| | | ᠤᠩᠰᠢᠯᠭ᠎ᠠ ᠶᠢᠨ ᠬᠥᠲᠥᠯᠥᠮᠵᠢ | | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ | ᠬᠤᠳᠠᠯᠳᠤᠭᠠᠨ ᠤ ᠶᠠᠪᠤᠳᠠᠯ ᠤᠨ ᠶᠠᠮᠤᠨ ᠣᠶᠢᠷ᠎ᠠ ᠳᠤ ᠬᠠᠮᠲᠤᠷᠠᠨ ︽ᠦᠢᠯᠡᠳᠭᠡᠯ ᠤᠨ ᠦᠢᠯᠡᠰ ᠤᠨ ᠠᠵᠤ | ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠦᠭᠯᠡᠭᠦᠷ | ︵ᠲᠤᠷᠰᠢᠨ ᠬᠡᠷᠡᠭᠵᠢᠭᠦᠯᠬᠦ︶︾ ᠢ ᠬᠡᠪᠯᠡᠨ ᠲᠠᠷᠬᠠᠭᠠᠪᠠ᠃ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ | ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠣᠯ ᠨᠢᠭᠡ ᠵᠦᠢᠯ ᠤᠨ | ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠂ ᠬᠠᠩᠭᠠᠯᠭ᠎ᠠ ᠶᠢᠨ ᠬᠡᠯᠬᠢᠶᠡᠨ ᠤ ᠪᠠᠶᠢᠯᠳᠤᠬᠤ ᠪᠣᠳᠣᠯᠭ᠎ᠠ ᠶᠢ ᠥᠨᠳᠥᠷ | ᠡᠬᠢᠯᠡᠯᠲᠡ ᠠᠴᠠ ᠪᠠᠶᠢᠷᠢᠯᠠᠭᠤᠯᠬᠤ ᠪᠠᠷ ᠵᠢᠯᠣᠭᠤᠳᠤᠮᠵᠢ ᠪᠣᠯᠭᠠᠵᠤ᠂ ᠣᠷᠴᠢᠯ ᠰᠠᠭᠠᠳ ᠦᠭᠡᠢ ᠨᠡᠪᠲᠡᠷᠡᠬᠦ ᠶᠢ | ᠪᠠᠲᠤᠯᠠᠬᠤ ᠪᠠᠷ ᠬᠤᠷᠢᠭ᠎ᠠ ᠱᠤᠭᠤᠮ ᠪᠣᠯᠭᠠᠵᠤ᠂ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ | ᠪᠣᠯᠭᠠᠵᠤ᠂ ᠲᠡᠷᠢᠭᠦᠨ ᠤ ᠮᠡᠷᠭᠡᠵᠢᠯ ᠢ ᠠᠰᠢᠭᠯᠠᠬᠤ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠪᠠᠷ ᠠᠷᠭ᠎ᠠ ᠵᠠᠮ | ᠪᠣᠯᠭᠠᠨ ᠪᠠᠶᠢᠷᠢᠯᠠᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠬᠠᠩᠭᠠᠯᠭ᠎ᠠ ᠶᠢᠨ ᠬᠡᠯᠬᠢᠶ᠎ᠡ ᠶᠢᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠭᠤᠣᠯ ᠴᠣᠭᠴᠠ ᠪᠣᠯ ᠠᠵᠤ ᠠᠬᠤᠶᠢᠯᠠᠯ ᠪᠣᠯᠣᠨ᠎ᠠ᠂ | ᠵᠠᠩᠭᠢᠯᠠᠭ᠎ᠠ ᠨᠢ ᠪᠠᠰᠠ ᠠᠵᠤ ᠠᠬᠤᠶᠢᠯᠠᠯ ᠳᠤ ᠪᠠᠶᠢᠨ᠎ᠠ᠃ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠳ | ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ | ᠬᠠᠮᠢᠶᠠᠷᠤᠯᠲᠠ ᠶᠢᠨ ᠰᠡᠳᠬᠢᠬᠦᠢ ᠪᠠᠨ ᠴᠢᠩᠭᠠᠳᠬᠠᠵᠤ᠂ ᠬᠥᠭᠵᠢᠯᠲᠡ ᠶᠢᠨ ᠬᠠᠨᠳᠤᠰᠢ ᠶᠢ ᠬᠠᠷᠠᠭᠠᠯᠠᠨ᠂ ᠪᠠᠷᠢᠮᠵᠢᠶ᠎ᠠ | ᠬᠦᠰᠦᠨᠦᠭᠲᠦ ᠲᠠᠢ ᠬᠠᠷᠢᠴᠠᠭᠤᠯᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠲᠦᠪᠰᠢᠨ ᠢᠶᠠᠨ | ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠲᠥᠷᠥᠯ ᠤᠨ ᠨᠡᠶᠢᠭᠡᠮᠯᠢᠭ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠦᠢᠯᠡᠴᠢᠯᠡᠭᠡᠨ ᠤ ᠪᠠᠶᠢᠭᠤᠯᠤᠮᠵᠢ᠂ ᠬᠠᠩᠭᠠᠯᠭ᠎ᠠ ᠶᠢᠨ ᠬᠡᠯᠬᠢᠶᠡᠰᠦ ᠶᠢ ᠰᠢᠢᠳᠪᠦᠷᠢᠯᠡᠬᠦ | ᠲᠥᠰᠥᠯ ᠤᠨ ᠦᠢᠯᠡᠴᠢᠯᠡᠭᠡᠨ ᠤ ᠬᠤᠳᠠᠯᠳᠤᠭᠠᠴᠢᠨ᠂ ᠲᠠᠪᠴᠠᠩ ᠤᠨ ᠠᠵᠤ ᠠᠬᠤᠶᠢᠯᠠᠯ ᠵᠡᠷᠭᠡ ᠨᠢ ᠦᠢᠯᠡᠴᠢᠯᠡᠭᠡᠨ ᠤ | ᠤᠳᠤᠷᠢᠳᠤᠮᠵᠢ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠳᠤ | ᠣᠶᠤᠨ ᠤ ᠳᠡᠮᠵᠢᠯᠭᠡ ᠪᠠ ᠰᠢᠰᠲ᠋ᠧᠮ ᠲᠠᠢ ᠰᠢᠢᠳᠪᠦᠷᠢᠯᠡᠬᠦ ᠲᠥᠰᠥᠯ ᠢ ᠬᠠᠩᠭᠠᠬᠤ ᠬᠡᠷᠡᠭᠲᠡᠢ᠃ ᠡᠯ᠎ᠡ ᠱᠠᠲᠤᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠲᠤᠯᠭᠠᠭᠤᠷᠢᠯᠠᠬᠤ | ᠣᠷᠴᠢᠨ ᠲᠣᠭᠤᠷᠢᠨ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ | ᠴᠢᠩᠭᠠᠷᠠᠭᠤᠯᠬᠤ ᠬᠡᠷᠡᠭᠲᠡᠢ᠃ | | | | ︽ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠢ ᠬᠡᠪᠯᠡᠨ ᠲᠠᠷᠬᠠᠭᠠᠬᠤ ᠲᠤᠬᠠᠢ | ᠮᠡᠳᠡᠭᠳᠡᠯ | | | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠠᠮᠲᠤᠷᠠᠭᠰᠠᠨ ᠠᠵᠢᠯᠯᠠᠭᠠᠨ ﹇ 2024﹈ | 25 ᠳ᠋ᠤᠭᠠᠷ ᠲᠣᠭᠠᠲᠤ | | | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠠᠰ ᠲᠠᠭᠠᠨ ᠲᠥᠯᠥᠪᠯᠡᠭᠡ | ᠬᠢᠬᠦ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ ᠤᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠲᠤ᠄ | | | | ︽ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠬᠦ ᠶᠢ ᠢᠳᠡᠪᠬᠢᠲᠡᠢ ᠠᠬᠢᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ | ᠬᠥᠭᠵᠢᠯᠲᠡ ᠶᠢᠨ ᠲᠥᠯᠦᠪᠵᠢᠭᠦᠯᠭᠡ︾ ᠵᠡᠷᠭᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠦᠢᠯᠡᠳᠭᠡᠯ ᠤᠨ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢ ᠳᠡᠭᠡᠭᠰᠢᠯᠡᠭᠦᠯᠬᠦ | ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠣᠳᠣᠬᠢᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠴᠡ ᠶᠢ | ᠦᠢᠯᠡᠳᠭᠡᠯ ᠤᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠳᠤ ᠭᠦᠨ ᠰᠢᠭᠢᠳᠬᠦ ᠶᠢ ᠠᠬᠢᠭᠤᠯᠤᠨ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ | ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ︽ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ | ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠦᠭᠯᠡᠭᠦᠷ ︵ᠲᠤᠷᠰᠢᠨ | ᠬᠡᠷᠡᠭᠵᠢᠭᠦᠯᠬᠦ︶︾ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠡᠳᠦᠭᠡ ᠲᠠᠨᠠᠷ ᠲᠤ ᠬᠡᠪᠯᠡᠨ ᠲᠠᠷᠬᠠᠭᠠᠪᠠ᠃ | | | | | ᠡᠯ᠎ᠡ ᠨᠢᠭᠡᠴᠢ ᠨᠦᠭᠦᠳ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠬᠠᠮᠲᠤ᠂ ᠮᠡᠷᠭᠡᠵᠢᠯ ᠤᠨ ᠥᠭᠡᠷᠡᠴᠢᠯᠡᠯᠲᠡ᠂ | ᠪᠠᠷᠢᠮᠵᠢᠶ᠎ᠠ ᠶᠢᠨ ᠳᠦᠷᠢᠮ ᠳᠤ ᠵᠠᠰᠠᠪᠤᠷᠢ ᠣᠷᠣᠭᠤᠯᠬᠤ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ | ᠴᠢᠳᠠᠪᠤᠷᠢᠲᠠᠨ ᠤ ᠰᠤᠷᠭᠠᠯᠲᠠ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ ᠲᠥᠷᠥ ᠶᠢᠨ | ᠪᠣᠳᠣᠯᠭ᠎ᠠ ᠶᠢᠨ ᠬᠠᠮᠵᠢᠯᠴᠠᠭ᠎ᠠ ᠶᠢ ᠤᠯᠠᠮ ᠴᠢᠩᠭᠠᠳᠬᠠᠵᠤ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ | ᠦᠢᠯᠡᠴᠢᠯᠡᠭᠡᠨ ᠤ ᠲᠤᠯᠭᠠᠭᠤᠷᠢᠯᠠᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠦᠢᠯᠡᠳᠭᠡᠯ ᠤᠨ | ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠣᠯᠠᠨ | ᠵᠦᠢᠯ ᠤᠨ ᠠᠷᠭ᠎ᠠ ᠬᠡᠮᠵᠢᠶ᠎ᠡ ᠶᠢ | | | | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ | | ᠵᠠᠮ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ | | ᠬᠤᠳᠠᠯᠳᠤᠭᠠᠨ ᠤ ᠶᠠᠮᠤᠨ ᠤ ᠠᠯᠪᠠᠨ ᠲᠢᠩᠬᠢᠮ | | 2024 ᠣᠨ ᠤ 5 ᠳ᠋ᠤᠭᠠᠷ ᠰᠠᠷ᠎ᠠ ᠶᠢᠨ 7 ᠤ ᠡᠳᠦᠷ | | | ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶ | | | ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠪᠣᠯ | ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠮᠡᠳᠡᠭᠡ ᠵᠠᠩᠭᠢ ᠶᠢᠨ ᠮᠡᠷᠭᠡᠵᠢᠯ ᠵᠡᠷᠭᠡ ᠠᠷᠭ᠎ᠠ ᠪᠠᠷᠢᠯ ᠢ ᠠᠰᠢᠭᠯᠠᠨ᠂ | ᠦᠢᠯᠡᠳᠬᠦᠨ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠦᠢᠯᠡᠳᠪᠦᠷᠢᠯᠡᠬᠦ᠂ ᠪᠣᠷᠣᠯᠠᠭᠤᠯᠬᠤ᠂ ᠦᠢᠯᠡᠴᠢᠯᠡᠬᠦ | ᠵᠡᠷᠭᠡ ᠬᠠᠩᠭᠠᠯᠭ᠎ᠠ ᠶᠢᠨ ᠬᠡᠯᠬᠢᠶ᠎ᠡ ᠶᠢᠨ ᠵᠠᠩᠭᠢᠯᠠᠭ᠎ᠠ ᠳᠠᠬᠢ ᠬᠤᠳᠠᠯᠳᠤᠭᠠᠨ ᠤ ᠭᠦᠢᠯᠭᠡᠭᠡ᠂ ᠪᠠᠷᠠᠭᠠᠨ ᠤ ᠭᠦᠢᠯᠭᠡᠭᠡ᠂ | ᠪᠡᠯᠡ ᠮᠥᠩᠭᠦᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ ᠵᠡᠷᠭᠡ ᠶᠢ ᠪᠦᠬᠦ ᠲᠠᠯ᠎ᠠ ᠪᠠᠷ ᠲᠥᠯᠥᠪᠵᠢᠭᠦᠯᠬᠦ ᠶᠢᠨ | ᠬᠠᠮᠲᠤ ᠲᠥᠯᠥᠪᠯᠡᠬᠦ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠡᠵᠡᠮᠳᠡᠬᠦ ᠡᠯ᠎ᠡ ᠵᠦᠢᠯ ᠤᠨ ᠠᠵᠢᠯᠯᠠᠭ᠎ᠠ ᠪᠠ | ᠶᠠᠪᠤᠴᠠ ᠪᠣᠯᠣᠨ᠎ᠠ᠃ ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ | ᠪᠣᠯᠣᠨ ᠠᠵᠤ ᠦᠢᠯᠡᠰ ᠤᠨ ᠬᠤᠪᠢᠰᠤᠯᠲᠠ ᠶᠠᠭ ᠥᠷᠨᠢᠨ ᠬᠥᠭᠵᠢᠵᠦ᠂ ᠣᠳᠣᠬᠢᠴᠢᠯᠠᠭᠰᠠᠨ ᠦᠢᠯᠡᠴᠢᠯᠡᠭᠡᠨ ᠤ | ᠦᠢᠯᠡᠰ ᠪᠣᠯᠣᠨ ᠲᠡᠷᠢᠭᠦᠨ ᠤ ᠦᠢᠯᠡᠳᠭᠡᠯ ᠤᠨ ᠦᠢᠯᠡᠰ ᠡᠷᠴᠢᠮᠲᠡᠢ ᠠᠭᠤᠰᠤᠯᠴᠠᠵᠤ᠂ ᠮᠠᠨ ᠤ ᠤᠯᠤᠰ ᠤᠨ | ᠦᠢᠯᠡᠳᠭᠡᠯ ᠤᠨ ᠦᠢᠯᠡᠰ ᠶᠠᠭ ᠶᠡᠭᠡ ᠪᠠᠶᠢᠭᠰᠠᠨ ᠠᠴᠠ ᠪᠠᠨ ᠬᠦᠴᠦᠷᠬᠡᠭ ᠪᠣᠯᠬᠤ ᠵᠠᠩᠭᠢᠯᠠᠭ᠎ᠠ ᠶᠢᠨ ᠴᠠᠭ ᠦᠶ᠎ᠡ ᠳᠤ | ᠣᠷᠣᠰᠢᠵᠤ ᠪᠠᠶᠢᠨ᠎ᠠ᠃ ᠣᠳᠣᠬᠢᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠥᠭᠵᠢᠯᠲᠡ ᠶᠢᠨ | ᠬᠠᠨᠳᠤᠰᠢ ᠳᠤ ᠵᠣᠬᠢᠴᠠᠵᠤ᠂ ᠣᠳᠣᠬᠢᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠢ ᠦᠢᠯᠡᠳᠭᠡᠯ ᠤᠨ | ᠦᠢᠯᠡᠰ ᠤᠨ ᠠᠵᠤ ᠦᠢᠯᠡᠰ ᠤᠨ ᠬᠡᠯᠬᠢᠶ᠎ᠡ ᠳᠤ ᠡᠷᠴᠢᠮᠲᠡᠢ ᠣᠷᠣᠭᠤᠯᠬᠤ ᠶᠢ ᠠᠬᠢᠭᠤᠯᠵᠤ᠂ ᠤᠯᠠᠨ ᠲᠠᠯ᠎ᠠ ᠪᠠᠷ | ᠬᠠᠮᠵᠢᠯᠴᠠᠨ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠢᠯᠡᠳᠭᠡᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ ᠵᠣᠷᠢᠯᠭ᠎ᠠ ᠪᠠᠷ᠂ | | | | | | ᠨᠢᠭᠡ᠂ ᠶᠡᠷᠦᠩᠬᠡᠢ ᠱᠠᠭᠠᠷᠳᠠᠯᠭ᠎ᠠ | | | ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠬᠦ ᠪᠣᠯ ᠨᠢᠭᠡ ᠵᠦᠢᠯ ᠤᠨ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠂ | ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠯᠳᠤᠬᠤ ᠪᠣᠳᠣᠯᠭ᠎ᠠ ᠶᠢ ᠥᠨᠳᠥᠷ ᠭᠠᠷᠤᠭ᠎ᠠ ᠠᠴᠠ ᠪᠠᠶᠢᠷᠢᠯᠠᠭᠤᠯᠬᠤ ᠪᠠᠷ | ᠬᠥᠲᠥᠯᠥᠨ ᠳᠠᠭᠠᠭᠤᠯᠵᠤ᠂ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠠᠷ ᠬᠤᠷᠢᠭ᠎ᠠ ᠱᠤᠭᠤᠮ | ᠪᠣᠯᠭᠠᠵᠤ᠂ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠳᠡᠭᠡᠳᠦ ᠲᠡᠰ ᠤᠨ | ᠪᠣᠯᠭᠠᠬᠤ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠪᠠᠷ ᠠᠷᠭ᠎ᠠ ᠵᠠᠮ ᠪᠣᠯᠭᠠᠨ ᠪᠠᠶᠢᠷᠢᠯᠠᠭᠤᠯᠬᠤ ᠬᠡᠷᠡᠭᠲᠡᠢ᠃ | ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠭᠤᠣᠯ ᠴᠣᠭᠴᠠ ᠪᠣᠯ ᠠᠵᠤ | ᠠᠬᠤᠶᠢᠯᠠᠯ ᠪᠣᠯᠣᠨ᠎ᠠ᠂ ᠵᠠᠩᠭᠢᠯᠠᠭ᠎ᠠ ᠨᠢ ᠪᠠᠰᠠ ᠠᠵᠤ ᠠᠬᠤᠶᠢᠯᠠᠯ ᠳᠤ ᠪᠠᠶᠢᠨ᠎ᠠ᠃ ᠦᠢᠯᠡᠳᠭᠡᠯ ᠤᠨ ᠦᠢᠯᠡᠰ ᠤᠨ | ᠠᠵᠤ ᠠᠬᠤᠶᠢᠯᠠᠯ ᠤᠳ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠣᠳᠣᠬᠢᠴᠢᠯᠠᠭᠰᠠᠨ | ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠰᠡᠳᠬᠢᠬᠦᠢ ᠪᠠᠨ ᠴᠢᠩᠭᠠᠳᠬᠠᠵᠤ᠂ ᠬᠥᠭᠵᠢᠯᠲᠡ ᠶᠢᠨ | ᠬᠠᠨᠳᠤᠰᠢ ᠶᠢ ᠬᠠᠷᠠᠭᠠᠯᠠᠨ᠂ ᠪᠠᠷᠢᠮᠵᠢᠶ᠎ᠠ ᠬᠦᠰᠦᠨᠦᠭᠲᠦ ᠲᠠᠢ ᠬᠠᠷᠢᠴᠠᠭᠤᠯᠤᠨ ᠬᠠᠩᠭᠠᠯᠭ᠎ᠠ ᠶᠢᠨ ᠬᠡᠯᠬᠢᠶ᠎ᠡ ᠶᠢᠨ | ᠬᠠᠮᠢᠶᠠᠷᠤᠯᠲᠠ ᠶᠢᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠲᠥᠷᠥᠯ ᠤᠨ | ᠨᠡᠶᠢᠭᠡᠮᠯᠢᠭ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠦᠢᠯᠡᠴᠢᠯᠡᠭᠡᠨ ᠤ ᠪᠠᠶᠢᠭᠤᠯᠤᠮᠵᠢ᠂ | ᠬᠠᠩᠭᠠᠯᠭ᠎ᠠ ᠶᠢᠨ ᠬᠡᠯᠬᠢᠶᠡᠰᠦ ᠶᠢ ᠰᠢᠢᠳᠪᠦᠷᠢᠯᠡᠬᠦ ᠲᠥᠰᠥᠯ ᠤᠨ ᠦᠢᠯᠡᠴᠢᠯᠡᠭᠡᠨ ᠤ ᠬᠤᠳᠠᠯᠳᠤᠭᠠᠴᠢᠨ᠂ ᠲᠠᠪᠴᠠᠩ ᠤᠨ | ᠠᠵᠤ ᠠᠬᠤᠶᠢᠯᠠᠯ ᠵᠡᠷᠭᠡ ᠨᠢ ᠦᠢᠯᠡᠴᠢᠯᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠠᠵᠤ ᠠᠬᠤᠶᠢᠯᠠᠯ ᠤᠨ | ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠳᠤ ᠣᠶᠤᠨ ᠤ ᠳᠡᠮᠵᠢᠯᠭᠡ ᠪᠠ ᠰᠢᠰᠲ᠋ᠧᠮ ᠲᠠᠢ ᠰᠢᠢᠳᠪᠦᠷᠢᠯᠡᠬᠦ | ᠲᠥᠰᠥᠯ ᠢ ᠬᠠᠩᠭᠠᠬᠤ ᠬᠡᠷᠡᠭᠲᠡᠢ᠃ ᠡᠯ᠎ᠡ ᠱᠠᠲᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠲᠤᠯᠭᠠᠭᠤᠷᠢᠯᠠᠬᠤ ᠣᠷᠴᠢᠨ ᠲᠣᠭᠤᠷᠢᠨ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠨ ᠴᠢᠩᠭᠠᠷᠠᠭᠤᠯᠬᠤ ᠬᠡᠷᠡᠭᠲᠡᠢ᠃ | | | | — ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠤᠰ ᠤᠨ | ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ | ᠶᠣᠰᠣ ᠪᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠠᠵᠤ | ᠠᠬᠤᠶᠢᠯᠠᠯ ᠤᠨ ᠪᠣᠳᠠᠲᠠᠢ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ︽ᠠᠵᠤ ᠠᠬᠤᠶᠢᠯᠠᠯ︾ ᠤᠨ ᠪᠠᠶᠢᠳᠠᠯ ᠳᠤᠨᠢ | ᠲᠣᠬᠢᠷᠠᠭᠤᠯᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ | ᠬᠤᠰᠢᠭᠤᠷᠠᠯ ᠣᠶᠢᠯᠠᠭᠠᠭᠳᠠᠬᠤᠨ ᠢ ᠬᠡᠷᠡᠭᠯᠡᠵᠦ᠂ ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠵᠤ | ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢ | ᠲᠥᠰᠥᠪᠯᠡᠵᠦ᠂ ᠬᠠᠩᠭᠠᠯᠭ᠎ᠠ ᠶᠢᠨ ᠬᠡᠯᠬᠢᠶ᠎ᠡ ᠶᠢᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠥᠨᠳᠥᠷ | ᠲᠦᠪᠰᠢᠨ ᠢᠶᠠᠷ ᠬᠤᠷᠠᠮᠳᠤᠭᠤᠯᠬᠤ᠂ ᠬᠠᠩᠭᠠᠯᠭ᠎ᠠ ᠶᠢᠨ ᠬᠡᠯᠬᠢᠶ᠎ᠡ ᠶᠢᠨ ᠠᠮᠢ ᠠᠬᠤᠢ ᠶᠢᠨ ᠰᠢᠰᠲ᠋ᠧᠮ ᠢ ᠴᠢᠨᠠᠷ ᠰᠠᠶᠢᠲᠠᠢ | ᠪᠠᠶᠢᠭᠤᠯᠬᠤ ᠶᠢ ᠪᠡᠶᠡᠯᠡᠭᠦᠯᠦᠨ᠎ᠡ᠃ | | | | — ᠳᠠᠭᠠᠭᠤᠯᠤᠭᠴᠢ ᠪᠠᠷ ᠳᠠᠶᠢᠴᠢᠯᠠᠬᠤ ᠶᠢ ᠳᠣᠪᠤᠶᠢᠯᠭᠠᠵᠤ᠂ ᠠᠭᠤᠰᠤᠯᠴᠠᠨ ᠨᠡᠪᠲᠡᠷᠡᠯᠴᠡᠵᠦ ᠬᠥᠭᠵᠢᠬᠦ ᠶᠢ | ᠠᠬᠢᠭᠤᠯᠤᠨ᠎ᠠ᠃ ᠬᠠᠩᠭᠠᠯᠭ᠎ᠠ ᠶᠢᠨ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠴᠡᠭ ᠢᠶᠠᠷ ᠬᠡᠯᠬᠢᠶ᠎ᠡ ᠶᠢ ᠳᠠᠶᠢᠴᠢᠯᠠᠨ᠂ ᠬᠡᠯᠬᠢᠶ᠎ᠡ ᠪᠠᠷ ᠪᠥᠬᠦ ᠲᠠᠯ᠎ᠠ ᠶᠢ | ᠳᠠᠶᠢᠴᠢᠯᠠᠨ ᠬᠠᠩᠭᠠᠯᠭ᠎ᠠ ᠶᠢᠨ ᠬᠡᠯᠬᠢᠶ᠎ᠡ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ | ᠨᠥᠬᠦᠪᠦᠷᠢᠯᠡᠬᠦ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ | ᠪᠡᠯᠡᠳᠬᠡᠮᠵᠢ ᠲᠥᠬᠦᠭᠡᠷᠦᠮᠵᠢ᠂ ᠬᠦᠴᠦᠨ ᠵᠦᠢᠯ ᠤᠨ ᠡᠬᠢ ᠪᠠᠶᠠᠯᠢᠭ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠵᠡᠷᠭᠡ | ᠬᠦᠷᠢᠶᠡᠨ ᠳᠠᠬᠢ ᠣᠯᠠᠨ ᠲᠠᠯ᠎ᠠ ᠶᠢᠨ ᠬᠠᠮᠵᠢᠯᠴᠠᠭ᠎ᠠ ᠶᠢ ᠠᠬᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢ | ᠰᠢᠯᠢᠳᠡᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠵᠦ᠂ ᠥᠷᠲᠡᠭ ᠤᠨ ᠬᠡᠯᠬᠢᠶ᠎ᠡ ᠶᠢ | ᠳᠡᠭᠡᠭᠰᠢᠯᠡᠭᠦᠯᠦᠨ᠎ᠡ᠃ | | | | — ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠮᠤᠷ ᠲᠦᠪᠰᠢᠨ ᠡᠮᠬᠢ ᠳᠢᠭᠯᠢᠮ ᠲᠠᠢ | ᠪᠠᠶᠢᠬᠤ ᠶᠢ ᠪᠠᠲᠤᠯᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠦᠢᠯ ᠤᠨ ᠡᠬᠢ ᠪᠠᠶᠠᠯᠢᠭ ᠢ | ᠨᠢᠭᠡᠳᠦᠯᠲᠡᠢ ᠲᠥᠯᠥᠪᠵᠢᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠡᠯᠧᠮᠧᠨ᠋ᠲ ᠢ ᠨᠡᠭᠡᠭᠡᠯᠲᠡᠲᠡᠢ ᠬᠠᠮᠲᠤᠪᠠᠷ ᠡᠳ᠋ᠯᠡᠬᠦ ᠶᠢ | ᠵᠣᠷᠢᠭᠵᠢᠭᠤᠯᠵᠤ᠂ ᠡᠯ᠎ᠡ ᠵᠦᠢᠯ ᠤᠨ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠦᠨ ᠬᠡᠷᠡᠭᠯᠡᠬᠦ ᠶᠢ | ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠦᠢᠯᠡᠳᠭᠡᠯ ᠤᠨ | ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠰᠢᠨ᠎ᠡ ᠬᠥᠳᠡᠯᠭᠡᠬᠦ | ᠬᠦᠴᠦᠨ ᠢ ᠠᠮᠤᠷ ᠲᠦᠪᠰᠢᠨ ᠬᠢᠭᠡᠳ ᠬᠥᠭᠵᠢᠯᠲᠡ ᠶᠢᠨ ᠬᠠᠷᠢᠴᠠᠭ᠎ᠠ ᠶᠢ ᠡᠵᠡᠮᠳᠡᠵᠦ᠂ ᠬᠠᠤᠯᠢ ᠲᠣᠭᠲᠠᠭᠠᠯ ᠳᠤ | ᠨᠡᠶᠢᠴᠡᠬᠦ ᠬᠤᠷᠢᠭ᠎ᠠ ᠱᠤᠭᠤᠮ ᠢ ᠴᠢᠩᠭ᠎ᠠ ᠰᠠᠬᠢᠬᠤ ᠶᠢ ᠰᠢᠪᠠᠳᠠᠵᠤ᠂ ᠠᠵᠤ ᠠᠬᠤᠶᠢᠯᠠᠯ ᠤᠨ ᠬᠠᠩᠭᠠᠯᠭ᠎ᠠ ᠶᠢᠨ | ᠬᠡᠯᠬᠢᠶ᠎ᠡ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ | | | ᠬᠤᠶᠠᠷ᠂ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠣᠯᠠᠨ ᠲᠠᠯ᠎ᠠ ᠶᠢᠨ ᠬᠠᠮᠵᠢᠯᠴᠠᠭ᠎ᠠ ᠶᠢ | ᠴᠢᠩᠭᠠᠳᠬᠠᠨ᠎ᠠ | | | ᠬᠠᠩᠭᠠᠯᠭ᠎ᠠ ᠶᠢᠨ ᠬᠡᠯᠬᠢᠶ᠎ᠡ ᠶᠢᠨ ᠤᠯᠠᠨ ᠲᠠᠯ᠎ᠠ ᠶᠢᠨ ᠬᠠᠮᠵᠢᠯᠴᠠᠭ᠎ᠠ ᠲᠤᠬᠠᠶᠢᠯᠠᠪᠠᠯ ᠬᠠᠩᠭᠠᠯᠭ᠎ᠠ ᠶᠢᠨ | ᠬᠡᠯᠬᠢᠶ᠎ᠡ ᠶᠢᠨ ᠡᠯ᠎ᠡ ᠵᠠᠩᠭᠢᠯᠠᠭ᠎ᠠ ᠶᠢᠨ ᠴᠡᠭ ᠠᠴᠠ ᠪᠦᠬᠦ ᠬᠡᠯᠬᠢᠶ᠎ᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠵᠣᠬᠢᠴᠠᠭᠤᠯᠬᠤ᠂ ᠴᠤᠪᠤᠷᠠᠯ ᠢ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠢᠵᠢᠯ ᠠᠯᠬᠤᠮ ᠲᠠᠢ ᠪᠠᠶᠢᠯᠭᠠᠬᠤ᠂ | ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠵᠡᠷᠭᠡ ᠤᠯᠠᠨ ᠲᠠᠯ᠎ᠠ ᠶᠢᠨ | ᠬᠠᠮᠵᠢᠯᠴᠠᠭ᠎ᠠ ᠪᠠᠷ ᠳᠠᠮᠵᠢᠭᠤᠯᠤᠨ᠂ ᠮᠡᠳᠡᠭᠡ ᠵᠠᠩᠭᠢ ᠶᠢᠨ ᠲᠡᠭᠰᠢ ᠬᠡᠮ ᠦᠭᠡᠢ ᠲᠦᠭᠰᠢᠭᠦᠷᠢ ᠶᠢ ᠪᠠᠭᠤᠷᠠᠭᠤᠯᠵᠤ᠂ | ᠵᠠᠬ᠎ᠠ ᠳᠡᠯᠭᠡᠭᠦᠷ ᠤᠨ ᠬᠠᠷᠢᠭᠤ ᠲᠤᠰᠬᠠᠯ ᠤᠨ ᠴᠢᠳᠠᠪᠤᠷᠢ ᠪᠠ ᠵᠣᠴᠢᠨ ᠡᠷᠦᠬᠡ ᠶᠢᠨ ᠦᠷᠳᠡᠭ ᠢ ᠳᠡᠭᠡᠭᠰᠢᠯᠡᠭᠦᠯᠵᠦ᠂ | ᠬᠠᠩᠭᠠᠯᠭ᠎ᠠ ᠶᠢᠨ ᠬᠡᠯᠬᠢᠶ᠎ᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠥᠪᠡᠷ ᠤᠨ ᠦᠷᠳᠡᠭ ᠢ ᠪᠠᠭᠤᠷᠠᠭᠤᠯᠤᠨ | ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠨ᠎ᠡ᠃ | | | | ︵ᠨᠢᠭᠡ︶ ᠥᠨᠳᠥᠷ ᠦᠷ᠎ᠡ ᠠᠰᠢᠭ ᠲᠠᠢ ᠬᠠᠮᠵᠢᠯᠴᠠᠬᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ | ᠪᠠᠶᠢᠭᠤᠯᠤᠨ᠎ᠠ᠃ ᠠᠵᠤ ᠠᠬᠤᠶᠢᠯᠠᠯ ᠥᠪᠡᠷ ᠤᠨ ᠦᠰᠦᠨ ᠪᠣᠶᠢᠵᠢᠬᠤ ᠬᠡᠷᠡᠭᠴᠡᠭᠡ ᠪᠣᠯᠣᠨ ᠵᠠᠬ᠎ᠠ ᠳᠡᠯᠭᠡᠭᠦᠷ ᠤᠨ | ᠥᠷᠢᠰᠦᠯᠳᠦᠭᠡᠨ ᠤ ᠣᠷᠴᠢᠨ ᠲᠣᠭᠤᠷᠢᠨ ᠲᠠᠢ ᠪᠠᠨ ᠤᠶᠠᠯᠳᠤᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠬᠤ | ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠲᠤᠰᠬᠠᠢ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠬᠤ ᠪᠤᠶᠤ ᠬᠤᠯᠪᠣᠭᠳᠠᠯ ᠪᠦᠬᠦᠢ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠠᠵᠤ | ᠠᠬᠤᠶᠢᠯᠠᠯ ᠤᠨ ᠳᠣᠲᠣᠭᠠᠳᠤ ᠶᠢᠨ ᠰᠠᠯᠠᠭ᠎ᠠ ᠮᠥᠴᠢᠷ ᠠᠯᠤᠰᠯᠠᠭᠰᠠᠨ᠂ ᠲᠤᠰᠬᠠᠢ ᠮᠡᠷᠭᠡᠵᠢᠯ ᠠᠯᠤᠰᠯᠠᠨ ᠬᠠᠮᠵᠢᠯᠴᠠᠬᠤ | ᠪᠠ ᠬᠡᠯᠬᠢᠶ᠎ᠡ ᠳᠡᠭᠡᠷᠡᠬᠢ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠬᠠᠮᠵᠢᠯᠴᠠᠬᠤ ᠲᠦᠭᠵᠢᠷᠡᠯ ᠢ ᠨᠠᠪᠲᠠᠷᠡᠭᠦᠯᠵᠦ᠂ ᠬᠠᠮᠵᠢᠯᠴᠠᠬᠤ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠵᠦ᠂ ᠬᠠᠮᠲᠤᠪᠠᠷ ᠬᠠᠮᠲᠤᠪᠠᠷ ᠠᠰᠢᠭ ᠬᠦᠷᠳᠡᠬᠦ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭᠠᠨ ᠤ ᠠᠮᠢ ᠠᠬᠤᠢ ᠶᠢ ᠢᠳᠡᠪᠬᠢᠲᠡᠢ ᠪᠦᠷᠢᠯᠳᠦᠭᠦᠯᠦᠨ᠎ᠡ᠃ | | | | ︵ᠬᠤᠶᠠᠷ︶ ᠲᠤᠬᠠᠶᠢᠯᠠᠭᠰᠠᠨ ᠠᠵᠢᠯ ᠤᠨ ᠴᠤᠪᠤᠷᠠᠯ ᠤᠨ ᠥᠨᠳᠥᠷ ᠦᠷ᠎ᠡ ᠠᠰᠢᠭ ᠲᠠᠢ ᠬᠠᠮᠵᠢᠯᠴᠠᠬᠤ ᠶᠢ | ᠬᠦᠴᠦᠯᠡᠨ ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠳᠤ | ᠲᠦᠰᠢᠭᠯᠡᠨ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠲᠥᠯᠥᠪᠯᠡᠭᠡ ᠲᠠᠢ ᠪᠠᠷ ᠬᠤᠳᠠᠯᠳᠤᠨ ᠠᠪᠬᠤ᠂ | ᠦᠢᠯᠡᠳᠪᠦᠷᠢᠯᠡᠵᠦ ᠦᠢᠯᠡᠳᠬᠦ᠂ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ᠂ ᠪᠠᠷᠠᠭᠠᠨ ᠤ ᠭᠦᠢᠯᠭᠡᠭᠡᠨ ᠤ | ᠲᠡᠭᠡᠭᠡᠪᠦᠷᠢ᠂ ᠪᠣᠷᠣᠯᠠᠭᠤᠯᠤᠨ ᠬᠠᠳᠠᠭᠠᠯᠠᠬᠤ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠵᠡᠷᠭᠡ | ᠲᠤᠬᠠᠶᠢᠯᠠᠭᠰᠠᠨ ᠠᠵᠢᠯ ᠤᠨ ᠭᠤᠭᠴᠤᠭ᠎ᠠ ᠵᠢᠴᠢ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠥᠮᠥᠨ ᠤ ᠬᠦᠴᠦᠨ ᠤ | ᠡᠬᠢ ᠪᠠᠶᠠᠯᠢᠭ ᠵᠡᠷᠭᠡ ᠲᠤᠯᠭᠠᠭᠤᠷᠢᠯᠠᠬᠤ ᠭᠤᠭᠴᠤᠭ᠎ᠠ ᠳᠤ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ ᠪᠠ ᠪᠠᠷᠢᠮᠵᠢᠶ᠎ᠠ ᠶᠢᠨ ᠠᠭᠤᠰᠤᠯᠴᠠᠯ ᠢ ᠴᠢᠩᠭᠠᠳᠬᠠᠵᠤ᠂ ᠬᠠᠩᠭᠠᠯᠭ᠎ᠠ ᠶᠢᠨ | ᠬᠡᠯᠬᠢᠶ᠎ᠡ ᠶᠢᠨ ᠴᠤᠪᠤᠷᠠᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠶᠢ | ᠵᠣᠷᠢᠭᠵᠢᠭᠤᠯᠤᠨ᠎ᠠ᠃ ᠬᠠᠩᠭᠠᠯᠭ᠎ᠠ ᠶᠢᠨ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠤᠳ ᠪᠥᠬᠦ ᠬᠡᠯᠬᠢᠶ᠎ᠡ ᠶᠢᠨ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠤᠳᠠᠯᠳᠤᠭᠠᠨ ᠤ ᠭᠦᠢᠯᠭᠡᠭᠡ᠂ ᠪᠠᠷᠠᠭᠠᠨ ᠤ | ᠭᠦᠢᠯᠭᠡᠭᠡ᠂ ᠪᠡᠯᠡ ᠮᠥᠩᠭᠦᠨ ᠤ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡᠨ ᠤ ᠰᠠᠭᠠᠳ ᠦᠭᠡᠢ ᠶᠠᠪᠤᠭᠳᠠᠬᠤ ᠶᠢ | ᠠᠬᠢᠭᠤᠯᠵᠤ᠂ ᠬᠡᠯᠬᠢᠶ᠎ᠡ ᠳᠠᠬᠢ ᠠᠵᠤ ᠠᠬᠤᠶᠢᠯᠠᠯ ᠤᠨ ᠴᠢᠨᠠᠷ ᠴᠢᠨᠰᠠᠭ᠎ᠠ ᠶᠢᠨ ᠨᠢᠭᠡᠳᠦᠯᠲᠡᠢ ᠬᠠᠮᠢᠶᠠᠷᠤᠯᠲᠠ ᠡᠵᠡᠮᠳᠡᠯ ᠢ | ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠳᠤᠮᠳᠠ ᠵᠢᠵᠢᠭ ᠠᠵᠤ ᠠᠬᠤᠶᠢᠯᠠᠯ ᠤᠨ ᠬᠠᠩᠭᠠᠯᠭ᠎ᠠ ᠶᠢᠨ | ᠬᠡᠯᠬᠢᠶᠡᠨ ᠤ ᠬᠠᠮᠵᠢᠯᠴᠠᠬᠤ ᠲᠤᠬᠠᠶᠢᠯᠠᠭᠰᠠᠨ ᠠᠵᠢᠯ ᠤᠨ ᠠᠮᠢ ᠠᠬᠤᠢ ᠳᠤ ᠠᠭᠤᠰᠤᠯᠴᠠᠬᠤ ᠶᠢ ᠵᠣᠷᠢᠭᠵᠢᠭᠤᠯᠵᠤ᠂ | ᠬᠠᠩᠭᠠᠯᠭ᠎ᠠ ᠶᠢᠨ ᠬᠡᠯᠬᠢᠶ᠎ᠡ ᠶᠢᠨ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ | | | | | | | | ︵ᠭᠤᠷᠪᠠ︶ ᠬᠦᠴᠦᠨ ᠵᠦᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠪᠥᠬᠦ | ᠲᠠᠯ᠎ᠠ ᠪᠠᠷ ᠠᠬᠢᠭᠤᠯᠤᠨ᠎ᠠ᠃ ᠠᠵᠤ ᠠᠬᠤᠶᠢᠯᠠᠯ ᠤᠨ ᠣᠯᠠᠨ ᠡᠰᠢᠵᠢᠭᠰᠡᠨ ᠨᠡᠭᠡᠭᠡᠨ ᠬᠥᠭᠵᠢᠭᠦᠯᠵᠦ ᠬᠠᠮᠲᠤᠪᠠᠷ | ᠭᠥᠷᠳᠡᠬᠦ ᠵᠠᠭᠪᠤᠷ ᠢ ᠰᠦᠪᠡᠭᠴᠢᠯᠡᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠰᠤᠳᠤᠯᠤᠨ ᠨᠡᠭᠡᠭᠡᠵᠦ ᠵᠢᠷᠤᠭᠯᠠᠨ | ᠲᠥᠯᠥᠪᠯᠡᠬᠦ᠂ ᠦᠢᠯᠡᠳᠪᠦᠷᠢᠯᠡᠬᠦ ᠲᠥᠬᠦᠭᠡᠷᠦᠮᠵᠢ᠂ ᠲᠤᠭ᠎ᠠ ᠪᠠᠷᠢᠮᠲᠠ ᠶᠢᠨ ᠮᠡᠳᠡᠭᠡ ᠵᠠᠩᠭᠢ᠂ ᠰᠢᠯᠭᠠᠨ ᠪᠠᠶᠢᠴᠠᠭᠠᠵᠤ | ᠲᠤᠷᠰᠢᠯᠲᠠ ᠬᠢᠬᠦ᠂ ᠬᠥᠮᠥᠷᠭᠡᠯᠡᠨ ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠬᠦᠴᠦᠨ ᠵᠦᠢᠯ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠨᠡᠭᠡᠭᠡᠯᠲᠡ ᠲᠠᠢ ᠪᠠᠷ ᠬᠠᠮᠲᠤᠪᠠᠷ ᠭᠥᠷᠳᠡᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠢ ᠲᠠᠢ ᠬᠤᠣᠰ ᠴᠢᠭᠯᠡᠯ ᠢᠶᠠᠷ ᠬᠤᠯᠪᠣᠭᠠᠯᠠᠵᠤ᠂ ᠬᠠᠮᠲᠤ ᠪᠠᠷ ᠬᠡᠷᠡᠭᠯᠡᠬᠦ ᠤᠶᠤᠨ ᠤ ᠡᠬᠢ ᠪᠠᠶᠠᠯᠢᠭ᠂ ᠵᠥᠭᠡᠯᠡᠨ | ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠬᠠᠮᠲᠤ ᠪᠠᠷ ᠡᠳ᠋ᠯᠡᠵᠦ᠂ ᠰᠢᠨ᠎ᠡ ᠶᠢ ᠡᠭᠦᠳᠬᠦ ᠬᠠᠮᠵᠢᠯᠴᠠᠭ᠎ᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠪᠠᠷᠠᠭᠠᠨ ᠤ ᠭᠦᠢᠯᠭᠡᠭᠡ᠂ ᠠᠷᠠᠯᠵᠢᠶᠠᠨ ᠤ ᠠᠵᠤ | ᠠᠬᠤᠶᠢᠯᠠᠯ ᠯᠤᠭ᠎ᠠ ᠡᠷᠴᠢᠮᠲᠡᠢ ᠠᠭᠤᠰᠤᠯᠴᠠᠨ ᠬᠥᠭᠵᠢᠵᠦ᠂ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ᠂ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠡᠷᠭᠡ ᠲᠥᠬᠦᠭᠡᠷᠦᠮᠵᠢ ᠲᠥᠬᠦᠭᠡᠷᠦᠮᠵᠢ ᠪᠠ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠵᠦ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠣᠷᠠᠳᠤ | ᠤᠷᠤᠰᠬᠠᠯ ᠤᠨ ᠤᠨᠢᠨ ᠳᠡᠭᠡᠷ᠎ᠡ ᠥᠨᠳᠥᠷ ᠪᠦᠲᠦᠮᠵᠢᠲᠡᠢ ᠵᠣᠬᠢᠴᠠᠭᠤᠯᠬᠤ ᠶᠢ ᠪᠡᠶᠡᠯᠡᠭᠦᠯᠵᠦ᠂ ᠡᠬᠢ ᠪᠠᠶᠠᠯᠢᠭ ᠤᠨ | ᠡᠷᠭᠢᠯᠲᠡ ᠶᠢᠨ ᠦᠷ᠎ᠡ ᠪᠦᠲᠦᠮᠵᠢ ᠪᠠ ᠪᠦᠬᠦᠯᠢ ᠴᠣᠭᠴᠠ ᠶᠢᠨ ᠬᠥᠳᠡᠯᠦᠩᠭᠦᠢ ᠴᠢᠨᠠᠷ ᠢ ᠳᠡᠭᠡᠭᠰᠢᠯᠡᠭᠦᠯᠵᠦ᠂ | ᠬᠥᠮᠥᠷᠭᠡᠯᠡᠨ ᠬᠠᠳᠠᠭᠠᠯᠠᠬᠤ ᠵᠢᠴᠢ ᠬᠠᠳᠠᠭᠠᠯᠠᠨ ᠬᠠᠮᠢᠶᠠᠷᠬᠤ ᠵᠠᠷᠤᠳᠠᠯ ᠢ ᠪᠠᠭᠤᠷᠠᠭᠤᠯᠵᠤ᠂ ᠭᠦᠢᠯᠭᠡᠭᠡᠨ ᠤ ᠲᠠᠰᠤᠷᠬᠠᠢ | ᠴᠡᠭ ᠤᠨ ᠲᠦᠭᠵᠢᠷᠡᠯ ᠢ ᠠᠷᠢᠯᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠡᠯᠬᠢᠶ᠎ᠡ ᠳᠡᠭᠡᠷᠡᠬᠢ ᠮᠡᠳᠡᠭᠡ | ᠵᠠᠩᠭᠢ ᠶᠢ ᠨᠡᠪᠲᠡᠷᠡᠯᠴᠡᠵᠦ᠂ ᠬᠠᠩᠭᠠᠯᠭ᠎ᠠ ᠶᠢᠨ ᠬᠡᠯᠬᠢᠶ᠎ᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠠᠮᠵᠢᠯᠴᠠᠨ | ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠪᠠ ᠠᠮᠤᠷ | ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | | | | ︵ᠳᠥᠷᠪᠡ︶ ᠬᠠᠮᠵᠢᠯᠴᠠᠨ ᠰᠢᠨ᠎ᠡ ᠶᠢ ᠡᠭᠦᠳᠴᠦ ᠦᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ | ᠠᠬᠤᠶᠢᠯᠠᠯ ᠤᠨ ᠰᠢᠨ᠎ᠡ ᠬᠡᠯᠪᠡᠷᠢ ᠶᠢᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ | ᠠᠮᠢᠳᠤᠯᠢᠭ ᠢᠶᠠᠷ ᠬᠡᠷᠡᠭᠯᠡᠨ᠂ ᠬᠠᠩᠭᠠᠯᠭ᠎ᠠ ᠶᠢᠨ ᠰᠢᠨ᠎ᠡ ᠶᠢ ᠡᠭᠦᠳᠬᠦ ᠪᠠᠷ ᠰᠢᠨ᠎ᠡ ᠬᠡᠷᠡᠭᠴᠡᠭᠡ ᠱᠠᠭᠠᠷᠳᠠᠯᠭ᠎ᠠ ᠶᠢ | ᠬᠥᠲᠥᠯᠥᠨ ᠳᠠᠭᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠰᠤᠳᠤᠯᠤᠨ ᠨᠡᠭᠡᠭᠡᠵᠦ ᠵᠢᠷᠤᠭᠯᠠᠨ | ᠲᠥᠯᠥᠪᠯᠡᠬᠦ ᠶᠢ ᠳᠠᠶᠢᠴᠢᠯᠠᠨ᠂ ᠵᠠᠬ᠎ᠠ ᠳᠡᠯᠭᠡᠭᠦᠷ ᠤᠨ ᠳᠠᠮᠵᠢᠭᠤᠯᠬᠤ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ | ᠵᠠᠬ᠎ᠠ ᠳᠡᠯᠭᠡᠭᠦᠷ ᠤᠨ ᠬᠠᠷᠢᠭᠤ ᠲᠤᠰᠬᠠᠯ ᠤᠨ ᠬᠦᠴᠦᠨ ᠲᠠᠢ ᠦᠢᠯᠡᠳᠬᠦᠨ ᠤ ᠦᠶᠯᠡᠴᠢᠯᠡᠭᠡᠵᠢᠯᠲᠡ ᠪᠠ | ᠦᠢᠯᠡᠴᠢᠯᠡᠭᠡᠨ ᠤ ᠦᠶᠯᠡᠳᠬᠦᠨᠴᠢᠯᠡᠯᠲᠡ ᠶᠢᠨ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠴᠢᠨᠠᠷ ᠴᠢᠨᠰᠠᠭ᠎ᠠ ᠶᠢ ᠪᠠᠶᠢᠴᠠᠭᠠᠨ ᠰᠢᠯᠭᠠᠬᠤ᠂ ᠤᠭᠰᠠᠷᠠᠵᠤ | ᠲᠤᠷᠰᠢᠨ ᠲᠣᠬᠢᠷᠠᠭᠤᠯᠬᠤ᠂ ᠠᠵᠢᠯᠯᠠᠭᠤᠯᠵᠤ ᠪᠠᠲᠤᠯᠠᠬᠤ ᠪᠠᠶᠢᠴᠠᠭᠠᠨ ᠵᠠᠰᠠᠬᠤ᠂ ᠪᠣᠷᠣᠯᠠᠭᠤᠯᠤᠭᠰᠠᠨ ᠤ ᠳᠠᠷᠠᠭᠠᠬᠢ | ᠪᠠᠲᠤᠯᠠᠭ᠎ᠠ ᠵᠡᠷᠭᠡ ᠬᠠᠮᠵᠢᠯᠴᠠᠬᠤ ᠦᠢᠯᠡᠴᠢᠯᠡᠭᠡ ᠶᠢ ᠥᠷᠨᠢᠭᠦᠯᠵᠦ᠂ ᠦᠢᠯᠡᠳᠬᠦᠨ ᠤ ᠳᠠᠷᠠᠭᠠᠬᠢ ᠵᠠᠬ᠎ᠠ ᠳᠡᠯᠭᠡᠭᠦᠷ ᠤᠨ | ᠦᠢᠯᠡᠴᠢᠯᠡᠭᠡᠨ ᠤ ᠬᠠᠷᠢᠭᠤ ᠦᠢᠯᠡᠴᠢᠯᠡᠭᠡ ᠪᠠᠷ ᠦᠢᠯᠡᠳᠬᠦ ᠶᠢ ᠠᠬᠢᠭᠤᠯᠤᠨ᠎ᠠ᠃ ᠬᠠᠩᠭᠠᠯᠭ᠎ᠠ ᠶᠢᠨ ᠬᠡᠯᠬᠢᠶ᠎ᠡ ᠶᠢᠨ | ᠭᠤᠣᠯᠯᠠᠬᠤ ᠠᠵᠤ ᠠᠬᠤᠶᠢᠯᠠᠯ ᠨᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠬᠡᠯᠬᠢᠶ᠎ᠡ ᠳᠡᠭᠡᠷᠡᠬᠢ | ᠠᠵᠤ ᠠᠬᠤᠶᠢᠯᠠᠯ ᠢ ᠲᠠᠶᠢᠴᠢᠯᠠᠨ ᠦᠢᠯᠡᠳᠪᠦᠷᠢᠯᠡᠯ ᠤᠨ ᠮᠡᠷᠭᠡᠵᠢᠯ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠬᠠᠮᠲᠤ ᠪᠠᠷ ᠳᠡᠭᠡᠭᠰᠢᠯᠡᠭᠦᠯᠬᠦ ᠬᠡᠷᠡᠭᠲᠡᠢ᠃ | | | | | | ᠭᠤᠷᠪᠠ᠂ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠶᠢ | ᠪᠡᠶᠡᠯᠡᠭᠦᠯᠦᠨ᠎ᠡ | | | ᠨᠠᠷᠢᠯᠢᠭ ᠬᠠᠩᠭᠠᠯᠭ᠎ᠠ ᠶᠢᠨ ᠬᠡᠯᠬᠢᠶ᠎ᠡ ᠲᠤᠬᠠᠶᠢᠯᠠᠪᠠᠯ ᠬᠠᠩᠭᠠᠯᠭ᠎ᠠ ᠶᠢᠨ ᠬᠡᠯᠬᠢᠶ᠎ᠡ ᠶᠢᠨ ᠲᠣᠣᠷ ᠰᠦᠯᠵᠢᠶᠡᠨ ᠳᠠᠬᠢ | ᠡᠯ᠎ᠡ ᠵᠦᠢᠯ ᠤᠨ ᠦᠯᠡᠭᠦᠦ ᠪᠠᠶᠢᠳᠠᠯ ᠢ ᠨᠠᠷᠢᠯᠢᠭ ᠣᠨᠣᠴᠠᠲᠠᠢ ᠪᠠᠷ ᠢᠯᠭᠠᠨ ᠲᠠᠨᠢᠵᠤ᠂ ᠦᠢᠯᠡᠳᠬᠦᠨ ᠤ ᠵᠢᠷᠤᠭ | ᠲᠥᠯᠥᠪᠯᠡᠭᠡ ᠠᠴᠠ ᠵᠣᠴᠢᠨ ᠡᠷᠦᠭᠡ ᠶᠢ ᠬᠡᠷᠡᠭᠯᠡᠬᠦ ᠬᠦᠷᠲᠡᠯᠡᠬᠢ ᠪᠦᠬᠦ ᠶᠠᠪᠤᠴᠠ ᠶᠢᠨ ᠶᠠᠪᠤᠴᠠ ᠶᠢ ᠳᠠᠬᠢᠨ | ᠱᠤᠭᠤᠬᠤ ᠶᠢ ᠬᠡᠷᠡᠭᠵᠢᠭᠦᠯᠵᠦ᠂ ᠳᠡᠭᠡᠳᠦ ᠳᠣᠣᠷᠠᠳᠤ ᠤᠷᠤᠰᠬᠠᠯ ᠤᠨ ᠬᠠᠮᠵᠢᠯᠴᠠᠭ᠎ᠠ ᠪᠠᠷ ᠴᠢᠬᠤᠯᠠ ᠪᠤᠰᠤ ᠥᠪᠡᠷ ᠤᠨ | ᠦᠷᠳᠡᠭ ᠪᠠ ᠪᠦᠷᠢᠯᠭᠡᠨ ᠰᠦᠢᠳᠬᠡᠬᠦ ᠶᠢ ᠠᠷᠢᠯᠭᠠᠵᠤ᠂ ᠲᠤᠬᠠᠶᠢᠯᠠᠭᠰᠠᠨ ᠠᠵᠢᠯ ᠤᠨ ᠶᠠᠪᠤᠴᠠ ᠪᠠ ᠦᠶᠡᠯᠡᠯ ᠤᠨ | ᠬᠤᠭᠤᠴᠠᠭ᠎ᠠ ᠶᠢ ᠪᠣᠭᠤᠨᠢᠰᠬᠠᠨ᠂ ᠠᠯᠢ ᠴᠢᠳᠠᠬᠤ ᠪᠠᠷ ᠪᠠᠭ᠎ᠠ ᠡᠬᠢ ᠪᠠᠶᠠᠯᠢᠭ ᠢᠶᠠᠷ ᠵᠣᠴᠢᠨ ᠡᠷᠦᠭᠡ ᠶᠢᠨ | ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ᠂ ᠬᠠᠮᠤᠭ ᠤᠨ ᠥᠨᠳᠥᠷ ᠦᠷ᠎ᠡ ᠪᠦᠲᠦᠮᠵᠢ ᠲᠠᠢ ᠪᠠᠷ ᠬᠠᠩᠭᠠᠨ᠎ᠠ᠃ | | | | ︵ᠲᠠᠪᠤ︶ ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ ᠭᠤᠭᠴᠤᠭ᠎ᠠ ᠳᠠᠬᠢ ᠪᠦᠷᠢᠯᠭᠡᠨ ᠰᠦᠢᠳᠬᠡᠬᠦ ᠶᠢ ᠠᠷᠢᠯᠭᠠᠨ᠎ᠠ᠃ | ᠠᠵᠤ ᠠᠬᠤᠶᠢᠯᠠᠯ ᠥᠪᠡᠷ ᠤᠨ ᠥᠷᠲᠡᠭ ᠤᠨ ᠶᠡᠷᠦᠩᠬᠡᠢ ᠬᠡᠮᠵᠢᠶ᠎ᠡ ᠶᠢᠨ ᠲᠣᠭᠠᠴᠠᠭ᠎ᠠ ᠬᠢᠬᠦ᠂ ᠥᠷᠲᠡᠭ ᠤᠨ | ᠭᠦᠢᠯᠭᠡᠭᠡᠨ ᠤ ᠵᠠᠳᠠᠯᠤᠯᠲᠠ ᠬᠢᠬᠦ ᠵᠡᠷᠭᠡ ᠠᠷᠭ᠎ᠠ ᠬᠡᠯᠪᠡᠷᠢ ᠶᠢ ᠠᠮᠢᠳᠤᠯᠢᠭ ᠢᠶᠠᠷ ᠬᠡᠷᠡᠭᠯᠡᠵᠦ᠂ ᠬᠠᠩᠭᠠᠯᠭ᠎ᠠ ᠶᠢᠨ | ᠬᠡᠯᠬᠢᠶ᠎ᠡ ᠶᠢᠨ ᠪᠦᠬᠦ ᠶᠠᠪᠤᠴᠠ ᠳᠠᠬᠢ ᠬᠡᠳᠦ ᠬᠡᠮᠵᠢᠶᠡᠨ ᠤ ᠦᠢᠯᠡᠳᠪᠦᠷᠢᠯᠡᠯ ᠤᠨ ᠪᠦᠷᠢᠯᠭᠡᠯᠲᠡ᠂ ᠢᠯᠡᠭᠦᠴᠡ ᠠᠵᠢᠯ ᠤᠨ | ᠳᠠᠷᠠᠭᠠᠯᠠᠯ ︵ᠪᠣᠳᠠᠰ ᠤᠨ ᠮᠠᠲ᠋ᠧᠷᠢᠶᠠᠯ ᠤᠨ ᠵᠥᠭᠡᠭᠡᠪᠦᠷᠢ ᠶᠢᠨ ᠵᠠᠢ᠂ ᠦᠢᠯᠡᠳᠪᠦᠷᠢᠯᠡᠯ ᠤᠨ ᠠᠵᠢᠯᠯᠠᠭ᠎ᠠ ᠶᠢᠨ | ᠢᠯᠡᠭᠦᠳᠡᠯ᠂ ᠳᠠᠬᠢᠨ ᠳᠠᠪᠲᠠᠨ ᠬᠥᠳᠡᠯᠮᠦᠷᠢᠯᠡᠬᠦ ᠵᠡᠷᠭᠡ︶ ᠤᠨ ᠪᠦᠷᠢᠯᠭᠡᠯᠲᠡ᠂ ᠳᠤᠲᠠᠭᠳᠠᠯ ᠪᠤᠶᠤ ᠪᠤᠷᠤᠭᠤ | ᠪᠦᠷᠢᠯᠭᠡᠯᠲᠡ᠂ ᠬᠥᠮᠥᠷᠭᠡ ᠶᠢᠨ ᠬᠠᠳᠠᠭᠠᠯᠠᠯᠲᠠ ᠶᠢᠨ ᠪᠦᠷᠢᠯᠭᠡᠯᠲᠡ ᠵᠡᠷᠭᠡ ᠠᠭᠤᠯᠭ᠎ᠠ ᠶᠢ ᠣᠨᠣᠪᠴᠢᠲᠠᠶ ᠢᠯᠭᠠᠨ | ᠲᠠᠨᠢᠵᠤ᠂ ᠰᠢᠯᠲᠠᠭᠠᠨ ᠢ ᠨᠢ ᠴᠠᠭ ᠲᠤᠬᠠᠢ ᠳᠤᠨᠢ ᠵᠠᠳᠠᠯᠤᠨ ᠡᠷᠢᠵᠦ᠂ ᠴᠢᠬᠤᠯᠠ ᠪᠦᠬᠦᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠠᠷᠭ᠎ᠠ ᠪᠠᠷᠢᠯ ᠢ ᠬᠡᠷᠡᠭᠯᠡᠨ᠂ ᠡᠷᠭᠢᠯᠲᠡ ᠶᠢᠨ ᠬᠤᠷᠳᠤᠴᠠ ᠶᠢ ᠳᠡᠭᠡᠭᠰᠢᠯᠡᠭᠦᠯᠬᠦ᠂ | ᠶᠠᠪᠤᠴᠠ ᠶᠢᠨ ᠵᠥᠷᠢᠶ᠎ᠡ ᠶᠢ ᠪᠠᠭᠠᠰᠬᠠᠬᠤ ᠵᠡᠷᠭᠡ ᠬᠠᠯᠠᠨ ᠰᠠᠶᠢᠵᠢᠷᠠᠭᠤᠯᠬᠤ ᠠᠷᠭ᠎ᠠ ᠶᠢ ᠬᠡᠷᠡᠭᠵᠢᠭᠦᠯᠵᠦ ᠪᠠᠶᠢᠭᠠᠳ | ᠪᠦᠷᠢᠯᠭᠡᠨ ᠰᠦᠢᠳᠬᠡᠬᠦ ᠶᠢ ᠠᠷᠢᠯᠭᠠᠵᠤ᠂ ᠡᠬᠢ ᠪᠠᠶᠠᠯᠢᠭ ᠤᠨ ᠬᠠᠮᠤᠭ ᠤᠨ ᠰᠢᠯᠢᠳᠡᠭ ᠲᠣᠬᠢᠷᠠᠭᠤᠯᠤᠯᠲᠠ ᠶᠢ | ᠪᠡᠶᠡᠯᠡᠭᠦᠯᠬᠦ ᠬᠡᠷᠡᠭᠲᠡᠢ᠃ | | | | ︵ᠵᠢᠷᠭᠤᠭ᠎ᠠ︶ ᠬᠠᠩᠭᠠᠯᠭ᠎ᠠ ᠶᠢᠨ ᠬᠡᠯᠬᠢᠶᠡᠨ ᠤ ᠪᠥᠬᠦ ᠬᠡᠯᠬᠢᠶᠡᠨ ᠤ ᠴᠤᠪᠤᠷᠠᠯ ᠢ ᠰᠢᠯᠢᠳᠡᠭᠵᠢᠭᠦᠯᠬᠦ ᠶᠢ | ᠠᠬᠢᠭᠤᠯᠤᠨ᠎ᠠ᠃ ᠠᠵᠤ ᠠᠬᠤᠶᠢᠯᠠᠯ ᠤᠳ ᠵᠠᠩᠭᠢᠯᠠᠭ᠎ᠠ ᠶᠢᠨ ᠬᠠᠩᠭᠠᠯᠭ᠎ᠠ ᠶᠢᠨ ᠬᠤᠳᠠᠯᠳᠤᠭᠠᠴᠢᠨ᠂ ᠭᠤᠣᠯ ᠪᠣᠯᠬᠤ | ᠬᠡᠷᠡᠭᠯᠡᠭᠴᠢ ᠯᠦᠭᠡ ᠶᠢᠨ ᠮᠡᠳᠡᠭᠡ ᠵᠠᠩᠭᠢ ᠶᠢᠨ ᠤᠶᠠᠯᠳᠤᠭ᠎ᠠ ᠶᠢ ᠴᠢᠩᠭᠠᠳᠬᠠᠵᠤ᠂ ᠬᠡᠷᠡᠭᠴᠡᠭᠡ ᠱᠠᠭᠠᠷᠳᠠᠯᠭ᠎ᠠ ᠶᠢ | ᠤᠷᠢᠳᠴᠢᠯᠠᠨ ᠵᠢᠱᠢᠬᠦ᠂ ᠵᠢᠷᠤᠭᠯᠠᠨ ᠲᠥᠯᠥᠪᠯᠡᠵᠦ ᠦᠢᠯᠡᠳᠪᠦᠷᠢᠯᠡᠬᠦ᠂ ᠲᠡᠭᠡᠭᠡᠪᠦᠷᠢᠯᠡᠬᠦ ᠵᠠᠮ ᠱᠤᠭᠤᠮ ᠪᠠ | ᠥᠷᠢᠰᠦᠯᠳᠦᠭᠡᠨ ᠤ ᠠᠷᠭ᠎ᠠ ᠪᠣᠳᠣᠯᠭ᠎ᠠ ᠵᠡᠷᠭᠡ ᠲᠠᠯ᠎ᠠ ᠶᠢᠨ ᠮᠡᠳᠡᠭᠡ ᠵᠠᠩᠭᠢ ᠶᠢᠨ ᠲᠡᠩᠴᠡᠭᠦᠷᠢ ᠦᠭᠡᠢ ᠪᠠᠶᠢᠳᠠᠯ ᠢ | ᠴᠢᠷᠮᠠᠶᠢᠨ ᠠᠷᠢᠯᠭᠠᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠲᠤᠰᠢᠶᠠᠨ ᠣᠯᠭᠤᠬᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ ᠦᠵᠡᠭᠳᠡᠮᠡᠯ ᠬᠢᠨᠠᠨ ᠡᠵᠡᠮᠳᠡᠬᠦ ᠳᠦᠷᠰᠦ ᠵᠢᠷᠤᠬᠤ ᠠᠷᠭ᠎ᠠ ᠪᠠᠷᠢᠯ ᠢ ᠬᠡᠷᠡᠭᠯᠡᠨ᠂ ᠠᠳᠠᠯᠢ ᠪᠤᠰᠤ ᠡᠳ᠋ | ᠪᠠᠷᠠᠭ᠎ᠠ ᠶᠢᠨ ᠲᠥᠷᠥᠯ ᠵᠦᠢᠯ ᠳᠤ ᠴᠢᠭᠯᠡᠭᠦᠯᠦᠨ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢᠨ | ᠲᠥᠰᠥᠭᠡᠯᠡᠯᠲᠡ ᠶᠢ ᠥᠷᠨᠢᠭᠦᠯᠵᠦ᠂ ᠦᠨᠳᠦᠰᠦᠨ ᠱᠠᠲᠤᠨ ᠤ ᠨᠢᠭᠡᠴᠢ ᠶᠢᠨ ᠲᠥᠰᠥᠭᠡᠯᠡᠯᠲᠡ ᠶᠢᠨ ᠲᠥᠷᠥᠯ ᠵᠦᠢᠯ ᠪᠠ | ᠡᠳ᠋ ᠮᠠᠲ᠋ᠧᠷᠢᠶᠠᠯ ᠤᠨ ᠲᠥᠷᠥᠯ ᠢᠯᠭᠠᠯ ᠢ ᠴᠣᠮᠬᠠᠳᠬᠠᠨ᠎ᠠ᠃ ᠡᠷᠭᠢᠯᠳᠦᠭᠦᠯᠦᠨ ᠪᠠᠷᠠᠭ᠎ᠠ ᠭᠠᠷᠭᠠᠵᠤ ᠠᠪᠬᠤ᠂ ᠭᠠᠷᠭᠠᠨ | ᠠᠪᠬᠤ ᠪᠠ ᠬᠦᠷᠭᠡᠬᠦ ᠶᠢ ᠤᠶᠠᠯᠳᠤᠭᠤᠯᠬᠤ ᠵᠡᠷᠭᠡ ᠪᠠᠷᠠᠭᠠᠨ ᠤ ᠭᠦᠢᠯᠭᠡᠭᠡᠨ ᠤ ᠶᠠᠪᠤᠴᠠ ᠶᠢ ᠲᠡᠭᠦᠯᠳᠡᠷᠵᠢᠭᠦᠯᠵᠦ᠂ | ᠲᠦᠭᠦᠬᠡᠢ ᠮᠠᠲ᠋ᠧᠷᠢᠶᠠᠯ᠂ ᠬᠠᠭᠠᠰ ᠪᠦᠲᠦᠭᠡᠭᠳᠡᠬᠦᠨ ᠪᠠ ᠦᠢᠯᠡᠳᠪᠦᠷᠢᠯᠡᠭᠰᠡᠨ ᠪᠦᠲᠦᠭᠡᠭᠳᠡᠬᠦᠨ ᠵᠡᠷᠭᠡ ᠪᠣᠳᠠᠰ ᠤᠨ | ᠮᠠᠲ᠋ᠧᠷᠢᠶᠠᠯ ᠢ ᠡᠷᠭᠢᠯᠲᠡ ᠶᠢᠨ ᠪᠠᠶᠢᠳᠠᠯ ᠳᠤ ᠦᠷᠭᠦᠯᠵᠢᠯᠡᠨ ᠪᠠᠶᠢᠯᠭᠠᠵᠤ᠂ ᠰᠠᠩ ᠬᠥᠮᠥᠷᠭᠡ ᠶᠢᠨ ᠬᠠᠳᠠᠭᠠᠯᠠᠬᠤ | ᠬᠡᠯᠪᠡᠷᠢ ᠶᠢᠨ ᠬᠤᠪᠢ ᠶᠢᠨ ᠵᠢᠩ ᠢ ᠪᠠᠭᠤᠷᠠᠭᠤᠯᠤᠨ᠎ᠠ᠃ | | | | ︵ᠳᠣᠯᠤᠭ᠎ᠠ︶ ᠪᠠᠷᠢᠮᠵᠢᠶᠠᠵᠢᠭᠤᠯᠤᠭᠰᠠᠨ ᠬᠠᠩᠭᠠᠯᠭ᠎ᠠ ᠶᠢᠨ ᠬᠡᠯᠬᠢᠶᠡᠨ ᠤ ᠪᠦᠲᠦᠴᠡ ᠶᠢ ᠪᠦᠷᠢᠨᠰᠢᠭᠦᠯᠦᠨ᠎ᠡ᠃ | ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠨ ᠤ ᠮᠡᠷᠭᠡᠵᠢᠯ᠂ ᠲᠥᠬᠦᠭᠡᠷᠦᠮᠵᠢ ᠵᠡᠷᠭᠡ ᠶᠢᠨ ᠪᠠᠷᠢᠮᠵᠢᠶ᠎ᠠ ᠶᠢ | ᠢᠳᠡᠪᠬᠢᠲᠡᠢ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠪᠠᠷᠠᠭ᠎ᠠ ᠬᠠᠩᠭᠠᠬᠤ ᠲᠠᠯ᠎ᠠ᠂ ᠲᠡᠭᠡᠭᠡᠪᠦᠷᠢᠯᠡᠬᠦ ᠲᠠᠯ᠎ᠠ᠂ | ᠪᠣᠷᠣᠯᠠᠭᠤᠯᠬᠤ ᠲᠠᠯ᠎ᠠ ᠯᠤᠭ᠎ᠠ ᠲᠥᠬᠦᠭᠡᠷᠦᠮᠵᠢ ᠶᠢᠨ ᠪᠠᠭᠲᠠᠭᠠᠮᠵᠢᠲᠤ ᠴᠢᠨᠠᠷ ᠪᠠ ᠪᠠᠷᠢᠮᠵᠢᠶᠠᠵᠢᠭᠤᠯᠬᠤ ᠬᠢᠷᠢ | ᠬᠡᠮᠵᠢᠶ᠎ᠡ ᠶᠢ ᠬᠠᠮᠲᠤᠪᠠᠷ ᠳᠡᠭᠡᠭᠰᠢᠯᠡᠭᠦᠯᠦᠨ᠎ᠡ᠃ ᠦᠢᠯᠡᠳᠬᠦᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠴᠢᠩᠭᠠᠳᠬᠠᠵᠤ᠂ ᠦᠢᠯᠡᠳᠬᠦᠨ ᠤ ᠪᠡᠯᠡᠳᠬᠡᠯ ᠲᠤᠨᠤᠭ ᠤᠨ ᠲᠦᠷᠦᠯ ᠵᠦᠢᠯ ᠪᠠ ᠬᠠᠩᠭᠠᠯᠭ᠎ᠠ ᠶᠢᠨ | ᠬᠤᠳᠠᠯᠳᠤᠭᠠᠴᠢᠨ ᠤ ᠲᠤᠭ᠎ᠠ ᠬᠡᠮᠵᠢᠶ᠎ᠡ ᠶᠢ ᠵᠦᠢ ᠠᠵᠤ ᠠᠬᠤᠶᠢᠯᠠᠯ ᠬᠢᠭᠡᠳ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ | ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠪᠣᠳᠠᠰ ᠤᠨ ᠮᠠᠲ᠋ᠧᠷᠢᠶᠠᠯ ᠤᠨ ᠳ᠋ᠤᠭᠠᠷᠯᠠᠯ ᠢ ᠨᠢᠭᠡᠳᠦᠯᠲᠡᠢ | ᠪᠠᠶᠢᠯᠭᠠᠬᠤ ᠶᠢ ᠪᠡᠶᠡᠯᠡᠭᠦᠯᠬᠦ ᠶᠢ ᠵᠣᠷᠢᠭᠵᠢᠭᠤᠯᠵᠤ᠂ ᠨᠡᠶᠢᠳᠡᠮ ᠬᠡᠷᠡᠭᠯᠡᠬᠦ ᠪᠠᠷᠢᠮᠵᠢᠶ᠎ᠠ᠂ ᠵᠠᠩᠭᠢᠯᠠᠭ᠎ᠠ ᠶᠢᠨ ᠮᠡᠷᠭᠡᠵᠢᠯ ᠤᠨ | ᠪᠠᠷᠢᠮᠵᠢᠶ᠎ᠠ ᠵᠢᠴᠢ ᠠᠵᠢᠯ ᠲᠥᠷᠥᠯ ᠤᠨ ᠬᠡᠷᠡᠭᠯᠡᠭᠡᠨ ᠤ ᠪᠠᠷᠢᠮᠵᠢᠶ᠎ᠠ ᠵᠡᠷᠭᠡ ᠶᠢ ᠬᠠᠮᠲᠤᠪᠠᠷ ᠲᠣᠭᠲᠠᠭᠠᠬᠤ ᠪᠤᠶᠤ | ᠣᠷᠣᠯᠴᠠᠵᠤ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠪᠠᠷᠢᠮᠵᠢᠶ᠎ᠠ ᠶᠢ ᠪᠦᠲᠦᠮᠵᠢᠲᠡᠶ | ᠵᠣᠯᠭᠠᠭᠤᠯᠬᠤ ᠶᠢ ᠠᠬᠢᠭᠤᠯᠤᠨ᠎ᠠ᠃ | | | ᠳᠥᠷᠪᠡ᠂ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠭᠰᠠᠨ ᠬᠡᠯᠪᠡᠷᠢ ᠶᠢᠨ | ᠬᠤᠪᠢᠷᠠᠭᠤᠯᠤᠯᠲᠠ ᠶᠢ ᠲᠦᠷᠭᠡᠳᠬᠡᠨ᠎ᠡ | | | | ᠬᠠᠩᠭᠠᠯᠭ᠎ᠠ ᠶᠢᠨ ᠬᠡᠯᠬᠢᠶ᠎ᠡ ᠶᠢ ᠲᠣᠭᠠᠴᠢᠯᠠᠬᠤ ᠭᠡᠳᠡᠭ ᠨᠢ ᠳᠠᠷᠤᠢ ᠡᠳ᠋ ᠪᠠᠷᠠᠭᠠᠨ ᠤ ᠮᠡᠳᠡᠭᠡ ᠵᠠᠩᠭᠢ ᠶᠢᠨ | ᠰᠦᠯᠵᠢᠶ᠎ᠡ᠂ 5G᠂ ᠣᠷᠣᠨ ᠬᠡᠰᠡᠭ ᠤᠨ ᠬᠡᠯᠬᠢᠶ᠎ᠡ᠂ ᠲᠣᠮᠣ ᠳ᠋ᠠᠶᠢᠲ᠋ᠠ᠂ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠳᠤ | ᠲᠦᠰᠢᠭᠯᠡᠨ᠂ ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠬᠡᠮᠵᠢᠶᠡᠵᠢᠭᠦᠯᠦᠭᠰᠡᠨ ᠠᠵᠢᠯᠯᠠᠭᠠᠨ ᠤ ᠲᠤᠭ᠎ᠠ | ᠪᠠᠷᠢᠮᠲᠠ ᠶᠢ ᠬᠤᠷᠠᠮᠳᠤᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠠᠵᠢᠯᠯᠠᠭᠠᠨ ᠢ ᠲᠤᠭ᠎ᠠ ᠪᠠᠷᠢᠮᠲᠠᠵᠢᠭᠤᠯᠬᠤ᠂ | ᠵᠠᠭᠪᠤᠷᠵᠢᠭᠤᠯᠬᠤ᠂ ᠦᠵᠡᠭᠳᠡᠬᠦᠶᠢᠴᠡ ᠪᠣᠯᠭᠠᠬᠤ ᠶᠢ ᠪᠡᠶᠡᠯᠡᠭᠦᠯᠵᠦ᠂ ᠵᠠᠳᠠᠯᠤᠨ ᠲᠥᠰᠥᠭᠡᠯᠡᠬᠦ᠂ ᠰᠢᠢᠳᠪᠦᠷᠢᠲᠦ | ᠪᠣᠳᠣᠯᠭ᠎ᠠ ᠶᠢᠨ ᠲᠤᠯᠭᠠᠭᠤᠷᠢᠯᠠᠯ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠵᠤ | ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠦᠢᠯᠡᠳᠪᠦᠷᠢᠯᠡᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | | | | ︵ᠨᠠᠢᠮᠠ︶ ᠪᠦᠲᠦᠮᠵᠢᠲᠡᠶ ᠬᠠᠩᠭᠠᠯᠭ᠎ᠠ ᠶᠢᠨ ᠬᠡᠯᠬᠢᠶᠡᠰᠦ ᠶᠢᠨ ᠲᠣᠭᠠᠴᠢᠭᠤᠯᠬᠤ ᠠᠷᠭ᠎ᠠ ᠪᠣᠳᠣᠯᠭ᠎ᠠ ᠶᠢ | ᠲᠣᠭᠲᠠᠭᠠᠨ᠎ᠠ᠃ ᠠᠵᠤ ᠠᠬᠤᠶᠢᠯᠠᠯ ᠤᠳ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠭᠤᠯᠬᠤ ᠰᠡᠳᠬᠢᠬᠦᠢ ᠪᠠᠨ | ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠤᠨ ᠬᠠᠩᠭᠠᠯᠭ᠎ᠠ ᠶᠢᠨ | ᠬᠡᠯᠬᠢᠶ᠎ᠡ ᠶᠢᠨ ᠲᠣᠭᠠᠴᠢᠭᠤᠯᠬᠤ ᠬᠡᠯᠪᠡᠷᠢ ᠶᠢ ᠬᠤᠪᠢᠷᠠᠭᠤᠯᠬᠤ ᠬᠠᠷᠠᠯᠲᠠ ᠪᠠ ᠬᠡᠷᠡᠭᠵᠢᠭᠦᠯᠬᠦ ᠠᠷᠭ᠎ᠠ ᠵᠠᠮ ᠢ | ᠲᠣᠳᠣᠷᠬᠠᠶᠢᠯᠠᠬᠤ ᠬᠡᠷᠡᠭᠲᠡᠢ᠃ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠯᠲᠠ ᠨᠢ ᠡᠬᠢᠯᠡᠯᠲᠡ ᠶᠢᠨ ᠱᠠᠲᠤᠨ ᠳᠤ | ᠪᠠᠶᠢᠭ᠎ᠠ ᠠᠵᠤ ᠠᠬᠤᠶᠢᠯᠠᠯ ᠨᠢ᠂ ᠪᠣᠳᠠᠲᠠᠢ ᠡᠪᠡᠷᠰᠢᠶᠡᠯ ᠵᠢᠴᠢ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ | ᠲᠥᠯᠥᠪᠯᠡᠭᠡ᠂ ᠦᠢᠯᠡᠳᠪᠦᠷᠢᠯᠡᠯ᠂ ᠬᠤᠳᠠᠯᠳᠤᠨ ᠠᠪᠬᠤ᠂ ᠪᠠᠷᠠᠭᠠᠨ ᠤ ᠭᠦᠢᠯᠭᠡᠭᠡᠨ ᠵᠡᠷᠭᠡ ᠭᠤᠭᠴᠤᠭ᠎ᠠ ᠳᠤ | ᠲᠥᠯᠥᠭᠡᠯᠡᠬᠦ ᠴᠢᠨᠠᠷ ᠪᠠ ᠠᠴᠢ ᠬᠤᠯᠪᠣᠭᠳᠠᠯ ᠪᠦᠬᠦᠢ ᠲᠣᠭᠠᠴᠢᠯᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ | ᠪᠣᠯᠣᠨ᠎ᠠ᠃ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠯᠲᠠ ᠨᠢ ᠬᠥᠭᠵᠢᠯᠲᠡ ᠶᠢᠨ ᠱᠠᠲᠤᠨ ᠳᠤ ᠪᠠᠶᠢᠭ᠎ᠠ ᠠᠵᠤ | ᠠᠬᠤᠶᠢᠯᠠᠯ ᠤᠳ ᠡᠯ᠎ᠡ ᠲᠤᠬᠠᠶᠢᠯᠠᠭᠰᠠᠨ ᠠᠵᠢᠯ ᠤᠨ ᠭᠤᠭᠴᠤᠭ᠎ᠠ ᠶᠢᠨ ᠲᠣᠭᠠᠴᠢᠯᠠᠯᠲᠠ ᠶᠢᠨ ᠲᠥᠷᠥᠯ ᠵᠦᠢᠯ ᠤᠨ | ᠬᠠᠮᠵᠢᠯᠴᠠᠨ ᠨᠡᠶᠢᠳᠬᠡᠬᠦ ᠶᠢ ᠴᠢᠩᠭᠠᠳᠬᠠᠵᠤ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠯᠲᠠ ᠶᠢᠨ ᠲᠥᠷᠥᠯ | ᠵᠦᠢᠯ ᠤᠨ ᠨᠡᠶᠢᠯᠡᠯ ᠢ ᠬᠡᠷᠡᠭᠵᠢᠭᠦᠯᠬᠦ ᠬᠡᠷᠡᠭᠲᠡᠢ᠃ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠯᠲᠠ ᠪᠣᠯᠪᠠᠰᠤᠷᠠᠩᠭᠤᠢ | ᠱᠠᠲᠤᠨ ᠳᠤ ᠪᠠᠶᠢᠭ᠎ᠠ ᠠᠵᠤ ᠠᠬᠤᠶᠢᠯᠠᠯ ᠤᠳ ᠰᠢᠨ᠎ᠡ ᠮᠡᠷᠭᠡᠵᠢᠯ ᠪᠠ ᠠᠷᠭ᠎ᠠ ᠶᠢ ᠣᠷᠣᠭᠤᠯᠤᠨ ᠠᠪᠴᠢᠷᠠᠬᠤ ᠪᠠᠷ | ᠳᠠᠮᠵᠢᠭᠤᠯᠤᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠯᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠳᠣᠣᠷᠠᠳᠤ ᠤᠷᠤᠰᠬᠠᠯ ᠤᠨ ᠲᠣᠭᠠᠴᠢᠯᠠᠯᠲᠠ ᠶᠢᠨ ᠠᠮᠢ ᠠᠬᠤᠢ ᠶᠢᠨ | ᠰᠢᠰᠲ᠋ᠧᠮ ᠪᠠ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ | | | | ︵ᠶᠢᠰᠦ︶ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠠᠵᠤ ᠠᠬᠤᠶᠢᠯᠠᠯ ᠤᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠡᠨᠧᠷᠭᠢ | ᠣᠯᠭᠤᠬᠤ ᠲᠤᠬᠠᠶᠢᠯᠠᠭᠰᠠᠨ ᠠᠵᠢᠯ ᠢ ᠢᠳᠡᠪᠬᠢᠲᠡᠢ ᠬᠡᠷᠡᠭᠯᠡᠬᠦ ᠶᠢ ᠵᠣᠷᠢᠭᠵᠢᠭᠤᠯᠵᠤ᠂ ᠬᠠᠩᠭᠠᠯᠭ᠎ᠠ ᠶᠢᠨ | ᠬᠡᠯᠬᠢᠶᠡᠰᠦ ᠶᠢᠨ ᠲᠣᠭᠠᠴᠢᠭᠤᠯᠬᠤ ᠰᠢᠷᠢᠰ ᠪᠠᠷᠢᠮᠵᠢᠶ᠎ᠠ ᠶᠢᠨ ᠬᠡᠷᠡᠭᠯᠡᠯᠲᠡ ᠶᠢᠨ ᠬᠡᠷᠡᠭᠵᠢᠭᠦᠯᠦᠯᠲᠡ ᠶᠢ ᠲᠦᠷᠭᠡᠳᠬᠡᠨ᠂ | ᠦᠢᠯᠡᠳᠬᠦᠨ ᠤ ᠲᠤᠭ᠎ᠠ ᠪᠠᠷᠢᠮᠲᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠬᠠᠩᠭᠠᠯᠭ᠎ᠠ ᠶᠢᠨ | ᠬᠤᠳᠠᠯᠳᠤᠭᠠᠴᠢᠨ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠵᠡᠷᠭᠡ ᠵᠠᠩᠭᠢᠯᠠᠭ᠎ᠠ ᠶᠢᠨ ᠬᠠᠮᠢᠶᠠᠷᠤᠯᠲᠠ ᠶᠢᠨ | ᠰᠢᠰᠲ᠋ᠧᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ᠂ | ᠴᠢᠨᠠᠷ ᠴᠢᠨᠰᠠᠭ᠎ᠠ ᠶᠢ ᠮᠥᠷᠳᠡᠬᠦ᠂ ᠡᠭᠡᠭᠦᠯᠦᠨ ᠬᠤᠷᠢᠶᠠᠬᠤ ᠪᠠᠷᠠᠭᠠᠨ ᠤ ᠭᠦᠢᠯᠭᠡᠭᠡᠨ᠂ ᠮᠡᠳᠡᠭᠡ ᠵᠠᠩᠭᠢ ᠶᠢ ᠮᠥᠷᠳᠡᠬᠦ | ᠵᠡᠷᠭᠡ ᠲᠣᠭᠠᠴᠢᠭᠤᠯᠤᠭᠰᠠᠨ ᠠᠬᠤᠢ ᠲᠠᠯᠠᠪᠠᠶ ᠶᠢᠨ ᠬᠡᠷᠡᠭᠯᠡᠯᠲᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ | ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠣᠷᠣᠭᠤᠯᠤᠯᠲᠠ ᠶᠢ | ᠨᠡᠮᠡᠭᠳᠡᠭᠦᠯᠵᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠠᠮᠲᠤᠷᠠᠨ ᠪᠡᠯᠡ ᠣᠷᠣᠭᠤᠯᠤᠨ ᠨᠡᠭᠡᠭᠡᠨ | ᠬᠥᠭᠵᠢᠭᠦᠯᠬᠦ ᠶᠢ ᠵᠣᠷᠢᠭᠵᠢᠭᠤᠯᠵᠤ᠂ ᠬᠠᠮᠲᠤ ᠪᠠᠷ ᠬᠡᠷᠡᠭᠯᠡᠬᠦ ᠰᠢᠰᠲ᠋ᠧᠮ ᠤᠨ ᠡᠬᠢ ᠪᠠᠶᠠᠯᠢᠭ ᠢ ᠬᠠᠩᠭᠠᠯᠭ᠎ᠠ ᠶᠢᠨ | ᠬᠡᠯᠬᠢᠶ᠎ᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠪᠠ ᠬᠤᠪᠢ ᠶᠢᠨ ᠨᠢᠭᠤᠴᠠ ᠶᠢ ᠬᠠᠮᠠᠭᠠᠯᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠲᠠᠪᠴᠠᠩ᠂ ᠠᠵᠤ ᠦᠢᠯᠡᠳᠪᠦᠷᠢ ᠶᠢᠨ ᠡᠵᠡᠮᠳᠡᠯ ᠤᠨ ᠰᠢᠰᠲ᠋ᠧᠮ ᠵᠡᠷᠭᠡ ᠳᠤ ᠴᠢᠭᠯᠡᠭᠦᠯᠦᠨ | ᠰᠦᠯᠵᠢᠶᠡᠨ ᠤ ᠠᠮᠤᠷ ᠲᠦᠪᠰᠢᠨ ᠢ ᠪᠠᠶᠢᠴᠠᠭᠠᠨ ᠰᠢᠯᠭᠠᠵᠤ ᠦᠨᠡᠯᠡᠨ ᠵᠢᠱᠢᠬᠦ ᠶᠢ ᠥᠷᠨᠢᠭᠦᠯᠦᠨ᠎ᠡ᠃ | | | | ︵ᠠᠷᠪᠠ︶ ᠬᠠᠩᠭᠠᠯᠭ᠎ᠠ ᠶᠢᠨ ᠬᠡᠯᠬᠢᠶᠡᠰᠦ ᠶᠢᠨ ᠲᠣᠭᠠᠴᠢᠯᠠᠨ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠵᠤ ᠠᠬᠤᠶᠢᠯᠠᠯ ᠤᠳ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠦᠢᠯᠡᠳᠦᠯ ᠢ | ᠢᠳᠡᠪᠬᠢᠲᠡᠢ ᠪᠠᠳᠠᠷᠠᠭᠤᠯᠵᠤ᠂ ᠪᠥᠬᠦ ᠴᠤᠪᠤᠷᠠᠯ ᠤᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷᠡᠬᠢ ᠡᠭᠦᠯᠡᠨ ᠳᠤ | ᠭᠠᠷᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠰᠢᠰᠲ᠋ᠧᠮ ᠤᠨ ᠬᠤᠭᠤᠷᠣᠨᠳᠣᠬᠢ ᠣᠯᠠᠨ ᠡᠬᠢᠲᠦ | ᠲᠤᠬᠠᠢ ᠶᠢᠨ ᠴᠠᠭ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠰᠣᠯᠢᠯᠴᠠᠭ᠎ᠠ ᠪᠠ ᠰᠦᠯᠵᠢᠶᠡᠨ ᠳᠡᠭᠡᠷᠡᠬᠢ | ᠰᠢᠢᠳᠪᠦᠷᠢᠯᠡᠯᠲᠡ ᠶᠢᠨ ᠵᠠᠳᠠᠯᠤᠯᠲᠠ ᠶᠢ ᠪᠡᠶᠡᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠲᠦᠭᠵᠢᠷᠡᠯ ᠤᠨ ᠴᠡᠭ ᠢ | ᠨᠡᠪᠲᠡᠷᠡᠭᠦᠯᠬᠦ ᠬᠡᠷᠡᠭᠲᠡᠢ᠃ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠯᠤᠭ᠎ᠠ ᠬᠤᠣᠰ ᠴᠢᠭᠯᠡᠯ ᠢᠶᠠᠷ ᠨᠡᠪᠴᠢᠬᠦ᠂ ᠣᠷᠭᠠᠨᠢᠭ ᠢᠶᠠᠷ | ᠠᠭᠤᠰᠤᠯᠴᠠᠬᠤ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠡᠳᠦᠷ | ᠲᠤᠲᠤᠮ ᠤᠨ ᠬᠠᠮᠠᠭᠠᠯᠠᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠴᠠᠬᠢᠮ ᠰᠦᠯᠵᠢᠶ᠎ᠡ | +ᠰᠠᠭᠠᠳ ᠦᠭᠡᠢ ᠠᠵᠢᠯᠯᠠᠭᠤᠯᠬᠤ ᠶᠢ ᠦᠨᠡᠨᠬᠦ ᠮᠡᠳᠡᠭᠡ ᠵᠠᠩᠭᠢ ᠶᠢᠨ ᠮᠡᠷᠭᠡᠵᠢᠯ ᠢ ᠰᠠᠨᠠᠭᠠᠴᠢᠯᠠᠭ᠎ᠠ ᠠᠴᠠ ᠪᠠᠨ | ᠬᠡᠷᠡᠭᠯᠡᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠴᠤᠪᠤᠷᠠᠯ ᠢ ᠥᠭᠡᠷᠡᠴᠢᠯᠡᠵᠦ᠂ ᠬᠠᠩᠭᠠᠯᠭ᠎ᠠ ᠶᠢᠨ | ᠬᠡᠯᠬᠢᠶ᠎ᠡ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠠᠵᠤ ᠠᠵᠤ ᠠᠬᠤᠶᠢᠯᠠᠯ ᠤᠨ | ᠳ᠋ᠠᠶᠢᠲ᠋ᠠ ᠶᠢᠨ ᠥᠮᠴᠢᠯᠡᠬᠦ ᠡᠷᠬᠡ ᠶᠢᠨ ᠪᠦᠲᠦᠴᠡ ᠶᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠵᠤ᠂ | ᠳ᠋ᠠᠶᠢᠲ᠋ᠠ ᠶᠢᠨ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠨ᠂ ᠳ᠋ᠠᠶᠢᠲ᠋ᠠ ᠶᠢᠨ ᠠᠷᠠᠯᠵᠢᠶ᠎ᠠ ᠶᠢ ᠵᠢᠷᠤᠮᠵᠢᠭᠤᠯᠤᠨ᠎ᠠ᠃ | | | | | | ᠲᠠᠪᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮᠵ ᠶᠢ | ᠪᠦᠷᠢᠨᠰᠢᠭᠦᠯᠦᠨ᠎ᠡ | | | ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠨᠢ ᠳᠠᠷᠤᠢ ᠦᠢᠯᠡᠳᠬᠦᠨ ᠤ ᠵᠢᠷᠤᠭ ᠲᠥᠯᠥᠪᠯᠡᠭᠡ᠂ ᠲᠦᠭᠦᠬᠡᠢ | ᠮᠠᠲ᠋ᠧᠷᠢᠶᠠᠯ ᠪᠠ ᠰᠡᠯᠪᠢᠭ ᠲᠣᠨᠤᠭ ᠢ ᠰᠣᠩᠭᠤᠨ ᠠᠪᠬᠤ᠂ ᠦᠢᠯᠡᠳᠪᠦᠷᠢᠯᠡᠵᠦ ᠦᠢᠯᠡᠳᠬᠦ᠂ ᠪᠣᠭᠤᠳᠠᠯᠯᠠᠬᠤ᠂ | ᠬᠥᠮᠥᠷᠭᠡᠯᠡᠨ ᠲᠡᠭᠡᠭᠡᠪᠦᠷᠢᠯᠡᠬᠦ᠂ ᠪᠣᠷᠣᠯᠠᠭᠤᠯᠤᠨ ᠬᠡᠷᠡᠭᠯᠡᠬᠦ᠂ ᠬᠡᠷᠡᠭᠯᠡᠭᠡᠨ ᠠᠴᠠ ᠭᠠᠷᠭᠠᠬᠤ ᠶᠢ ᠬᠤᠷᠢᠶᠠᠨ ᠠᠪᠴᠢᠷᠠᠬᠤ | ᠵᠡᠷᠭᠡ ᠬᠠᠩᠭᠠᠯᠭ᠎ᠠ ᠶᠢᠨ ᠬᠡᠯᠬᠢᠶ᠎ᠡ ᠶᠢᠨ ᠪᠥᠬᠦ ᠶᠠᠪᠤᠴᠠ ᠳᠤ᠂ ᠣᠷᠴᠢᠨ ᠲᠣᠭᠤᠷᠢᠨ ᠢ ᠬᠠᠮᠠᠭᠠᠯᠠᠬᠤ ᠪᠠ ᠡᠬᠢ | ᠪᠠᠶᠠᠯᠢᠭ ᠢ ᠠᠷᠪᠢᠯᠠᠬᠤ ᠣᠨᠣᠯᠵᠢᠬᠤᠨ᠂ ᠮᠡᠷᠭᠡᠵᠢᠯ ᠢ ᠠᠭᠤᠰᠬᠠᠨ ᠣᠷᠣᠭᠤᠯᠵᠤ᠂ ᠡᠯ᠎ᠡ ᠭᠤᠭᠴᠤᠭ᠎ᠠ ᠶᠢᠨ ᠪᠣᠬᠢᠷᠲᠤᠯ | ᠦᠭᠡᠢ ᠰᠢᠨᠵᠢ ᠴᠢᠨᠠᠷ ᠢ ᠢᠯᠭᠠᠨ ᠲᠠᠨᠢᠬᠤ ᠶᠢᠨ ᠬᠠᠮᠲᠤ ᠪᠦᠲᠦᠮᠵᠢᠲᠡᠶ ᠬᠠᠮᠢᠶᠠᠷᠤᠯᠲᠠ ᠬᠢᠵᠦ᠂ ᠪᠥᠬᠦ ᠶᠠᠪᠤᠴᠠ ᠶᠢᠨ | ᠣᠷᠴᠢᠨ ᠲᠣᠭᠤᠷᠢᠨ ᠤ ᠨᠥᠯᠥᠭᠡᠯᠡᠯ ᠢ ᠬᠠᠮᠤᠭ ᠤᠨ ᠪᠠᠭ᠎ᠠ ᠪᠣᠯᠭᠠᠵᠤ᠂ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠬᠠᠮᠤᠭ ᠤᠨ ᠶᠡᠭᠡ ᠪᠣᠯᠭᠠᠨ᠎ᠠ᠃ | | | | ︵ᠠᠷᠪᠠᠨ ᠨᠢᠭᠡ︶ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠰᠦ ᠶᠢᠨ ᠵᠢᠷᠤᠭ ᠲᠥᠯᠥᠪᠯᠡᠭᠡ ᠶᠢ ᠶᠡᠬᠡᠪᠡᠷ | ᠠᠬᠢᠭᠤᠯᠤᠨ᠎ᠠ᠃ ᠠᠵᠤ ᠠᠬᠤᠶᠢᠯᠠᠯ ᠤᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠤᠷᠴᠢᠯᠵᠢᠭᠤᠯᠬᠤ | ᠣᠨᠣᠯᠵᠢᠬᠤᠨ ᠢ ᠬᠠᠩᠭᠠᠯᠭ᠎ᠠ ᠶᠢᠨ ᠬᠡᠯᠬᠢᠶᠡᠨ ᠤ ᠵᠢᠷᠤᠭ ᠲᠥᠯᠥᠪᠯᠡᠭᠡ ᠶᠢᠨ ᠪᠥᠬᠦ ᠶᠠᠪᠤᠴᠠ ᠳᠤ ᠠᠭᠤᠰᠬᠠᠨ | ᠣᠷᠣᠭᠤᠯᠬᠤ ᠬᠡᠷᠡᠭᠲᠡᠢ᠃ ᠳᠠᠬᠢᠨ ᠡᠭᠦᠰᠴᠦ ᠪᠣᠯᠬᠤ᠂ ᠵᠠᠳᠠᠷᠠᠵᠤ ᠪᠣᠯᠬᠤ ᠵᠡᠷᠭᠡ ᠪᠣᠬᠢᠷᠲᠤᠯ ᠦᠭᠡᠢ ᠮᠠᠲ᠋ᠧᠷᠢᠶᠠᠯ ᠢ | ᠤᠷᠢᠳᠠᠪᠠᠷ ᠰᠣᠩᠭᠤᠵᠤ᠂ ᠪᠣᠬᠢᠷᠲᠤᠯ ᠦᠭᠡᠢ ᠮᠠᠲ᠋ᠧᠷᠢᠶᠠᠯ ᠤᠨ ᠲᠥᠷᠥᠯ ᠵᠦᠢᠯ ᠪᠠ ᠬᠡᠷᠡᠭᠯᠡᠬᠦ ᠬᠡᠮᠵᠢᠶ᠎ᠡ ᠶᠢ ᠠᠯᠬᠤᠮ | ᠠᠯᠬᠤᠮ ᠢᠶᠠᠷ ᠪᠠᠭᠠᠰᠬᠠᠨ᠎ᠠ᠃ ᠪᠣᠬᠢᠷᠲᠤᠯ ᠦᠭᠡᠢ ᠵᠢᠷᠤᠭᠯᠠᠨ ᠲᠥᠯᠥᠪᠯᠡᠬᠦ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠵᠦ᠂ | ᠨᠠᠩ ᠣᠯᠠᠨ ᠨᠠᠶᠢᠳᠠᠪᠤᠷᠢᠲᠤ ᠴᠢᠨᠠᠷ ᠢᠶᠠᠷ ᠥᠨᠳᠥᠷ᠂ ᠪᠣᠭᠤᠳᠠᠯᠯᠠᠵᠤ ᠲᠡᠭᠡᠭᠡᠪᠦᠷᠢᠯᠡᠬᠦ ᠳᠤ ᠬᠢᠯᠪᠠᠷ᠂ ᠵᠠᠳᠠᠯᠵᠤ | ᠪᠠᠭᠤᠯᠭᠠᠬᠤ ᠳᠤ ᠬᠢᠯᠪᠠᠷ ᠡᠭᠡᠭᠦᠯᠦᠨ ᠬᠤᠷᠢᠶᠠᠬᠤ ᠵᠢᠴᠢ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ | ᠡᠬᠢ ᠪᠠᠶᠠᠯᠢᠭ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠪᠠᠷ ᠪᠠᠭ᠎ᠠ | ᠪᠣᠬᠢᠷᠲᠤᠯ ᠦᠭᠡᠢ ᠪᠦᠲᠦᠭᠡᠭᠳᠡᠬᠦᠨ ᠢ ᠲᠦᠷᠭᠡᠳᠬᠡᠨ ᠨᠡᠭᠡᠭᠡᠨ ᠬᠥᠭᠵᠢᠭᠦᠯᠵᠦ᠂ ᠪᠣᠬᠢᠷᠲᠤᠯ ᠦᠭᠡᠢ ᠪᠦᠲᠦᠭᠡᠭᠳᠡᠬᠦᠨ ᠤ | ᠬᠠᠩᠭᠠᠯᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠪᠠᠭᠠᠰᠬᠠᠬᠤ᠂ | ᠡᠭᠡᠭᠦᠯᠦᠨ ᠬᠤᠷᠢᠶᠠᠵᠤ ᠪᠣᠯᠬᠤ ᠶᠢ ᠲᠦᠯᠬᠢᠨ ᠠᠬᠢᠭᠤᠯᠵᠤ᠂ ᠡᠷᠭᠢᠯᠳᠦᠭᠦᠯᠦᠨ ᠲᠡᠭᠡᠭᠡᠪᠦᠷᠢᠯᠡᠵᠦ ᠪᠣᠯᠬᠤ ᠪᠣᠭᠤᠳᠠᠯ | ᠪᠠᠭᠯᠠᠭ᠎ᠠ ᠶᠢ ᠳᠡᠯᠭᠡᠷᠡᠭᠦᠯᠦᠨ ᠬᠡᠷᠡᠭᠯᠡᠨ᠎ᠡ᠃ ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠢ | ᠰᠢᠯᠢᠳᠡᠭᠵᠢᠭᠦᠯᠵᠦ᠂ ᠪᠠᠷᠢᠮᠵᠢᠶᠠᠲᠤ ᠲᠠᠪᠠᠭ᠂ ᠡᠷᠭᠢᠯᠲᠡ ᠶᠢᠨ ᠬᠠᠶᠢᠷᠴᠠᠭ ︵ᠰᠠᠭᠰᠤ︶ ᠵᠡᠷᠭᠡ ᠪᠠᠷᠠᠭᠠᠨ ᠤ | ᠭᠦᠢᠯᠭᠡᠭᠡᠨ ᠤ ᠠᠴᠢᠶᠠᠯᠠᠪᠤᠷᠢ ᠶᠢ ᠳᠡᠯᠭᠡᠷᠡᠭᠦᠯᠦᠨ ᠬᠡᠷᠡᠭᠯᠡᠬᠦ ᠪᠠ ᠡᠷᠭᠢᠯᠳᠦᠭᠦᠯᠦᠨ ᠬᠠᠮᠲᠤ ᠪᠠᠷ ᠬᠡᠷᠡᠭᠯᠡᠬᠦ ᠶᠢ | ᠲᠦᠷᠭᠡᠳᠬᠡᠵᠦ᠂ ᠴᠡᠪᠡᠷ ᠡᠨᠧᠷᠭᠢ ᠶᠢᠨ ᠲᠡᠷᠭᠡ ᠣᠩᠭᠤᠴᠠ ᠶᠢᠨ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠦᠨ᠎ᠡ᠃ | | | | ︵ᠠᠷᠪᠠᠨ ᠬᠤᠶᠠᠷ︶ ᠪᠣᠬᠢᠷᠲᠤᠯ ᠦᠭᠡᠢ ᠪᠠᠷ ᠬᠤᠳᠠᠯᠳᠤᠨ ᠠᠪᠬᠤ ᠶᠢ ᠢᠳᠡᠪᠬᠢᠲᠡᠢ ᠥᠷᠨᠢᠭᠦᠯᠦᠨ᠎ᠡ᠃ ᠠᠵᠤ | ᠠᠬᠤᠶᠢᠯᠠᠯ ᠤᠳ ᠪᠣᠬᠢᠷᠲᠤᠯ ᠦᠭᠡᠢ ᠬᠤᠳᠠᠯᠳᠤᠨ ᠠᠪᠬᠤ ᠣᠨᠣᠯᠵᠢᠬᠤᠨ ᠢ ᠦᠢᠯᠡᠳᠦᠯᠭᠡᠵᠢᠭᠦᠯᠵᠦ᠂ ᠬᠤᠯᠪᠣᠭᠳᠠᠯ | ᠪᠦᠬᠦᠢ ᠪᠣᠬᠢᠷᠲᠤᠯ ᠦᠭᠡᠢ ᠪᠦᠲᠦᠭᠡᠭᠳᠡᠬᠦᠨ ᠢ ᠮᠠᠭᠠᠳᠯᠠᠨ ᠲᠣᠭᠲᠠᠭᠠᠬᠤ ᠪᠠ ᠦᠨᠡᠯᠡᠬᠦ ᠪᠠᠷᠢᠮᠵᠢᠶ᠎ᠠ ᠶᠣᠰᠣᠭᠠᠷ᠂ | ᠪᠣᠬᠢᠷᠲᠤᠯ ᠦᠭᠡᠢ ᠬᠤᠳᠠᠯᠳᠤᠨ ᠠᠪᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ | ᠪᠣᠬᠢᠷᠲᠤᠯ ᠦᠭᠡᠢ ᠬᠤᠳᠠᠯᠳᠤᠨ ᠠᠪᠬᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠠᠵᠤ | ᠠᠬᠤᠶᠢᠯᠠᠯ ᠤᠨ ᠪᠣᠬᠢᠷᠲᠤᠯ ᠦᠭᠡᠢ ᠬᠠᠩᠭᠠᠯᠭ᠎ᠠ ᠶᠢᠨ ᠬᠤᠳᠠᠯᠳᠤᠭᠠᠴᠢᠨ ᠤ ᠬᠠᠮᠢᠶᠠᠷᠤᠯᠲᠠ ᠥᠷᠨᠢᠭᠦᠯᠬᠦ ᠶᠢ | ᠵᠣᠷᠢᠭᠵᠢᠭᠤᠯᠵᠤ᠂ ᠨᠢᠭᠡ ᠪᠦᠯᠦᠭ ᠪᠣᠬᠢᠷᠲᠤᠯ ᠦᠭᠡᠢ ᠬᠠᠩᠭᠠᠯᠭ᠎ᠠ ᠶᠢᠨ ᠬᠤᠳᠠᠯᠳᠤᠭᠠᠴᠢᠨ ᠤ ᠬᠠᠩᠭᠠᠯᠭ᠎ᠠ ᠶᠢᠨ | ᠬᠡᠯᠬᠢᠶᠡᠨ ᠤ ᠭᠤᠣᠯᠯᠠᠬᠤ ᠠᠵᠤ ᠠᠬᠤᠶᠢᠯᠠᠯ ᠤᠨ ᠲᠣᠭᠲᠠᠮᠠᠯ ᠬᠤᠭᠤᠴᠠᠭ᠎ᠠ ᠲᠠᠢ ᠪᠠᠷ ᠪᠣᠬᠢᠷᠲᠤᠯ ᠦᠭᠡᠢ ᠬᠤᠳᠠᠯᠳᠤᠨ | ᠠᠪᠬᠤ ᠰᠤᠷᠭᠠᠯᠲᠠ ᠥᠷᠨᠢᠭᠦᠯᠬᠦ ᠶᠢ ᠵᠣᠷᠢᠭᠵᠢᠭᠤᠯᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠪᠣᠬᠢᠷᠲᠤᠯ ᠦᠭᠡᠢ | ᠬᠥᠭᠵᠢᠯᠲᠡ ᠶᠢ ᠬᠥᠲᠥᠯᠦᠨ ᠵᠢᠯᠣᠭᠤᠳᠤᠨ᠎ᠠ᠃ | | | | ︵ᠠᠷᠪᠠᠨ ᠭᠤᠷᠪᠠ︶ ᠪᠣᠬᠢᠷᠳᠣᠯ ᠦᠭᠡᠢ ᠦᠢᠯᠡᠳᠪᠦᠷᠢᠯᠡᠯ ᠢ ᠡᠷᠴᠢᠮᠲᠡᠢ ᠠᠬᠢᠭᠤᠯᠤᠨ᠎ᠠ᠃ ᠠᠵᠤ | ᠠᠬᠤᠶᠢᠯᠠᠯ ᠤᠳ ᠪᠣᠬᠢᠷᠲᠤᠯ ᠦᠭᠡᠢ ᠤᠷᠠᠨ ᠳᠠᠷᠬ᠎ᠠ᠂ ᠮᠡᠷᠭᠡᠵᠢᠯ ᠪᠠ ᠲᠥᠬᠦᠭᠡᠷᠦᠮᠵᠢ ᠶᠢ ᠡᠩ ᠲᠡᠷᠢᠭᠦᠨ ᠳᠤ | ᠰᠣᠩᠭᠤᠨ ᠬᠡᠷᠡᠭᠯᠡᠵᠦ᠂ ᠦᠢᠯᠡᠳᠪᠦᠷᠢᠯᠡᠯ ᠤᠨ ᠶᠠᠪᠤᠴᠠ ᠶᠢᠨ ᠡᠬᠢ ᠪᠠᠶᠠᠯᠢᠭ ᠡᠨᠧᠷᠭᠢ ᠶᠢᠨ ᠬᠤᠷᠣᠭᠳᠠᠯ ᠪᠠ | ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠦᠴᠦᠯᠡᠴᠡ ᠶᠢ ᠪᠠᠭᠤᠷᠠᠭᠤᠯᠬᠤ ᠬᠡᠷᠡᠭᠲᠡᠢ᠃ ᠡᠨᠧᠷᠭᠢ ᠶᠢᠨ | ᠬᠤᠷᠣᠭᠳᠠᠭᠤᠯᠤᠯ ᠶᠡᠬᠡᠲᠡᠢ ᠠᠵᠤ ᠠᠬᠤᠶᠢᠯᠠᠯ ᠤᠳ ᠡᠨᠧᠷᠭᠢ ᠶᠢᠨ ᠰᠤᠷᠪᠤᠯᠵᠢ ᠶᠢᠨ ᠬᠠᠮᠢᠶᠠᠷᠤᠯᠲᠠ ᠶᠢᠨ ᠲᠥᠪ | ᠪᠠᠶᠢᠭᠤᠯᠵᠤ᠂ ᠡᠨᠧᠷᠭᠢ ᠶᠢᠨ ᠰᠤᠷᠪᠤᠯᠵᠢ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠬᠡᠷᠡᠭᠲᠡᠢ᠃ ᠣᠷᠴᠢᠯ | ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠡᠷᠡᠭᠵᠢᠭᠦᠯᠵᠦ᠂ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠂ ᠡᠨᠧᠷᠭᠢ ᠶᠢ ᠱᠠᠲᠤᠯᠠᠨ ᠠᠰᠢᠭᠯᠠᠬᠤ᠂ ᠤᠰᠤᠨ ᠤ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠶᠢ | ᠠᠬᠢᠭᠤᠯᠵᠤ᠂ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠮᠢ | ᠠᠬᠤᠢ ᠶᠢ ᠬᠤᠯᠪᠣᠯᠳᠤᠭᠤᠯᠬᠤ᠂ ᠲᠦᠭᠦᠬᠡᠢ ᠮᠠᠲ᠋ᠧᠷᠢᠶᠠᠯ ᠢ ᠬᠠᠷᠢᠯᠴᠠᠨ ᠬᠠᠩᠭᠠᠬᠤ᠂ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠶᠢ ᠪᠡᠶᠡᠯᠡᠭᠦᠯᠦᠨ᠎ᠡ᠃ ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠶᠢ ᠤᠷᠲᠤᠳᠬᠠᠬᠤ ᠳᠦᠷᠢᠮ ᠢ | ᠨᠠᠶᠢᠳᠠᠪᠤᠷᠢᠵᠢᠭᠤᠯᠵᠤ᠂ ᠪᠡᠶ᠎ᠡ ᠪᠠᠨ ᠳᠠᠭᠠᠭᠠᠵᠤ ᠡᠭᠡᠭᠦᠯᠦᠨ ᠬᠤᠷᠢᠶᠠᠬᠤ᠂ ᠬᠠᠮᠲᠤᠷᠠᠨ ᠡᠭᠡᠭᠦᠯᠦᠨ ᠬᠤᠷᠢᠶᠠᠬᠤ᠂ | ᠨᠠᠶᠢᠳᠠᠵᠤ ᠡᠭᠡᠭᠦᠯᠦᠨ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠶᠠᠭᠳᠠᠮᠠᠯ ᠬᠠᠭᠤᠴᠢᠨ ᠡᠳ᠋ | ᠪᠠᠷᠠᠭ᠎ᠠ ᠶᠢ ᠰᠥᠷᠭᠡᠦ ᠴᠢᠭᠯᠡᠯ ᠢᠶᠠᠷ ᠡᠭᠡᠭᠦᠯᠦᠨ ᠬᠤᠷᠢᠶᠠᠬᠤ ᠰᠢᠰᠲ᠋ᠧᠮ ᠢ ᠪᠠᠶᠢᠭᠤᠯᠤᠨ᠎ᠠ᠃ ᠨᠥᠬᠦᠴᠡᠯ ᠲᠠᠢ ᠠᠵᠤ | ᠠᠬᠤᠶᠢᠯᠠᠯ ᠤᠳ ᠢ ᠵᠣᠷᠢᠭᠵᠢᠭᠤᠯᠵᠤ ᠪᠠᠶᠢᠭᠠᠳ ᠤᠯᠠᠮᠵᠢᠯᠠᠯᠲᠤ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ | ᠲᠠᠰ ᠤᠨ ᠲᠣᠨᠤᠭ ᠲᠥᠬᠦᠭᠡᠷᠦᠮᠵᠢ᠂ ᠠᠰᠢᠭᠯᠠᠬᠤ ᠲᠣᠨᠤᠭ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠶᠢᠨ | ᠲᠣᠭᠤᠷᠢᠨ ᠳᠤ ᠳᠠᠬᠢᠨ ᠦᠢᠯᠡᠳᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠠᠬᠢᠨ ᠦᠢᠯᠡᠳᠬᠦ ᠦᠢᠯᠡᠳᠬᠦᠨ ᠢ | ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ | | | | ︵ᠠᠷᠪᠠᠨ ᠳᠥᠷᠪᠡ︶ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ ᠶᠢ | ᠥᠷᠨᠢᠭᠦᠯᠦᠨ᠎ᠡ᠃ ᠬᠠᠩᠭᠠᠯᠭ᠎ᠠ ᠶᠢᠨ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠤᠳ ᠦᠢᠯᠡᠳᠬᠦᠨ ᠤ | ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ ᠶᠢ ᠢᠳᠡᠪᠬᠢᠲᠡᠢ ᠪᠠᠷ ᠰᠦᠪᠡᠭᠴᠢᠯᠡᠨ ᠥᠷᠨᠢᠭᠦᠯᠵᠦ᠂ | ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ ᠳᠦᠷᠢᠮ ᠤᠨ ᠪᠠᠷᠢᠮᠵᠢᠶ᠎ᠠ ᠶᠢ | ᠲᠦᠷᠦᠭᠦᠯᠡᠨ ᠲᠣᠭᠲᠠᠭᠠᠬᠤ ᠪᠤᠶᠤ ᠲᠡᠭᠦᠨ ᠳᠤ ᠣᠷᠣᠯᠴᠠᠬᠤ ᠬᠡᠷᠡᠭᠲᠡᠢ᠃ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ | ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢ | ᠨᠡᠭᠡᠭᠡᠯᠲᠡ ᠲᠠᠢ ᠪᠥᠭᠡᠳ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠢ | ᠬᠤᠯᠪᠤᠭᠠᠯᠠᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ ᠴᠢᠳᠠᠪᠤᠷᠢᠲᠠᠨ ᠢ ᠬᠥᠮᠥᠵᠢᠭᠦᠯᠬᠦ | ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠠᠵᠢᠯ ᠲᠥᠷᠥᠯ ᠳᠤ ᠬᠠᠨᠳᠤᠭᠤᠯᠤᠨ ᠮᠡᠷᠭᠡᠵᠢᠯ ᠤᠨ | ᠯᠠᠪᠯᠠᠯᠭ᠎ᠠ ᠶᠢᠨ ᠦᠢᠯᠡᠴᠢᠯᠡᠭᠡ ᠬᠠᠩᠭᠠᠵᠤ᠂ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ | ᠲᠣᠭᠠᠴᠠᠭ᠎ᠠ ᠬᠢᠬᠦ ᠴᠢᠳᠠᠪᠤᠷᠢ ᠶᠢ ᠨᠥᠬᠦᠴᠡᠯ ᠲᠠᠢ ᠠᠵᠢᠯ ᠲᠥᠷᠥᠯ ᠤᠨ ᠦᠢᠯᠡᠳᠬᠦᠨ ᠤ ᠣᠷᠴᠢᠨ ᠲᠣᠭᠤᠷᠢᠨ ᠤ | ᠢᠯᠡᠷᠬᠡᠶᠢᠯᠡᠯᠲᠡ ᠶᠢᠨ ︵EPD︶ ᠶᠢᠨ ᠲᠠᠪᠴᠠᠩ ᠪᠠᠶᠢᠭᠤᠯᠬᠤ ᠶᠢ ᠵᠣᠷᠢᠭᠵᠢᠭᠤᠯᠵᠤ᠂ ᠨᠡᠭᠦᠷᠡᠰᠦᠲᠥ᠋ᠷᠥᠭᠴᠢ ᠶᠢᠨ | ᠤᠯᠠ ᠮᠥᠷ ᠵᠡᠷᠭᠡ ᠣᠷᠴᠢᠨ ᠲᠣᠭᠤᠷᠢᠨ ᠤ ᠨᠥᠯᠥᠭᠡᠯᠡᠯ ᠤᠨ ᠪᠠᠶᠢᠳᠠᠯ ᠢ ᠭᠠᠳᠠᠭᠰᠢ ᠵᠠᠳᠠᠷᠠᠭᠤᠯᠵᠤ᠂ ᠳᠡᠭᠡᠳᠦ | ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠠᠷᠢᠯᠴᠠᠨ ᠮᠡᠳᠡᠷᠡᠬᠦ ᠪᠠ ᠢᠲᠡᠭᠡᠮᠵᠢᠯᠡᠬᠦ ᠶᠢ ᠪᠡᠶᠡᠯᠡᠭᠦᠯᠬᠦ ᠶᠢ | ᠠᠬᠢᠭᠤᠯᠤᠨ᠎ᠠ᠃ | | | | ᠵᠢᠷᠭᠤᠭ᠎ᠠ᠂ ᠠᠵᠤ ᠠᠬᠤᠶᠢᠯᠠᠯ ᠤᠨ ᠪᠦᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠶᠢᠨ ᠲᠣᠣᠷ ᠢ | ᠪᠠᠶᠢᠭᠤᠯᠤᠨ᠎ᠠ | | | ᠪᠦᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠨᠢ ᠳᠠᠷᠤᠢ ᠪᠦᠬᠦ ᠪᠥᠮᠪᠥᠷᠴᠡᠭ ᠤᠨ ᠬᠡᠪᠴᠢᠶᠡᠨ ᠳᠤ | ᠦᠢᠯᠡᠳᠬᠦᠨ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠦᠢᠯᠡᠳᠪᠦᠷᠢᠯᠡᠬᠦ᠂ ᠪᠣᠷᠣᠯᠠᠭᠤᠯᠬᠤ᠂ ᠦᠢᠯᠡᠴᠢᠯᠡᠬᠦ | ᠵᠡᠷᠭᠡ ᠪᠦᠬᠦ ᠶᠠᠪᠤᠴᠠ ᠶᠢ ᠬᠠᠮᠵᠢᠯᠴᠠᠭᠤᠯᠬᠤ ᠶᠢ ᠪᠡᠶᠡᠯᠡᠭᠦᠯᠬᠦ ᠬᠠᠩᠭᠠᠯᠭ᠎ᠠ ᠶᠢᠨ ᠬᠡᠯᠬᠢᠶ᠎ᠡ ᠶᠢᠨ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠪᠣᠯᠣᠨ᠎ᠠ᠂ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠬᠠᠷᠢᠴᠠᠭᠤᠯᠤᠭᠰᠠᠨ ᠳᠠᠪᠠᠭᠤᠯᠢᠭ ᠢ ᠥᠷᠭᠡᠳᠬᠡᠬᠦ᠂ ᠦᠢᠯᠡᠳᠪᠦᠷᠢᠯᠡᠯ | ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ | ᠴᠢᠬᠤᠯᠠ ᠠᠷᠭ᠎ᠠ ᠪᠠᠷᠢᠯ ᠪᠣᠯᠣᠨ᠎ᠠ᠃ | | | | ︵ᠠᠷᠪᠠᠨ ᠲᠠᠪᠤ︶ ᠪᠥᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶᠡᠨ ᠤ ᠲᠣᠣᠷ ᠰᠦᠯᠵᠢᠶ᠎ᠡ ᠳᠤ ᠡᠮᠬᠢ | ᠵᠢᠷᠤᠮ ᠲᠠᠢ ᠳᠡᠯᠡᠬᠡᠶᠢᠵᠢᠯᠲᠡ ᠶᠢᠨ ᠬᠥᠭᠵᠢᠯᠲᠡ ᠶᠢᠨ ᠠᠷᠭ᠎ᠠ ᠪᠣᠳᠣᠯᠭ᠎ᠠ ᠶᠢ ᠠᠪᠤᠭᠰᠠᠨ ᠦᠢᠯᠡᠳᠭᠡᠯ ᠤᠨ | ᠦᠢᠯᠡᠰ ᠤᠨ ᠠᠵᠤ ᠠᠬᠤᠶᠢᠯᠠᠯ ᠨᠢ ᠡᠵᠡᠩᠨᠡᠯᠲᠡ ᠶᠢᠨ ᠥᠪᠡᠷ ᠤᠨ ᠦᠷᠳᠡᠭ ᠢ ᠥᠷᠭᠡᠳᠬᠡᠬᠦ᠂ ᠬᠠᠩᠭᠠᠯᠭ᠎ᠠ ᠶᠢᠨ | ᠬᠡᠯᠬᠢᠶ᠎ᠡ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ᠂ ᠬᠦᠯᠢᠶᠡᠨ ᠠᠪᠬᠤ ᠭᠠᠵᠠᠷ ᠤᠨ ᠤᠯᠤᠰ ᠲᠦᠷᠦ ᠠᠵᠤ | ᠠᠬᠤᠢ ᠶᠢᠨ ᠣᠷᠴᠢᠨ ᠲᠣᠭᠤᠷᠢᠨ ᠵᠡᠷᠭᠡ ᠨᠥᠬᠦᠴᠡᠯ ᠢ ᠪᠤᠰᠤᠳᠴᠢ ᠪᠠᠷ ᠦᠨᠡᠯᠡᠨ ᠵᠢᠱᠢᠵᠦ᠂ ᠬᠠᠩᠭᠠᠯᠭ᠎ᠠ ᠶᠢᠨ | ᠬᠤᠳᠠᠯᠳᠤᠭᠠᠴᠢᠨ ᠤ ᠰᠣᠩᠭᠤᠯᠲᠠ᠂ ᠦᠢᠯᠡᠳᠪᠦᠷᠢᠯᠡᠯ ᠤᠨ ᠬᠠᠶ᠋ᠢᠭ ᠢ ᠦᠨᠡᠯᠡᠨ ᠵᠢᠱᠢᠬᠦ᠂ ᠠᠷᠭ᠎ᠠ ᠵᠠᠮ ᠤᠨ | ᠪᠣᠷᠤᠯᠠᠭᠤᠯᠭ᠎ᠠ ᠶᠢ ᠵᠣᠯᠭᠠᠭᠤᠯᠬᠤ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢ ᠪᠠᠲᠤᠯᠠᠬᠤ ᠵᠡᠷᠭᠡ ᠲᠠᠯ᠎ᠠ ᠪᠠᠷ | ᠭᠦᠢᠴᠡᠳ ᠲᠥᠯᠥᠪᠵᠢᠭᠦᠯᠦᠨ ᠵᠢᠷᠤᠵᠤ ᠲᠥᠯᠥᠪᠯᠡᠬᠦ ᠬᠡᠷᠡᠭᠲᠡᠢ᠃ ᠠᠵᠤ ᠠᠬᠤᠶᠢᠯᠠᠯ ᠤᠨ ᠭᠠᠳᠠᠭᠠᠳᠤ ᠳᠠᠬᠢ ᠠᠵᠢᠯ | ᠦᠢᠯᠡᠰ ᠤᠨ ᠬᠡᠯᠲᠡᠰ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠰᠠᠯᠭᠠᠨ ᠪᠣᠷᠣᠯᠠᠭᠤᠯᠬᠤ ᠲᠥᠪ ᠵᠡᠷᠭᠡ ᠶᠢ | ᠪᠠᠶᠢᠭᠤᠯᠬᠤ ᠪᠠᠷ ᠳᠠᠮᠵᠢᠭᠤᠯᠤᠨ᠂ ᠭᠠᠳᠠᠭᠠᠳᠤ ᠳᠤ ᠪᠡᠯᠡ ᠣᠷᠣᠭᠤᠯᠬᠤ ᠬᠠᠮᠲᠤᠷᠠᠯᠴᠠᠭ᠎ᠠ ᠪᠠᠨ ᠠᠯᠬᠤᠮ ᠠᠯᠬᠤᠮ ᠢᠶᠠᠷ | ᠭᠦᠨᠵᠡᠭᠡᠶᠢᠷᠡᠭᠦᠯᠬᠦ ᠶᠢ ᠵᠣᠷᠢᠭᠵᠢᠭᠤᠯᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠳᠡᠯᠡᠬᠡᠶᠢᠴᠢᠯᠡᠭᠰᠡᠨ ᠬᠠᠮᠢᠶᠠᠷᠤᠯᠲᠠ | ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | | | ︵ᠠᠷᠪᠠᠨ ᠵᠢᠷᠭᠤᠭ᠎ᠠ︶ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠵᠦᠢ | ᠵᠣᠬᠢᠰᠲᠠᠢ ᠪᠠᠶᠢᠷᠢᠯᠠᠭᠤᠯᠤᠨ᠎ᠠ᠃ ᠠᠵᠤ ᠠᠬᠤᠶᠢᠯᠠᠯ ᠤᠨ ᠲᠣᠰ ᠪᠡᠶ᠎ᠡ ᠶᠢᠨ ᠦᠢᠯᠡᠳᠬᠦᠨ ᠤ ᠣᠨᠴᠠᠯᠢᠭ ᠪᠠ | ᠳᠡᠯᠡᠬᠡᠶᠢᠴᠢᠯᠡᠬᠦ ᠪᠠᠶᠢᠯᠳᠤᠬᠤ ᠪᠣᠳᠣᠯᠭ᠎ᠠ ᠪᠠᠨ ᠦᠨᠳᠦᠰᠦᠯᠡᠨ᠂ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠨᠥᠬᠦᠴᠡᠯ ᠲᠠᠢ ᠠᠵᠤ ᠠᠬᠤᠶᠢᠯᠠᠯ ᠤᠳ ᠥᠪᠡᠷ ᠢᠶᠠᠨ ᠡᠵᠡᠩᠨᠡᠬᠦ᠂ ᠪᠡᠯᠡ ᠨᠡᠶᠢᠯᠡᠭᠦᠯᠬᠦ ᠪᠤᠶᠤ | ᠬᠠᠮᠲᠤᠷᠠᠨ ᠠᠵᠢᠯᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠡᠳ᠋ | ᠬᠥᠷᠥᠩᠭᠡ ᠶᠢᠨ ᠡᠵᠡᠩᠨᠡᠯᠲᠡ ᠶᠢᠨ ᠲᠣᠭᠲᠠᠴᠠ ᠶᠢ ᠭᠦᠨᠵᠡᠭᠡᠶᠢᠷᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ | ᠳᠣᠣᠷᠠᠳᠤ ᠤᠷᠤᠰᠬᠠᠯ ᠳᠤ ᠬᠠᠨᠳᠤᠭᠤᠯᠤᠨ ᠬᠠᠤᠯᠢ ᠴᠠᠭᠠᠵᠠ ᠶᠢᠨ ᠳᠦᠷᠢᠮ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ | ᠭᠦᠢᠯᠭᠡᠭᠡ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠪᠣᠭᠤᠮᠲᠠ ᠳᠤ ᠮᠡᠳᠡᠭᠦᠯᠦᠨ ᠪᠣᠭᠤᠮᠲᠠ ᠪᠠᠷ ᠥᠩᠭᠡᠷᠡᠭᠦᠯᠬᠦ᠂ | ᠢᠲᠡᠭᠡᠮᠵᠢ ᠶᠢᠨ ᠳᠠᠭᠠᠭᠠᠯᠲᠠ ᠬᠢᠬᠦ ᠵᠡᠷᠭᠡ ᠦᠷᠳᠡᠭ ᠨᠡᠮᠡᠭᠳᠡᠯ ᠤᠨ ᠦᠢᠯᠡᠴᠢᠯᠡᠭᠡ ᠬᠠᠩᠭᠠᠵᠤ᠂ ᠤᠯᠤᠰ ᠤᠨ | ᠳᠣᠲᠣᠭᠠᠳᠤ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠤᠨ ᠵᠡᠷᠭᠡ ᠪᠠᠷ ᠳᠡᠯᠡᠬᠡᠶᠢᠵᠢᠬᠦ ᠶᠢ ᠬᠥᠲᠥᠯᠥᠨ | ᠵᠢᠯᠤᠭᠤᠳᠴᠤ ᠪᠣᠯᠣᠨ᠎ᠠ᠃ | | | | ︵ᠠᠷᠪᠠᠨ ᠳᠣᠯᠤᠭ᠎ᠠ︶ ᠪᠥᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠶᠢᠨ ᠵᠣᠬᠢᠴᠠᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠥᠬᠦᠴᠡᠯ ᠪᠦᠷᠢᠳᠦᠭᠦᠯᠦᠭᠰᠡᠨ ᠠᠵᠤ ᠠᠬᠤᠶᠢᠯᠠᠯ ᠨᠢ ᠪᠦᠬᠦ ᠪᠥᠮᠪᠥᠷᠴᠡᠭ ᠤᠨ | ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠯᠳᠤᠬᠤ ᠪᠣᠳᠣᠯᠭ᠎ᠠ ᠶᠢᠨ ᠲᠤᠰᠬᠠᠢ ᠰᠠᠯᠠᠭ᠎ᠠ ᠮᠥᠴᠢᠷ ᠢ ᠪᠠᠶᠢᠭᠤᠯᠵᠤ᠂ ᠤᠯᠠᠨ | ᠤᠯᠤᠰ ᠤᠨ ᠮᠡᠷᠭᠡᠵᠢᠯ᠂ ᠠᠵᠤ ᠠᠬᠤᠢ ᠠᠷᠠᠯᠵᠢᠶᠠᠨ ᠤ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ | ᠲᠤᠰ ᠪᠡᠶ᠎ᠡ ᠶᠢᠨ ᠠᠵᠤ ᠠᠬᠤᠢ ᠠᠷᠠᠯᠵᠢᠶᠠᠨ ᠤ ᠳᠠᠪᠠᠭᠤᠯᠢᠭ ᠲᠠᠭᠠᠨ ᠲᠦᠰᠢᠭᠯᠡᠨ᠂ ᠠᠵᠢᠯᠲᠠᠨ ᠤ ᠰᠢᠯᠵᠢᠯᠲᠡ᠂ | ᠬᠢᠷᠢ ᠬᠡᠮ ᠢ ᠬᠠᠷᠢᠯᠴᠠᠨ ᠮᠡᠳᠡᠷᠡᠬᠦ᠂ ᠪᠠᠷᠢᠮᠵᠢᠶ᠎ᠠ ᠶᠢ ᠬᠠᠷᠢᠯᠴᠠᠨ ᠨᠡᠪᠲᠡᠷᠡᠯᠴᠡᠬᠦ᠂ ᠮᠡᠳᠡᠷᠡᠨ ᠵᠥᠪᠰᠢᠶᠡᠷᠡᠬᠦ ᠪᠠ | ᠭᠡᠷᠡᠴᠢᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠲᠠᠯ᠎ᠠ ᠪᠠᠷ ᠵᠣᠬᠢᠴᠠᠭᠤᠯᠤᠨ ᠪᠠᠲᠤᠯᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠡᠭᠦᠯᠳᠡᠷᠵᠢᠭᠦᠯᠬᠦ ᠳᠤ ᠠᠰᠢᠭᠲᠠᠢ ᠪᠦᠬᠦ ᠪᠥᠮᠪᠥᠷᠴᠡᠭ ᠤᠨ ᠠᠵᠤ ᠠᠬᠤᠢ ᠠᠷᠠᠯᠵᠢᠶᠠᠨ ᠤ ᠰᠢᠰᠲ᠋ᠧᠮ ᠢ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ | | | | | | ᠲᠤᠯᠤᠭ᠎ᠠ᠂ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ | ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | | | ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠬᠠᠷᠢᠯᠴᠠᠨ ᠬᠤᠯᠪᠣᠭ᠎ᠠ ᠲᠠᠢ | ᠪᠥᠭᠡᠳ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠳᠠᠭ᠂ ᠤᠶᠠᠨ ᠬᠠᠳᠠᠨ ᠴᠢᠨᠠᠷ ᠨᠢ ᠠᠵᠤ ᠠᠬᠤᠶᠢᠯᠠᠯ ᠤᠨ | ᠬᠠᠩᠭᠠᠯᠭ᠎ᠠ ᠶᠢᠨ ᠬᠡᠯᠬᠢᠶ᠎ᠡ ᠶᠢᠨ ᠳᠠᠭᠠᠷᠢᠯᠲᠠ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠠᠰᠤᠷᠠᠯ ᠤᠨ ᠳᠠᠷᠠᠭᠠᠬᠢ ᠲᠦᠷᠭᠡᠨ | ᠰᠡᠷᠭᠦᠬᠦ ᠴᠢᠳᠠᠪᠤᠷᠢ ᠶᠢ ᠪᠦᠲᠦᠮᠵᠢᠲᠡᠢ ᠡᠰᠡᠷᠭᠦᠴᠡᠬᠦ ᠶᠢ ᠴᠢᠬᠤᠯᠠᠴᠢᠯᠠᠵᠤ᠂ ᠠᠮᠤᠷ ᠲᠦᠪᠰᠢᠨ ᠨᠢ ᠠᠵᠤ | ᠠᠬᠤᠶᠢᠯᠠᠯ ᠤᠨ ᠳᠠᠭᠠᠷᠢᠯᠲᠠ ᠶᠢᠨ ᠡᠭᠦᠰᠬᠦ ᠲᠣᠬᠢᠶᠠᠯᠳᠤᠮᠵᠢ ᠶᠢ ᠪᠠᠭᠠᠰᠬᠠᠬᠤ ᠶᠢᠨ ᠬᠠᠮᠲᠤ ᠠᠶᠤᠯ ᠲᠦᠭᠰᠢᠭᠦᠷᠢ ᠶᠢᠨ | ᠳᠠᠭᠠᠷᠢᠯᠲᠠ ᠶᠢᠨ ᠳᠣᠣᠷ᠎ᠠ ᠲᠣᠭᠲᠠᠭᠤᠨ ᠢᠶᠠᠷ ᠠᠵᠢᠯᠯᠠᠬᠤ ᠴᠢᠳᠠᠪᠤᠷᠢ ᠶᠢ ᠴᠢᠬᠤᠯᠠᠴᠢᠯᠠᠳᠠᠭ᠃ | | | | ︵ᠠᠷᠪᠠᠨ ᠨᠠᠢᠮᠠ︶ ᠲᠦᠭᠰᠢᠭᠦᠷᠢ ᠶᠢ ᠰᠡᠷᠡᠮᠵᠢᠯᠡᠭᠦᠯᠬᠦ ᠪᠠ ᠠᠷᠭᠠᠴᠠᠬᠤ ᠪᠡᠯᠡᠳᠬᠡᠯ ᠢ ᠴᠢᠩᠭᠠᠷᠠᠭᠤᠯᠤᠨ᠎ᠠ᠃ | ᠠᠵᠤ ᠠᠬᠤᠶᠢᠯᠠᠯ ᠤᠳ ᠲᠦᠭᠰᠢᠭᠦᠷᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠦᠭᠰᠢᠭᠦᠷᠢ ᠶᠢᠨ | ᠬᠠᠮᠢᠶᠠᠷᠤᠯᠲᠠ ᠶᠢᠨ ᠳᠣᠲᠣᠭᠠᠳᠤ ᠡᠵᠡᠮᠳᠡᠯ ᠤᠨ ᠬᠢᠷᠢ ᠤᠯᠠᠨ ᠬᠡᠮᠵᠢᠯᠲᠦ ᠠᠶᠤᠯ ᠲᠦᠭᠰᠢᠭᠦᠷᠢ ᠶᠢᠨ ᠢᠷᠡᠯᠲᠡ ᠶᠢ | ᠢᠯᠭᠠᠨ ᠲᠠᠨᠢᠬᠤ ᠨᠠᠷᠢᠨ ᠲᠠᠩᠰᠠ ᠶᠢ ᠪᠠᠶᠢᠭᠤᠯᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠭᠤᠭᠴᠤᠭ᠎ᠠ ᠶᠢᠨ | ᠠᠶᠤᠯ ᠲᠦᠭᠰᠢᠭᠦᠷᠢ ᠪᠠ ᠭᠠᠳᠠᠭᠠᠳᠤ ᠡᠯᠧᠮᠧᠨ᠋ᠲ ᠤᠨ ᠠᠶᠤᠯ ᠲᠦᠭᠰᠢᠭᠦᠷᠢ ᠶᠢ ᠰᠢᠰᠲ᠋ᠧᠮ ᠲᠠᠢ ᠪᠠᠷ ᠢᠯᠭᠠᠨ ᠲᠠᠨᠢᠨ᠎ᠠ | ᠃ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠤᠨ ᠵᠢᠭᠰᠠᠯ ᠤᠨ ᠬᠡᠷᠡᠭᠯᠡᠯᠲᠡ ᠶᠢ ᠴᠢᠩᠭᠠᠳᠬᠠᠵᠤ᠂ ᠳᠡᠭᠡᠳᠦ | ᠤᠷᠤᠰᠬᠠᠯ ᠤᠨ ᠳᠠᠮ ᠬᠠᠩᠭᠠᠯᠭ᠎ᠠ ᠶᠢᠨ ᠲᠦᠭᠰᠢᠭᠦᠷᠢ ᠶᠢ ᠣᠨᠣᠪᠴᠢᠲᠠᠶ ᠢᠯᠭᠠᠨ ᠲᠠᠨᠢᠵᠤ᠂ ᠳᠣᠣᠷᠠᠳᠤ | ᠤᠷᠤᠰᠬᠠᠯ ᠤᠨ ᠡᠰᠡᠷᠭᠦ ᠴᠢᠭᠯᠡᠯ ᠢᠶᠠᠷ ᠵᠠᠬ᠎ᠠ ᠳᠡᠯᠭᠡᠭᠦᠷ ᠤᠨ ᠲᠦᠭᠰᠢᠭᠦᠷᠢ ᠶᠢ ᠲᠦᠭᠰᠢᠭᠦᠷᠢ ᠶᠢ ᠦᠨᠡᠯᠡᠨ ᠵᠢᠱᠢᠬᠦ ᠪᠠ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠰᠢᠰᠲ᠋ᠧᠮ ᠤᠨ ᠲᠦᠭᠰᠢᠭᠦᠷᠢ ᠶᠢ ᠵᠠᠳᠠᠯᠤᠨ | ᠰᠤᠳᠤᠯᠵᠤ ᠮᠠᠭᠠᠳᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠶᠠᠪᠤᠴᠠ ᠶᠢ ᠬᠠᠮᠢᠶᠠᠷᠤᠨ ᠡᠵᠡᠮᠳᠡᠬᠦ᠂ ᠡᠳ᠋ ᠪᠠᠷᠠᠭᠠᠨ ᠤ | ᠭᠦᠢᠯᠭᠡᠭᠡ ᠶᠢ ᠪᠠᠲᠤᠯᠠᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠨᠥᠭᠡᠴᠡᠯᠡᠬᠦ᠂ ᠮᠡᠷᠭᠡᠵᠢᠯ ᠪᠠ ᠠᠵᠢᠯᠲᠠᠨ ᠤ | ᠬᠠᠮᠢᠶᠠᠷᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ | ᠴᠢᠩᠭᠠᠷᠠᠭᠤᠯᠤᠨ᠎ᠠ᠃ | | | | ︵ᠠᠷᠪᠠ ᠶᠢᠰᠦ︶ ᠬᠠᠩᠭᠠᠯᠭ᠎ᠠ ᠶᠢᠨ ᠬᠤᠳᠠᠯᠳᠤᠭᠠᠴᠢᠨ ᠤ ᠲᠦᠭᠰᠢᠭᠦᠷᠢ ᠶᠢᠨ ᠬᠠᠮᠢᠶᠠᠷᠤᠯᠲᠠ ᠶᠢᠨ ᠠᠵᠤ | ᠠᠬᠤᠶᠢᠯᠠᠯ ᠤᠳ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠬᠠᠮᠤᠭ ᠤᠨ ᠰᠢᠯᠢᠳᠡᠭ | ᠬᠠᠩᠭᠠᠯᠭ᠎ᠠ ᠶᠢᠨ ᠬᠤᠳᠠᠯᠳᠤᠭᠠᠴᠢᠨ ᠪᠠ ᠦᠢᠯᠡᠳᠬᠦᠨ ᠤ ᠦᠨ᠎ᠡ ᠬᠠᠩᠰᠢ ᠶᠢ ᠡᠷᠢᠯᠬᠢᠯᠡᠵᠦ᠂ ᠤᠯᠠᠨ ᠡᠰᠢᠴᠢᠯᠡᠭᠰᠡᠨ | ᠬᠠᠩᠭᠠᠯᠭ᠎ᠠ ᠶᠢᠨ ᠬᠤᠳᠠᠯᠳᠤᠭᠠᠴᠢᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠬᠠᠩᠭᠠᠯᠭ᠎ᠠ ᠶᠢᠨ | ᠬᠤᠳᠠᠯᠳᠤᠭᠠᠴᠢᠨ ᠤ ᠲᠦᠷᠦᠯ ᠬᠡᠯᠪᠡᠷᠢ᠂ ᠭᠠᠵᠠᠷ ᠣᠷᠣᠨ ᠤ ᠲᠠᠷᠬᠠᠯᠲᠠ ᠶᠢᠨ ᠤᠯᠠᠨ ᠶᠠᠩᠵᠤᠲᠤ ᠪᠠᠶᠢᠯᠳᠤᠬᠤ | ᠪᠣᠳᠣᠯᠭ᠎ᠠ ᠶᠢᠨ ᠬᠠᠩᠭᠠᠯᠭ᠎ᠠ ᠶᠢᠨ ᠬᠤᠳᠠᠯᠳᠤᠭᠠᠴᠢᠨ ᠤ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ᠂ ᠲᠠᠩ ᠭᠠᠭᠴᠠ | ᠬᠠᠩᠭᠠᠯᠭ᠎ᠠ ᠶᠢᠨ ᠬᠤᠳᠠᠯᠳᠤᠭᠠᠴᠢᠨ ᠳᠤ ᠲᠦᠰᠢᠭᠯᠡᠬᠦ ᠠᠴᠠ ᠪᠣᠯᠤᠭᠰᠠᠨ ᠲᠣᠭᠲᠠᠭᠠᠯᠲᠤ ᠪᠤᠰᠤ ᠬᠠᠩᠭᠠᠯᠭ᠎ᠠ ᠶᠢᠨ | ᠬᠤᠳᠠᠯᠳᠤᠭᠠᠴᠢᠨ ᠤ ᠪᠦᠬᠦ ᠶᠠᠪᠤᠴᠠ ᠶᠢᠨ ᠲᠣᠭᠲᠠᠭᠠᠯ ᠳᠤ ᠨᠡᠶᠢᠴᠡᠭᠰᠡᠨ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ | ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠲᠦᠷᠦᠯ ᠤᠨ | ᠵᠢᠷᠤᠮᠵᠢᠯ ᠢ ᠵᠢᠷᠤᠮᠯᠠᠬᠤ ᠶᠢ ᠬᠠᠩᠭᠠᠯᠭ᠎ᠠ ᠶᠢᠨ ᠬᠤᠳᠠᠯᠳᠤᠭᠠᠴᠢᠨ ᠤ ᠦᠢᠯᠡᠳᠬᠦᠨ ᠪᠠ ᠮᠡᠳᠡᠭᠡ ᠵᠠᠩᠭᠢ ᠶᠢᠨ ᠢᠯᠡ | ᠲᠣᠳᠣ ᠶᠢᠨ ᠬᠡᠮᠵᠢᠶ᠎ᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠢᠷᠡᠯᠲᠡ᠂ | ᠦᠢᠯᠡᠳᠪᠦᠷᠢᠯᠡᠯ ᠤᠨ ᠶᠠᠪᠤᠴᠠ᠂ ᠴᠢᠨᠠᠷ ᠴᠢᠨᠰᠠᠭ᠎ᠠ ᠶᠢᠨ ᠡᠵᠡᠮᠳᠡᠯ ᠵᠡᠷᠭᠡ ᠪᠠᠶᠢᠳᠠᠯ ᠢ ᠭᠦᠢᠴᠡᠳ ᠡᠵᠡᠮᠰᠢᠨ᠎ᠡ᠃ | ᠬᠠᠩᠭᠠᠯᠭ᠎ᠠ ᠶᠢᠨ ᠬᠤᠳᠠᠯᠳᠤᠭᠠᠴᠢᠨ ᠤ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠬᠠᠩᠭᠠᠯᠭ᠎ᠠ ᠶᠢᠨ | ᠬᠤᠳᠠᠯᠳᠤᠭᠠᠴᠢᠨ ᠤ ᠠᠶᠤᠯ ᠲᠦᠭᠰᠢᠭᠦᠷᠢ ᠶᠢᠨ ᠬᠢᠷᠢ ᠬᠡᠮᠵᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ | ᠵᠢᠱᠢᠬᠦ ᠬᠡᠷᠡᠭᠲᠡᠶ᠃ | | | | | | | ︵ᠬᠤᠷᠢ︶ ᠣᠯᠠᠨ ᠡᠰᠢᠵᠢᠭᠰᠡᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠣᠣᠷ ᠰᠦᠯᠵᠢᠶ᠎ᠡ᠃ ᠠᠵᠤ | ᠠᠬᠤᠶᠢᠯᠠᠯ ᠤᠳ ᠬᠤᠳᠠᠯᠳᠤᠨ ᠠᠪᠬᠤ ᠪᠠᠶᠢᠷᠢᠰᠢᠯ ᠢᠶᠠᠨ ᠰᠢᠯᠢᠳᠡᠭᠵᠢᠭᠦᠯᠵᠦ᠂ ᠦᠢᠯᠡᠳᠬᠦᠨ ᠪᠠ ᠲᠦᠭᠦᠬᠡᠢ | ᠮᠠᠲ᠋ᠧᠷᠢᠶᠠᠯ ᠤᠨ ᠣᠨᠴᠠᠯᠢᠭ ᠢ ᠦᠨᠳᠦᠰᠦᠯᠡᠨ ᠭᠤᠣᠯ ᠠᠷᠭ᠎ᠠ ᠵᠠᠮ ᠢᠶᠠᠷ ᠬᠤᠳᠠᠯᠳᠤᠨ ᠠᠪᠬᠤ ᠷᠠᠳᠢᠦ᠋ᠰ ᠢ ᠵᠦᠢ | ᠵᠣᠬᠢᠰᠲᠠᠢ ᠡᠵᠡᠮᠳᠡᠵᠦ᠂ ᠰᠣᠩᠭᠤᠬᠤ ᠪᠠᠷ ᠪᠡᠯᠡᠳᠬᠡᠭᠰᠡᠨ ᠬᠠᠩᠭᠠᠯᠭ᠎ᠠ ᠶᠢᠨ ᠢᠷᠡᠯᠲᠡ ᠶᠢ ᠪᠠᠶᠢᠭᠤᠯᠬᠤ ᠳᠤ ᠤᠷᠢᠳᠠᠪᠠᠷ | ᠣᠷᠣᠨ ᠪᠦᠰᠡ ᠠᠯᠤᠰᠯᠠᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠲᠣᠬᠢᠷᠠᠭᠤᠯᠬᠤ ᠴᠢᠳᠠᠪᠤᠷᠢ ᠶᠢ ᠦᠨᠡᠨᠬᠦ | ᠪᠠᠲᠤᠯᠠᠬᠤ ᠬᠡᠷᠡᠭᠲᠡᠢ᠃ ᠬᠥᠮᠥᠷᠭᠡ ᠶᠢᠨ ᠬᠠᠳᠠᠭᠠᠯᠠᠯᠲᠠ ᠶᠢ ᠲᠣᠬᠢᠷᠠᠭᠤᠯᠬᠤ ᠠᠮᠢᠳᠤᠯᠢᠭ ᠴᠢᠨᠠᠷ ᠢ ᠴᠢᠩᠭᠠᠳᠬᠠᠵᠤ᠂ | ᠥᠪᠡᠷ ᠤᠨ ᠬᠥᠮᠥᠷᠭᠡ ᠶᠢᠨ ᠬᠠᠳᠠᠭᠠᠯᠠᠮᠵᠢ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠥᠮᠥᠷᠭᠡ ᠶᠢᠨ ᠬᠠᠳᠠᠭᠠᠯᠠᠮᠵᠢ᠂ | ᠵᠥᠪᠯᠡᠯᠴᠡᠭᠡᠷ ᠤᠨ ᠬᠥᠮᠥᠷᠭᠡ ᠶᠢᠨ ᠬᠠᠳᠠᠭᠠᠯᠠᠮᠵᠢ᠂ ᠭᠤᠷᠪᠠᠳᠠᠭᠢ ᠡᠲᠡᠭᠡᠳ ᠤᠨ ᠬᠥᠮᠥᠷᠭᠡ ᠶᠢᠨ ᠬᠠᠳᠠᠭᠠᠯᠠᠮᠵᠢ᠂ | ᠭᠠᠳᠠᠭᠠᠳᠤ ᠳᠠᠬᠢ ᠬᠥᠮᠥᠷᠭᠡ ᠶᠢᠨ ᠬᠠᠳᠠᠭᠠᠯᠠᠮᠵᠢ᠂ ᠵᠠᠮ ᠵᠠᠭᠤᠷ᠎ᠠ ᠶᠢᠨ ᠬᠥᠮᠥᠷᠭᠡ ᠶᠢᠨ ᠬᠠᠳᠠᠭᠠᠯᠠᠯᠲᠠ ᠵᠡᠷᠭᠡ ᠤᠯᠠᠨ | ᠵᠦᠢᠯ ᠤᠨ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶ᠎ᠡ ᠶᠢᠨ ᠣᠯᠠᠨ ᠡᠰᠢᠲᠦ ᠴᠢᠨᠠᠷ ᠢ ᠴᠢᠩᠭᠠᠷᠠᠭᠤᠯᠵᠤ᠂ ᠭᠤᠣᠯ | ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠰᠣᠩᠭᠤᠬᠤ ᠪᠠᠷ | ᠪᠡᠯᠡᠳᠬᠡᠭᠰᠡᠨ ᠲᠡᠭᠡᠭᠡᠪᠦᠷᠢ ᠶᠢᠨ ᠵᠠᠮ ᠱᠤᠭᠤᠮ᠂ ᠲᠡᠭᠡᠭᠡᠪᠦᠷᠢ ᠶᠢᠨ ᠠᠷᠭ᠎ᠠ ᠮᠠᠶ᠋ᠢᠭ᠂ ᠳᠠᠭᠠᠭᠠᠴᠢᠯᠠᠨ ᠲᠡᠭᠡᠭᠡᠪᠦᠷᠢᠯᠡᠬᠦ | ᠬᠤᠳᠠᠯᠳᠤᠭᠠᠴᠢᠨ ᠢ ᠨᠢᠭᠲᠠ ᠠᠩᠬᠠᠷᠴᠤ᠂ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶ᠎ᠡ ᠶᠢᠨ ᠲᠦᠭᠰᠢᠭᠦᠷᠢ ᠶᠢ | ᠵᠠᠳᠠᠷᠠᠭᠤᠯᠤᠨ᠎ᠠ᠃ | | | | ︵ᠬᠤᠷᠢᠨ ᠨᠢᠭᠡ︶ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠲᠠᠢ ᠬᠠᠩᠭᠠᠯᠭ᠎ᠠ ᠶᠢᠨ ᠬᠡᠯᠬᠢᠶᠡᠨ ᠤ | ᠰᠠᠯᠬᠢᠨ ᠤ ᠡᠵᠡᠮᠳᠡᠯ ᠤᠨ ᠰᠣᠶᠣᠯ ᠢ ᠪᠠᠶᠢᠭᠤᠯᠤᠨ᠎ᠠ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠠᠵᠢᠯ | ᠮᠡᠷᠭᠡᠵᠢᠯ ᠤᠨ ᠬᠡᠪ ᠰᠤᠷᠭᠠᠯᠲᠠ ᠶᠢ ᠪᠣᠶᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠢᠯ ᠤᠨ ᠪᠠᠶᠢᠷᠢ ᠶᠢᠨ | ᠲᠣᠬᠢᠷᠠᠭᠤᠯᠤᠯᠲᠠ ᠶᠢᠨ ᠠᠮᠢᠳᠤᠯᠢᠭ ᠴᠢᠨᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠵᠣᠬᠢᠶᠠᠨ | ᠪᠠᠶᠢᠭᠤᠯᠤᠯᠲᠠ ᠶᠢᠨ ᠰᠢᠨ᠎ᠡ ᠶᠢ ᠡᠭᠦᠳᠬᠦ᠂ ᠲᠦᠭᠰᠢᠭᠦᠷᠢ ᠶᠢ ᠰᠡᠷᠭᠡᠶᠢᠯᠡᠬᠦ ᠪᠠ ᠵᠠᠬ᠎ᠠ ᠳᠡᠯᠭᠡᠭᠦᠷ ᠤᠨ | ᠥᠷᠢᠰᠦᠯᠳᠦᠭᠡᠨ ᠤ ᠵᠥᠭᠡᠯᠡᠨ ᠪᠣᠳᠠᠲᠤ ᠬᠦᠴᠦᠨ ᠢ ᠨᠡᠭᠡᠭᠡᠯᠲᠡ ᠬᠢᠵᠦ ᠨᠡᠪᠲᠡᠷᠡᠯᠴᠡᠬᠦ ᠶᠢ ᠴᠢᠩᠭᠠᠳᠬᠠᠨ᠂ | ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠣᠯᠢᠯᠴᠠᠭ᠎ᠠ ᠶᠢ ᠢᠯᠡ ᠲᠣᠳᠣ | ᠪᠣᠯᠭᠠᠬᠤ ᠶᠢ ᠠᠬᠢᠭᠤᠯᠵᠤ᠂ ᠲᠠᠯᠳᠠ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠣᠯᠵᠤ ᠮᠡᠳᠡᠬᠦ ᠪᠠ | ᠰᠢᠢᠳᠪᠦᠷᠢᠯᠡᠨ᠎ᠡ᠃ ᠠᠶᠤᠯ ᠲᠦᠭᠰᠢᠭᠦᠷᠢ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠵᠢᠯᠲᠠᠨ ᠤ ᠠᠶᠤᠯ | ᠲᠦᠭᠰᠢᠭᠦᠷᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠤ ᠰᠠᠨᠠᠭᠠᠴᠢᠯᠠᠭ᠎ᠠ | ᠠᠴᠠ ᠪᠠᠨ ᠠᠶᠤᠯ ᠲᠦᠭᠰᠢᠭᠦᠷᠢ ᠶᠢ ᠢᠯᠭᠠᠨ ᠲᠠᠨᠢᠬᠤ ᠶᠢᠨ ᠬᠠᠮᠲᠤ ᠪᠠᠶᠢᠳᠠᠯ ᠢ ᠦᠵᠡᠵᠦ ᠪᠠᠶᠢᠭᠠᠳ ᠠᠷᠢᠯᠭᠠᠬᠤ | ᠠᠷᠭ᠎ᠠ ᠬᠡᠮᠵᠢᠶ᠎ᠡ ᠬᠠᠮᠲᠤᠷᠠᠯᠴᠠᠭ᠎ᠠ ᠢᠲᠡᠭᠡᠯᠴᠡᠭᠡ ᠪᠠᠨ ᠴᠢᠩᠭᠠᠳᠬᠠᠵᠤ᠂ ᠬᠠᠩᠭᠠᠯᠭ᠎ᠠ ᠶᠢᠨ ᠬᠡᠯᠬᠢᠶ᠎ᠡ ᠶᠢᠨ ᠡᠯ᠎ᠡ | ᠭᠤᠭᠴᠤᠭ᠎ᠠ ᠶᠢᠨ ᠲᠦᠭᠰᠢᠭᠦᠷᠢ ᠶᠢ ᠠᠷᠭᠠᠴᠠᠨ ᠬᠤᠯᠪᠣᠯᠳᠤᠬᠤ ᠶᠢ ᠠᠬᠢᠭᠤᠯᠵᠤ᠂ ᠲᠦᠭᠰᠢᠭᠦᠷᠢ ᠶᠢᠨ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠷᠭᠦᠯᠵᠢᠯᠡᠨ ᠰᠠᠶᠢᠵᠢᠷᠠᠭᠤᠯᠬᠤ ᠶᠢ | ᠴᠢᠩᠭᠠᠳᠬᠠᠵᠤ᠂ ᠠᠵᠢᠯᠲᠠᠨ ᠠᠵᠢᠯᠴᠢᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠠᠶᠤᠯ | ᠲᠦᠭᠰᠢᠭᠦᠷᠢ ᠶᠢᠨ ᠣᠷᠴᠢᠨ ᠲᠣᠭᠤᠷᠢᠨ ᠢ ᠦᠨᠳᠦᠰᠦᠯᠡᠨ ᠵᠦᠢ ᠵᠣᠬᠢᠰᠲᠠᠢ᠂ ᠰᠢᠨ᠎ᠡ ᠶᠢ ᠡᠭᠦᠳᠬᠦ ᠬᠡᠯᠪᠡᠷᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠰᠠᠨᠠᠭᠤᠯᠭ᠎ᠠ ᠳᠤᠷᠠᠳᠬᠤ ᠶᠢ ᠵᠣᠷᠢᠭᠵᠢᠭᠤᠯᠵᠤ᠂ ᠠᠶᠤᠯ ᠲᠦᠭᠰᠢᠭᠦᠷᠢ ᠡᠭᠦᠰᠬᠦ ᠶᠢ | ᠡᠬᠢ ᠡᠭᠦᠰᠦᠯ ᠠᠴᠠ ᠨᠢ ᠰᠡᠷᠭᠡᠶᠢᠯᠡᠨ᠎ᠡ᠃ | | | | | | ᠨᠠᠢᠮᠠ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠦᠢᠯᠡᠴᠢᠯᠡᠭᠡᠨ ᠤ ᠲᠤᠯᠭᠠᠭᠤᠷᠢᠯᠠᠯ ᠢ | ᠲᠡᠭᠦᠯᠳᠡᠷᠵᠢᠭᠦᠯᠬᠦ ᠬᠡᠷᠡᠭᠲᠡᠢ | | | ︵ᠬᠤᠷᠢᠨ ᠬᠤᠶᠠᠷ︶ ᠠᠰᠠᠭᠤᠨ ᠯᠠᠪᠯᠠᠬᠤ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠡᠯ᠎ᠡ | ᠲᠥᠷᠥᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢ ᠰᠢᠢᠳᠪᠦᠷᠢᠯᠡᠬᠦ ᠲᠥᠰᠥᠯ ᠤᠨ ᠦᠢᠯᠡᠴᠢᠯᠡᠭᠡᠨ ᠤ | ᠬᠤᠳᠠᠯᠳᠤᠭᠠᠴᠢᠨ ᠢ ᠵᠣᠷᠢᠭᠵᠢᠭᠤᠯᠵᠤ ᠪᠠᠶᠢᠭᠠᠳ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ | ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ | ᠲᠥᠷᠥᠯ᠂ ᠠᠬᠤᠢ ᠲᠠᠯᠠᠪᠠᠶ ᠬᠤᠪᠢᠶᠠᠨ ᠰᠢᠰᠲ᠋ᠧᠮ ᠲᠠᠢ ᠰᠢᠢᠳᠪᠦᠷᠢᠯᠡᠬᠦ ᠲᠥᠰᠥᠯ ᠢ ᠪᠦᠷᠢᠯᠳᠦᠭᠦᠯᠬᠦ ᠶᠢᠨ ᠬᠠᠮᠲᠤ | ᠳᠡᠯᠭᠡᠷᠡᠭᠦᠯᠦᠨ ᠬᠡᠷᠡᠭᠯᠡᠬᠦ ᠶᠢᠨ ᠬᠠᠮᠲᠤ᠂ ᠠᠵᠤ ᠠᠬᠤᠶᠢᠯᠠᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠣᠰᠣᠭᠠᠷ᠂ | ᠲᠤᠰᠬᠠᠶᠢᠵᠢᠭᠰᠠᠨ᠂ ᠵᠤᠷᠰᠢᠯᠵᠢᠭᠤᠯᠤᠭᠰᠠᠨ᠂ ᠥᠪᠡᠷᠮᠢᠴᠡᠵᠢᠭᠦᠯᠦᠭᠰᠡᠨ ᠬᠡᠷᠡᠭᠵᠢᠭᠦᠯᠬᠦ ᠲᠥᠰᠥᠯ ᠢ ᠬᠠᠩᠭᠠᠨ᠎ᠠ᠃ | ᠠᠵᠢᠯ ᠲᠥᠷᠥᠯ ᠤᠨ ᠨᠡᠶᠢᠭᠡᠮᠯᠢᠭ᠂ ᠲᠠᠪᠴᠠᠩ ᠤᠨ ᠠᠵᠤ ᠠᠬᠤᠶᠢᠯᠠᠯ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠭᠦᠢᠴᠡᠳ | ᠰᠤᠳᠤᠯᠤᠨ ᠰᠢᠨᠵᠢᠯᠡᠬᠦ ᠶᠢ ᠳᠡᠮᠵᠢᠵᠦ᠂ ᠦᠢᠯᠡᠳᠭᠡᠯ ᠤᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ | ᠬᠠᠩᠭᠠᠯᠭ᠎ᠠ ᠶᠢᠨ ᠬᠡᠯᠬᠢᠶ᠎ᠡ ᠶᠢᠨ ᠮᠡᠳᠡᠭᠡ ᠵᠠᠩᠭᠢ ᠶᠢᠨ ᠬᠥᠮᠥᠷᠭᠡ᠂ ᠦᠢᠯᠡᠳᠬᠦᠨ ᠤ ᠬᠥᠮᠥᠷᠭᠡ᠂ ᠲᠤᠰᠬᠠᠢ | ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠳᠤ ᠬᠠᠩᠭᠠᠯᠭ᠎ᠠ ᠶᠢᠨ | ᠬᠡᠯᠬᠢᠶ᠎ᠡ ᠶᠢᠨ ᠬᠠᠮᠢᠶᠠᠷᠤᠯᠲᠠ ᠶᠢᠨ ᠯᠠᠪᠯᠠᠭ᠎ᠠ ᠥᠭᠴᠦ ᠵᠣᠯᠭᠠᠭᠤᠯᠬᠤ ᠦᠢᠯᠡᠴᠢᠯᠡᠭᠡ ᠬᠠᠩᠭᠠᠨ᠎ᠠ᠃ | | | | ︵ᠬᠤᠷᠢᠨ ᠭᠤᠷᠪᠠ︶ ᠪᠠᠷᠢᠮᠵᠢᠶᠠᠲᠤ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠣᠲᠣ ᠶᠢᠨ | ᠨᠢᠭᠡᠨᠲᠡ ᠨᠡᠶᠢᠲᠡᠯᠡᠭᠰᠡᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠠᠴᠢᠯᠠᠭᠰᠠᠨ ᠬᠠᠮᠢᠶᠠᠷᠤᠯᠲᠠ᠂ ᠪᠣᠬᠢᠷᠲᠤᠯ ᠥᠬᠡᠶ | ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠤ ᠬᠠᠮᠢᠶᠠᠷᠤᠯᠲᠠ | ᠵᠡᠷᠭᠡ ᠬᠦᠷᠢᠶᠡᠨ ᠳᠠᠬᠢ ᠰᠢᠷᠢᠰ ᠪᠠᠷᠢᠮᠵᠢᠶ᠎ᠠ ᠶᠢ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ | ᠬᠠᠮᠢᠶᠠᠷᠤᠯᠲᠠ ᠶᠢᠨ ᠪᠥᠬᠦ ᠶᠠᠪᠤᠴᠠ ᠳᠤ ᠣᠷᠣᠭᠤᠯᠬᠤ ᠶᠢ ᠠᠬᠢᠭᠤᠯᠵᠤ᠂ ᠪᠠᠷᠢᠮᠵᠢᠶ᠎ᠠ ᠶᠢ ᠦᠨᠳᠦᠰᠦᠯᠡᠨ ᠠᠵᠤ | ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠪᠡᠷᠢᠮᠵᠢᠶᠡᠵᠢᠭᠤᠯᠬᠤ ᠵᠤᠬᠢᠶᠡᠨ ᠪᠠᠶᠢᠭᠤᠯᠥᠯᠳᠡ᠂ ᠠᠵᠢᠯ ᠳᠥᠷᠦᠯ ᠤᠨ ᠨᠡᠶᠢᠭᠡᠮᠯᠢᠭ᠂ ᠨᠡᠶᠢᠭᠡᠮ ᠤᠨ ᠪᠦᠯᠬᠦᠮ ᠨᠡᠶᠢᠲᠡ | ᠂ ᠭᠤᠤᠯᠳᠡᠯᠭ᠎ᠠ ᠲᠠᠢ ᠠᠵᠦ ᠠᠬᠤᠶᠢᠯᠠᠯ ᠵᠡᠷᠭᠡ ᠶᠢᠨ ᠦᠢᠯᠡᠳᠭᠡᠯ ᠤᠨ ᠦᠢᠯᠡᠰ ᠤᠨ ᠠᠵᠦ ᠠᠬᠤᠶᠢᠯᠠᠯ ᠤᠨ | ᠬᠠᠩᠭᠠᠯᠭ᠎ᠠ ᠶᠢᠨ ᠭᠡᠯᠬᠢᠶᠡᠵᠢᠯ ᠤᠨ ᠬᠠᠮᠢᠶᠡᠷᠦᠯᠳᠡ ᠳᠠᠬᠢ ᠰᠢᠨ᠎ᠡ ᠮᠡᠷᠭᠡᠵᠢᠯ᠂ ᠰᠢᠨ᠎ᠡ ᠡᠵᠡᠩᠨᠡᠯᠳᠡ ᠶᠢᠨ ᠪᠠᠶᠢᠳᠡᠯ᠂ | ᠰᠢᠨ᠎ᠡ ᠵᠬᠠᠪᠤᠷ ᠵᠡᠷᠭᠡ ᠶᠢᠨ ᠲᠤᠭᠤᠷᠢᠨ ᠳᠤ ᠪᠡᠷᠢᠮᠵᠢᠶ᠎ᠠ ᠪᠠ ᠵᠢᠷᠣᠮᠯᠠᠯ ᠪᠠᠶᠢᠭᠤᠯᠬᠤ ᠶᠢ ᠵᠣᠷᠢᠠᠠᠵᠢᠭᠤᠯᠵᠦ᠂ | ᠪᠡᠷᠢᠮᠵᠢᠶ᠎ᠠ ᠶᠢ ᠣᠬᠠᠭᠤᠯᠥᠨ ᠲᠤᠤᠱᠯᠠᠭᠤᠯᠬᠤ᠂ ᠭᠡᠷᠡᠭᠯᠡᠬᠦ ᠳᠤ ᠦᠢᠯᠡᠴᠢᠯᠡᠬᠦ ᠪᠠ ᠭᠡᠷᠡᠭᠵᠢᠬᠦᠯᠬᠦ ᠦᠷ᠎ᠠ ᠪᠦᠳᠦᠮᠵᠢ ᠶᠢ | ᠦᠨᠡᠯᠡᠨ ᠵᠢᠱᠢᠬᠦ ᠶᠢ ᠴᠢᠩᠭᠠᠳᠬᠠᠨ᠂ ᠠᠵᠦ ᠠᠬᠤᠶᠢᠯᠠᠯ ᠢ ᠲᠤᠯᠭᠠᠭᠤᠷᠢᠯᠠᠨ ᠪᠡᠷᠢᠮᠵᠢᠶᠡᠵᠢᠭᠤᠯᠥᠠᠠᠰᠠᠨ | ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠡᠷᠦᠯᠳᠡ ᠶᠢᠨ ᠪᠦᠲᠦᠴᠡ ᠶᠢ ᠪᠠᠶᠢᠭᠤᠯᠥᠨ᠎ᠠ᠃ ᠠᠵᠢᠯ ᠳᠥᠷᠦᠯ ᠤᠨ | ᠨᠡᠶᠢᠭᠡᠮᠯᠢᠭ᠂ ᠲᠣᠰᠬᠠᠢ ᠠᠵᠢᠯ ᠤᠨ ᠪᠠᠶᠢᠭᠤᠯᠥᠮᠵᠢ ᠵᠡᠷᠭᠡ ᠶᠢ ᠵᠤᠷᠢᠬᠵᠢᠭᠤᠯᠵᠤ ᠪᠠᠶᠢᠭᠠᠳ ᠦᠢᠯᠡᠳᠭᠡᠯ ᠤᠨ | ᠦᠢᠯᠡᠰ ᠤᠨ ᠠᠵᠦ ᠠᠬᠤᠶᠢᠯᠠᠯ ᠤᠨ ᠬᠠᠩᠭᠠᠯᠭ᠎ᠠ ᠶᠢᠨ ᠭᠡᠯᠬᠢᠶᠡᠰᠦ ᠶᠢᠨ ᠬᠠᠮᠢᠶᠡᠷᠦᠯᠳᠡ ᠶᠢᠨ ᠬᠢᠷᠢ ᠭᠡᠮᠵᠢᠶ᠎ᠠ ᠪᠠᠷ | ᠯᠠᠪᠯᠠᠯᠳᠡ ᠪᠤᠯᠭᠠᠬᠤ ᠬᠦᠢᠴᠡᠳᠭᠡᠯ ᠲᠤᠭ᠎ᠠ ᠶᠢᠨ ᠪᠦᠲᠦᠴᠡ ︵ᠳᠠᠭᠠᠯᠳᠣᠭᠤᠯᠥᠠᠠᠰᠠᠨ ᠤ ᠳᠡᠷᠠᠭ᠎ᠠ ᠳᠠᠭᠠᠯᠳᠣᠭᠤᠯᠥᠨᠠ︶ | ᠦᠢᠯᠡᠳᠭᠡᠯ ᠤᠨ ᠦᠢᠯᠡᠰ ᠤᠨ ᠠᠵᠦ ᠠᠬᠤᠶᠢᠯᠠᠯ ᠤᠨ ᠬᠠᠩᠭᠠᠯᠭ᠎ᠠ ᠶᠢᠨ ᠭᠡᠯᠬᠢᠶᠡᠵᠢᠯ ᠤᠨ ᠬᠠᠮᠢᠶᠡᠷᠦᠯᠳᠡ ᠶᠢᠨ ᠬᠢᠷᠢ | ᠭᠡᠮᠵᠢᠶ᠎ᠠ ᠶᠢ ᠦᠨᠡᠯᠡᠨ ᠵᠢᠱᠢᠬᠦ ᠶᠢ ᠦᠷᠨᠢᠬᠦᠯᠦᠨ᠎ᠠ᠃ | | | ︵ᠬᠤᠷᠢᠨ ᠳᠥᠷᠪᠡ︶ ᠴᠢᠳᠠᠪᠤᠷᠢᠲᠠᠨ ᠤ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ | ᠬᠤᠯᠪᠣᠭᠳᠠᠬᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠰᠤᠷᠭᠠᠯᠲᠠ ᠶᠢᠨ | ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ᠴᠢᠳᠠᠪᠤᠷᠢᠲᠠᠨ ᠬᠥᠮᠥᠵᠢᠭᠦᠯᠬᠦ᠂ ᠮᠡᠷᠭᠡᠵᠢᠯ ᠤᠨ ᠰᠤᠳᠤᠯᠤᠯ ᠵᠡᠷᠭᠡ | ᠲᠠᠯ᠎ᠠ ᠪᠠᠷ ᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠠᠵᠢᠯ ᠲᠥᠷᠥᠯ᠂ ᠠᠵᠤ | ᠠᠬᠤᠶᠢᠯᠠᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠠᠩᠭᠠᠯᠭ᠎ᠠ ᠶᠢᠨ ᠬᠡᠯᠬᠢᠶ᠎ᠡ ᠶᠢᠨ | ᠬᠠᠮᠢᠶᠠᠷᠤᠯᠲᠠ ᠶᠢᠨ ᠣᠨᠣᠯ ᠤᠨ ᠰᠤᠳᠤᠯᠤᠯ ᠢ ᠭᠦᠨᠵᠡᠭᠡᠶᠢᠷᠡᠭᠦᠯᠦᠨ᠂ ᠬᠠᠩᠭᠠᠯᠭ᠎ᠠ ᠶᠢᠨ ᠬᠡᠯᠬᠢᠶ᠎ᠡ ᠶᠢᠨ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠰᠤᠷᠭᠠᠯᠲᠠ ᠢ ᠥᠷᠨᠢᠭᠦᠯᠦᠨ᠎ᠡ᠃ ᠰᠤᠷᠭᠠᠭᠤᠯᠢ ᠠᠵᠤ ᠠᠬᠤᠶᠢᠯᠠᠯ | ᠬᠤᠯᠪᠤᠭᠠᠯᠠᠨ ᠨᠢᠭᠡ ᠪᠦᠯᠦᠭ ᠠᠵᠤ ᠦᠢᠯᠡᠰ ᠤᠨ ᠳᠡᠭᠡᠳᠦ ᠰᠤᠷᠭᠠᠭᠤᠯᠢ᠂ ᠬᠥᠮᠥᠨ ᠬᠥᠮᠥᠵᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠳᠠᠳᠤᠯᠭ᠎ᠠ ᠰᠤᠷᠭᠠᠯᠲᠠ ᠶᠢᠨ | ᠰᠠᠭᠤᠷᠢᠨ ᠭᠠᠵᠠᠷ ᠵᠡᠷᠭᠡ ᠡᠯ᠎ᠡ ᠲᠥᠷᠥᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠶᠢ ᠡᠭᠦᠳᠬᠦ ᠠᠴᠢᠶᠠᠯᠠᠪᠤᠷᠢ ᠶᠢ | ᠪᠦᠲᠦᠭᠡᠨ ᠪᠠᠶᠢᠭᠤᠯᠬᠤ ᠶᠢ ᠳᠡᠮᠵᠢᠵᠦ᠂ ᠠᠵᠤ ᠦᠢᠯᠡᠰ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ ᠰᠢᠨᠵᠢᠯᠡᠬᠦ | ᠤᠬᠠᠭᠠᠨ ᠪᠠ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠡᠶᠡᠯᠡᠭᠦᠯᠵᠦ᠂ ᠮᠡᠳᠡᠯᠭᠡ ᠶᠢᠨ ᠬᠡᠯᠪᠡᠷᠢ ᠶᠢᠨ᠂ | ᠮᠡᠷᠭᠡᠵᠢᠯ ᠤᠨ ᠴᠢᠳᠠᠪᠤᠷᠢ ᠶᠢᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶᠡᠨ ᠤ | ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠥᠵᠢᠭᠦᠯᠦᠨ᠎ᠡ᠃ | | | | | | ᠶᠢᠰᠦ᠂ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ | ᠴᠢᠩᠭᠠᠷᠠᠭᠤᠯᠤᠨ᠎ᠠ | | | | ︵ᠬᠤᠷᠢᠨ ᠲᠠᠪᠤ︶ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ | ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠤᠨ ᠲᠠᠶᠢᠯᠪᠤᠷᠢᠯᠠᠬᠤ ᠶᠢ | ᠴᠢᠩᠭᠠᠷᠠᠭᠤᠯᠤᠨ᠂ ᠡᠯ᠎ᠡ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠠᠵᠢᠯ ᠤᠨ ᠬᠦᠴᠦᠨ ᠤ | ᠲᠣᠬᠢᠷᠠᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠠᠵᠢᠯ ᠤᠨ | ᠵᠣᠬᠢᠴᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ︽ᠵᠠᠰᠠᠭ ᠤᠨ ᠣᠷᠳᠣᠨ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ︾ ᠢ ᠨᠢᠭᠡ ᠴᠣᠭᠴᠠᠵᠢᠭᠤᠯᠤᠭᠰᠠᠨ | ᠠᠵᠢᠯ ᠤᠨ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠣᠲᠣ ᠶᠢᠨ ᠪᠠᠶᠢᠭ᠎ᠠ ᠡᠳ᠋ ᠤᠨ | ᠵᠠᠰᠠᠭ ᠤᠨ ᠪᠡᠯᠡ ᠮᠥᠩᠭᠦ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠶᠢᠨ ᠲᠡᠷᠢᠭᠦᠨ ᠤ | ᠮᠡᠷᠭᠡᠵᠢᠯ᠂ ᠤᠷᠠᠯᠠᠯ᠂ ᠦᠢᠯᠡᠳᠬᠦᠨ ᠳᠤ ᠠᠩᠬᠠᠷᠤᠯ ᠢᠶᠠᠨ ᠲᠥᠪᠯᠡᠷᠡᠭᠦᠯᠦᠨ᠂ ᠦᠢᠯᠡᠳᠭᠡᠯ ᠤᠨ ᠦᠢᠯᠡᠰ ᠤᠨ ᠠᠵᠤ | ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠶᠢᠨ ᠪᠠᠭᠤᠷᠠᠢ ᠭᠤᠭᠴᠤᠭ᠎ᠠ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ | | | | ︵ᠬᠤᠷᠢᠨ ᠵᠢᠷᠭᠤᠭ᠎ᠠ︶ ᠬᠠᠩᠭᠠᠯᠭ᠎ᠠ ᠬᠡᠷᠡᠭᠴᠡᠭᠡᠨ ᠤ ᠴᠥᠷᠬᠡᠯᠡᠭᠡ ᠶᠢ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ | ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠡᠷᠢᠭᠦᠨ ᠤ ᠦᠢᠯᠡᠳᠬᠡᠯ ᠤᠨ ᠦᠢᠯᠡᠰ ᠤᠨ | ᠪᠦᠯᠦᠭᠯᠡᠯ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠵᠡᠷᠭᠡ ᠠᠵᠤ | ᠦᠢᠯᠡᠰ ᠤᠨ ᠲᠥᠪᠯᠡᠷᠡᠭᠰᠡᠨ ᠣᠷᠣᠨ ᠳᠤ ᠲᠦᠰᠢᠭᠯᠡᠨ᠂ ᠣᠳᠣᠬᠢᠴᠢᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ | ᠦᠢᠯᠡᠳᠬᠡᠯ ᠤᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠳᠤ ᠡᠷᠴᠢᠮᠲᠡᠢ ᠰᠢᠭᠢᠳᠬᠦ ᠶᠢ ᠢᠳᠡᠪᠬᠢᠲᠡᠢ ᠠᠬᠢᠭᠤᠯᠵᠤ᠂ | ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠡᠷᠴᠢᠮᠲᠡᠢ | ᠬᠠᠮᠲᠤᠷᠠᠯᠴᠠᠵᠤ᠂ ᠤᠯᠠᠨ ᠵᠦᠢᠯ ᠤᠨ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠤᠤᠷᠠᠳᠤ | ᠤᠷᠤᠰᠬᠠᠯ ᠤᠨ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ | ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠪᠦᠷᠢᠨᠰᠢᠬᠦᠯᠵᠦ᠂ ᠣᠷᠣᠨ ᠪᠦᠰᠡ ᠠᠯᠤᠰᠯᠠᠭᠰᠠᠨ᠂ ᠬᠦᠷᠢᠶ᠎ᠡ ᠴᠠᠷᠠᠭ᠎ᠠ | ᠠᠯᠤᠰᠯᠠᠭᠰᠠᠨ ᠬᠠᠩᠭᠠᠯᠭ᠎ᠠ ᠶᠢᠨ ᠬᠡᠯᠬᠢᠶ᠎ᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠰᠣᠯᠢᠯᠴᠠᠬᠤ ᠶᠢ | ᠴᠢᠩᠭᠠᠳᠬᠠᠨ᠎ᠠ᠃ | | | | ︵ᠬᠤᠷᠢᠨ ᠳᠣᠯᠤᠭ᠎ᠠ︶ ᠬᠡᠪ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠪᠥᠬᠦ | ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠬᠡᠷᠡᠭᠯᠡᠬᠦ ᠠᠵᠢᠯ ᠢ ᠭᠦᠨᠵᠡᠭᠡᠶᠢᠷᠡᠭᠦᠯᠵᠦ᠂ ᠨᠢᠭᠡ | ᠪᠦᠯᠦᠭ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠ ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠢ | ᠰᠢᠯᠢᠨ ᠰᠣᠩᠭᠤᠪᠠ᠃ ᠤᠶᠤᠨᠴᠢᠯᠠᠨ ᠦᠢᠯᠡᠳᠬᠦ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠨᠢᠭᠡ ᠪᠦᠯᠦᠭ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠦᠷᠢᠶᠡᠨ ᠳᠠᠬᠢ | ᠰᠢᠯᠢᠳᠡᠭ ᠪᠠᠶᠢᠳᠠᠯ ᠢ ᠪᠣᠶ ᠪᠣᠯᠭᠠᠵᠤ᠂ ᠨᠢᠭᠡ ᠪᠦᠯᠦᠭ ᠤᠶᠤᠨᠴᠢᠯᠠᠨ ᠦᠢᠯᠡᠳᠬᠦ ᠵᠢᠱᠢᠶ᠎ᠡ ᠦᠵᠡᠭᠦᠯᠬᠦ ᠦᠢᠯᠡᠳᠪᠦᠷᠢ | ᠪᠠ ᠣᠶᠤᠨᠴᠢ ᠬᠠᠩᠭᠠᠯᠭ᠎ᠠ ᠶᠢᠨ ᠬᠡᠯᠬᠢᠶ᠎ᠡ ᠶᠢᠨ ᠵᠢᠭᠰᠠᠭᠠᠯᠲᠠ ᠶᠢᠨ ᠨᠢᠭᠡᠴᠢ ᠶᠢ ᠰᠢᠯᠢᠨ ᠰᠣᠩᠭᠤᠪᠠ᠃ ᠬᠤᠯᠪᠣᠭᠳᠠᠬᠤ | ᠪᠠᠷᠢᠮᠵᠢᠶᠡᠵᠢᠭᠤᠯᠬᠤ ᠮᠡᠷᠭᠡᠵᠢᠯ ᠤᠨ ᠵᠤᠬᠢᠶᠡᠨ ᠪᠠᠶᠢᠭᠤᠯᠥᠯᠳᠡ ᠶᠢᠨ ᠦᠢᠯᠡᠳᠣᠯ ᠢ ᠪᠠᠳᠡᠷᠡᠭᠤᠯᠵᠦ᠂ ᠭᠤᠤᠯᠳᠡᠯᠭ᠎ᠠ ᠲᠠᠢ | ᠦᠢᠯᠡᠳᠬᠦ ᠠᠵᠢᠯ ᠳᠥᠷᠦᠯ ᠤᠨ ᠰᠣᠳᠣᠯᠥᠯ ᠳᠤ ᠬᠠᠨᠳᠣᠭᠤᠯᠥᠨ ᠬᠠᠩᠭᠠᠯᠭ᠎ᠠ ᠶᠢᠨ ᠭᠡᠯᠬᠢᠶᠡᠰᠦ ᠶᠢᠨ ᠲᠣᠭᠠᠴᠠᠯᠬᠠᠰᠠᠨ | ᠳᠡᠰ ᠵᠡᠷᠭᠡ ᠶᠢᠨ ᠦᠨᠡᠯᠡᠯᠳᠡ ᠶᠢ ᠵᠤᠬᠢᠶᠡᠨ ᠪᠠᠶᠢᠭᠤᠯᠥᠨ ᠦᠷᠨᠢᠬᠦᠯᠥᠨ᠎ᠠ᠃ ᠪᠣᠬᠢᠷᠳᠦᠯ ᠦᠭᠡᠢ ᠬᠠᠩᠭᠠᠯᠭ᠎ᠠ ᠶᠢᠨ | ᠬᠡᠯᠬᠢᠶᠡᠰᠦ ᠶᠢᠨ ᠬᠠᠮᠢᠶᠡᠷᠦᠯᠳᠡ ᠶᠢᠨ ᠠᠵᠦ ᠠᠬᠤᠶᠢᠯᠠᠯ ᠢ ᠢᠳᠡᠪᠬᠢᠳᠡᠢ ᠪᠠᠷ ᠪᠤᠶᠢᠵᠢᠭᠤᠯᠵᠦ᠂ ᠪᠣᠬᠢᠷᠳᠦᠯ ᠦᠭᠡᠢ | ᠬᠠᠮᠲᠤᠷᠠᠯᠴᠠᠯ ᠤᠨ ᠮᠠᠶ᠋ᠢᠭ ᠤᠨ ᠬᠠᠩᠭᠠᠯᠭ᠎ᠠ ᠶᠢᠨ ᠬᠤᠳᠠᠯᠳᠣᠭᠠᠴᠢᠨ ᠤ ᠬᠠᠮᠢᠶᠡᠷᠦᠯᠳᠡ ᠶᠢ ᠭᠡᠷᠡᠭᠵᠢᠬᠦᠯᠬᠦ ᠶᠢ | ᠠᠬᠢᠭᠤᠯᠥᠨ᠎ᠠ᠃ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠶᠠᠰᠣ ᠴᠢᠨᠡᠷ ᠤᠨ ᠬᠠᠮᠢᠶᠡᠷᠦᠯᠳᠡ ᠶᠢᠨ | ᠴᠢᠳᠡᠪᠦᠷᠢ ᠶᠢᠨ ᠦᠨᠡᠯᠡᠯᠳᠡ ᠦᠷᠨᠢᠬᠦᠯᠵᠦ᠂ ᠠᠵᠦ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠭᠡᠯᠬᠢᠶᠡᠰᠦ ᠶᠢᠨ ᠶᠠᠰᠣ | ᠴᠢᠨᠡᠷ ᠤᠨ ᠬᠠᠮᠳᠣᠷᠡᠨ ᠬᠦᠳᠡᠯᠥᠯᠴᠡᠬᠦ ᠶᠢ ᠴᠢᠩᠭᠠᠳᠬᠠᠨ᠎ᠠ᠃ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ | ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠤᠯᠠᠮᠵᠢᠯᠠᠨ ᠲᠠᠷᠬᠠᠭᠠᠭᠰᠠᠨ ︽ | ᠦᠢᠯᠡᠳᠭᠡᠯ ᠤᠨ ᠦᠢᠯᠡᠰ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶︾ | | | | |