| | 14 ᠳ᠋ᠦ᠋ᠭᠡᠷ ᠲᠣᠭᠠᠲᠤ | | | | ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ | ᠲᠣᠭᠲᠠᠭᠠᠯ︾ ᠢ ᠨᠢᠭᠡᠨᠲᠡ 2023 ᠣᠨ ᠤ 12 ᠳ᠋ᠤᠭᠠᠷ ᠰᠠᠷ᠎ᠠ ᠶᠢᠨ 25 ᠤ ᠡᠳᠦᠷ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠬᠠᠮᠢᠶᠠᠷᠤᠯᠲᠠ ᠶᠢᠨ ᠶᠠᠮᠤᠨ ᠤ 32 ᠳ᠋ᠤᠭᠠᠷ ᠤᠳᠠᠭᠠᠨ ᠤ ᠶᠠᠮᠤᠨ ᠤ ᠶᠠᠪᠤᠳᠠᠯ ᠤᠨ ᠬᠤᠷᠠᠯᠳᠤᠭᠠᠨ ᠠᠴᠠ | ᠬᠢᠨᠠᠨ ᠶᠠᠷᠢᠯᠴᠠᠵᠤ ᠪᠠᠲᠤᠯᠠᠪᠠ᠂ ᠤᠳᠤ ᠨᠡᠶᠢᠲᠡᠯᠡᠶ᠎ᠡ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠮᠥᠷᠳᠡᠨ᠎ᠡ᠃ | | ᠰᠠᠶᠢᠳ ᠸᠠᠩ ᠰᠢᠶᠠᠩ ᠰᠢ | | 2024 ᠣᠨ ᠤ 1ᠳ᠋ᠦ᠋ᠭᠡᠷ ᠰᠠᠷ᠎ᠠ ᠶᠢᠨ 10 | | | | ᠨᠢᠭᠡᠳᠦᠭᠡᠷ ᠵᠦᠢᠯ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠰᠡᠷᠭᠡᠶᠢᠯᠡᠬᠦ ᠪᠠ | ᠪᠠᠭᠠᠰᠬᠠᠬᠤ ᠵᠣᠷᠢᠯᠭ᠎ᠠ ᠪᠠᠷ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ | ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠤ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ | ᠡ᠊ᠨᠳᠡᠯ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠵᠥᠪ ᠬᠡᠷᠡᠭᠯᠡᠵᠦ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠵᠡᠷᠭᠡ ᠲᠣᠭᠲᠠᠭᠠᠯ ᠶᠣᠰᠣᠭᠠᠷ | ᠲᠤᠰ ᠲᠣᠭᠲᠠᠭᠠᠯ ᠢ ᠲᠣᠭᠲᠠᠭᠠᠪᠠ᠃ | | ᠬᠤᠶᠠᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠪᠣᠯᠣᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠭᠠᠷᠤᠭᠰᠠᠨ ᠨᠢᠭᠡᠴᠢ ︵ᠳᠣᠷᠣᠭᠰᠢ ᠡ᠊ᠨᠳᠡᠯ ᠭᠠᠷᠤᠭᠰᠠᠨ ᠨᠢᠭᠡᠴᠢ ᠭᠡᠵᠦ ᠲᠣᠪᠴᠢᠯᠠᠨ᠎ᠠ︶ | ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠳᠤ ᠪᠤᠰᠤᠳ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠢ | ᠬᠠᠮᠢᠶᠠᠷᠬᠤ ᠠᠵᠢᠯᠲᠠᠨ ᠵᠢᠴᠢ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠲᠠᠨ᠂ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠥᠨ ᠵᠡᠷᠭᠡ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠲᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠪᠠ ︽ | ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ | ᠶᠣᠰᠣᠭᠠᠷ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠳᠤ ᠲᠤᠰ ᠲᠣᠭᠲᠠᠭᠠᠯ ᠢ | ᠬᠡᠷᠡᠭᠯᠡᠨ᠎ᠡ᠃ | | ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠡ᠊ᠨᠳᠡᠯ ᠭᠠᠷᠤᠭᠰᠠᠨ ᠨᠢᠭᠡᠴᠢ ᠭᠡᠳᠡᠭ ᠨᠢ | ᠡ᠊ᠨᠳᠡᠯ ᠭᠠᠷᠤᠭᠰᠠᠨ ᠶᠠᠪᠤᠳᠠᠯ ᠳᠤ ᠬᠠᠷᠢᠭᠤᠴᠠᠯᠭ᠎ᠠ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠢᠭᠠᠵᠤ | ᠪᠠᠶᠢᠨ᠎ᠠ᠃ | | ᠲᠤᠰ ᠲᠣᠭᠲᠠᠭᠠᠯ ᠳᠤ ᠬᠡᠯᠡᠵᠦ ᠪᠠᠶᠢᠭ᠎ᠠ ᠭᠤᠣᠯ ᠬᠠᠷᠢᠭᠤᠴᠠᠯᠭᠠᠲᠠᠨ ᠭᠡᠳᠡᠭ ᠨᠢ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠂ ᠶᠡᠷᠦᠩᠬᠡᠢ ᠳᠠᠭᠠᠭᠠᠮᠠᠯ ᠪᠤᠶᠤ ᠬᠤᠪᠢ ᠬᠥᠮᠥᠨ ᠤ ᠡᠵᠡᠩᠨᠡᠯᠲᠡ ᠶᠢᠨ ᠪᠡᠯᠡ ᠣᠷᠣᠭᠤᠯᠤᠭᠴᠢ᠂ ᠪᠤᠰᠤᠳ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢ ᠶᠢᠨ ᠳᠠᠷᠤᠭ᠎ᠠ᠂ ᠵᠢᠩᠯᠢ᠂ ᠠᠭᠤᠷᠬᠠᠢ ᠶᠢᠨ ᠳᠠᠷᠤᠭ᠎ᠠ | ︵ᠪᠣᠳᠠᠲᠠᠢ ᠡᠵᠡᠮᠳᠡᠭᠴᠢ ᠶᠢ ᠪᠠᠭᠲᠠᠭᠠᠨ᠎ᠠ︶ ᠵᠡᠷᠭᠡ ᠬᠥᠮᠥᠰ ᠢ ᠵᠢᠭᠠᠵᠤ ᠪᠠᠶᠢᠨ᠎ᠠ᠃ | | ᠳᠥᠷᠪᠡᠳᠦᠭᠡᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠡ᠊ᠨᠳᠡᠯ ᠭᠠᠷᠤᠭᠰᠠᠨ ᠨᠢᠭᠡᠴᠢ ᠶᠢᠨ ᠭᠤᠣᠯ | ᠬᠠᠷᠢᠭᠤᠴᠠᠯᠭᠠᠲᠠᠨ᠂ ᠪᠤᠰᠤᠳ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠵᠢᠴᠢ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ᠂ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠥᠨ ᠤ ᠲᠦᠷᠦᠭᠦᠦ ᠨᠢᠭᠡ ᠵᠢᠯ ᠤᠨ ᠣᠷᠣᠯᠭ᠎ᠠ ᠨᠢ ᠤᠯᠤᠰ ᠤᠨ ᠥᠮᠴᠢᠯᠡᠯ ᠤᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠳᠤ ᠲᠣᠭᠠᠴᠠᠭᠳᠠᠪᠠᠯ᠂ ᠲᠤᠰ ᠨᠢᠭᠡᠴᠢ ᠶᠢᠨ ᠳᠡᠭᠡᠳᠦ ᠱᠠᠲᠤᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠭᠰᠠᠨ ᠲᠦᠷᠦᠭᠦᠦ ᠨᠢᠭᠡ ᠵᠢᠯ ᠤᠨ ᠣᠷᠣᠯᠭ᠎ᠠ ᠶᠢᠨ ᠶᠡᠷᠦᠩᠬᠡᠢ ᠲᠤᠭ᠎ᠠ ᠶᠢ ᠵᠢᠭᠠᠵᠤ | ᠪᠠᠶᠢᠨ᠎ᠠ︔ ᠤᠯᠤᠰ ᠤᠨ ᠥᠮᠴᠢᠯᠡᠯ ᠤᠨ ᠪᠤᠰᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠬᠠᠷᠢᠶᠠᠯᠠᠭᠳᠠᠬᠤ | ᠭᠡᠳᠡᠭ ᠨᠢ ᠡᠳ᠋ ᠤᠨ ᠶᠠᠪᠤᠳᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ | ᠲᠦᠷᠦᠭᠦᠦ ᠨᠢᠭᠡ ᠵᠢᠯ ᠤᠨ ᠣᠷᠣᠯᠭ᠎ᠠ ᠶᠢᠨ ᠪᠦᠬᠦ ᠲᠤᠭ᠎ᠠ ᠶᠢ ᠵᠢᠭᠠᠵᠤ ᠪᠠᠶᠢᠨ᠎ᠠ᠃ | | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠤᠶᠤ ᠡᠳ᠋ ᠤᠨ | ᠶᠠᠪᠤᠳᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠢᠨᠠᠨ ᠲᠣᠭᠲᠠᠭᠠᠬᠤ ᠶᠢᠨ ᠠᠷᠭ᠎ᠠ ᠦᠭᠡᠢ ᠵᠡᠷᠭᠡ | ᠰᠢᠯᠲᠠᠭᠠᠨ ᠠᠴᠠ ᠪᠣᠯᠵᠤ ᠬᠤᠯᠪᠣᠭᠳᠠᠯ ᠪᠦᠬᠦᠢ ᠬᠥᠮᠥᠰ ᠤᠨ ᠲᠦᠷᠦᠭᠦᠦ ᠨᠢᠭᠡ ᠵᠢᠯ ᠤᠨ ᠣᠷᠣᠯᠭ᠎ᠠ ᠶᠢ | ᠲᠣᠭᠲᠠᠭᠠᠬᠤ ᠳᠤ ᠪᠡᠷᠬᠡᠲᠡᠢ ᠪᠣᠯᠭᠠᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠠᠷᠭ᠎ᠠ ᠪᠠᠷ ᠲᠣᠭᠲᠠᠭᠠᠨ᠎ᠠ᠄ | | ︵ᠨᠢᠭᠡ︶ ᠭᠤᠣᠯ ᠬᠠᠷᠢᠭᠤᠴᠠᠯᠭᠠᠲᠠᠨ ᠤ ᠲᠦᠷᠦᠭᠦᠦ ᠨᠢᠭᠡ ᠵᠢᠯ ᠤᠨ ᠣᠷᠣᠯᠭ᠎ᠠ ᠶᠢ ᠲᠤᠰ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠦᠷᠦᠭᠦᠦ ᠨᠢᠭᠡ ᠵᠢᠯ ᠤᠨ ᠬᠤᠲᠠ ᠪᠠᠯᠭᠠᠰᠤᠨ ᠤ | ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠤᠨ 5 ᠲᠠᠬᠢᠨ ᠠᠴᠠ ᠳᠡᠭᠡᠭᠰᠢ 10 ᠲᠠᠬᠢᠨ ᠠᠴᠠ | ᠳᠣᠭᠤᠭᠰᠢ ᠪᠠᠷ ᠪᠣᠳᠣᠨ᠎ᠠ︔ | | ︵ᠬᠤᠶᠠᠷ︶ ᠪᠤᠰᠤᠳ ᠬᠠᠷᠢᠭᠤᠴᠠᠯᠭᠠᠲᠠᠨ᠂ ᠠᠶᠤᠯᠭᠦᠢ ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠵᠢᠴᠢ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ᠂ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠥᠨ ᠤ ᠲᠦᠷᠦᠭᠦᠦ ᠨᠢᠭᠡ ᠵᠢᠯ ᠤᠨ ᠣᠷᠣᠯᠭ᠎ᠠ ᠶᠢ ᠲᠤᠰ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠲᠦᠷᠦᠭᠦᠦ ᠨᠢᠭᠡ ᠵᠢᠯ ᠤᠨ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠣᠭᠰᠠᠳ ᠤᠨ | ᠳᠤᠮᠳᠠᠴᠢ ᠴᠠᠯᠢᠩ ᠤᠨ 1 ᠲᠠᠬᠢᠨ ᠠᠴᠠ ᠳᠡᠭᠡᠭᠰᠢ 5 ᠲᠠᠬᠢᠨ ᠠᠴᠠ ᠳᠣᠭᠤᠭᠰᠢ ᠪᠠᠷ ᠪᠤᠳᠤᠨ᠎ᠠ᠃ | | ᠲᠠᠪᠤᠳᠤᠭᠠᠷ ᠵᠦᠢᠯ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ | ᠰᠢᠢᠳᠪᠦᠷᠢᠯᠡᠬᠦ ᠳᠦᠷᠢᠮ︾ ᠳᠤ ᠬᠡᠯᠡᠵᠦ ᠪᠠᠶᠢᠭ᠎ᠠ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ | ᠬᠤᠳᠠᠯ ᠢᠶᠠᠷ ᠮᠡᠳᠡᠭᠦᠯᠬᠦ ᠪᠠ ᠮᠡᠳᠡᠭᠦᠯᠬᠦ ᠦᠭᠡᠢ ᠨᠢᠭᠤᠬᠤ ᠶᠢ ᠳᠠᠷᠠᠭᠠᠬᠢ ᠵᠢᠭᠰᠠᠭᠠᠭᠰᠠᠨ ᠪᠠᠶᠢᠳᠠᠯ ᠢᠶᠠᠷ ᠮᠠᠭᠠᠳᠯᠠᠨ | ᠲᠣᠭᠲᠠᠭᠠᠨ᠎ᠠ᠄ | | ︵ᠨᠢᠭᠡ︶ ᠡ᠊ᠨᠳᠡᠯ ᠢ ᠮᠡᠳᠡᠭᠦᠯᠦᠭᠰᠡᠨ ᠴᠠᠭ ᠨᠢ ᠲᠣᠭᠲᠠᠭᠰᠠᠨ ᠬᠤᠭᠤᠴᠠᠭ᠎ᠠ ᠠᠴᠠ ᠬᠡᠲᠦᠷᠡᠭᠰᠡᠨ ᠪᠠᠶᠢᠪᠠᠯ᠂ | ᠤᠳᠠᠭᠠᠰᠢᠷᠠᠭᠤᠯᠤᠨ ᠮᠡᠳᠡᠭᠦᠯᠦᠭᠰᠡᠨ ᠳᠤ ᠲᠣᠭᠠᠴᠠᠭᠳᠠᠨ᠎ᠠ︔ | | ︵ᠬᠤᠶᠠᠷ︶ ᠡ᠊ᠨᠳᠡᠯ ᠠᠴᠠ ᠪᠣᠯᠵᠤ ᠳᠡᠭᠡᠭᠰᠢ ᠮᠡᠳᠡᠭᠦᠯᠬᠦ ᠶᠣᠰᠣᠲᠠᠢ ᠡ᠊ᠨᠳᠡᠯ ᠪᠤᠶᠤ ᠡ᠊ᠨᠳᠡᠯ ᠭᠠᠷᠤᠭᠰᠠᠨ ᠴᠠᠭ | ᠂ ᠭᠠᠵᠠᠷ᠂ ᠲᠦᠷᠦᠯ ᠢᠯᠭᠠᠯ᠂ ᠦᠬᠦᠵᠦ ᠰᠢᠷᠬᠠᠲᠤᠭᠰᠠᠨ ᠬᠥᠮᠥᠨ ᠤ ᠲᠤᠭ᠎ᠠ᠂ ᠠᠵᠤ ᠠᠬᠤᠢ ᠶᠢᠨ ᠰᠢᠭᠤᠳ | ᠬᠤᠬᠢᠷᠠᠯ ᠵᠡᠷᠭᠡ ᠠᠭᠤᠯᠭ᠎ᠠ ᠶᠢ ᠣᠷᠬᠢᠭᠳᠠᠭᠤᠯᠤᠨ ᠮᠡᠳᠡᠭᠦᠯᠦᠭᠰᠡᠨ ᠦᠭᠡᠢ ᠪᠠᠶᠢᠪᠠᠯ᠂ ᠣᠷᠬᠢᠭᠳᠠᠭᠤᠯᠤᠨ | ᠮᠡᠳᠡᠭᠦᠯᠦᠭᠰᠡᠨ ᠳᠤ ᠲᠣᠭᠠᠴᠠᠭᠳᠠᠨ᠎ᠠ︔ ︵ᠬᠤᠶᠠᠷ︶ ᠡ᠊ᠨᠳᠡᠯ ᠠᠴᠠ ᠪᠣᠯᠵᠤ ᠳᠡᠭᠡᠭᠰᠢ ᠮᠡᠳᠡᠭᠦᠯᠬᠦ ᠶᠣᠰᠣᠲᠠᠢ ᠡ᠊ᠨᠳᠡᠯ | ᠪᠤᠶᠤ ᠡ᠊ᠨᠳᠡᠯ ᠭᠠᠷᠤᠭᠰᠠᠨ ᠴᠠᠭ᠂ ᠭᠠᠵᠠᠷ᠂ ᠲᠦᠷᠦᠯ ᠢᠯᠭᠠᠯ᠂ ᠦᠬᠦᠵᠦ ᠰᠢᠷᠬᠠᠲᠤᠭᠰᠠᠨ ᠬᠥᠮᠥᠨ ᠤ ᠲᠤᠭ᠎ᠠ᠂ | ᠠᠵᠤ ᠠᠬᠤᠢ ᠶᠢᠨ ᠰᠢᠭᠤᠳ ᠬᠤᠬᠢᠷᠠᠯ ᠵᠡᠷᠭᠡ ᠠᠭᠤᠯᠭ᠎ᠠ ᠶᠢ ᠣᠷᠬᠢᠭᠳᠠᠭᠤᠯᠤᠨ ᠮᠡᠳᠡᠭᠦᠯᠦᠭᠰᠡᠨ ᠦᠭᠡᠢ ᠪᠠᠶᠢᠪᠠᠯ᠂ | ᠣᠷᠬᠢᠭᠳᠠᠭᠤᠯᠤᠨ ᠮᠡᠳᠡᠭᠦᠯᠦᠭᠰᠡᠨ ᠳᠤ ᠲᠣᠭᠠᠴᠠᠭᠳᠠᠨ᠎ᠠ︔ | | ︵ᠭᠤᠷᠪᠠ︶ ᠡ᠊ᠨᠳᠡᠯ ᠭᠠᠷᠤᠭᠰᠠᠨ ᠴᠠᠭ᠂ ᠭᠠᠵᠠᠷ᠂ ᠠᠩᠬ᠎ᠠ ᠠᠯᠬᠤᠮ ᠤᠨ ᠰᠢᠯᠲᠠᠭᠠᠨ᠂ ᠰᠢᠨᠵᠢ ᠴᠢᠨᠠᠷ᠂ | ᠦᠬᠦᠵᠦ ᠰᠢᠷᠬᠠᠲᠤᠭᠰᠠᠨ ᠬᠥᠮᠥᠨ ᠤ ᠲᠤᠭ᠎ᠠ ᠪᠠ ᠠᠶᠤᠯ ᠳᠤ ᠬᠤᠯᠪᠣᠭᠳᠠᠭᠰᠠᠨ ᠬᠥᠮᠥᠨ ᠤ ᠲᠤᠭ᠎ᠠ᠂ ᠠᠵᠤ | ᠠᠬᠤᠢ ᠶᠢᠨ ᠰᠢᠭᠤᠳ ᠬᠤᠬᠢᠷᠠᠯ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠵᠣᠷᠢᠭᠤᠳᠠ ᠦᠨᠡᠨ ᠮᠥᠨ ᠢᠶᠠᠷ ᠨᠢ | ᠮᠡᠳᠡᠭᠦᠯᠦᠭᠰᠡᠨ ᠦᠭᠡᠢ ᠪᠠᠶᠢᠪᠠᠯ᠂ ᠬᠤᠳᠠᠯ ᠢᠶᠠᠷ ᠮᠡᠳᠡᠭᠦᠯᠦᠭᠰᠡᠨ ᠳᠤ ᠲᠣᠭᠠᠴᠠᠭᠳᠠᠨ᠎ᠠ︔ | | ︵ᠳᠥᠷᠪᠡ︶ ᠨᠢᠭᠡᠨᠲᠡ ᠭᠠᠷᠤᠭᠰᠠᠨ ᠡ᠊ᠨᠳᠡᠯ ᠢ ᠨᠢᠭᠤᠨ ᠳᠠᠯᠳᠠᠯᠠᠵᠤ᠂ ᠲᠣᠭᠲᠠᠭᠰᠠᠨ ᠴᠠᠭ | ᠬᠤᠭᠤᠴᠠᠭ᠎ᠠ ᠠᠴᠠ ᠬᠡᠲᠦᠷᠡᠲᠡᠯ᠎ᠡ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠮᠡᠳᠡᠭᠦᠯᠦᠭᠰᠡᠨ ᠦᠭᠡᠢ᠂ ᠪᠠᠶᠢᠴᠠᠭᠠᠨ ᠲᠣᠳᠣᠯᠠᠭᠠᠳ ᠦᠨᠡᠨ ᠮᠠᠭᠠᠳ ᠪᠠᠶᠢᠪᠠᠯ᠂ ᠮᠡᠳᠡᠭᠦᠯᠬᠦ ᠦᠭᠡᠢ ᠨᠢᠭᠤᠭᠰᠠᠨ ᠳᠤ | ᠲᠣᠭᠠᠴᠠᠭᠳᠠᠨ᠎ᠠ᠃ | | ᠵᠢᠷᠭᠤᠳᠤᠭᠠᠷ ᠵᠦᠢᠯ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠳᠠᠷᠠᠭᠠᠬᠢ | ᠵᠢᠭᠰᠠᠭᠠᠭᠰᠠᠨ ᠲᠣᠭᠲᠠᠭᠠᠯ ᠶᠣᠰᠣᠭᠠᠷ ᠲᠣᠭᠲᠠᠭᠠᠨ᠎ᠠ᠄ | | ︵ᠨᠢᠭᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠣᠭᠲᠠᠭᠠᠨ᠎ᠠ︔ | | ︵ᠬᠤᠶᠠᠷ︶ ᠬᠦᠨᠳᠦ ᠬᠡᠴᠡᠭᠦᠦ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠣᠭᠲᠠᠭᠠᠨ᠎ᠠ︔ | | ︵ᠭᠤᠷᠪᠠ︶ ᠳᠤᠮᠳᠠ ᠵᠡᠷᠭᠡ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠲᠣᠭᠤᠷᠢᠭ | ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ︔ | | ︵ᠳᠥᠷᠪᠡ︶ ᠡ᠊ᠩ ᠤᠨ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠣᠭᠲᠠᠭᠠᠨ᠎ᠠ᠃ | | ᠳᠡᠭᠡᠳᠦ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠳᠣᠣᠷ᠎ᠠ ᠨᠢᠭᠡ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ | ᠵᠢᠭᠠᠨ ᠲᠣᠭᠲᠠᠭᠠᠵᠤ ᠡ᠊ᠨᠳᠡᠯ ᠭᠠᠷᠤᠭᠰᠠᠨ ᠨᠢᠭᠡᠴᠢ ᠵᠢᠴᠢ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠳᠤ | ᠵᠠᠰᠠᠭ ᠵᠠᠬᠢᠷᠭᠠᠨ ᠤ ᠰᠢᠢᠳᠬᠡᠯ ᠥᠭᠴᠦ ᠪᠣᠯᠣᠨ᠎ᠠ᠃ | | ᠳᠣᠯᠣᠳᠤᠭᠠᠷ ᠵᠦᠢᠯ ᠨᠡᠭᠦᠷᠡᠰᠦᠨ ᠠᠭᠤᠷᠬᠠᠢ ᠶᠢᠨ ᠡ᠊ᠨᠳᠡᠯ ᠭᠠᠷᠤᠭᠰᠠᠨ ᠨᠢᠭᠡᠴᠢ ᠵᠢᠴᠢ ᠲᠡᠭᠦᠨ ᠤ | ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ | ᠰᠢᠢᠳᠬᠡᠯ ᠢ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠄ | | ︵ᠨᠢᠭᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠭᠠᠭᠰᠠᠨ ᠨᠡᠭᠦᠷᠡᠰᠦᠨ ᠠᠭᠤᠷᠬᠠᠢ ᠵᠢᠴᠢ ᠲᠡᠭᠦᠨ ᠤ | ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ | ᠰᠢᠢᠳᠬᠡᠯ ᠢ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ ᠠᠴᠠ ᠲᠣᠭᠲᠠᠭᠠᠨ᠎ᠠ︔ | | ︵ᠬᠤᠶᠠᠷ︶ ᠬᠦᠨᠳᠦ ᠬᠡᠴᠡᠭᠦᠦ ᠡ᠊ᠨᠳᠡᠯ᠂ ᠳᠤᠮᠳᠠ ᠵᠡᠷᠭᠡ ᠡ᠊ᠨᠳᠡᠯ ᠪᠠ ᠡᠩ ᠤᠨ ᠡ᠊ᠨᠳᠡᠯ ᠭᠠᠷᠤᠭᠰᠠᠨ | ᠨᠡᠭᠦᠷᠡᠰᠦᠨ ᠠᠭᠤᠷᠬᠠᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠲᠣᠷᠭᠠᠭᠤᠯᠢ | ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ | ᠲᠣᠪᠴᠢᠶᠠᠨ ᠤ ᠮᠤᠵᠢ ᠶᠢᠨ ᠱᠠᠲᠤᠨ ᠤ ᠲᠣᠪᠴᠢᠶ᠎ᠠ ᠠᠴᠠ ᠲᠣᠭᠲᠠᠭᠠᠨ᠎ᠠ᠃ | | ᠳᠡᠭᠡᠳᠦ ᠱᠠᠲᠤᠨ ᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠳᠣᠣᠷ᠎ᠠ ᠨᠢᠭᠡ | ᠱᠠᠲᠤᠨ ᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠵᠢᠭᠠᠨ ᠲᠣᠭᠲᠠᠭᠠᠵᠤ ᠡ᠊ᠨᠳᠡᠯ | ᠭᠠᠷᠤᠭᠰᠠᠨ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠳᠤ ᠵᠠᠰᠠᠭ ᠵᠠᠬᠢᠷᠭᠠᠨ ᠤ | ᠰᠢᠢᠳᠬᠡᠯ ᠥᠭᠭᠦᠭᠦᠯᠵᠦ ᠪᠣᠯᠣᠨ᠎ᠠ᠃ | | ᠨᠠᠢᠮᠠᠳᠤᠭᠠᠷ ᠵᠦᠢᠯ ᠣᠨᠴᠠᠭᠠᠶ ᠬᠦᠨᠳᠦ ᠬᠡᠴᠡᠭᠦᠦ ᠡ᠊ᠨᠳᠡᠯ ᠠᠴᠠ ᠳᠣᠷᠣᠭᠰᠢᠬᠢ ᠵᠡᠷᠭᠡ ᠳᠡᠰ ᠤᠨ | ᠡ᠊ᠨᠳᠡᠯ ᠤᠨ ᠡ᠊ᠨᠳᠡᠯ ᠭᠠᠷᠤᠭᠰᠠᠨ ᠭᠠᠵᠠᠷ ᠪᠣᠯᠣᠨ ᠡ᠊ᠨᠳᠡᠯ ᠭᠠᠷᠤᠭᠰᠠᠨ ᠨᠢᠭᠡᠴᠢ ᠶᠢᠨ ᠪᠠᠶᠢᠭ᠎ᠠ ᠭᠠᠵᠠᠷ ᠨᠢ ᠠᠳᠠᠯᠢ | ᠨᠢᠭᠡᠨ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠳᠤ ᠪᠠᠶᠢᠬᠤ ᠦᠭᠡᠢ ᠪᠠᠶᠢᠪᠠᠯ᠂ ᠡ᠊ᠨᠳᠡᠯ | ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ | ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠲᠤᠰ ᠲᠣᠭᠲᠠᠭᠠᠯ ᠤᠨ ᠵᠢᠷᠭᠤᠳᠤᠭᠠᠷ | ᠵᠦᠢᠯ ᠪᠤᠶᠤ ᠳᠣᠯᠣᠳᠤᠭᠠᠷ ᠵᠦᠢᠯ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠤ | ᠰᠢᠢᠳᠬᠡᠯ ᠢ ᠬᠡᠷᠡᠭᠵᠢᠭᠦᠯᠦᠨ᠎ᠡ᠃ | | ᠶᠢᠰᠦᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ | ᠠᠭᠤᠷᠬᠠᠢ ᠶᠢᠨ ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠡ᠊ᠨᠳᠡᠯ ᠭᠠᠷᠤᠭᠰᠠᠨ ᠨᠢᠭᠡᠴᠢ ᠬᠢᠭᠡᠳ | ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠲᠤ ᠲᠣᠷᠭᠠᠭᠤᠯᠢ ᠣᠨᠣᠭᠳᠠᠭᠤᠯᠬᠤ ᠪᠠᠷ ᠵᠠᠰᠠᠭ ᠵᠠᠬᠢᠷᠭᠠᠨ ᠤ | ᠰᠢᠢᠳᠬᠡᠯ ᠣᠯᠭᠤᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠰᠢᠢᠳᠬᠡᠯ ᠤᠨ ᠬᠠᠤᠯᠢ︾᠂ ︽ᠠᠶᠦᠯᠭᠦᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠥᠢᠯᠡ | ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠣᠯᠭᠤᠬᠤ ᠠᠷᠭ᠎ᠠ︾ ᠵᠡᠷᠭᠡ ᠲᠣᠭᠲᠠᠭᠠᠯ ᠤᠨ ᠲᠡᠰ ᠳᠠᠷᠠᠭᠠᠯᠠᠯ ᠤᠨ | ᠶᠣᠰᠣᠭᠠᠷ ᠬᠡᠷᠡᠭᠵᠢᠭᠦᠯᠦᠨ᠎ᠡ᠃ | | ᠠᠷᠪᠠᠳᠤᠭᠠᠷ ᠵᠦᠢᠯ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠪᠣᠯᠣᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠵᠠᠰᠠᠭ ᠵᠠᠬᠢᠷᠭᠠᠨ ᠤ ᠰᠢᠢᠳᠬᠡᠯ | ᠣᠯᠭᠤᠬᠤ ᠠᠴᠠ ᠪᠠᠨ ᠡᠮᠦᠨ᠎ᠡ᠂ ᠲᠤᠬᠠᠢ ᠶᠢᠨ ᠬᠥᠮᠥᠨ ᠳᠤ ᠬᠠᠤᠯᠢ ᠶᠣᠰᠣᠭᠠᠷ ᠡᠳ᠋ᠯᠡᠬᠦ ᠲᠣᠭᠠᠴᠢᠯᠲᠠ ᠬᠢᠬᠦ᠂ | ᠵᠥᠪᠲᠥᠭᠡᠨ ᠲᠣᠳᠣᠷᠬᠠᠶᠢᠯᠠᠬᠤ᠂ ᠰᠠᠨᠠᠯ ᠰᠣᠨᠣᠰᠤᠭᠤᠯᠬᠤ ᠪᠠᠷ ᠱᠠᠭᠠᠷᠳᠠᠬᠤ ᠵᠡᠷᠭᠡ ᠡᠷᠬᠡ ᠶᠢ ᠬᠡᠯᠡᠵᠦ ᠣᠯᠭᠤᠬᠤ | ᠬᠡᠷᠡᠭᠲᠡᠢ︔ ᠲᠤᠬᠠᠢ ᠶᠢᠨ ᠬᠥᠮᠥᠨ ᠨᠢ ᠵᠠᠰᠠᠭ ᠵᠠᠬᠢᠷᠭᠠᠨ ᠤ ᠰᠢᠢᠳᠬᠡᠯ ᠢ ᠬᠦᠯᠢᠶᠡᠬᠦ ᠦᠭᠡᠢ ᠪᠣᠯ ᠬᠠᠤᠯᠢ ᠶᠣᠰᠣᠭᠠᠷ | ᠵᠠᠰᠠᠭ ᠵᠠᠬᠢᠷᠭᠠᠨ ᠢᠶᠠᠷ ᠲᠡᠬᠢᠠ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠡᠷᠬᠡ ᠲᠠᠢ᠃ | | | ᠠᠷᠪᠠᠨ ᠨᠢᠭᠡᠳᠦᠭᠡᠷ ᠵᠦᠢᠯ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠵᠠᠭᠤ | ᠠᠷᠪᠠᠳᠤᠭᠠᠷ ᠵᠦᠢᠯ᠂ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ | ᠳᠦᠷᠢᠮ︾ ᠤᠨ ᠭᠤᠴᠢᠨ ᠲᠠᠪᠤᠳᠤᠭᠠᠷ ᠵᠦᠢᠯ᠂ ᠭᠤᠴᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠳᠠᠷᠠᠭᠠᠬᠢ | ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ | ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠡ᠊ᠨᠳᠡᠯ ᠭᠠᠷᠤᠭᠰᠠᠨ ᠤ ᠲᠠᠷᠠᠭ᠎ᠠ | ᠲᠡᠷᠡ ᠳᠠᠷᠤᠢ ᠳᠤᠨᠢ ᠡ᠊ᠨᠳᠡᠯ ᠢ ᠵᠠᠪᠳᠤᠨ ᠠᠪᠤᠷᠠᠬᠤ ᠠᠵᠢᠯ ᠢ ᠵᠣᠬᠢᠶᠠᠨ ᠪᠠᠶᠢᠭᠤᠯᠤᠭᠰᠠᠨ ᠦᠭᠡᠢ᠂ ᠡᠰᠡᠬᠦᠯ᠎ᠡ | ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠬᠤᠭᠤᠴᠠᠭᠠᠨ ᠳᠤ ᠳᠤᠷ᠎ᠠ ᠮᠡᠳᠡᠨ ᠠᠵᠢᠯ ᠤᠨ ᠪᠠᠶᠢᠷᠢ ᠠᠴᠠ ᠪᠠᠨ ᠰᠠᠯᠤᠭᠰᠠᠨ᠂ | ᠡᠰᠡᠬᠦᠯ᠎ᠡ ᠡ᠊ᠨᠳᠡᠯ ᠢ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ | ᠮᠡᠳᠡᠭᠦᠯᠦᠭᠰᠡᠨ᠂ ᠡᠰᠡᠬᠦᠯ᠎ᠡ ᠡ᠊ᠨᠳᠡᠯ ᠭᠠᠷᠤᠭᠰᠠᠨ ᠤ ᠲᠠᠷᠠᠭ᠎ᠠ ᠤᠷᠭᠤᠵᠦ ᠳᠠᠯᠳᠠᠯᠠᠭᠰᠠᠨ ᠪᠠᠶᠢᠪᠠᠯ᠂ ᠳᠡᠭᠡᠷ᠎ᠡ ᠨᠢᠭᠡ | ᠵᠢᠯ ᠤᠨ ᠵᠢᠯ ᠤᠨ ᠣᠷᠣᠯᠭ᠎ᠠ ᠶᠢᠨ ᠬᠢᠨᠢ 60% ᠠᠴᠠ 80% ᠶᠢᠨ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ | ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠬᠦᠨᠳᠦ ᠬᠡᠴᠡᠭᠦᠦ ᠨᠡᠶᠢᠭᠡᠮ ᠤᠨ ᠨᠥᠯᠥᠭᠡ ᠭᠠᠷᠭᠠᠭᠰᠠᠨ | ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 80% ᠠᠴᠠ 100% ᠶᠢᠨ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠡ᠊ᠨᠳᠡᠯ ᠢ ᠮᠡᠳᠡᠭᠦᠯᠬᠦ ᠠᠴᠠ | ᠭᠤᠭᠤᠵᠢᠭᠳᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 40% ᠠᠴᠠ 60% ᠶᠢᠨ | ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ ᠠᠵᠢᠯ ᠢ ᠰᠠᠭᠠᠲᠠᠭᠠᠭᠰᠠᠨ ᠪᠤᠶᠤ | ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠬᠦᠨᠳᠦ ᠬᠡᠴᠡᠭᠦᠦ ᠨᠡᠶᠢᠭᠡᠮ ᠤᠨ | ᠨᠥᠯᠥᠭᠡ ᠭᠠᠷᠭᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60% ᠠᠴᠠ 80% | ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠡ᠊ᠨᠳᠡᠯ ᠤᠨ ᠲᠤᠬᠠᠢ ᠶᠢᠨ | ᠲᠠᠯᠠᠪᠤᠷ ᠢ ᠬᠠᠭᠤᠷᠮᠠᠭᠯᠠᠨ ᠵᠣᠬᠢᠶᠠᠭᠰᠠᠨ᠂ ᠵᠣᠷᠢᠭᠤᠳᠠ ᠡᠪᠳᠡᠭᠰᠡᠨ᠂ ᠡᠰᠡᠬᠦᠯ᠎ᠡ ᠪᠡᠯᠡ ᠮᠥᠩᠭᠦ᠂ ᠡᠳ᠋ | ᠬᠥᠷᠥᠩᠭᠡ ᠪᠠᠨ ᠰᠢᠯᠵᠢᠭᠦᠯᠦᠭᠰᠡᠨ᠂ ᠨᠢᠭᠤᠨ ᠳᠠᠯᠳᠠᠯᠠᠭᠰᠠᠨ᠂ ᠬᠤᠯᠪᠣᠭᠳᠠᠯ ᠪᠦᠬᠦᠢ ᠭᠡᠷᠡᠴᠢ ᠪᠠᠷᠢᠮᠲᠠ᠂ | ᠮᠠᠲ᠋ᠧᠷᠢᠶᠠᠯ ᠢ ᠤᠰᠠᠳᠬᠠᠭᠰᠠᠨ᠂ ᠡᠰᠡᠬᠦᠯ᠎ᠡ ᠪᠠᠶᠢᠴᠠᠭᠠᠯᠲᠠ ᠶᠢ ᠬᠦᠯᠢᠶᠡᠬᠦ ᠶᠢ ᠲᠡᠪᠴᠢᠭᠰᠡᠨ᠂ ᠡᠰᠡᠬᠦᠯ᠎ᠡ ᠬᠤᠯᠪᠣᠭᠳᠠᠯ | ᠪᠦᠬᠦᠢ ᠪᠠᠶᠢᠳᠠᠯ ᠪᠠ ᠮᠠᠲ᠋ᠧᠷᠢᠶᠠᠯ ᠢ ᠬᠠᠩᠭᠠᠬᠤ ᠶᠢ ᠲᠡᠪᠴᠢᠭᠰᠡᠨ᠂ ᠡᠰᠡᠬᠦᠯ᠎ᠡ ᠡ᠊ᠨᠳᠡᠯ ᠢ ᠪᠠᠶᠢᠴᠠᠭᠠᠬᠤ ᠳᠤᠮᠳᠠ | ᠬᠠᠭᠤᠷᠮᠠᠭ ᠭᠡᠷᠡᠴᠢ ᠬᠢᠭᠰᠡᠨ᠂ ᠡᠰᠡᠬᠦᠯ᠎ᠡ ᠪᠤᠰᠤᠳ ᠢ ᠵᠢᠭᠠᠨ ᠳᠣᠬᠢᠵᠤ ᠪᠠᠶᠢᠭᠠᠳ ᠬᠠᠭᠤᠷᠮᠠᠭ ᠭᠡᠷᠡᠴᠢ ᠬᠢᠯᠭᠡᠭᠰᠡᠨ | ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60% ᠠᠴᠠ 80% ᠶᠢᠨ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ; ︵ᠭᠤᠷᠪᠠ︶ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ | ᠡ᠊ᠨᠳᠡᠯ ᠢ ᠪᠠᠶᠢᠴᠠᠭᠠᠬᠤ ᠶᠠᠪᠤᠴᠠ ᠳᠤ ᠬᠠᠭᠤᠷᠮᠠᠭ ᠭᠡᠷᠡᠴᠢ ᠬᠢᠭᠰᠡᠨ᠂ ᠡᠰᠡᠬᠦᠯ᠎ᠡ ᠪᠤᠰᠤᠳ ᠢ ᠵᠢᠭᠠᠨ ᠳᠣᠬᠢᠵᠤ | ᠪᠠᠶᠢᠭᠠᠳ ᠬᠠᠭᠤᠷᠮᠠᠭ ᠭᠡᠷᠡᠴᠢ ᠬᠢᠯᠭᠡᠭᠰᠡᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ | 60% ᠠᠴᠠ 80% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ | ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ | ᠨᠡᠶᠢᠭᠡᠮ ᠳᠤ ᠬᠦᠨᠳᠦ ᠬᠡᠴᠡᠭᠦᠦ ᠨᠥᠯᠥᠭᠡ ᠭᠠᠷᠭᠠᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ | ᠬᠢᠨᠢ 80% ᠠᠴᠠ 100% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | | ᠠᠷᠪᠠᠨ ᠬᠤᠶᠠᠳᠤᠭᠠᠷ ᠵᠦᠢᠯ ᠡ᠊ᠨᠳᠡᠯ ᠭᠠᠷᠤᠭᠰᠠᠨ ᠨᠢᠭᠡᠴᠢ ᠶᠢᠨ ᠰᠢᠭᠤᠳ ᠬᠠᠷᠢᠭᠤᠴᠠᠵᠤ ᠪᠠᠶᠢᠭ᠎ᠠ | ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠨᠢ ︽ | ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ | ᠭᠤᠴᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠳᠡᠭᠡᠷ᠎ᠡ | ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 60% ᠠᠴᠠ 80% ᠶᠢᠨ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ︔ ᠡ᠊ᠨᠳᠡᠯ ᠢ ᠵᠠᠪᠳᠤᠨ ᠠᠪᠤᠷᠠᠬᠤ ᠠᠵᠢᠯ ᠢ ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ | ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ ᠨᠡᠶᠢᠭᠡᠮ ᠳᠤ ᠬᠦᠨᠳᠦ ᠬᠡᠴᠡᠭᠦᠦ ᠨᠥᠯᠥᠭᠡ ᠭᠠᠷᠭᠠᠭᠰᠠᠨ | ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ ᠬᠢᠨᠢ 80% ᠠᠴᠠ 100% ᠶᠢᠨ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠃ | | ᠠᠷᠪᠠᠨ ᠭᠤᠷᠪᠠᠳᠤᠭᠠᠷ ᠵᠦᠢᠯ ᠡ᠊ᠨᠳᠡᠯ ᠭᠠᠷᠤᠭᠰᠠᠨ ᠨᠢᠭᠡᠴᠢ ︽ᠦᠢᠯᠡᠳᠪᠦᠷᠢᠯᠡᠯ ᠤᠨ ᠠᠶᠤᠯᠭᠦᠢ ᠶᠢᠨ | ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ ᠭᠤᠴᠢᠨ ᠵᠢᠷᠭᠤᠳᠤᠭᠠᠷ ᠵᠦᠢᠯ ᠤᠨ | ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠬᠦᠷᠲᠡᠯᠡᠬᠢ ᠲᠣᠭᠲᠠᠭᠠᠯ ᠳᠠᠬᠢ ᠦᠢᠯᠡ ᠠᠵᠢᠯᠯᠠᠭ᠎ᠠ ᠶᠢᠨ ᠨᠢᠭᠡ ᠶᠢ | ᠬᠢᠭᠰᠡᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠄ | | ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ 100 ᠲᠦᠮᠡᠨ ᠲᠥᠭᠦᠷᠢᠭ ᠠᠴᠠ ᠳᠡᠭᠡᠭᠰᠢ 150 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ 150 ᠲᠦᠮᠡᠨ ᠲᠥᠭᠦᠷᠢᠭ ᠠᠴᠠ ᠳᠡᠭᠡᠭᠰᠢ | 200 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 200 ᠲᠦᠮᠡᠨ ᠲᠥᠭᠦᠷᠢᠭ ᠠᠴᠠ ᠳᠡᠭᠡᠭᠰᠢ | 250 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 250 ᠲᠦᠮᠡᠨ | ᠲᠥᠭᠦᠷᠢᠭ ᠠᠴᠠ ᠳᠡᠭᠡᠭᠰᠢ 300 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠃ | | ᠡ᠊ᠨᠳᠡᠯ ᠭᠠᠷᠤᠭᠰᠠᠨ ᠨᠢᠭᠡᠴᠢ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ | ᠰᠢᠢᠳᠪᠦᠷᠢᠯᠡᠬᠦ ᠳᠦᠷᠢᠮ︾ ᠤᠨ ᠭᠤᠴᠢᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠠᠪᠤᠳᠤᠭᠠᠷ | ᠵᠤᠷᠪᠤᠰ ᠲᠤ ᠲᠣᠭᠲᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠵᠦ᠂ ᠡ᠊ᠨᠳᠡᠯ ᠠᠴᠠ ᠠᠪᠤᠷᠠᠬᠤ ᠠᠵᠢᠯ ᠢ | ᠰᠠᠭᠠᠲᠠᠭᠠᠭᠰᠠᠨ ᠪᠤᠶᠤ ᠡ᠊ᠨᠳᠡᠯ ᠢ ᠶᠡᠬᠡᠰᠬᠡᠭᠰᠡᠨ ᠪᠤᠶᠤ ᠡ᠊ᠨᠳᠡᠯ ᠤᠨ ᠪᠠᠶᠢᠴᠠᠭᠠᠯᠲᠠ ᠶᠢ ᠨᠥᠯᠥᠭᠡᠯᠡᠭᠰᠡᠨ ᠪᠤᠶᠤ | ᠨᠡᠶᠢᠭᠡᠮ ᠳᠤ ᠬᠦᠨᠳᠦ ᠬᠡᠴᠡᠭᠦᠦ ᠨᠥᠯᠥᠭᠡ ᠭᠠᠷᠭᠠᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ | ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ 300 ᠲᠦᠮᠡᠨ ᠲᠥᠭᠦᠷᠢᠭ ᠠᠴᠠ ᠳᠡᠭᠡᠭᠰᠢ 350 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ 350 ᠲᠦᠮᠡᠨ ᠲᠥᠭᠦᠷᠢᠭ ᠠᠴᠠ ᠳᠡᠭᠡᠭᠰᠢ | 400 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 400 ᠲᠦᠮᠡᠨ ᠲᠥᠭᠦᠷᠢᠭ ᠠᠴᠠ ᠳᠡᠭᠡᠭᠰᠢ | 450 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 450 ᠲᠦᠮᠡᠨ | ᠲᠥᠭᠦᠷᠢᠭ ᠠᠴᠠ ᠳᠡᠭᠡᠭᠰᠢ 500 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠃ | | ᠠᠷᠪᠠᠨ ᠳᠥᠷᠪᠡᠳᠦᠭᠡᠷ ᠵᠦᠢᠯ ᠡ᠊ᠨᠳᠡᠯ ᠭᠠᠷᠤᠭᠰᠠᠨ ᠨᠢᠭᠡᠴᠢ ᠡ᠊ᠩ ᠤᠨ ᠡ᠊ᠨᠳᠡᠯ ᠳᠤ ᠬᠠᠷᠢᠭᠤᠴᠠᠯᠭ᠎ᠠ ᠲᠠᠢ | ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ 3 ᠬᠥᠮᠥᠨ ᠠᠴᠠ ᠳᠣᠭᠤᠭᠰᠢ ᠬᠦᠨᠳᠦ ᠰᠢᠷᠬᠠᠲᠤᠭᠤᠯᠤᠭᠰᠠᠨ ︵ᠠᠵᠤ ᠦᠢᠯᠡᠳᠪᠦᠷᠢ ᠳᠤ | ᠲᠦᠷᠭᠡᠨ ᠴᠢᠨᠠᠷᠲᠠᠢ ᠬᠤᠣᠷᠳᠠᠭᠳᠠᠭᠰᠠᠨ ᠢ ᠪᠠᠭᠲᠠᠭᠠᠨ᠎ᠠ᠂ ᠳᠣᠷᠣᠭᠰᠢ ᠠᠳᠠᠯᠢ︶᠂ ᠡᠰᠡᠬᠦᠯ᠎ᠡ 300 ᠲᠦᠮᠡᠨ | ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 30 ᠲᠦᠮᠡᠨ | ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ︔ | | ︵ᠬᠤᠶᠠᠷ︶ 1 ᠬᠥᠮᠥᠨ ᠢ ᠦᠬᠦᠭᠦᠯᠦᠭᠰᠡᠨ᠂ ᠡᠰᠡᠬᠦᠯ᠎ᠡ 3 ᠬᠥᠮᠥᠨ ᠠᠴᠠ ᠳᠡᠭᠡᠭᠰᠢ 6 ᠬᠥᠮᠥᠨ ᠠᠴᠠ | ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 300 ᠲᠦᠮᠡᠨ ᠲᠥᠭᠦᠷᠢᠭ ᠠᠴᠠ ᠳᠡᠭᠡᠭᠰᠢ | 500 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ | 50 ᠲᠦᠮᠡᠨ ᠲᠥᠭᠦᠷᠢᠭ ᠠᠴᠠ ᠳᠡᠭᠡᠭᠰᠢ 70 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ 2 ᠬᠥᠮᠥᠨ ᠢ ᠦᠬᠦᠭᠦᠯᠦᠭᠰᠡᠨ᠂ ᠡᠰᠡᠬᠦᠯ᠎ᠡ 6 ᠬᠥᠮᠥᠨ ᠠᠴᠠ ᠳᠡᠭᠡᠭᠰᠢ 10 ᠬᠥᠮᠥᠨ ᠠᠴᠠ | ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 500 ᠲᠦᠮᠡᠨ ᠲᠥᠭᠦᠷᠢᠭ ᠠᠴᠠ ᠳᠡᠭᠡᠭᠰᠢ | 1000 ᠲᠦᠮᠡᠨ ᠲᠥᠭᠦᠷᠢᠭ ᠠᠴᠠ ᠳᠣᠭᠤᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ | ᠪᠠᠶᠢᠪᠠᠯ᠂ 70 ᠲᠦᠮᠡᠨ ᠲᠥᠭᠦᠷᠢᠭ ᠠᠴᠠ ᠳᠡᠭᠡᠭᠰᠢ 100 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠃ | | ᠠᠷᠪᠠᠨ ᠲᠠᠪᠤᠳᠤᠭᠠᠷ ᠵᠦᠢᠯ ᠡ᠊ᠨᠳᠡᠯ ᠭᠠᠷᠤᠭᠰᠠᠨ ᠨᠢᠭᠡᠴᠢ ᠳᠤᠮᠳᠠ ᠵᠡᠷᠭᠡ ᠡ᠊ᠨᠳᠡᠯ ᠭᠠᠷᠤᠭᠰᠠᠨ ᠳᠤ | ᠬᠠᠷᠢᠭᠤᠴᠠᠯᠭ᠎ᠠ ᠲᠠᠢ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ 3 ᠬᠥᠮᠥᠨ ᠠᠴᠠ ᠳᠡᠭᠡᠭᠰᠢ 5 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 10 ᠬᠥᠮᠥᠨ ᠠᠴᠠ ᠳᠡᠭᠡᠭᠰᠢ 20 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ | ᠡᠰᠡᠬᠦᠯ᠎ᠡ 1000 ᠲᠦᠮᠡᠨ ᠲᠥᠭᠦᠷᠢᠭ ᠠᠴᠠ ᠳᠡᠭᠡᠭᠰᠢ 2000 ᠲᠦᠮᠡᠨ ᠲᠥᠭᠦᠷᠢᠭ ᠠᠴᠠ ᠳᠣᠭᠤᠭᠰᠢ ᠰᠢᠭᠤᠳ | ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠠᠴᠠ ᠳᠡᠭᠡᠭᠰᠢ 120 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ 5 ᠬᠥᠮᠥᠨ ᠠᠴᠠ ᠳᠡᠭᠡᠭᠰᠢ 7 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 20 ᠬᠥᠮᠥᠨ ᠠᠴᠠ ᠳᠡᠭᠡᠭᠰᠢ 30 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ | ᠡᠰᠡᠬᠦᠯ᠎ᠡ 2000 ᠲᠦᠮᠡᠨ ᠲᠥᠭᠦᠷᠢᠭ ᠠᠴᠠ ᠳᠡᠭᠡᠭᠰᠢ 3000 ᠲᠦᠮᠡᠨ ᠲᠥᠭᠦᠷᠢᠭ ᠠᠴᠠ ᠳᠣᠭᠤᠭᠰᠢ ᠰᠢᠭᠤᠳ | ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 120 ᠲᠦᠮᠡᠨ ᠲᠥᠭᠦᠷᠢᠭ ᠠᠴᠠ ᠳᠡᠭᠡᠭᠰᠢ 150 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ 7 ᠬᠥᠮᠥᠨ ᠠᠴᠠ ᠳᠡᠭᠡᠭᠰᠢ 10 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 30 ᠬᠥᠮᠥᠨ ᠠᠴᠠ ᠳᠡᠭᠡᠭᠰᠢ 50 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ | ᠡᠰᠡᠬᠦᠯ᠎ᠡ 3000 ᠲᠦᠮᠡᠨ ᠲᠥᠭᠦᠷᠢᠭ ᠠᠴᠠ ᠳᠡᠭᠡᠭᠰᠢ 5000 ᠲᠦᠮᠡᠨ ᠲᠥᠭᠦᠷᠢᠭ ᠠᠴᠠ ᠳᠣᠭᠤᠭᠰᠢ ᠰᠢᠭᠤᠳ | ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 150 ᠲᠦᠮᠡᠨ ᠲᠥᠭᠦᠷᠢᠭ ᠠᠴᠠ ᠳᠡᠭᠡᠭᠰᠢ 200 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | | ᠠᠷᠪᠠᠨ ᠵᠢᠷᠭᠤᠳᠤᠭᠠᠷ ᠵᠦᠢᠯ ᠡ᠊ᠨᠳᠡᠯ ᠭᠠᠷᠤᠭᠰᠠᠨ ᠨᠢᠭᠡᠴᠢ ᠬᠦᠨᠳᠦ ᠬᠡᠴᠡᠭᠦᠦ ᠡ᠊ᠨᠳᠡᠯ ᠭᠠᠷᠤᠭᠰᠠᠨ ᠳᠤ | ᠬᠠᠷᠢᠭᠤᠴᠠᠯᠭ᠎ᠠ ᠲᠠᠢ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ 10 ᠬᠥᠮᠥᠨ ᠠᠴᠠ ᠳᠡᠭᠡᠭᠰᠢ 13 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 50 ᠬᠥᠮᠥᠨ ᠠᠴᠠ ᠳᠡᠭᠡᠭᠰᠢ 60 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ | ᠡᠰᠡᠬᠦᠯ᠎ᠡ 5000 ᠲᠦᠮᠡᠨ ᠲᠥᠭᠦᠷᠢᠭ ᠠᠴᠠ ᠳᠡᠭᠡᠭᠰᠢ 6000 ᠲᠦᠮᠡᠨ ᠲᠥᠭᠦᠷᠢᠭ ᠠᠴᠠ ᠳᠣᠭᠤᠭᠰᠢ ᠰᠢᠭᠤᠳ | ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 200 ᠲᠦᠮᠡᠨ ᠲᠥᠭᠦᠷᠢᠭ ᠠᠴᠠ ᠳᠡᠭᠡᠭᠰᠢ 400 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ 13 ᠬᠥᠮᠥᠨ ᠠᠴᠠ ᠳᠡᠭᠡᠭᠰᠢ 15 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 60 ᠬᠥᠮᠥᠨ ᠠᠴᠠ ᠳᠡᠭᠡᠭᠰᠢ 70 ᠬᠥᠮᠥᠨ ᠠᠴᠠ ᠳᠣᠭᠤᠭᠰᠢ ᠬᠥᠮᠥᠨ ᠢ ᠬᠦᠨᠳᠦ ᠰᠢᠷᠬᠠᠲᠤᠭᠤᠯᠤᠭᠰᠠᠨ᠂ | ᠡᠰᠡᠬᠦᠯ᠎ᠡ 6000 ᠲᠦᠮᠡᠨ ᠲᠥᠭᠦᠷᠢᠭ ᠠᠴᠠ ᠳᠡᠭᠡᠭᠰᠢ 7000 ᠲᠦᠮᠡᠨ ᠲᠥᠭᠦᠷᠢᠭ ᠠᠴᠠ ᠳᠣᠭᠤᠭᠰᠢ ᠰᠢᠭᠤᠳ | ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ 400 ᠲᠦᠮᠡᠨ ᠲᠥᠭᠦᠷᠢᠭ ᠠᠴᠠ ᠳᠡᠭᠡᠭᠰᠢ 600 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | | ︵ᠭᠤᠷᠪᠠ︶ 15 ᠬᠥᠮᠥᠨ ᠠᠴᠠ ᠳᠡᠭᠡᠭᠰᠢ 30 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 70 ᠬᠥᠮᠥᠨ ᠠᠴᠠ ᠳᠡᠭᠡᠭᠰᠢ 100 ᠬᠥᠮᠥᠨ ᠠᠴᠠ ᠳᠣᠭᠤᠭᠰᠢ ᠬᠥᠮᠥᠨ ᠢ ᠬᠦᠨᠳᠦ | ᠰᠢᠷᠬᠠᠲᠤᠭᠤᠯᠤᠭᠰᠠᠨ᠂ ᠡᠰᠡᠬᠦᠯ᠎ᠡ 7000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ ᠲᠥᠭᠦᠷᠢᠭ ᠠᠴᠠ | ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 600 ᠲᠦᠮᠡᠨ | ᠲᠥᠭᠦᠷᠢᠭ ᠠᠴᠠ ᠳᠡᠭᠡᠭᠰᠢ 1000 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠃ | | ᠠᠷᠪᠠᠨ ᠳᠣᠯᠣᠳᠤᠭᠠᠷ ᠵᠦᠢᠯ ᠡ᠊ᠨᠳᠡᠯ ᠭᠠᠷᠤᠭᠰᠠᠨ ᠨᠢᠭᠡᠴᠢ ᠣᠨᠴᠠᠭᠠᠶ ᠬᠦᠨᠳᠦ ᠬᠡᠴᠡᠭᠦᠦ ᠡ᠊ᠨᠳᠡᠯ | ᠭᠠᠷᠤᠭᠰᠠᠨ ᠳᠤ ᠬᠠᠷᠢᠭᠤᠴᠠᠯᠭ᠎ᠠ ᠲᠠᠢ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ 30 ᠬᠥᠮᠥᠨ ᠠᠴᠠ ᠳᠡᠭᠡᠭᠰᠢ 40 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 100 ᠬᠥᠮᠥᠨ ᠠᠴᠠ ᠳᠡᠭᠡᠭᠰᠢ 120 ᠬᠥᠮᠥᠨ ᠠᠴᠠ ᠳᠣᠭᠤᠭᠰᠢ ᠬᠥᠮᠥᠨ ᠢ ᠬᠦᠨᠳᠦ | ᠰᠢᠷᠬᠠᠲᠤᠭᠤᠯᠤᠭᠰᠠᠨ᠂ ᠡᠰᠡᠬᠦᠯ᠎ᠡ 1 ᠳ᠋ᠦᠩᠰᠢᠭᠤᠷ ᠲᠥᠭᠦᠷᠢᠭ ᠠᠴᠠ ᠳᠡᠭᠡᠭᠰᠢ 1.5 ᠳ᠋ᠦᠩᠰᠢᠭᠤᠷ | ᠲᠥᠭᠦᠷᠢᠭ ᠠᠴᠠ ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 1000 | ᠲᠦᠮᠡᠨ ᠲᠥᠭᠦᠷᠢᠭ ᠠᠴᠠ ᠳᠡᠭᠡᠭᠰᠢ 1200 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ 40 ᠬᠥᠮᠥᠨ ᠠᠴᠠ ᠳᠡᠭᠡᠭᠰᠢ 50 ᠬᠥᠮᠥᠨ ᠠᠴᠠ ᠳᠣᠭᠤᠭᠰᠢ ᠬᠥᠮᠥᠨ ᠢ ᠦᠬᠦᠭᠦᠯᠦᠭᠰᠡᠨ᠂ | ᠡᠰᠡᠬᠦᠯ᠎ᠡ 120 ᠬᠥᠮᠥᠨ ᠠᠴᠠ ᠳᠡᠭᠡᠭᠰᠢ 150 ᠬᠥᠮᠥᠨ ᠠᠴᠠ ᠳᠣᠭᠤᠭᠰᠢ ᠬᠥᠮᠥᠨ ᠢ ᠬᠦᠨᠳᠦ | ᠰᠢᠷᠬᠠᠲᠤᠭᠤᠯᠤᠭᠰᠠᠨ᠂ ᠡᠰᠡᠬᠦᠯ᠎ᠡ 1.5 ᠳ᠋ᠦᠩᠰᠢᠭᠤᠷ ᠲᠥᠭᠦᠷᠢᠭ ᠠᠴᠠ ᠳᠡᠭᠡᠭᠰᠢ 2 ᠳ᠋ᠦᠩᠰᠢᠭᠤᠷ | ᠲᠥᠭᠦᠷᠢᠭ ᠠᠴᠠ ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 1200 | ᠲᠦᠮᠡᠨ ᠲᠥᠭᠦᠷᠢᠭ ᠠᠴᠠ ᠳᠡᠭᠡᠭᠰᠢ 1500 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ 50 ᠠᠴᠠ ᠳᠡᠭᠡᠭᠰᠢ ᠬᠥᠮᠥᠨ ᠢ ᠦᠬᠦᠭᠦᠯᠦᠭᠰᠡᠨ᠂ ᠡᠰᠡᠬᠦᠯ᠎ᠡ 150 ᠠᠴᠠ ᠳᠡᠭᠡᠭᠰᠢ | ᠬᠥᠮᠥᠨ ᠢ ᠬᠦᠨᠳᠦ ᠰᠢᠷᠬᠠᠲᠤᠭᠤᠯᠤᠭᠰᠠᠨ᠂ ᠡᠰᠡᠬᠦᠯ᠎ᠡ 2 ᠳ᠋ᠦᠩᠰᠢᠭᠤᠷ ᠲᠥᠭᠦᠷᠢᠭ ᠠᠴᠠ ᠳᠡᠭᠡᠭᠰᠢ ᠠᠵᠤ | ᠠᠬᠤᠢ ᠶᠢᠨ ᠰᠢᠭᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ 1500 ᠲᠦᠮᠡᠨ ᠲᠥᠭᠦᠷᠢᠭ ᠠᠴᠠ ᠳᠡᠭᠡᠭᠰᠢ | 2000 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | | ᠠᠷᠪᠠᠨ ᠨᠠᠢᠮᠠᠳᠤᠭᠠᠷ ᠵᠦᠢᠯ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠴᠤ᠂ ᠳᠠᠷᠠᠭᠠᠬᠢ | ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠵᠠᠭᠤ ᠠᠷᠪᠠᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ | ᠲᠣᠭᠲᠠᠭᠠᠭᠰᠠᠨ ᠤᠢᠢᠯᠠ ᠪᠠᠶᠢᠳᠠᠯ ᠨᠢ ᠣᠨᠴᠠᠭᠠᠶ ᠬᠦᠨᠳᠦ ᠨᠣᠴᠢᠲᠠᠢ᠂ ᠨᠥᠯᠥᠭᠡ ᠨᠢ ᠣᠨᠴᠠᠭᠠᠶ ᠬᠠᠷ᠎ᠠ ᠬᠤᠣᠷᠲᠠᠢ | ᠪᠠᠶᠢᠳᠠᠯ ᠳᠤ ᠲᠣᠭᠠᠴᠠᠭᠳᠠᠪᠠᠯ᠂ ᠬᠠᠤᠯᠢ ᠴᠠᠭᠠᠵᠠ ᠳᠤ ᠲᠣᠭᠲᠠᠭᠠᠭᠰᠠᠨ ᠲᠣᠷᠭᠠᠭᠤᠯᠢ ᠣᠨᠣᠭᠳᠠᠭᠤᠯᠬᠤ ᠲᠣᠭᠠᠨ ᠤ | ᠬᠢᠨᠢ 2 ᠲᠡᠬᠢᠠ ᠠᠴᠠ ᠳᠡᠭᠡᠭᠰᠢ 5 ᠲᠡᠬᠢᠠ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ | ᠪᠣᠯᠣᠨ᠎ᠠ᠄ | | ︵ᠨᠢᠭᠡ︶ ᠦᠢᠯᠡᠳᠪᠦᠷᠢᠯᠡᠯ ᠤᠨ ᠠᠶᠤᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ | ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠥᠬᠦᠭᠡᠷᠦᠮᠵᠢ᠂ ᠲᠥᠬᠦᠭᠡᠷᠦᠮᠵᠢ ᠶᠢ ᠬᠠᠭᠠᠭᠰᠠᠨ᠂ ᠡᠪᠳᠡᠭᠰᠡᠨ᠂ | ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠦᠭᠰᠡᠨ᠂ ᠨᠢᠭᠤᠨ | ᠳᠠᠯᠳᠠᠯᠠᠭᠰᠠᠨ᠂ ᠤᠰᠠᠳᠬᠠᠭᠰᠠᠨ︔ | | ︵ᠬᠤᠶᠠᠷ︶ ᠬᠦᠨᠳᠦ ᠬᠡᠴᠡᠭᠦᠦ ᠡ᠊ᠨᠳᠡᠯ ᠤᠨ ᠲᠡᠯᠳᠠ ᠭᠡᠮ ᠣᠷᠣᠰᠢᠵᠤ ᠪᠠᠶᠢᠬᠤ ᠠᠴᠠ ᠪᠣᠯᠵᠤ ᠬᠠᠤᠯᠢ | ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠠᠵᠢᠯ ᠢ ᠨᠢ ᠵᠣᠭᠰᠣᠭᠠᠭᠰᠠᠨ᠂ ᠪᠠᠷᠢᠯᠭ᠎ᠠ ᠶᠢᠨ ᠠᠵᠢᠯ ᠢ ᠨᠢ | ᠵᠣᠭᠰᠣᠭᠠᠭᠰᠠᠨ᠂ ᠬᠤᠯᠪᠣᠭᠳᠠᠯ ᠪᠦᠬᠦᠢ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠭᠠᠵᠠᠷ ᠢ ᠬᠡᠷᠡᠭᠯᠡᠬᠦ ᠶᠢ ᠨᠢ | ᠵᠣᠭᠰᠣᠭᠠᠭᠰᠠᠨ ᠪᠤᠶᠤ ᠠᠶᠤᠯ ᠢ ᠠᠷᠢᠯᠭᠠᠬᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ | ᠠᠪᠤᠭᠰᠠᠨ ᠪᠠᠶᠢᠲᠠᠯ᠎ᠠ ᠬᠡᠷᠡᠭᠵᠢᠭᠦᠯᠬᠦ ᠶᠢ ᠲᠡᠪᠴᠢᠭᠰᠡᠨ︔ | | ︵ᠭᠤᠷᠪᠠ︶ ᠠᠶᠦᠯᠭᠦᠢ ᠦᠢᠯᠡᠳᠪᠦᠷᠢᠯᠡᠯ ᠳᠤ ᠬᠤᠯᠪᠣᠭᠳᠠᠬᠤ ᠵᠦᠢᠯᠡᠰ ᠢ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠦᠭᠡᠢ ᠪᠤᠶᠤ ᠵᠥᠪᠰᠢᠶᠡᠷᠡᠭᠦᠯᠦᠭᠰᠡᠨ ᠦᠭᠡᠢ ᠪᠠᠷ ᠠᠭᠤᠷᠬᠠᠢ ᠶᠢ ᠨᠡᠭᠡᠭᠡᠨ ᠣᠯᠪᠤᠷᠢᠯᠠᠬᠤ᠂ | ᠲᠡᠮᠦᠷᠯᠢᠭ ᠰᠤᠷᠭᠠᠯᠲᠠ ᠳᠤ ᠬᠠᠮᠤᠷᠤᠭᠤᠯᠬᠤ᠂ ᠪᠠᠷᠢᠯᠭ᠎ᠠ ᠶᠢᠨ ᠠᠵᠢᠯ ᠬᠢᠬᠦ ᠵᠢᠴᠢ ᠠᠶᠤᠯᠲᠠᠢ ᠪᠣᠳᠠᠰ ᠢ | ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ ᠵᠡᠷᠭᠡ ᠳᠡᠭᠡᠳᠦ ᠬᠡᠮᠵᠢᠶᠡᠨ ᠤ ᠠᠶᠤᠯᠲᠠᠢ ᠦᠢᠯᠡᠳᠪᠦᠷᠢᠯᠡᠯ ᠤᠨ | ᠠᠵᠢᠯᠯᠠᠭ᠎ᠠ ᠶᠢ ᠳᠤᠷ᠎ᠠ ᠮᠡᠳᠡᠨ ᠬᠢᠭᠰᠡᠨ᠂ ᠡᠰᠡᠬᠦᠯ᠎ᠡ ᠬᠤᠯᠪᠣᠭᠳᠠᠯ ᠪᠦᠬᠦᠢ ᠦᠨᠡᠮᠯᠡᠯ ᠢ ᠬᠠᠤᠯᠢ ᠶᠣᠰᠣᠭᠠᠷ | ᠣᠯᠣᠭᠰᠠᠨ ᠦᠭᠡᠢ ᠪᠠᠷ ᠬᠠᠷᠠᠬᠠᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠢᠵᠦ ᠪᠠᠶᠢᠬᠤ︔ | | ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠲᠡᠪᠴᠢᠵᠦ᠂ ᠬᠠᠷᠰᠢᠯᠠᠭᠰᠠᠨ︔ | | ︵ᠲᠠᠪᠤ︶ ᠪᠤᠰᠤᠳ ᠢ ᠠᠯᠪᠡᠳᠡᠠ ᠵᠠᠷᠯᠢᠭᠳᠠᠵᠤ ᠪᠠᠶᠢᠭᠠᠳ ᠳᠦᠷᠢᠮ ᠠᠴᠠ ᠵᠥᠷᠢᠴᠡᠨ ᠠᠶᠤᠯ | ᠲᠦᠭᠰᠢᠭᠦᠷᠢ ᠲᠠᠢ ᠠᠵᠢᠯ ᠬᠢᠯᠭᠡᠭᠰᠡᠨ᠂ ᠡᠰᠡᠬᠦᠯ᠎ᠡ ᠬᠦᠨᠳᠦ ᠬᠡᠴᠡᠭᠦᠦ ᠡ᠊ᠨᠳᠡᠯ ᠤᠨ ᠲᠡᠯᠳᠠ ᠭᠡᠮ ᠣᠷᠣᠰᠢᠵᠤ | ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠠᠷᠢᠯᠭᠠᠭᠰᠠᠨ ᠦᠭᠡᠢ ᠪᠣᠯᠪᠠᠴᠤ ᠮᠥᠨ ᠯᠡ ᠠᠶᠤᠯ ᠲᠦᠭᠰᠢᠭᠦᠷᠢ ᠲᠠᠢ | ᠵᠣᠬᠢᠶᠠᠨ ᠪᠠᠶᠢᠭᠤᠯᠵᠤ ᠠᠵᠢᠯᠯᠠᠭᠤᠯᠤᠭᠰᠠᠨ︔ | | ︵ᠵᠢᠷᠭᠤᠭ᠎ᠠ︶ ᠦᠢᠯᠡ ᠪᠠᠶᠢᠳᠠᠯ ᠨᠢ ᠣᠨᠴᠠᠭᠠᠶ ᠬᠦᠨᠳᠦ ᠨᠣᠴᠢᠲᠠᠢ᠂ ᠨᠥᠯᠥᠭᠡ ᠨᠢ ᠣᠨᠴᠠᠭᠠᠶ ᠬᠠᠷ᠎ᠠ | ᠬᠤᠣᠷᠲᠠᠢ ᠪᠤᠰᠤᠳ ᠪᠠᠶᠢᠳᠠᠯ ᠤᠳ᠃ | | ᠠᠷᠪᠠ ᠶᠢᠰᠦᠳᠦᠭᠡᠷ ᠵᠦᠢᠯ ᠡ᠊ᠨᠳᠡᠯ ᠭᠠᠷᠤᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠠᠶᠦᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ | ᠦᠭᠡᠢ ᠠᠴᠠ ᠪᠣᠯᠵᠤ ᠡ᠊ᠨᠳᠡᠯ ᠭᠠᠷᠤᠭᠰᠠᠨ ᠪᠠᠶᠢᠪᠠᠯ᠂ ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ | 40% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ | ᠣᠷᠣᠯᠭ᠎ᠠ ᠶᠢᠨ ᠬᠢᠨᠢ 60% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ | ᠣᠷᠣᠯᠭ᠎ᠠ ᠶᠢᠨ ᠬᠢᠨᠢ 80% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ | ᠣᠷᠣᠯᠭ᠎ᠠ ᠶᠢ ᠨᠢ 100% ᠪᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | | ᠬᠤᠷᠢᠳᠤᠭᠠᠷ ᠵᠦᠢᠯ ᠡ᠊ᠨᠳᠡᠯ ᠭᠠᠷᠤᠭᠰᠠᠨ ᠨᠢᠭᠡᠴᠢ ᠶᠢᠨ ᠪᠤᠰᠤᠳ ᠬᠠᠷᠢᠭᠤᠴᠠᠯᠭᠠᠲᠠᠨ ᠪᠠ ᠠᠶᠦᠯᠭᠦᠢ | ᠦᠢᠯᠡᠳᠪᠦᠷᠢᠯᠡᠯ ᠢ ᠬᠠᠮᠢᠶᠠᠷᠬᠤ ᠠᠵᠢᠯᠲᠠᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠠᠴᠠ ᠪᠣᠯᠵᠤ ᠡ᠊ᠨᠳᠡᠯ ᠭᠠᠷᠤᠭᠰᠠᠨ ᠪᠠᠶᠢᠪᠠᠯ᠂ | ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ ᠣᠷᠣᠯᠭ᠎ᠠ ᠶᠢᠨ | 20% ᠠᠴᠠ 30% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ | ᠣᠷᠣᠯᠭ᠎ᠠ ᠶᠢᠨ ᠬᠢᠨᠢ 30% ᠠᠴᠠ 40% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ | ᠣᠷᠣᠯᠭ᠎ᠠ ᠶᠢᠨ ᠬᠢᠨᠢ 40% ᠠᠴᠠ 50% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ ᠳᠡᠭᠡᠷ᠎ᠡ ᠨᠢᠭᠡ ᠵᠢᠯ ᠤᠨ ᠵᠢᠯ ᠤᠨ | ᠣᠷᠣᠯᠭ᠎ᠠ ᠶᠢᠨ ᠬᠢᠨᠢ 50% ᠶᠢᠨ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | | ᠬᠤᠷᠢᠨ ᠨᠢᠭᠡᠳᠦᠭᠡᠷ ᠵᠦᠢᠯ ᠬᠤᠪᠢ ᠬᠥᠮᠥᠨ ᠤ ᠡᠵᠡᠩᠨᠡᠯᠲᠡ ᠶᠢᠨ ᠪᠡᠯᠡ ᠣᠷᠣᠭᠤᠯᠤᠭᠴᠢ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠲᠣᠭᠲᠠᠭᠠᠯ | ᠶᠣᠰᠣᠭᠠᠷ ᠠᠶᠤᠯᠭᠦᠢ ᠦᠢᠯᠡᠳᠪᠦᠷᠢᠯᠡᠯ ᠳᠤ ᠴᠢᠬᠤᠯᠠ ᠪᠦᠬᠦᠢ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠭᠰᠠᠨ | ᠦᠭᠡᠢ ᠠᠴᠠ ᠪᠣᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ | ᠪᠦᠷᠢᠳᠦᠭᠦᠯᠦᠭᠰᠡᠨ ᠦᠭᠡᠢ ᠠᠴᠠ ᠪᠣᠯᠵᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠭᠠᠭᠰᠠᠨ ᠪᠠᠶᠢᠪᠠᠯ᠂ | ᠳᠠᠷᠠᠭᠠᠬᠢ ᠵᠢᠭᠰᠠᠭᠠᠭᠰᠠᠨ ᠲᠣᠭᠲᠠᠭᠠᠯ ᠶᠣᠰᠣᠭᠠᠷ ᠬᠤᠪᠢ ᠶᠢᠨ ᠡᠵᠡᠩᠨᠡᠯᠲᠡ ᠶᠢᠨ ᠪᠡᠯᠡ ᠣᠷᠣᠭᠤᠯᠤᠭᠴᠢ ᠶᠢ | ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ ᠡᠩ ᠤᠨ ᠡ᠊ᠨᠳᠡᠯ ᠭᠠᠷᠤᠭᠰᠠᠨ ᠪᠠᠶᠢᠪᠠᠯ᠂ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠬᠤᠶᠠᠷ︶ ᠳᠤᠮᠳᠠ ᠵᠡᠷᠭᠡ ᠡ᠊ᠨᠳᠡᠯ ᠭᠠᠷᠤᠭᠰᠠᠨ ᠪᠠᠶᠢᠪᠠᠯ᠂ 5 ᠲᠦᠮᠡᠨ ᠲᠥᠭᠦᠷᠢᠭ ᠠᠴᠠ ᠳᠡᠭᠡᠭᠰᠢ 10 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠭᠤᠷᠪᠠ︶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ | 15 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔ | | ︵ᠳᠥᠷᠪᠡ︶ ᠣᠨᠴᠠᠭᠠᠶ ᠬᠦᠨᠳᠦ ᠬᠡᠴᠡᠭᠦᠦ ᠡ᠊ᠨᠳᠡᠯ ᠭᠠᠷᠤᠭᠰᠠᠨ ᠪᠠᠶᠢᠪᠠᠯ᠂ 15 ᠲᠦᠮᠡᠨ ᠲᠥᠭᠦᠷᠢᠭ ᠠᠴᠠ | ᠳᠡᠭᠡᠭᠰᠢ 20 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | | ᠬᠤᠷᠢᠨ ᠬᠤᠶᠠᠳᠤᠭᠠᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ | ᠦᠢᠯᠡᠳᠪᠦᠷᠢᠯᠡᠯ ᠤᠨ ᠬᠠᠤᠯᠢ︾᠂ ︽ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ | ᠰᠢᠢᠳᠪᠦᠷᠢᠯᠡᠬᠦ ᠳᠦᠷᠢᠮ︾ ᠪᠣᠯᠣᠨ ᠲᠤᠰ ᠲᠣᠭᠲᠠᠭᠠᠯ ᠢ ᠵᠥᠷᠢᠴᠡᠵᠦ᠂ ᠡ᠊ᠨᠳᠡᠯ ᠭᠠᠷᠤᠭᠰᠠᠨ ᠳᠤ | ᠬᠠᠷᠢᠭᠤᠴᠠᠯᠭ᠎ᠠ ᠲᠠᠢ ᠪᠠᠶᠢᠬᠤ ᠵᠢᠴᠢ ᠡ᠊ᠨᠳᠡᠯ ᠢ ᠬᠤᠳᠠᠯ ᠢᠶᠠᠷ ᠮᠡᠳᠡᠭᠦᠯᠦᠭᠰᠡᠨ᠂ ᠳᠠᠷᠤᠭᠠᠳ ᠮᠡᠳᠡᠭᠦᠯᠦᠭᠰᠡᠨ ᠦᠭᠡᠢ | ᠵᠡᠷᠭᠡ ᠬᠤᠶᠠᠷ ᠵᠦᠢᠯ ᠠᠴᠠ ᠳᠡᠭᠡᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ ᠬᠡᠷᠡᠭᠲᠡᠢ ᠦᠢᠯᠡ ᠠᠵᠢᠯᠯᠠᠭ᠎ᠠ | ᠣᠷᠣᠰᠢᠵᠤ ᠪᠠᠶᠢᠪᠠᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ | ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠲᠤᠰ ᠲᠤᠰ ᠲᠤᠨᠢ ᠲᠠᠰᠣᠯᠣᠨ | ᠲᠣᠭᠲᠠᠭᠠᠵᠤ᠂ ᠨᠡᠶᠢᠯᠡᠭᠦᠯᠦᠨ ᠰᠢᠢᠳᠬᠡᠬᠦ ᠲᠣᠭᠲᠠᠭᠠᠯ ᠭᠠᠷᠭᠠᠬᠤ ᠬᠡᠷᠡᠭᠲᠡᠢ᠃ | | ᠬᠤᠷᠢᠨ ᠭᠤᠷᠪᠠᠳᠤᠭᠠᠷ ᠵᠦᠢᠯ ᠡ᠊ᠨᠳᠡᠯ ᠢ ᠪᠠᠶᠢᠴᠠᠭᠠᠬᠤ ᠶᠠᠪᠤᠴᠠ ᠳᠤ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠲᠠᠢ ᠪᠤᠰᠤᠳ ᠨᠢᠭᠡᠴᠢ ᠵᠢᠴᠢ ᠲᠡᠭᠦᠨ ᠤ ᠬᠤᠯᠪᠣᠭᠳᠠᠯ ᠪᠦᠬᠦᠢ ᠬᠥᠮᠥᠰ ᠢ ᠲᠣᠷᠭᠠᠭᠤᠯᠢ ᠣᠨᠣᠭᠳᠠᠭᠤᠯᠬᠤ | ᠴᠢᠬᠤᠯᠠᠲᠠᠢ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | ᠬᠤᠷᠢᠨ ᠳᠥᠷᠪᠡᠳᠦᠭᠡᠷ ᠵᠦᠢᠯ ᠲᠤᠰ ᠲᠣᠭᠲᠠᠭᠠᠯ ᠢ 2024 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠮᠥᠷᠳᠡᠨ᠎ᠡ᠃ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 2007 ᠣᠨ ᠤ 7 ᠳ᠋ᠤᠭᠠᠷ ᠰᠠᠷ᠎ᠠ ᠶᠢᠨ 12 ᠤᠨ ᠡᠳᠦᠷ ᠨᠡᠶᠢᠲᠡᠯᠡᠵᠦ᠂ | 2011 ᠣᠨ ᠤ 9ᠳ᠋ᠦ᠋ᠭᠡᠷ ᠰᠠᠷ᠎ᠠ ᠶᠢᠨ 1 ᠤ ᠡᠳᠦᠷ ᠠᠩᠬ᠎ᠠ ᠤᠳᠠᠭ᠎ᠠ ᠵᠠᠰᠠᠪᠤᠷᠢ ᠣᠷᠣᠭᠤᠯᠵᠤ᠂ 2015 ᠣᠨ ᠤ | 4ᠳ᠋ᠦ᠋ᠭᠡᠷ ᠰᠠᠷ᠎ᠠ ᠶᠢᠨ 2 ᠤᠨ ᠡᠳᠦᠷ ᠬᠤᠶᠠᠳᠠᠭᠢ ᠤᠳᠠᠭ᠎ᠠ ᠵᠠᠰᠠᠪᠤᠷᠢ ᠣᠷᠣᠭᠤᠯᠤᠭᠰᠠᠨ ︽ᠦᠢᠯᠡᠳᠪᠦᠷᠢᠯᠡᠯ ᠤᠨ | ᠠᠶᠤᠯᠭᠦᠢ ᠶᠢᠨ ᠡ᠊ᠨᠳᠡᠯ ᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶︾ | ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ | ᠲᠣᠷᠭᠠᠭᠤᠯᠢ ᠣᠨᠣᠭᠳᠠᠭᠤᠯᠬᠤ ᠲᠣᠭᠲᠠᠭᠠᠯ︾ ᠤᠨ ᠲᠤᠬᠠᠢ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ | ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠠᠶᠢᠯᠤᠮᠵᠢ | | | |