠤᠭᠠᠷ ᠵᠦᠢᠯ    ᠡ᠊ᠨᠳᠡᠯ ᠭᠠᠷᠤᠭᠰᠠᠨ ᠨᠢᠭᠡᠴᠢ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠎ ᠎ ᠤᠨ ᠭᠤᠴᠢᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠬᠦᠷᠲᠡᠯᠡᠬᠢ ᠲᠣᠭᠲᠠᠭᠠᠯ ᠳᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ 100 ᠲᠦᠮᠡᠨ ᠲᠥᠭᠦᠷᠢᠭ ᠠᠴᠠ ᠳᠡᠭᠡᠭᠰᠢ 150 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ 150 ᠲᠦᠮᠡᠨ ᠲᠥᠭᠦᠷᠢᠭ ᠠᠴᠠ ᠳᠡᠭᠡᠭᠰᠢ 200 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 200 ᠲᠦᠮᠡᠨ ᠲᠥᠭᠦᠷᠢᠭ ᠠᠴᠠ ᠳᠡᠭᠡᠭᠰᠢ 250 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 250 ᠲᠦᠮᠡᠨ ᠲᠥᠭᠦᠷᠢᠭ ᠠᠴᠠ ᠳᠡᠭᠡᠭᠰᠢ 300 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠡ᠊ᠨᠳᠡᠯ ᠭᠠᠷᠤᠭᠰᠠᠨ ᠨᠢᠭᠡᠴᠢ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠎ ᠎ ᠤᠨ ᠭᠤᠴᠢᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠲᠤ ᠲᠣᠭᠲᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠵᠦ᠂ ᠡ᠊ᠨᠳᠡᠯ ᠠᠴᠠ ᠠᠪᠤᠷᠠᠬᠤ ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠨᠡᠶᠢᠭᠡᠮ ᠳᠤ ᠬᠦᠨᠳᠦ ᠬᠡᠴᠡᠭᠦᠦ ᠨᠥᠯᠥᠭᠡ ᠭᠠᠷᠭᠠᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ 300 ᠲᠦᠮᠡᠨ ᠲᠥᠭᠦᠷᠢᠭ ᠠᠴᠠ ᠳᠡᠭᠡᠭᠰᠢ 350 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ 350 ᠲᠦᠮᠡᠨ ᠲᠥᠭᠦᠷᠢᠭ ᠠᠴᠠ ᠳᠡᠭᠡᠭᠰᠢ 400 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 400 ᠲᠦᠮᠡᠨ ᠲᠥᠭᠦᠷᠢᠭ ᠠᠴᠠ ᠳᠡᠭᠡᠭᠰᠢ 450 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 450 ᠲᠦᠮᠡᠨ ᠲᠥᠭᠦᠷᠢᠭ ᠠᠴᠠ ᠳᠡᠭᠡᠭᠰᠢ 500 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠠᠷᠪᠠᠨ ᠳᠥᠷᠪᠡᠳᠦᠭᠡᠷ ᠵᠦᠢᠯ    ᠡ᠊ᠨᠳᠡᠯ ᠭᠠᠷᠤᠭᠰᠠᠨ ᠨᠢᠭᠡᠴᠢ ᠡ᠊ᠩ ᠤᠨ ᠡ᠊ᠨᠳᠡᠯ ᠳᠤ ᠬᠠᠷᠢᠭᠤᠴᠠᠯᠭ᠎ᠠ ᠲᠠᠢ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ 3 ᠬᠥᠮᠥᠨ ᠠᠴᠠ ᠳᠣᠭᠤᠭᠰᠢ ᠬᠦᠨᠳᠦ ᠰᠢᠷᠬᠠᠲᠤᠭᠤᠯᠤᠭᠰᠠᠨ ︵ᠠᠵᠤ ᠦᠢᠯᠡᠳᠪᠦᠷᠢ ᠳᠤ ᠲᠦᠷᠭᠡᠨ ᠴᠢᠨᠠᠷᠲᠠᠢ ᠬᠤᠣᠷᠳᠠᠭᠳᠠᠭᠰᠠᠨ ᠢ ᠪᠠᠭᠲᠠᠭᠠᠨ᠎ᠠ᠂ ᠳᠣᠷᠣᠭᠰᠢ ᠠᠳᠠᠯᠢ︶᠂ ᠡᠰᠡᠬᠦᠯ᠎ᠡ 300 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 30 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ 1 ᠬᠥᠮᠥᠨ ᠢ ᠦᠬᠦᠭᠦᠯᠦᠭᠰᠡᠨ᠂ ᠡᠰᠡᠬᠦᠯ᠎ᠡ 3 ᠬᠥᠮᠥᠨ ᠠᠴᠠ ᠳᠡᠭᠡᠭᠰᠢ 6 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 300 ᠲᠦᠮᠡᠨ ᠲᠥᠭᠦᠷᠢᠭ ᠠᠴᠠ ᠳᠡᠭᠡᠭᠰᠢ 500 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 50 ᠲᠦᠮᠡᠨ ᠲᠥᠭᠦᠷᠢᠭ ᠠᠴᠠ ᠳᠡᠭᠡᠭᠰᠢ 70 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ 2 ᠬᠥᠮᠥᠨ ᠢ ᠦᠬᠦᠭᠦᠯᠦᠭᠰᠡᠨ᠂ ᠡᠰᠡᠬᠦᠯ᠎ᠡ 6 ᠬᠥᠮᠥᠨ ᠠᠴᠠ ᠳᠡᠭᠡᠭᠰᠢ 10 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 500 ᠲᠦᠮᠡᠨ ᠲᠥᠭᠦᠷᠢᠭ ᠠᠴᠠ ᠳᠡᠭᠡᠭᠰᠢ 1000 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 70 ᠲᠦᠮᠡᠨ ᠲᠥᠭᠦᠷᠢᠭ ᠠᠴᠠ ᠳᠡᠭᠡᠭᠰᠢ 100 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠠᠷᠪᠠᠨ ᠲᠠᠪᠤᠳᠤᠭᠠᠷ ᠵᠦᠢᠯ    ᠡ᠊ᠨᠳᠡᠯ ᠭᠠᠷᠤᠭᠰᠠᠨ ᠨᠢᠭᠡᠴᠢ ᠳᠤᠮᠳᠠ ᠵᠡᠷᠭᠡ ᠡ᠊ᠨᠳᠡᠯ ᠭᠠᠷᠤᠭᠰᠠᠨ ᠳᠤ ᠬᠠᠷᠢᠭᠤᠴᠠᠯᠭ᠎ᠠ ᠲᠠᠢ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ 3 ᠬᠥᠮᠥᠨ ᠠᠴᠠ ᠳᠡᠭᠡᠭᠰᠢ 5 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 10 ᠬᠥᠮᠥᠨ ᠠᠴᠠ ᠳᠡᠭᠡᠭᠰᠢ 20 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 1000 ᠲᠦᠮᠡᠨ ᠲᠥᠭᠦᠷᠢᠭ ᠠᠴᠠ ᠳᠡᠭᠡᠭᠰᠢ 2000 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠠᠴᠠ ᠳᠡᠭᠡᠭᠰᠢ 120 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ 5 ᠬᠥᠮᠥᠨ ᠠᠴᠠ ᠳᠡᠭᠡᠭᠰᠢ 7 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 20 ᠬᠥᠮᠥᠨ ᠠᠴᠠ ᠳᠡᠭᠡᠭᠰᠢ 30 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 2000 ᠲᠦᠮᠡᠨ ᠲᠥᠭᠦᠷᠢᠭ ᠠᠴᠠ ᠳᠡᠭᠡᠭᠰᠢ 3000 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 120 ᠲᠦᠮᠡᠨ ᠲᠥᠭᠦᠷᠢᠭ ᠠᠴᠠ ᠳᠡᠭᠡᠭᠰᠢ 150 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ 7 ᠬᠥᠮᠥᠨ ᠠᠴᠠ ᠳᠡᠭᠡᠭᠰᠢ 10 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 30 ᠬᠥᠮᠥᠨ ᠠᠴᠠ ᠳᠡᠭᠡᠭᠰᠢ 50 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 3000 ᠲᠦᠮᠡᠨ ᠲᠥᠭᠦᠷᠢᠭ ᠠᠴᠠ ᠳᠡᠭᠡᠭᠰᠢ 5000 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 150 ᠲᠦᠮᠡᠨ ᠲᠥᠭᠦᠷᠢᠭ ᠠᠴᠠ ᠳᠡᠭᠡᠭᠰᠢ 200 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠠᠷᠪᠠᠨ ᠵᠢᠷᠭᠤᠳᠤᠭᠠᠷ ᠵᠦᠢᠯ    ᠡ᠊ᠨᠳᠡᠯ ᠭᠠᠷᠤᠭᠰᠠᠨ ᠨᠢᠭᠡᠴᠢ ᠬᠦᠨᠳᠦ ᠬᠡᠴᠡᠭᠦᠦ ᠡ᠊ᠨᠳᠡᠯ ᠭᠠᠷᠤᠭᠰᠠᠨ ᠳᠤ ᠬᠠᠷᠢᠭᠤᠴᠠᠯᠭ᠎ᠠ ᠲᠠᠢ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ 10 ᠬᠥᠮᠥᠨ ᠠᠴᠠ ᠳᠡᠭᠡᠭᠰᠢ 13 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 50 ᠬᠥᠮᠥᠨ ᠠᠴᠠ ᠳᠡᠭᠡᠭᠰᠢ 60 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 5000 ᠲᠦᠮᠡᠨ ᠲᠥᠭᠦᠷᠢᠭ ᠠᠴᠠ ᠳᠡᠭᠡᠭᠰᠢ 6000 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 200 ᠲᠦᠮᠡᠨ ᠲᠥᠭᠦᠷᠢᠭ ᠠᠴᠠ ᠳᠡᠭᠡᠭᠰᠢ 400 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ 13 ᠬᠥᠮᠥᠨ ᠠᠴᠠ ᠳᠡᠭᠡᠭᠰᠢ 15 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 60 ᠬᠥᠮᠥᠨ ᠠᠴᠠ ᠳᠡᠭᠡᠭᠰᠢ 70 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 6000 ᠲᠦᠮᠡᠨ ᠲᠥᠭᠦᠷᠢᠭ ᠠᠴᠠ ᠳᠡᠭᠡᠭᠰᠢ 7000 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 400 ᠲᠦᠮᠡᠨ ᠲᠥᠭᠦᠷᠢᠭ ᠠᠴᠠ ᠳᠡᠭᠡᠭᠰᠢ 600 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔                  ︵ᠭᠤᠷᠪᠠ︶ 15 ᠬᠥᠮᠥᠨ ᠠᠴᠠ ᠳᠡᠭᠡᠭᠰᠢ 30 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 70 ᠬᠥᠮᠥᠨ ᠠᠴᠠ ᠳᠡᠭᠡᠭᠰᠢ 100 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 7000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ ᠲᠥᠭᠦᠷᠢᠭ ᠠᠴᠠ ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 600 ᠲᠦᠮᠡᠨ ᠲᠥᠭᠦᠷᠢᠭ ᠠᠴᠠ ᠳᠡᠭᠡᠭᠰᠢ 1000 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠠᠷᠪᠠᠨ ᠳᠣᠯᠣᠳᠤᠭᠠᠷ ᠵᠦᠢᠯ    ᠡ᠊ᠨᠳᠡᠯ ᠭᠠᠷᠤᠭᠰᠠᠨ ᠨᠢᠭᠡᠴᠢ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠳᠤ ᠬᠠᠷᠢᠭᠤᠴᠠᠯᠭ᠎ᠠ ᠲᠠᠢ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ 30 ᠬᠥᠮᠥᠨ ᠠᠴᠠ ᠳᠡᠭᠡᠭᠰᠢ 40 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 100 ᠬᠥᠮᠥᠨ ᠠᠴᠠ ᠳᠡᠭᠡᠭᠰᠢ 120 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 1 ᠳ᠋ᠦᠩᠰᠢᠭᠤᠷ ᠲᠥᠭᠦᠷᠢᠭ ᠠᠴᠠ ᠳᠡᠭᠡᠭᠰᠢ 1.5 ᠳ᠋ᠦᠩᠰᠢᠭᠤᠷ ᠲᠥᠭᠦᠷᠢᠭ ᠠᠴᠠ ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 1000 ᠲᠦᠮᠡᠨ ᠲᠥᠭᠦᠷᠢᠭ ᠠᠴᠠ ᠳᠡᠭᠡᠭᠰᠢ 1200 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ 40 ᠬᠥᠮᠥᠨ ᠠᠴᠠ ᠳᠡᠭᠡᠭᠰᠢ 50 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 120 ᠬᠥᠮᠥᠨ ᠠᠴᠠ ᠳᠡᠭᠡᠭᠰᠢ 150 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 1.5 ᠳ᠋ᠦᠩᠰᠢᠭᠤᠷ ᠲᠥᠭᠦᠷᠢᠭ ᠠᠴᠠ ᠳᠡᠭᠡᠭᠰᠢ 2 ᠳ᠋ᠦᠩᠰᠢᠭᠤᠷ ᠲᠥᠭᠦᠷᠢᠭ ᠠᠴᠠ ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 1200 ᠲᠦᠮᠡᠨ ᠲᠥᠭᠦᠷᠢᠭ ᠠᠴᠠ ᠳᠡᠭᠡᠭᠰᠢ 1500 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ 50᠎ ᠠᠴᠠ ᠳᠡᠭᠡᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 150᠎ ᠠᠴᠠ ᠳᠡᠭᠡᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 2 ᠳ᠋ᠦᠩᠰᠢᠭᠤᠷ ᠲᠥᠭᠦᠷᠢᠭ ᠠᠴᠠ ᠳᠡᠭᠡᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 1500 ᠲᠦᠮᠡᠨ ᠲᠥᠭᠦᠷᠢᠭ ᠠᠴᠠ ᠳᠡᠭᠡᠭᠰᠢ 2000 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠠᠷᠪᠠᠨ ᠨᠠᠢᠮᠠᠳᠤᠭᠠᠷ ᠵᠦᠢᠯ    ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠴᠤ᠂ ᠳᠠᠷᠠᠭᠠᠬᠢ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠎ ᠎ ᠶᠢᠨ ᠵᠠᠭᠤ ᠠᠷᠪᠠᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠤᠢᠢᠯᠠ ᠪᠠᠶᠢᠳᠠᠯ ᠨᠢ ᠣᠨᠴᠠᠭᠠᠶ ᠬᠦᠨᠳᠦ ᠨᠣᠴᠢᠲᠠᠢ᠂ ᠨᠥᠯᠥᠭᠡ ᠨᠢ ᠣᠨᠴᠠᠭᠠᠶ ᠬᠠᠷ᠎ᠠ ᠬᠤᠣᠷᠲᠠᠢ ᠪᠠᠶᠢᠳᠠᠯ ᠳᠤ ᠲᠣᠭᠠᠴᠠᠭᠳᠠᠪᠠᠯ᠂ ᠬᠠᠤᠯᠢ ᠴᠠᠭᠠᠵᠠ ᠳᠤ ᠲᠣᠭᠲᠠᠭᠠᠭᠰᠠᠨ ᠲᠣᠷᠭᠠᠭᠤᠯᠢ ᠣᠨᠣᠭᠳᠠᠭᠤᠯᠬᠤ ᠲᠣᠭᠠᠨ ᠤ ᠬᠢᠨᠢ 2 ᠲᠡᠬᠢᠠ ᠠᠴᠠ ᠳᠡᠭᠡᠭᠰᠢ 5 ᠲᠡᠬᠢᠠ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ ᠪᠣᠯᠣᠨ᠎ᠠ᠄            ︵ᠨᠢᠭᠡ︶ ᠦᠢᠯᠡᠳᠪᠦᠷᠢᠯᠡᠯ ᠤᠨ ᠠᠶᠤᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠥᠬᠦᠭᠡᠷᠦᠮᠵᠢ᠂ ᠲᠥᠬᠦᠭᠡᠷᠦᠮᠵᠢ ᠶᠢ ᠬᠠᠭᠠᠭᠰᠠᠨ᠂ ᠡᠪᠳᠡᠭᠰᠡᠨ᠂ ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠦᠭᠰᠡᠨ᠂ ᠨᠢᠭᠤᠨ ᠳᠠᠯᠳᠠᠯᠠᠭᠰᠠᠨ᠂ ᠤᠰᠠᠳᠬᠠᠭᠰᠠᠨ︔            ︵ᠬᠤᠶᠠᠷ︶ ᠬᠦᠨᠳᠦ ᠬᠡᠴᠡᠭᠦᠦ ᠡ᠊ᠨᠳᠡᠯ ᠤᠨ ᠲᠡᠯᠳᠠ ᠭᠡᠮ ᠣᠷᠣᠰᠢᠵᠤ ᠪᠠᠶᠢᠬᠤ ᠠᠴᠠ ᠪᠣᠯᠵᠤ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠠᠵᠢᠯ ᠢ ᠨᠢ ᠵᠣᠭᠰᠣᠭᠠᠭᠰᠠᠨ᠂ ᠪᠠᠷᠢᠯᠭ᠎ᠠ ᠶᠢᠨ ᠠᠵᠢᠯ ᠢ ᠨᠢ ᠵᠣᠭᠰᠣᠭᠠᠭᠰᠠᠨ᠂ ᠬᠤᠯᠪᠣᠭᠳᠠᠯ ᠪᠦᠬᠦᠢ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠭᠠᠵᠠᠷ ᠢ ᠬᠡᠷᠡᠭᠯᠡᠬᠦ ᠶᠢ ᠨᠢ ᠵᠣᠭᠰᠣᠭᠠᠭᠰᠠᠨ ᠪᠤᠶᠤ ᠠᠶᠤᠯ ᠢ ᠠᠷᠢᠯᠭᠠᠬᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ ᠠᠪᠤᠭᠰᠠᠨ ᠪᠠᠶᠢᠲᠠᠯ᠎ᠠ ᠬᠡᠷᠡᠭᠵᠢᠭᠦᠯᠬᠦ ᠶᠢ ᠲᠡᠪᠴᠢᠭᠰᠡᠨ︔            ︵ᠭᠤᠷᠪᠠ︶ ᠠᠶᠦᠯᠭᠦᠢ ᠦᠢᠯᠡᠳᠪᠦᠷᠢᠯᠡᠯ ᠳᠤ ᠬᠤᠯᠪᠣᠭᠳᠠᠬᠤ ᠵᠦᠢᠯᠡᠰ ᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠭᠡᠢ ᠪᠤᠶᠤ ᠵᠥᠪᠰᠢᠶᠡᠷᠡᠭᠦᠯᠦᠭᠰᠡᠨ ᠦᠭᠡᠢ ᠪᠠᠷ ᠠᠭᠤᠷᠬᠠᠢ ᠶᠢ ᠨᠡᠭᠡᠭᠡᠨ ᠣᠯᠪᠤᠷᠢᠯᠠᠬᠤ᠂ ᠲᠡᠮᠦᠷᠯᠢᠭ ᠰᠤᠷᠭᠠᠯᠲᠠ ᠳᠤ ᠬᠠᠮᠤᠷᠤᠭᠤᠯᠬᠤ᠂ ᠪᠠᠷᠢᠯᠭ᠎ᠠ ᠶᠢᠨ ᠠᠵᠢᠯ ᠬᠢᠬᠦ ᠵᠢᠴᠢ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ ᠵᠡᠷᠭᠡ ᠳᠡᠭᠡᠳᠦ ᠬᠡᠮᠵᠢᠶᠡᠨ ᠤ ᠠᠶᠤᠯᠲᠠᠢ ᠦᠢᠯᠡᠳᠪᠦᠷᠢᠯᠡᠯ ᠤᠨ ᠠᠵᠢᠯᠯᠠᠭ᠎ᠠ ᠶᠢ ᠳᠤᠷ᠎ᠠ ᠮᠡᠳᠡᠨ ᠬᠢᠭᠰᠡᠨ᠂ ᠡᠰᠡᠬᠦᠯ᠎ᠡ ᠬᠤᠯᠪᠣᠭᠳᠠᠯ ᠪᠦᠬᠦᠢ ᠦᠨᠡᠮᠯᠡᠯ ᠢ ᠬᠠᠤᠯᠢ ᠶᠣᠰᠣᠭᠠᠷ ᠣᠯᠣᠭᠰᠠᠨ ᠦᠭᠡᠢ ᠪᠠᠷ ᠬᠠᠷᠠᠬᠠᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠢᠵᠦ ᠪᠠᠶᠢᠬᠤ︔            ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠲᠡᠪᠴᠢᠵᠦ᠂ ᠬᠠᠷᠰᠢᠯᠠᠭᠰᠠᠨ︔            ︵ᠲᠠᠪᠤ︶ ᠪᠤᠰᠤᠳ ᠢ ᠠᠯᠪᠡᠳᠡᠠ ᠵᠠᠷᠯᠢᠭᠳᠠᠵᠤ ᠪᠠᠶᠢᠭᠠᠳ ᠳᠦᠷᠢᠮ ᠠᠴᠠ ᠵᠥᠷᠢᠴᠡᠨ ᠠᠶᠤᠯ ᠲᠦᠭᠰᠢᠭᠦᠷᠢ ᠲᠠᠢ ᠠᠵᠢᠯ ᠬᠢᠯᠭᠡᠭᠰᠡᠨ᠂ ᠡᠰᠡᠬᠦᠯ᠎ᠡ ᠬᠦᠨᠳᠦ ᠬᠡᠴᠡᠭᠦᠦ ᠡ᠊ᠨᠳᠡᠯ ᠤᠨ ᠲᠡᠯᠳᠠ ᠭᠡᠮ ᠣᠷᠣᠰᠢᠵᠤ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠠᠷᠢᠯᠭᠠᠭᠰᠠᠨ ᠦᠭᠡᠢ ᠪᠣᠯᠪᠠᠴᠤ ᠮᠥᠨ ᠯᠡ ᠠᠶᠤᠯ ᠲᠦᠭᠰᠢᠭᠦᠷᠢ ᠲᠠᠢ ᠵᠣᠬᠢᠶᠠᠨ ᠪᠠᠶᠢᠭᠤᠯᠵᠤ ᠠᠵᠢᠯᠯᠠᠭᠤᠯᠤᠭᠰᠠᠨ︔            ︵ᠵᠢᠷᠭᠤᠭ᠎ᠠ︶ ᠦᠢᠯᠡ ᠪᠠᠶᠢᠳᠠᠯ ᠨᠢ ᠣᠨᠴᠠᠭᠠᠶ ᠬᠦᠨᠳᠦ ᠨᠣᠴᠢᠲᠠᠢ᠂ ᠨᠥᠯᠥᠭᠡ ᠨᠢ ᠣᠨᠴᠠᠭᠠᠶ ᠬᠠᠷ᠎ᠠ ᠬᠤᠣᠷᠲᠠᠢ ᠪᠤᠰᠤᠳ ᠪᠠᠶᠢᠳᠠᠯ ᠤᠳ᠃            ᠠᠷᠪᠠ ᠶᠢᠰᠦᠳᠦᠭᠡᠷ ᠵᠦᠢᠯ    ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠠᠴᠠ ᠪᠣᠯᠵᠤ ᠡ᠊ᠨᠳᠡᠯ ᠭᠠᠷᠤᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ 40%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 80%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢ ᠨᠢ 100%᠎ ᠪᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠬᠤᠷᠢᠳᠤᠭᠠᠷ ᠵᠦᠢᠯ    ᠡ᠊ᠨᠳᠡᠯ ᠭᠠᠷᠤᠭᠰᠠᠨ ᠨᠢᠭᠡᠴᠢ ᠶᠢᠨ ᠪᠤᠰᠤᠳ ᠬᠠᠷᠢᠭᠤᠴᠠᠯᠭᠠᠲᠠᠨ ᠪᠠ ᠠᠶᠦᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠠᠴᠠ ᠪᠣᠯᠵᠤ ᠡ᠊ᠨᠳᠡᠯ ᠭᠠᠷᠤᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ 20%᠎ ᠠᠴᠠ 30%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 30%᠎ ᠠᠴᠠ 40%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 40%᠎ ᠠᠴᠠ 50%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 50%᠎ ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠬᠤᠷᠢᠨ ᠨᠢᠭᠡᠳᠦᠭᠡᠷ ᠵᠦᠢᠯ    ᠬᠤᠪᠢ ᠬᠥᠮᠥᠨ ᠤ ᠡᠵᠡᠩᠨᠡᠯᠲᠡ ᠶᠢᠨ ᠪᠡᠯᠡ ᠣᠷᠣᠭᠤᠯᠤᠭᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠎ ᠎ ᠶᠢᠨ ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠳᠤ ᠴᠢᠬᠤᠯᠠ ᠪᠦᠬᠦᠢ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠭᠰᠠᠨ ᠦᠭᠡᠢ ᠠᠴᠠ ᠪᠣᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠰᠡᠨ ᠦᠭᠡᠢ ᠠᠴᠠ ᠪᠣᠯᠵᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠭᠠᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠬᠤᠪᠢ ᠶᠢᠨ ᠡᠵᠡᠩᠨᠡᠯᠲᠡ ᠶᠢᠨ ᠪᠡᠯᠡ ᠣᠷᠣᠭᠤᠯᠤᠭᠴᠢ ᠶᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄            ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ 15 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔            ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 15 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠬᠤᠷᠢᠨ ᠬᠤᠶᠠᠳᠤᠭᠠᠷ ᠵᠦᠢᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾᠂ ︽ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠪᠣᠯᠣᠨ ᠲᠤᠰ ᠲᠣᠭᠲᠠᠭᠠᠯ ᠢ ᠵᠥᠷᠢᠴᠡᠵᠦ᠂ ᠡ᠊ᠨᠳᠡᠯ ᠭᠠᠷᠤᠭᠰᠠᠨ ᠳᠤ ᠬᠠᠷᠢᠭᠤᠴᠠᠯᠭ᠎ᠠ ᠲᠠᠢ ᠪᠠᠶᠢᠬᠤ ᠵᠢᠴᠢ ᠡ᠊ᠨᠳᠡᠯ ᠢ ᠬᠤᠳᠠᠯ ᠢᠶᠠᠷ ᠮᠡᠳᠡᠭᠦᠯᠦᠭᠰᠡᠨ᠂ ᠳᠠᠷᠤᠭᠠᠳ ᠮᠡᠳᠡᠭᠦᠯᠦᠭᠰᠡᠨ ᠦᠭᠡᠢ ᠵᠡᠷᠭᠡ ᠬᠤᠶᠠᠷ ᠵᠦᠢᠯ ᠠᠴᠠ ᠳᠡᠭᠡᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ ᠬᠡᠷᠡᠭᠲᠡᠢ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠲᠤᠰ ᠲᠤᠰ ᠲᠤᠨᠢ ᠲᠠᠰᠣᠯᠣᠨ ᠲᠣᠭᠲᠠᠭᠠᠵᠤ᠂ ᠨᠡᠶᠢᠯᠡᠭᠦᠯᠦᠨ ᠰᠢᠢᠳᠬᠡᠬᠦ ᠲᠣᠭᠲᠠᠭᠠᠯ ᠭᠠᠷᠭᠠᠬᠤ ᠬᠡᠷᠡᠭᠲᠡᠢ᠃            ᠬᠤᠷᠢᠨ ᠭᠤᠷᠪᠠᠳᠤᠭᠠᠷ ᠵᠦᠢᠯ    ᠡ᠊ᠨᠳᠡᠯ ᠢ ᠪᠠᠶᠢᠴᠠᠭᠠᠬᠤ ᠶᠠᠪᠤᠴᠠ ᠳᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠤᠰᠤᠳ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠥᠮᠥᠰ ᠢ ᠲᠣᠷᠭᠠᠭᠤᠯᠢ ᠣᠨᠣᠭᠳᠠᠭᠤᠯᠬᠤ ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃            ᠬᠤᠷᠢᠨ ᠳᠥᠷᠪᠡᠳᠦᠭᠡᠷ ᠵᠦᠢᠯ    ᠲᠤᠰ ᠲᠣᠭᠲᠠᠭᠠᠯ ᠢ 2024 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠮᠥᠷᠳᠡᠨ᠎ᠡ᠃ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 2007 ᠣᠨ ᠤ 7 ᠳ᠋ᠤᠭᠠᠷ ᠰᠠᠷ᠎ᠠ ᠶᠢᠨ 12᠎ ᠤᠨ ᠡᠳᠦᠷ ᠨᠡᠶᠢᠲᠡᠯᠡᠵᠦ᠂ 2011 ᠣᠨ ᠤ 9ᠳ᠋ᠦ᠋ᠭᠡᠷ ᠰᠠᠷ᠎ᠠ ᠶᠢᠨ 1᠎ ᠤ ᠡᠳᠦᠷ ᠠᠩᠬ᠎ᠠ ᠤᠳᠠᠭ᠎ᠠ ᠵᠠᠰᠠᠪᠤᠷᠢ ᠣᠷᠣᠭᠤᠯᠵᠤ᠂ 2015 ᠣᠨ ᠤ 4ᠳ᠋ᠦ᠋ᠭᠡᠷ ᠰᠠᠷ᠎ᠠ ᠶᠢᠨ 2᠎ ᠤᠨ ᠡᠳᠦᠷ ᠬᠤᠶᠠᠳᠠᠭᠢ ᠤᠳᠠᠭ᠎ᠠ ᠵᠠᠰᠠᠪᠤᠷᠢ ᠣᠷᠣᠭᠤᠯᠤᠭᠰᠠᠨ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶︾᠎ ᠎ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃         ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠲᠣᠷᠭᠠᠭᠤᠯᠢ ᠣᠨᠣᠭᠳᠠᠭᠤᠯᠬᠤ ᠲᠣᠭᠲᠠᠭᠠᠯ︾᠎ ᠎ ᠤᠨ ᠲᠤᠬᠠᠢ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠠᠶᠢᠯᠤᠮᠵᠢ            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号