| | | ᠰᠢᠨ᠎ᠡ ᠡᠨᠧᠷᠭᠢ ᠬᠠᠳᠠᠭᠠᠯᠠᠵᠤ ᠰᠦᠯᠵᠢᠶ᠎ᠡ ᠳᠤ ᠨᠡᠪᠲᠡᠷᠡᠭᠦᠯᠬᠦ ᠪᠠ ᠲᠣᠬᠢᠷᠠᠭᠤᠯᠤᠨ ᠬᠡᠷᠡᠭᠯᠡᠬᠦ ᠶᠢ ᠠᠬᠢᠭᠤᠯᠬᠤ | ᠲᠤᠬᠠᠢ ᠤᠯᠤᠰ ᠤᠨ ᠡᠨᠧᠷᠭᠢ ᠶᠢᠨ ᠲᠣᠪᠴᠢᠶᠠᠨ ᠤ ᠮᠡᠳᠡᠭᠳᠡᠯ | ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠠᠷᠬᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠲᠠᠭᠠᠯ | ﹇ 2024﹈ 26 ᠳ᠋ᠤᠭᠠᠷ ᠲᠣᠭᠠᠲᠤ | | ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠡᠨᠧᠷᠭᠢ ᠶᠢᠨ ᠲᠣᠪᠴᠢᠶ᠎ᠠ᠂ | ᠬᠤᠯᠪᠣᠭᠳᠠᠯ ᠪᠦᠬᠦᠢ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠵᠢᠴᠢ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ᠂ ᠬᠤᠲᠠ ᠶᠢᠨ ᠬᠠᠮᠢᠶᠠᠷᠤᠯᠲᠠ ᠶᠢᠨ ᠵᠥᠪᠯᠡᠯ᠂ ᠡᠯ᠎ᠡ ᠲᠣᠮᠢᠯᠠᠭᠰᠠᠨ ᠪᠠᠶᠢᠭᠤᠯᠤᠮᠵᠢ᠂ ᠬᠤᠯᠪᠣᠭᠳᠠᠯ | ᠪᠦᠬᠦᠢ ᠲᠥᠪ ᠤᠨ ᠠᠵᠤ ᠠᠬᠤᠶᠢᠯᠠᠯ ᠳᠤ᠄ | | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠲᠤᠤᠱᠯᠠᠭᠤᠯᠬᠤ ᠵᠣᠷᠢᠯᠭ᠎ᠠ ᠪᠠᠷ᠂ | ᠰᠢᠨ᠎ᠡ ᠡᠨᠧᠷᠭᠢ ᠶᠢᠨ ᠰᠢᠰᠲ᠋ᠧᠮ ᠢ ᠲᠦᠷᠭᠡᠳᠬᠡᠨ ᠲᠥᠯᠥᠪᠵᠢᠭᠦᠯᠦᠨ ᠪᠠᠶᠢᠭᠤᠯᠵᠤ᠂ ︽ᠰᠢᠨ᠎ᠡ ᠡᠨᠧᠷᠭᠢ ᠨᠥᠭᠡᠴᠡᠯᠡᠬᠦ | ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠬᠥᠭᠵᠢᠭᠦᠯᠦᠯᠲᠡ | ᠥᠭᠡᠷᠡᠴᠢᠯᠡᠯᠲᠡ ᠶᠢᠨ ᠡᠨᠧᠷᠭᠢ ᠶᠢᠨ ᠲᠣᠭᠲᠠᠭᠠᠯ ﹇2021﹈ 1051 ᠳ᠋ᠦ᠋ᠭᠡᠷ ᠲᠣᠭᠠᠲᠤ︶᠂ ︽ᠰᠢᠨ᠎ᠡ ᠡᠨᠧᠷᠭᠢ | ᠨᠥᠭᠡᠴᠡᠯᠡᠬᠦ ᠲᠥᠷᠥᠯ ᠵᠦᠢᠯ ᠤᠨ ᠬᠠᠮᠢᠶᠠᠷᠤᠯᠲᠠ ᠶᠢᠨ ᠵᠢᠷᠤᠮᠵᠢᠯ ︵ᠲᠦᠷ ᠬᠡᠷᠡᠭᠵᠢᠭᠦᠯᠬᠦ︶︾ ︵ᠲᠥᠷᠥ ᠡᠨᠧᠷᠭᠢ | ᠲᠠᠷᠬᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠲᠠᠭᠠᠯ ﹇2021﹈ 47 ᠳ᠋ᠤᠭᠠᠷ ᠲᠣᠭᠠᠲᠤ︶᠂ ︽ | ᠰᠢᠨ᠎ᠡ ᠡᠨᠧᠷᠭᠢ ᠨᠥᠭᠡᠴᠡᠯᠡᠬᠦ ᠪᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠪᠠ ᠲᠣᠬᠢᠷᠠᠭᠤᠯᠤᠨ ᠬᠡᠷᠡᠭᠯᠡᠬᠦ ᠳᠤ | ᠣᠷᠣᠯᠴᠠᠬᠤ ᠶᠢ ᠤᠯᠠᠮ ᠠᠬᠢᠭᠤᠯᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠠᠯᠪᠠᠨ ᠭᠡᠷ | ᠠᠵᠢᠯᠯᠠᠭᠠᠨ ﹇2022﹈ 475 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠎ᠠ᠃ ᠰᠢᠨ᠎ᠡ ᠡᠨᠧᠷᠭᠢ ᠨᠥᠭᠡᠴᠡᠯᠡᠬᠦ ᠪᠠ ᠲᠣᠣᠷ ᠲᠤ ᠨᠡᠪᠲᠡᠷᠡᠭᠦᠯᠦᠨ ᠳᠠᠮᠵᠢᠭᠤᠯᠬᠤ | ᠬᠠᠮᠢᠶᠠᠷᠤᠯᠲᠠ ᠶᠢ ᠵᠢᠷᠤᠮᠵᠢᠭᠤᠯᠵᠤ᠂ ᠵᠣᠬᠢᠴᠠᠭᠤᠯᠬᠤ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠂ ᠰᠢᠨ᠎ᠡ | ᠡᠨᠧᠷᠭᠢ ᠨᠥᠭᠡᠴᠡᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠡᠷᠴᠢᠮ ᠬᠦᠴᠦᠨ ᠤ ᠰᠢᠰᠲ᠋ᠧᠮ ᠢ | ᠲᠤᠯᠭᠠᠭᠤᠷᠢᠯᠠᠨ ᠪᠠᠶᠢᠭᠤᠯᠤᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠠᠷᠠᠭᠠᠬᠢ ᠬᠡᠳᠦᠨ ᠲᠠᠯ᠎ᠠ ᠪᠠᠷ | ᠮᠡᠳᠡᠭᠳᠡᠶ᠎ᠡ᠃ | | ᠨᠢᠭᠡ᠂ ᠶᠡᠷᠦᠩᠬᠡᠢ ᠱᠠᠭᠠᠷᠳᠠᠯᠭ᠎ᠠ | | ︵ᠨᠢᠭᠡ︶ ᠰᠢᠨ᠎ᠡ ᠡᠨᠧᠷᠭᠢ ᠨᠥᠭᠡᠴᠡᠯᠡᠬᠦ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ | ᠡᠵᠡᠮᠳᠡᠨ᠎ᠡ᠃ ᠰᠢᠨ᠎ᠡ ᠡᠨᠧᠷᠭᠢ ᠨᠥᠭᠡᠴᠡᠯᠡᠬᠦ ᠭᠡᠳᠡᠭ ᠨᠢ ᠤᠰᠤᠨ ᠴᠠᠬᠢᠯᠭᠠᠨ ᠥᠷᠲᠡᠭᠡ ᠶᠢᠨ ᠡᠨᠧᠷᠭᠢ | ᠨᠥᠭᠡᠴᠡᠯᠡᠬᠦ ᠠᠴᠠ ᠭᠠᠳᠠᠨ᠎ᠠ᠂ ᠴᠠᠬᠢᠯᠭᠠᠨ ᠬᠦᠴᠦᠨ ᠢ ᠭᠠᠷᠭᠠᠬᠤ ᠪᠠᠷ ᠭᠤᠣᠯ ᠬᠡᠯᠪᠡᠷᠢ ᠪᠣᠯᠭᠠᠬᠤ ᠶᠢᠨ ᠬᠠᠮᠲᠤ | ᠭᠠᠳᠠᠭᠠᠳᠤ ᠳᠤ ᠦᠢᠯᠡᠴᠢᠯᠡᠭᠡ ᠬᠠᠩᠭᠠᠬᠤ ᠡᠨᠧᠷᠭᠢ ᠨᠥᠭᠡᠴᠡᠯᠡᠬᠦ ᠮᠡᠷᠭᠡᠵᠢᠯ᠂ ᠡᠨᠡ ᠨᠢ ᠪᠦᠲᠦᠭᠡᠨ | ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠣᠬᠤᠷ᠂ ᠪᠠᠶᠢᠷᠢᠰᠢᠭᠤᠯᠤᠯᠲᠠ ᠨᠢ ᠠᠮᠢᠳᠤᠯᠢᠭ᠂ ᠠᠶᠠᠳᠠᠬᠤ | ᠬᠤᠷᠳᠤᠴᠠ ᠨᠢ ᠲᠦᠷᠭᠡᠨ ᠵᠡᠷᠭᠡ ᠳᠠᠪᠠᠭᠤᠯᠢᠭ ᠲᠠᠢ ᠪᠠᠶᠢᠵᠤ᠂ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ | ᠳᠤᠮᠳᠠ ᠠᠴᠢᠶᠠᠯᠠᠯ ᠢ ᠲᠣᠬᠢᠷᠠᠭᠤᠯᠬᠤ᠂ ᠳᠠᠪᠲᠠᠮᠵᠢ ᠵᠣᠬᠢᠴᠠᠭᠤᠯᠬᠤ᠂ ᠳᠠᠷᠤᠯᠲᠠ ᠵᠣᠬᠢᠴᠠᠭᠤᠯᠬᠤ᠂ ᠪᠡᠯᠡᠳᠬᠡᠯ ᠬᠢᠬᠦ᠂ | ᠥᠪᠡᠷ ᠤᠨ ᠲᠥᠬᠦᠭᠡᠷᠦᠮᠵᠢ ᠶᠢ ᠠᠰᠢᠭᠯᠠᠨ ᠴᠠᠬᠢᠯᠭᠠᠨ ᠬᠠᠩᠭᠠᠬᠤ᠂ ᠢᠨᠧᠷᠼᠢ ᠶᠢᠨ ᠬᠡᠮᠵᠢᠶ᠎ᠡ ᠪᠠᠷ ᠴᠤᠤᠷᠢᠶᠠᠲᠤᠬᠤ | ᠵᠡᠷᠭᠡ ᠤᠯᠠᠨ ᠵᠦᠢᠯ ᠤᠨ ᠴᠢᠳᠠᠪᠬᠢ ᠶᠢ ᠪᠠᠳᠠᠷᠠᠭᠤᠯᠵᠤ᠂ ᠰᠢᠨ᠎ᠡ ᠡᠷᠴᠢᠮ ᠬᠦᠴᠦᠨ ᠤ ᠰᠢᠰᠲ᠋ᠧᠮ ᠢ ᠪᠠᠶᠢᠭᠤᠯᠬᠤ | ᠴᠢᠬᠤᠯᠠ ᠲᠤᠯᠭᠠᠭᠤᠷᠢᠯᠠᠬᠤ ᠮᠡᠷᠭᠡᠵᠢᠯ ᠪᠣᠯᠣᠨ᠎ᠠ᠃ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ ᠦᠳᠲᠡᠷ ᠲᠦᠷᠭᠡᠨ | ᠨᠡᠮᠡᠭᠳᠡᠬᠦ ᠶᠢ ᠳᠠᠭᠠᠯᠳᠤᠨ᠂ ᠰᠢᠨ᠎ᠡ ᠡᠨᠧᠷᠭᠢ ᠨᠥᠭᠡᠴᠡᠯᠡᠬᠦ ᠶᠢᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ | ᠴᠠᠬᠢᠯᠭᠠᠨ ᠬᠦᠴᠦᠨ ᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠬᠤ ᠵᠡᠷᠭᠡ | ᠲᠠᠯ᠎ᠠ ᠪᠠᠷ ᠬᠢ ᠦᠢᠯᠡᠳᠦᠯ ᠠᠯᠬᠤᠮ ᠠᠯᠬᠤᠮ ᠢᠶᠠᠷ ᠢᠯᠡᠷᠡᠵᠦ ᠪᠤᠢ᠃ ᠰᠢᠨ᠎ᠡ ᠡᠨᠧᠷᠭᠢ ᠨᠥᠭᠡᠴᠡᠯᠡᠬᠦ ᠴᠢᠳᠠᠮᠵᠢ ᠶᠢᠨ | ᠪᠠᠶᠢᠷᠢ ᠲᠣᠭᠲᠠᠭᠠᠯᠲᠠ ᠪᠠ ᠵᠠᠬ᠎ᠠ ᠳᠡᠯᠭᠡᠭᠦᠷᠴᠢᠯᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨ᠎ᠡ ᠡᠨᠧᠷᠭᠢ | ᠨᠥᠭᠡᠴᠡᠯᠡᠬᠦ ᠪᠠ ᠰᠦᠯᠵᠢᠶ᠎ᠡ ᠳᠤ ᠨᠡᠪᠲᠡᠷᠡᠭᠦᠯᠬᠦ ᠬᠠᠮᠢᠶᠠᠷᠤᠯᠲᠠ ᠶᠢ ᠤᠯᠠᠮ ᠵᠢᠷᠤᠮᠵᠢᠭᠤᠯᠵᠤ᠂ ᠰᠢᠨ᠎ᠡ ᠡᠨᠧᠷᠭᠢ | ᠨᠥᠭᠡᠴᠡᠯᠡᠬᠦ ᠪᠠ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠨ᠎ᠡ ᠡᠨᠧᠷᠭᠢ ᠨᠥᠭᠡᠴᠡᠯᠡᠬᠦ | ᠪᠠ ᠵᠦᠢ ᠵᠣᠬᠢᠰᠲᠠᠢ ᠥᠨᠳᠥᠷ ᠪᠦᠲᠦᠮᠵᠢᠲᠡᠶ ᠠᠰᠢᠭᠯᠠᠬᠤ ᠶᠢ ᠪᠠᠲᠤᠯᠠᠨ᠂ ᠰᠢᠨ᠎ᠡ ᠡᠷᠴᠢᠮ ᠬᠦᠴᠦᠨ ᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠤᠯᠭᠠᠭᠤᠷᠢᠯᠠᠨ᠎ᠠ᠃ | | ︵ᠬᠤᠶᠠᠷ︶ ᠴᠠᠬᠢᠯᠭᠠᠨ ᠬᠦᠴᠦᠨ ᠤ ᠰᠢᠰᠲ᠋ᠧᠮ ᠤᠨ ᠲᠣᠬᠢᠷᠠᠭᠤᠯᠤᠯᠲᠠ ᠶᠢ ᠭᠥᠯᠢᠶᠡᠨ ᠠᠪᠬᠤ ᠰᠢᠨ᠎ᠡ | ᠡᠨᠧᠷᠭᠢ ᠨᠥᠭᠡᠴᠡᠯᠡᠬᠦ ᠬᠡᠪᠴᠢᠶ᠎ᠡ ᠶᠢ ᠲᠣᠳᠣᠷᠬᠠᠶᠢᠯᠠᠨ᠎ᠠ᠃ ᠴᠠᠬᠢᠯᠭᠠᠨ ᠬᠦᠴᠦᠨ ᠤ ᠰᠢᠰᠲ᠋ᠧᠮ ᠳᠤ ᠨᠡᠪᠲᠡᠷᠡᠭᠦᠯᠦᠨ | ᠳᠠᠮᠵᠢᠭᠤᠯᠬᠤ ᠶᠢᠨ ᠬᠠᠮᠲᠤ ᠵᠣᠬᠢᠴᠠᠭᠤᠯᠬᠤ ᠵᠥᠪᠯᠡᠯᠴᠡᠭᠡᠷ ᠲᠣᠭᠲᠠᠭᠰᠠᠨ ᠰᠢᠨ᠎ᠡ ᠡᠨᠧᠷᠭᠢ ᠨᠥᠭᠡᠴᠡᠯᠡᠬᠦ ᠪᠠ ᠰᠢᠨ᠎ᠡ | ᠡᠨᠧᠷᠭᠢ ᠨᠥᠭᠡᠴᠡᠯᠡᠬᠦ ᠪᠠ ᠲᠣᠬᠢᠷᠠᠭᠤᠯᠵᠤ ᠰᠢᠯᠵᠢᠭᠦᠯᠦᠨ ᠬᠡᠷᠡᠭᠯᠡᠬᠦ ᠪᠠ ᠴᠠᠬᠢᠯᠭᠠᠨ ᠥᠷᠲᠡᠭᠡᠨ ᠤ ᠥᠪᠡᠷ ᠢᠶᠠᠨ | ᠬᠡᠷᠡᠭᠯᠡᠬᠦ ᠰᠢᠨ᠎ᠡ ᠡᠨᠧᠷᠭᠢ ᠨᠥᠭᠡᠴᠡᠯᠡᠬᠦ ᠭᠡᠵᠦ ᠬᠤᠶᠠᠷ ᠲᠥᠷᠥᠯ ᠳᠤ ᠬᠤᠪᠢᠶᠠᠵᠤ ᠪᠣᠯᠣᠨ᠎ᠠ᠃ ᠲᠣᠬᠢᠷᠠᠭᠤᠯᠵᠤ | ᠰᠢᠯᠵᠢᠭᠦᠯᠦᠨ ᠬᠡᠷᠡᠭᠯᠡᠬᠦ ᠰᠢᠨ᠎ᠡ ᠡᠨᠧᠷᠭᠢ ᠨᠥᠭᠡᠴᠡᠯᠡᠬᠦ ᠭᠡᠳᠡᠭ ᠨᠢ ᠪᠡᠶ᠎ᠡ ᠪᠠᠨ ᠳᠠᠭᠠᠭᠠᠭᠰᠠᠨ ᠬᠡᠮᠵᠢᠯᠲᠡ ᠶᠢᠨ | ᠲᠣᠨᠣᠭᠯᠠᠯ ᠢ ᠪᠦᠷᠢᠳᠦᠭᠦᠯᠦᠭᠰᠡᠨ ᠪᠥᠭᠡᠳ ᠵᠠᠬ᠎ᠠ ᠳᠡᠯᠭᠡᠭᠦᠷ ᠤᠨ ᠢᠯᠭᠠᠷᠠᠭᠤᠯᠤᠨ ᠭᠠᠷᠭᠠᠭᠰᠠᠨ ᠦᠷ᠎ᠡ ᠳ᠋ᠦᠩ ᠪᠤᠶᠤ | ᠴᠠᠬᠢᠯᠭᠠᠨ ᠬᠦᠴᠦᠨ ᠢ ᠵᠣᠬᠢᠴᠠᠭᠤᠯᠬᠤ ᠪᠠᠶᠢᠭᠤᠯᠤᠮᠵᠢ ᠶᠢᠨ ᠵᠠᠷᠯᠢᠭ ᠢᠶᠠᠷ ᠠᠵᠢᠯᠯᠠᠭᠤᠯᠬᠤ ᠰᠢᠨ᠎ᠡ ᠡᠨᠧᠷᠭᠢ | ᠨᠥᠭᠡᠴᠡᠯᠡᠬᠦ ᠪᠠ ᠵᠢᠭᠠᠵᠤ ᠪᠠᠶᠢᠨ᠎ᠠ᠂ ᠡᠭᠦᠨ ᠳᠤ ᠪᠡᠶ᠎ᠡ ᠪᠠᠨ ᠳᠠᠭᠠᠭᠠᠭᠰᠠᠨ ᠡᠨᠧᠷᠭᠢ ᠨᠥᠭᠡᠴᠡᠯᠡᠬᠦ ᠴᠠᠬᠢᠯᠭᠠᠨ | ᠦᠷᠳᠡᠭᠡ᠂ ᠪᠡᠶ᠎ᠡ ᠪᠠᠨ ᠳᠠᠭᠠᠭᠠᠵᠤ ᠠᠵᠢᠯᠯᠠᠬᠤ ᠨᠥᠬᠦᠴᠡᠯ ᠢ ᠪᠦᠷᠢᠳᠦᠭᠦᠯᠦᠭᠰᠡᠨ ᠰᠢᠨ᠎ᠡ ᠡᠨᠧᠷᠭᠢ ᠶᠢᠨ | ᠰᠤᠷᠪᠤᠯᠵᠢ ᠶᠢᠨ ᠲᠣᠬᠢᠷᠠᠭᠤᠯᠤᠨ ᠪᠠᠶᠢᠭᠤᠯᠬᠤ ᠡᠨᠧᠷᠭᠢ ᠨᠥᠭᠡᠴᠡᠯᠡᠬᠦ ᠵᠡᠷᠭᠡ ᠪᠠᠭᠲᠠᠨ᠎ᠠ︔ ᠴᠠᠬᠢᠯᠭᠠᠨ ᠥᠷᠲᠡᠭᠡᠨ ᠤ | ᠥᠪᠡᠰᠦᠪᠡᠨ ᠬᠡᠷᠡᠭᠯᠡᠬᠦ ᠰᠢᠨ᠎ᠡ ᠡᠨᠧᠷᠭᠢ ᠨᠥᠭᠡᠴᠡᠯᠡᠬᠦ ᠭᠡᠳᠡᠭ ᠨᠢ ᠴᠠᠬᠢᠯᠭᠠᠨ ᠭᠠᠷᠭᠠᠬᠤ ᠠᠵᠤ ᠠᠬᠤᠶᠢᠯᠠᠯ᠂ | ᠬᠡᠷᠡᠭᠯᠡᠭᠴᠢ ᠲᠠᠢ ᠬᠤᠯᠪᠤᠭᠠᠯᠠᠨ ᠠᠵᠢᠯᠯᠠᠵᠤ᠂ ᠴᠠᠬᠢᠯᠭᠠᠨ ᠭᠠᠷᠭᠠᠬᠤ ᠠᠵᠤ ᠠᠬᠤᠶᠢᠯᠠᠯ᠂ ᠬᠡᠷᠡᠭᠯᠡᠭᠴᠢ ᠠᠴᠠ ᠲᠣᠰ | ᠪᠡᠶ᠎ᠡ ᠶᠢᠨ ᠬᠡᠷᠡᠭᠴᠡᠭᠡ ᠪᠠᠨ ᠦᠨᠳᠦᠰᠦᠯᠡᠨ ᠡᠵᠡᠮᠳᠡᠬᠦ ᠰᠢᠨ᠎ᠡ ᠡᠨᠧᠷᠭᠢ ᠨᠥᠭᠡᠴᠡᠯᠡᠬᠦ ᠪᠠ ᠵᠢᠭᠠᠵᠤ ᠪᠣᠶ᠂ ᠡᠭᠦᠨ ᠳᠤ | ᠪᠡᠶ᠎ᠡ ᠪᠠᠨ ᠳᠠᠭᠠᠭᠠᠵᠤ ᠠᠵᠢᠯᠯᠠᠭᠠᠳᠤᠢ ᠰᠢᠨ᠎ᠡ ᠡᠨᠧᠷᠭᠢ ᠶᠢᠨ ᠲᠣᠬᠢᠷᠠᠭᠤᠯᠤᠨ ᠪᠠᠶᠢᠭᠤᠯᠬᠤ ᠡᠨᠧᠷᠭᠢ ᠨᠥᠭᠡᠴᠡᠯᠡᠬᠦ᠂ | ᠢᠯᠴᠢ ᠶᠢᠨ ᠴᠠᠬᠢᠯᠭᠠᠨ ᠤ ᠬᠠᠮ ᠰᠡᠯᠭᠦᠭᠡ ᠳᠠᠪᠲᠠᠮᠵᠢᠲᠤ ᠡᠨᠧᠷᠭᠢ ᠨᠥᠭᠡᠴᠡᠯᠡᠬᠦ᠂ ᠵᠣᠬᠢᠴᠠᠭᠤᠯᠬᠤ ᠵᠠᠷᠯᠢᠭ ᠢ | ᠭᠥᠯᠢᠶᠡᠨ ᠠᠪᠬᠤ ᠴᠢᠳᠠᠪᠤᠷᠢ ᠲᠠᠢ ᠬᠡᠷᠡᠭᠯᠡᠭᠴᠢ ᠶᠢᠨ ᠬᠠᠵᠠᠭᠤ ᠶᠢᠨ ᠡᠨᠧᠷᠭᠢ ᠨᠥᠭᠡᠴᠡᠯᠡᠬᠦ ᠵᠡᠷᠭᠡ ᠪᠠᠭᠲᠠᠨ᠎ᠠ᠃ | | ᠬᠤᠶᠠᠷ᠂ ᠰᠢᠨ᠎ᠡ ᠡᠨᠧᠷᠭᠢ ᠨᠥᠭᠡᠴᠡᠯᠡᠵᠦ ᠰᠦᠯᠵᠢᠶ᠎ᠡ ᠳᠤ ᠨᠡᠪᠲᠡᠷᠡᠭᠦᠯᠬᠦ ᠪᠠ ᠵᠣᠬᠢᠴᠠᠭᠤᠯᠬᠤ ᠠᠵᠢᠯ ᠤᠨ | ᠬᠠᠮᠢᠶᠠᠷᠤᠯᠲᠠ ᠶᠢ ᠴᠢᠩᠭᠠᠳᠬᠠᠨ᠎ᠠ | | ︵ᠭᠤᠷᠪᠠ︶ ᠰᠢᠨ᠎ᠡ ᠡᠨᠧᠷᠭᠢ ᠨᠥᠭᠡᠴᠡᠯᠡᠬᠦ ᠪᠠ ᠲᠣᠣᠷ ᠲᠤ ᠨᠡᠪᠲᠡᠷᠡᠭᠦᠯᠦᠨ ᠳᠠᠮᠵᠢᠭᠤᠯᠬᠤ ᠬᠠᠮᠢᠶᠠᠷᠤᠯᠲᠠ ᠶᠢ | ᠵᠢᠷᠤᠮᠵᠢᠭᠤᠯᠤᠨ᠎ᠠ᠃ ᠴᠠᠬᠢᠯᠭᠠᠨ ᠤ ᠲᠣᠣᠷ ᠤᠨ ᠠᠵᠤ ᠠᠬᠤᠶᠢᠯᠠᠯ ᠵᠢᠴᠢ ᠴᠠᠬᠢᠯᠭᠠᠨ ᠬᠦᠴᠦᠨ ᠤ ᠵᠣᠬᠢᠴᠠᠭᠤᠯᠬᠤ | ᠪᠠᠶᠢᠭᠤᠯᠤᠮᠵᠢ ᠨᠢ ᠡᠷᠬᠡᠪᠰᠢ ᠰᠢᠨ᠎ᠡ ᠡᠨᠧᠷᠭᠢ ᠬᠠᠳᠠᠭᠠᠯᠠᠵᠤ ᠰᠦᠯᠵᠢᠶ᠎ᠡ ᠳᠤ ᠨᠡᠪᠲᠡᠷᠡᠭᠦᠯᠬᠦ ᠨᠠᠷᠢᠨ ᠳᠦᠷᠢᠮ ᠵᠢᠴᠢ | ᠰᠦᠯᠵᠢᠶ᠎ᠡ ᠳᠤ ᠨᠡᠪᠲᠡᠷᠡᠭᠦᠯᠬᠦ ᠦᠢᠯᠡᠴᠢᠯᠡᠭᠡᠨ ᠤ ᠠᠵᠢᠯ ᠤᠨ ᠵᠢᠯᠣᠭᠤᠳᠤᠮᠵᠢ ᠵᠡᠷᠭᠡ ᠶᠢ ᠲᠣᠭᠲᠠᠭᠠᠵᠤ᠂ | ᠰᠦᠯᠵᠢᠶ᠎ᠡ ᠳᠤ ᠨᠡᠪᠲᠡᠷᠡᠭᠦᠯᠬᠦ ᠴᠤᠪᠤᠷᠠᠯ᠂ ᠬᠤᠯᠪᠣᠭᠳᠠᠬᠤ ᠪᠠᠷᠢᠮᠵᠢᠶ᠎ᠠ ᠪᠠ ᠲᠣᠣᠷ ᠲᠤ ᠬᠤᠯᠪᠣᠭᠳᠠᠬᠤ | ᠲᠤᠷᠰᠢᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠴᠠᠬᠢᠯᠭᠠᠨ ᠬᠦᠴᠦᠨ ᠤ ᠵᠣᠬᠢᠴᠠᠭᠤᠯᠬᠤ | ᠪᠠᠶᠢᠭᠤᠯᠤᠮᠵᠢ ᠨᠢ ᠡᠷᠬᠡ ᠲᠡᠭᠰᠢ ᠬᠠᠷᠢᠯᠴᠠᠨ ᠠᠰᠢᠭᠲᠠᠢ᠂ ᠵᠥᠪᠳᠡᠯᠴᠡᠨ ᠰᠠᠨᠠᠯ ᠨᠢᠭᠡᠳᠬᠦ ᠪᠠ ᠴᠠᠬᠢᠯᠭᠠᠨ ᠬᠦᠴᠦᠨ ᠤ | ᠰᠢᠰᠲ᠋ᠧᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠵᠠᠷᠴᠢᠮ ᠶᠣᠰᠣᠭᠠᠷ᠂ ᠰᠢᠨ᠎ᠡ ᠡᠨᠧᠷᠭᠢ | ᠨᠥᠭᠡᠴᠡᠯᠡᠬᠦ ᠪᠠ ᠵᠣᠬᠢᠶᠠᠨ ᠪᠠᠶᠢᠭᠤᠯᠤᠨ ᠲᠣᠣᠷ ᠲᠤ ᠨᠡᠶᠢᠯᠡᠭᠦᠯᠦᠨ ᠰᠢᠯᠭᠠᠨ ᠠᠪᠬᠤ ᠶᠢᠨ ᠬᠠᠮᠲᠤ ᠲᠣᠣᠷ ᠲᠤ | ᠨᠡᠶᠢᠯᠡᠭᠦᠯᠦᠨ ᠵᠣᠬᠢᠴᠠᠭᠤᠯᠬᠤ ᠵᠥᠪᠯᠡᠯᠴᠡᠭᠡᠷ ᠲᠣᠭᠲᠠᠵᠤ᠂ ᠰᠢᠨ᠎ᠡ ᠡᠨᠧᠷᠭᠢ ᠨᠥᠭᠡᠴᠡᠯᠡᠬᠦ ᠪᠠ ᠲᠣᠣᠷ ᠲᠤ | ᠨᠡᠶᠢᠯᠡᠭᠦᠯᠦᠭᠰᠡᠨ ᠤ ᠳᠠᠷᠠᠭᠠᠬᠢ ᠲᠣᠭᠲᠠᠭᠰᠠᠨ ᠴᠠᠭ ᠤᠨ ᠳᠣᠲᠣᠷ᠎ᠠ ᠲᠣᠣᠷ ᠲᠤ ᠬᠤᠯᠪᠣᠭᠳᠠᠬᠤ ᠪᠥᠬᠦ ᠲᠤᠷᠰᠢᠯᠲᠠ ᠶᠢ | ᠪᠡᠶᠡᠯᠡᠭᠦᠯᠬᠦ ᠬᠡᠷᠡᠭᠲᠡᠢ᠃ | | ︵ᠳᠥᠷᠪᠡ︶ ᠰᠢᠨ᠎ᠡ ᠡᠨᠧᠷᠭᠢ ᠨᠥᠭᠡᠴᠡᠯᠡᠬᠦ ᠪᠠ ᠵᠣᠬᠢᠴᠠᠭᠤᠯᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃ | ᠴᠠᠬᠢᠯᠭᠠᠨ ᠬᠦᠴᠦᠨ ᠤ ᠵᠣᠬᠢᠴᠠᠭᠤᠯᠬᠤ ᠪᠠᠶᠢᠭᠤᠯᠤᠮᠵᠢ ᠨᠢ ᠰᠢᠰᠲ᠋ᠧᠮ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠰᠢᠨ᠎ᠡ ᠡᠨᠧᠷᠭᠢ ᠨᠥᠭᠡᠴᠡᠯᠡᠬᠦ ᠪᠠ ᠵᠣᠬᠢᠴᠠᠭᠤᠯᠬᠤ ᠠᠵᠢᠯ ᠤᠨ ᠳᠦᠷᠢᠮ ᠢ ᠲᠣᠭᠲᠠᠭᠠᠵᠤ᠂ ᠰᠢᠨ᠎ᠡ | ᠡᠨᠧᠷᠭᠢ ᠨᠥᠭᠡᠴᠡᠯᠡᠬᠦ ᠪᠠ ᠵᠣᠬᠢᠴᠠᠭᠤᠯᠬᠤ ᠠᠵᠢᠯ ᠤᠨ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠰᠢᠨ᠎ᠡ ᠡᠨᠧᠷᠭᠢ ᠨᠥᠭᠡᠴᠡᠯᠡᠬᠦ ᠪᠠ ᠲᠣᠬᠢᠷᠠᠭᠤᠯᠤᠨ ᠡᠬᠢ ᠪᠠᠶᠠᠯᠢᠭ ᠢ ᠡᠷᠬᠡ ᠲᠡᠭᠰᠢ ᠪᠠᠷ ᠰᠢᠯᠵᠢᠭᠦᠯᠦᠨ ᠬᠡᠷᠡᠭᠯᠡᠨ᠎ᠡ᠃ | ᠰᠢᠨ᠎ᠡ ᠡᠨᠧᠷᠭᠢ + ᠡᠨᠧᠷᠭᠢ ᠨᠥᠭᠡᠴᠡᠯᠡᠬᠦ᠂ ᠪᠥᠭᠡᠭᠡᠨᠡᠷᠡᠭᠦᠯᠦᠨ ᠡᠨᠧᠷᠭᠢ ᠨᠥᠭᠡᠴᠡᠯᠡᠬᠦ᠂ ᠬᠡᠷᠡᠯ ᠨᠥᠭᠡᠴᠡᠯᠡᠨ | ᠴᠡᠨᠡᠭᠯᠡᠬᠦ ᠶᠢ ᠨᠢᠭᠡ ᠴᠣᠭᠴᠠᠵᠢᠭᠤᠯᠬᠤ ᠵᠡᠷᠭᠡ ᠬᠠᠮᠲᠤᠷᠠᠨ ᠰᠢᠯᠵᠢᠭᠦᠯᠦᠨ ᠬᠡᠷᠡᠭᠯᠡᠬᠦ ᠵᠠᠭᠪᠤᠷ ᠤᠨ ᠬᠥᠭᠵᠢᠯᠲᠡ ᠶᠢ | ᠢᠳᠡᠪᠬᠢᠲᠡᠢ ᠳᠡᠮᠵᠢᠵᠦ᠂ ᠰᠢᠨ᠎ᠡ ᠡᠨᠧᠷᠭᠢ ᠨᠥᠭᠡᠴᠡᠯᠡᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ | ᠤᠷᠢᠳᠠᠪᠠᠷ ᠰᠢᠯᠵᠢᠭᠦᠯᠦᠨ ᠬᠡᠷᠡᠭᠯᠡᠵᠦ᠂ ᠡᠯ᠎ᠡ ᠲᠥᠷᠥᠯ ᠤᠨ ᠡᠨᠧᠷᠭᠢ ᠨᠥᠭᠡᠴᠡᠯᠡᠬᠦ ᠥᠷᠲᠡᠭ ᠢ ᠭᠦᠢᠴᠡᠳ | ᠪᠠᠳᠠᠷᠠᠭᠤᠯᠤᠨ᠎ᠠ᠃ ᠰᠢᠨ᠎ᠡ ᠡᠨᠧᠷᠭᠢ ᠨᠥᠭᠡᠴᠡᠯᠡᠬᠦ ᠪᠠ ᠰᠢᠯᠵᠢᠭᠦᠯᠦᠨ ᠬᠡᠷᠡᠭᠯᠡᠬᠦ ᠳᠤ᠂ ᠴᠠᠬᠢᠯᠭᠠᠨ ᠬᠦᠴᠦᠨ ᠤ ᠵᠠᠬ᠎ᠠ | ᠳᠡᠯᠭᠡᠭᠦᠷ ᠲᠤ ᠣᠷᠣᠯᠴᠠᠭᠰᠠᠨ ᠰᠢᠨ᠎ᠡ ᠡᠨᠧᠷᠭᠢ ᠨᠥᠭᠡᠴᠡᠯᠡᠬᠦ᠂ ᠵᠠᠬ᠎ᠠ ᠳᠡᠯᠭᠡᠭᠦᠷ ᠤᠨ ᠢᠯᠭᠠᠷᠠᠭᠤᠯᠤᠨ ᠭᠠᠷᠭᠠᠭᠰᠠᠨ | ᠦᠷ᠎ᠡ ᠳ᠋ᠦᠩ ᠤᠨ ᠶᠣᠰᠣᠭᠠᠷ ᠰᠢᠨ᠎ᠡ ᠡᠨᠧᠷᠭᠢ ᠨᠥᠭᠡᠴᠡᠯᠡᠬᠦ ᠪᠠ ᠲᠣᠬᠢᠷᠠᠭᠤᠯᠵᠤ᠂ ᠴᠠᠬᠢᠯᠭᠠᠨ ᠬᠦᠴᠦᠨ ᠤ ᠵᠠᠬ᠎ᠠ | ᠳᠡᠯᠭᠡᠭᠦᠷ ᠲᠤ ᠣᠷᠣᠯᠴᠠᠬᠤ ᠨᠥᠬᠦᠴᠡᠯ ᠢ ᠲᠦᠷ ᠪᠦᠷᠢᠯᠳᠦᠭᠦᠯᠦᠭᠡᠳᠦᠢ ᠰᠢᠨ᠎ᠡ ᠡᠨᠧᠷᠭᠢ ᠨᠥᠭᠡᠴᠡᠯᠡᠬᠦ᠂ | ᠵᠣᠬᠢᠴᠠᠭᠤᠯᠬᠤ ᠵᠠᠷᠯᠢᠭ ᠢᠶᠠᠷ ᠳᠠᠮᠵᠢᠭᠤᠯᠤᠨ ᠰᠢᠯᠵᠢᠭᠦᠯᠦᠨ ᠬᠡᠷᠡᠭᠯᠡᠨ᠎ᠡ᠃ ᠴᠠᠬᠢᠯᠭᠠᠨ ᠬᠦᠴᠦᠨ ᠤ ᠰᠢᠰᠲ᠋ᠧᠮ ᠤᠨ | ᠠᠶᠦᠯᠭᠦᠢ ᠶᠢ ᠰᠦᠷᠳᠡᠭᠦᠯᠬᠦ ᠡ᠊ᠨᠳᠡᠯ ︵ᠬᠡᠷᠡᠭ︶ ᠵᠢᠴᠢ ᠪᠤᠰᠤᠳ ᠴᠢᠬᠤᠯᠠ ᠪᠦᠬᠦᠢ ᠪᠠᠶᠢᠳᠠᠯ ᠭᠠᠷᠤᠭᠰᠠᠨ ᠦᠶ᠎ᠡ ᠳᠤ | ᠂ ᠪᠤᠢ ᠪᠦᠬᠦᠢ ᠲᠣᠬᠢᠷᠠᠭᠤᠯᠤᠨ ᠬᠠᠮᠢᠶᠠᠷᠬᠤ ᠬᠡᠪᠴᠢᠶᠡᠨ ᠳᠣᠲᠣᠷᠠᠬᠢ ᠰᠢᠨ᠎ᠡ ᠮᠠᠶ᠋ᠢᠭ ᠤᠨ ᠡᠨᠧᠷᠭᠢ ᠨᠥᠭᠡᠴᠡᠯᠡᠬᠦ ᠶᠢ | ᠴᠠᠬᠢᠯᠭᠠᠨ ᠬᠦᠴᠦᠨ ᠵᠣᠬᠢᠴᠠᠭᠤᠯᠬᠤ ᠪᠠᠶᠢᠭᠤᠯᠤᠮᠵᠢ ᠠᠴᠠ ᠨᠢᠭᠡᠳᠦᠯᠲᠡᠢ ᠰᠢᠭᠤᠳ ᠰᠢᠯᠵᠢᠭᠦᠯᠦᠨ ᠬᠡᠷᠡᠭᠯᠡᠬᠦ ᠶᠢ | ᠭᠥᠯᠢᠶᠡᠨ ᠠᠪᠴᠤ᠂ ᠰᠢᠭᠤᠳ ᠰᠢᠯᠵᠢᠭᠦᠯᠦᠨ ᠬᠡᠷᠡᠭᠯᠡᠬᠦ ᠬᠤᠭᠤᠴᠠᠭᠠᠨ ᠳᠤ ᠪᠡᠶ᠎ᠡ ᠪᠠᠨ ᠳᠠᠭᠠᠭᠠᠭᠰᠠᠨ ᠡᠨᠧᠷᠭᠢ | ᠬᠠᠳᠠᠭᠠᠯᠠᠵᠤ ᠴᠡᠨᠡᠭᠯᠡᠵᠦ ᠲᠠᠯᠪᠢᠬᠤ ᠦᠨ᠎ᠡ ᠬᠠᠩᠰᠢ ᠶᠢᠨ ᠲᠣᠭᠲᠠᠴᠠ ᠶᠢᠨ ᠶᠣᠰᠣᠭᠠᠷ ᠬᠡᠷᠡᠭᠵᠢᠭᠦᠯᠬᠦ ᠬᠡᠷᠡᠭᠲᠡᠢ᠃ | | ︵ᠲᠠᠪᠤ︶ ᠰᠢᠨ᠎ᠡ ᠡᠨᠧᠷᠭᠢ ᠨᠥᠭᠡᠴᠡᠯᠡᠬᠦ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ | ᠭᠠᠵᠠᠷ ᠤᠨ ᠬᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠳᠦᠷᠢᠮ ᠪᠤᠶᠤ ︽ᠴᠠᠬᠢᠯᠭᠠᠨ ᠬᠦᠴᠦᠨ ᠤ | ᠲᠤᠰᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ︽ᠴᠠᠬᠢᠯᠭᠠᠨ ᠬᠦᠴᠦᠨ ᠢ | ᠰᠦᠯᠵᠢᠶ᠎ᠡ ᠳᠤ ᠨᠡᠪᠲᠡᠷᠡᠭᠦᠯᠬᠦ ᠠᠵᠢᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠵᠤ | ᠵᠠᠰᠠᠪᠤᠷᠢ ᠣᠷᠣᠭᠤᠯᠬᠤ ᠳᠠᠭᠠᠨ᠂ ᠡᠯ᠎ᠡ ᠲᠥᠷᠥᠯ ᠤᠨ ᠰᠢᠨ᠎ᠡ ᠡᠨᠧᠷᠭᠢ ᠨᠥᠭᠡᠴᠡᠯᠡᠬᠦ ᠪᠠ ᠰᠢᠯᠭᠠᠨ ᠬᠢᠨᠠᠵᠤ | ᠬᠡᠷᠡᠭᠵᠢᠭᠦᠯᠬᠦ ᠨᠠᠷᠢᠨ ᠳᠦᠷᠢᠮ ᠢ ᠲᠣᠳᠣᠷᠬᠠᠢ ᠪᠥᠭᠡᠳ ᠨᠠᠷᠢᠯᠢᠭᠵᠢᠭᠤᠯᠤᠨ᠎ᠠ᠃ ᠰᠢᠨ᠎ᠡ ᠡᠨᠧᠷᠭᠢ ᠨᠥᠭᠡᠴᠡᠯᠡᠬᠦ ᠳᠤ | ᠴᠠᠬᠢᠯᠭᠠᠨ ᠬᠦᠴᠦᠨ ᠤ ᠵᠣᠬᠢᠴᠠᠭᠤᠯᠬᠤ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠠᠵᠢᠯᠯᠠᠭᠠᠨ ᠤ ᠮᠡᠳᠡᠭᠡ | ᠵᠠᠩᠭᠢ ᠪᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠵᠦ᠂ ᠴᠠᠬᠢᠯᠭᠠᠨ ᠬᠦᠴᠦᠨ ᠤ ᠵᠣᠬᠢᠴᠠᠭᠤᠯᠬᠤ ᠪᠠᠶᠢᠭᠤᠯᠤᠮᠵᠢ | ᠨᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠤᠯᠤᠰ ᠤᠨ ᠰᠢᠨ᠎ᠡ ᠡᠨᠧᠷᠭᠢ ᠨᠥᠭᠡᠴᠡᠯᠡᠬᠦ ᠲᠣᠮᠣ ᠳ᠋ᠠᠶᠢᠲ᠋ᠠ ᠶᠢᠨ | ᠲᠠᠪᠴᠠᠩ ᠳᠤ ᠰᠢᠨ᠎ᠡ ᠡᠨᠧᠷᠭᠢ ᠨᠥᠭᠡᠴᠡᠯᠡᠬᠦ ᠪᠠ ᠰᠢᠯᠵᠢᠭᠦᠯᠦᠨ ᠬᠡᠷᠡᠭᠯᠡᠭᠰᠡᠨ ᠪᠠᠶᠢᠳᠠᠯ ᠢ ᠬᠦᠷᠭᠡᠬᠦ ᠬᠡᠷᠡᠭᠲᠡᠢ᠃ | | ᠭᠤᠷᠪᠠ᠂ ᠰᠢᠨ᠎ᠡ ᠡᠨᠧᠷᠭᠢ ᠨᠥᠭᠡᠴᠡᠯᠡᠵᠦ ᠰᠦᠯᠵᠢᠶ᠎ᠡ ᠳᠤ ᠨᠡᠪᠲᠡᠷᠡᠭᠦᠯᠬᠦ ᠪᠠ ᠵᠣᠬᠢᠴᠠᠭᠤᠯᠬᠤ ᠮᠡᠷᠭᠡᠵᠢᠯ ᠤᠨ | ᠱᠠᠭᠠᠷᠳᠠᠯᠭ᠎ᠠ ᠶᠢ ᠲᠣᠳᠣᠷᠬᠠᠶᠢᠯᠠᠨ᠎ᠠ | | ︵ᠵᠢᠷᠭᠤᠭ᠎ᠠ︶ ᠰᠢᠨ᠎ᠡ ᠡᠨᠧᠷᠭᠢ ᠨᠥᠭᠡᠴᠡᠯᠡᠬᠦ ᠪᠠ ᠲᠣᠣᠷ ᠲᠤ ᠨᠡᠪᠲᠡᠷᠡᠭᠦᠯᠦᠨ ᠳᠠᠮᠵᠢᠭᠤᠯᠬᠤ ᠮᠡᠷᠭᠡᠵᠢᠯ ᠤᠨ | ᠱᠠᠭᠠᠷᠳᠠᠯᠭ᠎ᠠ ᠶᠢ ᠵᠢᠷᠤᠮᠵᠢᠭᠤᠯᠤᠨ᠎ᠠ᠃ ᠰᠢᠨ᠎ᠡ ᠡᠨᠧᠷᠭᠢ ᠨᠥᠭᠡᠴᠡᠯᠡᠬᠦ ᠵᠠᠯᠭᠠᠯᠲᠠ ᠶᠢᠨ ᠰᠢᠰᠲ᠋ᠧᠮ ᠨᠢ ᠴᠠᠬᠢᠯᠭᠠᠨ | ᠬᠦᠴᠦᠨ ᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠱᠠᠭᠠᠷᠳᠠᠯᠭ᠎ᠠ ᠳᠤ ᠨᠡᠶᠢᠴᠡᠵᠦ᠂ | ᠵᠣᠬᠢᠬᠤ ᠴᠢᠳᠠᠮᠵᠢ ᠶᠢᠨ ᠲᠤᠷᠰᠢᠯᠲᠠ ᠵᠢᠴᠢ ᠲᠣᠣᠷ ᠲᠤ ᠬᠤᠯᠪᠣᠭᠳᠠᠬᠤ ᠲᠤᠷᠰᠢᠯᠲᠠ ᠶᠢ ᠪᠡᠶᠡᠯᠡᠭᠦᠯᠵᠦ᠂ ᠰᠢᠨ᠎ᠡ | ᠡᠨᠧᠷᠭᠢ ᠨᠥᠭᠡᠴᠡᠯᠡᠬᠦ ᠲᠥᠬᠦᠭᠡᠷᠦᠮᠵᠢ ᠨᠢ ᠤᠯᠤᠰ᠂ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠵᠢᠴᠢ | ᠬᠠᠮᠢᠶᠠᠷᠤᠯᠲᠠ ᠶᠢᠨ ᠵᠢᠷᠤᠮᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠩᠭᠠᠵᠤ᠂ ᠠᠮᠤᠷ ᠲᠦᠪᠰᠢᠨ | ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠢᠨ᠎ᠡ ᠡᠨᠧᠷᠭᠢ ᠨᠥᠭᠡᠴᠡᠯᠡᠬᠦ ᠲᠥᠷᠥᠯ | ᠵᠦᠢᠯ ᠤᠨ ᠨᠢᠭᠡᠴᠢ ᠨᠦᠭᠦᠳ ᠠᠵᠢᠯᠯᠠᠭᠠᠨ ᠢ ᠬᠠᠮᠠᠭᠠᠯᠠᠬᠤ ᠨᠠᠷᠢᠨ ᠳᠦᠷᠢᠮ᠂ ᠲᠤᠬᠠᠢ ᠶᠢᠨ ᠲᠠᠯᠠᠪᠤᠷ ᠤᠨ ᠠᠵᠢᠯᠯᠠᠬᠤ | ᠳᠦᠷᠢᠮ᠂ ᠠᠳᠡᠯ ᠤᠨ ᠪᠡᠯᠡᠳᠬᠡᠯ ᠲᠥᠰᠥᠯ ᠵᠢᠴᠢ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ | ᠠᠷᠭ᠎ᠠ ᠬᠡᠮᠵᠢᠶ᠎ᠡ᠂ ᠲᠡᠭᠡᠭᠡᠪᠦᠷᠢᠯᠡᠬᠦ ᠶᠢ ᠵᠣᠭᠰᠣᠭᠠᠵᠤ ᠪᠠᠶᠢᠴᠠᠭᠠᠨ ᠵᠠᠰᠠᠬᠤ ᠲᠥᠯᠥᠪᠯᠡᠭᠡ ᠵᠡᠷᠭᠡ ᠶᠢ ᠲᠣᠭᠲᠠᠭᠠᠬᠤ ᠶᠢᠨ | ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠴᠠᠬᠢᠯᠭᠠᠨ ᠬᠦᠴᠦᠨ ᠤ ᠵᠣᠬᠢᠴᠠᠭᠤᠯᠬᠤ ᠪᠠᠶᠢᠭᠤᠯᠤᠮᠵᠢ ᠳᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠢ᠃ | | ︵ᠳᠣᠯᠤᠭ᠎ᠠ︶ ᠰᠢᠨ᠎ᠡ ᠡᠨᠧᠷᠭᠢ ᠨᠥᠭᠡᠴᠡᠯᠡᠬᠦ ᠪᠠ ᠵᠣᠬᠢᠴᠠᠭᠤᠯᠬᠤ ᠠᠵᠢᠯ ᠮᠡᠷᠭᠡᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠨ᠎ᠠ᠃ ᠰᠢᠨ᠎ᠡ ᠡᠨᠧᠷᠭᠢ ᠨᠥᠭᠡᠴᠡᠯᠡᠬᠦ ᠳᠤ ᠴᠢᠳᠠᠯ ᠤᠨ ᠡᠵᠡᠮᠰᠢᠯ ᠤᠨ ᠰᠢᠰᠲ᠋ᠧᠮ ᠪᠤᠶᠤ ᠵᠣᠬᠢᠴᠠᠯ ᠤᠨ | ᠡᠵᠡᠮᠰᠢᠯ ᠤᠨ ᠰᠢᠰᠲ᠋ᠧᠮ ᠢ ᠵᠣᠬᠢᠴᠠᠭᠤᠯᠬᠤ ᠬᠡᠷᠡᠭᠲᠡᠢ᠃ ᠪᠣᠶ ᠪᠦᠬᠦᠢ ᠲᠣᠬᠢᠷᠠᠭᠤᠯᠤᠨ ᠬᠠᠮᠢᠶᠠᠷᠬᠤ ᠬᠡᠪᠴᠢᠶᠡᠨ ᠳᠠᠬᠢ | ᠰᠢᠨ᠎ᠡ ᠡᠨᠧᠷᠭᠢ ᠨᠥᠭᠡᠴᠡᠯᠡᠬᠦ ᠳᠤ ᠵᠣᠬᠢᠴᠠᠭᠤᠯᠬᠤ ᠵᠠᠷᠯᠢᠭ ᠤᠨ ᠶᠣᠰᠣᠭᠠᠷ ᠠᠵᠢᠯᠳᠤ ᠴᠢᠳᠠᠮᠵᠢ ᠪᠠ ᠦᠢᠯᠡᠳᠦᠯ | ᠦᠭᠡᠢ ᠴᠢᠳᠠᠮᠵᠢ ᠶᠢ ᠠᠦ᠋ᠲ᠋ᠣ᠋ ᠵᠣᠬᠢᠴᠠᠭᠤᠯᠬᠤ ᠴᠢᠳᠠᠪᠤᠷᠢ ᠶᠢ ᠪᠦᠷᠢᠳᠦᠭᠦᠯᠵᠦ᠂ ᠬᠠᠷᠢᠶ᠎ᠠ ᠴᠠᠬᠢᠯᠭᠠᠨ ᠬᠦᠴᠦᠨ ᠤ | ᠵᠣᠬᠢᠴᠠᠭᠤᠯᠬᠤ ᠪᠠᠶᠢᠭᠤᠯᠤᠮᠵᠢ ᠶᠢᠨ AGC᠂ AVC ᠵᠡᠷᠭᠡ ᠰᠢᠰᠲ᠋ᠧᠮ ᠳᠤ ᠵᠠᠯᠭᠠᠨ ᠣᠷᠣᠭᠤᠯᠵᠤ᠂ | ᠵᠣᠬᠢᠴᠠᠭᠤᠯᠬᠤ ᠵᠠᠷᠯᠢᠭ ᠢ ᠭᠥᠯᠢᠶᠡᠨ ᠠᠪᠬᠤ ᠶᠢᠨ ᠬᠠᠮᠲᠤ ᠬᠡᠷᠡᠭᠵᠢᠭᠦᠯᠬᠦ ᠶᠢᠨ ᠬᠠᠮᠲᠤ ᠮᠡᠳᠡᠭᠡ ᠵᠠᠩᠭᠢ ᠶᠢᠨ ᠠᠮᠤᠷ | ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ ᠰᠢᠨ᠎ᠡ | ᠡᠨᠧᠷᠭᠢ ᠶᠢᠨ ᠰᠠᠭᠤᠷᠢᠨ ᠭᠠᠵᠠᠷ ᠤᠨ ᠲᠣᠬᠢᠷᠠᠭᠤᠯᠤᠨ ᠪᠠᠶᠢᠭᠤᠯᠬᠤ ᠰᠢᠨ᠎ᠡ ᠡᠨᠧᠷᠭᠢ ᠨᠥᠭᠡᠴᠡᠯᠡᠬᠦ | ᠲᠣᠬᠢᠷᠠᠭᠤᠯᠤᠯᠲᠠ ᠶᠢᠨ ᠵᠠᠷᠴᠢᠮ ᠢ ︽ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠴᠠᠬᠢᠯᠭᠠᠨ ᠬᠦᠷᠭᠡᠬᠦ | ᠲᠣᠬᠢᠷᠠᠭᠤᠯᠤᠯᠲᠠ ᠶᠢᠨ ᠰᠢᠨ᠎ᠡ ᠡᠨᠧᠷᠭᠢ ᠨᠥᠭᠡᠴᠡᠯᠡᠬᠦ ᠲᠥᠯᠦᠪᠵᠢᠭᠦᠯᠭᠡ ᠶᠢᠨ ᠮᠡᠷᠭᠡᠵᠢᠯ ᠤᠨ ᠵᠢᠯᠤᠭᠤᠳᠬᠤ ᠳᠦᠷᠢᠮ | ︾ ︵NB/T 11194 — 2023︶ ᠶᠣᠰᠣᠭᠠᠷ ᠬᠡᠷᠡᠭᠵᠢᠭᠦᠯᠦᠨ᠎ᠡ᠃ | | ︵ᠨᠠᠢᠮᠠ︶ ᠦᠯᠡᠳᠡᠭᠡᠯ ᠰᠢᠨ᠎ᠡ ᠡᠨᠧᠷᠭᠢ ᠨᠥᠭᠡᠴᠡᠯᠡᠬᠦ ᠮᠡᠷᠭᠡᠵᠢᠯ ᠤᠨ ᠥᠭᠡᠷᠡᠴᠢᠯᠡᠯᠲᠡ ᠶᠢ ᠵᠣᠷᠢᠭᠵᠢᠭᠤᠯᠤᠨ᠎ᠠ | ᠃ ᠦᠯᠡᠳᠡᠭᠡᠯ ᠰᠢᠨ᠎ᠡ ᠡᠨᠧᠷᠭᠢ ᠨᠥᠭᠡᠴᠡᠯᠡᠬᠦ ᠳᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ | ᠵᠣᠬᠢᠴᠠᠭᠤᠯᠬᠤ ᠵᠢᠭᠠᠪᠤᠷᠢ ᠶᠢ ᠭᠥᠯᠢᠶᠡᠨ ᠠᠪᠬᠤ ᠴᠢᠳᠠᠪᠤᠷᠢ ᠶᠢ ᠪᠦᠷᠢᠯᠳᠦᠭᠦᠯᠦᠨ᠎ᠡ᠃ ᠵᠣᠬᠢᠬᠤ ᠮᠡᠷᠭᠡᠵᠢᠯ ᠤᠨ | ᠨᠥᠬᠦᠴᠡᠯ ᠢ ᠬᠠᠩᠭᠠᠭᠰᠠᠨ ᠤ ᠳᠠᠷᠠᠭ᠎ᠠ᠂ ᠴᠠᠬᠢᠯᠭᠠᠨ ᠬᠦᠴᠦᠨ ᠤ ᠵᠣᠬᠢᠴᠠᠭᠤᠯᠬᠤ ᠪᠠᠶᠢᠭᠤᠯᠤᠮᠵᠢ ᠨᠢ ᠰᠢᠨ᠎ᠡ ᠡᠨᠧᠷᠭᠢ | ᠬᠠᠳᠠᠭᠠᠯᠠᠵᠤ ᠰᠦᠯᠵᠢᠶ᠎ᠡ ᠳᠤ ᠨᠡᠪᠲᠡᠷᠡᠭᠦᠯᠬᠦ ᠵᠢᠴᠢ ᠵᠣᠬᠢᠴᠠᠭᠤᠯᠬᠤ ᠠᠵᠢᠯ ᠢ ᠴᠠᠭ ᠲᠤᠬᠠᠢ ᠳᠤᠨᠢ ᠥᠷᠨᠢᠭᠦᠯᠬᠦ | ᠬᠡᠷᠡᠭᠲᠡᠢ᠃ | | ︵ᠶᠢᠰᠦ︶ ᠰᠢᠨ᠎ᠡ ᠡᠨᠧᠷᠭᠢ ᠨᠥᠭᠡᠴᠡᠯᠡᠬᠦ ᠣᠶᠤᠨᠴᠢ ᠲᠣᠬᠢᠷᠠᠭᠤᠯᠤᠯ ᠡᠵᠡᠮᠳᠡᠯ ᠤᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠤᠨ᠎ᠠ᠃ ᠰᠢᠨ᠎ᠡ ᠡᠨᠧᠷᠭᠢ ᠨᠥᠭᠡᠴᠡᠯᠡᠬᠦ ᠣᠯᠠᠨ ᠦᠵᠡᠭᠳᠡᠯ ᠪᠠ ᠵᠠᠬ᠎ᠠ ᠳᠡᠯᠭᠡᠭᠦᠷᠴᠢᠯᠡᠭᠰᠡᠨ | ᠠᠵᠢᠯᠯᠠᠭᠠᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨ᠎ᠡ ᠡᠨᠧᠷᠭᠢ ᠨᠥᠭᠡᠴᠡᠯᠡᠬᠦ ᠶᠢ ᠪᠤᠰᠤᠳ | ᠴᠠᠬᠢᠯᠭᠠᠨ ᠡᠭᠦᠰᠬᠡᠭᠴᠢ ᠲᠠᠢ ᠬᠠᠮᠵᠢᠯᠴᠠᠨ ᠰᠢᠯᠢᠳᠡᠭᠵᠢᠭᠦᠯᠦᠨ ᠵᠣᠬᠢᠴᠠᠭᠤᠯᠬᠤ ᠮᠡᠷᠭᠡᠵᠢᠯ᠂ ᠬᠡᠪᠴᠢᠶᠡᠵᠢᠭᠦᠯᠦᠭᠰᠡᠨ | ᠡᠨᠧᠷᠭᠢ ᠨᠥᠭᠡᠴᠡᠯᠡᠬᠦ ᠰᠢᠰᠲ᠋ᠧᠮ ᠤᠨ ᠪᠥᠭᠡᠮᠨᠡᠷᠡᠯ ᠤᠨ ᠣᠶᠤᠨᠴᠢ ᠲᠣᠬᠢᠷᠠᠭᠤᠯᠤᠯᠲᠠ ᠶᠢᠨ ᠵᠠᠩᠭᠢᠯᠠᠭ᠎ᠠ ᠶᠢᠨ ᠮᠡᠷᠭᠡᠵᠢᠯ᠂ | ᠰᠢᠨ᠎ᠡ ᠡᠨᠧᠷᠭᠢ ᠨᠥᠭᠡᠴᠡᠯᠡᠬᠦ ᠳᠤ ᠰᠠᠭᠤᠷᠢᠯᠠᠭᠰᠠᠨ ᠴᠠᠬᠢᠯᠭᠠᠨ ᠲᠣᠣᠷ ᠤᠨ ᠰᠠᠨᠠᠭᠠᠴᠢᠯᠠᠭ᠎ᠠ ᠠᠴᠠ ᠪᠠᠨ | ᠲᠤᠯᠭᠠᠭᠤᠷᠢᠯᠠᠬᠤ ᠮᠡᠷᠭᠡᠵᠢᠯ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠵᠡᠷᠭᠡ ᠲᠠᠷᠬᠠᠮᠠᠯ ᠬᠡᠯᠪᠡᠷᠢ ᠶᠢᠨ ᠡᠨᠧᠷᠭᠢ | ᠨᠥᠭᠡᠴᠡᠯᠡᠬᠦ ᠬᠡᠶᠢᠰᠪᠦᠷᠢ ᠴᠠᠬᠢᠯᠭᠠᠨ ᠦᠢᠯᠡᠳᠪᠦᠷᠢ ᠶᠢᠨ ᠪᠥᠭᠡᠭᠡᠨᠡᠷᠡᠯ ᠤᠨ ᠦᠢᠯᠡᠳᠦᠯᠴᠡᠯ ᠤᠨ ᠲᠣᠬᠢᠷᠠᠭᠤᠯᠤᠯ | ᠡᠵᠡᠮᠳᠡᠯ ᠤᠨ ᠮᠡᠷᠭᠡᠵᠢᠯ ᠵᠡᠷᠭᠡ ᠰᠤᠳᠤᠯᠤᠨ ᠨᠡᠭᠡᠭᠡᠵᠦ ᠪᠣᠭᠤᠮᠲᠠ ᠰᠢᠪᠲᠤᠯᠬᠤ ᠠᠵᠢᠯ ᠢ ᠢᠳᠡᠪᠬᠢᠲᠡᠢ ᠥᠷᠨᠢᠭᠦᠯᠵᠦ᠂ | ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠬᠦᠴᠦᠯᠡᠨ ᠠᠬᠢᠭᠤᠯᠤᠨ᠎ᠠ᠃ | | ᠳᠥᠷᠪᠡ᠂ ᠰᠢᠨ᠎ᠡ ᠡᠨᠧᠷᠭᠢ ᠨᠥᠭᠡᠴᠡᠯᠡᠵᠦ ᠰᠦᠯᠵᠢᠶ᠎ᠡ ᠳᠤ ᠨᠡᠪᠲᠡᠷᠡᠭᠦᠯᠬᠦ ᠪᠠ ᠲᠣᠬᠢᠷᠠᠭᠤᠯᠤᠨ ᠵᠣᠬᠢᠴᠠᠭᠤᠯᠵᠤ | ᠪᠠᠲᠤᠯᠠᠬᠤ ᠶᠢ ᠴᠢᠩᠭᠠᠷᠠᠭᠤᠯᠤᠨ᠎ᠠ | | ︵ᠠᠷᠪᠠ︶ ᠰᠢᠨ᠎ᠡ ᠡᠨᠧᠷᠭᠢ ᠨᠥᠭᠡᠴᠡᠯᠡᠬᠦ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠮᠤᠵᠢ ᠶᠢᠨ ᠱᠠᠲᠤᠨ ᠤ ᠡᠨᠧᠷᠭᠢ ᠶᠢᠨ ᠰᠤᠷᠪᠤᠯᠵᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ | ᠨᠢᠭᠡᠴᠢ ᠲᠠᠢ ᠬᠠᠮᠲᠤᠷᠠᠨ ᠰᠢᠨ᠎ᠡ ᠡᠨᠧᠷᠭᠢ ᠨᠥᠭᠡᠴᠡᠯᠡᠬᠦ ᠵᠦᠢᠯᠡᠰ ᠤᠨ ᠬᠠᠮᠢᠶᠠᠷᠤᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠲᠤᠰ ᠭᠠᠵᠠᠷ ᠣᠷᠣᠨ ᠤ ᠪᠠᠨ ᠰᠢᠨ᠎ᠡ ᠡᠨᠧᠷᠭᠢ ᠨᠥᠭᠡᠴᠡᠯᠡᠬᠦ ᠪᠠ | ᠲᠥᠯᠥᠪᠵᠢᠭᠦᠯᠬᠦ᠂ ᠳᠠᠩᠰᠠᠯᠠᠬᠤ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠰᠢᠯᠵᠢᠭᠦᠯᠦᠨ ᠬᠡᠷᠡᠭᠯᠡᠬᠦ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | | ︵ᠠᠷᠪᠠᠨ ᠨᠢᠭᠡ︶ ᠰᠢᠨ᠎ᠡ ᠡᠨᠧᠷᠭᠢ ᠨᠥᠭᠡᠴᠡᠯᠡᠵᠦ ᠰᠦᠯᠵᠢᠶ᠎ᠡ ᠳᠤ ᠨᠡᠪᠲᠡᠷᠡᠭᠦᠯᠬᠦ ᠦᠢᠯᠡᠴᠢᠯᠡᠭᠡ ᠶᠢ | ᠰᠠᠶᠢᠲᠤᠷ ᠭᠦᠢᠴᠡᠳᠬᠡᠨ᠎ᠡ᠃ ᠴᠠᠬᠢᠯᠭᠠᠨ ᠤ ᠲᠣᠣᠷ ᠤᠨ ᠠᠵᠤ ᠠᠬᠤᠶᠢᠯᠠᠯ ᠵᠢᠴᠢ ᠴᠠᠬᠢᠯᠭᠠᠨ ᠬᠦᠴᠦᠨ ᠤ | ᠵᠣᠬᠢᠴᠠᠭᠤᠯᠬᠤ ᠪᠠᠶᠢᠭᠤᠯᠤᠮᠵᠢ ᠨᠢ ᠡᠷᠬᠡ ᠲᠡᠭᠰᠢ ᠭᠠᠳᠠᠭᠤᠷᠴᠢᠯᠠᠯ ᠦᠭᠡᠢ ᠪᠠᠷ ᠰᠢᠨ᠎ᠡ ᠡᠨᠧᠷᠭᠢ ᠨᠥᠭᠡᠴᠡᠯᠡᠬᠦ ᠳᠤ | ᠴᠠᠬᠢᠯᠭᠠᠨ ᠤ ᠰᠦᠯᠵᠢᠶ᠎ᠡ ᠳᠤ ᠨᠡᠪᠲᠡᠷᠡᠭᠦᠯᠬᠦ ᠦᠢᠯᠡᠴᠢᠯᠡᠭᠡ ᠶᠢ ᠬᠠᠩᠭᠠᠵᠤ᠂ ᠮᠡᠷᠭᠡᠵᠢᠯ ᠤᠨ ᠵᠢᠯᠣᠭᠤᠳᠤᠯᠭ᠎ᠠ ᠶᠢ | ᠰᠠᠶᠢᠲᠤᠷ ᠬᠢᠵᠦ᠂ ᠰᠦᠯᠵᠢᠶ᠎ᠡ ᠳᠤ ᠨᠡᠪᠲᠡᠷᠡᠭᠦᠯᠬᠦ ᠴᠤᠪᠤᠷᠠᠯ ᠢ ᠰᠢᠯᠢᠳᠡᠭᠵᠢᠭᠦᠯᠦᠨ᠂ ᠰᠢᠨ᠎ᠡ ᠡᠨᠧᠷᠭᠢ | ᠨᠥᠭᠡᠴᠡᠯᠡᠬᠦ ᠶᠢᠨ ᠠᠮᠤᠷ ᠲᠦᠪᠰᠢᠨ ᠥᠨᠳᠥᠷ ᠦᠷ᠎ᠡ ᠠᠰᠢᠭ ᠲᠠᠢ ᠪᠠᠷ ᠰᠦᠯᠵᠢᠶ᠎ᠡ ᠳᠤ ᠨᠡᠪᠲᠡᠷᠡᠭᠦᠯᠬᠦ ᠶᠢ ᠪᠠᠲᠤᠯᠠᠬᠤ | ᠬᠡᠷᠡᠭᠲᠡᠢ᠃ | | ︵ᠠᠷᠪᠠᠨ ᠬᠤᠶᠠᠷ︶ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠰᠢᠨ᠎ᠡ ᠡᠨᠧᠷᠭᠢ ᠬᠠᠳᠠᠭᠠᠯᠠᠵᠤ | ᠰᠢᠯᠵᠢᠭᠦᠯᠦᠨ ᠬᠡᠷᠡᠭᠯᠡᠬᠦ ᠶᠢ ᠠᠬᠢᠭᠤᠯᠤᠨ᠎ᠠ᠃ ᠡᠯ᠎ᠡ ᠭᠠᠵᠠᠷ ᠤᠨ ᠬᠢᠨ ᠰᠢᠨ᠎ᠡ ᠡᠨᠧᠷᠭᠢ ᠨᠥᠭᠡᠴᠡᠯᠡᠬᠦ ᠣᠨᠴᠠᠯᠢᠭ ᠢ | ᠭᠦᠢᠴᠡᠳ ᠪᠣᠳᠣᠯᠬᠢᠯᠠᠵᠤ᠂ ᠰᠢᠨ᠎ᠡ ᠡᠨᠧᠷᠭᠢ ᠨᠥᠭᠡᠴᠡᠯᠡᠬᠦ ᠪᠠ ᠴᠠᠬᠢᠯᠭᠠᠨ ᠤ ᠡᠨᠧᠷᠭᠢ ᠶᠢᠨ ᠵᠠᠬ᠎ᠠ ᠳᠡᠯᠭᠡᠭᠦᠷ ᠪᠠ | ᠲᠤᠰᠠᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠣᠷᠣᠯᠴᠠᠬᠤ ᠬᠤᠯᠪᠣᠭᠳᠠᠯ ᠪᠦᠬᠦᠢ ᠨᠠᠷᠢᠨ ᠳᠦᠷᠢᠮ ᠢ | ᠲᠡᠭᠦᠯᠳᠡᠷᠵᠢᠭᠦᠯᠬᠦ ᠶᠢ ᠲᠦᠷᠭᠡᠳᠬᠡᠨ ᠠᠬᠢᠭᠤᠯᠵᠤ᠂ ᠠᠷᠠᠯᠵᠢᠶᠠᠨ ᠤ ᠲᠥᠷᠥᠯ ᠵᠦᠢᠯ ᠢ ᠪᠠᠶᠠᠯᠢᠭᠵᠢᠭᠤᠯᠤᠨ᠂ ᠢᠵᠢ | ᠪᠦᠷᠢᠳᠦᠭᠦᠯᠬᠦ ᠲᠥᠷᠥ ᠶᠢᠨ ᠪᠣᠳᠣᠯᠭ᠎ᠠ᠂ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ | ᠪᠣᠳᠣᠯᠬᠢᠯᠠᠵᠤ᠂ ᠠᠮᠢᠳᠤᠯᠢᠭ ᠪᠥᠭᠡᠳ ᠪᠦᠲᠦᠮᠵᠢᠲᠡᠶ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠳᠠᠮᠵᠢᠭᠤᠯᠤᠨ᠂ | ᠰᠢᠨ᠎ᠡ ᠡᠨᠧᠷᠭᠢ ᠨᠥᠭᠡᠴᠡᠯᠡᠬᠦ ᠪᠠ ︽ᠨᠢᠭᠡ ᠴᠣᠭᠴᠠᠵᠢᠭᠤᠯᠤᠨ ᠣᠯᠠᠨ ᠬᠡᠷᠡᠭᠴᠡᠭᠡᠲᠦ᠂ ᠴᠠᠭ ᠬᠤᠪᠢᠶᠠᠨ ᠳᠠᠬᠢᠨ | ᠬᠡᠷᠡᠭᠯᠡᠬᠦ︾ ᠶᠢ ᠠᠬᠢᠭᠤᠯᠵᠤ᠂ ᠰᠢᠨ᠎ᠡ ᠡᠨᠧᠷᠭᠢ ᠨᠥᠭᠡᠴᠡᠯᠡᠬᠦ ᠶᠢᠨ ᠵᠠᠬ᠎ᠠ ᠳᠡᠯᠭᠡᠭᠦᠷᠴᠢᠯᠡᠭᠰᠡᠨ ᠬᠤᠳᠠᠯᠳᠤᠭᠠᠨ ᠤ | ᠵᠠᠭᠪᠤᠷ ᠢ ᠤᠯᠠᠮ ᠪᠠᠶᠠᠯᠢᠭᠵᠢᠭᠤᠯᠤᠨ᠎ᠠ᠃ | | ︵ᠠᠷᠪᠠᠨ ᠭᠤᠷᠪᠠ︶ ᠰᠢᠨ᠎ᠡ ᠡᠨᠧᠷᠭᠢ ᠨᠥᠭᠡᠴᠡᠯᠡᠬᠦ ᠪᠠ ᠲᠣᠣᠷ ᠲᠤ ᠨᠡᠶᠢᠯᠡᠭᠦᠯᠦᠨ ᠵᠣᠬᠢᠴᠠᠭᠤᠯᠬᠤ ᠳᠤ | ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠶᠢᠨ | ᠲᠣᠮᠢᠯᠠᠭᠰᠠᠨ ᠪᠠᠶᠢᠭᠤᠯᠤᠮᠵᠢ᠂ ᠮᠤᠵᠢ ᠶᠢᠨ ᠱᠠᠲᠤᠨ ᠤ ᠡᠨᠧᠷᠭᠢ ᠶᠢᠨ ᠰᠤᠷᠪᠤᠯᠵᠢ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠰᠢᠨ᠎ᠡ ᠡᠨᠧᠷᠭᠢ ᠶᠢᠨ ᠬᠠᠳᠠᠭᠠᠯᠠᠮᠵᠢ ᠶᠢ | ᠰᠦᠯᠵᠢᠶ᠎ᠡ ᠳᠤ ᠨᠡᠪᠲᠡᠷᠡᠭᠦᠯᠬᠦ ᠪᠠ ᠵᠣᠬᠢᠴᠠᠭᠤᠯᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ | ᠡᠨᠧᠷᠭᠢ ᠶᠢᠨ ᠬᠠᠳᠠᠭᠠᠯᠠᠮᠵᠢ ᠶᠢ ᠰᠦᠯᠵᠢᠶ᠎ᠡ ᠳᠤ ᠨᠡᠪᠲᠡᠷᠡᠭᠦᠯᠬᠦ ᠪᠠ ᠵᠣᠬᠢᠴᠠᠭᠤᠯᠬᠤ ᠠᠵᠢᠯ ᠤᠨ ᠬᠠᠮᠢᠶᠠᠷᠴᠤ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠮᠠᠷᠭᠤᠯᠳᠤᠭᠠᠨ ᠢ | ᠵᠣᠬᠢᠴᠠᠭᠤᠯᠤᠨ ᠰᠢᠢᠳᠪᠦᠷᠢᠯᠡᠨ᠎ᠡ᠃ ᠠᠵᠢᠯ ᠤᠨ ᠳᠤᠮᠳᠠ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠴᠠᠭ | ᠲᠤᠬᠠᠢ ᠳᠤᠨᠢ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃ | | ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠮᠥᠷᠳᠡᠨ᠎ᠡ᠂ ᠬᠦᠴᠦᠨ ᠲᠠᠢ ᠬᠤᠭᠤᠴᠠᠭ᠎ᠠ ᠨᠢ | ᠲᠠᠪᠤᠨ ᠵᠢᠯ ᠪᠣᠯᠣᠨ᠎ᠠ᠃ | | ᠤᠯᠤᠰ ᠤᠨ ᠡᠨᠧᠷᠭᠢ ᠶᠢᠨ ᠲᠣᠪᠴᠢᠶ᠎ᠠ | 2024 ᠣᠨ ᠤ 4 ᠳ᠋ᠦ᠋ᠭᠡᠷ ᠰᠠᠷ᠎ᠠ ᠶᠢᠨ 2 | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠰᠢᠨ᠎ᠡ ᠡᠨᠧᠷᠭᠢ ᠶᠢ ᠨᠥᠭᠡᠴᠡᠯᠡᠬᠦ᠂ ᠡᠷᠴᠢᠮ | ᠬᠦᠴᠦᠨ ᠤ ᠰᠦᠯᠵᠢᠶ᠎ᠡ ᠳᠤ ᠨᠡᠪᠲᠡᠷᠡᠭᠦᠯᠬᠦ ᠪᠠ ᠳᠠᠮᠵᠢᠭᠤᠯᠬᠤ ᠶᠢ ᠠᠬᠢᠭᠤᠯᠬᠤ ᠲᠤᠬᠠᠢ ᠮᠡᠳᠡᠭᠳᠡᠯ︾ ᠠᠯᠠᠱᠠ ᠵᠡᠭᠦᠨ | ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠲᠠᠶᠢᠯᠤᠮᠵᠢ | | |