| ᠣᠶᠢᠷ᠎ᠠ ᠳᠤ᠂ ᠤᠨᠳᠤᠷᠤᠯᠲᠤ ᠪᠠᠯᠭᠠᠰᠤᠨ ᠤ ᠣᠩᠭᠤᠴᠠᠲᠠᠢ ᠭᠠᠴᠠᠭ᠎ᠠ ᠳᠤ ᠬᠦᠷᠬᠦ ᠳᠤ᠂ ᠨᠢᠭᠡ ᠬᠡᠰᠡᠭ | ᠪᠣᠵᠢᠮᠤᠭ ᠤᠨ ᠲᠠᠷᠢᠶᠠᠨ ᠠᠴᠠ ᠦᠳᠭᠡᠨ ᠦᠨᠦᠷ ᠬᠠᠩᠬᠤᠯᠵᠤ᠂ ᠡᠪᠡᠰᠦ ᠬᠠᠳᠤᠬᠤ ᠮᠠᠰᠢᠨ ᠤ ᠬᠦᠩᠭᠢᠨᠡᠬᠦ ᠲᠠᠭᠤᠨ ᠢ | ᠳᠠᠭᠠᠯᠳᠤᠨ᠂ 2200 ᠭᠠᠷᠤᠶ ᠮᠦ ᠪᠣᠵᠢᠮᠤᠭ ᠢ ᠭᠤᠷᠪᠠᠳᠤᠭᠠᠷ ᠤᠳᠠᠭ᠎ᠠ ᠬᠠᠳᠤᠵᠤ ᠬᠤᠷᠢᠶᠠᠭᠠᠳ᠂ ᠨᠢᠭᠡ ᠮᠥᠷ | ᠪᠣᠵᠢᠮᠤᠭ ᠶᠢ ᠲᠡᠷᠢ ᠲᠡᠭᠰᠢ ᠣᠪᠣᠭᠠᠯᠠᠵᠤ᠂ ᠬᠠᠳᠤᠵᠤ ᠬᠤᠷᠢᠶᠠᠭᠰᠠᠨ ᠤ ᠳᠠᠷᠠᠭᠠᠬᠢ ᠪᠣᠵᠢᠮᠤᠭ ᠢ ᠬᠠᠲᠠᠭᠠᠬᠤ᠂ | ᠲᠠᠷᠮᠠᠬᠤ᠂ ᠪᠣᠭᠤᠳᠠᠯᠯᠠᠬᠤ ᠵᠡᠷᠭᠡ ᠳᠡᠰ ᠳᠠᠷᠠᠭᠠᠯᠠᠯ ᠢᠶᠠᠷ ᠡᠴᠣᠰ ᠲᠡᠭᠡᠨ ᠦᠬᠡᠷ ᠬᠤᠨᠢᠨ ᠤ ᠰᠢᠯᠢᠳᠡᠭ ︽ᠬᠦᠨᠡᠰᠦᠨ | ᠠᠮᠤ︾ ᠪᠣᠯᠪᠠ᠃ | ︽ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠭᠠᠴᠠᠭ᠎ᠠ ᠪᠣᠯᠤᠭᠰᠠᠨ ᠤ ᠬᠤᠪᠢ ᠳᠤ᠂ ᠠᠵᠤ ᠦᠢᠯᠡᠰ ᠤᠨ | ᠬᠥᠭᠵᠢᠯᠲᠡ ᠶᠢᠨ ᠪᠣᠭᠤᠮᠢ ᠶᠢ ᠲᠠᠪᠠᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ | ᠳᠡᠭᠡᠭᠰᠢᠯᠡᠭᠦᠯᠬᠦ ᠶᠢᠨ ᠲᠥᠯᠥᠭᠡ᠂ 2018 ᠣᠨ ᠠᠴᠠ ᠡᠬᠢᠯᠡᠨ ᠭᠠᠴᠠᠭᠠᠨ ᠤ ᠨᠠᠮ ᠤᠨ ᠡᠭᠦᠷ ᠪᠥᠬᠦ ᠪᠠᠯᠭᠠᠰᠤᠨ ᠤ | ᠮᠠᠯ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠪᠣᠷᠣ ᠪᠣᠵᠢᠮᠤᠭ ᠳᠠᠷᠢᠬᠤ ᠶᠢ | ᠶᠡᠬᠡᠪᠡᠷ ᠠᠬᠢᠭᠤᠯᠵᠤ᠂ ᠴᠢᠨᠠᠷ ᠰᠠᠶᠢᠲᠠᠶ ᠡᠪᠡᠰᠦ ᠪᠡᠯᠴᠢᠭᠡᠷ ᠤᠨ ᠦᠢᠯᠡᠰ ᠢ ᠬᠥᠭᠵᠢᠭᠦᠯᠪᠡ᠃ 2022 ᠣᠨ ᠳᠤ | 3000 ᠲᠡᠭᠰᠢ ᠳᠥᠷᠪᠡᠯᠵᠢᠨ ᠮᠧᠲᠷ ᠤᠨ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠣᠯᠵᠤ᠂ ᠲᠣᠰ ᠭᠠᠴᠠᠭᠠᠨ ᠤ ᠮᠠᠯᠴᠢᠨ ᠲᠠᠷᠢᠶᠠᠴᠢᠨ ᠤ ᠲᠠᠷᠢᠭᠰᠠᠨ | 2200 ᠭᠠᠷᠤᠶ ᠮᠥ ᠪᠣᠵᠢᠮᠤᠭ᠂ 400 ᠮᠥ ᠡᠷᠳᠡᠨᠢ ᠰᠢᠰᠢ ᠶᠢᠨ ᠡᠪᠡᠰᠦ ᠶᠢ ᠬᠠᠳᠠᠭᠠᠯᠠᠬᠤ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠪᠥᠬᠦ ᠪᠠᠯᠭᠠᠰᠤᠨ ᠤ ᠮᠠᠯ ᠠᠳᠣᠭᠤᠰᠣ ᠶᠢᠨ ᠠᠮᠤᠷ ᠲᠦᠪᠰᠢᠨ ᠡᠪᠦᠯᠵᠢᠵᠤ ᠬᠠᠪᠤᠷ ᠢ | ᠥᠩᠭᠡᠷᠡᠭᠦᠯᠬᠦ ᠢ ᠯᠠᠪᠳᠠᠭᠤᠨ ᠪᠠᠲᠤᠲᠠᠶ ᠠᠬᠢᠭᠤᠯᠵᠤ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ | ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠣᠩᠭᠤᠴᠠᠲᠠᠢ ᠭᠠᠴᠠᠭᠠᠨ ᠤ ᠨᠠᠮ ᠤᠨ | ᠡᠭᠦᠷ ᠤᠨ ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ ᠴᠧᠨ ᠬᠤᠸᠠᠢ ᠬᠤᠩ ᠲᠠᠨᠢᠯᠴᠢᠭᠤᠯᠪᠠ᠃ | ᠪᠣᠷᠣ ᠪᠣᠵᠢᠮᠤᠭ ᠭᠠᠩ ᠬᠠᠭᠰᠠᠷᠠᠭᠠᠨ ᠳᠤ ᠲᠡᠰᠪᠦᠷᠢᠲᠡᠢ᠂ ᠬᠦᠢᠲᠡᠨ ᠳᠤ ᠲᠡᠰᠪᠦᠷᠢᠲᠡᠢ᠂ ᠬᠠᠮᠢᠶᠠᠷᠤᠯᠲᠠ ᠳᠤ | ᠳᠥᠭᠦᠮ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠳᠠᠭ᠂ ᠰᠠᠯᠬᠢ ᠶᠢ ᠰᠡᠷᠭᠡᠢᠯᠡᠨ ᠡᠯᠡᠰᠦ ᠶᠢ ᠪᠠᠬᠢᠵᠢᠭᠦᠯᠵᠦ᠂ | ᠡᠪᠡᠰᠦᠨ ᠤ ᠤᠭᠤᠷᠠᠭ ᠤᠨ ᠠᠭᠤᠯᠤᠭᠳᠠᠴᠠ ᠥᠨᠳᠥᠷ᠂ ︽ᠲᠡᠵᠢᠭᠡᠯ ᠡᠪᠡᠰᠦᠨ ᠤ ᠸᠠᠩ︾ ᠭᠡᠵᠦ ᠨᠡᠷᠡᠯᠡᠭᠳᠡᠵᠦ᠂ | ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠠᠢ᠃ ᠤᠨᠳᠤᠷᠤᠯᠲᠤ ᠪᠠᠯᠭᠠᠰᠤ ︽ᠨᠠᠮ ᠤᠨ ᠵᠣᠬᠢᠶᠠᠨ ᠪᠠᠶᠢᠭᠤᠯᠤᠯᠲᠠ ᠠᠴᠠ | ᠬᠤᠷᠰᠢᠶᠠᠵᠢᠯ ᠢ ᠳᠠᠭᠠᠭᠤᠯᠤᠨ ᠡᠷᠭᠢᠯᠡᠬᠦ + ᠲᠣᠰ ᠭᠠᠵᠠᠷ ᠤᠨ ᠲᠤᠰᠬᠠᠶ ᠬᠤᠷᠰᠢᠶᠠᠵᠢᠯ + ᠮᠠᠯᠴᠢᠨ ᠲᠠᠷᠢᠶᠠᠴᠢᠨ | ᠲᠦᠮᠡᠨ︾ ᠤ ᠬᠥᠭᠵᠢᠯᠲᠡ ᠶᠢᠨ ᠵᠠᠭᠪᠤᠷ ᠢ ᠶᠡᠬᠡᠪᠡᠷ ᠠᠬᠢᠭᠤᠯᠵᠤ᠂ ︽ᠭᠠᠴᠠᠭᠠᠨ ᠤ ᠲᠣᠮᠣ ᠡᠷᠦᠬᠡ ᠪᠠᠷ ᠵᠢᠱᠢᠶ᠎ᠡ | ᠦᠵᠡᠭᠦᠯᠦᠨ ᠳᠠᠶᠢᠴᠢᠯᠠᠵᠤ᠂ ᠮᠢᠩᠭᠠᠨ ᠡᠷᠦᠬᠡ ᠲᠦᠮᠡᠨ ᠡᠷᠦᠬᠡ ᠶᠢ ᠥᠷᠭᠡᠳᠬᠡᠨ ᠨᠡᠮᠡᠭᠳᠡᠭᠦᠯᠬᠦ︾ ᠠᠷᠭ᠎ᠠ | ᠬᠡᠯᠪᠡᠷᠢ ᠶᠢ ᠠᠪᠴᠤ᠂ ᠭᠠᠴᠠᠭᠠᠨ ᠤ 10 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ 2200 ᠭᠠᠷᠤᠶ ᠮᠥ | ᠭᠠᠴᠠᠭᠠᠨ ᠤ ᠬᠠᠮᠲᠤ ᠶᠢᠨ ᠭᠠᠵᠠᠷ ᠰᠢᠷᠣᠶ ᠶᠢ ᠳᠠᠭᠠᠭᠠᠴᠢᠯᠠᠭᠤᠯᠵᠤ᠂ ᠪᠣᠵᠢᠮᠤᠭ ᠳᠠᠷᠢᠬᠤ ᠳᠤ ᠣᠷᠣᠯᠴᠠᠭᠤᠯᠪᠠ᠃ | ᠡᠭᠦᠨ ᠤ ᠬᠠᠮᠲᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠨᠢ ︽ᠲᠠᠪᠤᠨ ᠡᠷᠦᠬᠡ ᠶᠢ ᠵᠠᠯᠭᠠᠨ | ᠳᠠᠭᠠᠭᠠᠴᠢᠯᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠵᠢᠭᠡᠯ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢ | ᠪᠠᠯᠭᠠᠰᠤᠨ ᠤ ᠳᠣᠲᠣᠷᠠᠬᠢ 1 ᠲᠤᠰᠬᠠᠶ ᠲᠠᠷᠢᠶᠠᠴᠢᠨ ᠤ ᠬᠤᠷᠰᠢᠶ᠎ᠠ ᠪᠠ 4 ᠮᠠᠯᠴᠢᠨ ᠲᠠᠷᠢᠶᠠᠴᠢᠨ ᠳᠤ | ᠳᠠᠭᠠᠭᠠᠴᠢᠯᠠᠭᠤᠯᠵᠤ᠂ ᠲᠠᠷᠢᠬᠤ᠂ ᠬᠤᠷᠢᠶᠠᠬᠤ᠂ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠬᠠᠳᠠᠭᠠᠯᠠᠬᠤ᠂ | ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠡᠵᠢᠭᠡᠯ ᠡᠪᠡᠰᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ | ᠪᠣᠯᠭᠠᠪᠠ᠃ | | ᠣᠶᠢᠯᠠᠭᠠᠭᠰᠠᠨ ᠢᠶᠠᠷ᠂ ᠪᠣᠵᠢᠮᠤᠭ ᠳᠠᠷᠢᠬᠤ ᠳᠤ ᠬᠡᠷᠡᠭᠯᠡᠬᠦ ᠬᠠᠮᠲᠤ ᠶᠢᠨ ᠭᠠᠵᠠᠷ ᠰᠢᠷᠣᠶ ᠶᠢ | ᠳᠠᠭᠠᠭᠠᠴᠢᠯᠠᠭᠤᠯᠤᠭᠰᠠᠨ ᠣᠷᠣᠯᠭ᠎ᠠ ᠪᠠ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢᠨ ᠳᠠᠭᠠᠭᠠᠴᠢᠯᠠᠭᠰᠠᠨ | ᠵᠠᠷᠤᠳᠠᠯ ᠢ ᠴᠥᠮ ᠣᠩᠭᠤᠴᠠᠲᠠᠢ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠳᠤ ᠣᠷᠣᠭᠤᠯᠵᠤ᠂ | ᠵᠢᠯ ᠪᠦᠷᠢ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 30 ᠲᠦᠮᠡ ᠭᠠᠷᠤᠶ ᠲᠥᠭᠦᠷᠢᠭ | ᠨᠡᠮᠡᠭᠳᠡᠭᠦᠯᠵᠦ᠂ ︽ᠠᠮᠢ ᠠᠬᠤᠶ︾ ᠶᠢ ᠦᠵᠡᠰᠬᠦᠯᠡᠩᠲᠦ ᠰᠠᠶᠢᠬᠠᠨ ᠪᠣᠯᠭᠠᠬᠤ ᠶᠢᠨ ᠬᠠᠮᠲᠣ ᠠᠵᠤ ᠠᠬᠤᠢ ᠶᠢᠨ | ᠬᠥᠢᠭᠵᠢᠯᠳᠡ ᠶᠢ ᠦᠨᠡᠨ ᠬᠦ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢᠶᠠᠷ | ᠵᠠᠮᠨᠠᠭᠰᠠᠨ ᠪᠠᠶᠢᠨ᠎ᠠ᠃ | | | | | | | | |