︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠎ ᠶᠢᠨ ᠲᠤᠬᠠᠢ‌ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/26
                   ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ                        ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠎ ᠶᠢᠨ ᠠᠵᠢᠯ ᠢ ᠠᠬᠢᠭᠤᠯᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠰᠲ᠋ᠧᠮ ᠢ ᠲᠡᠭᠦᠯᠳᠡᠷᠵᠢᠭᠦᠯᠦᠨ᠂ ᠲᠠᠷᠢᠶᠠᠨ ᠭᠠᠵᠠᠷ ᠤᠨ ᠤᠰᠤᠯᠠᠯᠲᠠ ᠶᠢᠨ ᠲᠥᠬᠦᠭᠡᠷᠦᠮᠵᠢ ᠶᠢᠨ ᠰᠠᠶᠢᠨ ᠠᠵᠢᠯᠯᠠᠭᠠᠨ ᠢ ᠪᠠᠲᠤᠯᠠᠵᠤ᠂ ᠲᠠᠷᠢᠶᠠᠯᠠᠩ ᠤᠨ ᠣᠳᠣᠬᠢᠴᠢᠯᠠᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠣᠷᠢᠯᠭ᠎ᠠ ᠪᠠᠷ ᠶᠤᠮ᠃ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾᠎ ᠎ ᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠬᠠᠮᠢᠶᠠᠷᠤᠨ ᠬᠠᠮᠠᠭᠠᠯᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠎ ᠶᠢ ᠬᠡᠪᠯᠡᠨ ᠲᠠᠷᠬᠠᠭᠠᠵᠤ᠂ ︽ᠠᠷᠭ᠎ᠠ︾᠎ ᠎ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠶ᠎ᠠ᠄            ᠨᠢᠭᠡ᠂ ︽ᠠᠷᠭ᠎ᠠ︾᠎ ᠎ ᠶᠢ ᠲᠤᠭᠤᠷᠪᠢᠭᠰᠠᠨ ᠦᠨᠳᠦᠰᠦᠯᠡᠯ ᠪᠠ ᠠᠴᠢ ᠬᠤᠯᠪᠣᠭᠳᠠᠯ                  2016 ᠣᠨ ᠤ 1ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 2 ᠳ᠋ᠤᠭᠠᠷ ᠲᠣᠭᠠᠲᠤ︶᠎ ᠎ ᠢ ᠬᠡᠪᠯᠡᠨ ᠲᠠᠷᠬᠠᠭᠠᠵᠤ᠂ ᠢᠨᠵᠧᠨᠧᠷᠢᠩ ᠢ ᠰᠡᠯᠪᠢᠨ ᠵᠠᠰᠠᠵᠤ ᠵᠠᠰᠠᠪᠤᠷᠢ ᠦᠢᠯᠡᠴᠢᠯᠡᠭᠡ ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠠᠷᠢᠶᠠᠯᠠᠩ ᠪᠣᠯ ᠠᠯᠠᠱᠠ ᠵᠡᠭᠦᠨ ᠬᠤᠰᠢᠭᠤᠨ ᠤ ᠤᠰᠤ ᠬᠡᠷᠡᠭᠯᠡᠬᠦ ᠲᠣᠮᠣ ᠡᠷᠦᠬᠡ ᠪᠥᠭᠡᠳ ᠤᠰᠤ ᠠᠷᠪᠢᠯᠠᠬᠤ ᠳᠠᠯᠳᠠ ᠬᠦᠴᠦᠨ ᠮᠥᠨ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠬᠤ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠴᠢᠳ ᠤᠨ ᠵᠦᠢ ᠵᠣᠬᠢᠰᠲᠠᠢ ᠤᠰᠤᠯᠠᠯᠲᠠ ᠶᠢᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠨ᠂ ᠤᠰᠤ ᠬᠠᠩᠭᠠᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠤᠯᠠᠮ ᠲᠦᠯᠬᠢᠨ ᠠᠬᠢᠭᠤᠯᠬᠤ ᠶᠢᠨ ᠰᠠᠭᠤᠷᠢ ᠪᠣᠯᠣᠨ᠎ᠠ᠃            ᠬᠤᠶᠠᠷ᠂ ︽ᠠᠷᠭ᠎ᠠ︾᠎ ᠎ ᠶᠢ ᠲᠤᠭᠤᠷᠪᠢᠭᠰᠠᠨ ᠦᠨᠳᠦᠰᠦᠯᠡᠯ            1. ᠤᠯᠤᠰ ᠤᠨ ︽ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 2 ᠳ᠋ᠤᠭᠠᠷ ᠲᠣᠭᠠᠲᠤ︶︔            2. ᠥᠪᠡᠷᠲᠡᠭᠡᠨ ᠵᠠᠰᠠᠬᠤ ᠣᠷᠣᠨ ᠤ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠬᠡᠪᠯᠡᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 158 ᠳ᠋ᠤᠭᠠᠷ ᠲᠣᠭᠠᠲᠤ︶︔            3. ᠠᠯᠠᠱᠠ ᠠᠶᠢᠮᠠᠭ ᠤᠨ ︽ᠠᠯᠠᠱᠠ ᠠᠶᠢᠮᠠᠭ ᠤᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠬᠡᠪᠯᠡᠨ ᠲᠠᠷᠬᠠᠭᠠᠬᠤ ᠲᠤᠬᠠᠢ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠠᠲᠠᠷ ᠲᠠᠷᠬᠠᠭᠠᠭᠰᠠᠨ ﹇2017﹈ 2 ᠳ᠋ᠤᠭᠠᠷ ᠲᠣᠭᠠᠲᠤ︶︔            4. ︽ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ︿ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ﹀᠎ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠠᠯᠠᠱᠠ ᠵᠡᠭᠦᠨ ᠬᠤᠰᠢᠭᠤᠨ ᠤ ᠥᠭᠡᠷᠡᠴᠢᠯᠡᠯᠲᠡ ᠲᠠᠷᠬᠠᠭᠠᠭᠰᠠᠨ ﹇2017﹈ 8 ᠳ᠋ᠤᠭᠠᠷ ᠲᠣᠭᠠᠲᠤ            ᠭᠤᠷᠪᠠ᠂ ︽ᠠᠷᠭ᠎ᠠ︾᠎ ᠎ ᠶᠢᠨ ᠭᠤᠣᠯ ᠠᠭᠤᠯᠭ᠎ᠠ            ︽ᠠᠷᠭ᠎ᠠ︾᠎ ᠶᠢ ᠲᠤᠯᠤᠭᠠᠨ ᠪᠦᠯᠦᠭ ᠲᠤ ᠬᠤᠪᠢᠶᠠᠵᠤ᠂ ᠨᠡᠶᠢᠲᠡ 24 ᠵᠦᠢᠯ ᠢᠶᠠᠷ ᠲᠣᠭᠲᠠᠭᠠᠵᠠᠢ᠃ ᠲᠣᠰ ᠲᠣᠰ᠄ ᠶᠡᠷᠦᠩᠬᠡᠢ ᠳᠦᠷᠢᠮ᠂ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ᠂ ᠬᠠᠮᠢᠶᠠᠷᠴᠤ ᠬᠠᠮᠠᠭᠠᠯᠠᠬᠤ ᠪᠠᠷᠢᠮᠵᠢᠶ᠎ᠠ᠂ ᠬᠠᠮᠢᠶᠠᠷᠴᠤ ᠬᠠᠮᠠᠭᠠᠯᠠᠬᠤ ᠠᠷᠭ᠎ᠠ ᠮᠠᠶ᠋ᠢᠭ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠤᠷᠠᠮᠳᠤᠭᠤᠯᠤᠨ ᠬᠠᠮᠢᠶᠠᠷᠬᠤ ᠪᠠ ᠬᠡᠷᠡᠭᠯᠡᠬᠦ᠂ ᠬᠠᠷᠢᠭᠤᠴᠠᠯᠭ᠎ᠠ ᠬᠦᠯᠢᠶᠡᠯᠭᠡᠬᠦ ᠵᠢᠴᠢ ᠬᠠᠪᠰᠤᠷᠤᠯᠲᠠ ᠳᠦᠷᠢᠮ ᠵᠡᠷᠭᠡ ᠪᠣᠯᠣᠨ᠎ᠠ᠃            ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠪᠣᠯᠣᠨ᠎ᠠ᠄ ᠭᠤᠣᠯᠳᠠᠭᠤ ᠲᠣᠭᠲᠠᠭᠠᠭᠰᠠᠨ ᠵᠣᠷᠢᠯᠭ᠎ᠠ᠂ ᠬᠠᠮᠤᠷᠬᠤ ᠬᠦᠷᠢᠶ᠎ᠡ ᠪᠠ ᠵᠠᠷᠴᠢᠮ ᠢ ᠲᠣᠳᠣᠷᠬᠠᠶᠢᠯᠠᠨ᠎ᠠ︔            ᠬᠤᠶᠠᠳᠤᠭᠠᠷ ᠪᠦᠯᠦᠭ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ᠄ ᠭᠤᠣᠯᠳᠠᠭᠤ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔            ᠭᠤᠷᠪᠠᠳᠤᠭᠠᠷ ᠪᠦᠯᠦᠭ ᠪᠣᠯ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ ᠪᠣᠯᠣᠨ᠎ᠠ᠄ ᠭᠤᠣᠯᠳᠠᠭᠤ ᠡᠯ᠎ᠡ ᠲᠦᠷᠦᠯ ᠤᠨ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ ᠶᠢ ᠲᠣᠳᠣᠷᠬᠠᠶᠢᠯᠠᠨ᠎ᠠ︔            ᠳᠥᠷᠪᠡᠳᠦᠭᠡᠷ ᠪᠦᠯᠦᠭ ᠪᠣᠯ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠪᠣᠯᠣᠨ᠎ᠠ᠄ ᠭᠤᠣᠯᠳᠠᠭᠤ ᠡᠯ᠎ᠡ ᠲᠦᠷᠦᠯ ᠤᠨ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢᠨ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠵᠢᠴᠢ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠲᠣᠳᠣᠷᠬᠠᠶᠢᠯᠠᠨ᠎ᠠ︔            ᠲᠠᠪᠤᠳᠤᠭᠠᠷ ᠪᠦᠯᠦᠭ ᠬᠠᠮᠢᠶᠠᠷᠤᠨ ᠬᠠᠮᠠᠭᠠᠯᠠᠬᠤ ᠵᠠᠷᠤᠳᠠᠯ ᠢ ᠴᠤᠭᠯᠠᠭᠤᠯᠬᠤ ᠪᠠ ᠬᠡᠷᠡᠭᠯᠡᠬᠦ ᠵᠣᠷᠢᠯᠭ᠎ᠠ ᠪᠠᠷ᠄ ᠭᠤᠣᠯᠳᠠᠭᠤ ᠬᠠᠮᠢᠶᠠᠷᠤᠨ ᠬᠠᠮᠠᠭᠠᠯᠠᠬᠤ ᠪᠡᠯᠡ ᠮᠥᠩᠭᠦ ᠶᠢᠨ ᠢᠷᠡᠯᠲᠡ ᠪᠠ ᠬᠠᠮᠢᠶᠠᠷᠤᠨ ᠬᠠᠮᠠᠭᠠᠯᠠᠬᠤ ᠵᠠᠷᠤᠳᠠᠯ ᠤᠨ ᠬᠠᠮᠢᠶᠠᠷᠤᠯᠲᠠ᠂ ᠬᠡᠷᠡᠭᠯᠡᠯᠲᠡ ᠵᠢᠴᠢ ᠬᠢᠨᠠᠯᠲᠠ ᠲᠠᠯᠪᠢᠯᠲᠠ ᠶᠢ ᠲᠣᠳᠣᠷᠬᠠᠶᠢᠯᠠᠨ᠎ᠠ︔            ᠵᠢᠷᠭᠤᠳᠤᠭᠠᠷ ᠪᠦᠯᠦᠭ ᠬᠠᠷᠢᠭᠤᠴᠠᠯᠭ᠎ᠠ ᠬᠦᠯᠢᠶᠡᠯᠭᠡᠬᠦ᠄ ᠭᠤᠣᠯᠳᠠᠭᠤ ᠬᠠᠮᠢᠶᠠᠷᠴᠤ ᠬᠠᠮᠠᠭᠠᠯᠠᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ ᠵᠢᠴᠢ ᠬᠠᠷᠢᠭᠤᠴᠠᠯᠭ᠎ᠠ ᠬᠦᠯᠢᠶᠡᠯᠭᠡᠬᠦ ᠦᠨᠳᠦᠰᠦᠯᠡᠯ ᠢ ᠲᠣᠳᠣᠷᠬᠠᠶᠢᠯᠠᠨ᠎ᠠ᠃            ᠳᠣᠯᠣᠳᠤᠭᠠᠷ ᠪᠦᠯᠦᠭ ᠬᠠᠪᠰᠤᠷᠤᠯᠲᠠ ᠳᠦᠷᠢᠮ᠄ ᠬᠡᠷᠡᠭᠵᠢᠭᠦᠯᠬᠦ ᠴᠠᠭ ᠤᠨ ᠬᠢᠵᠠᠭᠠᠷ ᠤᠨ ᠲᠤᠬᠠᠢ ᠲᠣᠭᠲᠠᠭᠠᠯ ᠭᠠᠷᠭᠠᠵᠠᠢ᠃               ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶︾      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号