︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠪᠠ ᠤᠰᠤ ᠠᠷᠪᠢᠯᠠᠬᠤ ᠶᠢ ᠱᠠᠩᠨᠠᠨ ᠬᠥᠬᠢᠭᠦᠯᠬᠦ ᠶᠢᠨ ᠬᠡᠷᠡᠭᠵᠢᠭᠦᠯᠬᠦ ᠠᠷᠭ᠎ᠠ︾ ︵ᠲᠤᠷᠰᠢᠨ ᠬᠡᠷᠡᠭᠵᠢᠭᠦᠯᠬᠦ︶᠎ ᠎ ᠶᠢᠨ ᠲᠤᠬᠠᠢ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/26
           ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠵᠣᠷᠢᠯᠭ᠎ᠠ ᠪᠠᠷ᠂ ᠤᠰᠤ ᠶᠢ ᠠᠷᠪᠢᠯᠠᠵᠤ ᠬᠡᠷᠡᠭᠯᠡᠬᠦ ᠶᠢ ᠶᠡᠬᠡᠪᠡᠷ ᠳᠡᠯᠭᠡᠷᠡᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠬᠠᠮᠠᠭᠠᠯᠠᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠪᠠᠲᠤᠯᠠᠵᠤ᠂ ᠲᠠᠷᠢᠶᠠᠯᠠᠩ ᠤᠨ ᠣᠳᠣᠬᠢᠴᠢᠯᠠᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾᠎ ᠎ ᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤ ᠠᠷᠪᠢᠯᠠᠭᠰᠠᠨ ᠢ ᠱᠠᠩᠨᠠᠬᠤ ᠵᠢᠴᠢ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠶᠢ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠎ ᠶᠢ ᠬᠡᠪᠯᠡᠨ ᠲᠠᠷᠬᠠᠭᠠᠵᠤ᠂ ︽ᠠᠷᠭ᠎ᠠ︾᠎ ᠎ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠶ᠎ᠠ᠄            ᠨᠢᠭᠡ᠂ ︽ᠠᠷᠭ᠎ᠠ︾᠎ ᠎ ᠶᠢ ᠲᠤᠭᠤᠷᠪᠢᠭᠰᠠᠨ ᠦᠨᠳᠦᠰᠦᠯᠡᠯ ᠪᠠ ᠠᠴᠢ ᠬᠤᠯᠪᠣᠭᠳᠠᠯ            2016 ᠣᠨ ᠤ 1ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 2 ᠳ᠋ᠤᠭᠠᠷ ᠲᠣᠭᠠᠲᠤ︶᠎ ᠎ ᠢ ᠬᠡᠪᠯᠡᠨ ᠲᠠᠷᠬᠠᠭᠠᠵᠤ᠂ ᠲᠠᠷᠢᠶᠠᠯᠠᠩ ᠤᠨ ᠤᠰᠤᠯᠠᠭ᠎ᠠ ᠳᠤ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠲᠣᠭᠲᠠᠴᠠ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠠᠷᠢᠶᠠᠯᠠᠩ ᠪᠣᠯ ᠠᠯᠠᠱᠠ ᠵᠡᠭᠦᠨ ᠬᠤᠰᠢᠭᠤᠨ ᠤ ᠤᠰᠤᠯᠠᠭ᠎ᠠ ᠶᠢᠨ ᠲᠣᠮᠣ ᠡᠷᠦᠬᠡ ᠪᠣᠯᠣᠨ᠎ᠠ᠂ ᠮᠥᠨ ᠴᠦ ᠤᠰᠤ ᠠᠷᠪᠢᠯᠠᠬᠤ ᠳᠠᠯᠳᠠ ᠬᠦᠴᠦᠨ ᠮᠥᠨ᠂ ᠲᠠᠷᠢᠶᠠᠯᠠᠩ ᠤᠨ ᠤᠰᠤᠯᠠᠭ᠎ᠠ ᠳᠤ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠲᠣᠭᠲᠠᠴᠠ ᠪᠠ ᠤᠰᠤ ᠠᠷᠪᠢᠯᠠᠬᠤ ᠶᠢ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠪᠣᠯ ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠮᠥᠨ᠂ ᠡᠨᠡ ᠨᠢ ᠲᠠᠷᠢᠶᠠᠴᠢᠨ ᠡᠷᠦᠬᠡ ᠶᠢᠨ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠯᠠᠭ᠎ᠠ ᠶᠢᠨ ᠬᠡᠮᠵᠢᠶ᠎ᠡ ᠶᠢ ᠲᠣᠭᠲᠠᠭᠰᠠᠨ ᠨᠣᠷᠮ᠎ᠠ ᠶᠢᠨ ᠳᠣᠲᠣᠷ᠎ᠠ ᠬᠢᠵᠠᠭᠠᠷᠯᠠᠬᠤ ᠶᠢ ᠤᠷᠮᠠᠰᠢᠭᠤᠯᠬᠤ ᠶᠢᠨ ᠬᠠᠮᠲᠤ ᠲᠠᠷᠢᠶᠠᠴᠢᠨ ᠡᠷᠦᠬᠡ ᠶᠢ ᠵᠦᠢ ᠵᠣᠬᠢᠰᠲᠠᠢ ᠥᠨᠳᠥᠷ ᠪᠦᠲᠦᠮᠵᠢᠲᠡᠶ ᠤᠰᠤᠯᠠᠭ᠎ᠠ ᠶᠢᠨ ᠪᠠᠶᠢᠳᠠᠯ ᠳᠣᠣᠷ᠎ᠠ ᠤᠰᠤᠯᠠᠭ᠎ᠠ ᠶᠢᠨ ᠪᠠᠲᠤᠯᠠᠭ᠎ᠠ ᠲᠠᠢ ᠪᠣᠯᠭᠠᠵᠤ᠂ ᠡᠭᠦᠨ ᠤ ᠤᠯᠠᠮ ᠢᠶᠠᠷ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠬᠠᠮᠠᠭᠠᠯᠠᠬᠤ ᠪᠣᠯᠣᠨ᠎ᠠ᠃            ᠬᠤᠶᠠᠷ᠂ ︽ᠠᠷᠭ᠎ᠠ︾᠎ ᠎ ᠶᠢ ᠲᠤᠭᠤᠷᠪᠢᠭᠰᠠᠨ ᠦᠨᠳᠦᠰᠦᠯᠡᠯ            1. ᠤᠯᠤᠰ ᠤᠨ ︽ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 2 ᠳ᠋ᠤᠭᠠᠷ ᠲᠣᠭᠠᠲᠤ︶︔            2. ᠥᠪᠡᠷᠲᠡᠭᠡᠨ ᠵᠠᠰᠠᠬᠤ ᠣᠷᠣᠨ ᠤ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠬᠡᠪᠯᠡᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 158 ᠳ᠋ᠤᠭᠠᠷ ᠲᠣᠭᠠᠲᠤ︶︔            3. ᠠᠯᠠᠱᠠ ᠠᠶᠢᠮᠠᠭ ᠤᠨ ︽ᠠᠯᠠᠱᠠ ᠠᠶᠢᠮᠠᠭ ᠤᠨ ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠬᠡᠪᠯᠡᠨ ᠲᠠᠷᠬᠠᠭᠠᠬᠤ ᠲᠤᠬᠠᠢ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠠᠲᠠᠷ ᠲᠠᠷᠬᠠᠭᠠᠭᠰᠠᠨ ﹇2017﹈ 2 ᠳ᠋ᠤᠭᠠᠷ ᠲᠣᠭᠠᠲᠤ︶︔            4. ︽ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ︿ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ﹀᠎ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠠᠯᠠᠱᠠ ᠵᠡᠭᠦᠨ ᠬᠤᠰᠢᠭᠤᠨ ᠤ ᠥᠭᠡᠷᠡᠴᠢᠯᠡᠯᠲᠡ ᠲᠠᠷᠬᠠᠭᠠᠭᠰᠠᠨ ﹇2017﹈ 8 ᠳ᠋ᠤᠭᠠᠷ ᠲᠣᠭᠠᠲᠤ︶            ᠭᠤᠷᠪᠠ᠂ ︽ᠠᠷᠭ᠎ᠠ︾᠎ ᠎ ᠶᠢᠨ ᠭᠤᠣᠯ ᠠᠭᠤᠯᠭ᠎ᠠ            ︽ᠠᠷᠭ᠎ᠠ︾᠎ ᠶᠢ ᠲᠠᠪᠤᠨ ᠪᠦᠯᠦᠭ ᠢᠶᠠᠷ ᠬᠤᠪᠢᠶᠠᠵᠤ᠂ ᠨᠡᠶᠢᠲᠡ 20 ᠵᠦᠢᠯ ᠢᠶᠠᠷ ᠪᠦᠷᠢᠯᠳᠦᠵᠡᠢ᠃ ᠲᠣᠰ ᠲᠣᠰ᠄ ᠶᠡᠷᠦᠩᠬᠡᠢ ᠳᠦᠷᠢᠮ᠂ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ᠂ ᠤᠰᠤ ᠠᠷᠪᠢᠯᠠᠭᠰᠠᠨ ᠢ ᠱᠠᠩᠨᠠᠬᠤ ᠂ ᠪᠡᠯᠡ ᠮᠥᠩᠭᠦ ᠴᠤᠭᠯᠠᠭᠤᠯᠬᠤ ᠵᠢᠴᠢ ᠬᠠᠮᠢᠶᠠᠷᠬᠤ ᠪᠠ ᠬᠠᠪᠰᠤᠷᠤᠯᠲᠠ ᠳᠦᠷᠢᠮ ᠪᠣᠯᠣᠨ᠎ᠠ᠃            ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠪᠣᠯᠣᠨ᠎ᠠ᠄ ᠭᠤᠣᠯᠳᠠᠭᠤ ᠲᠣᠭᠲᠠᠭᠠᠭᠰᠠᠨ ᠵᠣᠷᠢᠯᠭ᠎ᠠ᠂ ᠬᠠᠮᠤᠷᠬᠤ ᠬᠦᠷᠢᠶ᠎ᠡ ᠪᠠ ᠵᠠᠷᠴᠢᠮ ᠢ ᠲᠣᠳᠣᠷᠬᠠᠶᠢᠯᠠᠨ᠎ᠠ︔            ᠬᠤᠶᠠᠳᠤᠭᠠᠷ ᠪᠦᠯᠦᠭ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠶᠠᠪᠤᠳᠠᠯ ᠪᠣᠯᠣᠨ᠎ᠠ᠄ ᠭᠤᠣᠯᠳᠠᠭᠤ ᠨᠥᠬᠦᠪᠦᠷᠢ ᠣᠯᠭᠤᠬᠤ ᠡᠳᠡᠬᠡᠳ᠂ ᠨᠥᠬᠦᠪᠦᠷᠢ ᠣᠯᠭᠤᠬᠤ ᠪᠠᠷᠢᠮᠵᠢᠶ᠎ᠠ᠂ ᠨᠥᠬᠦᠪᠦᠷᠢ ᠣᠯᠭᠤᠬᠤ ᠵᠢᠷᠤᠮ ᠵᠢᠴᠢ ᠨᠥᠬᠦᠪᠦᠷᠢ ᠣᠯᠭᠤᠬᠤ ᠦᠭᠡᠢ ᠪᠠᠶᠢᠳᠠᠯ ᠢ ᠲᠣᠳᠣᠷᠬᠠᠶᠢᠯᠠᠨ᠎ᠠ︔            ᠭᠤᠷᠪᠠᠳᠤᠭᠠᠷ ᠪᠦᠯᠦᠭ ᠤᠰᠤ ᠠᠷᠪᠢᠯᠠᠭᠰᠠᠨ ᠤ ᠱᠠᠩᠨᠠᠯ ᠪᠣᠯᠣᠨ᠎ᠠ᠄ ᠭᠤᠣᠯᠳᠠᠭᠤ ᠱᠠᠩᠨᠠᠬᠤ ᠡᠲᠡᠭᠡᠳ᠂ ᠱᠠᠩᠨᠠᠬᠤ ᠪᠠᠷᠢᠮᠵᠢᠶ᠎ᠠ ᠵᠢᠴᠢ ᠱᠠᠩᠨᠠᠬᠤ ᠦᠭᠡᠢ ᠪᠠᠶᠢᠳᠠᠯ ᠢ ᠲᠣᠳᠣᠷᠬᠠᠶᠢᠯᠠᠨ᠎ᠠ᠃            ᠳᠥᠷᠪᠡᠳᠦᠭᠡᠷ ᠪᠦᠯᠦᠭ ᠪᠡᠯᠡ ᠮᠥᠩᠭᠦ ᠴᠤᠭᠯᠠᠭᠤᠯᠬᠤ ᠪᠠ ᠬᠠᠮᠢᠶᠠᠷᠬᠤ᠄ ᠭᠤᠣᠯᠳᠠᠭᠤ ᠪᠡᠯᠡ ᠮᠥᠩᠭᠦ ᠶᠢᠨ ᠢᠷᠡᠯᠲᠡ ᠵᠢᠴᠢ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠲᠣᠳᠣᠷᠬᠠᠶᠢᠯᠠᠨ᠎ᠠ᠃            ᠲᠠᠪᠤᠳᠤᠭᠠᠷ ᠪᠦᠯᠦᠭ᠄ ᠬᠡᠷᠡᠭᠵᠢᠭᠦᠯᠬᠦ ᠴᠠᠭ ᠤᠨ ᠬᠢᠵᠠᠭᠠᠷ ᠤᠨ ᠲᠤᠬᠠᠢ ᠲᠣᠭᠲᠠᠭᠠᠯ ᠭᠠᠷᠭᠠᠵᠠᠢ᠃                          ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯ᠊‍ᠠ᠊ᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤ ᠠᠷᠪᠢᠯᠠᠭᠰᠠᠨ ᠢ ᠱᠠᠩᠨᠠᠬᠤ ᠵᠢᠴᠢ ᠨᠠᠷᠢᠯᠢᠭ ᠣᠨᠣᠴᠠᠲᠠᠢ ᠨᠥᠬᠦᠪᠦᠷᠢ ᠣᠯᠭᠤᠬᠤ ᠶᠢ ᠬᠡᠷᠡᠭᠵᠢᠭᠦᠯᠬᠦ ᠠᠷᠭ᠎ᠠ︾                    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号