ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ | 774 ᠳ᠋ᠦ᠋ᠭᠡᠷ ᠲᠣᠭᠠᠲᠤ | ︽ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ︾ ᠢ 2023 ᠣᠨ ᠤ 12 | ᠳ᠋ᠤᠭᠠᠷ ᠰᠠᠷ᠎ᠠ ᠶᠢᠨ 18 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ 21 ᠳ᠋ᠦ᠋ᠭᠡᠷ ᠤᠳᠠᠭᠠᠨ ᠤ | ᠪᠠᠶᠢᠩᠭᠤ ᠶᠢᠨ ᠬᠤᠷᠠᠯᠳᠤᠭᠠᠨ ᠢᠶᠠᠷ ᠪᠠᠲᠤᠯᠠᠭᠰᠠᠨ ᠪᠥᠭᠡᠳ ᠤᠭ ᠳᠦᠷᠢᠮ 2024 ᠣᠨ ᠤ 5 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ ᠮᠥᠷᠳᠡᠨ᠎ᠡ᠃ | ᠶᠡᠷᠦᠩᠬᠡᠢ ᠰᠠᠶᠢᠳ ᠯᠢ ᠴᠢᠶᠠᠩ | 2024 ᠣᠨ ᠤ 1ᠳ᠋ᠦ᠋ᠭᠡᠷ ᠰᠠᠷ᠎ᠠ ᠶᠢᠨ 24 ᠤ ᠡᠳᠦᠷ | | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠠᠵᠢᠯ ᠢ | ᠴᠢᠩᠭᠠᠳᠬᠠᠨ᠂ ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠠᠴᠠ ᠤᠷᠢᠳᠴᠢᠯᠠᠨ | ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠶᠦᠯᠭᠦᠢ ᠶᠢ ᠪᠠᠲᠤᠯᠠᠬᠤ ᠶᠢᠨ | ᠲᠤᠰᠠᠳᠠ᠂ ᠡᠨᠡ ᠬᠦ ᠳᠦᠷᠢᠮ ᠢ ᠪᠣᠯᠪᠠᠰᠤᠷᠠᠭᠤᠯᠤᠭᠰᠠᠨ ᠪᠣᠯᠣᠨ᠎ᠠ᠃ | ᠬᠤᠶᠠᠳᠤᠭᠠᠷ ᠵᠦᠢᠯ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠭᠡᠷ ᠪᠣᠯᠣᠨ | ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶᠠᠨ ᠳᠠᠬᠢ ᠪᠤᠰᠤᠳ ᠳᠠᠯᠠᠢ ᠶᠢᠨ ᠣᠷᠣᠨ ᠤ ᠳᠣᠲᠣᠷᠠᠬᠢ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠶᠯᠡᠳᠪᠦᠷᠢᠯᠡᠯ ᠳᠤ ᠡᠨᠡ ᠬᠦ ᠳᠦᠷᠢᠮ ᠦᠢᠯᠡᠴᠢᠯᠡᠨ᠎ᠡ | ᠭᠤᠷᠪᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠨᠢ ᠬᠥᠮᠦᠨ ᠢᠶᠠᠷ ᠦᠨᠳᠦᠰᠦ | ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠤᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠬᠦᠨᠳᠦ | ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠬᠡᠷᠡᠭᠲᠡᠢ᠃ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠠᠵᠢᠯ ᠳᠤ ᠠᠵᠢᠯ ᠲᠥᠷᠥᠯ ᠢ | ᠬᠠᠮᠢᠶᠠᠷᠬᠤ ᠳᠤ ᠡᠷᠬᠡᠪᠰᠢ ᠠᠶᠦᠯᠭᠦᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ | ᠠᠶᠦᠯᠭᠦᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠦᠯᠭᠦᠢ ᠶᠢ | ᠬᠠᠮᠢᠶᠠᠷᠬᠤ ᠶᠢ ᠬᠡᠷᠡᠭᠵᠢᠭᠦᠯᠵᠦ᠂ ᠤᠯᠤᠰ ᠤᠨ ᠬᠢᠨᠠᠨ ᠪᠠᠶᠢᠴᠠᠭᠠᠬᠤ᠂ ᠣᠷᠣᠨ ᠨᠤᠲᠤᠭ ᠤᠨ ᠬᠢᠨᠠᠯᠲᠠ ᠬᠠᠮᠢᠶᠠᠷᠤᠯᠲᠠ | ᠂ ᠠᠵᠤ ᠠᠬᠤᠶᠢᠯᠠᠯ ᠤᠨ ᠶᠣᠰᠣᠭᠠᠷ ᠬᠠᠷᠢᠭᠤᠴᠠᠵᠤ᠂ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠴᠢᠩᠭᠠᠷᠠᠭᠤᠯᠬᠤ ᠪᠠ ᠨᠠᠶᠢᠳᠠᠪᠤᠷᠢᠵᠢᠭᠤᠯᠬᠤ ᠬᠡᠷᠡᠭᠲᠡᠶ᠃ | ᠳᠥᠷᠪᠡᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠨᠢ ᠠᠶᠦᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠦᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠪᠠᠨ ᠴᠢᠩᠭᠠᠳᠬᠠᠨ᠂ ᠪᠦᠬᠦ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠪᠠ ᠠᠶᠦᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ | ᠨᠠᠶᠢᠳᠠᠪᠤᠷᠢᠵᠢᠭᠤᠯᠵᠤ᠂ ᠠᠶᠦᠯᠭᠦᠢ ᠦᠢᠯᠡᠳᠪᠦᠷᠢᠯᠡᠯ ᠤᠨ ᠪᠡᠯᠡ ᠮᠥᠩᠭᠦ᠂ ᠡᠳ᠋ ᠪᠣᠳᠠᠰ᠂ ᠮᠡᠷᠭᠡᠵᠢᠯ᠂ ᠠᠵᠢᠯᠲᠠᠨ ᠤ | ᠣᠷᠣᠭᠤᠯᠤᠯᠲᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠂ ᠠᠶᠦᠯᠭᠦᠢ ᠦᠢᠯᠡᠳᠪᠦᠷᠢᠯᠡᠯ ᠤᠨ ᠨᠥᠬᠦᠴᠡᠯ ᠢ | ᠰᠠᠶᠢᠵᠢᠷᠠᠭᠤᠯᠵᠤ᠂ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠂ ᠠᠶᠦᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ | ᠡᠵᠡᠮᠳᠡᠬᠦ ᠪᠠ ᠪᠣᠯᠵᠣᠰᠢ ᠦᠭᠡᠢ ᠨᠥᠬᠦᠴᠡᠯ ᠪᠠᠶᠢᠳᠠᠯ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ | ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠠᠶᠦᠯᠭᠦᠢ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠠᠶᠦᠯᠭᠦᠢ ᠦᠢᠯᠡᠳᠪᠦᠷᠢᠯᠡᠯ ᠢ ᠦᠨᠡᠨᠬᠦ ᠪᠠᠲᠤᠯᠠᠬᠤ ᠬᠡᠷᠡᠭᠲᠡᠢ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ︵ ᠪᠣᠳᠠᠲᠠᠶ ᠡᠵᠡᠮᠳᠡᠭᠴᠢ | ᠪᠠᠭᠲᠠᠨ᠎ᠠ᠂ ᠳᠣᠷᠣᠭᠰᠢ ᠠᠳᠠᠯᠢ︶ ᠪᠣᠯ ᠲᠤᠰ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠨᠢᠭᠡᠳᠦᠭᠡᠷ | ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠲᠤᠰ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ | ᠪᠦᠬᠦ ᠲᠠᠯ᠎ᠠ ᠪᠠᠷ ᠬᠠᠷᠢᠭᠤᠴᠠᠨ᠎ᠠ᠃ ᠪᠤᠰᠤᠳ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠳᠣᠲᠣᠷᠠᠬᠢ ᠠᠶᠦᠯᠭᠦᠢ ᠦᠢᠯᠡᠳᠪᠦᠷᠢᠯᠡᠯ ᠤᠨ ᠠᠵᠢᠯ ᠳᠤ ᠬᠠᠷᠢᠭᠤᠴᠠᠬᠤ ᠬᠡᠷᠡᠭᠲᠡᠶ᠃ | ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠤᠨ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠳᠡᠮᠵᠢᠨ ᠰᠢᠮᠳᠠᠭᠤᠯᠵᠤ᠂ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ | ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠳ ᠨᠡᠭᠦᠷᠡᠰᠦᠨ ᠤ ᠠᠭᠤᠷᠬᠠᠢ ᠶᠢᠨ ᠠᠶᠦᠯᠭᠦᠢ | ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠵᠦ᠂ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠨᠡᠭᠦᠷᠡᠰᠦᠨ ᠤ ᠠᠭᠤᠷᠬᠠᠢ ᠶᠢᠨ ᠠᠶᠦᠯᠭᠦᠢ | ᠦᠢᠯᠡᠳᠪᠦᠷᠢᠯᠡᠯ ᠤᠨ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ | ᠳᠣᠯᠣᠳᠤᠭᠠᠷ ᠵᠦᠢᠯ ᠤᠯᠤᠰ ᠠᠴᠠ ᠨᠡᠭᠦᠷᠡᠰᠦᠨ ᠤ ᠠᠭᠤᠷᠬᠠᠢ ᠶᠢᠨ ᠠᠶᠤᠯᠭᠦᠢ ᠶᠢᠨ ᠬᠢᠨᠠᠨ ᠪᠠᠶᠢᠴᠠᠭᠠᠬᠤ | ᠳᠦᠷᠢᠮ ᠢ ᠬᠡᠷᠡᠭᠵᠢᠭᠦᠯᠦᠨ᠎ᠡ᠃ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ | ᠵᠢᠴᠢ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ᠂ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠠᠵᠢᠯᠯᠠᠭᠠᠨ ᠤ ᠦᠢᠯᠡ ᠠᠵᠢᠯᠯᠠᠭ᠎ᠠ ᠶᠢ ᠬᠢᠨᠠᠬᠤ ᠡᠭᠦᠷᠭᠡ ᠬᠦᠯᠢᠶᠡᠨ᠎ᠡ᠃ | ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠬᠢᠭᠡᠳ ᠣᠷᠣᠨ | ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠶᠢ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠵᠦ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠠᠷ ᠲᠥᠷᠥᠵᠦ ᠪᠣᠯᠬᠤ ᠦᠭᠡᠶ᠃ | ᠨᠠᠢᠮᠠᠳᠤᠭᠠᠷ ᠵᠦᠢᠯ ᠤᠯᠤᠰ ᠠᠴᠠ ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ | ᠠᠳᠡᠯ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ ᠨᠡᠭᠦᠷᠡᠰᠦᠨ ᠤ ᠠᠭᠤᠷᠬᠠᠢ ᠶᠢᠨ | ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠤᠨ ᠬᠠᠷᠢᠭᠤᠴᠠᠯᠭᠠᠲᠤ ᠨᠢᠭᠡᠴᠢ ᠪᠣᠯᠤᠨ ᠬᠠᠷᠢᠭᠤᠴᠠᠯᠭ᠎ᠠ | ᠡᠭᠦᠷᠭᠡᠯᠡᠭᠴᠢ ᠶᠢ ᠲᠤᠰ ᠳᠦᠷᠢᠮ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠶᠣᠰᠣᠭᠠᠷ ᠬᠠᠤᠯᠢ ᠶᠢᠨ ᠳᠠᠭᠠᠤ ᠬᠠᠷᠢᠭᠤᠴᠠᠯᠭ᠎ᠠ ᠲᠣᠭᠠᠴᠠᠨ᠎ᠠ᠃ | ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠣᠷᠣᠨ | ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠪᠠᠶᠢᠭᠤᠯᠤᠮᠵᠢ ᠨᠢ | ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠠᠯ ᠢ ᠪᠠᠶᠢᠴᠠᠭᠠᠨ ᠰᠢᠢᠳᠪᠦᠷᠢᠯᠡᠬᠦ ᠶᠢ | ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃ | ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ᠂ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ | ᠪᠠᠶᠢᠴᠠᠭᠠᠬᠤ ᠪᠠᠶᠢᠭᠤᠯᠤᠮᠵᠢ ᠬᠢᠭᠡᠳ ᠲᠡᠭᠦᠨ ᠢ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ | ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠢᠯᠡᠴᠢᠯᠡᠨ ᠮᠡᠳᠡᠭᠦᠯᠬᠦ ᠳᠦᠷᠢᠮ ᠪᠠᠶᠢᠭᠤᠯᠤᠨ᠂ ᠢᠯᠡᠴᠢᠯᠡᠨ ᠮᠡᠳᠡᠭᠦᠯᠬᠦ | ᠳ᠋ᠢᠶᠠᠩᠬᠤᠸᠠ᠂ ᠵᠠᠬᠢᠳᠠᠯ ᠤᠨ ᠬᠠᠶᠢᠷᠴᠠᠭ ᠪᠤᠶᠤ ᠴᠠᠬᠢᠮ ᠰᠢᠤᠳᠠᠨ ᠤ ᠬᠠᠶ᠋ᠢᠭ ᠵᠡᠷᠭᠡ ᠨᠧᠲ ᠢᠶᠠᠷ ᠢᠯᠡᠴᠢᠯᠡᠨ | ᠮᠡᠳᠡᠭᠦᠯᠬᠦ ᠲᠠᠪᠴᠠᠩ ᠢ ᠢᠯᠡ ᠪᠣᠯᠭᠠᠵᠤ᠂ ᠬᠤᠯᠪᠣᠭᠳᠠᠯ ᠪᠦᠬᠦᠢ ᠨᠡᠭᠦᠷᠡᠰᠦᠨ ᠤ ᠠᠭᠤᠷᠬᠠᠢ ᠶᠢᠨ ᠠᠶᠦᠯᠭᠦᠢ | ᠦᠢᠯᠡᠳᠪᠦᠷᠢᠯᠡᠯ ᠤᠨ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠬᠤ ᠶᠢᠨ ᠬᠠᠮᠲᠤ ᠬᠠᠤᠯᠢ ᠶᠣᠰᠣᠭᠠᠷ ᠴᠠᠭ | ᠲᠤᠬᠠᠶ ᠳᠤᠨᠢ ᠰᠢᠢᠳᠪᠦᠷᠢᠯᠡᠬᠦ ᠬᠡᠷᠡᠭᠲᠡᠶ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠠᠶᠢᠴᠠᠭᠠᠨ | ᠰᠢᠢᠳᠪᠦᠷᠢᠯᠡᠭᠦᠯᠬᠦ ᠴᠢᠬᠤᠯᠠ ᠲᠠᠢ ᠪᠣᠯ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ | ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃ | ᠶᠠᠮᠠᠷᠪᠠ ᠨᠢᠭᠡᠴᠢ ᠪᠠ ᠬᠤᠪᠢ ᠬᠥᠮᠦᠨ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠪᠤᠶᠤ ᠠᠶᠦᠯᠭᠦᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠮᠦᠨᠡᠬᠢ ᠵᠤᠷᠪᠤᠰ ᠲᠤ ᠲᠣᠭᠲᠠᠭᠠᠭᠰᠠᠨ | ᠰᠠᠯᠠᠭ᠎ᠠ ᠮᠥᠴᠢᠷ ᠪᠣᠯᠤᠨ ᠪᠠᠶᠢᠭᠤᠯᠤᠮᠵᠢ ᠠᠴᠠ ᠢᠯᠡᠴᠢᠯᠡᠨ ᠮᠡᠳᠡᠭᠦᠯᠬᠦ ᠡᠷᠬᠡ ᠲᠠᠢ᠃ ᠢᠯᠡᠴᠢᠯᠡᠨ ᠮᠡᠳᠡᠭᠦᠯᠦᠭᠰᠡᠨ | ᠬᠡᠷᠡᠭ ᠶᠠᠪᠤᠳᠠᠯ ᠢ ᠬᠢᠨᠠᠨ ᠪᠠᠶᠢᠴᠠᠭᠠᠭᠠᠳ ᠦᠨᠡᠨ ᠪᠣᠳᠠᠲᠠᠶ ᠪᠠᠶᠢᠪᠠᠯ ᠬᠠᠤᠯᠢ ᠲᠣᠭᠲᠠᠭᠠᠯ ᠶᠣᠰᠣᠭᠠᠷ ᠬᠥᠬᠢᠭᠦᠯᠦᠨ | ᠱᠠᠩᠨᠠᠨ᠎ᠠ᠃ | ᠠᠷᠪᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠵᠢᠯᠯᠠᠭᠰᠠᠳ ᠠᠶᠦᠯᠭᠦᠢ | ᠦᠢᠯᠡᠳᠪᠦᠷᠢᠯᠡᠯ ᠤᠨ ᠪᠠᠲᠤᠯᠠᠭ᠎ᠠ ᠶᠢ ᠬᠠᠤᠯᠢ ᠶᠣᠰᠣᠭᠠᠷ ᠣᠯᠬᠤ ᠡᠷᠬᠡ ᠲᠠᠢ᠃ | ᠠᠷᠪᠠᠨ ᠨᠢᠭᠡᠳᠦᠭᠡᠷ ᠵᠦᠢᠯ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠢ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠢ ᠪᠠᠲᠤᠯᠠᠬᠤ ᠱᠠᠭᠠᠷᠳᠠᠯᠭ᠎ᠠ ᠶᠣᠰᠣᠭᠠᠷ | ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠵᠢᠯᠣᠭᠤᠳᠤᠯᠭ᠎ᠠ ᠳᠣᠤᠷ᠎ᠠ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ | ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ | ᠲᠣᠭᠲᠠᠭᠠᠬᠤ ᠶᠢᠨ ᠬᠠᠮᠲᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠠᠯᠪᠠᠳᠠᠯᠭ᠎ᠠ ᠶᠢᠨ | ᠴᠢᠨᠠᠷᠲᠠᠶ ᠤᠯᠤᠰ ᠤᠨ ᠪᠠᠷᠢᠮᠵᠢᠶ᠎ᠠ ᠶᠢᠨ ᠲᠥᠷᠥᠯ ᠵᠦᠢᠯ ᠳᠤᠷᠠᠳᠴᠤ᠂ ᠲᠤᠭᠤᠷᠪᠢᠵᠤ᠂ ᠰᠠᠨᠠᠯ ᠬᠤᠷᠢᠶᠠᠵᠤ᠂ | ᠮᠡᠷᠭᠡᠵᠢᠯ ᠤᠨ ᠬᠢᠨᠠᠨ ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠤᠯᠤᠰ ᠠᠴᠠ ᠨᠡᠭᠦᠷᠡᠰᠦᠨ ᠤ ᠠᠭᠤᠷᠬᠠᠢ ᠶᠢᠨ ᠠᠶᠦᠯᠭᠦᠢ | ᠦᠶᠯᠡᠳᠪᠦᠷᠢᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠪᠣᠯᠣᠨ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠦᠶᠯᠡᠳᠪᠦᠷᠢᠯᠡᠯ ᠤᠨ ᠲᠡᠷᠢᠭᠦᠨ ᠤ ᠲᠧᠭᠨᠢᠭ ᠮᠡᠷᠭᠡᠵᠢᠯ᠂ ᠤᠷᠠᠨ ᠮᠡᠷᠭᠡᠰᠢᠯ ᠢ | ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠳᠠᠮᠵᠢᠵᠤ᠂ ᠨᠡᠭᠦᠷᠡᠰᠦᠨ ᠤ ᠠᠭᠤᠷᠬᠠᠢ ᠶᠢᠨ ᠣᠶᠤᠨᠴᠢᠯᠠᠭᠰᠠᠨ | ᠨᠡᠭᠡᠭᠡᠨ ᠣᠯᠪᠤᠷᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ | ᠦᠶᠯᠡᠳᠪᠦᠷᠢᠯᠡᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠠᠬᠢᠭᠤᠯᠵᠤ᠂ ᠠᠶᠦᠯᠭᠦᠢ ᠦᠶᠯᠡᠳᠪᠦᠷᠢᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠳᠤᠭᠠᠷ ᠪᠦᠯᠦᠭ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠥᠬᠡᠢ | ᠦᠢᠯᠡᠳᠪᠦᠷᠢᠯᠡᠯ ᠤᠨ ᠬᠠᠷᠢᠭᠤᠴᠠᠯᠭ᠎ᠠ | ᠠᠷᠪᠠᠨ ᠭᠤᠷᠪᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠶᠦᠯᠭᠦᠢ | ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠶᠢᠨ ᠳᠦᠷᠢᠮ ᠢ ᠵᠢᠷᠤᠮᠯᠠᠵᠤ᠂ ᠠᠶᠦᠯᠭᠦᠢ ᠦᠢᠯᠡᠳᠪᠦᠷᠢᠯᠡᠯ ᠢ ᠪᠠᠲᠤᠯᠠᠬᠤ ᠤᠯᠤᠰ ᠤᠨ | ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠨᠡᠭᠦᠷᠡᠰᠦᠨ ᠤ ᠠᠭᠤᠷᠬᠠᠢ ᠶᠢᠨ ᠪᠠᠷᠢᠯᠭ᠎ᠠ ᠶᠢᠨ ᠲᠥᠷᠥᠯ ᠵᠦᠢᠯ ︵ ᠳᠣᠷᠣᠭᠰᠢ ᠨᠡᠭᠦᠷᠡᠰᠦᠨ ᠤ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠤᠨ | ᠪᠠᠷᠢᠯᠭ᠎ᠠ ᠪᠠᠷᠢᠭᠤᠯᠬᠤ ᠨᠢᠭᠡᠴᠢ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠠᠵᠤ | ᠠᠬᠤᠶᠢᠯᠠᠯ ᠤᠨ ᠬᠢᠷᠢ ᠴᠢᠳᠠᠮᠵᠢ ᠲᠠᠢ ᠵᠢᠷᠤᠭ ᠲᠥᠯᠥᠪᠯᠡᠭᠡ ᠶᠢᠨ ᠨᠢᠭᠡᠴᠢ ᠳᠤ ᠨᠠᠶᠢᠳᠠᠵᠤ ᠠᠶᠦᠯᠭᠦᠢ ᠶᠢᠨ | ᠪᠡᠯᠡᠳᠬᠡᠮᠵᠢ ᠶᠢᠨ ᠵᠢᠷᠤᠭ ᠲᠥᠯᠥᠪᠯᠡᠭᠡ ᠬᠢᠯᠭᠡᠬᠦ ᠬᠡᠷᠡᠭᠲᠡᠶ᠃ | ᠠᠶᠦᠯᠭᠦᠢ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠳᠤ ᠨᠡᠭᠦᠷᠡᠰᠦᠨ ᠤ ᠠᠭᠤᠷᠬᠠᠢ ᠶᠢᠨ ᠤᠰᠤ᠂ ᠭᠠᠯ᠂ | ᠭᠠᠰ᠂ ᠴᠢᠯᠠᠭᠤᠯᠢᠭ ᠤᠨ ᠳᠠᠷᠤᠯᠲᠠ᠂ ᠨᠡᠭᠦᠷᠡᠰᠦᠨ ᠲᠣᠭᠤᠰᠣ᠂ ᠣᠷᠣᠶ ᠵᠡᠷᠭᠡ ᠭᠤᠤᠯ ᠭᠠᠮᠰᠢᠭ ᠢ ᠰᠡᠷᠭᠡᠶᠢᠯᠡᠨ | ᠵᠠᠰᠠᠬᠤ ᠠᠷᠭ᠎ᠠ ᠬᠡᠮᠵᠢᠶ᠎ᠡ ᠶᠢ ᠪᠠᠭᠲᠠᠭᠠᠵᠤ᠂ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠶᠢᠨ | ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ | ᠪᠠᠶᠢᠴᠠᠭᠠᠯᠭᠠᠬᠤ ᠬᠡᠷᠡᠭᠲᠡᠶ᠃ ᠠᠶᠦᠯᠭᠦᠢ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠳᠤ ᠴᠢᠬᠤᠯᠠ ᠶᠡᠭᠡ | ᠬᠤᠪᠢᠷᠠᠯᠲᠠ ᠭᠠᠷᠭᠠᠬᠤ ᠴᠢᠬᠤᠯᠠ ᠲᠠᠢ ᠪᠣᠯ ᠤᠤᠯ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠦᠨ | ᠳᠠᠬᠢᠵᠤ ᠬᠢᠨᠠᠨ ᠪᠠᠶᠢᠴᠠᠭᠠᠯᠭᠠᠬᠤ ᠬᠡᠷᠡᠭᠲᠡᠶ᠂ ᠤᠷᠢᠳᠠᠪᠠᠷ ᠪᠠᠷᠢᠯᠭ᠎ᠠ ᠪᠠᠷᠢᠭᠠᠳ ᠳᠠᠷᠠᠭ᠎ᠠ ᠨᠢ ᠮᠡᠳᠡᠭᠦᠯᠦᠨ | ᠵᠥᠪᠰᠢᠶᠡᠷᠡᠭᠦᠯᠵᠦ᠂ ᠪᠠᠷᠢᠯᠭ᠎ᠠ ᠪᠠᠷᠢᠬᠤ ᠶᠢᠨ ᠳᠠᠭᠠᠤ ᠵᠠᠰᠠᠪᠤᠷᠢ ᠣᠷᠣᠭᠤᠯᠵᠤ ᠪᠣᠯᠬᠤ ᠦᠭᠡᠶ᠃ | ᠠᠷᠪᠠᠨ ᠲᠠᠪᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠪᠠᠷᠢᠭᠤᠯᠬᠤ ᠨᠢᠭᠡᠴᠢ ᠨᠢ ᠨᠡᠭᠦᠷᠡᠰᠦᠨ ᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠢ ᠳᠤ | ᠣᠷᠣᠯᠴᠠᠨ ᠨᠢᠭᠡᠳᠦᠯᠲᠡᠶ ᠵᠣᠬᠢᠴᠠᠭᠤᠯᠤᠨ ᠬᠠᠮᠢᠶᠠᠷᠴᠤ᠂ ᠨᠡᠭᠦᠷᠡᠰᠦᠨ ᠤ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠶᠦᠯᠭᠦᠢ ᠶᠢᠨ ᠬᠠᠮᠢᠶᠠᠷᠤᠯᠲᠠ ᠳᠤ ᠶᠡᠷᠦᠩᠬᠡᠶ ᠬᠠᠷᠢᠭᠤᠴᠠᠯᠭ᠎ᠠ ᠶᠢ | ᠡᠭᠦᠷᠭᠡᠯᠡᠬᠦ ᠬᠡᠷᠡᠭᠲᠡᠶ᠃ | ᠪᠠᠷᠢᠯᠭ᠎ᠠ ᠪᠠᠷᠢᠬᠤ ᠨᠢᠭᠡᠴᠢ ᠵᠥᠪᠰᠢᠶᠡᠷᠡᠭᠰᠡᠨ ᠠᠶᠦᠯᠭᠦᠢ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ | ᠶᠣᠰᠣᠭᠠᠷ ᠪᠠᠷᠢᠯᠭ᠎ᠠ ᠪᠠᠷᠢᠬᠤ ᠬᠡᠷᠡᠭᠲᠡᠶ᠂ ᠵᠢᠷᠤᠭᠯᠠᠨ ᠲᠥᠯᠥᠪᠯᠡᠭᠰᠡᠨ ᠠᠭᠤᠯᠭ᠎ᠠ ᠶᠢ ᠳᠤᠷ᠎ᠠ ᠮᠡᠳᠡᠨ ᠬᠤᠪᠢᠷᠠᠭᠤᠯᠵᠤ | ᠪᠣᠯᠬᠤ ᠦᠭᠡᠶ᠃ | ᠠᠷᠪᠠᠨ ᠵᠢᠷᠭᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠤᠶᠤ ᠬᠡᠷᠡᠭᠯᠡᠬᠦ ᠠᠴᠠ ᠡᠮᠦᠨ᠎ᠡ᠂ ᠪᠠᠷᠢᠯᠭ᠎ᠠ | ᠪᠠᠷᠢᠭᠤᠯᠤᠭᠰᠠᠨ ᠨᠢᠭᠡᠴᠢ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠪᠠᠶᠢᠭᠠᠳ ᠠᠶᠦᠯᠭᠦᠢ ᠶᠢᠨ ᠪᠡᠯᠡᠳᠬᠡᠮᠵᠢ ᠶᠢ | ᠰᠢᠯᠭᠠᠨ ᠠᠪᠬᠤ ᠶᠢᠨ ᠬᠠᠮᠲᠤ ᠰᠢᠯᠭᠠᠨ ᠬᠤᠷᠢᠶᠠᠭᠰᠠᠨ ᠦᠷ᠎ᠡ ᠳ᠋ᠦᠩ ᠢᠶᠠᠨ ᠬᠠᠷᠢᠭᠤᠴᠠᠬᠤ ᠬᠡᠷᠡᠭᠲᠡᠶ︔ ᠰᠢᠯᠭᠠᠨ | ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠢᠯᠡᠳᠪᠦᠷᠢᠯᠡᠯ ᠪᠠ ᠠᠰᠢᠭᠯᠠᠯᠲᠠ ᠳᠤ ᠣᠷᠣᠭᠤᠯᠤᠨ ᠬᠡᠷᠡᠭᠯᠡᠵᠦ | ᠪᠣᠯᠤᠨ᠎ᠠ᠃ | ᠠᠷᠪᠠᠨ ᠳᠣᠯᠣᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ | ᠦᠢᠯᠡᠳᠪᠦᠷᠢᠯᠡᠯ ᠢᠶᠠᠨ ᠬᠢᠬᠦ ᠳᠤ ︽ᠠᠶᠦᠯᠭᠦᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠳᠦᠷᠢᠮ︾ ᠤᠨ | ᠲᠣᠭᠲᠠᠭᠠᠯ ᠶᠣᠰᠣᠭᠠᠷ ᠠᠶᠦᠯᠭᠦᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠬᠤ ᠬᠡᠷᠡᠭᠲᠡᠶ᠃ ᠠᠶᠦᠯᠭᠦᠢ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠤᠭᠠᠳᠤᠶ ᠪᠣᠯ ᠦᠢᠯᠡᠳᠪᠦᠷᠢᠯᠡᠵᠦ ᠪᠣᠯᠬᠤ ᠦᠭᠡᠶ᠃ | ᠠᠷᠪᠠᠨ ᠨᠠᠢᠮᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠭᠤᠤᠯ | ᠬᠠᠷᠢᠭᠤᠴᠠᠯᠭᠠᠲᠠᠨ ᠨᠢ ᠲᠤᠰ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠳᠤ ᠳᠠᠷᠠᠭᠠᠬᠢ ᠮᠡᠲᠦ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠄ | ︵ ᠨᠢᠭᠡ︶ ᠪᠦᠬᠦ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠠᠶᠦᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ︔ | ︵ ᠬᠤᠶᠠᠷ︶ ᠠᠶᠦᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠣᠯᠤᠨ ᠠᠵᠢᠯ ᠤᠨ ᠳᠦᠷᠢᠮ᠂ | ᠠᠵᠢᠯᠯᠠᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠶ᠃ | ︵ ᠭᠤᠷᠪᠠ︶ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠠ ᠰᠤᠷᠭᠠᠯᠲᠠ ᠶᠢᠨ ᠲᠥᠯᠥᠪᠯᠡᠭᠡ ᠶᠢ | ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ | ︵ ᠲᠦᠷᠪᠡ︶ ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠶᠢ ᠪᠦᠲᠦᠮᠵᠢᠲᠡᠢ ᠬᠡᠷᠡᠭᠵᠢᠭᠦᠯᠬᠦ ᠶᠢ | ᠪᠠᠲᠤᠯᠠᠬᠤ︔ | ︵ ᠲᠠᠪᠤ︶ ᠠᠮᠤᠷ ᠲᠦᠪᠰᠢᠨ ᠤ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠪᠣᠯᠵᠣᠰᠢ | ᠦᠭᠡᠢ ᠨᠥᠬᠦᠴᠡᠯ ᠪᠠᠶᠢᠳᠠᠯ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠰᠡᠷᠭᠡᠶᠢᠯᠡᠬᠦ ᠠᠵᠢᠯ ᠤᠨ ᠲᠣᠭᠲᠠᠴᠠ ᠶᠢ | ᠵᠣᠬᠢᠶᠠᠨ ᠪᠠᠶᠢᠭᠤᠯᠤᠨ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ | ᠰᠢᠮᠳᠠᠭᠤᠯᠤᠨ ᠪᠠᠶᠢᠴᠠᠭᠠᠵᠤ᠂ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠴᠠᠭ ᠲᠤᠬᠠᠢ ᠳᠤᠨᠢ ᠠᠷᠢᠯᠭᠠᠬᠤ | ᠬᠡᠷᠡᠭᠲᠡᠢ︔ | ︵ ᠵᠢᠷᠭᠤᠭ᠎ᠠ︶ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠲᠦᠷᠭᠡᠨ | ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ | ᠬᠡᠷᠡᠭᠵᠢᠭᠦᠯᠦᠨ᠎ᠡ︔ | ︵ ᠳᠤᠯᠤᠭ᠎ᠠ︶ ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠴᠠᠭ | ᠲᠤᠬᠠᠶ ᠳᠤᠨᠢ᠂ ᠦᠨᠡᠨ ᠪᠣᠳᠠᠲᠠᠶ ᠪᠠᠷ ᠮᠡᠳᠡᠭᠦᠯᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯ ᠤᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠬᠤ | ᠬᠡᠷᠡᠭᠲᠡᠶ᠃ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠳᠠᠷᠠᠭᠠᠬᠢ ᠮᠡᠲᠦ ᠠᠶᠦᠯᠭᠦᠢ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠨ᠎ᠡ᠄ | ︵ ᠨᠢᠭᠡ︶ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ᠂ ᠠᠵᠢᠯ ᠤᠨ ᠲᠦᠷᠢᠮ᠂ ᠠᠵᠢᠯᠯᠠᠬᠤ | ᠲᠦᠷᠢᠮ ᠪᠠ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ | ᠠᠷᠭ᠎ᠠ ᠬᠡᠮᠵᠢᠶ᠎ᠡ ᠠᠪᠬᠤ ᠠᠪᠤᠷᠠᠨ ᠲᠤᠰᠠᠯᠠᠬᠤ ᠲᠥᠰᠦᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠬᠤ | ᠬᠡᠷᠡᠭᠲᠡᠶ︔ | ︵ ᠬᠤᠶᠠᠷ︶ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠠ ᠰᠤᠷᠭᠠᠯᠲᠠ ᠶᠢ ᠵᠣᠬᠢᠶᠠᠨ ᠪᠠᠶᠢᠭᠤᠯᠬᠤ | ᠪᠤᠶᠤ ᠲᠡᠭᠦᠨ ᠳᠤ ᠣᠷᠣᠯᠴᠠᠵᠤ᠂ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠠ ᠰᠤᠷᠭᠠᠯᠲᠠ ᠶᠢᠨ ᠪᠠᠶᠢᠳᠠᠯ ᠢ | ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ᠃ | ︵ ᠭᠤᠷᠪᠠ︶ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ | ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ | ︵ ᠲᠦᠷᠪᠡ︶ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ ᠪᠠ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔ | ︵ ᠲᠠᠪᠤ︶ ᠳᠦᠷᠢᠮ ᠲᠣᠭᠲᠠᠭᠠᠯ ᠠᠴᠠ ᠵᠥᠷᠢᠴᠡᠨ ᠵᠢᠭᠠᠨ ᠵᠢᠯᠣᠭᠤᠳᠬᠤ᠂ ᠠᠯᠪᠠᠳᠠᠨ ᠭᠡᠨᠡᠨ ᠠᠵᠢᠯ ᠬᠢᠬᠦ | ᠂ ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ ᠵᠠᠯᠠᠷᠠᠭᠤᠯᠵᠤ᠂ | ᠠᠮᠤᠷ ᠲᠦᠪᠰᠢᠨ ᠢ ᠰᠦᠷᠳᠡᠭᠦᠯᠦᠭᠰᠡᠨ ᠪᠠᠴᠢᠮ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠶ ᠳᠤᠨᠢ ᠠᠶᠤᠯ ᠲᠠᠢ | ᠣᠷᠣᠨ ᠪᠦᠰᠡ ᠶᠢᠨ ᠳᠣᠲᠣᠷᠠᠬᠢ ᠠᠵᠢᠯ ᠢ ᠵᠣᠭᠰᠣᠭᠠᠬᠤ ᠪᠠᠷ ᠱᠠᠭᠠᠷᠳᠠᠬᠤ ᠡᠷᠬᠡ ᠲᠠᠢ︔ | ︵ ᠵᠢᠷᠭᠤᠭ᠎ᠠ︶ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠵᠤ᠂ ᠠᠳᠡᠯ ᠤᠨ ᠪᠣᠯᠵᠣᠰᠢ ᠦᠭᠡᠢ | ᠨᠥᠬᠦᠴᠡᠯ ᠪᠠᠶᠢᠳᠠᠯ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠠᠳᠡᠯ ᠤᠨ ᠪᠣᠯᠵᠣᠰᠢ ᠦᠭᠡᠢ ᠨᠥᠬᠦᠴᠡᠯ | ᠪᠠᠶᠢᠳᠠᠯ ᠢ ᠵᠢᠭᠰᠠᠭᠠᠨ ᠪᠠᠶᠢᠴᠠᠭᠠᠵᠤ ᠵᠠᠰᠠᠭᠰᠠᠨ ᠪᠠᠶᠢᠳᠠᠯ ᠢ ᠪᠦᠷᠢᠳᠬᠡᠨ ᠵᠠᠳᠠᠯᠵᠤ᠂ ᠠᠶᠦᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠶ︔ | ︵ ᠳᠤᠯᠤᠭ᠎ᠠ︶ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠠᠪᠤᠷᠠᠨ ᠲᠤᠰᠠᠯᠠᠬᠤ ᠰᠣᠷᠢᠯᠲᠠ ᠶᠢ | ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ︔ | ︵ ᠨᠠᠢᠮᠠ︶ ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠭᠤᠤᠯ ᠮᠡᠷᠭᠡᠵᠢᠯ ᠤᠨ ᠬᠠᠷᠢᠭᠤᠴᠠᠯᠭᠠᠲᠠᠨ | ᠲᠣᠬᠢᠷᠠᠭᠤᠯᠵᠤ᠂ ᠮᠡᠷᠭᠡᠵᠢᠯ ᠤᠨ ᠬᠠᠮᠢᠶᠠᠷᠤᠯᠲᠠ ᠶᠢᠨ ᠪᠦᠲᠦᠴᠡ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ | ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠵᠢᠯ ᠡᠷᠬᠢᠯᠡᠭᠰᠡᠳ | ᠳᠠᠷᠠᠭᠠᠬᠢ ᠮᠡᠲᠦ ᠠᠶᠦᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠄ | ︵ ᠨᠢᠭᠡ︶ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠲᠦᠷᠢᠮ ᠲᠣᠭᠲᠠᠭᠠᠯ ᠪᠠ ᠠᠵᠢᠯᠯᠠᠬᠤ ᠲᠦᠷᠢᠮ᠂ ᠠᠵᠢᠯᠯᠠᠬᠤ ᠲᠦᠷᠢᠮ ᠢ ᠵᠢᠷᠤᠮᠯᠠᠵᠤ᠂ ᠠᠵᠢᠯ ᠤᠨ ᠪᠠᠶᠢᠷᠢ ᠶᠢᠨ | ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ | ︵ ᠬᠤᠶᠠᠷ︶ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠠ ᠪᠣᠯᠪᠠᠰᠤᠷᠠᠯ ᠳᠤ ᠣᠷᠣᠯᠴᠠᠵᠤ᠂ | ᠲᠤᠬᠠᠶᠢᠯᠠᠭᠰᠠᠨ ᠠᠵᠢᠯ ᠳᠤ ᠬᠡᠷᠡᠭᠰᠡᠬᠦ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠡᠵᠡᠮᠰᠢᠵᠦ᠂ ᠠᠶᠤᠯᠭᠦᠢ | ᠦᠢᠯᠡᠳᠪᠦᠷᠢᠯᠡᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ | ᠪᠠᠶᠢᠳᠠᠯ ᠢ ᠲᠦᠷᠭᠡᠨ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠨ᠎ᠠ︔ | ︵ ᠭᠤᠷᠪᠠ︶ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠪᠤᠶᠤ ᠪᠤᠰᠤᠳ ᠠᠮᠤᠷ ᠲᠦᠪᠰᠢᠨ | ᠪᠤᠰᠤ ᠬᠦᠴᠦᠨ ᠵᠦᠢᠯ ᠢ ᠴᠠᠭ ᠲᠤᠬᠠᠢ ᠳᠤ ᠨᠢ ᠮᠡᠳᠡᠭᠦᠯᠵᠦ᠃ | ᠳᠦᠷᠢᠮ ᠠᠴᠠ ᠵᠥᠷᠢᠴᠡᠨ ᠵᠢᠯᠣᠭᠤᠳᠤᠭᠰᠠᠨ ᠪᠠ ᠭᠡᠨᠡᠨ ᠠᠵᠢᠯᠯᠠᠭ᠎ᠠ ᠶᠢ ᠠᠯᠪᠠᠳᠠᠨ ᠬᠢᠯᠭᠡᠬᠦ ᠦᠢᠯᠡ | ᠠᠵᠢᠯᠯᠠᠭ᠎ᠠ ᠶᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠵᠢᠯᠯᠠᠭᠰᠠᠳ ᠨᠢ ᠲᠡᠪᠴᠢᠬᠦ ᠡᠷᠬᠡ ᠲᠠᠢ | ᠪᠥᠭᠡᠳ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ ᠪᠠᠶᠢᠭ᠎ᠠ ᠭᠠᠵᠠᠷ ᠤᠨ ᠠᠭᠤᠷᠬᠠᠶ ᠶᠢᠨ ᠠᠶᠦᠯᠭᠦᠢ ᠶᠢᠨ ᠬᠢᠨᠠᠨ ᠪᠠᠶᠢᠴᠠᠭᠠᠬᠤ | ᠪᠠᠶᠢᠭᠤᠯᠤᠮᠵᠢ ᠳᠤ ᠮᠡᠳᠡᠭᠦᠯᠬᠦ ᠡᠷᠬᠡ ᠲᠠᠢ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠵᠢᠯᠯᠠᠵᠤ ᠪᠠᠶᠢᠭ᠎ᠠ ᠬᠥᠮᠦᠰ ᠨᠢ ᠳᠦᠷᠢᠮ ᠠᠴᠠ | ᠵᠥᠷᠢᠴᠡᠨ ᠵᠢᠭᠠᠨ ᠵᠢᠯᠣᠭᠤᠳᠬᠤ ᠶᠢ ᠲᠡᠪᠴᠢᠬᠦ ᠪᠤᠶᠤ ᠲᠦᠭᠰᠢᠭᠦᠷᠢ ᠲᠠᠢ ᠠᠵᠢᠯ ᠢ ᠠᠯᠪᠠᠳᠠᠵᠤ ᠪᠠᠶᠢᠭᠠᠳ ᠬᠢᠵᠦ | ᠪᠠᠶᠢᠭᠠᠳ ᠴᠠᠯᠢᠩ᠂ ᠠᠰᠠᠷᠠᠮᠵᠢ ᠵᠡᠷᠭᠡ ᠣᠯᠭᠤᠮᠵᠢ ᠶᠢ ᠨᠢ ᠪᠠᠭᠤᠷᠠᠭᠤᠯᠵᠤ᠂ ᠵᠦᠢ ᠶᠣᠰᠣᠨ ᠤ ᠰᠢᠯᠲᠠᠭᠠᠨ | ᠦᠭᠡᠶ ᠪᠠᠷ ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠬᠦ ᠪᠤᠶᠤ ᠲᠡᠭᠦᠨ ᠤ ᠲᠣᠭᠲᠠᠭᠰᠠᠨ ᠬᠥᠳᠡᠯᠮᠦᠷᠢ ᠶᠢᠨ | ᠭᠡᠷ᠎ᠡ ᠪᠠᠨ ᠴᠤᠴᠠᠯᠬᠤ ᠶᠢ ᠬᠤᠷᠢᠭᠯᠠᠨ᠎ᠠ᠃ | ᠬᠤᠷᠢᠨ ᠨᠢᠭᠡᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠭᠤᠤᠯ | ᠬᠠᠷᠢᠭᠤᠴᠠᠯᠭᠠᠲᠠᠨ ᠪᠣᠯᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠠᠶᠦᠯᠭᠦᠢ | ᠦᠢᠯᠡᠳᠪᠦᠷᠢᠯᠡᠯ ᠤᠨ ᠮᠡᠳᠡᠯᠭᠡ ᠪᠣᠯᠤᠨ ᠬᠠᠮᠢᠶᠠᠷᠤᠯᠲᠠ ᠶᠢᠨ ᠴᠢᠳᠠᠪᠤᠷᠢ ᠶᠢᠨ ᠬᠢᠨᠠᠨ ᠰᠢᠯᠭᠠᠯᠲᠠ ᠶᠢ | ᠥᠩᠭᠡᠷᠡᠭᠦᠯᠬᠦ ᠶᠢᠨ ᠬᠠᠮᠲᠤ ᠵᠣᠬᠢᠴᠠᠩᠭᠤᠶ ᠪᠦᠬᠦᠢ ᠬᠢᠷᠢ ᠬᠡᠮᠵᠢᠶ᠎ᠡ ᠪᠣᠯᠤᠨ ᠴᠢᠳᠠᠪᠤᠷᠢ ᠪᠠᠨ ᠦᠷᠭᠦᠯᠵᠢᠯᠡᠨ ᠪᠠᠲᠤᠯᠠᠬᠤ | ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠵᠢᠯᠯᠠᠭᠰᠠᠳ ᠠᠶᠦᠯᠭᠦᠢ ᠦᠢᠯᠡᠳᠪᠦᠷᠢᠯᠡᠯ ᠤᠨ | ᠬᠥᠮᠦᠵᠢᠯ ᠪᠠ ᠰᠤᠷᠭᠠᠯᠲᠠ ᠪᠠᠷᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ ᠭᠠᠷᠴᠤ ᠠᠵᠢᠯᠯᠠᠵᠤ | ᠪᠣᠯᠤᠨ᠎ᠠ᠃ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠣᠨᠴᠠᠭᠠᠢ ᠠᠵᠢᠯ ᠤᠨ ᠬᠥᠮᠦᠰ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠶᠦᠯᠭᠦᠢ ᠶᠢᠨ ᠮᠡᠷᠭᠡᠵᠢᠯ ᠤᠨ ᠰᠤᠷᠭᠠᠯᠲᠠ ᠪᠣᠯᠤᠨ ᠬᠢᠨᠠᠨ | ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠶᠢᠨ ᠬᠠᠮᠲᠤ ᠵᠣᠬᠢᠴᠠᠩᠭᠤᠶ ᠪᠦᠬᠦᠢ ᠬᠢᠷᠢ ᠭᠡᠮ ᠢ ᠣᠯᠤᠭᠰᠠᠨ ᠪᠠᠶᠢᠬᠤ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠨᠡᠭᠦᠷᠡᠰᠦᠨ ᠤ | ᠠᠭᠤᠷᠬᠠᠢ ᠳᠤ ᠲᠤᠰᠬᠠᠶ ᠲᠤᠰᠢᠶᠠᠯ ᠤᠨ ᠠᠭᠤᠷᠬᠠᠶ ᠶᠢᠨ ᠳᠠᠷᠤᠭ᠎ᠠ᠂ ᠶᠡᠷᠦᠩᠬᠡᠶ ᠢᠨᠵᠧᠨᠧᠷ ᠲᠤᠰ ᠲᠤᠰ | ᠲᠣᠬᠢᠷᠠᠭᠤᠯᠵᠤ᠂ ᠠᠶᠦᠯᠭᠦᠢ᠂ ᠦᠢᠯᠡᠳᠪᠦᠷᠢᠯᠡᠬᠦ᠂ ᠮᠠᠰᠢᠨ ᠴᠠᠬᠢᠯᠭᠠᠨ ᠤ ᠳᠡᠳ᠋ ᠳᠠᠷᠤᠭ᠎ᠠ ᠵᠢᠴᠢ ᠲᠤᠰᠬᠠᠶ | ᠮᠡᠷᠭᠡᠵᠢᠯ ᠤᠨ ᠠᠵᠢᠯᠲᠠᠨ ᠢ ᠬᠤᠪᠢᠳᠠᠨ ᠬᠠᠮᠢᠶᠠᠷᠬᠤ ᠬᠡᠷᠡᠭᠲᠡᠶ᠃ | ᠨᠡᠭᠦᠷᠡᠰᠦ ︵ ᠴᠢᠯᠠᠭᠤᠯᠢᠭ︶ ᠬᠢᠭᠡᠳ ᠭᠠᠰ ︵ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︶ ᠨᠢ | ᠲᠣᠪᠤᠶᠢᠮ᠎ᠠ᠂ ᠭᠠᠰ᠂ ᠴᠢᠯᠠᠭᠤᠯᠢᠭ ᠤᠨ ᠳᠠᠷᠤᠯᠲᠠ᠂ ᠨᠡᠭᠦᠷᠡᠰᠦᠨ ᠳᠠᠪᠬᠤᠷᠭ᠎ᠠ ᠶᠢ ᠠᠮᠠᠷᠬᠠᠨ ᠥᠪᠡᠰᠦᠪᠡᠨ ᠰᠢᠲᠠᠬᠤ᠂ | ᠤᠰᠤᠨ ᠰᠢᠨᠵᠢᠯᠡᠭᠡᠨ ᠤ ᠲᠥᠷᠥᠯ ᠵᠦᠢᠯ ᠨᠢ ᠪᠤᠳᠤᠯᠢᠶᠠᠨᠲᠠᠶ ᠪᠥᠭᠡᠳ ᠲᠦᠢᠯ ᠤᠨ ᠪᠤᠳᠤᠯᠢᠶᠠᠨᠲᠠᠶ ᠨᠡᠭᠦᠷᠡᠰᠦᠨ ᠤ | ᠠᠭᠤᠷᠬᠠᠢ ᠳᠤ ᠪᠠᠰᠠ ᠲᠤᠰᠬᠠᠶ ᠰᠡᠷᠭᠡᠶᠢᠯᠡᠨ ᠵᠠᠰᠠᠬᠤ ᠵᠣᠬᠢᠴᠠᠩᠭᠤᠶ ᠪᠦᠬᠦᠢ ᠪᠠᠶᠢᠭᠤᠯᠤᠮᠵᠢ ᠪᠠᠶᠢᠭᠤᠯᠵᠤ᠂ ᠲᠤᠰᠬᠠᠶ | ᠲᠤᠰᠢᠶᠠᠯ ᠤᠨ ᠳᠡᠳ᠋ ᠶᠡᠷᠦᠩᠬᠡᠶ ᠢᠨᠵᠧᠨᠧᠷ ᠲᠣᠬᠢᠷᠠᠭᠤᠯᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠤᠳᠤᠷᠢᠳᠤᠯᠭ᠎ᠠ | ᠵᠢᠵᠢᠭᠦᠷ ᠳᠠᠭᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ ᠬᠢᠨᠠᠨ ᠰᠢᠯᠭᠠᠬᠤ ᠬᠡᠷᠡᠭᠲᠡᠶ᠃ | ᠠᠭᠤᠷᠬᠠᠶ ᠶᠢᠨ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠨᠢ | ᠡᠭᠡᠯᠵᠢᠯᠡᠨ ᠵᠢᠵᠢᠭᠦᠷ ᠳᠠᠭᠠᠭᠤᠯᠬᠤ ᠶᠢᠨ ᠬᠠᠮᠲᠤ ᠬᠤᠳᠳᠤᠭ ᠪᠠᠭᠤᠯᠭᠠᠬᠤ ᠳᠠᠩᠰᠠᠯᠠᠯ ᠤᠨ ᠳᠠᠩᠰᠠ ᠡᠪᠬᠡᠮᠡᠯ ᠢ | ᠪᠠᠶᠢᠭᠤᠯᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ | ᠠᠵᠢᠯᠯᠠᠭᠰᠠᠳ ᠲᠤ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠨᠡᠶᠢᠴᠡᠭᠰᠡᠨ | ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠬᠠᠩᠭᠠᠬᠤ ᠶᠢᠨ ᠬᠠᠮᠲᠤ᠂ ᠰᠤᠷᠭᠠᠨ ᠬᠥᠮᠦᠵᠢᠯ ᠤᠨ | ᠠᠵᠢᠯᠯᠠᠭᠰᠠᠳ ᠲᠤ ᠬᠡᠷᠡᠭᠯᠡᠬᠦ ᠳᠦᠷᠢᠮ ᠤᠨ ᠶᠣᠰᠣᠭᠠᠷ ᠵᠡᠭᠦᠬᠦ ᠪᠠ ᠬᠡᠷᠡᠭᠯᠡᠬᠦ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠬᠤᠳᠳᠤᠭ ᠳᠣᠲᠣᠷ᠎ᠠ ᠠᠵᠢᠯᠯᠠᠭᠰᠠᠳ ᠲᠤ ᠠᠶᠦᠯᠭᠦᠢ ᠶᠢᠨ | ᠬᠢᠵᠠᠭᠠᠷᠯᠠᠭᠴᠢ ᠶᠢᠨ ᠳᠦᠷᠢᠮ ᠢ ᠬᠡᠷᠡᠭᠵᠢᠭᠦᠯᠬᠦ ᠬᠡᠷᠡᠭᠲᠡᠶ᠃ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ | ᠬᠤᠳᠳᠤᠭ ᠳᠠᠷᠠᠭᠠᠬᠢ ᠠᠵᠢᠯᠯᠠᠬᠤ ᠴᠠᠭ ᠤᠨ ᠬᠠᠮᠢᠶᠠᠷᠤᠯᠲᠠ ᠶᠢᠨ ᠳᠦᠷᠢᠮ ᠢᠶᠠᠨ ᠬᠠᠤᠯᠢ ᠶᠣᠰᠣᠭᠠᠷ ᠲᠣᠭᠲᠠᠭᠠᠬᠤ | ᠬᠡᠷᠡᠭᠲᠡᠶ᠃ ᠨᠡᠭᠦᠷᠡᠰᠦᠨ ᠤ ᠠᠭᠤᠷᠬᠠᠢ ᠶᠢᠨ ᠬᠤᠳᠳᠤᠭ ᠳᠠᠷᠠᠭᠠᠬᠢ ᠠᠵᠢᠯ ᠤᠨ ᠪᠠᠶᠢᠷᠢ ᠳᠤ ᠬᠥᠳᠡᠯᠮᠦᠷᠢ | ᠦᠢᠯᠡᠴᠢᠯᠡᠭᠡᠨ ᠢ ᠲᠣᠮᠢᠯᠠᠨ ᠬᠡᠷᠡᠭᠯᠡᠭᠦᠯᠵᠦ ᠪᠣᠯᠬᠤ ᠦᠭᠡᠶ᠃ | ᠬᠤᠷᠢᠨ ᠲᠠᠪᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠬᠡᠷᠡᠭᠯᠡᠵᠦ ᠪᠠᠶᠢᠭ᠎ᠠ | ᠠᠶᠤᠯ ᠠᠴᠠ ᠬᠠᠮᠠᠭᠠᠯᠠᠬᠤ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠶᠯᠡᠳᠬᠦ᠂ ᠤᠭᠰᠠᠷᠠᠬᠤ᠂ ᠬᠡᠷᠡᠭᠯᠡᠬᠦ᠂ | ᠪᠠᠶᠢᠴᠠᠭᠠᠨ ᠬᠡᠮᠵᠢᠬᠦ᠂ ᠰᠡᠯᠪᠢᠨ ᠵᠠᠰᠠᠬᠤ᠂ ᠥᠭᠡᠷᠡᠴᠢᠯᠡᠬᠦ ᠪᠠ ᠬᠡᠷᠡᠭᠯᠡᠭᠡᠨ ᠠᠴᠠ ᠭᠠᠷᠭᠠᠬᠤ ᠳᠤ ᠤᠯᠤᠰ ᠤᠨ | ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠶᠦᠯᠭᠦᠢ ᠶᠢᠨ ᠲᠥᠬᠦᠭᠡᠷᠦᠮᠵᠢ ᠶᠢᠨ ᠡᠬᠡ ᠳᠠᠩᠰᠠ | ᠪᠠ ᠮᠥᠷᠳᠡᠬᠦ᠂ ᠬᠠᠮᠢᠶᠠᠷᠬᠤ ᠳᠦᠷᠢᠮ ᠪᠠᠶᠢᠭᠤᠯᠵᠤ᠂ ᠠᠶᠦᠯᠭᠦᠢ ᠶᠢᠨ ᠲᠥᠬᠦᠭᠡᠷᠦᠮᠵᠢ ᠶᠢ ᠪᠠᠶᠢᠩᠭᠤ ᠶᠢᠨ ᠴᠢᠨᠠᠷᠲᠠᠶ | ᠠᠷᠠᠴᠢᠯᠠᠨ ᠬᠠᠮᠠᠭᠠᠯᠠᠵᠤ᠂ ᠵᠠᠰᠠᠪᠤᠷᠢ ᠦᠢᠯᠡᠴᠢᠯᠡᠭᠡ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ | ᠰᠢᠯᠭᠠᠵᠤ᠂ ᠬᠡᠪ ᠤᠨ ᠠᠵᠢᠯᠯᠠᠭᠠᠨ ᠢ ᠪᠠᠲᠤᠯᠠᠵᠤ᠂ ᠠᠶᠦᠯᠭᠦᠢ ᠶᠢᠨ ᠲᠥᠬᠦᠭᠡᠷᠦᠮᠵᠢ ᠬᠤᠳᠠᠯᠳᠤᠨ ᠠᠪᠬᠤ᠂ | ᠬᠥᠮᠥᠷᠭᠡ ᠳᠤ ᠣᠷᠣᠭᠤᠯᠬᠤ᠂ ᠬᠡᠷᠡᠭᠯᠡᠬᠦ᠂ ᠵᠠᠰᠠᠪᠤᠷᠢ ᠦᠢᠯᠡᠴᠢᠯᠡᠭᠡ᠂ ᠪᠠᠶᠢᠴᠠᠭᠠᠨ ᠬᠡᠮᠵᠢᠬᠦ᠂ ᠰᠡᠯᠪᠢᠨ ᠵᠠᠰᠠᠬᠤ᠂ | ᠥᠭᠡᠷᠡᠴᠢᠯᠡᠬᠦ᠂ ᠬᠡᠷᠡᠭᠯᠡᠭᠡᠨ ᠠᠴᠠ ᠭᠠᠷᠭᠠᠬᠤ ᠵᠡᠷᠭᠡ ᠳᠤ ᠪᠦᠬᠦ ᠴᠤᠪᠤᠷᠠᠯ ᠤᠨ ᠲᠡᠮᠳᠡᠭᠯᠡᠯ ᠬᠢᠬᠦ ᠶᠢᠨ ᠬᠠᠮᠲᠤ ᠳᠠᠩᠰᠠ | ᠡᠪᠬᠡᠮᠡᠯ ᠳᠤ ᠬᠠᠳᠠᠭᠠᠯᠠᠬᠤ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠰᠢᠯᠢᠭᠳᠡᠭᠦᠯᠬᠦ ᠶᠣᠰᠣᠲᠠᠶ ᠠᠶᠦᠯᠭᠦᠢ | ᠦᠢᠯᠡᠳᠪᠦᠷᠢᠯᠡᠬᠦ ᠲᠥᠬᠦᠭᠡᠷᠦᠮᠵᠢ᠂ ᠤᠷᠠᠨ ᠳᠠᠷᠬ᠎ᠠ ᠶᠢ ᠬᠡᠷᠡᠭᠯᠡᠵᠦ ᠪᠣᠯᠬᠤ ᠦᠭᠡᠶ ᠪᠥᠭᠡᠳ ᠪᠣᠳᠠᠲᠠᠶ ᠭᠠᠷᠴᠠᠭ ᠢ ᠨᠢ | ᠤᠯᠤᠰ ᠤᠨ ᠠᠭᠤᠷᠬᠠᠶ ᠶᠢᠨ ᠠᠶᠦᠯᠭᠦᠢ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠲᠣᠭᠲᠠᠭᠠᠬᠤ ᠶᠢᠨ ᠬᠠᠮᠲᠤ | ᠨᠡᠶᠢᠲᠡᠯᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠨᠡᠭᠦᠷᠡᠰᠦ ᠣᠯᠪᠤᠷᠢᠯᠠᠬᠤ᠂ ᠡᠷᠦᠳᠡᠰᠦ | ᠣᠷᠣᠭᠤᠯᠬᠤ᠂ ᠲᠡᠭᠡᠭᠡᠪᠦᠷᠢᠯᠡᠬᠦ᠂ ᠰᠠᠯᠬᠢ ᠨᠡᠪᠲᠡᠷᠡᠭᠦᠯᠬᠦ᠂ ᠤᠰᠤ ᠵᠠᠯᠠᠬᠤ᠂ ᠰᠢᠷᠣᠶ ᠭᠠᠳᠠᠭᠰᠢᠯᠠᠭᠤᠯᠬᠤ ᠵᠡᠷᠭᠡ | ᠭᠤᠤᠯ ᠦᠢᠯᠡᠳᠪᠦᠷᠢᠯᠡᠯ ᠤᠨ ᠰᠢᠰᠲ᠋ᠧᠮ ᠪᠣᠯᠤᠨ ᠭᠠᠰ᠂ ᠨᠡᠭᠦᠷᠡᠰᠦ ᠶᠢ ᠰᠡᠷᠭᠡᠶᠢᠯᠡᠬᠦ᠂ ᠨᠡᠭᠦᠷᠡᠰᠦ ︵ ᠴᠢᠯᠠᠭᠤᠯᠢᠭ︶ | ᠬᠢᠭᠡᠳ ᠭᠠᠰ ᠤᠨ ᠳᠠᠪᠬᠤᠷ ᠢᠰᠦᠯ︶ ᠨᠢ ᠲᠣᠪᠤᠶᠢᠮ᠎ᠠ᠂ ᠳᠠᠭᠠᠷᠢᠯᠲᠠ ᠶᠢ ᠰᠡᠷᠭᠡᠶᠢᠯᠡᠬᠦ ᠭᠠᠵᠠᠷ ᠤᠨ ᠳᠠᠷᠤᠴᠠ᠂ | ᠭᠠᠯ ᠠᠴᠠ ᠤᠷᠢᠳᠴᠢᠯᠠᠨ ᠰᠡᠷᠭᠡᠶᠢᠯᠡᠬᠦ᠂ ᠤᠰᠤ ᠶᠢ ᠰᠡᠷᠭᠡᠶᠢᠯᠡᠨ ᠵᠠᠰᠠᠬᠤ᠂ ᠬᠤᠭ ᠲᠣᠭᠤᠰᠣ ᠶᠢ ᠰᠡᠷᠭᠡᠶᠢᠯᠡᠬᠦ᠂ | ᠢᠯᠴᠢ ᠶᠢᠨ ᠬᠥᠨᠥᠭᠡᠯ ᠠᠴᠠ ᠤᠷᠢᠳᠴᠢᠯᠠᠨ ᠰᠡᠷᠭᠡᠶᠢᠯᠡᠬᠦ᠂ ᠪᠡᠯ ᠶᠡᠭᠦᠷᠡᠬᠦ ᠶᠢ ᠰᠡᠷᠭᠡᠶᠢᠯᠡᠬᠦ᠂ ᠬᠢᠨᠠᠨ ᠡᠵᠡᠮᠳᠡᠬᠦ ᠬᠢᠭᠡᠳ | ᠴᠢᠮᠡᠭᠡ ᠨᠡᠪᠲᠡᠷᠡᠯᠭᠡ ᠵᠡᠷᠭᠡ ᠠᠶᠦᠯᠭᠦᠢ ᠶᠢᠨ ᠪᠡᠯᠡᠳᠬᠡᠮᠵᠢ ᠳᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠶᠢᠨ | ᠳᠦᠷᠢᠮ ᠪᠣᠯᠤᠨ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ | ᠬᠠᠮᠢᠶᠠᠷᠤᠯᠲᠠ ᠪᠣᠯᠤᠨ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠬᠥᠮᠦᠰ | ᠦᠢᠯᠡᠳᠪᠦᠷᠢᠯᠡᠯ ᠤᠨ ᠠᠶᠦᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ | ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠥᠬᠦᠭᠡᠷᠦᠮᠵᠢ᠂ ᠪᠡᠯᠡᠳᠬᠡᠮᠵᠢ ᠶᠢ ᠬᠠᠭᠠᠬᠤ ᠪᠤᠶᠤ ᠡᠪᠳᠡᠵᠦ ᠪᠣᠯᠬᠤ ᠦᠭᠡᠶ᠂ | ᠡᠰᠡᠬᠦᠯ᠎ᠡ ᠬᠤᠯᠪᠣᠭᠳᠠᠬᠤ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠵᠦ᠂ ᠨᠢᠭᠤᠨ ᠳᠠᠯᠳᠠᠯᠠᠵᠤ᠂ | ᠤᠰᠠᠳᠬᠠᠵᠤ ᠪᠣᠯᠬᠤ ᠦᠭᠡᠶ᠂ ᠶᠠᠮᠠᠷᠪᠠ ᠠᠷᠭ᠎ᠠ ᠮᠠᠶ᠋ᠢᠭ ᠢᠶᠠᠷ ᠲᠡᠭᠦᠨ ᠤ ᠬᠡᠪ ᠤᠨ ᠬᠡᠷᠡᠭᠯᠡᠯᠲᠡ ᠶᠢ ᠨᠢ ᠨᠥᠯᠥᠭᠡᠯᠡᠵᠦ | ᠪᠣᠯᠬᠤ ᠦᠭᠡᠶ᠃ | ᠬᠤᠷᠢᠨ ᠳᠣᠯᠣᠳᠤᠭᠠᠷ ᠵᠦᠢᠯ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠤ | ᠠᠭᠤᠷᠬᠠᠢ ᠨᠤᠭᠤᠳ ᠨᠢ ᠨᠡᠭᠦᠷᠡᠰᠦᠨ ᠤ ᠠᠭᠤᠷᠬᠠᠢ ᠶᠢᠨ ᠠᠶᠦᠯᠭᠦᠢ ᠶᠢᠨ ᠳᠦᠷᠢᠮ ᠪᠠ ᠤᠯᠤᠰ ᠤᠨ ᠪᠠᠷᠢᠮᠵᠢᠶ᠎ᠠ ᠪᠤᠶᠤ | ᠠᠵᠢᠯ ᠲᠥᠷᠥᠯ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠠᠶᠦᠯᠭᠦᠢ ᠶᠢᠨ ᠭᠠᠷᠴᠠ᠂ ᠪᠡᠶ᠎ᠡ ᠳᠠᠭᠠᠭᠠᠭᠰᠠᠨ | ᠠᠭᠠᠷᠵᠢᠭᠤᠯᠤᠯᠲᠠ ᠶᠢᠨ ᠰᠢᠰᠲ᠋ᠧᠮ᠂ ᠠᠶᠦᠯᠭᠦᠢ ᠶᠢᠨ ᠬᠢᠨᠠᠨ ᠡᠵᠡᠮᠳᠡᠬᠦ ᠰᠢᠰᠲ᠋ᠧᠮ᠂ ᠲᠣᠭᠤᠰᠣᠨ ᠤ | ᠬᠠᠮᠠᠭᠠᠯᠠᠯᠲᠠ ᠶᠢᠨ ᠤᠰᠤᠨ ᠰᠢᠰᠲ᠋ᠧᠮ᠂ ᠭᠠᠯ ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠬᠤ ᠰᠢᠰᠲ᠋ᠧᠮ᠂ | ᠴᠠᠬᠢᠯᠭᠠᠨ ᠬᠠᠩᠭᠠᠵᠤ ᠲᠦᠭᠡᠭᠡᠬᠦ ᠰᠢᠰᠲ᠋ᠧᠮ᠂ ᠲᠡᠭᠡᠭᠡᠪᠦᠷᠢᠯᠡᠨ ᠬᠦᠷᠭᠡᠬᠦ ᠠᠵᠢᠯᠲᠠᠨ ᠤ ᠲᠣᠨᠣᠭᠯᠠᠯ ᠪᠠ ᠨᠡᠭᠦᠷᠡᠰᠦᠨ ᠤ | ᠠᠭᠤᠷᠬᠠᠢ ᠶᠢᠨ ᠪᠣᠳᠠᠲᠤ ᠪᠠᠶᠢᠳᠠᠯ ᠢ ᠲᠤᠰᠬᠠᠭᠰᠠᠨ ᠵᠢᠷᠤᠭ ᠵᠢᠷᠤᠭ ᠲᠠᠢ ᠪᠠᠶᠢᠬᠤ ᠶᠢᠨ ᠬᠠᠮᠲᠤ ᠲᠣᠭᠲᠠᠭᠠᠯ ᠶᠣᠰᠣᠭᠠᠷ | ᠭᠠᠰ ᠳᠡᠰ᠂ ᠴᠢᠯᠠᠭᠤᠯᠢᠭ ᠤᠨ ᠳᠠᠷᠤᠯᠲᠠ ᠬᠠᠨᠳᠤᠰᠢ᠂ ᠨᠡᠭᠦᠷᠡᠰᠦᠨ ᠳᠠᠪᠬᠤᠷᠭ᠎ᠠ ᠶᠢᠨ ᠥᠪᠡᠰᠦᠪᠡᠨ ᠨᠣᠴᠣᠬᠤ | ᠬᠡᠯᠪᠡᠷᠢᠯ ᠪᠠ ᠨᠡᠭᠦᠷᠡᠰᠦ ᠲᠣᠭᠤᠰᠣ ᠳᠡᠯᠪᠡᠷᠡᠬᠦ ᠴᠢᠨᠠᠷᠲᠠᠶ ᠬᠢᠨᠠᠨ ᠲᠣᠭᠲᠠᠭᠠᠯᠲᠠ ᠬᠢᠬᠦ ᠬᠡᠷᠡᠭᠲᠡᠶ᠃ | ᠠᠭᠤᠷᠬᠠᠶ ᠶᠢᠨ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠤ ᠠᠭᠤᠷᠬᠠᠢ ᠨᠤᠭᠤᠳ | ᠠᠭᠤᠷᠬᠠᠶ ᠶᠢᠨ ᠬᠤᠳᠳᠤᠭ ᠤᠨ ᠭᠠᠰ ᠤᠨ ᠵᠡᠷᠭᠡ ᠳᠡᠰ ᠢᠶᠠᠷ ᠵᠣᠬᠢᠴᠠᠩᠭᠤᠶ ᠪᠦᠬᠦᠢ ᠨᠡᠭᠦᠷᠡᠰᠦᠨ ᠤ ᠠᠭᠤᠷᠬᠠᠢ ᠶᠢ | ᠰᠣᠩᠭᠤᠨ ᠬᠡᠷᠡᠭᠯᠡᠬᠦ ᠳᠠᠷᠢ ᠪᠠ ᠴᠠᠬᠢᠯᠭᠠᠨ ᠲᠡᠰᠦᠷᠡᠬᠦ ᠬᠤᠭᠤᠯᠠᠶ ᠶᠢ ᠬᠡᠷᠡᠭᠯᠡᠵᠦ᠂ ᠳᠡᠯᠪᠡᠴᠢᠬᠦ ᠠᠵᠢᠯ ᠢ ᠲᠤᠰᠬᠠᠶ | ᠲᠤᠰᠢᠶᠠᠯ ᠤᠨ ᠳᠡᠯᠪᠡᠴᠢᠬᠦ ᠠᠵᠢᠯᠴᠢᠨ ᠡᠭᠦᠷᠭᠡᠯᠡᠨ᠎ᠡ᠃ | ᠬᠤᠷᠢᠨ ᠨᠠᠢᠮᠠᠳᠤᠭᠠᠷ ᠵᠦᠢᠯ ᠵᠠᠳᠠᠭᠠᠶ ᠨᠡᠭᠦᠷᠡᠰᠦᠨ ᠤ ᠠᠭᠤᠷᠬᠠᠢ ᠶᠢᠨ ᠮᠠᠯᠲᠠᠵᠤ ᠭᠠᠷᠭᠠᠬᠤ ᠲᠠᠯᠠᠪᠠᠶ | ᠵᠢᠴᠢ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠬᠠᠵᠠᠭᠤ ᠬᠥᠲᠥᠯ ᠨᠢ ᠴᠢᠬᠤᠯᠠ ᠪᠠᠷᠢᠯᠭ᠎ᠠ᠂ ᠪᠠᠷᠢᠯᠭ᠎ᠠ ᠶᠢᠨ | ᠵᠦᠢᠯ ᠤᠨ ᠬᠤᠭᠤᠷᠣᠨᠳᠣ ᠠᠶᠦᠯᠭᠦᠢ ᠶᠢᠨ ᠭᠦᠢᠴᠡᠳ ᠵᠠᠶ ᠦᠯᠡᠳᠡᠭᠡᠬᠦ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠨᠢ ᠵᠠᠳᠠᠭᠠᠢ ᠨᠡᠭᠦᠷᠡᠰᠦᠨ ᠤ ᠠᠭᠤᠷᠬᠠᠢ ᠳᠤ ᠬᠠᠵᠠᠭᠤ | ᠪᠡᠯ ᠤᠨ ᠲᠣᠭᠲᠠᠭᠤᠨ ᠴᠢᠨᠠᠷ ᠤᠨ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠦᠨᠡᠯᠡᠬᠦ | ᠬᠡᠪᠴᠢᠶᠡᠨ ᠳᠤ ᠵᠠᠳᠠᠭᠠᠢ ᠨᠡᠭᠦᠷᠡᠰᠦᠨ ᠤ ᠠᠭᠤᠷᠬᠠᠢ ᠶᠢᠨ ᠪᠣᠢ ᠪᠦᠬᠦᠢ ᠨᠠᠯᠠᠤ ᠶᠢ ᠬᠠᠮᠤᠷᠤᠭᠤᠯᠬᠤ ᠬᠡᠷᠡᠭᠲᠡᠢ᠃ | ᠬᠠᠵᠠᠭᠤ ᠬᠥᠲᠥᠯ ᠤᠨ ᠲᠣᠭᠲᠠᠭᠤᠨ ᠪᠠᠶᠢᠬᠤ ᠱᠠᠭᠠᠷᠳᠠᠯᠭ᠎ᠠ ᠳᠤ ᠬᠦᠷᠴᠦ ᠳᠡᠶᠢᠯᠬᠦ ᠦᠭᠡᠶ ᠪᠣᠯ᠂ ᠠᠭᠤᠷᠬᠠᠶ | ᠣᠯᠪᠤᠷᠢᠯᠠᠬᠤ ᠵᠢᠷᠤᠭ ᠲᠥᠯᠥᠪᠯᠡᠭᠡ ᠳᠤ ᠵᠠᠰᠠᠪᠤᠷᠢ ᠣᠷᠣᠭᠤᠯᠬᠤ ᠪᠤᠶᠤ ᠠᠶᠦᠯᠭᠦᠢ ᠶᠢᠨ ᠠᠷᠭ᠎ᠠ ᠬᠡᠮᠵᠢᠶ᠎ᠡ ᠠᠪᠬᠤ ᠶᠢᠨ | ᠬᠠᠮᠲᠤ ᠬᠠᠵᠠᠭᠤ ᠬᠥᠲᠥᠯ ᠤᠨ ᠬᠢᠨᠠᠨ ᠬᠡᠮᠵᠢᠬᠦ ᠠᠵᠢᠯ ᠢᠶᠠᠨ ᠴᠢᠩᠭᠠᠳᠬᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ | ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠳᠠᠬᠢ ᠠᠪᠤᠷᠠᠨ | ᠲᠤᠰᠠᠯᠠᠬᠤ ᠪᠡᠯᠡᠳᠬᠡᠯ ᠲᠥᠰᠦᠯ ᠢ ᠬᠠᠤᠯᠢ ᠶᠣᠰᠣᠭᠠᠷ ᠲᠣᠭᠲᠠᠭᠠᠵᠤ᠂ ᠪᠠᠶᠢᠭ᠎ᠠ ᠭᠠᠵᠠᠷ ᠤᠨ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠨ | ᠲᠣᠭᠲᠠᠭᠠᠭᠰᠠᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠳᠠᠬᠢ | ᠠᠪᠤᠷᠠᠨ ᠲᠤᠰᠠᠯᠠᠬᠤ ᠪᠡᠯᠡᠳᠬᠡᠯ ᠲᠥᠰᠦᠯ ᠯᠦᠭᠡ ᠤᠶᠠᠯᠳᠤᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠰᠣᠷᠢᠯᠲᠠ ᠶᠢ ᠵᠣᠬᠢᠶᠠᠨ ᠪᠠᠶᠢᠭᠤᠯᠬᠤ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠲᠤᠰᠬᠠᠢ ᠠᠪᠤᠷᠠᠯᠲᠠ ᠶᠢᠨ ᠠᠩᠭᠢ ᠪᠠᠶᠢᠭᠤᠯᠬᠤ | ᠬᠡᠷᠡᠭᠲᠡᠢ︔ ᠲᠤᠰᠬᠠᠢ ᠠᠪᠤᠷᠠᠯᠲᠠ ᠶᠢᠨ ᠠᠩᠭᠢ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ | ᠲᠤᠰᠢᠶᠠᠯ ᠬᠠᠪᠰᠤᠷᠭᠠᠭᠰᠠᠨ ᠲᠦᠷᠭᠡᠨ ᠠᠪᠤᠷᠠᠯᠲᠠ ᠶᠢᠨ ᠠᠩᠭᠢ ᠪᠠᠶᠢᠭᠤᠯᠬᠤ ᠶᠢᠨ ᠬᠠᠮᠲᠤ ᠬᠥᠷᠰᠢ ᠵᠡᠷᠭᠡᠯᠡᠳᠡᠭᠡ | ᠲᠤᠰᠬᠠᠢ ᠠᠪᠤᠷᠠᠨ ᠲᠤᠰᠠᠯᠠᠬᠤ ᠠᠩᠭᠢ ᠯᠤᠭ᠎ᠠ ᠠᠪᠤᠷᠠᠨ ᠲᠤᠰᠠᠯᠠᠬᠤ ᠬᠡᠯᠡᠯᠴᠡᠭᠡᠷ ᠲᠣᠭᠲᠠᠭᠠᠬᠤ ᠬᠡᠷᠡᠭᠲᠡᠢ ᠠᠳᠡᠯ | ᠭᠠᠷᠤᠭᠰᠠᠨ ᠦᠶ᠎ᠡ ᠳᠤ᠂ ᠲᠤᠰᠬᠠᠶ ᠲᠤᠰᠢᠶᠠᠯᠳᠦ ᠠᠪᠤᠷᠠᠨ ᠲᠤᠰᠠᠯᠠᠬᠤ ᠠᠩᠭᠢ ᠨᠢ ᠲᠣᠭᠲᠠᠭᠰᠠᠨ ᠴᠠᠭ ᠤᠨ | ᠳᠣᠲᠣᠷ᠎ᠠ ᠨᠡᠭᠦᠷᠡᠰᠦᠨ ᠤ ᠠᠭᠤᠷᠬᠠᠢ ᠳᠤ ᠬᠦᠷᠴᠦ ᠠᠪᠤᠷᠠᠨ ᠲᠤᠰᠠᠯᠠᠬᠤ ᠠᠵᠢᠯ ᠥᠷᠨᠢᠭᠦᠯᠬᠦ ᠬᠡᠷᠡᠭᠲᠡᠶ᠃ | ᠭᠤᠴᠢᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠬᠠᠤᠯᠢ ᠶᠣᠰᠣᠭᠠᠷ | ᠲᠣᠭᠲᠠᠭᠠᠭᠰᠠᠨ ᠨᠡᠭᠡᠭᠡᠨ ᠣᠯᠪᠤᠷᠢᠯᠠᠬᠤ ᠬᠡᠪᠴᠢᠶᠡᠨ ᠳᠣᠲᠣᠷ᠎ᠠ ᠪᠠᠨ ᠦᠢᠯᠡᠳᠪᠦᠷᠢᠯᠡᠬᠦ ᠬᠡᠷᠡᠭᠲᠡᠶ᠂ ᠳᠠᠪᠬᠤᠷᠭ᠎ᠠ ᠠᠴᠠ | ᠳᠠᠪᠠᠵᠤ᠂ ᠵᠠᠭᠠᠭ ᠠᠴᠠ ᠳᠠᠪᠠᠭᠤᠯᠤᠨ ᠮᠠᠯᠲᠠᠵᠤ ᠪᠣᠯᠬᠤ ᠦᠭᠡᠶ᠃ | ᠠᠭᠤᠷᠬᠠᠶ ᠣᠯᠪᠤᠷᠢᠯᠠᠬᠤ ᠠᠵᠢᠯ ᠳᠤ ᠨᠡᠭᠦᠷᠡᠰᠦᠨ ᠤ ᠬᠠᠮᠠᠭᠠᠯᠠᠯᠲᠠ ᠶᠢᠨ ᠲᠤᠯᠭᠠᠭᠤᠷᠢ ᠪᠠᠭᠠᠨ᠎ᠠ ᠶᠢ ᠳᠤᠷ᠎ᠠ | ᠮᠡᠳᠡᠨ ᠮᠠᠯᠲᠠᠵᠤ ᠪᠣᠯᠬᠤ ᠦᠭᠡᠶ᠂ ᠬᠥᠷᠰᠢ ᠵᠡᠷᠭᠡᠯᠡᠳᠡᠭᠡ ᠨᠡᠭᠦᠷᠡᠰᠦᠨ ᠤ ᠠᠭᠤᠷᠬᠠᠢ ᠶᠢᠨ ᠠᠶᠦᠯᠭᠦᠢ ᠳᠤ ᠠᠶᠤᠯ | ᠤᠴᠠᠷᠠᠭᠤᠯᠵᠤ ᠮᠡᠳᠡᠬᠦ ᠤᠰᠤ ᠲᠠᠯᠪᠢᠬᠤ᠂ ᠳᠡᠯᠪᠡᠴᠢᠬᠦ᠂ ᠨᠦᠬᠡᠨ ᠵᠠᠮ ᠵᠡᠷᠭᠡ ᠠᠶᠤᠯ ᠲᠠᠢ ᠠᠷᠭ᠎ᠠ ᠶᠢ ᠠᠪᠴᠤ | ᠪᠣᠯᠬᠤ ᠦᠭᠡᠶ᠃ | ᠭᠤᠴᠢᠨ ᠨᠢᠭᠡᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ | ᠴᠢᠳᠠᠪᠤᠷᠢ ᠠᠴᠠ ᠨᠢ ᠬᠡᠲᠦᠷᠡᠭᠦᠯᠬᠦ᠂ ᠬᠦᠴᠦᠯᠡᠴᠡ ᠠᠴᠠ ᠬᠡᠲᠦᠷᠡᠭᠦᠯᠬᠦ ᠪᠤᠶᠤ ᠲᠣᠭᠲᠠᠭᠰᠠᠨ ᠠᠵᠢᠯᠲᠠᠨ ᠠᠴᠠ | ᠳᠠᠪᠠᠭᠤᠯᠤᠨ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ ᠪᠣᠯᠬᠤ ᠦᠭᠡᠶ᠃ ᠬᠡᠪ ᠤᠨ ᠶᠣᠰᠣᠭᠠᠷ ᠦᠢᠯᠡᠳᠪᠦᠷᠢᠯᠡᠵᠦ | ᠪᠠᠶᠢᠭ᠎ᠠ ᠨᠡᠭᠦᠷᠡᠰᠦᠨ ᠤ ᠠᠭᠤᠷᠬᠠᠢ ᠨᠢ ᠭᠠᠵᠠᠷ ᠰᠢᠨᠵᠢᠯᠡᠭᠡ᠂ ᠦᠢᠯᠡᠳᠪᠦᠷᠢᠯᠡᠯ ᠤᠨ ᠮᠡᠷᠭᠡᠵᠢᠯ ᠤᠨ ᠨᠥᠬᠦᠴᠡᠯ᠂ | ᠨᠡᠭᠦᠷᠡᠰᠦ ᠣᠯᠪᠤᠷᠢᠯᠠᠬᠤ ᠠᠷᠭ᠎ᠠ ᠪᠤᠶᠤ ᠤᠷᠠᠨ ᠳᠠᠷᠬ᠎ᠠ ᠵᠡᠷᠭᠡ ᠬᠤᠪᠢᠷᠠᠯᠲᠠ ᠠᠴᠠ ᠪᠣᠯᠵᠤ ᠦᠢᠯᠡᠳᠪᠦᠷᠢᠯᠡᠬᠦ | ᠴᠢᠳᠠᠪᠤᠷᠢ ᠶᠢ ᠨᠢ ᠳᠤᠮᠳᠠ ᠵᠡᠷᠭᠡ ᠬᠤᠪᠢᠷᠠᠯᠲᠠ ᠲᠠᠢ ᠪᠣᠯᠭᠠᠭᠰᠠᠨ ᠪᠣᠯ ᠦᠢᠯᠡᠳᠪᠦᠷᠢᠯᠡᠬᠦ ᠴᠢᠳᠠᠪᠤᠷᠢ ᠶᠢ ᠨᠢ ᠬᠠᠤᠯᠢ | ᠶᠣᠰᠣᠭᠠᠷ ᠳᠠᠬᠢᠵᠤ ᠬᠢᠨᠠᠨ ᠲᠣᠭᠲᠠᠭᠠᠬᠤ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠶᠦᠯᠭᠦᠢ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠭᠡᠳᠦᠶ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠢ ᠱᠠᠭᠠᠷᠳᠠᠨ ᠦᠢᠯᠡᠳᠪᠦᠷᠢᠯᠡᠵᠦ ᠪᠣᠯᠬᠤ ᠦᠭᠡᠶ᠃ | ᠭᠤᠴᠢᠨ ᠬᠤᠶᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠨᠡᠭᠦᠷᠡᠰᠦᠨ ᠤ | ᠠᠭᠤᠷᠬᠠᠢ ᠶᠢᠨ ᠭᠠᠮᠰᠢᠭ ᠤᠨ ᠬᠡᠮᠵᠢᠶ᠎ᠡ ᠪᠣᠯᠤᠨ ᠲᠥᠷᠥᠯ ᠬᠡᠯᠪᠡᠷᠢ ᠶᠢᠨ ᠶᠣᠰᠣᠭᠠᠷ ᠭᠠᠮᠰᠢᠭ ᠢ ᠵᠠᠰᠠᠬᠤ ᠠᠵᠢᠯ ᠢ | ᠬᠡᠷᠡᠭᠵᠢᠭᠦᠯᠵᠦ᠂ ᠣᠨ ᠤ ᠭᠠᠮᠰᠢᠭ ᠠᠴᠠ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠲᠥᠯᠥᠪᠯᠡᠭᠡ ᠪᠠᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠪᠣᠳᠠᠲᠠᠶ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠵᠠᠰᠠᠪᠤᠷᠢ | ᠣᠷᠣᠭᠤᠯᠬᠤ ᠬᠡᠷᠡᠭᠲᠡᠶ᠃ | ᠭᠤᠴᠢᠨ ᠭᠤᠷᠪᠠᠳᠣᠭᠠᠷ ᠵᠦᠢᠯ ᠨᠡᠬᠦᠷᠡᠰᠣᠨ ᠠᠭᠤᠷᠬᠠᠢ ᠶᠢ ᠨᠡᠭᠡᠭᠡᠨ ᠮᠠᠯᠳᠠᠬᠤ ᠳᠤ ᠲᠣᠣᠷᠡᠬᠢ | ᠪᠠᠶᠢᠳᠡᠯ ᠤᠨ ᠨᠢᠭᠡ ᠨᠢ ᠪᠠᠶᠢᠪᠠᠯ᠂ ᠲᠣᠰᠬᠠᠢ ᠵᠢᠷᠤᠭ ᠳᠦᠯᠦᠪᠯᠡᠭᠡ ᠵᠤᠬᠢᠶᠠᠬᠤ ᠭᠡᠷᠡᠭᠳᠡᠢ᠄ | ︵ ᠨᠢᠭᠡ᠂ ᠨᠡᠭᠦᠷᠡᠰᠦ ︵ ᠴᠢᠯᠠᠭᠤᠯᠢᠭ︶ ᠪᠣᠯᠣᠨ ᠭᠠᠰ ︵ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︶ | ︶ ᠲᠣᠪᠤᠶᠢᠮ᠎ᠠ | ︵ ᠬᠤᠶᠠᠷ︶ ᠠᠶᠤᠯᠲᠠᠢ | ︵ ᠭᠤᠷᠪᠠ︶ ᠨᠡᠭᠡᠭᠡᠨ ᠣᠯᠪᠤᠷᠢᠯᠠᠬᠤ ᠳᠤ ᠬᠠᠮᠠᠭᠠᠯᠠᠬᠤ ᠴᠢᠬᠤᠯᠠᠲᠠᠶ ᠪᠠᠷᠢᠯᠭ᠎ᠠ᠂ ᠤᠰᠤᠨ ᠴᠣᠭᠴᠠ᠂ | ᠲᠡᠮᠦᠷ ᠵᠠᠮ ᠤᠨ ᠳᠣᠤᠷ᠎ᠠ ᠳᠠᠷᠤᠯᠲᠠᠲᠤ ᠨᠡᠭᠦᠷᠡᠰᠦ ᠪᠤᠶᠤ ᠭᠤᠤᠯ ᠪᠣᠯᠬᠤ ᠬᠤᠳᠳᠤᠭ ᠤᠨ ᠭᠤᠳᠤᠮᠵᠢ ᠳᠤ | ᠨᠡᠭᠦᠷᠡᠰᠦᠨ ᠲᠤᠯᠭᠠᠭᠤᠷᠢ ᠦᠯᠡᠳᠡᠭᠡᠵᠦ ᠥᠭᠭᠦᠭᠰᠡᠨ᠃ | ︵ ᠲᠦᠷᠪᠡ︶ ᠤᠰᠤ ᠭᠠᠵᠠᠷ ᠰᠢᠨᠵᠢᠯᠡᠭᠡᠨ ᠤ ᠲᠥᠷᠥᠯ ᠬᠡᠯᠪᠡᠷᠢ ᠨᠢ ᠪᠤᠳᠤᠯᠢᠶᠠᠨᠲᠠᠶ᠂ ᠲᠦᠢᠯ ᠤᠨ | ᠪᠤᠳᠤᠯᠢᠶᠠᠨᠲᠠᠶ ᠪᠤᠶᠤ ᠡᠷᠭᠢᠨ ᠲᠣᠭᠤᠷᠢᠨ ᠳᠤ ᠨᠢ ᠬᠠᠭᠤᠴᠢᠨ ᠨᠦᠬᠡᠨ ᠭᠡᠷ ᠤᠨ ᠮᠠᠯᠲᠠᠵᠤ ᠬᠥᠨᠳᠡᠶᠢᠷᠡᠭᠦᠯᠦᠭᠰᠡᠨ | ᠣᠷᠣᠨ ᠲᠠᠢ ᠪᠠᠶᠢᠬᠤ᠃ | ︵ ᠲᠠᠪᠤ︶ ᠨᠡᠭᠡᠭᠡᠨ ᠣᠯᠪᠤᠷᠢᠯᠠᠬᠤ ᠨᠢ ᠠᠮᠠᠷᠬᠠᠨ ᠠᠶᠠᠨᠳᠠᠭᠠᠨ ᠨᠣᠴᠣᠬᠤ ᠪᠠ ᠥᠪᠡᠰᠦᠪᠡᠨ ᠰᠢᠲᠠᠬᠤ | ᠨᠡᠭᠦᠷᠡᠰᠦᠨ ᠳᠠᠪᠬᠤᠷᠭ᠎ᠠ᠃ | ︵ ᠵᠢᠷᠭᠤᠭ᠎ᠠ︶ ᠪᠤᠰᠤᠳ ᠲᠤᠰᠬᠠᠢ ᠲᠥᠷᠥᠯ ᠤᠨ ᠵᠢᠷᠤᠭ ᠲᠥᠯᠥᠪᠯᠡᠭᠡ ᠵᠣᠬᠢᠶᠠᠬᠤ ᠴᠢᠬᠤᠯᠠ ᠲᠠᠢ | ᠪᠠᠶᠢᠪᠠᠯ᠃ | ᠭᠤᠴᠢᠨ ᠳᠥᠷᠪᠡᠳᠦᠭᠡᠷ ᠵᠦᠢᠯ ᠨᠡᠭᠦᠷᠡᠰᠦᠨ ᠤ ᠠᠭᠤᠷᠬᠠᠢ ᠳᠤ ᠴᠢᠯᠠᠭᠤᠯᠢᠭ ᠢ ᠨᠡᠪᠲᠡᠷᠡᠭᠦᠯᠬᠦ᠂ ᠤᠰᠤ | ᠲᠠᠯᠪᠢᠬᠤ᠂ ᠨᠦᠬᠡᠨ ᠵᠠᠮ ᠨᠡᠪᠲᠡᠷᠡᠭᠰᠡᠨ᠂ ᠨᠡᠭᠦᠷᠡᠰᠦᠨ ᠬᠥᠮᠥᠷᠭᠡ ᠶᠢ ᠴᠡᠪᠡᠷᠯᠡᠬᠦ᠂ ᠠᠯᠪᠠᠳᠠᠯᠭ᠎ᠠ ᠪᠠᠷ ᠣᠷᠦ᠋ᠢᠯᠠᠬᠤ᠂ | ᠭᠠᠯ ᠭᠠᠷᠤᠭᠰᠠᠨ ᠣᠷᠣᠨ ᠢ ᠨᠢᠭᠲᠠ ᠬᠠᠭᠠᠬᠤ ᠪᠠ ᠪᠢᠲᠡᠭᠦᠮᠵᠢᠯᠡᠬᠦ᠂ ᠭᠠᠯ ᠭᠠᠷᠤᠭᠰᠠᠨ ᠵᠢᠴᠢ ᠤᠯᠤᠰ ᠤᠨ | ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠲᠣᠭᠲᠠᠭᠠᠭᠰᠠᠨ ᠪᠤᠰᠤᠳ ᠠᠶᠤᠯᠲᠠᠶ ᠠᠵᠢᠯ | ᠬᠢᠬᠦ ᠳᠤ ᠲᠤᠰᠬᠠᠶ ᠠᠶᠦᠯᠭᠦᠢ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠲᠤᠰᠬᠠᠶ ᠬᠥᠮᠦᠨ | ᠲᠣᠬᠢᠷᠠᠭᠤᠯᠤᠨ ᠲᠤᠬᠠᠶ ᠶᠢᠨ ᠲᠠᠯᠠᠪᠠᠶ ᠳᠤ ᠠᠶᠦᠯᠭᠦᠢ ᠶᠢᠨ ᠬᠠᠮᠢᠶᠠᠷᠤᠯᠲᠠ ᠶᠠᠪᠤᠭᠤᠯᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠨᠢ ᠠᠮᠤᠷ | ᠲᠦᠪᠰᠢᠨ ᠤ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠵᠤ᠂ ᠠᠮᠤᠷ | ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ ᠦᠨᠡᠯᠡᠨ ᠵᠢᠱᠢᠯᠲᠡ ᠶᠢᠨ ᠠᠵᠢᠯ ᠢ ᠥᠷᠨᠢᠭᠦᠯᠵᠦ᠂ ᠠᠮᠤᠷ | ᠲᠦᠪᠰᠢᠨ ᠤ ᠲᠦᠭᠰᠢᠭᠦᠷᠢ ᠶᠢ ᠳᠡᠰ ᠬᠤᠪᠢᠶᠠᠬᠤ ᠶᠣᠰᠣᠭᠠᠷ ᠵᠣᠬᠢᠴᠠᠩᠭᠤᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ | ᠠᠪᠬᠤ ᠬᠡᠷᠡᠭᠲᠡᠢ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ | ᠵᠢᠭᠰᠠᠭᠠᠨ ᠪᠠᠶᠢᠴᠠᠭᠠᠵᠤ ᠵᠠᠰᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠷᠭᠡᠵᠢᠯ᠂ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠠᠪᠴᠤ᠂ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠴᠠᠭ ᠲᠤᠬᠠᠶ ᠳᠤᠨᠢ ᠣᠯᠵᠤ | ᠮᠡᠳᠡᠬᠦ ᠶᠢᠨ ᠬᠠᠮᠲᠤ ᠠᠷᠢᠯᠭᠠᠬᠤ ᠬᠡᠷᠡᠭᠲᠡᠶ᠃ ᠬᠤᠷᠢᠨ ᠨᠠᠢᠮᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠭᠠᠯ ᠲᠦᠢᠮᠡᠷ ᠢ ᠤᠨᠲᠠᠷᠠᠭᠠᠬᠤ ᠪᠠᠶᠢᠭᠤᠯᠤᠮᠵᠢ ᠨᠤᠭᠤᠳ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠠᠮᠤᠷ ᠲᠦᠪᠰᠢᠨ ᠤ ᠠᠰᠠᠭᠤᠳᠠᠯ ᠢ ᠣᠯᠵᠤ ᠮᠡᠳᠡᠭᠰᠡᠨ ᠪᠤᠶᠤ ᠪᠠᠶᠢᠴᠠᠭᠠᠨ | ᠰᠢᠢᠳᠪᠦᠷᠢᠯᠡᠭᠰᠡᠨ ᠪᠠᠶᠢᠳᠠᠯ ᠢᠶᠠᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ | ᠬᠡᠷᠡᠭᠲᠡᠶ᠃ ᠬᠦᠨᠳᠦ ᠬᠡᠴᠡᠭᠦᠦ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠵᠢᠭᠰᠠᠭᠠᠨ ᠪᠠᠶᠢᠴᠠᠭᠠᠵᠤ | ᠵᠠᠰᠠᠭᠰᠠᠨ ᠪᠠᠶᠢᠳᠠᠯ ᠤᠨ ᠪᠢᠴᠢᠭᠯᠡᠭᠰᠡᠨ ᠮᠡᠳᠡᠭᠦᠯᠦᠯᠲᠡ ᠪᠠᠨ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ᠂ ᠤᠯᠠᠷᠢᠯ ᠪᠦᠷᠢ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠦᠬᠦᠢ ᠰᠠᠯᠠᠭ᠎ᠠ ᠮᠥᠴᠢᠷ ᠪᠣᠯᠤᠨ ᠪᠠᠶᠢᠭ᠎ᠠ ᠭᠠᠵᠠᠷ ᠤᠨ ᠠᠭᠤᠷᠬᠠᠶ ᠶᠢᠨ ᠠᠶᠦᠯᠭᠦᠢ ᠶᠢᠨ ᠬᠢᠨᠠᠨ | ᠪᠠᠶᠢᠴᠠᠭᠠᠬᠤ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠬᠠᠷᠢᠶ᠎ᠠ ᠪᠦᠬᠦᠢ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠠᠷᠢᠶ᠎ᠠ ᠪᠦᠬᠦᠢ ᠨᠡᠭᠦᠷᠡᠰᠦᠨ ᠤ ᠠᠭᠤᠷᠬᠠᠢ ᠳᠠᠭᠠᠨ ᠲᠣᠭᠲᠠᠮᠠᠯ | ᠬᠤᠭᠤᠴᠠᠭ᠎ᠠ ᠲᠠᠢ ᠪᠠᠷ ᠠᠶᠦᠯᠭᠦᠢ ᠶᠢᠨ ᠪᠠᠶᠢᠴᠠᠭᠠᠯᠲᠠ ᠬᠢᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠬᠦᠨᠳᠦ ᠶᠡᠭᠡ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠳᠤ | ᠲᠣᠭᠠᠴᠠᠭᠳᠠᠪᠠᠯ᠂ ᠨᠥᠯᠥᠭᠡᠯᠡᠭᠳᠡᠭᠰᠡᠨ ᠣᠷᠣᠨ ᠪᠦᠰᠡ ᠶᠢᠨ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ ᠶᠢ ᠲᠡᠷᠡ | ᠳᠠᠷᠤᠢ ᠳᠤᠨᠢ ᠵᠣᠭᠰᠣᠭᠠᠬᠤ ᠶᠢᠨ ᠬᠠᠮᠲᠤ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠴᠠᠭ ᠲᠤᠬᠠᠢ ᠳᠤ ᠨᠢ | ᠠᠷᠢᠯᠭᠠᠬᠤ ᠬᠡᠷᠡᠭᠲᠡᠢ᠄ | ︵ ᠨᠢᠭᠡ︶ ᠴᠢᠳᠠᠪᠤᠷᠢ ᠠᠴᠠ ᠪᠠᠨ ᠬᠡᠲᠦᠷᠡᠭᠰᠡᠨ᠂ ᠡᠷᠴᠢᠮ ᠠᠴᠠ ᠬᠡᠲᠦᠷᠡᠭᠰᠡᠨ ᠪᠤᠶᠤ ᠲᠣᠭᠲᠠᠭᠰᠠᠨ | ᠣᠷᠣᠨ ᠲᠣᠭᠠᠨ ᠠᠴᠠ ᠳᠠᠪᠠᠭᠤᠯᠤᠨ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠤᠭᠰᠠᠨ | ︵ ᠬᠤᠶᠠᠷ︶ ᠭᠠᠰ ᠬᠡᠲᠦᠷᠡᠲᠡᠯ᠎ᠡ ᠠᠵᠢᠯᠯᠠᠭᠰᠠᠨ᠃ | ︵ ᠭᠤᠷᠪᠠ ᠨᠡᠭᠦᠷᠡᠰᠦ ︵ ᠴᠢᠯᠠᠭᠤᠯᠢᠭ︶ ᠬᠢᠭᠡᠳ ᠭᠠᠰ ᠤᠨ ᠳᠠᠪᠬᠤᠷ ᠢᠰᠦᠯ︶ ᠠᠭᠤᠷᠬᠠᠶ ᠶᠢᠨ | ᠬᠤᠳᠳᠤᠭ ᠨᠢ ᠲᠣᠭᠲᠠᠭᠠᠯ ᠶᠣᠰᠣᠭᠠᠷ ᠭᠡᠨᠡᠳᠲᠡ ᠶᠢᠨ ᠬᠡᠷᠡᠭ ᠠᠴᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ | ᠠᠪᠤᠭᠰᠠᠨ ᠦᠭᠡᠶ ᠪᠠᠶᠢᠬᠤ ᠶᠢ ᠲᠤᠪᠤᠶᠢᠯᠭᠠᠭᠰᠠᠨ᠃ | ︵ ᠳᠦᠷᠪᠡ᠂ ᠨᠡᠭᠦᠷᠡᠰᠦ ︵ ᠴᠢᠯᠠᠭᠤᠯᠢᠭ︶ ᠬᠢᠭᠡᠳ ᠭᠠᠰ ᠤᠨ ᠳᠠᠪᠬᠤᠷ ᠢᠰᠦᠯ︶ ᠠᠭᠤᠷᠬᠠᠶ ᠶᠢᠨ | ᠬᠤᠳᠳᠤᠭ᠂ ᠭᠠᠰ ᠤᠨ ᠠᠭᠤᠷᠬᠠᠶ ᠶᠢᠨ ᠬᠤᠳᠳᠤᠭ ᠢ ᠲᠣᠭᠲᠠᠭᠠᠯ ᠶᠣᠰᠣᠭᠠᠷ ᠭᠠᠰ ᠰᠤᠭᠤᠴᠢᠨ ᠣᠯᠪᠤᠷᠢᠯᠠᠬᠤ | ᠰᠢᠰᠲ᠋ᠧᠮ ᠢ ᠪᠠᠶᠢᠭᠤᠯᠤᠭᠰᠠᠨ ᠦᠭᠡᠶ᠂ ᠡᠰᠡᠬᠦᠯ᠎ᠡ ᠰᠢᠰᠲ᠋ᠧᠮ ᠨᠢ ᠬᠡᠪ ᠤᠨ ᠶᠣᠰᠣᠭᠠᠷ ᠠᠵᠢᠯᠯᠠᠵᠤ ᠳᠡᠶᠢᠯᠬᠦ ᠦᠭᠡᠶ | ︵ ᠲᠠᠪᠤ︶ ᠰᠠᠯᠬᠢ ᠨᠡᠪᠲᠡᠷᠡᠭᠦᠯᠬᠦ ᠰᠢᠰᠲ᠋ᠧᠮ ᠲᠡᠭᠦᠯᠳᠡᠷ ᠪᠣᠰᠣ᠂ ᠨᠠᠶᠢᠳᠠᠪᠤᠷᠢᠲᠠᠢ᠃ | ︵ ᠵᠢᠷᠭᠤᠭ᠎ᠠ︶ ᠳᠠᠪᠬᠤᠷᠭ᠎ᠠ ᠠᠴᠠ ᠳᠠᠪᠠᠭᠰᠠᠨ᠂ ᠬᠢᠯᠢ ᠳᠠᠪᠠᠵᠤ ᠨᠡᠭᠡᠭᠡᠨ ᠮᠠᠯᠲᠠᠭᠰᠠᠨ᠂ | ︵ ᠳᠤᠯᠤᠭ᠎ᠠ︶ ᠬᠦᠨᠳᠦ ᠨᠣᠴᠢᠲᠠᠢ ᠤᠰᠤᠨ ᠤ ᠠᠶᠤᠯ ᠲᠠᠢ᠂ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ | ᠦᠭᠡᠢ︔ | ︵ ᠨᠠᠢᠮᠠ︶ ᠠᠶᠤᠯ ᠲᠦᠭᠰᠢᠭᠦᠷᠢ ᠠᠴᠠ ᠪᠣᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ ᠦᠭᠡᠢ᠃ | ︵ ᠶᠢᠰᠦ︶ ᠠᠶᠠᠨᠳᠠᠭᠠᠨ ᠭᠠᠯ ᠭᠠᠷᠤᠭᠰᠠᠨ ᠠᠴᠠ ᠪᠣᠯᠵᠤ ᠪᠦᠲᠦᠮᠵᠢᠲᠡᠢ ᠠᠷᠭ᠎ᠠ ᠬᠡᠮᠵᠢᠶ᠎ᠡ ᠠᠪᠤᠭ᠎ᠠ ᠦᠭᠡᠢ | ᠃ | ︵ ᠠᠷᠪᠠ︶ ᠬᠡᠷᠡᠭᠯᠡᠬᠦ ᠶᠢ ᠰᠢᠭᠰᠢᠭᠳᠡᠭᠦᠯᠬᠦ ᠴᠢᠬᠤᠯᠠᠲᠠᠶ ᠦᠢᠯᠡᠳᠪᠦᠷᠢᠯᠡᠯ ᠤᠨ ᠠᠶᠦᠯᠭᠦᠢ ᠶᠢᠨ | ᠲᠥᠬᠦᠭᠡᠷᠦᠮᠵᠢ᠂ ᠤᠷᠠᠨ ᠳᠠᠷᠬ᠎ᠠ ᠶᠢ ᠬᠡᠷᠡᠭᠯᠡᠬᠦ ᠬᠡᠷᠡᠭᠲᠡᠶ᠃ | ︵ ᠠᠷᠪᠠᠨ ᠨᠢᠭᠡ︶ ᠲᠣᠭᠲᠠᠭᠠᠯ ᠶᠣᠰᠣᠭᠠᠷ ᠬᠢᠨᠠᠨ ᠡᠵᠡᠮᠳᠡᠬᠦ ᠪᠠ ᠴᠢᠮᠡᠭᠡ ᠨᠡᠪᠲᠡᠷᠡᠯᠭᠡ ᠶᠢᠨ ᠰᠢᠰᠲ᠋ᠧᠮ ᠢ | ᠪᠠᠶᠢᠭᠤᠯᠤᠭᠰᠠᠨ ᠦᠭᠡᠢ ᠪᠤᠶᠤ ᠰᠢᠰᠲ᠋ᠡᠮ ᠬᠡᠪ ᠤᠨ ᠶᠣᠰᠣᠭᠠᠷ ᠠᠵᠢᠯᠯᠠᠵᠤ ᠴᠢᠳᠠᠬᠤ ᠦᠭᠡᠢ ᠪᠣᠯ | ︵ ᠠᠷᠪᠠᠨ ᠬᠤᠶᠠᠷ︶ ᠵᠠᠳᠠᠭᠠᠢ ᠨᠡᠭᠦᠷᠡᠰᠦᠨ ᠤ ᠠᠭᠤᠷᠬᠠᠢ ᠶᠢᠨ ᠬᠠᠵᠠᠭᠤ ᠶᠢᠨ ᠨᠠᠯᠠᠤ ᠨᠢ ᠵᠢᠷᠤᠭ | ᠲᠥᠯᠥᠪᠯᠡᠭᠡ ᠠᠴᠠ ᠶᠡᠭᠡ ᠪᠤᠶᠤ ᠬᠠᠵᠠᠭᠤ ᠪᠤᠭᠤᠯᠳᠠ ᠨᠢ ᠬᠦᠨᠳᠦ ᠨᠣᠴᠢᠲᠠᠶ ᠬᠤᠪᠢᠷᠠᠵᠤ᠂ ᠪᠦᠲᠦᠮᠵᠢᠲᠡᠶ ᠠᠷᠭ᠎ᠠ | ᠬᠡᠮᠵᠢᠶ᠎ᠡ ᠠᠪᠤᠭᠰᠠᠨ ᠥᠬᠡᠶ︔ | ︵ ᠠᠷᠪᠠᠨ ᠭᠤᠷᠪᠠ︶ ᠲᠣᠭᠲᠠᠭᠠᠯ ᠶᠣᠰᠣᠭᠠᠷ ᠬᠤᠶᠠᠷ ᠪᠢᠲᠡᠭᠦᠦ ᠬᠡᠯᠬᠢᠶ᠎ᠡ ᠴᠠᠬᠢᠯᠭᠠᠨ ᠬᠠᠩᠭᠠᠬᠤ | ᠰᠢᠰᠲ᠋ᠧᠮ ᠢ ᠬᠡᠷᠡᠭᠯᠡᠭᠰᠡᠨ ᠦᠭᠡᠢ᠃ | ︵ ᠠᠷᠪᠠᠨ ᠳᠥᠷᠪᠡᠳᠦᠭᠡᠷ︶ ᠰᠢᠨ᠎ᠡ ᠪᠠᠷ ᠪᠠᠶᠢᠭᠤᠯᠤᠭᠰᠠᠨ ᠨᠡᠭᠦᠷᠡᠰᠦᠨ ᠤ ᠠᠭᠤᠷᠬᠠᠢ ᠶᠢ ᠪᠦᠲᠦᠭᠡᠨ | ᠪᠠᠶᠢᠭᠤᠯᠬᠤ ᠶᠢᠨ ᠳᠠᠭᠠᠤ ᠦᠢᠯᠡᠳᠪᠦᠷᠢᠯᠡᠵᠦ᠂ ᠨᠡᠭᠦᠷᠡᠰᠦᠨ ᠤ ᠠᠭᠤᠷᠬᠠᠢ ᠶᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠬᠤᠭᠤᠴᠠᠭᠠᠨ ᠳᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠣᠷᠣᠨ ᠪᠦᠰᠡ ᠳᠤ ᠦᠢᠯᠡᠳᠪᠦᠷᠢᠯᠡᠬᠦ᠂ | ᠡᠰᠡᠬᠦᠯ᠎ᠡ ᠪᠤᠰᠤᠳ ᠣᠷᠣᠨ ᠪᠦᠰᠡ ᠳᠤ ᠦᠢᠯᠡᠳᠪᠦᠷᠢᠯᠡᠬᠦ ᠨᠢ ᠵᠢᠷᠤᠵᠤ ᠲᠥᠯᠥᠪᠯᠡᠬᠦ ᠳᠤ ᠲᠣᠭᠲᠠᠭᠠᠭᠰᠠᠨ ᠬᠡᠪᠴᠢᠶ᠎ᠡ | ᠪᠠ ᠬᠡᠪᠴᠢᠶ᠎ᠡ ᠠᠴᠠ ᠬᠡᠲᠦᠷᠡᠭᠰᠡᠨ | ︵ ᠠᠷᠪᠠᠨ ᠲᠠᠪᠤ︶ ᠪᠦᠬᠦᠯᠢ ᠴᠣᠭᠴᠠ ᠪᠠᠷ ᠨᠢ ᠳᠠᠭᠠᠭᠠᠴᠢᠯᠠᠭᠤᠯᠤᠨ ᠦᠢᠯᠡᠳᠪᠦᠷᠢᠯᠡᠵᠦ ᠡᠵᠡᠩᠨᠡᠭᠰᠡᠨ ᠤ | ᠳᠠᠷᠠᠭ᠎ᠠ᠂ ᠠᠶᠦᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠳᠠᠬᠢᠵᠤ ᠣᠯᠤᠭᠰᠠᠨ ᠦᠭᠡᠶ ᠪᠤᠶᠤ ᠴᠠᠭ | ᠲᠤᠬᠠᠶ ᠳᠤᠨᠢ ᠬᠤᠪᠢᠷᠠᠭᠠᠵᠤ ᠦᠢᠯᠡᠳᠪᠦᠷᠢᠯᠡᠯ ᠢ ᠬᠢᠭᠰᠡᠨ ᠦᠭᠡᠶ ᠪᠤᠶᠤ ᠳᠠᠭᠠᠭᠠᠴᠢᠯᠠᠭᠰᠠᠨ ᠲᠠᠯ᠎ᠠ ᠨᠢ ᠳᠠᠬᠢᠨᠲᠠ | ᠰᠢᠯᠵᠢᠭᠦᠯᠦᠨ ᠳᠠᠭᠠᠭᠠᠴᠢᠯᠠᠭᠤᠯᠬᠤ᠂ ᠵᠢᠴᠢ ᠬᠤᠳᠳᠤᠭ ᠳᠣᠲᠣᠷᠠᠬᠢ ᠮᠠᠯᠲᠠᠵᠤ ᠭᠠᠷᠭᠠᠬᠤ ᠠᠵᠢᠯ ᠤᠨ ᠬᠡᠪᠴᠢᠶ᠎ᠡ | ᠪᠣᠯᠤᠨ ᠬᠤᠳᠳᠤᠭ ᠤᠨ ᠨᠦᠬᠡᠨ ᠵᠠᠮ ᠢ ᠰᠡᠯᠪᠢᠨ ᠵᠠᠰᠠᠬᠤ ᠠᠵᠢᠯ ᠢ ᠭᠠᠳᠠᠭᠰᠢ ᠳᠠᠭᠠᠭᠠᠴᠢᠯᠠᠭᠤᠯᠤᠭᠰᠠᠨ ᠪᠠᠶᠢᠬᠤ | ᠬᠡᠷᠡᠭᠲᠡᠶ︔ | ︵ ᠠᠷᠪᠠᠨ ᠵᠢᠷᠭᠤᠭ᠎ᠠ︶ ᠪᠠᠶᠢᠭᠤᠯᠤᠯ ᠤᠨ ᠥᠭᠡᠷᠡᠴᠢᠯᠡᠯᠲᠡ ᠬᠢᠬᠦ᠂ ᠨᠡᠶᠢᠯᠡᠭᠦᠯᠬᠦ᠂ ᠰᠠᠯᠭᠠᠬᠤ | ᠬᠤᠭᠤᠴᠠᠭᠠᠨ ᠳᠤ᠂ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠡᠭᠦᠷᠭᠡᠯᠡᠭᠴᠢ ᠪᠠ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠭᠰᠠᠨ ᠦᠭᠡᠶ ᠪᠤᠶᠤ ᠳᠦᠷᠢᠮ ᠤᠨ | ᠥᠭᠡᠷᠡᠴᠢᠯᠡᠯᠲᠡ ᠬᠢᠬᠦ᠂ ᠨᠡᠶᠢᠯᠡᠭᠦᠯᠬᠦ᠂ ᠰᠠᠯᠭᠠᠭᠰᠠᠨ ᠤ ᠳᠠᠷᠠᠭ᠎ᠠ᠂ ᠠᠶᠦᠯᠭᠦᠢ ᠦᠢᠯᠡᠳᠪᠦᠷᠢᠯᠡᠯ ᠤᠨ | ᠵᠥᠪᠰᠢᠶᠡᠷᠡᠯ ᠤᠨ ᠦᠨᠡᠮᠯᠡᠯ ᠵᠡᠷᠭᠡ ᠶᠢ ᠳᠠᠬᠢᠵᠤ ᠣᠯᠤᠭᠰᠠᠨ ᠦᠭᠡᠶ ᠪᠤᠶᠤ ᠴᠠᠭ ᠲᠤᠬᠠᠶ ᠳᠤᠨᠢ ᠬᠤᠪᠢᠷᠠᠭᠤᠯᠤᠭᠰᠠᠨ | ᠦᠭᠡᠶ︔ | ︵ ᠠᠷᠪᠠᠨ ᠳᠣᠯᠤᠭ᠎ᠠ︶ ᠪᠤᠰᠤᠳ ᠬᠦᠨᠳᠦ ᠬᠡᠴᠡᠭᠦᠦ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ | ᠪᠠᠶᠢᠪᠠᠯ᠃ | ᠭᠤᠴᠢᠨ ᠳᠣᠯᠣᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠵᠢᠴᠢ ᠬᠤᠯᠪᠣᠭᠳᠠᠯ | ᠪᠥᠬᠦᠶ ᠬᠥᠮᠦᠰ ᠨᠢ ᠰᠢᠶᠠᠨ ᠤ ᠱᠠᠲᠤᠨ ᠠᠴᠠ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ | ᠤᠯᠤᠰ ᠤᠨ ᠠᠭᠤᠷᠬᠠᠢ ᠶᠢᠨ ᠠᠶᠦᠯᠭᠦᠢ ᠦᠶᠯᠡᠳᠪᠦᠷᠢᠯᠡᠯ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠲᠡᠭᠦᠨ ᠢ | ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠢ ᠶᠢᠨ ᠠᠶᠦᠯᠭᠦᠢ ᠦᠶᠯᠡᠳᠪᠦᠷᠢᠯᠡᠯ ᠤᠨ ᠬᠢᠨᠠᠨ ᠪᠠᠶᠢᠴᠠᠭᠠᠬᠤ | ᠪᠠᠶᠢᠭᠤᠯᠤᠮᠵᠢ ᠳᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶᠢᠴᠡᠳᠬᠡᠬᠦ ᠳᠡᠭᠡᠨ ᠬᠠᠮᠵᠢᠯᠴᠠᠬᠤ ᠬᠡᠷᠡᠭᠲᠡᠢ᠂ | ᠱᠠᠭᠠᠷᠳᠠᠯᠭ᠎ᠠ ᠶᠣᠰᠣᠭᠠᠷ ᠬᠤᠯᠪᠣᠭᠳᠠᠯ ᠪᠥᠬᠦᠶ ᠪᠠᠶᠢᠳᠠᠯ ᠢᠶᠠᠨ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠂ | ᠨᠢᠭᠤᠵᠤ ᠳᠠᠯᠳᠠᠯᠠᠬᠤ ᠪᠤᠶᠤ ᠲᠡᠪᠴᠢᠵᠦ ᠬᠠᠷᠰᠢᠯᠠᠵᠤ ᠪᠣᠯᠬᠤ ᠦᠭᠡᠢ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ | ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠬᠢᠭᠡᠳ ᠣᠷᠣᠨ ᠨᠤᠲᠤᠭ ᠲᠤ | ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠪᠠᠶᠢᠴᠠᠭᠠᠨ | ᠰᠢᠢᠳᠪᠦᠷᠢᠯᠡᠭᠰᠡᠨ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠨᠢ ᠳᠠᠷᠦ᠋ᠢᠬᠠᠨ ᠴᠡᠭᠴᠡᠯᠡᠨ ᠥᠭᠡᠷᠡᠴᠢᠯᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠮᠡᠳᠡᠭᠦᠯᠬᠦ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠶᠦᠯᠭᠦᠢ | ᠦᠢᠯᠡᠳᠪᠦᠷᠢᠯᠡᠯ ᠤᠨ ᠵᠠᠷᠤᠳᠠᠯ ᠵᠡᠷᠭᠡ ᠪᠡᠯᠡ ᠮᠥᠩᠭᠦ ᠪᠠᠨ ᠴᠠᠭ ᠲᠤᠬᠠᠶ ᠳᠤᠨᠢ ᠭᠦᠢᠴᠡᠳ ᠲᠤᠭ᠎ᠠ ᠪᠠᠷ | ᠲᠣᠬᠢᠷᠠᠭᠤᠯᠵᠤ᠂ ᠠᠶᠦᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠤᠮᠵᠢ᠂ | ᠭᠤᠤᠯ ᠬᠠᠷᠢᠭᠤᠴᠠᠯᠭᠠᠲᠠᠨ ᠨᠢ ᠠᠶᠦᠯᠭᠦᠢ ᠦᠢᠯᠡᠳᠪᠦᠷᠢᠯᠡᠯ ᠳᠤ ᠬᠡᠷᠡᠭᠰᠡᠬᠦ ᠪᠡᠯᠡ ᠮᠥᠩᠭᠦ ᠶᠢᠨ ᠣᠷᠣᠭᠤᠯᠤᠯᠲᠠ | ᠬᠦᠷᠦᠯᠴᠡᠬᠦ ᠦᠭᠡᠶ ᠠᠴᠠ ᠪᠣᠯᠤᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | | ᠭᠤᠷᠪᠠᠳᠤᠭᠠᠷ ᠪᠦᠯᠦᠭ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ | ᠭᠤᠴᠢ ᠶᠢᠰᠦᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠣᠷᠣᠨ | ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠵᠦ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠠᠷᠢᠶ᠎ᠠ ᠭᠠᠵᠠᠷ ᠤᠨ | ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ | ᠳᠥᠴᠢᠳᠦᠭᠡᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠤᠭᠤᠳ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠵᠠᠷᠴᠢᠮ ᠤᠨ ᠶᠣᠰᠣᠭᠠᠷ᠂ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠭᠤᠤᠯ ᠴᠣᠭᠴᠠ ᠶᠢ ᠲᠣᠳᠣᠷᠬᠠᠶᠢᠯᠠᠬᠤ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠬᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠠᠶᠦᠯᠭᠦᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ | ᠣᠯᠤᠭᠰᠠᠨ ᠦᠭᠡᠶ ᠵᠡᠷᠭᠡ ᠨᠡᠭᠦᠷᠡᠰᠦᠨ ᠤ ᠠᠭᠤᠷᠬᠠᠢ ᠶᠢ ᠳᠤᠷ᠎ᠠ ᠮᠡᠳᠡᠨ ᠦᠢᠯᠡᠳᠪᠦᠷᠢᠯᠡᠬᠦ ᠶᠢ ᠨᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠳᠣᠲᠣᠷ᠎ᠠ ᠪᠠᠨ ᠠᠶᠦᠯᠭᠦᠢ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠦᠭᠡᠶ ᠵᠡᠷᠭᠡ ᠨᠡᠭᠦᠷᠡᠰᠦᠨ ᠤ | ᠠᠭᠤᠷᠬᠠᠢ ᠶᠢᠨ ᠦᠢᠯᠡᠳᠪᠦᠷᠢᠯᠡᠯ ᠢ ᠣᠯᠵᠤ ᠮᠡᠳᠡᠪᠡᠯ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠤᠷᠢᠭᠯᠠᠨ | ᠵᠣᠭᠰᠣᠭᠠᠬᠤ ᠶᠢᠨ ᠬᠠᠮᠲᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠬᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠳᠥᠴᠢᠨ ᠨᠢᠭᠡᠳᠦᠭᠡᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠨᠡᠭᠦᠷᠡᠰᠦᠨ ᠤ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠦᠯᠭᠦᠢ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ | ᠬᠢᠨᠠᠨ ᠪᠠᠶᠢᠴᠠᠭᠠᠬᠤ ᠳᠤ᠂ ᠬᠦᠯᠢᠶᠡᠨ ᠠᠪᠴᠤ ᠰᠢᠢᠳᠪᠦᠷᠢᠯᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ | ᠬᠢᠨᠠᠨ ᠪᠠᠶᠢᠴᠠᠭᠠᠵᠤ ᠳᠠᠭᠤᠰᠬᠠᠨ᠂ ᠭᠠᠷ ᠤᠨ ᠦᠰᠦᠭ ᠵᠢᠷᠤᠵᠤ ᠵᠥᠪᠰᠢᠶᠡᠷᠡᠬᠦ ᠪᠤᠶᠤ ᠲᠠᠲᠠᠭᠠᠯᠵᠠᠭᠰᠠᠨ ᠰᠠᠨᠠᠯ ᠢᠶᠠᠨ | ᠪᠢᠴᠢᠬᠦ ᠶᠢᠨ ᠬᠠᠮᠲᠤ ᠪᠢᠴᠢᠭ ᠢᠶᠠᠷ ᠬᠠᠷᠢᠭᠤᠯᠲᠠ ᠣᠯᠭᠤᠬᠤ ᠬᠡᠷᠡᠭᠲᠡᠶ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠳ ᠪᠠᠷᠢᠯᠭ᠎ᠠ ᠪᠠᠷᠢᠭᠤᠯᠬᠤ ᠨᠢᠭᠡᠴᠢ ᠶᠢᠨ | ᠠᠶᠦᠯᠭᠦᠢ ᠶᠢᠨ ᠪᠡᠯᠡᠳᠬᠡᠮᠵᠢ ᠶᠢ ᠰᠢᠯᠭᠠᠨ ᠠᠪᠬᠤ ᠠᠵᠢᠯᠯᠠᠭ᠎ᠠ ᠪᠠ ᠰᠢᠯᠭᠠᠨ ᠠᠪᠤᠭᠰᠠᠨ ᠦᠷ᠎ᠡ ᠳ᠋ᠦᠩ ᠳᠤ ᠬᠢᠨᠠᠯᠲᠠ | ᠲᠠᠯᠪᠢᠵᠤ ᠬᠢᠨᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ | ᠳᠥᠴᠢᠨ ᠬᠤᠶᠠᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠶᠯᠡᠳᠪᠦᠷᠢᠯᠡᠬᠦ ᠳᠤ | ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠠᠴᠠ ᠨᠡᠭᠦᠷᠡᠰᠦᠨ ᠤ | ᠠᠭᠤᠷᠬᠠᠢ ᠶᠢᠨ ᠠᠵᠤ ᠠᠬᠤᠶᠢᠯᠠᠯ ᠤᠨ ᠠᠶᠦᠯᠭᠦᠢ ᠦᠶᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠭᠤᠬᠤ ᠪᠠ | ᠬᠠᠮᠢᠶᠠᠷᠬᠤ ᠠᠵᠢᠯ ᠢ ᠬᠠᠷᠢᠭᠤᠴᠠᠬᠤ ᠶᠢᠨ ᠬᠠᠮᠲᠤ ᠤᠯᠤᠰ ᠤᠨ ᠠᠭᠤᠷᠬᠠᠢ ᠶᠢᠨ ᠠᠶᠦᠯᠭᠦᠢ ᠶᠢᠨ ᠬᠢᠨᠠᠨ ᠪᠠᠶᠢᠴᠠᠭᠠᠬᠤ | ᠪᠠᠶᠢᠭᠤᠯᠤᠮᠵᠢ ᠵᠢᠴᠢ ᠲᠡᠭᠦᠨ ᠢ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠢ ᠶᠢᠨ ᠠᠶᠦᠯᠭᠦᠢ ᠦᠶᠯᠡᠳᠪᠦᠷᠢᠯᠡᠬᠦ | ᠪᠠᠶᠢᠭᠤᠯᠤᠮᠵᠢ ᠶᠢᠨ ᠬᠢᠨᠠᠯᠲᠠ ᠶᠢ ᠬᠦᠯᠢᠶᠡᠨ᠎ᠡ | ᠳᠥᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠢᠯᠡᠳᠪᠦᠷᠢᠯᠡᠯ ᠤᠨ ᠣᠨ ᠤ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠲᠥᠯᠥᠪᠯᠡᠭᠡ ᠶᠢᠨ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠣᠨ ᠤ ᠬᠢᠨᠠᠯᠲᠠ ᠲᠠᠯᠪᠢᠵᠤ ᠪᠠᠶᠢᠴᠠᠭᠠᠬᠤ | ᠲᠥᠯᠥᠪᠯᠡᠭᠡ ᠶᠢ ᠪᠠᠶᠢᠭ᠎ᠠ ᠭᠠᠵᠠᠷ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠳᠤ | ᠬᠠᠭᠤᠯᠤᠨ ᠢᠯᠡᠭᠡᠬᠦ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠨᠢ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠠᠮᠲᠤ ᠨᠡᠭᠦᠷᠡᠰᠦᠨ ᠤ ᠠᠭᠤᠷᠬᠠᠢ ᠶᠢᠨ | ᠲᠤᠬᠠᠶ ᠶᠢᠨ ᠭᠠᠵᠠᠷ ᠤᠨ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠢ ᠬᠢᠨᠠᠯᠲᠠ ᠲᠠᠯᠪᠢᠵᠤ ᠪᠠᠶᠢᠴᠠᠭᠠᠬᠤ | ᠭᠤᠤᠯᠳᠠᠯᠭ᠎ᠠ ᠲᠠᠢ ᠠᠭᠤᠯᠭ᠎ᠠ ᠪᠣᠯᠭᠠᠬᠤ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠳᠤ ᠳᠠᠷᠠᠭᠠᠬᠢ ᠬᠡᠳᠦᠨ | ᠲᠠᠯ᠎ᠠ ᠪᠠᠷ ᠠᠷᠭ᠎ᠠ ᠬᠡᠮᠵᠢᠶ᠎ᠡ ᠶᠢ ᠠᠪᠴᠤ ᠬᠡᠷᠡᠭᠵᠢᠭᠦᠯᠦᠨ᠎ᠡ᠄ | ︵ ᠨᠢᠭᠡ︶ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠬᠦᠷᠴᠦ ᠪᠠᠶᠢᠴᠠᠭᠠᠯᠲᠠ ᠬᠢᠵᠦ᠂ | ᠨᠢᠭᠡᠳᠦᠭᠡᠷ ᠹᠷᠣᠨᠲ ᠤᠨ ᠦᠢᠯᠡᠳᠪᠦᠷᠢᠯᠡᠯ ᠤᠨ ᠠᠵᠢᠯ ᠤᠨ ᠭᠠᠵᠠᠷ ᠢ ᠭᠤᠣᠯᠳᠠᠯᠭ᠎ᠠ ᠲᠠᠢ ᠪᠠᠶᠢᠴᠠᠭᠠᠵᠤ᠂ ᠬᠤᠯᠪᠣᠭᠳᠠᠯ | ᠪᠦᠬᠦᠢ ᠮᠠᠲ᠋ᠧᠷᠢᠶᠠᠯ ᠢ ᠦᠵᠡᠵᠦ᠂ ᠬᠤᠯᠪᠣᠭᠳᠠᠯ ᠪᠦᠬᠦᠢ ᠨᠢᠭᠡᠴᠢ ᠪᠠ ᠬᠥᠮᠦᠰ ᠠᠴᠠ ᠪᠠᠶᠢᠳᠠᠯ ᠢ ᠣᠶᠢᠯᠠᠭᠠᠨ᠎ᠠ᠃ | ︵ ᠬᠤᠶᠠᠷ︶ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠶᠦᠯᠭᠦᠢ ᠦᠢᠯᠡᠳᠪᠦᠷᠢᠯᠡᠯ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠣᠯ ᠲᠡᠷᠡ ᠳᠠᠷᠤᠶ ᠳᠤᠨᠢ ᠵᠠᠯᠠᠷᠠᠭᠤᠯᠬᠤ ᠪᠤᠶᠤ ᠬᠤᠭᠤᠴᠠᠭ᠎ᠠ | ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠬᠤ ᠬᠡᠷᠡᠭᠲᠡᠶ | ︵ ᠭᠤᠷᠪᠠ︶ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠳᠡᠯ ᠤᠨ ᠪᠣᠯᠵᠣᠰᠢ ᠦᠭᠡᠢ ᠨᠥᠬᠦᠴᠡᠯ | ᠪᠠᠶᠢᠳᠠᠯ ᠢ ᠵᠠᠷᠯᠢᠭᠳᠠᠵᠤ ᠪᠠᠶᠢᠭᠠᠳ ᠳᠠᠷᠤᠶ ᠲᠦᠷᠭᠡᠨ ᠠᠷᠢᠯᠭᠠᠬᠤ ᠬᠡᠷᠡᠭᠲᠡᠶ ᠬᠦᠨᠳᠦ ᠬᠡᠴᠡᠭᠦᠦ ᠠᠳᠡᠯ ᠤᠨ ᠪᠣᠯᠵᠣᠰᠢ | ᠦᠭᠡᠢ ᠨᠥᠬᠦᠴᠡᠯ ᠪᠠᠶᠢᠳᠠᠯ ᠢ ᠠᠷᠢᠯᠭᠠᠬᠤ ᠠᠴᠠ ᠡᠮᠦᠨ᠎ᠡ ᠪᠤᠶᠤ ᠠᠷᠢᠯᠭᠠᠬᠤ ᠶᠠᠪᠤᠴᠠ ᠳᠤ ᠠᠮᠤᠷ ᠲᠦᠪᠰᠢᠨ ᠢ | ᠪᠠᠲᠤᠯᠠᠬᠤ ᠶᠢᠨ ᠠᠷᠭ᠎ᠠ ᠦᠭᠡᠶ ᠪᠣᠯ ᠠᠶᠤᠯ ᠲᠠᠢ ᠣᠷᠣᠨ ᠠᠴᠠ ᠤᠬᠤᠷᠢᠨ ᠭᠠᠷᠭᠠᠵᠤ ᠠᠵᠢᠯᠯᠠᠭᠰᠠᠳ ᠢ ᠵᠠᠷᠯᠢᠭᠳᠠᠵᠤ | ᠪᠠᠶᠢᠭᠠᠳ ᠲᠦᠷ ᠴᠠᠭ ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠬᠤᠯᠪᠣᠭᠳᠠᠬᠤ ᠪᠡᠯᠡᠳᠬᠡᠮᠵᠢ᠂ ᠲᠥᠬᠦᠭᠡᠷᠦᠮᠵᠢ | ᠬᠡᠷᠡᠭᠯᠡᠬᠦ ᠶᠢ ᠨᠢ ᠵᠣᠭᠰᠣᠭᠠᠬᠤ ᠬᠡᠷᠡᠭᠲᠡᠶ᠃ | ︵ ᠲᠦᠷᠪᠡ︶ ᠠᠶᠦᠯᠭᠦᠢ ᠦᠢᠯᠡᠳᠪᠦᠷᠢᠯᠡᠯ ᠢ ᠪᠠᠲᠤᠯᠠᠬᠤ ᠳᠤ ᠨᠡᠶᠢᠴᠡᠬᠦ ᠦᠭᠡᠢ ᠭᠡᠵᠦ ᠦᠵᠡᠭᠰᠡᠨ | ᠤᠯᠤᠰ ᠤᠨ ᠰᠲ᠋ᠠᠨᠳᠠᠷᠲ ᠪᠤᠶᠤ ᠠᠵᠢᠯ ᠲᠥᠷᠥᠯ ᠤᠨ ᠰᠲ᠋ᠠᠨᠳᠠᠷᠲ ᠲᠠᠬᠢ ᠲᠥᠬᠦᠭᠡᠷᠦᠮᠵᠢ᠂ ᠲᠥᠬᠦᠭᠡᠷᠦᠮᠵᠢ᠂ | ᠬᠡᠷᠡᠭᠰᠡᠯ ᠢ ᠪᠢᠲᠡᠭᠦᠮᠵᠢᠯᠡᠬᠦ ᠪᠤᠶᠤ ᠦᠯᠡᠳᠡᠭᠡᠨ ᠠᠪᠬᠤ ᠳᠤ᠃ | ᠬᠢᠨᠠᠯᠲᠠ ᠲᠠᠯᠪᠢᠵᠤ ᠪᠠᠶᠢᠴᠠᠭᠠᠬᠤ ᠨᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠥᠯᠥᠭᠡᠯᠡᠵᠦ ᠪᠣᠯᠬᠤ ᠦᠭᠡᠶ᠃ | ᠳᠥᠴᠢᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠢ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ | ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠬᠦᠨᠳᠦ ᠬᠡᠴᠡᠭᠦᠦ ᠠᠳᠡᠯ ᠤᠨ ᠪᠣᠯᠵᠣᠰᠢ ᠦᠭᠡᠢ | ᠨᠥᠬᠦᠴᠡᠯ ᠪᠠᠶᠢᠳᠠᠯ ᠢ ᠬᠤᠯᠪᠣᠭᠳᠠᠬᠤ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠬᠦᠨᠳᠦ ᠬᠡᠴᠡᠭᠦᠦ | ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠵᠠᠰᠠᠵᠤ ᠰᠢᠮᠳᠠᠭᠤᠯᠤᠨ ᠭᠦᠢᠴᠡᠳᠬᠡᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠦᠨᠳᠦ ᠬᠡᠴᠡᠭᠦᠦ | ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠠᠷᠢᠯᠭᠠᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠶ᠃ | ᠠᠶᠦᠯᠭᠦᠢ ᠶᠢᠨ ᠦᠨᠡᠯᠡᠯᠲᠡ ᠬᠢᠬᠦ᠂ ᠭᠡᠷᠡᠴᠢᠯᠡᠬᠦ᠂ ᠪᠠᠶᠢᠴᠠᠭᠠᠨ ᠬᠡᠮᠵᠢᠬᠦ᠂ ᠰᠢᠯᠭᠠᠨ ᠪᠠᠶᠢᠴᠠᠭᠠᠬᠤ ᠵᠡᠷᠭᠡ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ | ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠣᠯᠤᠨ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠶᠢᠨ ᠲᠣᠭᠲᠠᠭᠠᠯ ᠶᠣᠰᠣᠭᠠᠷ | ᠠᠶᠦᠯᠭᠦᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ ᠬᠢᠵᠦ | ᠥᠭᠭᠦᠭᠰᠡᠨ ᠮᠡᠳᠡᠭᠦᠯᠦᠯᠲᠡ ᠳᠤ ᠬᠠᠷᠢᠭᠤᠴᠠᠬᠤ ᠬᠡᠷᠡᠭᠲᠡᠶ᠂ ᠬᠢᠷᠢ ᠭᠡᠮ ᠢ ᠲᠦᠷᠢᠶᠡᠰᠦᠯᠡᠨ ᠵᠢᠭᠡᠯᠡᠭᠦᠯᠵᠦ᠂ ᠲᠦᠰᠢᠵᠦ᠂ | ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠵᠤ ᠪᠣᠯᠬᠤ ᠦᠭᠡᠶ᠃ | ᠳᠥᠴᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠶᠦᠯᠭᠦᠢ ᠦᠢᠯᠡᠳᠪᠦᠷᠢᠯᠡᠯ ᠤᠨ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠲᠠᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ᠂ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠬᠤᠯᠪᠣᠭᠳᠠᠯ | ᠪᠦᠬᠦᠢ ᠠᠵᠢᠯᠯᠠᠭᠰᠠᠳ ᠲᠤ ᠬᠠᠤᠯᠢ ᠲᠣᠭᠲᠠᠭᠠᠯ ᠶᠣᠰᠣᠭᠠᠷ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ | ᠬᠡᠷᠡᠭᠵᠢᠭᠦᠯᠬᠦ ᠬᠡᠷᠡᠭᠲᠡᠶ᠃ | ᠳᠥᠴᠢᠨ ᠨᠠᠢᠮᠠᠳᠤᠭᠠᠷ ᠵᠦᠢᠯ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ | ᠴᠡᠭᠴᠡᠯᠡᠯᠲᠡ ᠬᠢᠯᠭᠡᠭᠰᠡᠨ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠢ ᠪᠣᠯ ᠦᠢᠯᠡᠳᠪᠦᠷᠢᠯᠡᠯ ᠢ ᠨᠢ | ᠵᠣᠭᠰᠣᠭᠠᠨ ᠴᠡᠭᠴᠡᠯᠡᠬᠦ ᠬᠤᠭᠤᠴᠠᠭᠠᠨ ᠳᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠶᠦᠯᠭᠦᠢ ᠦᠢᠯᠡᠳᠪᠦᠷᠢᠯᠡᠯ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠪᠤᠶᠤ ᠬᠦᠨᠳᠦ ᠬᠡᠴᠡᠭᠦᠦ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠲᠠᠢ | ᠪᠠᠶᠢᠵᠤ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠣᠭᠰᠣᠭᠠᠨ ᠴᠡᠭᠴᠡᠯᠡᠭᠦᠯᠦᠭᠰᠡᠨ ᠪᠣᠯ | ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠴᠡᠭᠴᠡᠯᠡᠨ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠦᠢᠯᠡᠳᠪᠦᠷᠢᠯᠡᠯ ᠢᠶᠠᠨ ᠰᠡᠷᠭᠦᠭᠡᠬᠦ ᠪᠠᠷ ᠱᠠᠭᠠᠷᠳᠠᠭᠰᠠᠨ | ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠶᠢᠨ ᠬᠠᠮᠲᠤ᠂ | ᠦᠢᠯᠡᠳᠪᠦᠷᠢᠯᠡᠯ ᠢᠶᠠᠨ ᠰᠡᠷᠭᠦᠭᠡᠬᠦ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ | ᠵᠣᠬᠢᠶᠠᠨ ᠪᠠᠶᠢᠭᠤᠯᠤᠨ ᠰᠢᠯᠭᠠᠨ ᠠᠪᠴᠤ ᠳᠠᠭᠤᠰᠬᠠᠬᠤ ᠬᠡᠷᠡᠭᠲᠡᠶ᠃ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ | ᠪᠣᠯ ᠲᠤᠰ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠬᠤ ᠶᠢᠨ ᠬᠠᠮᠲᠤ | ᠰᠠᠭᠤᠭ᠎ᠠ ᠭᠠᠵᠠᠷ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠᠷ ᠬᠢᠨᠠᠨ | ᠵᠥᠪᠰᠢᠶᠡᠷᠡᠭᠦᠯᠵᠦ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠳᠤ | ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠦᠢᠯᠡᠳᠪᠦᠷᠢᠯᠡᠯ ᠢᠶᠠᠨ ᠰᠡᠷᠭᠦᠭᠡᠵᠦ ᠪᠣᠯᠤᠨ᠎ᠠ᠃ | ᠳᠥᠴᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠶᠯᠡᠳᠪᠦᠷᠢᠯᠡᠬᠦ ᠳᠤ ᠬᠢᠨᠠᠯᠲᠠ ᠲᠠᠯᠪᠢᠵᠤ | ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠵᠠᠷᠯᠢᠭᠳᠠᠵᠤ ᠪᠠᠶᠢᠭᠠᠳ ᠦᠶᠯᠡᠳᠪᠦᠷᠢᠯᠡᠯ ᠢ ᠨᠢ | ᠵᠣᠭᠰᠣᠭᠠᠵᠤ ᠴᠡᠭᠴᠡᠯᠡᠭᠦᠯᠦᠭᠰᠡᠨ ᠪᠤᠶᠤ ᠡᠭᠦᠳᠡ ᠪᠠᠨ ᠬᠠᠭᠠᠭᠳᠠᠭᠰᠠᠨ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠢ 5 ᠠᠵᠢᠯᠯᠠᠬᠤ ᠡᠳᠦᠷ ᠤᠨ ᠳᠣᠲᠣᠷ᠎ᠠ ᠣᠯᠠᠨ ᠨᠡᠶᠢᠲᠡ ᠳᠤ ᠵᠠᠷᠯᠠᠨ ᠨᠡᠶᠢᠲᠡᠯᠡᠬᠦ ᠬᠡᠷᠡᠭᠲᠡᠢ︔ | ᠵᠠᠷᠯᠢᠭᠳᠠᠵᠤ ᠪᠠᠶᠢᠭᠠᠳ ᠦᠶᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠦᠭᠰᠡᠨ ᠨᠡᠭᠦᠷᠡᠰᠦᠨ ᠤ ᠠᠭᠤᠷᠬᠠᠢ ᠶᠢᠨ | ᠠᠵᠤ ᠠᠬᠤᠶᠢᠯᠠᠯ ᠢ ᠬᠢᠷᠢ ᠲᠡᠩᠴᠡᠵᠦ ᠦᠶᠯᠡᠳᠪᠦᠷᠢᠯᠡᠯ ᠢ ᠨᠢ ᠰᠡᠷᠭᠦᠭᠡᠭᠰᠡᠨ ᠪᠠᠶᠢᠪᠠᠯ ᠦᠶᠯᠡᠳᠪᠦᠷᠢᠯᠡᠯ ᠢ ᠨᠢ | ᠰᠡᠷᠭᠦᠭᠡᠭᠰᠡᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠣᠯᠠᠨ ᠨᠡᠶᠢᠲᠡ ᠳᠤ ᠵᠠᠷᠯᠠᠨ ᠮᠡᠳᠡᠭᠳᠡᠬᠦ | ᠬᠡᠷᠡᠭᠲᠡᠢ᠃ | ᠳᠥᠷᠪᠡᠳᠦᠭᠡᠷ ᠪᠦᠯᠦᠭ ᠨᠡᠭᠦᠷᠡᠰᠦᠨ ᠤ ᠠᠭᠤᠷᠬᠠᠢ ᠶᠢᠨ ᠠᠶᠤᠯᠭᠦᠢ ᠶᠢᠨ ᠬᠢᠨᠠᠨ ᠪᠠᠶᠢᠴᠠᠭᠠᠯᠲᠠ | ᠲᠠᠪᠢᠳᠤᠭᠠᠷ ᠵᠦᠢᠯ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ | ᠬᠢᠭᠡᠳ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠤᠭᠤᠳ ᠨᠡᠭᠦᠷᠡᠰᠦᠨ ᠤ ᠠᠭᠤᠷᠬᠠᠢ ᠶᠢᠨ ᠠᠶᠦᠯᠭᠦᠢ ᠶᠢ ᠬᠢᠨᠠᠨ ᠪᠠᠶᠢᠴᠠᠭᠠᠬᠤ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠶᠢᠨ ᠬᠠᠮᠲᠤ | ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠢᠶᠠᠨ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠳᠤ ᠴᠠᠭ ᠲᠤᠬᠠᠶ ᠳᠤᠨᠢ ᠨᠡᠪᠲᠡᠷᠡᠭᠦᠯᠵᠦ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ | ᠦᠢᠯᠡᠳᠪᠦᠷᠢᠯᠡᠯ ᠤᠨ ᠠᠵᠢᠯ ᠢ ᠰᠠᠶᠢᠵᠢᠷᠠᠭᠤᠯᠬᠤ ᠪᠠ ᠴᠢᠩᠭᠠᠳᠬᠠᠬᠤ ᠬᠢᠨᠠᠨ ᠪᠠᠶᠢᠴᠠᠭᠠᠬᠤ ᠰᠠᠨᠠᠯ ᠪᠠ ᠰᠠᠨᠠᠭᠤᠯᠭ᠎ᠠ | ᠳᠤᠷᠠᠳᠴᠤ᠂ ᠬᠦᠨᠳᠦ ᠬᠡᠴᠡᠭᠦᠦ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ | ᠪᠠ ᠳᠠᠬᠢᠨ ᠪᠠᠶᠢᠴᠠᠭᠠᠬᠤ ᠠᠵᠢᠯ ᠥᠷᠨᠢᠭᠦᠯᠬᠦ ᠶᠢ ᠰᠢᠮᠳᠠᠭᠤᠯᠬᠤ ᠬᠡᠷᠡᠭᠲᠡᠶ᠃ | ᠰᠢᠶᠠᠨ ᠤ ᠱᠠᠲᠤᠨ ᠠᠴᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠤᠯᠤᠰ ᠤᠨ | ᠠᠭᠤᠷᠬᠠᠢ ᠶᠢᠨ ᠠᠶᠤᠯ ᠠᠴᠠ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠬᠢᠭᠡᠳ ᠲᠡᠭᠦᠨ ᠤ ᠣᠷᠣᠨ | ᠨᠤᠲᠤᠭ ᠲᠤ ᠪᠠᠶᠢᠭᠤᠯᠤᠭᠰᠠᠨ ᠠᠭᠤᠷᠬᠠᠢ ᠶᠢᠨ ᠠᠶᠤᠯ ᠠᠴᠠ ᠬᠠᠮᠠᠭᠠᠯᠠᠬᠤ ᠶᠢᠨ ᠬᠢᠨᠠᠨ ᠪᠠᠶᠢᠴᠠᠭᠠᠬᠤ | ᠪᠠᠶᠢᠭᠤᠯᠤᠮᠵᠢ ᠳᠤ ᠬᠢᠨᠠᠯᠲᠠ ᠲᠠᠯᠪᠢᠨ ᠪᠠᠶᠢᠴᠠᠭᠠᠬᠤ ᠳᠤ ᠬᠠᠮᠵᠢᠯᠴᠠᠬᠤ ᠪᠠ ᠭᠥᠯᠢᠶᠡᠨ ᠠᠪᠴᠤ᠂ ᠬᠢᠨᠠᠨ ᠪᠠᠶᠢᠴᠠᠭᠠᠬᠤ | ᠰᠠᠨᠠᠯ ᠪᠣᠯᠣᠨ ᠰᠠᠨᠠᠭᠤᠯᠭ᠎ᠠ ᠶᠢ ᠴᠠᠭ ᠲᠤᠬᠠᠢ ᠳᠤᠨᠢ ᠨᠠᠢᠳᠠᠪᠤᠷᠢᠵᠢᠭᠤᠯᠬᠤ ᠬᠡᠷᠡᠭᠲᠡᠢ | ᠲᠠᠪᠢᠨ ᠨᠢᠭᠡᠳᠦᠭᠡᠷ ᠵᠦᠢᠯ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠢ ᠶᠢᠨ ᠠᠶᠤᠯ ᠠᠴᠠ | ᠬᠠᠮᠠᠭᠠᠯᠠᠬᠤ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠬᠠᠷᠢᠶ᠎ᠠ ᠣᠷᠣᠨ ᠤ ᠪᠠᠨ ᠳᠣᠲᠣᠷᠠᠬᠢ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠦᠶᠯᠡᠳᠪᠦᠷᠢᠯᠡᠯ ᠳᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ︔ ᠠᠳᠡᠯ ᠣᠯᠠᠨ ᠭᠠᠷᠳᠠᠭ | ᠭᠠᠵᠠᠷ ᠣᠷᠣᠨ ᠳᠤ ᠭᠤᠣᠯᠳᠠᠯᠭ᠎ᠠ ᠲᠠᠢ ᠬᠢᠨᠠᠨ ᠪᠠᠶᠢᠴᠠᠭᠠᠯᠲᠠ ᠬᠢᠬᠦ ᠬᠡᠷᠡᠭᠲᠡᠢ ᠤᠯᠤᠰ ᠤᠨ ᠠᠭᠤᠷᠬᠠᠶ ᠶᠢᠨ | ᠠᠶᠦᠯᠭᠦᠢ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠪᠦᠬᠦ ᠤᠯᠤᠰ ᠤᠨ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠪᠦᠬᠦ ᠲᠠᠯ᠎ᠠ ᠶᠢᠨ ᠬᠢᠨᠠᠨ ᠪᠠᠶᠢᠴᠠᠭᠠᠯᠲᠠ ᠬᠢᠬᠦ ᠪᠤᠶᠤ | ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ | ᠲᠠᠪᠢᠨ ᠬᠤᠶᠠᠳᠤᠭᠠᠷ ᠵᠦᠢᠯ ᠤᠯᠤᠰ ᠤᠨ ᠠᠭᠤᠷᠬᠠᠢ ᠶᠢᠨ ᠠᠶᠤᠯ ᠠᠴᠠ ᠬᠠᠮᠠᠭᠠᠯᠠᠬᠤ ᠶᠢᠨ ᠬᠢᠨᠠᠨ | ᠪᠠᠶᠢᠴᠠᠭᠠᠬᠤ ᠪᠠᠶᠢᠭᠤᠯᠤᠮᠵᠢ ᠬᠢᠭᠡᠳ ᠲᠡᠭᠦᠨ ᠤ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠢ ᠶᠢᠨ ᠠᠶᠤᠯ ᠠᠴᠠ | ᠬᠠᠮᠠᠭᠠᠯᠠᠬᠤ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠰᠢᠶᠠᠨ ᠤ ᠱᠠᠲᠤᠨ ᠠᠴᠠ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠶᠯᠡᠳᠪᠦᠷᠢᠯᠡᠯ ᠳᠤ ᠬᠢᠨᠠᠯᠲᠠ | ᠲᠠᠯᠪᠢᠵᠤ ᠪᠠᠶᠢᠴᠠᠭᠠᠬᠤ ᠠᠵᠢᠯ ᠳᠤ ᠳᠠᠷᠠᠭᠠᠬᠢ ᠬᠡᠳᠦᠨ ᠲᠠᠯ᠎ᠠ ᠪᠠᠷ ᠠᠷᠭ᠎ᠠ ᠬᠡᠯᠪᠡᠷᠢ ᠶᠢ ᠠᠪᠴᠤ ᠪᠣᠯᠤᠨ᠎ᠠ : | ᠲᠠᠪᠢᠨ ᠬᠤᠶᠠᠳᠤᠭᠠᠷ ᠵᠦᠢᠯ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠵᠢᠴᠢ ᠲᠡᠭᠦᠨ ᠤ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠢ ᠶᠢᠨ ᠠᠶᠤᠯᠭᠦᠢ ᠶᠢ ᠬᠢᠨᠠᠨ | ᠪᠠᠶᠢᠴᠠᠭᠠᠬᠤ ᠪᠠᠶᠢᠭᠤᠯᠤᠮᠵᠢ ᠨᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠢᠨᠠᠨ ᠪᠠᠶᠢᠴᠠᠭᠠᠬᠤ ᠳᠠᠭᠠᠨ ᠳᠣᠣᠷᠠᠬᠢ ᠠᠷᠭ᠎ᠠ ᠮᠠᠶ᠋ᠢᠭ ᠢ ᠠᠪᠴᠤ ᠬᠡᠷᠡᠭᠵᠢᠭᠦᠯᠦᠨ᠎ᠡ᠄ | ︵ ᠨᠢᠭᠡ︶ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ ᠬᠤᠶᠠᠷ︶ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠳᠤ ᠬᠤᠯᠪᠣᠭᠳᠠᠬᠤ ᠪᠢᠴᠢᠭ | ᠮᠠᠲ᠋ᠧᠷᠢᠶᠠᠯ᠂ ᠳᠠᠩᠰᠠ ᠡᠪᠬᠡᠮᠡᠯ᠂ ᠠᠵᠢᠯ ᠤᠨ ᠲᠡᠮᠳᠡᠭᠯᠡᠯ ᠵᠡᠷᠭᠡ ᠮᠠᠲ᠋ᠧᠷᠢᠶᠠᠯ ᠢ ᠰᠢᠯᠵᠢᠭᠦᠯᠦᠨ ᠦᠵᠡᠵᠦ᠂ ᠪᠠᠭᠤᠯᠭᠠᠨ | ᠠᠪᠤᠨ᠎ᠠ︔ | ︵ ᠭᠤᠷᠪᠠ︶ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠬᠥᠮᠦᠰ ᠲᠤ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠲᠣᠳᠣᠷᠬᠠᠶᠢᠯᠠᠯᠲᠠ | ᠬᠢᠯᠭᠡᠬᠦ ᠬᠡᠷᠡᠭᠲᠡᠶ︔ | ︵ ᠲᠦᠷᠪᠡ︶ ᠠᠪᠬᠤ ᠴᠢᠬᠤᠯᠠ ᠲᠠᠢ ᠪᠤᠰᠤᠳ ᠠᠷᠭ᠎ᠠ ᠪᠠᠷ᠃ | ᠲᠠᠪᠢᠨ ᠭᠤᠷᠪᠠᠳᠤᠭᠠᠷ ᠵᠦᠢᠯ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠬᠢᠭᠡᠳ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠢ ᠨᠡᠭᠦᠷᠡᠰᠦᠨ ᠤ ᠠᠭᠤᠷᠬᠠᠢ ᠶᠢᠨ ᠠᠵᠢᠯ ᠤᠨ ᠭᠠᠵᠠᠷ ᠲᠤ ᠬᠦᠷᠴᠦ ᠪᠠᠶᠢᠴᠠᠭᠠᠯᠲᠠ ᠬᠢᠬᠦ ᠡᠷᠬᠡ ᠲᠠᠢ | ᠪᠥᠭᠡᠳ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠤᠷᠠᠯ ᠳᠤ | ᠣᠷᠣᠯᠴᠠᠵᠤ᠂ ᠬᠤᠯᠪᠣᠭᠳᠠᠯ ᠪᠦᠬᠦᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠵᠢᠴᠢ ᠬᠥᠮᠦᠰ ᠠᠴᠠ | ᠪᠠᠶᠢᠳᠠᠯ ᠢ ᠣᠶᠢᠯᠠᠭᠠᠬᠤ ᠬᠡᠷᠡᠭᠲᠡᠶ᠃ | ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ ᠣᠷᠣᠨ | ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ | ᠨᠡᠭᠦᠷᠡᠰᠦᠨ ᠤ ᠠᠭᠤᠷᠬᠠᠢ ᠶᠢᠨ ᠲᠤᠬᠠᠶ ᠶᠢᠨ ᠲᠠᠯᠠᠪᠠᠶ ᠳᠤ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ | ᠣᠷᠣᠰᠢᠵᠤ ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠶ ᠳᠤᠨᠢ ᠠᠷᠢᠯᠭᠠᠬᠤ ᠪᠤᠶᠤ ᠬᠤᠭᠤᠴᠠᠭ᠎ᠠ ᠬᠢᠵᠠᠭᠠᠷᠯᠠᠨ | ᠠᠷᠢᠯᠭᠠᠭᠤᠯᠬᠤ ᠪᠠᠷ ᠱᠠᠭᠠᠷᠳᠠᠬᠤ ᠡᠷᠬᠡ ᠲᠠᠢ︔ ᠲᠣᠭᠲᠠᠭᠠᠯ ᠠᠴᠠ ᠵᠥᠷᠢᠴᠡᠨ ᠵᠢᠭᠠᠨ ᠵᠢᠯᠣᠭᠤᠳᠤᠭᠰᠠᠨ᠂ ᠭᠡᠨᠡᠨ | ᠠᠵᠢᠯ ᠬᠢᠬᠦ᠂ ᠲᠣᠭᠲᠠᠭᠠᠯ ᠠᠴᠠ ᠵᠥᠷᠢᠴᠡᠨ ᠠᠵᠢᠯᠯᠠᠬᠤ ᠵᠢᠴᠢ ᠠᠶᠦᠯᠭᠦᠢ ᠦᠢᠯᠡᠳᠪᠦᠷᠢᠯᠡᠯ ᠤᠨ ᠪᠤᠰᠤᠳ ᠦᠢᠯᠡ | ᠠᠵᠢᠯᠯᠠᠭ᠎ᠠ ᠶᠢ ᠨᠢ ᠣᠯᠵᠤ ᠮᠡᠳᠡᠪᠡᠯ᠂ ᠳᠠᠷᠦ᠋ᠢᠬᠠᠨ ᠵᠠᠯᠠᠷᠠᠭᠤᠯᠬᠤ ᠪᠤᠶᠤ ᠠᠵᠢᠯ ᠢᠶᠠᠨ ᠳᠠᠷᠦ᠋ᠢᠬᠠᠨ ᠵᠣᠭᠰᠣᠭᠠᠬᠤ ᠪᠠᠷ | ᠱᠠᠭᠠᠷᠳᠠᠬᠤ ᠡᠷᠬᠡ ᠲᠠᠢ︔ ᠠᠮᠤᠷ ᠲᠦᠪᠰᠢᠨ ᠳᠤ ᠰᠦᠷᠳᠡᠭᠦᠯᠦᠯ ᠦᠵᠡᠭᠦᠯᠦᠭᠰᠡᠨ ᠪᠠᠴᠢᠮ ᠪᠠᠶᠢᠳᠠᠯ ᠢ ᠣᠯᠵᠤ | ᠮᠡᠳᠡᠪᠡᠯ᠂ ᠲᠡᠷᠡ ᠳᠠᠷᠤᠶ ᠳᠤᠨᠢ ᠠᠶᠤᠯ ᠲᠠᠢ ᠣᠷᠣᠨ ᠤ ᠳᠣᠲᠣᠷ᠎ᠠ ᠠᠵᠢᠯᠯᠠᠬᠤ ᠪᠠᠨ ᠵᠣᠭᠰᠣᠭᠠᠬᠤ ᠪᠠᠷ ᠱᠠᠭᠠᠷᠳᠠᠬᠤ | ᠡᠷᠬᠡ ᠲᠠᠢ᠃ | ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ ᠠᠵᠢᠯᠲᠠᠳ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠶᠢ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ᠂ ᠬᠠᠤᠯᠢ ᠬᠡᠷᠡᠭᠵᠢᠭᠦᠯᠬᠦ | ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃ | ᠲᠠᠪᠢᠨ ᠳᠥᠷᠪᠡᠳᠦᠭᠡᠷ ᠵᠦᠢᠯ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠬᠢᠭᠡᠳ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠬᠦᠨᠳᠦ ᠬᠡᠴᠡᠭᠦᠦ ᠠᠳᠡᠯ ᠤᠨ ᠪᠣᠯᠵᠣᠰᠢ | ᠦᠭᠡᠢ ᠨᠥᠬᠦᠴᠡᠯ ᠪᠠᠶᠢᠳᠠᠯ ᠪᠠᠶᠢᠬᠤ ᠶᠢ ᠣᠯᠵᠤ ᠮᠡᠳᠡᠪᠡᠯ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ | ᠵᠣᠭᠰᠣᠭᠠᠯᠭᠠᠬᠤ ᠪᠠᠷ ᠵᠠᠷᠯᠢᠭᠳᠠᠭᠰᠠᠨ ᠪᠣᠯ ᠴᠠᠭ ᠲᠤᠬᠠᠶ ᠳᠤᠨᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠰᠢᠯᠵᠢᠭᠦᠯᠦᠨ ᠬᠦᠷᠭᠡᠵᠦ ᠠᠶᠦᠯᠭᠦᠢ ᠦᠢᠯᠡᠳᠪᠦᠷᠢᠯᠡᠯ ᠢ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ | ᠰᠢᠢᠳᠪᠦᠷᠢᠯᠡᠭᠦᠯᠬᠦ ᠶᠢᠨ ᠬᠠᠮᠲᠤ ᠰᠢᠮᠳᠠᠭᠤᠯᠤᠨ ᠬᠢᠯᠭᠡᠬᠦ ᠬᠡᠷᠡᠭᠲᠡᠶ᠃ | ᠲᠠᠪᠢᠨ ᠲᠠᠪᠤᠳᠤᠭᠠᠷ ᠵᠦᠢᠯ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ | ᠪᠠᠶᠢᠭᠤᠯᠤᠮᠵᠢ ᠵᠢᠴᠢ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠮᠤᠷ ᠲᠦᠪᠰᠢᠨ ᠤ ᠬᠢᠨᠠᠨ | ᠪᠠᠶᠢᠴᠠᠭᠠᠬᠤ ᠪᠠᠶᠢᠭᠤᠯᠤᠮᠵᠢ ᠨᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠪᠤᠰᠤᠳ ᠰᠠᠯᠠᠭ᠎ᠠ | ᠮᠥᠴᠢᠷ ᠢᠶᠠᠷ ᠰᠢᠢᠳᠪᠦᠷᠢᠯᠡᠭᠦᠯᠬᠦ ᠶᠣᠰᠣᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ | ᠮᠡᠳᠡᠪᠡᠯ᠂ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ | ᠰᠢᠢᠳᠪᠦᠷᠢᠯᠡᠭᠦᠯᠬᠦ ᠬᠡᠷᠡᠭᠲᠡᠶ᠃ | ᠲᠠᠪᠢᠨ ᠵᠢᠷᠭᠤᠳᠤᠭᠠᠷ ᠵᠦᠢᠯ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠬᠢᠭᠡᠳ ᠲᠡᠭᠦᠨ ᠤ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ | ᠪᠠᠶᠢᠴᠠᠭᠠᠬᠤ ᠪᠠᠶᠢᠭᠤᠯᠤᠮᠵᠢ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ᠂ ᠬᠡᠷᠡᠭ ᠢ ᠰᠢᠯᠵᠢᠭᠦᠯᠦᠨ | ᠬᠦᠷᠭᠡᠬᠦ ᠲᠣᠭᠲᠠᠴᠠ ᠶᠢ ᠪᠠᠶᠢᠭᠤᠯᠤᠨ᠂ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ | ᠲᠠᠪᠢᠨ ᠳᠣᠯᠣᠳᠤᠭᠠᠷ ᠵᠦᠢᠯ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠬᠢᠭᠡᠳ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠤᠭᠤᠳ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠬᠠᠤᠯᠢ ᠬᠡᠷᠡᠭᠵᠢᠭᠦᠯᠬᠦ | ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ | ᠪᠠᠶᠢᠴᠠᠭᠠᠬᠤ ᠪᠠᠶᠢᠭᠤᠯᠤᠮᠵᠢ ᠶᠢᠨ ᠲᠣᠭᠲᠠᠭᠠᠭᠰᠠᠨ ᠠᠶᠦᠯᠭᠦᠢ ᠦᠢᠯᠡᠳᠪᠦᠷᠢᠯᠡᠯ ᠤᠨ ᠴᠠᠬᠢᠮ ᠲᠤᠭ᠎ᠠ ᠪᠠᠷᠢᠮᠲᠠ ᠶᠢᠨ | ᠵᠢᠷᠤᠮᠵᠢᠯ ᠢᠶᠠᠷ ᠴᠠᠬᠢᠮ ᠰᠦᠯᠵᠢᠶᠡᠨ ᠳᠤ ᠢᠯᠡ ᠨᠡᠶᠢᠲᠡᠯᠡᠬᠦ ᠶᠢᠨ ᠬᠠᠮᠲᠤ ᠴᠠᠬᠢᠮ ᠲᠤᠭ᠎ᠠ ᠪᠠᠷᠢᠮᠲᠠ ᠶᠢ ᠴᠠᠭ | ᠲᠤᠬᠠᠶ ᠳᠤᠨᠢ ᠳᠠᠮᠵᠢᠭᠤᠯᠤᠨ᠂ ᠳᠡᠭᠡᠭᠰᠢ ᠳᠠᠮᠵᠢᠭᠤᠯᠬᠤ ᠴᠠᠬᠢᠮ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ ᠪᠣᠯᠤᠨ ᠬᠦᠴᠦᠨ ᠲᠡᠭᠦᠯᠳᠡᠷ ᠴᠢᠨᠠᠷ ᠲᠤ ᠬᠠᠷᠢᠭᠤᠴᠠᠬᠤ ᠬᠡᠷᠡᠭᠲᠡᠶ᠃ | ᠲᠠᠪᠢᠨ ᠨᠠᠢᠮᠠᠳᠤᠭᠠᠷ ᠵᠦᠢᠯ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠬᠢᠭᠡᠳ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠬᠦ ᠬᠠᠤᠯᠢ | ᠴᠠᠭᠠᠵᠠ ᠬᠠᠤᠯᠢ ᠲᠣᠭᠲᠠᠭᠠᠯ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ ᠶᠢᠨ ᠳᠦᠷᠢᠮ ᠬᠢᠭᠡᠳ ᠠᠶᠦᠯᠭᠦᠢ | ᠦᠢᠯᠡᠳᠪᠦᠷᠢᠯᠡᠬᠦ ᠶᠢ ᠪᠠᠲᠤᠯᠠᠬᠤ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠶᠢᠨ ᠪᠠᠶᠢᠳᠠᠯ ᠳᠤ | ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠬᠢᠵᠦ᠂ ᠲᠤᠰ ᠳᠦᠷᠢᠮ ᠤᠨ ᠳᠥᠴᠢᠨ ᠳᠥᠷᠪᠡᠳᠦᠭᠡᠷ ᠵᠦᠢᠯ ᠳᠤ | ᠲᠣᠭᠲᠠᠭᠠᠭᠰᠠᠨ ᠡᠷᠬᠡ ᠲᠤᠰᠢᠶᠠᠯ ᠢ ᠬᠡᠷᠡᠭᠵᠢᠭᠦᠯᠦᠨ᠎ᠡ᠃ | ᠲᠠᠪᠢ ᠶᠢᠰᠦᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ | ᠭᠠᠷᠤᠭᠰᠠᠨ ᠤ ᠳᠠᠷᠠᠭ᠎ᠠ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠵᠢᠴᠢ ᠬᠠᠷᠢᠭᠤᠴᠠᠯᠭᠠᠲᠠᠨ ᠨᠢ ᠳᠠᠷᠤᠶ | ᠲᠦᠷᠭᠡᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠶᠢᠨ ᠬᠠᠮᠲᠤ ︽ | ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ | ᠲᠣᠭᠲᠠᠭᠠᠯ ᠶᠣᠰᠣᠭᠠᠷ ᠳᠠᠷᠤᠶ ᠲᠦᠷᠭᠡᠨ ᠲᠤᠬᠠᠶ ᠶᠢᠨ ᠭᠠᠵᠠᠷ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠣᠯᠤᠨ ᠪᠠᠶᠢᠭ᠎ᠠ ᠭᠠᠵᠠᠷ ᠤᠨ ᠢᠶᠠᠨ | ᠠᠭᠤᠷᠬᠠᠶ ᠶᠢᠨ ᠠᠶᠦᠯᠭᠦᠢ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ | ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠪᠠᠶᠢᠭᠤᠯᠤᠮᠵᠢ ᠬᠢᠭᠡᠳ ᠲᠡᠭᠦᠨ ᠢ | ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ | ᠠᠳᠡᠯ ᠤᠨ ᠵᠡᠷᠭᠡ ᠳᠡᠰ ᠪᠠ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠠᠵᠢᠯᠯᠠᠬᠤ ᠳᠤᠭᠤᠶᠢᠯᠠᠩ ᠲᠣᠮᠢᠯᠠᠵᠤ | ᠠᠳᠡᠯ ᠭᠠᠷᠤᠭᠰᠠᠨ ᠲᠤᠬᠠᠶ ᠶᠢᠨ ᠭᠠᠵᠠᠷ ᠲᠤ ᠣᠴᠢᠭᠤᠯᠵᠤ᠂ ᠠᠳᠡᠯ ᠭᠠᠷᠤᠭᠰᠠᠨ ᠭᠠᠵᠠᠷ ᠤᠨ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠢ ᠵᠢᠯᠣᠭᠤᠳᠤᠨ ᠬᠠᠮᠵᠢᠯᠴᠠᠵᠤ ᠪᠠᠶᠢᠭᠠᠳ ᠪᠠᠴᠢᠮ ᠪᠠᠶᠢᠳᠠᠯ ᠢ ᠲᠦᠷᠭᠡᠨ | ᠠᠷᠭᠠᠴᠠᠵᠤ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠬᠡᠷᠡᠭᠲᠡᠶ᠃ | ᠵᠢᠷᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ | ᠠᠳᠡᠯ ᠤᠨ ᠵᠡᠷᠭᠡ ᠳᠡᠰ ᠶᠣᠰᠣᠭᠠᠷ ᠱᠠᠲᠤ ᠬᠤᠪᠢᠶᠠᠨ ᠪᠠᠶᠢᠴᠠᠭᠠᠨ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠶ᠃ | ᠣᠨᠴᠠ ᠬᠦᠨᠳᠦ ᠬᠡᠴᠡᠭᠦᠦ ᠠᠳᠡᠯ ᠢ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠡᠷᠬᠡ ᠣᠯᠭᠤᠨ ︽ᠦᠢᠯᠡᠳᠪᠦᠷᠢᠯᠡᠯ ᠤᠨ | ᠠᠶᠦᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ ᠲᠣᠭᠲᠠᠭᠠᠯ ᠶᠣᠰᠣᠭᠠᠷ | ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠶ᠃ ᠬᠦᠨᠳᠦ ᠬᠡᠴᠡᠭᠦᠦ ᠠᠳᠡᠯ᠂ ᠳᠤᠮᠳᠠ ᠵᠡᠷᠭᠡ | ᠠᠳᠡᠯ᠂ ᠶᠡᠷᠦᠳᠡ ᠶᠢᠨ ᠠᠳᠡᠯ ᠢ ᠤᠯᠤᠰ ᠤᠨ ᠠᠭᠤᠷᠬᠠᠶ ᠶᠢᠨ ᠠᠶᠦᠯᠭᠦᠢ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ | ᠵᠢᠴᠢ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠨᠢ | ︽ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠤᠨ ᠮᠡᠳᠡᠭᠦᠯᠦᠯᠲᠡ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ | ᠤᠨ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠵᠢᠷᠠᠨ ᠨᠢᠭᠡᠳᠦᠭᠡᠷ ᠵᠦᠢᠯ ᠠᠶᠦᠯᠭᠦᠢ ᠦᠶᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠠᠤᠯᠢ | ᠶᠣᠰᠣᠭᠠᠷ ᠣᠯᠤᠭᠰᠠᠨ ᠦᠭᠡᠢ ᠵᠡᠷᠭᠡ ᠨᠡᠭᠦᠷᠡᠰᠦᠨ ᠤ ᠠᠭᠤᠷᠬᠠᠢ ᠶᠢ ᠳᠤᠷ᠎ᠠ ᠮᠡᠳᠡᠨ ᠦᠶᠯᠡᠳᠪᠦᠷᠢᠯᠡᠭᠰᠡᠨ ᠪᠠᠶᠢᠪᠠᠯ | ᠵᠠᠷᠯᠢᠭᠳᠠᠵᠤ ᠪᠠᠶᠢᠭᠠᠳ ᠦᠶᠯᠡᠳᠪᠦᠷᠢᠯᠡᠬᠦ ᠶᠢ ᠨᠢ ᠵᠣᠭᠰᠣᠭᠠᠵᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ | ᠣᠯᠵᠠᠪᠤᠷᠢ ᠪᠠ ᠨᠡᠭᠡᠭᠡᠨ ᠭᠠᠷᠭᠠᠭᠰᠠᠨ ᠨᠡᠭᠦᠷᠡᠰᠦ ᠵᠢᠴᠢ ᠮᠠᠯᠲᠠᠵᠤ ᠭᠠᠷᠭᠠᠭᠰᠠᠨ ᠲᠥᠬᠦᠭᠡᠷᠦᠮᠵᠢ ᠶᠢ ᠨᠢ ᠬᠤᠷᠢᠶᠠᠨ | ᠠᠪᠬᠤ ᠬᠡᠷᠡᠭᠲᠡᠢ︔ ᠬᠠᠤᠯᠢ ᠪᠤᠰᠤ ᠣᠷᠣᠯᠭ᠎ᠠ ᠨᠢ 10 ᠲᠦᠮᠡᠨ ᠲᠥᠭᠦᠷᠢᠭ ᠠᠴᠠ ᠳᠡᠭᠡᠭᠰᠢ 5 ᠳᠠᠬᠢᠨ ᠠᠴᠠ | ᠳᠣᠷᠣᠭᠰᠢ ᠲᠣᠷᠭᠠᠭᠤᠯᠢ ᠣᠨᠣᠭᠳᠠᠭᠤᠯᠬᠤ᠃ ᠳᠠᠪᠬᠤᠷ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ | ᠠᠰᠢᠭ ᠣᠯᠵᠠᠪᠤᠷᠢ ᠦᠭᠡᠢ ᠪᠤᠶᠤ ᠬᠠᠤᠯᠢ ᠪᠤᠰᠤ ᠣᠷᠣᠯᠭ᠎ᠠ ᠨᠢ 10 ᠲᠦᠮᠡᠨ ᠲᠥᠭᠦᠷᠢᠭ ᠬᠦᠷᠬᠦ ᠦᠭᠡᠢ ᠪᠣᠯ 10 | ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠬᠤ ᠪᠠᠷ | ᠳᠠᠪᠬᠤᠷ ᠰᠢᠢᠳᠭᠡᠨ᠎ᠡ᠃ | ᠦᠢᠯᠡ ᠠᠵᠢᠯᠯᠠᠭ᠎ᠠ ᠪᠠᠨ ᠵᠣᠭᠰᠣᠭᠠᠭᠰᠠᠨ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤᠷ᠎ᠠ ᠮᠡᠳᠡᠨ | ᠦᠢᠯᠡᠳᠪᠦᠷᠢᠯᠡᠯ ᠢᠶᠠᠨ ᠰᠡᠷᠭᠦᠭᠡᠭᠰᠡᠨ ᠪᠣᠯ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ᠃ | ︵ ᠨᠢᠭᠡ︶ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠭᠲᠠᠭᠠᠯ | ᠶᠣᠰᠣᠭᠠᠷ ᠪᠠᠶᠢᠭᠤᠯᠤᠭᠰᠠᠨ ᠦᠭᠡᠶ ᠪᠥᠭᠡᠳ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ | ᠲᠣᠬᠢᠷᠠᠭᠤᠯᠤᠭᠰᠠᠨ ᠦᠭᠡᠶ | ︵ ᠬᠤᠶᠠᠷ︶ ᠭᠤᠤᠯ ᠬᠠᠷᠢᠭᠤᠴᠠᠯᠭᠠᠲᠠᠨ ᠪᠣᠯᠤᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ᠲᠣᠭᠲᠠᠭᠠᠯ ᠶᠣᠰᠣᠭᠠᠷ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠪᠥᠭᠡᠳ ᠵᠣᠬᠢᠴᠠᠩᠭᠤᠶ ᠬᠢᠷᠢ | ᠬᠡᠮᠵᠢᠶ᠎ᠡ ᠪᠣᠯᠤᠨ ᠴᠢᠳᠠᠪᠤᠷᠢ ᠪᠠᠨ ᠦᠷᠭᠦᠯᠵᠢᠯᠡᠨ ᠪᠠᠲᠤᠯᠠᠭᠰᠠᠨ ᠦᠭᠡᠶ | ︵ ᠭᠤᠷᠪᠠ︶ ᠲᠣᠭᠲᠠᠭᠠᠯ ᠶᠣᠰᠣᠭᠠᠷ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠠ ᠰᠤᠷᠭᠠᠯᠲᠠ ᠶᠢ | ᠬᠢᠭᠰᠡᠨ ᠦᠭᠡᠢ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠠᠶᠦᠯᠭᠦᠢ ᠦᠢᠯᠡᠳᠪᠦᠷᠢᠯᠡᠯ ᠤᠨ ᠵᠦᠢᠯᠡᠰ ᠢ ᠦᠨᠡᠨ | ᠪᠣᠳᠠᠲᠠᠶ ᠪᠠᠷ ᠮᠡᠳᠡᠭᠳᠡᠭᠰᠡᠨ ᠦᠭᠡᠢ᠂ ᠪᠤᠶᠤ ᠠᠶᠦᠯᠭᠦᠢ ᠦᠢᠯᠡᠳᠪᠦᠷᠢᠯᠡᠯ ᠤᠨ ᠬᠥᠮᠦᠵᠢᠯ ᠪᠠ ᠰᠤᠷᠭᠠᠯᠲᠠ ᠶᠢᠨ | ᠪᠠᠶᠢᠳᠠᠯ ᠢ ᠦᠨᠡᠨ ᠪᠣᠳᠠᠲᠠᠶ ᠪᠠᠷ ᠲᠡᠮᠳᠡᠭᠯᠡᠭᠰᠡᠨ ᠦᠭᠡᠢ ᠪᠠᠶᠢᠬᠤ︔ | ︵ ᠲᠦᠷᠪᠡ︶ ᠣᠨᠴᠠᠭᠠᠢ ᠲᠥᠷᠥᠯ ᠤᠨ ᠠᠵᠢᠯ ᠤᠨ ᠬᠥᠮᠦᠰ ᠲᠣᠭᠲᠠᠭᠠᠯ ᠶᠣᠰᠣᠭᠠᠷ ᠠᠶᠦᠯᠭᠦᠢ | ᠠᠵᠢᠯ ᠤᠨ ᠲᠤᠰᠬᠠᠶ ᠰᠤᠷᠭᠠᠯᠲᠠ ᠬᠦᠷᠲᠡᠭᠰᠡᠨ ᠦᠭᠡᠶ ᠪᠥᠭᠡᠳ ᠵᠣᠬᠢᠴᠠᠩᠭᠤᠶ ᠬᠢᠷᠢ ᠬᠡᠮ ᠣᠯᠵᠤ᠂ ᠠᠵᠢᠯ ᠤᠨ | ᠪᠠᠶᠢᠷᠢ ᠳᠤ ᠭᠠᠷᠴᠤ ᠠᠵᠢᠯᠯᠠᠭᠰᠠᠨ ᠪᠠᠶᠢᠪᠠᠯ︔ | ︵ ᠲᠠᠪᠤ︶ ᠠᠶᠤᠯ ᠲᠠᠢ ᠠᠵᠢᠯ ᠬᠢᠬᠦ ᠳᠤ ᠲᠤᠰᠬᠠᠶ ᠠᠶᠦᠯᠭᠦᠢ ᠶᠢᠨ ᠮᠡᠷᠭᠡᠵᠢᠯ ᠤᠨ ᠠᠷᠭ᠎ᠠ ᠬᠡᠮᠵᠢᠶ᠎ᠡ | ᠠᠪᠤᠭᠰᠠᠨ ᠦᠭᠡᠶ ᠪᠥᠭᠡᠳ ᠲᠤᠰᠬᠠᠶ ᠠᠵᠢᠯᠲᠠᠨ ᠲᠣᠬᠢᠷᠠᠭᠤᠯᠤᠨ ᠲᠤᠬᠠᠶ ᠶᠢᠨ ᠭᠠᠵᠠᠷ ᠤᠨ ᠠᠶᠦᠯᠭᠦᠢ ᠶᠢᠨ | ᠬᠠᠮᠢᠶᠠᠷᠤᠯᠲᠠ ᠬᠢᠯᠭᠡᠭᠰᠡᠨ | ︵ ᠨᠢᠭᠡ︶ ᠪᠦᠬᠦ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠠ | ᠤᠳᠤᠷᠢᠳᠤᠯᠭ᠎ᠠ ᠠᠴᠠ ᠡᠭᠡᠯᠵᠢ ᠳᠠᠭᠠᠭᠤᠯᠬᠤ ᠵᠡᠷᠭᠡ ᠠᠶᠦᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ | ᠲᠣᠭᠲᠠᠭᠠᠯ ᠶᠣᠰᠣᠭᠠᠷ ᠲᠣᠭᠲᠠᠭᠠᠭᠰᠠᠨ ᠦᠭᠡᠢ ᠪᠥᠭᠡᠳ ᠨᠠᠶᠢᠳᠠᠪᠤᠷᠢᠵᠢᠭᠤᠯᠤᠭᠰᠠᠨ ᠦᠭᠡᠢ᠃ | ︵ ᠬᠤᠶᠠᠷ︶ ᠲᠣᠭᠲᠠᠭᠠᠯ ᠶᠣᠰᠣᠭᠠᠷ ᠨᠡᠭᠦᠷᠡᠰᠦᠨ ᠤ ᠠᠭᠤᠷᠬᠠᠢ ᠳᠤ ᠠᠭᠤᠷᠬᠠᠶ ᠶᠢᠨ ᠳᠠᠷᠤᠭ᠎ᠠ ᠵᠡᠷᠭᠡ | ᠬᠥᠮᠦᠰ ᠪᠣᠯᠤᠨ ᠪᠠᠶᠢᠭᠤᠯᠤᠮᠵᠢ ᠲᠣᠬᠢᠷᠠᠭᠤᠯᠤᠭᠰᠠᠨ ᠦᠭᠡᠶ ᠪᠤᠶᠤ ᠲᠦᠷᠭᠡᠨ ᠠᠪᠤᠷᠠᠬᠤ ᠠᠩᠭᠢ ᠲᠣᠭᠲᠠᠭᠠᠯ | ᠶᠣᠰᠣᠭᠠᠷ ᠪᠠᠶᠢᠭᠤᠯᠤᠭᠰᠠᠨ ᠦᠭᠡᠶ | ︵ ᠭᠤᠷᠪᠠ︶ ᠨᠡᠭᠦᠷᠡᠰᠦᠨ ᠤ ᠠᠭᠤᠷᠬᠠᠢ ᠶᠢᠨ ᠭᠤᠣᠯ ᠪᠣᠯᠬᠤ ᠦᠢᠯᠡᠳᠪᠦᠷᠢᠯᠡᠯ ᠤᠨ ᠰᠢᠰᠲ᠋ᠧᠮ᠂ | ᠠᠶᠤᠯᠭᠦᠶ ᠶᠢᠨ ᠲᠥᠬᠦᠭᠡᠷᠦᠮᠵᠢ ᠨᠢ ᠨᠡᠭᠦᠷᠡᠰᠦᠨ ᠤ ᠠᠭᠤᠷᠬᠠᠢ ᠶᠢᠨ ᠠᠶᠤᠯᠭᠦᠶ ᠶᠢᠨ ᠲᠦᠷᠢᠮ ᠪᠠ ᠤᠯᠤᠰ ᠤᠨ | ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠶ ᠪᠠᠶᠢᠬᠤ︔ | ︵ ᠲᠦᠷᠪᠡ︶ ᠲᠤᠰᠬᠠᠶ ᠵᠦᠢᠯ ᠤᠨ ᠵᠢᠷᠤᠭ ᠲᠥᠯᠥᠪᠯᠡᠭᠡ ᠶᠢ ᠲᠣᠭᠲᠠᠭᠠᠯ ᠶᠣᠰᠣᠭᠠᠷ ᠨᠠᠶᠢᠷᠠᠭᠤᠯᠤᠨ | ᠵᠣᠬᠢᠶᠠᠭᠰᠠᠨ ᠦᠭᠡᠢ᠃ | ︵ ᠲᠠᠪᠤ︶ ᠠᠭᠤᠷᠬᠠᠶ ᠶᠢᠨ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠤ ᠠᠭᠤᠷᠬᠠᠢ ᠨᠢ | ᠲᠣᠭᠲᠠᠭᠠᠯ ᠶᠣᠰᠣᠭᠠᠷ ᠭᠠᠰ ᠤᠨ ᠲᠠᠰ᠂ ᠴᠢᠯᠠᠭᠤᠯᠢᠭ ᠤᠨ ᠳᠠᠷᠤᠯᠲᠠ᠂ ᠨᠡᠭᠦᠷᠡᠰᠦᠨ ᠳᠠᠪᠬᠤᠷᠭ᠎ᠠ ᠶᠢᠨ ᠠᠶᠠᠨᠳᠠᠭᠠᠨ | ᠨᠣᠴᠣᠬᠤ ᠬᠡᠯᠪᠡᠷᠢᠯ ᠪᠠ ᠨᠡᠭᠦᠷᠡᠰᠦᠨ ᠲᠣᠭᠤᠰᠣᠨ ᠤ ᠳᠡᠯᠪᠡᠷᠡᠯᠲᠡ ᠶᠢᠨ ᠴᠢᠨᠠᠷᠲᠠᠶ ᠬᠢᠨᠠᠨ ᠲᠣᠭᠲᠠᠭᠠᠯᠲᠠ ᠬᠢᠭᠰᠡᠨ | ᠦᠭᠡᠶ᠃ | ︵ ᠵᠢᠷᠭᠤᠭ᠎ᠠ︶ ᠵᠠᠳᠠᠭᠠᠢ ᠨᠡᠭᠦᠷᠡᠰᠦᠨ ᠤ ᠠᠭᠤᠷᠬᠠᠢ ᠶᠢᠨ ᠮᠠᠯᠲᠠᠵᠤ ᠭᠠᠷᠭᠠᠬᠤ ᠲᠠᠯᠠᠪᠠᠢ ᠵᠢᠴᠢ ᠰᠢᠷᠣᠢ | ᠭᠠᠳᠠᠭᠰᠢᠯᠠᠭᠤᠯᠬᠤ ᠲᠠᠯᠠᠪᠠᠢ ᠶᠢᠨ ᠬᠠᠵᠠᠭᠤ ᠬᠥᠲᠥᠯ ᠬᠢᠭᠡᠳ ᠴᠢᠬᠤᠯᠠ ᠪᠠᠷᠢᠯᠭ᠎ᠠ᠂ ᠪᠠᠷᠢᠯᠭ᠎ᠠ ᠶᠢᠨ ᠵᠦᠢᠯ ᠤᠨ | ᠬᠤᠭᠤᠷᠣᠨᠳᠣᠬᠢ ᠠᠶᠦᠯᠭᠦᠢ ᠶᠢᠨ ᠵᠠᠢ ᠨᠢ ᠲᠣᠭᠲᠠᠭᠠᠯ ᠳᠤ ᠨᠡᠶᠢᠴᠡᠬᠦ ᠦᠭᠡᠢ ᠪᠤᠶᠤ ᠵᠠᠳᠠᠭᠠᠢ ᠨᠡᠭᠦᠷᠡᠰᠦᠨ ᠤ | ᠠᠭᠤᠷᠬᠠᠢ ᠶᠢᠨ ᠬᠠᠵᠠᠭᠤ ᠬᠥᠲᠥᠯ ᠤᠨ ᠲᠣᠭᠲᠠᠭᠤᠨ ᠪᠠᠶᠢᠬᠤ ᠶᠢ ᠲᠣᠭᠲᠠᠭᠠᠯ ᠶᠣᠰᠣᠭᠠᠷ ᠪᠠᠲᠤᠯᠠᠭᠰᠠᠨ ᠦᠭᠡᠢ᠃ | ︵ ᠳᠤᠯᠤᠭ᠎ᠠ︶ ᠳᠦᠷᠢᠮ ᠲᠣᠭᠲᠠᠭᠠᠯ ᠢ ᠵᠥᠷᠢᠴᠡᠨ ᠵᠢᠭᠠᠨ ᠵᠢᠯᠣᠭᠤᠳᠣᠭᠰᠠᠨ ᠠᠴᠠ᠃ | ᠵᠢᠷᠠᠨ ᠳᠥᠷᠪᠡᠳᠦᠭᠡᠷ ᠵᠦᠢᠯ ᠬᠦᠨᠳᠦ ᠬᠡᠴᠡᠭᠦᠦ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ | ᠣᠷᠣᠰᠢᠵᠤ ᠪᠠᠶᠢᠭ᠎ᠠ ᠪᠥᠭᠡᠳ ᠮᠥᠨ ᠬᠦ ᠦᠢᠯᠡᠳᠪᠦᠷᠢᠯᠡᠯ ᠬᠢᠵᠦ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠢ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠨᠢ ᠵᠣᠭᠰᠣᠭᠠᠨ ᠴᠡᠭᠴᠡᠯᠡᠵᠦ᠂ ᠴᠡᠭᠴᠡᠯᠡᠬᠦ ᠠᠭᠤᠯᠭ᠎ᠠ᠂ | ᠴᠠᠭ ᠵᠡᠷᠭᠡ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ 50 ᠲᠦᠮᠡᠨ ᠲᠥᠭᠦᠷᠢᠭ ᠠᠴᠠ ᠳᠡᠭᠡᠭᠰᠢ | 200 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ ᠨᠡᠭᠦᠷᠡᠰᠦᠨ ᠤ ᠠᠭᠤᠷᠬᠠᠢ ᠶᠢᠨ | ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠢ 3 ᠲᠦᠮᠡᠨ ᠲᠥᠭᠦᠷᠢᠭ ᠠᠴᠠ ᠳᠡᠭᠡᠭᠰᠢ 15 ᠲᠦᠮᠡᠨ | ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ᠃ | ᠵᠢᠷᠠᠨ ᠲᠠᠪᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠨᠢ ᠬᠠᠤᠯᠢ ᠶᠣᠰᠣᠭᠠᠷ | ᠲᠣᠭᠲᠠᠭᠠᠭᠰᠠᠨ ᠣᠯᠪᠤᠷᠢᠯᠠᠬᠤ ᠬᠡᠪᠴᠢᠶᠡᠨ ᠠᠴᠠ ᠳᠠᠪᠠᠵᠤ ᠠᠭᠤᠷᠬᠠᠢ ᠮᠠᠯᠲᠠᠭᠰᠠᠨ ᠪᠠᠶᠢᠪᠠᠯ ᠬᠤᠯᠪᠣᠭᠳᠠᠯ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ | ᠨᠡᠭᠦᠷᠡᠰᠦᠨ ᠤ ᠬᠠᠮᠠᠭᠠᠯᠠᠯᠲᠠ ᠶᠢᠨ ᠲᠤᠯᠭᠠᠭᠤᠷᠢ ᠪᠠᠭᠠᠨ᠎ᠠ ᠶᠢ ᠳᠤᠷ᠎ᠠ ᠮᠡᠳᠡᠨ ᠨᠡᠭᠡᠭᠡᠨ ᠮᠠᠯᠲᠠᠭᠰᠠᠨ ᠪᠤᠶᠤ | ᠬᠥᠷᠰᠢ ᠵᠡᠷᠭᠡᠯᠡᠳᠡᠭᠡ ᠨᠡᠭᠦᠷᠡᠰᠦᠨ ᠤ ᠠᠭᠤᠷᠬᠠᠢ ᠶᠢᠨ ᠠᠶᠦᠯᠭᠦᠢ ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ | ᠤᠰᠤ ᠲᠠᠯᠪᠢᠬᠤ᠂ ᠳᠡᠯᠪᠡᠴᠢᠬᠦ᠂ ᠨᠦᠬᠡᠨ ᠵᠠᠮ ᠢ ᠨᠡᠪᠲᠡᠷᠡᠭᠦᠯᠬᠦ ᠵᠡᠷᠭᠡ ᠠᠶᠤᠯ ᠲᠠᠢ ᠠᠷᠭ᠎ᠠ ᠪᠠᠷ ᠠᠭᠤᠷᠬᠠᠶ | ᠣᠯᠪᠤᠷᠢᠯᠠᠬᠤ ᠠᠵᠢᠯ ᠢ ᠨᠢ ᠵᠠᠷᠯᠢᠭᠳᠠᠵᠤ ᠪᠠᠶᠢᠭᠠᠳ ᠠᠵᠢᠯ ᠢ ᠨᠢ ᠳᠠᠷᠦ᠋ᠢᠬᠠᠨ ᠵᠣᠭᠰᠣᠭᠠᠵᠤ᠂ ᠬᠠᠤᠯᠢ ᠠᠴᠠ | ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ ᠠᠪᠤᠭᠤᠯᠤᠨ᠎ᠠ ᠬᠠᠤᠯᠢ ᠠᠴᠠ ᠵᠥᠷᠢᠴᠡᠭᠰᠡᠨ ᠣᠯᠵᠠᠪᠤᠷᠢ ᠨᠢ 10 | ᠲᠦᠮᠡᠨ ᠲᠥᠭᠦᠷᠢᠭ ᠠᠴᠠ ᠳᠡᠭᠡᠭᠰᠢ 5 ᠳᠠᠬᠢᠨ ᠠᠴᠠ ᠳᠣᠷᠣᠭᠰᠢ ᠲᠣᠷᠭᠠᠭᠤᠯᠢ ᠣᠨᠣᠭᠳᠠᠭᠤᠯᠬᠤ ᠶᠢᠨ ᠬᠠᠮᠲᠤ | ᠬᠠᠤᠯᠢ ᠠᠴᠠ ᠵᠥᠷᠢᠴᠡᠭᠰᠡᠨ ᠣᠯᠵᠠᠪᠤᠷᠢ ᠦᠭᠡᠶ ᠪᠤᠶᠤ ᠬᠠᠤᠯᠢ ᠠᠴᠠ ᠵᠥᠷᠢᠴᠡᠭᠰᠡᠨ ᠣᠯᠵᠠᠪᠤᠷᠢ ᠨᠢ 10 ᠲᠦᠮᠡᠨ | ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ︔ ᠬᠤᠬᠢᠷᠠᠯ | ᠤᠴᠠᠷᠠᠭᠤᠯᠤᠭᠰᠠᠨ ᠪᠣᠯ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠵᠢᠷᠠᠨ ᠵᠢᠷᠭᠤᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠳᠣᠤᠷᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠶ ᠵᠠᠯᠠᠷᠠᠭᠤᠯᠬᠤ ᠶᠢ ᠲᠡᠪᠴᠢᠭᠰᠡᠨ | ᠪᠣᠯ 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ | ᠣᠨᠣᠭᠳᠠᠭᠤᠯᠤᠨᠠ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ | ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢ 1 ᠲᠦᠮᠡᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ | ᠳᠣᠷᠣᠭᠰᠢ ᠲᠣᠷᠭᠠᠭᠤᠯᠢ ᠣᠨᠣᠭᠳᠠᠭᠤᠯᠤᠨᠠ᠄ | ︵ ᠨᠢᠭᠡ︶ ᠲᠤᠰ ᠳᠦᠷᠢᠮ ᠤᠨ ᠭᠤᠴᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠤᠨ | ᠲᠣᠭᠲᠠᠭᠠᠯ ᠠᠴᠠ ᠵᠥᠷᠢᠴᠡᠨ᠂ ᠣᠷᠣᠰᠢᠵᠤ ᠪᠠᠶᠢᠭ᠎ᠠ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠵᠢᠴᠢ | ᠠᠮᠤᠷ ᠲᠦᠪᠰᠢᠨ ᠤ ᠪᠤᠰᠤᠳ ᠠᠰᠠᠭᠤᠳᠠᠯ ᠢ ᠨᠢᠭᠤᠨ ᠳᠠᠯᠳᠠᠯᠠᠭᠰᠠᠨ | ︵ ᠬᠤᠶᠠᠷ︶ ᠲᠤᠰ ᠳᠦᠷᠢᠮ ᠤᠨ ᠳᠥᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ | ᠲᠣᠭᠲᠠᠭᠠᠯ ᠠᠴᠠ ᠵᠥᠷᠢᠴᠡᠨ᠂ ᠪᠢᠲᠡᠭᠦᠮᠵᠢᠯᠡᠭᠰᠡᠨ᠂ ᠦᠯᠡᠳᠡᠭᠡᠵᠦ ᠠᠪᠤᠭᠰᠠᠨ ᠪᠡᠯᠡᠳᠬᠡᠮᠵᠢ᠂ ᠲᠥᠬᠦᠭᠡᠷᠦᠮᠵᠢ᠂ | ᠪᠠᠭᠠᠵᠢ ᠬᠡᠷᠡᠭᠰᠡᠯ ᠢ ᠳᠤᠷ᠎ᠠ ᠮᠡᠳᠡᠨ ᠪᠢᠲᠡᠭᠦᠮᠵᠢᠯᠡᠭᠰᠡᠨ | ︵ ᠭᠤᠷᠪᠠ︶ ᠬᠢᠨᠠᠯᠲᠠ ᠲᠠᠯᠪᠢᠨ ᠪᠠᠶᠢᠴᠠᠭᠠᠬᠤ ᠠᠵᠢᠯᠯᠠᠭ᠎ᠠ ᠶᠢ ᠲᠡᠪᠴᠢᠭᠰᠡᠨ᠂ ᠬᠠᠷᠰᠢᠯᠠᠭᠰᠠᠨ ᠪᠠᠶᠢᠪᠠᠯ᠃ | | ᠵᠢᠷᠠᠨ ᠳᠣᠯᠣᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠦᠶᠯᠡᠳᠪᠦᠷᠢᠯᠡᠯ ᠤᠨ ᠠᠶᠦᠯᠭᠦᠢ ᠶᠢᠨ | ᠠᠳᠡᠯ ᠭᠠᠷᠪᠠᠯ᠂ ᠬᠠᠷᠢᠭᠤᠴᠠᠯᠭ᠎ᠠ ᠲᠠᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠬᠠᠤᠯᠢ ᠶᠣᠰᠣᠭᠠᠷ | ᠵᠣᠬᠢᠴᠠᠩᠭᠤᠢ ᠲᠥᠯᠥᠪᠦᠷᠢ ᠣᠯᠭᠤᠬᠤ ᠵᠡᠷᠭᠡ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠱᠠᠭᠠᠷᠳᠠᠬᠤ ᠶᠢ ᠭᠠᠷᠭᠠᠪᠠᠯ᠂ | ᠳᠣᠣᠷᠠᠬᠢ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠤᠨᠠ : | ︵ ᠨᠢᠭᠡ︶ ᠶᠡᠷᠦᠳᠡ ᠶᠢᠨ ᠠᠳᠡᠯ ᠭᠠᠷᠪᠠᠯ᠂ 50 ᠲᠦᠮᠡᠨ ᠲᠥᠭᠦᠷᠢᠭ ᠠᠴᠠ ᠳᠡᠭᠡᠭᠰᠢ 100 ᠲᠦᠮᠡᠨ | ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ︔ | ︵ ᠬᠤᠶᠠᠷ︶ ᠳᠤᠮᠳᠠ ᠵᠡᠷᠭᠡ ᠠᠳᠡᠯ ᠭᠠᠷᠭᠠᠭᠰᠠᠨ ᠪᠣᠯ 150 ᠲᠦᠮᠡᠨ ᠲᠥᠭᠦᠷᠢᠭ ᠠᠴᠠ ᠳᠡᠭᠡᠭᠰᠢ | 200 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ᠃ | ︵ ᠭᠤᠷᠪᠠ︶ ᠬᠦᠨᠳᠦ ᠬᠡᠴᠡᠭᠦᠦ ᠠᠳᠡᠯ ᠭᠠᠷᠭᠠᠭᠰᠠᠨ ᠪᠣᠯ 500 ᠲᠦᠮᠡᠨ ᠲᠥᠭᠦᠷᠢᠭ ᠠᠴᠠ ᠳᠡᠭᠡᠭᠰᠢ | 1000 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ︔ | ︵ ᠲᠦᠷᠪᠡ︶ ᠣᠨᠴᠠ ᠬᠦᠨᠳᠦ ᠬᠡᠴᠡᠭᠦᠦ ᠠᠳᠡᠯ ᠭᠠᠷᠭᠠᠭᠰᠠᠨ ᠪᠣᠯ 1000 ᠲᠦᠮᠡᠨ ᠲᠥᠭᠦᠷᠢᠭ ᠠᠴᠠ | ᠳᠡᠭᠡᠭᠰᠢ 2000 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ᠃ | ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠭᠠᠷᠪᠠᠯ᠂ ᠦᠢᠯᠡ | ᠪᠠᠶᠢᠳᠠᠯ ᠨᠢ ᠣᠨᠴᠠᠭᠠᠢ ᠬᠦᠨᠳᠦ ᠨᠣᠴᠢᠲᠠᠶ᠂ ᠨᠥᠯᠥᠭᠡ ᠪᠠᠷ ᠣᠨᠴᠠᠭᠠᠢ ᠮᠠᠭᠤ ᠪᠣᠯ ᠡᠮᠦᠨᠡᠬᠢ ᠵᠤᠷᠪᠤᠰ ᠤᠨ | ᠲᠣᠷᠭᠠᠭᠤᠯᠢ ᠣᠨᠣᠭᠳᠠᠭᠤᠯᠬᠤ ᠲᠤᠭ᠎ᠠ ᠶᠢᠨ ᠬᠢᠨᠢ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ | ᠬᠠᠷᠢᠭᠤᠴᠠᠯᠭ᠎ᠠ ᠡᠭᠦᠷᠭᠡᠯᠡᠵᠦ ᠪᠦᠬᠦᠢ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠲᠣᠷᠭᠠᠭᠤᠯᠢ | ᠣᠨᠣᠭᠳᠠᠭᠤᠯᠵᠤ ᠪᠣᠯᠤᠨ᠎ᠠ᠃ | ᠵᠢᠷᠠᠨ ᠨᠠᠢᠮᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠭᠤᠯᠤᠮᠵᠢ᠂ ᠭᠤᠤᠯ ᠬᠠᠷᠢᠭᠤᠴᠠᠯᠭᠠᠲᠠᠨ᠂ ᠪᠤᠰᠤᠳ ᠬᠠᠷᠢᠭᠤᠴᠠᠯᠭᠠᠲᠠᠨ ᠪᠣᠯᠤᠨ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠢᠳᠬᠡᠨ ᠲᠣᠷᠭᠠᠬᠤ ᠶᠢᠨ ᠬᠠᠮᠲᠤ ᠵᠣᠬᠢᠴᠠᠩᠭᠤᠶ ᠪᠦᠬᠦᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ | ᠦᠭᠡᠶ ᠠᠴᠠ ᠪᠣᠯᠵᠤ ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠭᠠᠷᠭᠠᠭᠰᠠᠨ ᠪᠣᠯ | ᠳᠣᠤᠷᠠᠬᠢ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠤᠨᠠ᠄ | ︵ ᠨᠢᠭᠡ︶ ᠶᠡᠷᠦᠳᠡ ᠶᠢᠨ ᠠᠳᠡᠯ ᠭᠠᠷᠤᠭᠰᠠᠨ ᠪᠣᠯ ᠡᠮᠦᠨᠡᠬᠢ ᠵᠢᠯ ᠤᠨ ᠵᠢᠯ ᠤᠨ ᠣᠷᠣᠯᠭ᠎ᠠ ᠶᠢᠨ | 40% ᠶᠢ ᠲᠣᠷᠭᠠᠭᠤᠯᠢ ᠪᠣᠯᠭᠠᠨ ᠠᠪᠤᠨ᠎ᠠ ︔ | ︵ ᠬᠤᠶᠠᠷ︶ ᠨᠡᠯᠢᠶᠡᠳ ᠶᠡᠭᠡ ᠡ᠊ᠨᠳᠡᠯ ᠭᠠᠷᠣᠠᠠᠰᠠᠨ ᠪᠠᠶᠢᠪᠠᠯ᠂ ᠡᠮᠦᠨᠡᠬᠢ ᠵᠢᠯ ᠤᠨ ᠵᠢᠯ ᠤᠨ ᠣᠷᠣᠯᠭ᠎ᠠ ᠶᠢᠨ | 60% ᠶᠢ ᠲᠣᠷᠭᠠᠭᠤᠯᠢ ᠪᠣᠯᠭᠠᠨ ᠠᠪᠤᠨ᠎ᠠ ︔ | ︵ ᠭᠤᠷᠪᠠ︶ ᠬᠦᠨᠳᠦ ᠶᠡᠭᠡ ᠠᠳᠡᠯ ᠭᠠᠷᠤᠭᠰᠠᠨ ᠪᠠᠶᠢᠪᠠᠯ᠂ ᠡᠮᠦᠨᠡᠬᠢ ᠵᠢᠯ ᠤᠨ ᠵᠢᠯ ᠤᠨ ᠣᠷᠣᠯᠭ᠎ᠠ ᠶᠢᠨ | 80% ᠶᠢ ᠲᠣᠷᠭᠠᠭᠤᠯᠢ ᠪᠣᠯᠭᠠᠨ ᠠᠪᠤᠨ᠎ᠠ ︔ | ︵ ᠲᠦᠷᠪᠡ︶ ᠣᠨᠴᠠ ᠬᠦᠨᠳᠦ ᠬᠡᠴᠡᠭᠦᠦ ᠠᠳᠡᠯ ᠭᠠᠷᠭᠠᠭᠰᠠᠨ ᠪᠣᠯ ᠡᠮᠦᠨᠡᠬᠢ ᠵᠢᠯ ᠤᠨ ᠵᠢᠯ ᠤᠨ | ᠣᠷᠣᠯᠭ᠎ᠠ ᠶᠢᠨ100% ᠶᠢ ᠲᠣᠷᠭᠠᠭᠤᠯᠢ ᠪᠣᠯᠭᠠᠨ ᠠᠪᠤᠨ᠎ᠠ ︔ | ᠵᠢᠷᠠ ᠶᠢᠰᠦᠳᠦᠭᠡᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠵᠢᠴᠢ ᠬᠤᠯᠪᠣᠭᠳᠠᠯ | ᠪᠦᠬᠦᠢ ᠬᠥᠮᠦᠰ ᠨᠢ ᠠᠳᠡᠯ ᠢᠶᠠᠨ ᠮᠡᠳᠡᠭᠦᠯᠬᠦ ᠦᠭᠡᠶ᠂ ᠬᠤᠳᠠᠯ ᠢᠶᠠᠷ ᠮᠡᠳᠡᠭᠦᠯᠬᠦ ᠵᠡᠷᠭᠡ ᠦᠢᠯᠡ ᠠᠵᠢᠯᠯᠠᠭ᠎ᠠ ᠲᠠᠢ ᠪᠣᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ᠂ ︽ | ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ ᠲᠣᠷᠭᠠᠭᠤᠯᠢ ᠣᠨᠣᠭᠳᠠᠭᠤᠯᠤᠨᠠ᠃ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ | ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠣᠯᠤᠨ | ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠨᠢ | ᠠᠳᠡᠯ ᠢ ᠮᠡᠳᠡᠭᠦᠯᠬᠦ ᠦᠭᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠵᠡᠷᠭᠡ ᠦᠢᠯᠡ ᠠᠵᠢᠯᠯᠠᠭ᠎ᠠ ᠲᠠᠢ ᠪᠣᠯ | ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠥᠮᠦᠰ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠵᠦ | ᠪᠦᠬᠦᠢ ᠬᠥᠮᠦᠰ ᠲᠤ ᠬᠠᠤᠯᠢ ᠶᠣᠰᠣᠭᠠᠷ ᠰᠢᠢᠳᠬᠡᠯ ᠣᠯᠭᠤᠨ᠎ᠠ᠃ | ᠳᠠᠯᠠᠳᠤᠭᠠᠷ ᠵᠦᠢᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠳᠤ ᠳᠡᠪᠰᠢᠭᠦᠯᠦᠨ ᠬᠠᠭᠠᠵᠤ ᠪᠢᠲᠡᠭᠦᠮᠵᠢᠯᠡᠬᠦ ᠬᠡᠷᠡᠭᠲᠡᠶ᠄ | ︵ ᠨᠢᠭᠡ︶ ᠬᠠᠤᠯᠢ ᠶᠣᠰᠣᠭᠠᠷ ᠠᠶᠦᠯᠭᠦᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ | ᠦᠭᠡᠢ ᠵᠡᠷᠭᠡ ᠳᠤᠷ᠎ᠠ ᠮᠡᠳᠡᠨ ᠦᠢᠯᠡᠳᠪᠦᠷᠢᠯᠡᠭᠰᠡᠨ᠃ | ︵ ᠬᠤᠶᠠᠷ︶ 3 ᠳ᠋ᠤᠭᠠᠷ ᠰᠠᠷ᠎ᠠ ᠶᠢᠨ ᠳᠣᠲᠣᠷ᠎ᠠ 2 ᠤᠳᠠᠭ᠎ᠠ ᠪᠤᠶᠤ 2 ᠤᠳᠠᠭ᠎ᠠ ᠠᠴᠠ ᠳᠡᠭᠡᠭᠰᠢ ᠬᠦᠨᠳᠦ | ᠶᠡᠭᠡ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠪᠠᠶᠢᠬᠤ ᠶᠢ ᠣᠯᠵᠤ ᠮᠡᠳᠡᠪᠡᠯ ᠮᠥᠨ ᠦᠢᠯᠡᠳᠪᠦᠷᠢᠯᠡᠯ ᠢᠶᠠᠨ | ᠬᠢᠭᠰᠡᠨ ᠪᠠᠶᠢᠬᠤ ᠬᠡᠷᠡᠭᠲᠡᠢ︔ | ︵ ᠭᠤᠷᠪᠠ︶ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠤᠭᠠᠳ ᠣᠳᠣ ᠶᠢᠨ ᠪᠠᠶᠢᠭ᠎ᠠ ᠮᠡᠷᠭᠡᠵᠢᠯ ᠤᠨ ᠨᠥᠬᠦᠴᠡᠯ ᠳᠣᠤᠷ᠎ᠠ ᠬᠦᠨᠳᠦ | ᠬᠡᠴᠡᠭᠦᠦ ᠭᠠᠶ ᠭᠠᠮᠰᠢᠭ ᠢ ᠪᠦᠲᠦᠮᠵᠢᠲᠡᠶ ᠪᠠᠷ ᠰᠡᠷᠭᠡᠶᠢᠯᠡᠨ ᠵᠠᠰᠠᠬᠤ ᠳᠤ ᠬᠦᠴᠢᠷᠲᠡᠶ ᠪᠠᠶᠢᠬᠤ | ︵ ᠲᠦᠷᠪᠡ︶ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠪᠠᠶᠢᠳᠠᠯ ᠤᠨ | ᠬᠠᠤᠯᠢ︾ ᠳᠤ ᠲᠣᠭᠲᠠᠭᠠᠭᠰᠠᠨ ᠡᠭᠦᠳᠡ ᠶᠢ ᠨᠢ ᠬᠠᠭᠠᠯᠭᠠᠬᠤ ᠪᠠᠷ ᠳᠡᠪᠰᠢᠭᠦᠯᠬᠦ ᠪᠤᠰᠤᠳ ᠪᠠᠶᠢᠳᠠᠯ ᠲᠠᠢ᠃ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠡᠭᠦᠳᠡ ᠪᠠᠨ ᠬᠠᠭᠠᠬᠤ | ᠲᠣᠭᠲᠠᠭᠠᠯ ᠭᠠᠷᠭᠠᠪᠠᠯ᠂ ᠲᠡᠷᠡ ᠳᠠᠷᠤᠶ ᠳᠤᠨᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠨᠡᠭᠦᠷᠡᠰᠦᠨ | ᠠᠭᠤᠷᠬᠠᠢ ᠶᠢᠨ ᠦᠢᠯᠡ ᠠᠵᠢᠯᠯᠠᠭ᠎ᠠ ᠶᠢ ᠨᠢ ᠵᠣᠭᠰᠣᠭᠠᠬᠤ ᠳᠤ ᠳᠠᠷᠠᠭᠠᠬᠢ ᠮᠡᠲᠦ ᠱᠠᠭᠠᠷᠳᠠᠯᠭ᠎ᠠ ᠳᠤ ᠬᠦᠷᠦᠭᠦᠯᠬᠦ | ᠬᠡᠷᠡᠭᠲᠡᠶ᠄ | ︵ ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠤᠯᠪᠣᠭᠳᠠᠯ ᠪᠦᠬᠦᠢ ᠭᠡᠷᠡᠴᠢ ᠦᠨᠡᠮᠯᠡᠯ ᠢ ᠬᠦᠴᠦᠨ ᠦᠭᠡᠢ ᠪᠣᠯᠭᠠᠵᠤ᠂ ᠬᠦᠴᠦᠨ ᠦᠭᠡᠢ ᠪᠣᠯᠭᠠᠨ᠎ᠠ︔ | ︵ ᠬᠤᠶᠠᠷ︶ ᠠᠷᠠᠳ ᠤᠨ ᠬᠡᠷᠡᠭᠴᠡᠭᠡᠨ ᠤ ᠳᠡᠯᠪᠡᠷᠡᠬᠦ ᠪᠣᠳᠠᠰ ᠢ ᠬᠠᠩᠭᠠᠬᠤ ᠪᠠᠨ ᠵᠣᠭᠰᠣᠭᠠᠬᠤ ᠶᠢᠨ ᠬᠠᠮᠲᠤ | ᠲᠣᠬᠢᠲᠠᠢ ᠰᠢᠢᠳᠪᠦᠷᠢᠯᠡᠨ᠎ᠡ᠃ | ︵ ᠭᠤᠷᠪᠠ︶ ᠴᠠᠬᠢᠯᠭᠠᠨ ᠬᠠᠩᠭᠠᠬᠤ ᠶᠢ ᠵᠣᠭᠰᠣᠭᠠᠵᠤ᠂ ᠠᠭᠤᠷᠬᠠᠢ ᠶᠢᠨ ᠬᠤᠳᠳᠤᠭ ᠤᠨ | ᠦᠢᠯᠡᠳᠪᠦᠷᠢᠯᠡᠯ ᠤᠨ ᠲᠥᠬᠦᠭᠡᠷᠦᠮᠵᠢ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭᠠᠨ ᠤ ᠱᠤᠭᠤᠮ ᠢ ᠨᠤᠷᠠᠭᠠᠬᠤ | ︵ ᠲᠦᠷᠪᠡ︶ ᠠᠭᠤᠷᠬᠠᠢ ᠶᠢᠨ ᠬᠤᠳᠳᠤᠭ ᠢ ᠪᠢᠲᠡᠭᠦᠯᠡᠨ ᠪᠢᠳᠡᠭᠦᠮᠵᠢᠯᠡᠵᠦ᠂ ᠠᠭᠤᠷᠬᠠᠢ ᠶᠢᠨ | ᠬᠤᠳᠳᠤᠭ ᠢ ᠲᠡᠭᠰᠢᠯᠡᠨ᠂ ᠭᠠᠵᠠᠷ ᠤᠨ ᠭᠠᠳᠠᠷᠭᠤ ᠶᠢ ᠰᠡᠷᠭᠦᠭᠡᠨ᠎ᠡ᠃ | ︵ ᠲᠠᠪᠤ︶ ᠬᠥᠳᠡᠯᠮᠦᠷᠢ ᠶᠢᠨ ᠬᠠᠷᠢᠴᠠᠭ᠎ᠠ ᠶᠢ ᠲᠣᠬᠢᠲᠠᠢ ᠰᠢᠢᠳᠪᠦᠷᠢᠯᠡᠵᠦ᠂ ᠬᠠᠤᠯᠢ ᠲᠣᠭᠲᠠᠭᠠᠯ ᠶᠣᠰᠣᠭᠠᠷ | ᠠᠵᠤ ᠠᠬᠤᠢ ᠶᠢᠨ ᠨᠥᠬᠦᠪᠥᠷᠢ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠥᠭᠴᠦ᠂ | ᠠᠵᠢᠯ ᠤᠨ ᠪᠠᠶᠢᠷᠢ ᠠᠴᠠ ᠪᠠᠨ ᠰᠠᠯᠬᠤ ᠦᠶ᠎ᠡ ᠶᠢᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠦᠵᠡᠯᠭᠡ ᠶᠢ | ᠵᠣᠬᠢᠶᠠᠨ ᠪᠠᠶᠢᠭᠤᠯᠵᠤ᠂ ᠬᠤᠶᠢᠰᠢᠯᠠᠭᠳᠠᠭᠰᠠᠨ ᠴᠠᠯᠢᠩ ᠢ ᠲᠥᠯᠥᠵᠦ᠂ ᠲᠤᠰᠢᠶᠠᠭᠠᠳᠤᠢ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠨᠥᠬᠦᠪᠥᠷᠢᠯᠡᠨ᠎ᠡ︔ | ︵ ᠵᠢᠷᠭᠤᠭ᠎ᠠ︶ ᠲᠡᠮᠳᠡᠭ ᠲᠠᠯᠪᠢᠬᠤ | ︵ ᠳᠤᠯᠤᠭ᠎ᠠ︶ ᠬᠠᠮᠢᠶ᠎ᠠ ᠪᠥᠬᠦᠶ ᠮᠡᠳᠡᠭᠦᠯᠦᠯᠲᠡ᠂ ᠵᠢᠷᠤᠭ ᠪᠠ ᠮᠠᠲ᠋ᠧᠷᠢᠶᠠᠯ ᠢ ᠮᠡᠳᠡᠭᠦᠯᠦᠨ ᠬᠦᠷᠭᠡᠬᠦ᠂ | ᠰᠢᠯᠵᠢᠭᠦᠯᠦᠨ ᠲᠤᠰᠢᠶᠠᠬᠤ ᠵᠡᠷᠭᠡ︔ | ︵ ᠨᠠᠢᠮᠠ︶ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠱᠠᠭᠠᠷᠳᠠᠯᠭ᠎ᠠ᠃ | ᠳᠠᠯᠠᠨ ᠨᠢᠭᠡᠳᠦᠭᠡᠷ ᠵᠦᠢᠯ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠰᠢᠢᠳᠬᠡᠨ ᠲᠣᠷᠭᠠᠨ᠎ᠠ᠄ | ︵ ᠨᠢᠭᠡ︶ ᠨᠡᠭᠦᠷᠡᠰᠦᠨ ᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠠᠶᠤᠯᠭᠦᠶ ᠶᠢᠨ | ᠲᠥᠬᠦᠭᠡᠷᠦᠮᠵᠢ ᠶᠢᠨ ᠵᠢᠷᠤᠭ ᠲᠥᠯᠥᠪᠯᠡᠭᠡ ᠬᠢᠭᠰᠡᠨ ᠦᠭᠡᠢ ᠪᠤᠶᠤ ᠠᠶᠤᠯᠭᠦᠶ ᠶᠢᠨ ᠲᠥᠬᠦᠭᠡᠷᠦᠮᠵᠢ ᠶᠢᠨ ᠵᠢᠷᠤᠭ | ᠲᠥᠯᠥᠪᠯᠡᠭᠡ ᠶᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ | ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠠᠶᠢᠪᠠᠯ︔ | ︵ ᠬᠤᠶᠠᠷ︶ ᠨᠡᠭᠦᠷᠡᠰᠦᠨ ᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠷᠢᠯᠭ᠎ᠠ ᠪᠠᠷᠢᠬᠤ ᠨᠢᠭᠡᠴᠢ ᠨᠢ ᠵᠥᠪᠰᠢᠶᠡᠷᠡᠭᠰᠡᠨ ᠠᠶᠦᠯᠭᠦᠢ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠣᠰᠣᠭᠠᠷ | ᠪᠠᠷᠢᠯᠭ᠎ᠠ ᠪᠠᠷᠢᠭᠰᠠᠨ ᠦᠭᠡᠶ᠃ | ︵ ᠭᠤᠷᠪᠠ︶ ᠨᠡᠭᠦᠷᠡᠰᠦᠨ ᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠪᠤᠶᠤ ᠬᠡᠷᠡᠭᠯᠡᠬᠦ ᠠᠴᠠ ᠡᠮᠦᠨ᠎ᠡ᠂ ᠠᠶᠦᠯᠭᠦᠢ ᠶᠢᠨ | ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠠᠳ ᠬᠢᠷᠢ ᠲᠡᠩᠴᠡᠭᠰᠡᠨ ᠦᠭᠡᠶ︔ | ︵ ᠲᠦᠷᠪᠡ︶ ᠨᠡᠭᠦᠷᠡᠰᠦᠨ ᠤ ᠠᠭᠤᠷᠬᠠᠢ ᠶᠢᠨ ᠠᠵᠤ ᠠᠬᠤᠢ ᠶᠢᠨ ᠨᠢᠭᠡᠴᠢ ᠲᠤᠰ ᠳᠦᠷᠢᠮ ᠤᠨ ᠬᠤᠷᠢᠨ | ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ᠂ ᠬᠤᠷᠢᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠪᠣᠯᠤᠨ | ᠬᠤᠶᠠᠳᠤᠭᠠᠷ ᠵᠤᠷᠪᠤᠰ᠂ ᠬᠤᠷᠢᠨ ᠵᠢᠷᠭᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠵᠥᠷᠢᠴᠡᠪᠡᠯ᠃ | | ᠳᠠᠯᠠᠨ ᠬᠤᠶᠠᠳᠤᠭᠠᠷ ᠵᠦᠢᠯ ᠠᠶᠦᠯᠭᠦᠢ ᠶᠢᠨ ᠦᠨᠡᠯᠡᠯᠲᠡ ᠬᠢᠬᠦ᠂ ᠭᠡᠷᠡᠴᠢᠯᠡᠬᠦ᠂ ᠪᠠᠶᠢᠴᠠᠭᠠᠨ ᠬᠡᠮᠵᠢᠬᠦ᠂ | ᠰᠢᠯᠭᠠᠨ ᠪᠠᠶᠢᠴᠠᠭᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠦᠨᠡᠨ ᠢᠶᠠᠨ ᠠᠯᠳᠠᠭᠰᠠᠨ | ᠮᠡᠳᠡᠭᠦᠯᠦᠯᠲᠡ ᠬᠢᠭᠰᠡᠨ᠂ ᠲᠦᠷᠢᠶᠡᠰᠦᠯᠡᠭᠰᠡᠨ ᠬᠢᠷᠢ ᠬᠡᠮ ᠭᠠᠷᠭᠠᠭᠰᠠᠨ᠂ ᠲᠦᠰᠢᠭᠦᠯᠦᠭᠰᠡᠨ᠂ ᠬᠤᠳᠠᠯ ᠬᠠᠭᠤᠷᠮᠠᠭ | ᠮᠡᠳᠡᠭᠦᠯᠦᠯᠲᠡ ᠬᠢᠵᠦ ᠥᠭᠭᠦᠭᠰᠡᠨ ᠵᠡᠷᠭᠡ ᠪᠠᠶᠢᠳᠠᠯ ᠲᠠᠢ ᠪᠣᠯ ᠲᠤᠰ ᠪᠠᠶᠢᠭᠤᠯᠤᠮᠵᠢ ᠬᠢᠭᠡᠳ ᠰᠢᠭᠤᠳ ᠬᠠᠷᠢᠭᠤᠴᠠᠵᠤ | ᠪᠠᠶᠢᠭ᠎ᠠ ᠭᠤᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠯ ᠣᠨᠣᠭᠳᠠᠭᠤᠯᠵᠤ ᠂ ᠬᠠᠷᠢᠭᠤᠴᠠᠯᠭ᠎ᠠ ᠬᠦᠯᠢᠶᠡᠯᠭᠡᠨ᠎ᠡ ᠃ | ᠭᠤᠤᠯ ᠬᠠᠷᠢᠭᠤᠴᠠᠯᠭᠠᠲᠠᠨ ᠨᠢ ᠬᠦᠨᠳᠦ ᠬᠡᠴᠡᠭᠦᠦ᠂ ᠣᠨᠴᠠ ᠬᠦᠨᠳᠦ ᠬᠡᠴᠡᠭᠦᠦ ᠨᠡᠭᠦᠷᠡᠰᠦᠨ ᠤ ᠠᠭᠤᠷᠬᠠᠢ ᠶᠢᠨ | ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠳᠤ ᠬᠠᠷᠢᠭᠤᠴᠠᠯᠭ᠎ᠠ ᠡᠭᠦᠷᠭᠡᠯᠡᠭᠴᠢ ᠳᠤ ᠨᠠᠰᠤᠨ ᠲᠤᠷᠰᠢᠳᠠ | ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠤᠯᠪᠣᠭᠳᠠᠬᠤ ᠮᠡᠷᠭᠡᠵᠢᠯ ᠤᠨ ᠦᠢᠯᠡᠴᠢᠯᠡᠭᠡᠨ ᠤ | ᠠᠵᠢᠯ ᠢ ᠬᠢᠵᠦ ᠪᠣᠯᠬᠤ ᠦᠭᠡᠶ᠃ | | ᠳᠠᠯᠠᠨ ᠭᠤᠷᠪᠠᠳᠤᠭᠠᠷ ᠵᠦᠢᠯ ᠲᠤᠰ ᠵᠦᠢᠯ ᠤᠨ ᠳᠦᠷᠢᠮ ᠢᠶᠠᠷ ᠲᠣᠭᠲᠠᠭᠠᠭᠰᠠᠨ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠪᠣᠯᠤᠨ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠵᠢᠴᠢ ᠲᠡᠭᠦᠨ ᠢ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ | ᠪᠠᠶᠢᠴᠠᠭᠠᠬᠤ ᠪᠠᠶᠢᠭᠤᠯᠤᠮᠵᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠭᠲᠠᠭᠠᠵᠤ᠂ ᠠᠳᠠᠯᠢ ᠨᠢᠭᠡᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠶᠠᠷ ᠤᠳᠠᠭ᠎ᠠ ᠠᠴᠠ ᠳᠡᠭᠡᠭᠰᠢ ᠲᠣᠷᠭᠠᠭᠤᠯᠢ | ᠣᠨᠣᠭᠳᠠᠭᠤᠯᠵᠤ ᠪᠣᠯᠬᠤ ᠦᠭᠡᠶ᠃ | ᠵᠠᠰᠠᠭ ᠵᠠᠬᠢᠷᠭᠠᠨ ᠤ ᠰᠢᠢᠳᠬᠡᠯ᠃ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ | ᠴᠡᠭᠴᠡᠯᠡᠯᠲᠡ ᠬᠢᠯᠭᠡᠭᠰᠡᠨ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠠᠶᠦᠯᠭᠦᠢ ᠦᠢᠯᠡᠳᠪᠦᠷᠢᠯᠡᠬᠦ | ᠵᠥᠪᠰᠢᠶᠡᠷᠡᠯ ᠤᠨ ᠦᠨᠡᠮᠯᠡᠯ ᠵᠡᠷᠭᠡ ᠶᠢ ᠲᠦᠷ ᠦᠯᠡᠳᠡᠭᠡᠨ ᠠᠪᠬᠤ ᠬᠡᠷᠡᠭᠲᠡᠶ᠃ ᠲᠤᠰ ᠳᠦᠷᠢᠮ ᠤᠨ ᠲᠣᠭᠲᠠᠭᠠᠯ ᠠᠴᠠ | ᠵᠥᠷᠢᠴᠡᠭᠰᠡᠨ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠬᠦᠨᠳᠦ ᠪᠠᠷ ᠰᠢᠢᠳᠬᠡᠨ ᠲᠣᠷᠭᠠᠭᠤᠯᠢ ᠣᠨᠣᠭᠳᠠᠭᠤᠯᠤᠨᠠ᠃ | ᠳᠠᠯᠠᠨ ᠳᠥᠷᠪᠡᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠂ ᠰᠢᠶᠠᠨ ᠤ ᠱᠠᠲᠤᠨ ᠠᠴᠠ ᠳᠡᠭᠡᠭᠰᠢ ᠠᠷᠠᠳ ᠤᠨ ᠵᠠᠰᠠᠭ ᠤᠨ ᠣᠷᠳᠣᠨ ᠨᠤᠭᠤᠳ ᠨᠡᠭᠦᠷᠡᠰᠦᠨ ᠤ ᠠᠭᠤᠷᠬᠠᠢ ᠶᠢᠨ | ᠠᠶᠦᠯᠭᠦᠢ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ | ᠪᠣᠯᠣᠨ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠤᠯᠤᠰ ᠤᠨ ᠠᠭᠤᠷᠬᠠᠢ ᠶᠢᠨ ᠠᠶᠦᠯᠭᠦᠢ | ᠦᠶᠯᠡᠳᠪᠦᠷᠢᠯᠡᠯ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠬᠢᠭᠡᠳ ᠲᠡᠭᠦᠨ ᠢ ᠣᠷᠣᠨ ᠨᠤᠲᠤᠭ ᠲᠤ ᠪᠠᠶᠢᠭᠤᠯᠤᠭᠰᠠᠨ | ᠠᠭᠤᠷᠬᠠᠢ ᠶᠢᠨ ᠠᠶᠤᠯ ᠠᠴᠠ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠳᠤ ᠳᠣᠣᠷᠠᠬᠢ | ᠪᠠᠶᠢᠳᠠᠯ ᠤᠳ ᠤᠨ ᠨᠢᠭᠡ ᠨᠢ ᠪᠠᠶᠢᠪᠠᠯ ᠬᠠᠷᠢᠭᠤᠴᠠᠯᠭ᠎ᠠ ᠲᠠᠢ ᠤᠳᠤᠷᠢᠳᠬᠤ ᠬᠥᠮᠦᠰ ᠪᠣᠯᠣᠨ ᠰᠢᠭᠤᠳ | ᠬᠠᠷᠢᠭᠤᠴᠠᠯᠭ᠎ᠠ ᠲᠠᠢ ᠬᠥᠮᠦᠰ ᠲᠤ ᠬᠠᠤᠯᠢ ᠶᠣᠰᠣᠭᠠᠷ ᠰᠢᠢᠳᠭᠡᠯ ᠣᠯᠭᠤᠨ᠎ᠠ : | ︵ ᠨᠢᠭᠡ︶ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠦᠬᠦᠢ ᠰᠠᠯᠠᠭ᠎ᠠ ᠮᠥᠴᠢᠷ᠂ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠬᠢᠭᠡᠳ ᠲᠡᠭᠦᠨ ᠤ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ | ᠪᠠᠶᠢᠴᠠᠭᠠᠬᠤ ᠪᠠᠶᠢᠭᠤᠯᠤᠮᠵᠢ ᠨᠢ ᠬᠠᠤᠯᠢ ᠶᠣᠰᠣ ᠪᠠᠷ ᠡᠭᠦᠷᠭᠡ ᠪᠠᠨ ᠪᠡᠶᠡᠯᠡᠭᠦᠯᠦᠭᠡ ᠦᠭᠡᠢ᠂ ᠬᠠᠷᠢᠶ᠎ᠠ ᠣᠷᠣᠨ ᠤ ᠪᠠᠨ | ᠳᠣᠲᠣᠷᠠᠬᠢ ᠬᠦᠨᠳᠦ ᠬᠡᠴᠡᠭᠦᠦ ᠠᠳᠡᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠪᠣᠯᠤᠨ ᠠᠶᠦᠯᠭᠦᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ | ᠰᠢᠢᠳᠪᠦᠷᠢᠯᠡᠭᠡ ᠦᠭᠡᠢ︔ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ | ᠬᠤᠯᠪᠣᠭᠳᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣ ᠪᠠᠷ ᠪᠡᠶᠡᠯᠡᠭᠦᠯᠦᠭᠡ ᠦᠭᠡᠢ ︔ | ︵ ᠬᠤᠶᠠᠷ︶ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠪᠠᠨ | ᠳᠣᠲᠣᠷ᠎ᠠ ᠠᠶᠦᠯᠭᠦᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠦᠭᠡᠶ ᠵᠡᠷᠭᠡ | ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠢ ᠣᠯᠵᠤ ᠮᠡᠳᠡᠪᠡᠯ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠬᠤᠷᠢᠭᠯᠠᠭᠰᠠᠨ ᠦᠭᠡᠶ ᠪᠤᠶᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠬᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠭᠰᠡᠨ ᠦᠭᠡᠶ | ︵ ᠭᠤᠷᠪᠠ︶ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠯᠲᠡ ᠬᠢᠯᠭᠡᠭᠰᠡᠨ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠢ ᠪᠣᠯ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ | ᠬᠤᠭᠤᠴᠠᠭᠠᠨ ᠳᠤ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠢᠨᠠᠯᠲᠠ | ᠲᠠᠯᠪᠢᠯᠲᠠ ᠪᠠᠶᠢᠴᠠᠭᠠᠯᠲᠠ ᠨᠢ ᠬᠦᠴᠦᠨ ᠦᠭᠡᠶ ᠠᠴᠠ ᠪᠣᠯᠵᠤ᠂ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠨᠢ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠬᠦ ᠬᠤᠭᠤᠴᠠᠭᠠᠨ ᠳᠤ ᠦᠷᠭᠦᠯᠵᠢᠯᠡᠨ | ᠦᠢᠯᠡᠳᠪᠦᠷᠢᠯᠡᠨ᠎ᠡ᠃ | ︵ ᠲᠦᠷᠪᠡ︶ ᠨᠡᠭᠦᠷᠡᠰᠦᠨ ᠠᠭᠤᠷᠬᠠᠢ ᠶᠢᠨ ᠦᠢᠯᠡ ᠠᠵᠢᠯᠯᠠᠭ᠎ᠠ ᠶᠢ ᠨᠢ ᠵᠣᠭᠰᠣᠭᠠᠬᠤ ᠳᠠᠭᠠᠨ ᠲᠤᠰ | ᠳᠦᠷᠢᠮ ᠤᠨ ᠳᠠᠯᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ᠱᠠᠭᠠᠷᠳᠠᠯᠭ᠎ᠠ ᠶᠢ ᠬᠠᠩᠭᠠᠭ᠎ᠠ | ᠦᠭᠡᠢ︔ | ︵ ᠲᠠᠪᠤ︶ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠦᠬᠦᠢ ᠰᠠᠯᠠᠭ᠎ᠠ ᠮᠥᠴᠢᠷ᠂ ᠤᠯᠤᠰ ᠤᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠵᠢᠴᠢ ᠣᠷᠣᠨ ᠨᠤᠲᠤᠭ ᠲᠤ ᠪᠠᠶᠢᠭᠤᠯᠤᠭᠰᠠᠨ ᠠᠭᠤᠷᠬᠠᠶ ᠶᠢᠨ ᠠᠶᠦᠯᠭᠦᠢ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠢ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠶ ᠳᠤᠨᠢ | ᠰᠢᠢᠳᠪᠦᠷᠢᠯᠡᠬᠦ ᠦᠭᠡᠶ ᠪᠠᠶᠢᠬᠤ ᠬᠡᠷᠡᠭᠲᠡᠶ︔ | ︵ ᠵᠢᠷᠭᠤᠭ᠎ᠠ︶ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠶᠦᠯᠭᠦᠢ ᠦᠢᠯᠡᠳᠪᠦᠷᠢᠯᠡᠬᠦ ᠨᠥᠬᠦᠴᠡᠯ ᠢ | ᠪᠦᠷᠢᠯᠳᠦᠭᠦᠯᠦᠭᠡᠳᠦᠶ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠦᠢᠯᠡᠳᠪᠦᠷᠢᠯᠡᠯ ᠬᠢᠬᠦ ᠪᠠᠷ | ᠱᠠᠭᠠᠷᠳᠠᠭᠰᠠᠨ ᠪᠠᠶᠢᠪᠠᠯ︔ | ︵ ᠳᠤᠯᠤᠭ᠎ᠠ︶ ᠡᠷᠬᠡ ᠲᠤᠰᠢᠶᠠᠯ ᠢᠶᠠᠨ ᠤᠷᠪᠠᠭᠤᠯᠤᠨ ᠠᠰᠢᠭᠯᠠᠭᠰᠠᠨ᠂ ᠠᠯᠪᠠᠨ ᠲᠤᠰᠢᠶᠠᠯ ᠳᠤ ᠪᠠᠨ | ᠠᠯᠮᠠᠶᠢᠷᠠᠨ ᠣᠰᠣᠯᠳᠠᠭᠰᠠᠨ᠂ ᠬᠤᠪᠢ ᠶᠢᠨ ᠠᠰᠢᠭ ᠰᠣᠨᠢᠷᠬᠠᠯ ᠤᠨ ᠡᠭᠦᠳᠡᠨ ᠡᠴᠬᠠᠤᠯᠢ ᠶᠣᠰᠣ ᠶᠢ ᠵᠥᠷᠢᠴᠡᠭᠰᠡᠨ | ᠪᠤᠰᠤᠳ ᠪᠠᠶᠢᠳᠠᠯ ᠲᠠᠢ᠃ | ᠳᠠᠯᠠᠨ ᠲᠠᠪᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠶᠠᠯ᠎ᠠ ᠳᠤ ᠬᠦᠷᠦᠭᠰᠡᠨ | ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠳᠤᠭᠠᠷ ᠪᠦᠯᠦᠭ ᠬᠠᠪᠰᠤᠷᠤᠯᠲᠠ ᠳᠦᠷᠢᠮ | ᠳᠠᠯᠠᠨ ᠵᠢᠷᠭᠤᠳᠤᠭᠠᠷ ᠵᠦᠢᠯ ᠲᠣᠰ ᠲᠦᠷᠢᠮ ᠢ 2024 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠮᠥᠷᠳᠡᠨ᠎ᠡ᠃ ︽ᠨᠡᠭᠦᠷᠡᠰᠦᠨ ᠤ ᠠᠭᠤᠷᠬᠠᠢ ᠶᠢᠨ ᠠᠶᠦᠯᠭᠦᠢ ᠶᠢᠨ ᠬᠢᠨᠠᠨ ᠪᠠᠶᠢᠴᠠᠭᠠᠬᠤ | ᠳᠦᠷᠢᠮ︾ ᠪᠣᠯᠤᠨ ︽ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠠᠴᠠ | ᠤᠷᠢᠳᠴᠢᠯᠠᠨ ᠰᠡᠷᠭᠡᠶᠢᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠᠭᠠᠢ ᠲᠣᠭᠲᠠᠭᠠᠯ︾ ᠢ | ᠬᠠᠮᠲᠤ ᠳᠤᠨᠢ ᠬᠦᠴᠦᠨ ᠦᠭᠡᠶ ᠪᠣᠯᠭᠠᠨ᠎ᠠ᠃ | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠨᠡᠭᠦᠷᠡᠰᠦᠨ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠳᠦᠷᠢᠮ︾ ᠢ ᠲᠣᠭᠲᠠᠭᠠᠵᠤ ᠨᠡᠶᠢᠲᠡᠯᠡᠭᠰᠡᠨ ᠤ ᠴᠢᠬᠤᠯᠠ ᠠᠴᠢ ᠬᠤᠯᠪᠣᠭᠳᠠᠯ ᠤᠨ | ᠲᠠᠶᠢᠯᠤᠮᠵᠢ |