︽ᠲᠠᠪᠤᠨ ᠶᠡᠭᠡ ᠡᠭᠦᠷᠭᠡ︾᠎ ᠨᠢ ᠣᠷᠳᠣ ᠴᠠᠭᠠᠨ ᠬᠡᠷᠡᠮ ᠤᠨ ᠴᠢᠬᠤᠯᠠ ᠴᠡᠭ ᠬᠡᠰᠡᠭ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠪᠤᠷᠠᠯᠳᠠ ᠶᠢᠨ ᠴᠢᠨᠠᠷᠲᠠᠢ ᠬᠠᠮᠠᠭᠠᠯᠠᠯᠲᠠ
ᠨᠡᠶᠢᠲᠡᠯᠡᠭᠰᠡᠨ ᠴᠠᠭ᠄
2024/8/26
           ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠰᠣᠶᠣᠯ ᠤᠨ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ ᠯᠢ ᠰᠢᠶᠣᠣ ᠸᠧᠢ                        ᠨᠢᠭᠡ᠂ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠣᠷᠳᠣ ᠴᠠᠭᠠᠨ ᠬᠡᠷᠡᠮ ᠤᠨ ᠴᠢᠬᠤᠯᠠ ᠴᠡᠭ ᠤᠨ ᠬᠡᠰᠡᠭ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨᠳᠦᠰᠦᠨ ᠪᠠᠶᠢᠳᠠᠯ            ᠠᠯᠠᠱᠠ ᠵᠡᠭᠦᠨ ᠬᠤᠰᠢᠭᠤᠨ ᠤ ᠮᠢᠩ ᠤᠯᠤᠰ ᠤᠨ ᠦᠶ᠎ᠡ ᠶᠢᠨ ᠣᠷᠳᠣ ᠬᠤᠲᠠ ᠶᠢᠨ ᠬᠡᠷᠡᠮ ᠨᠢ ᠡᠮᠦᠨᠡᠰᠢ ᠤᠮᠠᠷᠠᠰᠢ ᠴᠢᠭᠯᠡᠯ ᠲᠠᠢ᠂ ᠪᠥᠬᠦ ᠣᠷᠳᠣ ᠨᠢ 155844.2 ᠮᠧᠲᠷ ᠪᠠᠶᠢᠵᠤ᠂ ᠶᠡᠭᠡ ᠲᠠᠯ᠎ᠠ ᠪᠠ ᠬᠤᠶᠠᠷ ᠲᠠᠯ᠎ᠠ ᠭᠡᠵᠦ ᠬᠤᠪᠢᠶᠠᠨ᠎ᠠ᠃ ᠶᠡᠭᠡ ᠵᠠᠬ᠎ᠠ ᠨᠢ ᠵᠡᠭᠦᠨᠲᠡᠢ᠂ ᠣᠷᠳᠣ ᠨᠢ 73953.2 ᠮᠧᠲᠷ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠭᠡᠳ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠵᠠᠭᠠᠭ ᠱᠤᠭᠤᠮ ᠪᠣᠯᠣᠨ᠎ᠠ᠃ ᠬᠤᠶᠠᠷ ᠲᠠᠯ᠎ᠠ  ᠪᠠᠷ ᠢᠶᠠᠨ ᠪᠠᠷᠠᠭᠤᠨᠰᠢ ᠪᠠᠨ 81891 ᠮᠧᠲᠷ ᠤᠷᠲᠤ ᠪᠠᠶᠢᠵᠤ᠂ ᠠᠯᠠᠱᠠ ᠵᠡᠭᠦᠨ ᠬᠤᠰᠢᠭᠤᠨ ᠤ ᠬᠢᠯᠢ ᠳᠤ ᠲᠠᠷᠬᠠᠵᠤ ᠪᠠᠶᠢᠨ᠎ᠠ᠃ ᠣᠷᠳᠣ ᠴᠠᠭᠠᠨ ᠬᠡᠷᠡᠮ ᠤᠨ ᠳᠠᠭᠠᠤ ᠳᠠᠶᠢᠰᠤᠨ ᠤ ᠲᠠᠶᠢᠰᠠ 34᠂ ᠴᠣᠨᠵᠢ 34᠂ ᠰᠠᠭᠤᠭ᠎ᠠ ᠭᠠᠵᠠᠷ 1᠂ ᠴᠢᠯᠠᠭᠤᠨ ᠰᠡᠶᠢᠯᠦᠮᠡᠯ 1 ᠪᠣᠶ᠃ ᠭᠠᠵᠠᠷ ᠠᠭᠤᠳᠠᠮ ᠬᠥᠮᠥᠨ ᠴᠥᠭᠡᠨ᠂ ᠡᠷᠲᠡᠨ ᠤ ᠦᠯᠡᠳᠡᠭᠳᠡᠯ ᠲᠠᠷᠠᠬᠠᠢ ᠪᠤᠲᠠᠷᠬᠠᠢ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠬᠠᠢ ᠠᠵᠢᠯᠲᠠᠨ ᠴᠥᠭᠡᠨ ᠵᠡᠷᠭᠡ ᠰᠢᠯᠲᠠᠭᠠᠨ ᠠᠴᠠ ᠪᠣᠯᠵᠤ᠂ ᠬᠡᠭᠡᠷ᠎ᠡ ᠲᠠᠯ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠤ ᠬᠦᠴᠢᠷᠳᠡᠯ ᠲᠤᠯᠭᠠᠷᠠᠵᠤ ᠪᠠᠶᠢᠨ᠎ᠠ᠃            ᠬᠤᠶᠠᠷ᠂ ᠲᠡᠦᠬᠡ ᠶᠢᠨ ᠤᠯᠠᠷᠢᠯ ᠬᠤᠪᠢᠰᠤᠯ            ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠮᠢᠩ ᠤᠯᠤᠰ ᠤᠨ ᠣᠷᠳᠣ ᠴᠠᠭᠠᠨ ᠬᠡᠷᠡᠮ ᠨᠢ ᠮᠢᠩ ᠤᠯᠤᠰ ᠤᠨ ᠦᠶ᠎ᠡ ᠳᠤ ᠨᠢᠩᠰᠢᠶᠠ ᠪᠠᠯᠭᠠᠰᠤᠨ ᠳᠤ ᠬᠠᠮᠢᠶᠠᠷᠤᠭᠳᠠᠵᠤ᠂ ᠨᠢᠩᠰᠢᠶᠠ ᠪᠠᠯᠭᠠᠰᠤᠨ ᠤ ᠰᠡᠷᠭᠡᠶᠢᠯᠡᠯᠲᠡ ᠶᠢᠨ ᠣᠷᠣᠨ ᠤ ᠪᠠᠷᠠᠭᠤᠨ ᠵᠠᠮ ᠳᠤ ᠬᠠᠷᠢᠶᠠᠯᠠᠭᠳᠠᠨ᠎ᠠ᠃ ᠮᠢᠩ ᠤᠯᠤᠰ ᠤᠨ ᠵᠢᠶᠠ ᠵᠢᠩ ᠤᠨ ᠠᠷᠪᠠᠳᠤᠭᠠᠷ ᠤᠨ ︵1531 ᠣᠨ︶᠎ ᠎ ᠳᠤ᠂ ᠡᠮᠦᠨ᠎ᠡ ᠠᠴᠠ ᠳ᠋ᠠ ᠪᠠ ᠪᠦᠦ᠂ ᠤᠮᠠᠷᠠᠰᠢ ᠲᠡᠮᠦᠷ ᠡᠭᠦᠳᠡ  ᠲᠠᠢ ᠬᠤᠯᠪᠣᠭᠰᠠᠨ ᠤᠷᠲᠤ ᠴᠠᠭᠠᠨ ᠬᠡᠷᠡᠮ ᠢ ᠪᠠᠶᠢᠭᠤᠯᠵᠠᠢ᠃ ᠮᠢᠩ ᠤᠯᠤᠰ ᠤᠨ ᠵᠢᠶᠠ ᠵᠢᠩ ᠤᠨ ᠠᠷᠪᠠ ᠶᠢᠰᠦᠳᠦᠭᠡᠷ ᠤᠨ ︵1540 ᠣᠨ︶᠎ ᠎ ᠳᠤ ᠨᠢᠩᠰᠢᠶᠠ ᠶᠢᠨ ᠴᠠᠭᠳᠠᠨ ᠪᠠᠶᠢᠴᠠᠭᠠᠭᠴᠢ ᠰᠠᠶᠢᠳ ᠶᠠᠩ ᠱᠧᠦ ᠯᠢ ᠬᠠᠭᠤᠴᠢᠨ ᠬᠡᠷᠡᠮ ᠢ ᠰᠢᠨ᠎ᠡ ᠪᠠᠷ ᠵᠠᠰᠠᠵᠤ᠂ ᠲᠡᠮᠦᠷ ᠡᠭᠦᠳᠡ ᠠᠴᠠ ᠤᠮᠠᠷᠠᠰᠢᠬᠢ ᠣᠷᠳᠣ ᠴᠠᠭᠠᠨ ᠬᠡᠷᠡᠮ ᠢ ᠨᠡᠮᠡᠨ ᠪᠠᠶᠢᠭᠤᠯᠵᠤ᠂ ᠯᠦᠩ ᠴᠢᠩ ᠠᠴᠠ ᠸᠠᠨ ᠯᠢ ᠎ ᠶᠢᠨ ᠣᠨ ᠨᠤᠭᠤᠳ ᠲᠤ ᠳᠠᠬᠢᠨ ᠪᠠᠶᠢᠭᠤᠯᠵᠤ ᠰᠡᠯᠪᠢᠨ ᠵᠠᠰᠠᠵᠠᠢ᠃ 1987 ᠣᠨ ᠳᠤ᠂ ᠣᠷᠳᠣ ᠴᠠᠭᠠᠨ ᠬᠡᠷᠡᠮ ᠢ ᠳᠡᠯᠡᠬᠡᠢ ᠶᠢᠨ ᠰᠣᠶᠣᠯ ᠤᠨ ᠥᠪ ᠤᠨ ᠨᠡᠷᠡᠰ ᠲᠤ ᠣᠷᠣᠭᠤᠯᠪᠠ᠃            ᠭᠤᠷᠪᠠ᠂ ᠬᠠᠮᠠᠭᠠᠯᠠᠬᠤ ᠠᠷᠭ᠎ᠠ ᠬᠡᠮᠵᠢᠶ᠎ᠡ            ᠨᠢᠭᠡ ᠳᠤ᠂ ᠤᠷᠢᠳ ᠬᠤᠵᠢᠳ ︽ᠮᠢᠩ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠤᠨ ᠬᠤᠶᠢᠲᠤ ᠴᠠ ᠺᠧᠦ ᠶᠢᠨ 3 ᠬᠡᠰᠡᠭ ᠤᠨ ᠲᠣᠰ ᠪᠡᠶ᠎ᠡ ᠶᠢ ᠰᠡᠯᠪᠢᠨ ᠵᠠᠰᠠᠵᠤ ᠬᠠᠮᠠᠭᠠᠯᠠᠬᠤ ᠢᠨᠵᠧᠨᠧᠷᠢᠩ︾᠂ ︽ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ ᠶᠢᠨ ᠬᠡᠷᠡᠮ ᠤᠨ ᠠᠶᠤᠯ ᠠᠴᠠ ᠠᠪᠤᠷᠠᠵᠤ ᠪᠠᠬᠢᠵᠢᠭᠦᠯᠬᠦ ᠢᠨᠵᠧᠨᠧᠷᠢᠩ︾ ᠵᠡᠷᠭᠡ ᠨᠡᠶᠢᠲᠡ 26 ᠤᠯᠤᠰ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ ᠤᠨ ᠲᠥᠷᠥᠯ ᠵᠦᠢᠯ ᠤᠨ ᠲᠥᠯᠥᠪᠯᠡᠭᠡ ᠶᠢᠨ ᠪᠢᠴᠢᠭ ᠢ ᠨᠠᠶᠢᠷᠠᠭᠤᠯᠤᠨ ᠵᠣᠬᠢᠶᠠᠭᠰᠠᠨ ᠪᠥᠭᠡᠳ ᠠᠯᠬᠤᠮ ᠠᠯᠬᠤᠮ ᠢᠶᠠᠷ ᠬᠡᠷᠡᠭᠵᠢᠭᠦᠯᠪᠡ᠃ ᠬᠤᠶᠠᠷ ᠲᠤ᠂ 2006 ᠣᠨ ᠠᠴᠠ 2023 ᠣᠨ ᠪᠣᠯᠲᠠᠯ᠎ᠠ᠂ ᠠᠯᠠᠱᠠ ᠠᠶᠢᠮᠠᠭ᠂ ᠬᠤᠰᠢᠭᠤ ᠬᠤᠶᠠᠷ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠬᠢᠨ ᠬᠠᠨ ᠤᠯᠤᠰ ᠠᠴᠠ ᠪᠠᠷᠠᠭᠤᠨ ᠰᠢᠶᠠ ᠤᠯᠤᠰ ᠬᠦᠷᠲᠡᠯᠡᠬᠢ ᠤᠷᠳᠤ ᠴᠠᠭᠠᠨ ᠬᠡᠷᠡᠮ᠂ ᠮᠢᠩ ᠤᠯᠤᠰ ᠤᠨ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠬᠡᠪᠴᠢᠶᠡᠨ ᠳᠤ ᠤᠷᠢᠳ ᠬᠤᠵᠢᠳ 68 ᠬᠠᠮᠠᠭᠠᠯᠠᠯᠲᠠ ᠶᠢᠨ ᠲᠡᠮᠳᠡᠭ ᠫᠠᠶᠢᠰᠠ ᠵᠢᠴᠢ ᠴᠢᠯᠠᠭᠤᠨ ᠬᠥᠰᠢᠶ᠎ᠡ ᠪᠣᠰᠬᠠᠵᠠᠢ ᠃ ᠭᠤᠷᠪᠠ ᠳᠤ 2018 ᠣᠨ ᠳᠤ ᠬᠠᠨ ᠤᠯᠤᠰ ᠠᠴᠠ ᠪᠠᠷᠠᠭᠤᠨ ᠰᠢᠶᠠ ᠤᠯᠤᠰ ᠬᠦᠷᠬᠦ ᠨᠡᠯᠢᠶᠡᠳ ᠪᠦᠷᠢᠨ ᠲᠡᠭᠦᠯᠳᠡᠷ ᠣᠷᠳᠣ ᠴᠠᠭᠠᠨ ᠬᠡᠷᠡᠮ᠂ ᠮᠢᠩ ᠤᠯᠤᠰ ᠤᠨ ᠣᠷᠳᠣ ᠴᠠᠭᠠᠨ ᠬᠡᠷᠡᠮ ᠤᠨ ︽ᠳᠥᠷᠪᠡ ᠶᠢ ᠪᠦᠷᠢᠯᠳᠦᠭᠦᠯᠦᠭᠰᠡᠨ︾ ᠴᠠᠭᠠᠰᠤ ᠵᠢᠴᠢ ᠡᠯᠧᠺᠲᠷᠣᠨ ᠲᠠᠩᠰᠠ ᠡᠪᠬᠡᠮᠡᠯ ᠢ ᠪᠠᠶᠢᠭᠤᠯᠪᠠ᠃ ᠳᠥᠷᠪᠡ ᠳᠤ᠂ 2019 ᠣᠨ ᠤ 2 ᠳ᠋ᠤᠭᠠᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠮᠥ᠋ᠩ ᠨᠢᠩ ᠤᠨ ᠠᠭᠤᠯᠵᠠᠷ ᠲᠠᠬᠢ ᠮᠢᠩ ᠤᠯᠤᠰ ᠤᠨ ᠤᠷᠳᠤ ᠴᠠᠭᠠᠨ ᠬᠡᠷᠡᠮ ᠤᠨ ᠲᠡᠮᠦᠷ ᠡᠭᠦᠳᠡ ᠶᠢᠨ ᠬᠡᠰᠡᠭ᠂ ᡂᠢ ᠮᠦ ᠺᠧᠦ ᠶᠢᠨ ᠨᠢᠭᠡ ᠬᠡᠰᠡᠭ ᠤᠨ ᠳᠡᠪᠲᠦᠭᠡᠨ ᠱᠤᠭᠤᠬᠤ ᠪᠣᠯᠣᠳ ᠲᠣᠣᠷ ᠤᠨ ᠬᠦᠷᠢᠶ᠎ᠡ ᠪᠠ ᠤᠤᠯ ᠤᠨ ᠬᠤᠩ ᠰᠢᠩ ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠠᠴᠠ ᡂᠢ ᠮᠦ ᠺᠧᠦ ᠬᠦᠷᠬᠦ ᠲᠦᠷᠪᠡᠨ ᠬᠡᠰᠡᠭ ᠲᠤ ᠬᠤᠪᠠᠨᠴᠠᠷ ᠲᠣᠣᠷ ᠤᠨ ᠬᠦᠷᠢᠶ᠎ᠡ ᠬᠠᠰᠢᠶ᠎ᠠ᠂ ᠬᠠᠮᠠᠭᠠᠯᠠᠯᠲᠠ ᠶᠢᠨ ᠤᠬᠠᠭᠤᠯᠭ᠎ᠠ ᠶᠢᠨ ᠫᠠᠶᠢᠰᠠ ᠪᠠ ᠬᠠᠮᠠᠭᠠᠯᠠᠯᠲᠠ ᠶᠢᠨ ᠵᠠᠭᠠᠭ ᠪᠠᠭᠠᠨ᠎ᠠ ᠶᠢ ᠬᠤᠳᠠᠯᠳᠤᠨ ᠠᠪᠴᠤ ᠤᠭᠰᠠᠷᠠᠬᠤ ᠲᠦᠷᠦᠯ ᠵᠦᠢᠯ ᠢ ᠶᠠᠪᠤᠭᠳᠠᠭᠤᠯᠵᠠᠢ᠃ ᠳᠡᠪᠲᠦᠭᠡᠨ ᠱᠤᠭᠤᠬᠤ ᠪᠣᠯᠣᠳ ᠲᠣᠣᠷ ᠤᠨ ᠬᠦᠷᠢᠶ᠎ᠡ ᠬᠠᠰᠢᠶ᠎ᠠ ᠶᠢ ᠨᠡᠶᠢᠲᠡ 674 ᠮᠧᠲᠷ᠂ ᠬᠠᠯᠠᠭᠠᠢ ᠤᠲᠠᠰᠤᠨ ᠤ ᠬᠦᠷᠢᠶ᠎ᠡ ᠬᠠᠰᠢᠶ᠎ᠠ ᠶᠢ 1400 ᠮᠧᠲᠷ ᠲᠠᠲᠠᠵᠤ᠂ ᠵᠢᠵᠢᠭ ᠬᠡᠯᠪᠡᠷᠢ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠫᠠᠶᠢᠰᠠ ᠶᠢ 60 ᠡᠯᠭᠦᠵᠦ᠂ ᠲᠣᠮᠣ ᠬᠡᠯᠪᠡᠷᠢ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠫᠠᠶᠢᠰᠠ ᠶᠢ 1 ᠪᠣᠰᠬᠠᠵᠤ᠂ ᠬᠠᠮᠠᠭᠠᠯᠠᠯᠲᠠ ᠶᠢᠨ ᠵᠠᠭᠠᠭ ᠱᠣᠩ ᠢ 480 ᠲᠠᠭᠠᠷᠠᠭᠤᠯᠪᠠ᠃ ᠲᠠᠪᠤ ᠳᠤ᠂ ᠪᠠᠷᠠᠭᠤᠨ ᠪᠡᠯ ᠪᠠᠯᠭᠠᠰᠤᠨ ᠤ ᠱᠠᠩᠬᠠᠢ᠂ ᠪᠠᠶᠠᠨᠴᠣᠭᠲᠤ ᠭᠠᠴᠠᠭ᠎ᠠ ᠶᠢᠨ ᠬᠢᠯᠢ ᠳᠣᠲᠣᠷ᠎ᠠ ᠨᠢᠩᠰᠢᠶᠠ ᠶᠢᠨ ᠶᠦᠩ ᠨᠢᠩ ᠰᠢᠶᠠᠨ ᠤ ᠠᠭᠤᠯᠵᠠᠷ ᠲᠠᠬᠢ ᠮᠢᠩ ᠤᠯᠤᠰ ᠤᠨ ᠣᠷᠳᠣ ᠴᠠᠭᠠᠨ ᠬᠡᠷᠡᠮ ᠳᠤ ︽ᠠᠯᠠᠱᠠ ᠵᠡᠭᠦᠨ ᠬᠤᠰᠢᠭᠤᠨ ᠤ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠥᠷᠲᠡᠭᠡ︾ 4᠎ ᠶᠢ ᠪᠠᠶᠢᠭᠤᠯᠪᠠ᠃ ᠵᠢᠷᠭᠤᠭ᠎ᠠ ᠳᠤ᠂ ᠮᠠᠯᠴᠢᠳ ᠢ ᠵᠣᠬᠢᠶᠠᠨ ᠪᠠᠶᠢᠭᠤᠯᠤᠨ ᠠᠯᠠᠱᠠ ᠵᠡᠭᠦᠨ ᠬᠤᠰᠢᠭᠤᠨ ᠤ ᠲᠡᠮᠡᠭᠡᠨ ᠪᠥᠬᠦ ︵ᠣᠷᠳᠣ ᠴᠠᠭᠠᠨ ᠬᠡᠷᠡᠮ︶᠎ ᠎ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠶᠢ ᠪᠠᠶᠢᠭᠤᠯᠵᠤ᠂ ᠬᠢᠯᠢ ᠶᠢᠨ ᠳᠣᠲᠣᠷᠠᠬᠢ ᠡᠯ᠎ᠡ ᠱᠠᠲᠤᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠲᠣᠭᠤᠷᠢᠨ ᠪᠠᠶᠢᠴᠠᠭᠠᠵᠤ ᠬᠠᠷᠠᠵᠤ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠳᠣᠯᠤᠭ᠎ᠠ ᠳᠤ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠥᠷᠨᠢᠭᠦᠯᠦᠨ᠎ᠡ᠃            ᠳᠥᠷᠪᠡ᠂ ᠨᠡᠷ᠎ᠡ ᠦᠭᠡ ᠶᠢᠨ ᠲᠠᠶᠢᠯᠪᠤᠷᠢ            1. ᠭᠠᠳᠠᠷ ᠲᠠᠯ᠎ᠠ ᠶᠢᠨ ᠤᠷᠲᠤ ᠴᠠᠭᠠᠨ ᠬᠡᠷᠡᠮ᠄ ᠮᠢᠩ ᠤᠯᠤᠰ ᠤᠨ ᠳᠤᠮᠳᠠᠴᠢ ᠦᠶ᠎ᠡ ᠶᠢᠨ ᠣᠷᠳᠣ ᠴᠠᠭᠠᠨ ᠬᠡᠷᠡᠮ᠃            2. ᠳᠣᠲᠣᠷ ᠲᠠᠯ᠎ᠠ ᠶᠢᠨ ᠤᠷᠲᠤ ᠴᠠᠭᠠᠨ ᠬᠡᠷᠡᠮ᠄ ᠮᠢᠩ ᠤᠯᠤᠰ ᠤᠨ ᠡᠬᠢᠨ ᠤ ᠦᠶ᠎ᠡ ᠶᠢᠨ ᠣᠷᠳᠣ ᠴᠠᠭᠠᠨ ᠬᠡᠷᠡᠮ᠃            3. ᠣᠷᠳᠣ ᠴᠠᠭᠠᠨ ᠬᠡᠷᠡᠮ ᠤᠨ ︽ᠳᠥᠷᠪᠡ ᠶᠢ ᠪᠦᠷᠢᠯᠳᠦᠭᠦᠯᠦᠭᠰᠡᠨ︾᠄ ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠲᠠᠢ᠂ ᠬᠠᠮᠠᠭᠠᠯᠠᠬᠤ ᠲᠡᠮᠳᠡᠭ ᠲᠠᠢ᠂ ᠲᠡᠮᠳᠡᠭᠯᠡᠯ ᠲᠠᠩᠰᠠ ᠡᠪᠬᠡᠮᠡᠯ ᠲᠠᠢ᠂ ᠲᠤᠰᠬᠠᠢ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠪᠠ ᠠᠵᠢᠯᠲᠠᠨ ᠲᠠᠢ᠃                        ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号