ᠠᠵᠢᠯ ᠣᠯᠵᠤ ᠦᠢᠯᠡᠰ ᠴᠣᠭᠴᠠᠯᠠᠬᠤ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/26
                       ᠠᠰᠠᠭᠤᠯᠲᠠ᠄ ︽ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠦᠨᠡᠮᠯᠡᠯ︾᠎ ᠨᠢ ᠶᠠᠭᠤ ᠪᠣᠶ︖            ᠬᠠᠷᠢᠭᠤᠯᠲᠠ᠄ ︽ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠦᠨᠡᠮᠯᠡᠯ︾ ᠪᠣᠯ ᠪᠥᠬᠦ ᠤᠯᠤᠰ ᠤᠨ ᠨᠢᠭᠡᠳᠦᠯᠲᠡᠢ ᠬᠡᠯᠪᠡᠷᠢ ᠮᠠᠶ᠋ᠢᠭ ᠮᠥᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠨᠢᠭᠡᠳᠦᠯᠲᠡᠢ ᠳᠠᠷᠤᠮᠠᠯᠯᠠᠵᠤ᠂ ᠡᠯ᠎ᠡ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠰᠦᠢᠳᠬᠡᠯ ᠬᠤᠷᠢᠶᠠᠬᠤ ᠦᠭᠡᠢ ᠪᠠᠷ ᠣᠯᠭᠤᠬᠤ ᠶᠢ ᠬᠠᠷᠢᠭᠤᠴᠠᠨ᠎ᠠ᠃ ᠬᠥᠳᠡᠯᠮᠦᠷᠢᠴᠢᠨ ︽ᠠᠵᠢᠯ ᠣᠯᠵᠤ ᠦᠢᠯᠡᠰ ᠴᠣᠭᠴᠠᠯᠠᠬᠤ ᠦᠨᠡᠮᠯᠡᠯ︾ ᠭᠤᠶᠤᠴᠢᠯᠠᠨ ᠠᠪᠬᠤ ᠳᠤ᠂ ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠵᠢᠴᠢ ᠬᠤᠶᠠᠷ ᠢᠮᠠᠬᠤ ᠶᠢᠨ ᠪᠤᠳᠤᠭᠲᠤ ᠰᠡᠭᠦᠳᠡᠷ 1 ᠬᠤᠪᠢ ᠬᠠᠩᠭᠠᠵᠤ᠂ ᠬᠠᠷᠢᠶᠠᠲᠤ ᠣᠷᠣᠨ ᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠨ ᠠᠪᠬᠤ ᠬᠡᠷᠡᠭᠲᠡᠢ︔ ᠬᠥᠮᠥᠨ ᠬᠡᠷᠡᠭᠯᠡᠬᠦ ᠨᠢᠭᠡᠴᠢ ᠳᠤ ᠡᠯᠰᠡᠭᠳᠡᠭᠰᠡᠨ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠨᠢ ᠪᠠᠶᠢᠭ᠎ᠠ ᠭᠠᠵᠠᠷ ᠤᠨ ᠢᠶᠠᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠭᠤᠶᠤᠴᠢᠯᠠᠨ ᠠᠪᠬᠤ ᠶᠢᠨ ᠬᠠᠮᠲᠤ ᠬᠥᠳᠡᠯᠮᠦᠷᠢ ᠬᠦᠴᠦᠨ ᠢ ᠬᠡᠷᠡᠭᠯᠡᠬᠦ ᠳᠠᠩᠰᠠᠯᠠᠯᠲᠠ ᠶᠢ ᠭᠦᠢᠴᠡᠳᠬᠡᠨ᠎ᠡ︔ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠮᠢᠳᠤᠯᠢᠭ ᠢᠶᠠᠷ ᠠᠵᠢᠯ ᠣᠯᠬᠤ ᠪᠤᠶᠤ ᠴᠢᠯᠦᠭᠡᠲᠦ ᠠᠵᠢᠯ ᠮᠡᠷᠭᠡᠵᠢᠯ ᠤᠨ ᠬᠡᠯᠪᠡᠷᠢ ᠪᠠᠷ ᠠᠵᠢᠯ ᠣᠯᠬᠤ ᠶᠢ ᠪᠡᠶᠡᠯᠡᠭᠦᠯᠦᠭᠰᠡᠨ ᠪᠠᠶᠢᠪᠠᠯ᠂ ᠬᠥᠳᠡᠯᠮᠦᠷᠢᠴᠢᠨ ᠲᠣᠰ ᠬᠥᠮᠥᠨ ᠨᠢ ᠠᠵᠢᠯ ᠣᠯᠬᠤ ᠳᠠᠩᠰᠠᠯᠠᠯᠲᠠ ᠬᠢᠵᠦ᠂ ᠰᠠᠭᠤᠭ᠎ᠠ ᠭᠠᠵᠠᠷ ᠤᠨ ᠢᠶᠠᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠨ ᠠᠪᠤᠨ᠎ᠠ                        ᠠᠰᠠᠭᠤᠯᠲᠠ᠄ ᠠᠵᠢᠯ ᠣᠯᠭᠤᠯᠲᠠ ᠶᠢᠨ ᠳᠠᠩᠰᠠᠯᠠᠯᠲᠠ ᠬᠢᠬᠦ ᠳᠤ ᠶᠠᠮᠠᠷ ᠮᠠᠲ᠋ᠧᠷᠢᠶᠠᠯ ᠢ ᠠᠪᠴᠤ ᠶᠠᠪᠤᠬᠤ ᠪᠤᠶᠤ ᠪᠡᠯᠡᠳᠬᠡᠬᠦ ᠴᠢᠬᠤᠯᠠ ᠲᠠᠢ ᠪᠣᠢ︖            ᠬᠠᠷᠢᠭᠤᠯᠲᠠ᠄ ᠬᠥᠳᠡᠯᠮᠦᠷᠢᠴᠢᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠮᠢᠳᠤᠯᠢᠭ ᠢᠶᠠᠷ ᠠᠵᠢᠯ ᠣᠯᠬᠤ ᠪᠤᠶᠤ ᠴᠢᠯᠦᠭᠡᠲᠦ ᠠᠵᠢᠯ ᠤᠨ ᠬᠡᠯᠪᠡᠷᠢ ᠪᠠᠷ ᠠᠵᠢᠯ ᠣᠯᠬᠤ ᠳᠤ ᠬᠦᠷᠪᠡᠯ᠂ ᠠᠵᠢᠯ ᠣᠯᠣᠭᠰᠠᠨ ᠤ ᠳᠠᠷᠠᠭᠠᠬᠢ 30 ᠡᠳᠦᠷ ᠤᠨ ᠳᠣᠲᠣᠷ᠎ᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ ᠣᠯᠬᠤ ᠪᠦᠷᠢᠳᠬᠡᠯ ᠬᠢᠯᠭᠡᠵᠦ᠂ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄            1. ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾᠂ ᠪᠠᠶᠢᠩᠭᠤ ᠰᠠᠭᠤᠭ᠎ᠠ ᠭᠠᠵᠠᠷ ᠲᠤ ᠳᠠᠩᠰᠠᠯᠠᠭᠤᠯᠤᠭᠰᠠᠨ ᠲᠣᠰ ᠭᠠᠵᠠᠷ ᠤᠨ ᠡᠷᠦᠬᠡ ᠠᠮᠠ ᠶᠢᠨ ᠲᠠᠩᠰᠠ ᠦᠭᠡᠢ ᠬᠥᠮᠥᠰ ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ ᠢ ᠬᠠᠩᠭᠠᠬᠤ ᠬᠡᠷᠡᠭᠲᠡᠢ︔            2. ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠪᠤᠶᠤ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠳᠡᠪᠲᠡᠷ ᠤᠨ ᠤᠭ ᠮᠠᠲ᠋ᠧᠷᠢᠶᠠᠯ ᠨᠢᠭᠡ ᠬᠤᠪᠢ︔            3. ︽ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ︵ᠠᠮᠢᠳᠤᠯᠢᠭ ᠢᠶᠠᠷ ᠠᠵᠢᠯ ᠣᠯᠬᠤ︶ ᠳᠠᠩᠰᠠᠯᠠᠯᠲᠠ ᠶᠢᠨ ᠬᠦᠰᠦᠨᠦᠭᠲᠦ︾᠎ ᠎ ᠶᠢᠨ ᠤᠭ ᠮᠠᠲ᠋ᠧᠷᠢᠶᠠᠯ ᠨᠢᠭᠡ ᠬᠤᠪᠢ︔ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾᠎ ᠎ ᠢ ᠭᠦᠢᠴᠡᠳᠬᠡᠵᠦ ᠥᠩᠭᠡᠷᠡᠭᠰᠡᠨ ᠦᠭᠡᠢ ᠪᠠᠶᠢᠪᠠᠯ᠂ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠬᠤᠶᠠᠷ ᠢᠮᠠᠬᠤ ᠶᠢᠨ ᠦᠨᠡᠮᠯᠡᠯ ᠤᠨ ᠦᠨᠡᠮᠯᠡᠯ ᠢ ᠨᠢᠭᠡ ᠬᠠᠭᠤᠳᠠᠰᠤ ᠬᠠᠩᠭᠠᠬᠤ ᠬᠡᠷᠡᠭᠲᠡᠢ᠃            ᠬᠤᠪᠢ ᠶᠢᠨ ᠡᠵᠡᠩᠨᠡᠯᠲᠡ ᠶᠢ ᠡᠷᠬᠢᠯᠡᠵᠦ ᠪᠠᠶᠢᠭ᠎ᠠ ᠬᠥᠳᠡᠯᠮᠦᠷᠢᠴᠢᠨ ᠠᠵᠢᠯ ᠣᠯᠬᠤ ᠳᠠᠩᠰᠠᠯᠠᠯᠲᠠ ᠬᠢᠬᠦ ᠳᠡᠭᠡᠨ ᠬᠥᠯᠥᠰᠦᠨ ᠠᠵᠢᠯᠴᠢᠨ ᠢ ᠬᠠᠮᠲᠤ ᠳᠤᠨᠢ ᠠᠵᠢᠯ ᠣᠯᠬᠤ ᠳᠠᠩᠰᠠᠯᠠᠯᠲᠠ ᠬᠢᠯᠭᠡᠬᠦ ᠶᠢᠨ ᠬᠠᠮᠲᠤ ᠬᠥᠯᠥᠰᠦᠨ ᠠᠵᠢᠯᠴᠢᠨ ᠤ ᠨᠡᠷᠡᠰ ᠤᠨ ᠲᠠᠩᠰᠠ ᠶᠢ ᠬᠠᠩᠭᠠᠨ᠎ᠠ᠃            ᠠᠰᠠᠭᠤᠯᠲᠠ᠄ ᠠᠵᠢᠯ ᠠᠯᠳᠠᠭᠰᠠᠨ ᠢᠶᠠᠷ ᠳᠠᠩᠰᠠᠯᠠᠭᠤᠯᠬᠤ ᠳᠠᠭᠠᠨ ᠶᠠᠮᠠᠷ ᠮᠠᠲ᠋ᠧᠷᠢᠶᠠᠯ ᠢ ᠠᠪᠴᠤ ᠶᠠᠪᠤᠬᠤ ᠪᠤᠶᠤ ᠪᠡᠯᠡᠳᠬᠡᠬᠦ ᠴᠢᠬᠤᠯᠠ ᠲᠠᠢ ᠪᠣᠢ︖            ᠬᠠᠷᠢᠭᠤᠯᠲᠠ᠄ ︵ᠨᠢᠭᠡ︶ ᠬᠥᠳᠡᠯᠮᠦᠷᠢᠯᠡᠬᠦ ᠨᠠᠰᠤᠨ ᠳᠤ᠂ ᠬᠥᠳᠡᠯᠮᠦᠷᠢᠯᠡᠬᠦ ᠴᠢᠳᠠᠪᠤᠷᠢ  ᠲᠠᠢ᠂ ᠠᠵᠢᠯ ᠣᠯᠬᠤ ᠱᠠᠭᠠᠷᠳᠠᠯᠭ᠎ᠠ  ᠲᠠᠢ᠂ ᠠᠵᠢᠯ ᠦᠭᠡᠢ ᠪᠠᠶᠢᠳᠠᠯ ᠳᠤ ᠪᠠᠶᠢᠭ᠎ᠠ ᠬᠤᠲᠠ ᠬᠥᠳᠡᠭᠡ ᠶᠢᠨ ᠬᠥᠳᠡᠯᠮᠦᠷᠢᠴᠢᠨ᠂ ᠲᠣᠰ ᠬᠥᠮᠥᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾︶᠎ ᠎ ᠢᠶᠠᠨ ᠠᠪᠴᠤ᠂ ︽ᠠᠵᠢᠯ ᠠᠯᠳᠠᠭᠰᠠᠳ ᠤᠨ ᠳᠠᠩᠰᠠᠯᠠᠯᠲᠠ ᠶᠢᠨ ᠬᠦᠰᠦᠨᠦᠭᠲᠦ︾᠎ ᠎ ᠶᠢ ᠲᠠᠭᠯᠠᠨ᠂ ᠬᠤᠪᠢ ᠬᠥᠮᠥᠨ ᠤ ᠦᠨᠳᠦᠰᠦᠨ ᠮᠡᠳᠡᠭᠡ ᠵᠠᠩᠭᠢ ᠪᠠ ᠠᠵᠢᠯ ᠠᠯᠳᠠᠭᠰᠠᠨ ᠰᠢᠯᠲᠠᠭᠠᠨ ᠢᠶᠠᠨ ᠬᠠᠩᠭᠠᠵᠤ᠂ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ ᠠᠯᠳᠠᠭᠰᠠᠨ ᠳᠠᠩᠰᠠᠯᠠᠯᠲᠠ ᠬᠢᠯᠭᠡᠬᠦ ᠶᠢᠨ ᠬᠠᠮᠲᠤ ᠲᠣᠰ ᠬᠥᠮᠥᠨ ᠨᠢ ᠲᠠᠭᠯᠠᠭᠰᠠᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠪᠢᠴᠢᠭ ᠤᠨ ᠠᠮᠠᠯᠠᠯᠲᠠ ᠬᠢᠨ᠎ᠡ︔ ︵ᠬᠤᠶᠠᠷ︶ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠠᠵᠢᠯ ᠠᠯᠳᠠᠭᠰᠠᠨ ᠢ ᠳᠠᠩᠰᠠᠯᠠᠭᠤᠯᠬᠤ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ 7 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠶᠢᠨ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠬᠢᠨᠠᠨ ᠬᠠᠷᠭᠤᠭᠤᠯᠬᠤ ᠬᠡᠷᠡᠭᠲᠡᠢ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠪᠠᠶᠢᠪᠠᠯ᠂ ᠭᠠᠷ ᠭᠦᠢᠴᠡᠳᠬᠡᠯ ᠬᠢᠵᠦ ᠥᠭᠭᠦᠭᠡᠳ᠂ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾᠎ ᠎ ᠳᠤ ᠠᠵᠢᠯ ᠠᠯᠳᠠᠭᠰᠠᠨ ᠢ ᠳᠡᠩᠰᠡᠯᠡᠨ ᠲᠡᠮᠳᠡᠭᠯᠡᠭᠰᠡᠨ ᠪᠠᠶᠢᠳᠠᠯ ᠢ ᠲᠡᠮᠳᠡᠭᠯᠡᠬᠦ ᠬᠡᠷᠡᠭᠲᠡᠢ᠃            ᠠᠰᠠᠭᠤᠯᠲᠠ᠄ ᠣᠶᠢᠷ᠎ᠠ ᠳᠤ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ᠂ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠶᠠᠮᠠᠷ ᠠᠭᠤᠯᠭ᠎ᠠ᠂ ᠡᠳᠡᠬᠡᠳ ᠪᠠ ᠪᠠᠷᠢᠮᠵᠢᠶ᠎ᠠ ᠨᠢ ᠶᠠᠭᠤ ᠪᠣᠶ            ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠪᠤᠶᠤ ᠬᠤᠷᠰᠢᠨ ᠠᠳᠠᠯ ᠦᠢᠯᠡᠰ ᠴᠣᠭᠴᠠᠯᠠᠬᠤ ᠳᠤ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶᠎ ᠎ ᠠᠴᠠ ᠭᠠᠳᠠᠨ᠎ᠠ᠂ ᠭᠤᠶᠤᠴᠢᠯᠠᠭᠴᠢ ᠨᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠲᠣᠰ ᠬᠥᠮᠥᠨ ᠵᠢᠴᠢ ᠲᠡᠭᠦᠨ ᠤ ᠬᠤᠯᠪᠣᠰᠤ ᠨᠢ ᠪᠤᠰᠤᠳ ᠵᠢᠭᠡᠯᠡᠯᠭᠡ ᠦᠭᠡᠢ ᠪᠣᠯ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠃            ᠲᠥᠷᠥ ᠶᠢᠨ ᠪᠣᠳᠣᠯᠭ᠎ᠠ ᠶᠢᠨ ᠡᠲᠡᠭᠡᠳ᠄ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ︵ᠵᠡᠮᠳᠡᠭ ᠬᠥᠮᠥᠨ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ᠂ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ ᠪᠠ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠣᠷᠣᠭᠴᠢ ᠪᠠᠭᠲᠠᠨ᠎ᠠ︶᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠦᠯᠵᠢᠶᠡᠨ ᠤ ᠬᠤᠳᠠᠯᠳᠤᠭᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠲᠠᠷᠢᠶᠠᠴᠢᠨ᠃            ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠬᠤᠪᠢ ᠬᠥᠮᠥᠨ ᠳᠤ ᠣᠯᠭᠤᠬᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠵᠣᠭᠤᠰ ᠵᠢᠭᠡᠯᠡᠭᠴᠢ ᠬᠤᠷᠰᠢᠨ ᠠᠳᠠᠯ ᠦᠢᠯᠡᠰ ᠴᠣᠭᠴᠠᠯᠠᠬᠤ ᠳᠤ ᠭᠦᠷᠪᠡᠯ᠂ ᠬᠤᠷᠰᠢᠨ ᠠᠳᠠᠯ ᠦᠢᠯᠡᠰ ᠴᠣᠭᠴᠠᠯᠠᠬᠤ ᠬᠥᠮᠥᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠂ ᠬᠠᠮᠤᠭ ᠤᠨ ᠥᠨᠳᠥᠷ ᠲᠡᠭᠡᠨ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢᠨ ᠳᠡᠭᠡᠳᠦ ᠬᠢᠵᠠᠭᠠᠷ ᠤᠨ ᠨᠡᠶᠢᠯᠡᠪᠦᠷᠢ ᠶᠢᠨ 110%᠎ ᠠᠴᠠ ᠳᠠᠪᠠᠭᠤᠯᠬᠤ ᠦᠭᠡᠢ ᠮᠥᠷᠲᠡᠭᠡᠨ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢᠨ ᠳᠡᠭᠡᠳᠦ ᠬᠢᠵᠠᠭᠠᠷ ᠠᠴᠠ ᠳᠠᠪᠠᠭᠤᠯᠬᠤ ᠦᠭᠡᠢ ᠪᠠᠶᠢᠬᠤ ᠬᠡᠷᠡᠭᠲᠡᠢ᠃            ᠠᠰᠠᠭᠤᠯᠲᠠ᠄ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠪᠠ ᠬᠦᠦ ᠶᠢᠨ ᠨᠣᠷᠮ᠎ᠠ ᠨᠢ ᠶᠠᠭᠤ ᠪᠣᠶ︖            ᠬᠠᠷᠢᠭᠤᠯᠲᠠ᠄ ᠡᠳ᠋ᠯᠡᠬᠦ ᠬᠤᠭᠤᠴᠠᠭ᠎ᠠ᠄ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠨᠢ ᠬᠠᠮᠤᠭ ᠣᠷᠳᠣ ᠳᠠᠭᠠᠨ 3 ᠵᠢᠯ ᠠᠴᠠ ᠬᠡᠲᠦᠷᠡᠵᠦ ᠪᠣᠯᠬᠤ ᠦᠭᠡᠢ᠂ ᠨᠡᠶᠢᠲᠡ ᠤᠳᠠᠭ᠎ᠠ ᠨᠢ 3 ᠤᠳᠠᠭ᠎ᠠ ᠠᠴᠠ ᠬᠡᠲᠦᠷᠡᠵᠦ ᠪᠣᠯᠬᠤ ᠦᠭᠡᠢ᠃ ᠵᠢᠭᠡᠯᠡᠯᠭᠡ ᠶᠢᠨ ᠬᠦᠦ ᠶᠢᠨ ᠨᠣᠷᠮ᠎ᠠ᠄ ᠵᠣᠭᠤᠰ ᠵᠢᠭᠡᠯᠡᠭᠴᠢ᠂ ᠭᠠᠷᠲᠠᠨ ᠭᠦᠢᠴᠡᠳᠬᠡᠬᠦ ᠪᠠᠩᠬᠢ᠂ ᠳᠠᠭᠠᠭᠠᠯᠲᠠ ᠶᠢᠨ ᠰᠠᠭᠤᠷᠢ ᠮᠥᠩᠭᠦ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠠᠴᠠ ᠵᠥᠪᠳᠡᠯᠴᠡᠨ ᠲᠣᠭᠲᠠᠭᠠᠨ᠎ᠠ᠃ 2023 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠡᠭᠡᠳᠦ ᠬᠢᠵᠠᠭᠠᠷ ᠨᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠷᠢᠯ ᠪᠦᠷᠢ ᠳᠤ ᠨᠡᠶᠢᠲᠡᠯᠡᠭᠰᠡᠨ 1 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠮᠥᠩᠭᠦ ᠶᠢᠨ ᠨᠣᠷᠮ᠎ᠠ LPR+150BPs ᠪᠣᠯᠣᠨ᠎ᠠ᠃ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ 50%᠎ ᠶᠢᠨ ᠡᠳ᠋ ᠤᠨ ᠵᠠᠰᠠᠭ ᠤᠨ ᠳᠠᠮ ᠬᠦᠦ ᠣᠯᠭᠤᠨ᠎ᠠ᠃ ᠬᠤᠭᠤᠴᠠᠭ᠎ᠠ ᠤᠷᠲᠤᠳᠬᠠᠭᠰᠠᠨ᠂ ᠬᠤᠭᠤᠴᠠᠭ᠎ᠠ ᠬᠡᠲᠦᠷᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠦ ᠣᠯᠭᠤᠬᠤ ᠦᠭᠡᠢ᠃            ᠠᠰᠠᠭᠤᠯᠲᠠ᠄ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠪᠠᠷᠢᠮᠵᠢᠶ᠎ᠠ ᠪᠠ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ ᠨᠢ ᠶᠠᠭᠤ ᠪᠣᠶ︖            ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠭᠠᠷᠲᠠᠨ ᠭᠦᠢᠴᠡᠳᠬᠡᠬᠦ ᠪᠠᠩᠬᠢ ᠠᠴᠠ ᠵᠢᠵᠢᠭ ᠪᠢᠴᠢᠯ ᠠᠵᠤ ᠠᠬᠤᠶᠢᠯᠠᠯ ᠤᠨ ᠪᠣᠳᠠᠲᠠᠢ ᠡᠯᠰᠡᠨ ᠬᠡᠷᠡᠭᠯᠡᠬᠦ ᠨᠥᠬᠦᠴᠡᠯ ᠳᠤ ᠨᠡᠶᠢᠴᠡᠬᠦ ᠬᠥᠮᠥᠨ ᠤ ᠲᠤᠭ᠎ᠠ ᠶᠢ ᠦᠨᠳᠦᠰᠦᠯᠡᠨ ᠵᠦᠢ ᠵᠣᠬᠢᠰᠲᠠᠢ ᠲᠣᠭᠲᠠᠭᠠᠵᠤ᠂ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠡᠳ᠋ᠯᠡᠬᠦ ᠬᠤᠭᠤᠴᠠᠭ᠎ᠠ ᠬᠢᠵᠠᠭᠠᠷ᠄ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠂ ᠨᠡᠶᠢᠲᠡ ᠲᠤᠭ᠎ᠠ ᠶᠢ 3 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠵᠢᠭᠡᠯᠡᠯᠭᠡ ᠶᠢᠨ ᠬᠦᠦ ᠶᠢᠨ ᠨᠣᠷᠮ᠎ᠠ᠄ ᠵᠣᠭᠤᠰ ᠵᠢᠭᠡᠯᠡᠭᠴᠢ᠂ ᠭᠠᠷᠲᠠᠨ ᠭᠦᠢᠴᠡᠳᠬᠡᠬᠦ ᠪᠠᠩᠬᠢ᠂ ᠳᠠᠭᠠᠭᠠᠯᠲᠠ ᠶᠢᠨ ᠰᠠᠭᠤᠷᠢ ᠮᠥᠩᠭᠦ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠠᠴᠠ ᠵᠥᠪᠳᠡᠯᠴᠡᠨ ᠲᠣᠭᠲᠠᠭᠠᠨ᠎ᠠ᠃ 2023 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠡᠭᠡᠳᠦ ᠬᠢᠵᠠᠭᠠᠷ ᠨᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠷᠢᠯ ᠪᠦᠷᠢ ᠳᠤ ᠨᠡᠶᠢᠲᠡᠯᠡᠭᠰᠡᠨ 1 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠮᠥᠩᠭᠦ ᠶᠢᠨ ᠨᠣᠷᠮ᠎ᠠ LPR+150BPs ᠪᠣᠯᠣᠨ᠎ᠠ᠃ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ 50%᠎ ᠶᠢᠨ ᠡᠳ᠋ ᠤᠨ ᠵᠠᠰᠠᠭ ᠤᠨ ᠳᠠᠮ ᠬᠦᠦ ᠣᠯᠭᠤᠨ᠎ᠠ᠃ ᠬᠤᠭᠤᠴᠠᠭ᠎ᠠ ᠤᠷᠲᠤᠳᠬᠠᠭᠰᠠᠨ᠂ ᠬᠤᠭᠤᠴᠠᠭ᠎ᠠ ᠬᠡᠲᠦᠷᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠦ ᠣᠯᠭᠤᠬᠤ ᠦᠭᠡᠢ᠃            ᠠᠰᠠᠭᠤᠯᠲᠠ᠄ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠭᠦᠢᠴᠡᠳᠬᠡᠬᠦ ᠳᠤ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠢ ᠪᠣᠶ︖            ᠬᠠᠷᠢᠭᠤᠯᠲᠠ᠄ ᠲᠤᠰᠢᠶᠠᠬᠤ ᠮᠠᠲ᠋ᠧᠷᠢᠶᠠᠯ᠄ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠠᠵᠢᠯᠲᠠᠨ ᠠᠵᠢᠯᠴᠢᠨ ᠤ ᠨᠡᠷ᠎ᠡ ᠶᠢᠨ ᠪᠦᠷᠢᠳᠬᠡᠯ ︵ᠵᠢᠭᠡᠯᠡᠯᠭᠡ ᠭᠤᠶᠤᠴᠢᠯᠠᠬᠤ ᠠᠴᠠ ᠡᠮᠦᠨ᠎ᠡ ᠨᠢᠭᠡ ᠵᠢᠯ ᠤᠨ ᠳᠣᠲᠣᠷ᠎ᠠ ᠡᠯᠰᠡᠨ ᠬᠡᠷᠡᠭᠯᠡᠭᠰᠡᠨ ᠬᠥᠮᠥᠨ ᠪᠠᠭᠲᠠᠨ᠎ᠠ︶᠂ ᠨᠡᠷ᠎ᠡ ᠶᠢᠨ ᠪᠦᠷᠢᠳᠬᠡᠯ ᠳᠣᠲᠣᠷ᠎ᠠ ᠠᠵᠢᠯ ᠣᠯᠣᠭᠰᠠᠨ ᠴᠠᠭ ᠪᠤᠶᠤ ᠬᠥᠳᠡᠯᠮᠦᠷᠢ ᠶᠢᠨ ᠭᠡᠷ᠎ᠡ ᠲᠣᠭᠲᠠᠭᠰᠠᠨ ᠴᠠᠭ ᠢ ᠲᠤᠰᠬᠠᠬᠤ ᠴᠢᠬᠤᠯᠠᠲᠠᠢ︔ ᠳᠡᠭᠡᠷ᠎ᠡ ᠵᠢᠯ ᠪᠠ ᠭᠤᠶᠤᠴᠢᠯᠠᠯ ᠳᠡᠪᠰᠢᠭᠦᠯᠦᠭᠰᠡᠨ ᠡᠳᠦᠷ ᠤᠨ ᠳᠡᠭᠡᠷ᠎ᠡ ᠨᠢᠭᠡ ᠰᠠᠷ᠎ᠠ ᠶᠢᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ︵ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ᠂ ᠣᠯᠵᠠᠪᠤᠷᠢ ᠠᠯᠳᠠᠪᠤᠷᠢ ᠶᠢᠨ ᠬᠦᠰᠦᠨᠦᠭᠲᠦ︶᠃            ᠠᠰᠠᠭᠤᠯᠲᠠ᠄ ᠨᠢᠭᠡ ᠯᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠶᠢᠨ ᠡᠳᠡᠬᠡᠳ ᠪᠠ ᠪᠠᠷᠢᠮᠵᠢᠶ᠎ᠠ ᠨᠢ ᠶᠠᠭᠤ ᠪᠣᠶ︖            ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠡᠲᠡᠭᠡᠳ᠄ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ︵ᠰᠤᠷᠭᠠᠭᠤᠯᠢ ᠳᠤ ᠪᠠᠶᠢᠭ᠎ᠠ ᠰᠣᠷᠣᠭᠴᠢ ᠪᠠᠭᠲᠠᠨ᠎ᠠ︶᠂ ᠠᠵᠢᠯ ᠣᠯᠬᠤ ᠳᠤ ᠬᠦᠴᠢᠷᠲᠡᠢ ᠬᠥᠮᠥᠰ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ᠂ ᠵᠡᠮᠳᠡᠭᠴᠦᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ᠃ ᠨᠥᠬᠦᠪᠦᠷᠢ ᠣᠯᠭᠤᠬᠤ ᠪᠠᠷᠢᠮᠵᠢᠶ᠎ᠠ᠄ 5000 ᠲᠥᠭᠦᠷᠢᠭ᠃            ᠡᠳ᠋ᠯᠡᠬᠦ ᠬᠤᠭᠤᠴᠠᠭ᠎ᠠ᠄ ᠨᠢᠭᠡ ᠯᠡ ᠤᠳᠠᠭ᠎ᠠ ᠶᠢᠨ ᠴᠢᠨᠠᠷᠲᠠᠢ᠃ ᠲᠤᠰᠢᠶᠠᠬᠤ ᠮᠠᠲ᠋ᠧᠷᠢᠶᠠᠯ᠄ ᠪᠡᠶ᠎ᠡ ᠶᠢᠨ ᠦᠨᠡᠮᠯᠡᠯ︔ ᠡᠵᠡᠩᠨᠡᠯᠲᠡ ᠶᠢᠨ ᠦᠨᠡᠮᠯᠡᠯ ᠪᠤᠶᠤ ᠠᠵᠤ ᠠᠬᠤᠢ ᠶᠢᠨ ᠪᠣᠳᠠᠲᠤ ᠴᠣᠭᠴᠠ ᠶᠢ ᠡᠭᠦᠳᠦᠨ ᠪᠠᠶᠢᠭᠤᠯᠤᠭᠰᠠᠨ ᠬᠦᠴᠦᠨ ᠪᠦᠬᠦᠢ ᠭᠡᠷᠡᠴᠢ ᠵᠢᠴᠢ ᠪᠠᠭᠤᠯᠭᠠᠪᠤᠷᠢ︔ ᠠᠳᠠᠯ ᠦᠢᠯᠡᠰ ᠴᠣᠭᠴᠠᠯᠠᠬᠤ ᠭᠤᠣᠯ ᠴᠣᠭᠴᠠ ᠶᠢᠨ ᠪᠠᠩᠬᠢ ᠳᠤ ᠪᠠᠶᠢᠭᠤᠯᠤᠭᠰᠠᠨ ᠲᠠᠩᠰᠠᠨ ᠡᠷᠦᠬᠡ ᠶᠢᠨ ᠨᠡᠷᠡᠶᠢᠳᠦᠯ ᠪᠠ ᠲᠠᠩᠰᠠᠨ ᠨᠣᠮᠧᠷ︔ ︽ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠲᠥᠯᠥᠪᠯᠡᠭᠡ ᠶᠢᠨ ᠪᠢᠴᠢᠭ︾︔ ᠠᠳᠠᠯ ᠦᠢᠯᠡᠰ ᠴᠣᠭᠴᠠᠯᠠᠬᠤ ᠪᠣᠳᠠᠲᠤ ᠴᠣᠭᠴᠠ ᠶᠢᠨ ᠲᠣᠶᠢᠮᠣᠴᠢᠯᠠᠯ᠃            ᠠᠰᠠᠭᠤᠯᠲᠠ᠄ ᠲᠥᠷᠥ ᠶᠢᠨ ᠪᠣᠳᠣᠯᠭ᠎ᠠ ᠶᠢᠨ ᠲᠥᠷᠥᠯ ᠤᠨ ᠠᠰᠠᠭᠤᠳᠠᠯ᠂ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠨᠥᠬᠦᠪᠦᠷᠢ ᠶᠢᠨ ᠠᠭᠤᠯᠭ᠎ᠠ ᠨᠢ ᠶᠠᠭᠤ ᠪᠣᠶ︖            ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠬᠠᠤᠯᠢ ᠶᠣᠰᠣᠭᠠᠷ ᠪᠠᠶᠢᠭᠤᠯᠤᠭᠰᠠᠨ᠂ ᠠᠵᠢᠯ ᠣᠯᠭᠤᠯᠲᠠ ᠶᠢ ᠠᠬᠢᠭᠤᠯᠤᠭᠰᠠᠨ ᠦᠷ᠎ᠡ ᠪᠦᠲᠦᠮᠵᠢ ᠪᠠᠷ ᠢᠯᠡᠷᠬᠡᠢ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠲᠤ᠂ ᠪᠣᠳᠠᠲᠠᠢ ᠨᠡᠪᠴᠢᠭᠦᠯᠦᠭᠰᠡᠨ ︵ᠳᠡᠩᠰᠡᠯᠡᠨ ᠲᠡᠮᠳᠡᠭᠯᠡᠬᠦ ᠶᠢᠨ ᠬᠠᠮᠲᠤ ᠰᠠᠭᠤᠷᠢᠨ ᠭᠠᠵᠠᠷ ᠠᠴᠠ ᠨᠡᠭᠦᠯᠭᠡᠭᠰᠡᠨ︶ ᠡᠷᠦᠬᠡ ᠶᠢᠨ ᠲᠤᠭ᠎ᠠ ᠪᠠᠷ ᠡᠷᠦᠬᠡ ᠪᠦᠷᠢ ᠳᠤ 5000 ᠲᠥᠭᠦᠷᠢᠭ ᠠᠴᠠ ᠬᠡᠲᠦᠷᠡᠬᠦ ᠦᠭᠡᠢ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠨᠥᠬᠦᠪᠦᠷᠢ ︵ᠠᠳᠠᠯ ᠦᠢᠯᠡᠰ ᠴᠣᠭᠴᠠᠯᠠᠬᠤ ᠨᠡᠪᠴᠢᠭᠦᠯᠬᠦ ᠨᠥᠬᠦᠪᠦᠷᠢ ᠬᠢᠭᠡᠳ ᠨᠢᠭᠡ ᠯᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠶᠢ ᠳᠠᠪᠬᠤᠷᠳᠠᠭᠤᠯᠤᠨ ᠭᠥᠷᠳᠡᠵᠦ ᠪᠣᠯᠬᠤ ᠦᠭᠡᠢ︶ ᠣᠯᠭᠤᠵᠤ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠡᠲᠡᠭᠡᠳ᠄ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ            ᠲᠤᠰᠢᠶᠠᠬᠤ ᠮᠠᠲ᠋ᠧᠷᠢᠶᠠᠯ᠄ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠤᠨ ᠡᠵᠡᠩᠨᠡᠯᠲᠡ ᠶᠢᠨ ᠨᠢᠭᠡᠴᠢ ᠶᠢᠨ ᠡᠵᠡᠩᠨᠡᠯᠲᠡ ᠶᠢᠨ ᠦᠨᠡᠮᠯᠡᠯ︔ ᠠᠵᠤ ᠠᠬᠤᠶᠢᠯᠠᠯ ᠤᠨ ᠨᠡᠷᠡᠰ ᠤᠨ ᠪᠦᠷᠢᠳᠬᠡᠯ᠂ ᠣᠷᠣᠵᠤ ᠰᠠᠭᠤᠬᠤ ᠬᠡᠯᠡᠯᠴᠡᠭᠡᠷ ᠪᠠ ᠴᠡᠴᠡᠷᠯᠢᠭ ᠠᠴᠠ ᠨᠡᠪᠴᠢᠭᠦᠯᠬᠦ ᠬᠤᠯᠪᠣᠭᠳᠠᠬᠤ ᠮᠠᠲ᠋ᠧᠷᠢᠶᠠᠯ ᠢ ᠠᠮᠵᠢᠯᠲᠠ ᠲᠠᠢ ᠨᠡᠪᠴᠢᠭᠦᠯᠪᠡ︔ ᠠᠮᠠᠯᠠᠯᠲᠠ ᠶᠢᠨ ᠪᠢᠴᠢᠭ᠃            ᠠᠰᠠᠭᠤᠯᠲᠠ᠄ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠦᠷᠢ ᠳᠤ ᠶᠠᠮᠠᠷ ᠠᠭᠤᠯᠭ᠎ᠠ ᠪᠠᠶᠢᠬᠤ ᠪᠣᠶ︖            ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠠᠵᠢᠯ ᠣᠯᠭᠤᠯᠲᠠ ᠶᠢ ᠳᠠᠶᠢᠴᠢᠯᠠᠬᠤ ᠶᠠᠰᠤ ᠴᠢᠨᠠᠷ ᠢᠶᠠᠷ ᠰᠠᠶᠢᠨ᠂ ᠠᠵᠢᠯᠲᠠᠨ ᠢ ᠦᠯᠡᠳᠡᠭᠡᠨ ᠬᠡᠷᠡᠭᠯᠡᠬᠦ ᠨᠣᠷᠮ᠎ᠠ ᠪᠠᠷ ᠥᠨᠳᠥᠷ ᠨᠢ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠳᠤ᠂ ᠰᠢᠨ᠎ᠡ ᠪᠠᠷ ᠨᠡᠮᠡᠭᠳᠡᠭᠰᠡᠨ 1 ᠬᠥᠮᠥᠨ ᠪᠦᠷᠢ ᠳᠤ 3000 ᠲᠥᠭᠦᠷᠢᠭ ᠤᠨ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠦᠷᠢ ᠣᠯᠭᠤᠵᠤ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠡᠲᠡᠭᠡᠳ᠄ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠲᠤ ᠣᠷᠣᠵᠤ ᠰᠠᠭᠤᠭᠰᠠᠨ ᠨᠡᠪᠴᠢᠭᠦᠯᠬᠦ ᠠᠵᠤ ᠠᠬᠤᠶᠢᠯᠠᠯ            ᠲᠤᠰᠢᠶᠠᠬᠤ ᠮᠠᠲ᠋ᠧᠷᠢᠶᠠᠯ᠄ ᠡᠵᠡᠩᠨᠡᠯᠲᠡ ᠶᠢᠨ ᠦᠨᠡᠮᠯᠡᠯ︔ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ ᠠᠵᠤ ᠠᠬᠤᠶᠢᠯᠠᠯ ᠤᠨ ᠬᠤᠶᠠᠷ ᠵᠢᠯ ᠰᠢᠬᠠᠮ ᠤᠨ ᠠᠵᠢᠯᠲᠠᠨ ᠠᠵᠢᠯᠴᠢᠨ ᠤ ᠨᠡᠷᠡᠰ ᠤᠨ ᠪᠦᠷᠢᠳᠬᠡᠯ ᠨᠢ ᠲᠤᠰ ᠰᠠᠷ᠎ᠠ ᠶᠢᠨ ᠣᠳᠣ ᠪᠠᠶᠢᠭ᠎ᠠ ᠠᠵᠢᠯᠲᠠᠨ ᠠᠵᠢᠯᠴᠢᠨ ᠤ ᠨᠡᠷᠡᠰ ᠤᠨ ᠪᠦᠷᠢᠳᠬᠡᠯ ︵ᠲᠤᠰ ᠵᠢᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠠᠵᠢᠯᠲᠠᠨ᠂ ᠨᠡᠷᠡᠰ ᠤᠨ ᠪᠦᠷᠢᠳᠬᠡᠯ ᠳᠤ ᠠᠵᠢᠯ ᠣᠯᠣᠭᠰᠠᠨ ᠴᠠᠭ ᠪᠤᠶᠤ ᠬᠥᠳᠡᠯᠮᠦᠷᠢ ᠶᠢᠨ ᠭᠡᠷ᠎ᠡ ᠲᠣᠭᠲᠠᠭᠰᠠᠨ ᠴᠠᠭ ᠢ ᠲᠤᠰᠬᠠᠬᠤ ᠴᠢᠬᠤᠯᠠ  ᠲᠠᠢ︶᠎ ᠎ ᠢ ᠭᠤᠶᠤᠴᠢᠯᠠᠨ᠎ᠠ᠃            ᠠᠰᠠᠭᠤᠯᠲᠠ᠄ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠭᠤᠶᠤᠴᠢᠯᠠᠯ ᠤᠨ ᠮᠠᠲ᠋ᠧᠷᠢᠶᠠᠯ ᠳᠤ ᠶᠠᠭᠤ ᠶᠠᠭᠤ ᠪᠠᠶᠢᠬᠤ ᠪᠣᠶ︖            ᠬᠠᠷᠢᠭᠤᠯᠲᠠ᠄ 1. ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠡᠷᠢᠬᠦ ᠪᠦᠷᠢᠳᠬᠡᠯ ᠤᠨ ᠬᠦᠰᠦᠨᠦᠭᠲᠦ ︵ᠣᠶᠢᠷ᠎ᠠ ᠶᠢᠨ ᠬᠤᠭᠤᠴᠠᠭᠠᠨ ᠤ ᠬᠡᠷᠡᠯ ᠵᠢᠷᠤᠭ ᠨᠢᠭᠡ ᠬᠠᠭᠤᠳᠠᠰᠤ︶ 2᠂ ᠠᠵᠢᠯ ᠣᠯᠣᠭᠰᠠᠨ ᠪᠠ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ ᠤᠨ ᠤᠭ ᠮᠠᠲ᠋ᠧᠷᠢᠶᠠᠯ 3᠂ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠲᠦᠷᠦᠭᠦᠸ ᠨᠢᠭᠤᠷ ᠵᠢᠴᠢ ᠲᠣᠰ ᠬᠥᠮᠥᠨ ᠤ ᠨᠢᠭᠤᠷ︶            ᠠᠰᠠᠭᠤᠯᠲᠠ᠄ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ  ᠶᠢ ᠭᠦᠢᠴᠡᠳᠬᠡᠬᠦ ᠳᠤ ᠶᠠᠮᠠᠷ ᠬᠡᠳᠦᠨ ᠵᠦᠢᠯ ᠤᠨ ᠠᠷᠭ᠎ᠠ ᠮᠠᠶ᠋ᠢᠭ ᠪᠠᠶᠢᠬᠤ ᠪᠤᠶ︖            ᠬᠠᠷᠢᠭᠤᠯᠲᠠ᠄ 1. ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠯᠠᠩᠭᠦᠢ ᠶᠢᠨ ᠴᠣᠩᠬᠤᠨ ᠳᠤ ᠬᠦᠷᠴᠦ ᠭᠤᠶᠤᠴᠢᠯᠠᠨ ᠠᠪᠤᠨ᠎ᠠ︔ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ᠶᠢᠨ ᠴᠠᠬᠢᠮ ᠰᠦᠯᠵᠢᠶ᠎ᠡ +ᠠᠵᠢᠯ ᠶᠠᠪᠤᠳᠠᠯ ᠭᠦᠢᠴᠡᠳᠬᠡᠬᠦ ᠶᠡᠭᠡ ᠲᠢᠩᠬᠢᠮ ᠤᠨ ᠬᠤᠪᠢ ᠬᠥᠮᠥᠨ ᠤ ᠠᠵᠢᠯ 3. ᠤᠯᠤᠰ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ ᠠᠵᠢᠯ ᠠᠯᠳᠠᠭᠰᠠᠳ ᠤᠨ ᠳᠠᠭᠠᠳᠬᠠᠯ ᠤᠨ ᠬᠠᠷᠠᠭᠠᠯᠵᠠᠯ ᠭᠤᠶᠤᠴᠢᠯᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠭᠤᠶᠤᠴᠢᠯᠠᠨ᠎ᠠ︔ 4. ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠭᠠᠷ ᠤᠲᠠᠰᠤᠨ ᠤ APP᠎ ᠪᠠᠷ ᠳᠠᠮᠵᠢᠭᠤᠯᠤᠨ ᠭᠤᠶᠤᠴᠢᠯᠠᠨ ᠠᠪᠤᠨ᠎ᠠ︔ 5. ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠪᠤᠯᠤᠩ ᠪᠤᠶᠤ ᠡᠯᠧᠺᠲᠷᠣᠨ ᠺᠠᠷᠲ ᠤᠨ ᠪᠣᠭᠴᠣ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠤᠯᠤᠩ ᠢᠶᠠᠷ ᠳᠠᠮᠵᠢᠭᠤᠯᠤᠨ ᠭᠤᠶᠤᠴᠢᠯᠠᠨ ᠠᠪᠤᠨ᠎ᠠ︔ 6. ᠲᠣᠭᠠᠴᠠᠭ᠎ᠠ ᠡᠷᠳᠡᠨᠢ᠂ ᠸᠢᠴᠠᠲ ᠤᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠵᠢᠵᠢᠭ ᠳᠡᠰ ᠳᠠᠷᠠᠭᠠᠯᠠᠯ  ᠢᠶᠠᠷ ᠳᠠᠮᠵᠢᠭᠤᠯᠤᠨ ᠭᠤᠶᠤᠴᠢᠯᠠᠨ ᠠᠪᠤᠨ᠎ᠠ᠃            ᠠᠰᠠᠭᠤᠯᠲᠠ᠄ ᠠᠵᠢᠯ ᠣᠯᠬᠤ ᠳᠤ ᠬᠦᠴᠢᠷᠲᠡᠢ ᠬᠥᠮᠥᠰ ᠲᠤ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠨᠢ ᠶᠠᠭᠤ ᠪᠣᠶ︖            ᠬᠠᠷᠢᠭᠤᠯᠲᠠ᠄ ᠠᠵᠢᠯ ᠣᠯᠬᠤ ᠳᠤ ᠬᠦᠴᠢᠷᠲᠡᠢ ᠬᠥᠮᠥᠰ ᠤᠨ ᠠᠮᠢᠳᠤᠯᠢᠭ ᠢᠶᠠᠷ ᠠᠵᠢᠯ ᠣᠯᠣᠭᠰᠠᠨ ᠤ ᠳᠠᠷᠠᠭ᠎ᠠ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠳᠤ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠂ ᠨᠥᠬᠦᠪᠦᠷᠢ ᠣᠯᠭᠤᠬᠤ ᠪᠠᠷᠢᠮᠵᠢᠶ᠎ᠠ  ᠶᠢ ᠵᠠᠷᠴᠢᠮ ᠳᠡᠭᠡᠷ᠎ᠡ ᠪᠠᠨ ᠲᠡᠭᠦᠨ ᠤ ᠪᠣᠳᠠᠲᠠᠢ ᠲᠤᠰᠢᠶᠠᠭᠰᠠᠨ ᠰᠦᠢᠳᠬᠡᠯ ᠤᠨ 2/3᠎ ᠠᠴᠠ ᠬᠡᠲᠦᠷᠡᠭᠦᠯᠵᠦ ᠪᠣᠯᠬᠤ ᠦᠭᠡᠢ᠃ ᠠᠵᠢᠯ ᠣᠯᠬᠤ ᠳᠤ ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠬᠤᠭᠤᠴᠠᠭ᠎ᠠ ᠶᠢ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 5 ᠵᠢᠯ ᠬᠦᠷᠬᠦ ᠦᠭᠡᠢ ᠠᠵᠢᠯ ᠣᠯᠬᠤ ᠳᠤ ᠬᠦᠴᠢᠷᠲᠡᠢ ᠬᠥᠮᠥᠰ ᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠠᠴᠠ ᠭᠠᠳᠠᠨ᠎ᠠ᠂ ᠪᠤᠰᠤᠳ ᠬᠥᠮᠥᠰ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ ︵ᠠᠩᠬ᠎ᠠ ᠤᠳᠠᠭ᠎ᠠ ᠬᠢᠨᠠᠨ ᠲᠣᠭᠲᠠᠭᠠᠭᠰᠠᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠥᠷᠳᠡᠬᠦ ᠦᠶ᠎ᠡ ᠶᠢᠨ ᠨᠠᠰᠤ ᠪᠠᠷ ᠪᠠᠷᠢᠮᠵᠢᠶ᠎ᠠ ᠪᠣᠯᠭᠠᠨ᠎ᠠ︶᠃            ᠭᠦᠢᠴᠡᠳᠬᠡᠬᠦ ᠶᠠᠪᠤᠴᠠ᠄ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠠᠴᠠ ᠠᠰᠠᠭᠤᠨ ᠯᠠᠪᠯᠠᠵᠤ ᠭᠦᠢᠴᠡᠳᠬᠡᠵᠦ ᠪᠣᠯᠣᠨ᠎ᠠ            ᠠᠰᠠᠭᠤᠯᠲᠠ᠄ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠨᠢ ᠶᠠᠭᠤ ᠪᠣᠶ︖            ᠬᠠᠷᠢᠭᠤᠯᠲᠠ᠄ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠰᠠᠨ ᠦᠭᠡᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠮᠢᠳᠤᠯᠢᠭ ᠢᠶᠠᠷ ᠠᠵᠢᠯ ᠣᠯᠣᠭᠰᠠᠨ ᠤ ᠳᠠᠷᠠᠭ᠎ᠠ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠳᠤ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠂ ᠨᠥᠬᠦᠪᠦᠷᠢ ᠣᠯᠭᠤᠬᠤ ᠪᠠᠷᠢᠮᠵᠢᠶ᠎ᠠ  ᠶᠢ ᠵᠠᠷᠴᠢᠮ ᠳᠡᠭᠡᠷ᠎ᠡ ᠪᠠᠨ ᠲᠡᠭᠦᠨ ᠤ ᠪᠣᠳᠠᠲᠠᠢ ᠲᠤᠰᠢᠶᠠᠭᠰᠠᠨ ᠵᠠᠷᠤᠳᠠᠯ ᠤᠨ 2/3᠎ ᠠᠴᠠ ᠬᠡᠲᠦᠷᠡᠭᠦᠯᠵᠦ ᠪᠣᠯᠬᠤ ᠦᠭᠡᠢ᠂ ᠨᠥᠬᠦᠪᠦᠷᠢ ᠣᠯᠭᠤᠬᠤ ᠬᠤᠭᠤᠴᠠᠭ᠎ᠠ  ᠶᠢ ᠬᠠᠮᠤᠭ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠃            ᠭᠦᠢᠴᠡᠳᠬᠡᠬᠦ ᠶᠠᠪᠤᠴᠠ᠄ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠠᠴᠠ ᠠᠰᠠᠭᠤᠨ ᠯᠠᠪᠯᠠᠵᠤ ᠭᠦᠢᠴᠡᠳᠬᠡᠵᠦ ᠪᠣᠯᠣᠨ᠎ᠠ            ᠠᠰᠠᠭᠤᠯᠲᠠ᠄ ᠠᠵᠤ ᠠᠬᠤᠶᠢᠯᠠᠯ ᠠᠵᠢᠯ ᠣᠯᠬᠤ ᠳᠤ ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠰᠢᠩᠭᠡᠬᠡᠨ ᠠᠪᠬᠤ ᠳᠤ ᠶᠠᠭᠤ ᠪᠠᠶᠢᠳᠠᠭ ᠪᠣᠶ︖            ᠬᠠᠷᠢᠭᠤᠯᠲᠠ᠄ ᠲᠥᠷᠥ ᠶᠢᠨ ᠪᠣᠳᠣᠯᠭ᠎ᠠ᠄ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠬᠡᠷᠡᠭᠯᠡᠬᠦ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠨᠢᠭᠡᠴᠢ ᠳᠤ᠂ ᠲᠡᠭᠦᠨ ᠤ ᠠᠵᠢᠯ ᠣᠯᠬᠤ ᠳᠤ ᠬᠦᠴᠢᠷᠲᠡᠢ ᠬᠥᠮᠥᠰ ᠤᠨ ᠪᠣᠳᠠᠲᠠᠢ ᠲᠤᠰᠢᠶᠠᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠪᠠ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠶᠣᠰᠣᠭᠠᠷ ᠨᠥᠬᠦᠪᠦᠷᠢ ᠣᠯᠭᠤᠨ᠎ᠠ᠂ ᠡᠭᠦᠨ ᠳᠤ ᠠᠵᠢᠯ ᠣᠯᠬᠤ ᠳᠤ ᠬᠦᠴᠢᠷᠲᠡᠢ ᠬᠥᠮᠥᠰ ᠤᠨ ᠬᠤᠪᠢ ᠬᠥᠮᠥᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠢ᠃            ᠭᠦᠢᠴᠡᠳᠬᠡᠬᠦ ᠶᠠᠪᠤᠴᠠ᠄ ᠲᠤᠬᠠᠢ ᠶᠢᠨ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ ᠰᠢᠢᠳᠪᠦᠷᠢᠯᠡᠵᠦ ᠪᠣᠯᠣᠨ᠎ᠠ            ᠠᠰᠠᠭᠤᠯᠲᠠ᠄ ᠠᠵᠤ ᠠᠬᠤᠶᠢᠯᠠᠯ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠰᠢᠩᠭᠡᠬᠡᠨ ᠠᠪᠬᠤ ᠳᠤ ᠶᠠᠭᠤ ᠪᠠᠶᠢᠳᠠᠭ ᠪᠣᠶ︖            ᠬᠠᠷᠢᠭᠤᠯᠲᠠ᠄ ᠲᠥᠷᠥ ᠶᠢᠨ ᠪᠣᠳᠣᠯᠭ᠎ᠠ᠄ ᠰᠤᠷᠭᠠᠭᠤᠯᠢ ᠲᠡᠭᠦᠰᠦᠭᠰᠡᠨ ᠣᠨ ᠪᠠ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠵᠦ᠂ ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠲᠡᠭᠦᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠭᠰᠡᠨ ᠵᠢᠵᠢᠭ ᠪᠢᠴᠢᠯ ᠠᠵᠤ ᠠᠬᠤᠶᠢᠯᠠᠯ ᠳᠤ ᠬᠠᠮᠤᠭ ᠤᠨ ᠣᠷᠳᠣ ᠳᠠᠭᠠᠨ 1 ᠵᠢᠯ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠂ ᠡᠭᠦᠨ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ ᠬᠥᠮᠥᠨ ᠤ ᠲᠤᠰᠢᠶᠠᠬᠤ ᠶᠣᠰᠣᠲᠠᠢ ᠬᠡᠰᠡᠭ ᠢ ᠪᠠᠭᠲᠠᠭᠠᠬᠤ ᠦᠭᠡᠢ᠃            ᠭᠦᠢᠴᠡᠳᠬᠡᠬᠦ ᠶᠠᠪᠤᠴᠠ᠄ ᠲᠤᠬᠠᠢ ᠶᠢᠨ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ ᠰᠢᠢᠳᠪᠦᠷᠢᠯᠡᠵᠦ ᠪᠣᠯᠣᠨ᠎ᠠ            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号