︽ᠬᠡᠮᠵᠢᠶᠡᠯᠡᠨ ᠪᠣᠭᠤᠳᠠᠯᠯᠠᠬᠤ ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠎ ᠎ ᠶᠢᠨ ᠲᠤᠬᠠᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/26
﹇ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ﹈                        2023 ᠣᠨ ᠤ 11ᠳ᠋ᠦ᠋ᠭᠡᠷ ᠰᠠᠷ᠎ᠠ ᠶᠢᠨ 22᠎ ᠤᠨ ᠡᠳᠦᠷ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠩᠰᠢᠶᠠ ᠶᠢᠨ ᠬᠡᠮᠵᠢᠯᠲᠡ ᠶᠢᠨ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠳᠤ ᠨᠠᠶᠢᠳᠠᠵᠤ᠂ ᠲᠣᠰ ᠲᠣᠰ ᠠᠯᠠᠱᠠ ᠵᠡᠭᠦᠨ ᠬᠤᠰᠢᠭᠤᠨ ᠤ ᠬᠡᠳᠦᠨ ᠠᠮᠤ ᠲᠣᠰᠣᠨ ᠤ ᠳᠡᠯᠭᠡᠭᠦᠷ ᠵᠢᠴᠢ ᠠᠮᠤ ᠲᠣᠰᠣᠨ ᠤ ᠠᠷᠠᠯᠵᠢᠶᠠᠨ ᠤ ᠺᠣᠮᠫᠠᠨᠢ ᠶᠢᠨ ᠪᠣᠷᠣᠯᠠᠭᠤᠯᠵᠤ᠂ ᠦᠢᠯᠡᠳᠪᠦᠷᠢᠯᠡᠭᠰᠡᠨ ᠲᠤᠲᠤᠷᠭ᠎ᠠ ᠪᠣᠯᠣᠨ ᠭᠤᠯᠢᠷ ᠲᠤ ᠲᠣᠭᠲᠠᠭᠰᠠᠨ ᠬᠡᠮᠵᠢᠶ᠎ᠡ ᠲᠠᠢ ᠪᠣᠭᠤᠳᠠᠯ ᠤᠨ ᠥᠯᠢᠭᠡᠷ ᠠᠪᠴᠤ ᠰᠢᠯᠭᠠᠨ ᠪᠠᠶᠢᠴᠠᠭᠠᠯᠲᠠ ᠬᠢᠪᠡ᠃ 2023 ᠣᠨ ᠤ 12 ᠳ᠋ᠤᠭᠠᠷ ᠰᠠᠷ᠎ᠠ ᠶᠢᠨ 4᠎ ᠤ ᠡᠳᠦᠷ᠂ ᠨᠢᠩᠰᠢᠶᠠ ᠶᠢᠨ ᠬᠡᠮᠵᠢᠯᠲᠡ ᠶᠢᠨ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠭᠠᠷᠭᠠᠭᠰᠠᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠳᠡᠭᠡᠷ᠎ᠡ ᠳᠤᠷᠠᠳᠤᠭᠰᠠᠨ ᠰᠤᠭᠤᠯᠤᠨ ᠪᠠᠶᠢᠴᠠᠭᠠᠭᠳᠠᠭᠰᠠᠨ ᠲᠤᠲᠤᠷᠭ᠎ᠠ ᠪᠠ ᠭᠤᠯᠢᠷ ᠲᠤ ︽ᠴᠡᠪᠡᠷ ᠠᠭᠤᠯᠤᠭᠳᠠᠴᠠ ᠶᠢᠨ ᠲᠣᠳᠣᠷᠬᠠᠶᠢᠯᠠᠯᠲᠠ ᠪᠠ ᠴᠡᠪᠡᠷ ᠠᠭᠤᠯᠤᠭᠳᠠᠴᠠ ᠨᠢ ᠴᠥᠮ ᠬᠢᠷᠢ ᠲᠡᠩᠴᠡᠭᠰᠡᠨ ᠦᠭᠡᠢ︾ ᠪᠤᠶᠤ ︽ᠴᠡᠪᠡᠷ ᠠᠭᠤᠯᠤᠭᠳᠠᠴᠠ ᠶᠢᠨ ᠲᠣᠳᠣᠷᠬᠠᠶᠢᠯᠠᠯᠲᠠ ᠎ ᠨᠢ ᠬᠢᠷᠢ ᠲᠡᠩᠴᠡᠭᠰᠡᠨ ᠦᠭᠡᠢ᠂ ᠴᠡᠪᠡᠷ ᠠᠭᠤᠯᠤᠭᠳᠠᠴᠠ ᠨᠢ ᠴᠥᠮ ᠬᠢᠷᠢ ᠲᠡᠩᠴᠡᠭᠰᠡᠨ ᠦᠭᠡᠢ︾ ᠠᠰᠠᠭᠤᠳᠠᠯ ᠣᠷᠣᠰᠢᠵᠤ ᠪᠠᠶᠢᠨ᠎ᠠ᠃            【ᠬᠡᠷᠡᠭ ᠤᠨ ᠰᠢᠨᠵᠢ ᠴᠢᠨᠠᠷ】            ᠲᠤᠬᠠᠢ ᠶᠢᠨ ᠬᠥᠮᠥᠨ ᠤ ᠠᠵᠢᠯᠯᠠᠭ᠎ᠠ ᠨᠢ ︽ᠬᠡᠮᠵᠢᠶ᠎ᠡ ᠲᠠᠢ ᠪᠠᠷ ᠪᠣᠭᠤᠳᠠᠯᠯᠠᠭᠰᠠᠨ ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠎ ᠎ ᠶᠢᠨ ᠵᠢᠷᠭᠤᠳᠤᠭᠠᠷ ᠵᠦᠢᠯ ᠤᠨ ︽ᠬᠡᠮᠵᠢᠶ᠎ᠡ ᠲᠠᠢ ᠪᠠᠷ ᠪᠣᠭᠤᠳᠠᠯᠯᠠᠭᠰᠠᠨ ᠲᠠᠸᠠᠷ ᠤᠨ ᠴᠡᠪᠡᠷ ᠠᠭᠤᠯᠤᠭᠳᠠᠴᠠ ᠶᠢᠨ ᠵᠡᠭᠦᠯᠲᠡ ᠬᠠᠲᠠᠭᠰᠠᠨ ᠦᠰᠦᠭ ᠲᠡᠮᠳᠡᠭ ᠤᠨ ᠬᠠᠮᠤᠭ ᠤᠨ ᠪᠠᠭ᠎ᠠ ᠥᠨᠳᠥᠷ ᠤᠨ ᠬᠡᠮᠵᠢᠶ᠎ᠡ ᠨᠢ ᠲᠤᠰ ᠠᠷᠭ᠎ᠠ ᠶᠢᠨ ᠬᠠᠪᠰᠤᠷᠤᠯᠲᠠ 2᠎ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃︾ ᠪᠣᠯᠣᠨ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ᠄ ︽ᠪᠥᠭᠡᠮ ᠢᠶᠠᠷ ᠬᠡᠮᠵᠢᠶ᠎ᠡ ᠲᠠᠢ ᠪᠠᠷ ᠪᠣᠭᠤᠳᠠᠯᠯᠠᠭᠰᠠᠨ ᠲᠠᠸᠠᠷ ᠤᠨ ᠪᠣᠳᠠᠲᠠᠢ ᠠᠭᠤᠯᠤᠭᠳᠠᠴᠠ ᠨᠢ ᠲᠡᠭᠦᠨ ᠤ ᠲᠣᠳᠣᠷᠬᠠᠶᠢᠯᠠᠭᠰᠠᠨ ᠴᠡᠪᠡᠷ ᠠᠭᠤᠯᠤᠭᠳᠠᠴᠠ ᠠᠴᠠ ᠶᠡᠭᠡ ᠪᠤᠶᠤ ᠲᠡᠭᠦᠨ ᠲᠠᠢ ᠲᠡᠩᠴᠡᠭᠦᠦ ᠪᠠᠶᠢᠬᠤ ᠬᠡᠷᠡᠭᠲᠡᠢ᠃︾ ᠲᠣᠭᠲᠠᠭᠠᠯ ᠳᠤ᠂ ᠨᠢᠭᠡᠨᠲᠡ ᠴᠡᠪᠡᠷ ᠠᠭᠤᠯᠤᠭᠳᠠᠴᠠ ᠶᠢᠨ ᠬᠡᠮᠵᠢᠶ᠎ᠡ ᠪᠠ ᠪᠣᠳᠠᠲᠠᠢ ᠴᠡᠪᠡᠷ ᠠᠭᠤᠯᠤᠭᠳᠠᠴᠠ ᠶᠢᠨ ᠬᠡᠮᠵᠢᠶ᠎ᠡ ᠨᠢ ᠲᠣᠭᠲᠠᠭᠰᠠᠨ ᠬᠡᠮᠵᠢᠶ᠎ᠡ ᠪᠠᠷ ᠪᠣᠭᠤᠳᠠᠯᠯᠠᠭᠰᠠᠨ ᠲᠠᠸᠠᠷ ᠲᠤ ᠬᠦᠷᠬᠦ ᠦᠭᠡᠢ ᠪᠠᠶᠢᠬᠤ  ᠶᠢ ᠵᠥᠪ ᠣᠨᠣᠪᠴᠢᠲᠠᠶ ᠲᠣᠳᠣᠷᠬᠠᠶᠢᠯᠠᠭᠰᠠᠨ ᠦᠭᠡᠢ ᠦᠢᠯᠡᠳᠪᠦᠷᠢᠯᠡᠵᠦ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ  ᠶᠢ ᠪᠦᠷᠢᠯᠳᠦᠭᠦᠯᠦᠭᠰᠡᠨ ᠪᠠᠶᠢᠨ᠎ᠠ᠃            【ᠰᠢᠢᠳᠬᠡᠯ ᠤᠨ ᠦᠨᠳᠦᠰᠦ ᠪᠠᠷᠢᠮᠲᠠ ᠵᠢᠴᠢ ᠰᠢᠢᠳᠪᠦᠷᠢᠯᠡᠭᠰᠡᠨ ᠦᠷ᠎ᠡ ᠳ᠋ᠦᠩ】            ︽ᠬᠡᠮᠵᠢᠶ᠎ᠡ ᠲᠠᠢ ᠪᠠᠷ ᠪᠣᠭᠤᠳᠠᠯᠯᠠᠭᠰᠠᠨ ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠎ ᠎ ᠶᠢᠨ ᠠᠷᠪᠠᠨ ᠳᠣᠯᠣᠳᠤᠭᠠᠷ ᠵᠦᠢᠯ ᠤᠨ ︽ᠬᠡᠮᠵᠢᠶᠡᠯᠡᠨ ᠪᠣᠭᠤᠳᠠᠯᠯᠠᠭᠰᠠᠨ ᠲᠠᠸᠠᠷ ᠢ ᠦᠢᠯᠡᠳᠪᠦᠷᠢᠯᠡᠵᠦ᠂ ᠪᠣᠷᠣᠯᠠᠭᠤᠯᠬᠤ ᠳᠠᠭᠠᠨ ᠲᠤᠰ ᠠᠷᠭ᠎ᠠ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠣᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠴᠡᠪᠡᠷ ᠠᠭᠤᠯᠤᠭᠳᠠᠴᠠ ᠶᠢ ᠵᠥᠪ ᠣᠨᠣᠪᠴᠢᠲᠠᠶ᠂ ᠲᠣᠳᠣᠷᠬᠠᠢ ᠲᠣᠳᠣᠷᠬᠠᠶᠢᠯᠠᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠴᠡᠪᠡᠷ ᠠᠭᠤᠯᠤᠭᠳᠠᠴᠠ ᠶᠢ ᠲᠣᠳᠣᠷᠬᠠᠶᠢᠯᠠᠭᠰᠠᠨ ᠦᠭᠡᠢ ᠪᠠᠶᠢᠪᠠᠯ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃︾ ᠠᠷᠪᠠᠨ ᠨᠠᠢᠮᠠᠳᠤᠭᠠᠷ ᠵᠦᠢᠯ᠄ ︽ᠦᠢᠯᠡᠳᠪᠦᠷᠢᠯᠡᠵᠦ ᠪᠣᠷᠣᠯᠠᠭᠤᠯᠤᠭᠰᠠᠨ ᠬᠡᠮᠵᠢᠶ᠎ᠡ ᠲᠠᠢ ᠪᠣᠭᠤᠳᠠᠯᠯᠠᠭᠰᠠᠨ ᠲᠠᠸᠠᠷ ᠢ ᠰᠢᠯᠭᠠᠨ ᠪᠠᠶᠢᠴᠠᠭᠠᠭᠠᠳ ᠲᠤᠰ ᠠᠷᠭ᠎ᠠ ᠶᠢᠨ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠎ ᠎ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ ︽ᠲᠤᠬᠠᠢ ᠶᠢᠨ ᠬᠥᠮᠥᠨ ᠨᠢ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠲᠠᠢ ᠪᠠᠶᠢᠪᠠᠯ᠂ ᠬᠠᠤᠯᠢ ᠶᠣᠰᠣᠭᠠᠷ ᠪᠤᠴᠠᠭᠠᠵᠤ ᠲᠥᠯᠥᠭᠦᠯᠬᠦ ᠶᠣᠰᠣᠲᠠᠢ ᠠᠴᠠ ᠪᠤᠰᠤᠳ ᠢ ᠨᠢ ᠬᠤᠷᠢᠶᠠᠨ ᠠᠪᠬᠤ ᠬᠡᠷᠡᠭᠲᠡᠢ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠭᠡᠳᠡᠭ ᠨᠢ ᠬᠠᠤᠯᠢ ᠶᠢ ᠵᠥᠷᠢᠴᠡᠵᠦ ᠣᠯᠣᠭᠰᠠᠨ ᠦᠢᠯᠡ ᠠᠵᠢᠯᠯᠠᠭ᠎ᠠ ᠬᠢᠭᠡᠳ ᠣᠯᠣᠭᠰᠠᠨ ᠵᠣᠭᠤᠰ ᠤᠨ ᠵᠦᠢᠯ ᠢ ᠵᠢᠭᠠᠵᠤ ᠪᠠᠶᠢᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠪᠤᠳᠤᠬᠤ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃︾ ᠡᠭᠦᠨ ᠳᠤ᠂ ᠶᠡᠷᠦᠩᠬᠡᠶᠢᠯᠡᠨ ᠪᠣᠳᠣᠯᠬᠢᠯᠠᠭᠰᠠᠨ ᠤ ᠳᠠᠷᠠᠭ᠎ᠠ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠢ ᠬᠥᠩᠭᠡᠨ ᠢᠶᠠᠷ ᠰᠢᠢᠳᠬᠡᠨ᠎ᠡ ᠭᠡᠵᠦ ᠲᠣᠭᠲᠠᠭᠠᠵᠠᠢ᠃ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠎ ᠨᠢ ᠵᠠᠯᠠᠷᠠᠭᠤᠯᠤᠭᠤᠯᠬᠤ ᠶᠢᠨ ᠬᠠᠮᠲᠤ ᠲᠤᠬᠠᠢ ᠶᠢᠨ ᠬᠥᠮᠥᠨ ᠳᠤ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠪᠠ ᠵᠣᠭᠤᠰ ᠢᠶᠠᠷ ᠲᠣᠷᠭᠤᠬᠤ ᠵᠠᠰᠠᠭ ᠵᠠᠬᠢᠷᠭᠠᠨ ᠤ ᠰᠢᠢᠳᠬᠡᠯ ᠣᠯᠭᠤᠬᠤ ᠪᠠᠷ ᠲᠣᠭᠲᠠᠪᠠ᠃            【ᠲᠥᠷᠥ ᠶᠢᠨ ᠪᠣᠳᠣᠯᠭ᠎ᠠ ᠶᠢᠨ ᠲᠠᠶᠢᠯᠤᠮᠵᠢ】            ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠶᠡᠷᠦᠩᠬᠡᠢ ᠪᠠᠶᠢᠷᠢᠯᠠᠭᠤᠯᠤᠯᠲᠠ ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠡᠮᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠥᠪᠡᠰᠦᠪᠡᠨ ᠢᠯᠡᠷᠬᠡᠶᠢᠯᠡᠬᠦ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ︽ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 70 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠎ ᠳᠤ ᠵᠠᠰᠠᠪᠤᠷᠢ ᠣᠷᠣᠭᠤᠯᠤᠨ ᠨᠡᠶᠢᠲᠡᠯᠡᠪᠡ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠵᠤ ᠪᠠᠶᠢᠨ᠎ᠠ᠄             ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠨᠢ ᠶᠠᠭᠤ ᠪᠣᠶ︖            ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠯᠠᠨ ᠤ ᠠᠮᠢᠳᠤᠷᠠᠯ ᠤᠨ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠨᠢ ᠤᠯᠠᠮ ᠠᠴᠠ ᠤᠯᠠᠮ ᠬᠥᠮᠥᠰ ᠤᠨ ᠡᠳᠦᠷ ᠲᠤᠳᠤᠮ ᠤᠨ ᠠᠮᠢᠳᠤᠷᠠᠯ ᠳᠤ ᠳᠤᠲᠠᠭᠳᠠᠵᠤ ᠪᠣᠯᠣᠰᠢ ᠦᠭᠡᠢ ᠲᠠᠸᠠᠷ ᠪᠣᠯᠵᠤ᠂ ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠤᠨ ᠴᠡᠪᠡᠷ ᠠᠭᠤᠯᠤᠭᠳᠠᠴᠠ ᠶᠢᠨ ᠣᠨᠣᠪᠴᠢᠲᠠᠶ ᠪᠠᠶᠢᠬᠤ ᠡᠰᠡᠬᠦ ᠨᠢ ᠠᠷᠠᠳ ᠤᠯᠠᠨ ᠲᠠᠢ ᠰᠢᠭᠤᠳ ᠬᠤᠯᠪᠣᠭᠳᠠᠵᠤ ᠪᠠᠶᠢᠭ᠎ᠠ ᠶᠤᠮ᠃                    ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠ᠊ᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠮᠵᠢᠯᠠᠨ ᠲᠠᠷᠬᠠᠭᠠᠭᠰᠠᠨ ︽ᠬᠡᠮᠵᠢᠶᠡᠯᠡᠨ ᠪᠣᠭᠤᠳᠠᠯᠯᠠᠬᠤ ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾              
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号