ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠢᠯᠡ ᠪᠠᠷ ᠰᠣᠩᠭᠤᠨ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2024/8/26
       ᠮᠠᠲ᠋ᠧᠷᠢᠶᠠᠯ ᠤᠨ ᠳ᠋ᠤᠭᠠᠷ᠄ 11152921011765113Q / 2024-01812      ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ      ᠠᠩᠭᠢᠯᠠᠯ᠄ ᠮᠡᠳᠡᠭᠳᠡᠯ       ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠠᠬᠢᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠤᠨ᠂ ᠢᠯᠡ᠂ ᠲᠥᠪ ᠭᠤᠣᠯᠴᠢ᠂ ᠰᠢᠯᠢᠳᠡᠭ ᠢ ᠰᠣᠩᠭᠤᠬᠤ ᠵᠠᠷᠴᠢᠮ ᠶᠣᠰᠣᠭᠠᠷ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠢᠯᠡ ᠪᠠᠷ ᠰᠣᠩᠭᠤᠨ ᠡᠯᠰᠡᠬᠦ ᠪᠠᠷ ᠪᠤᠢ᠃ ᠣᠳᠣ ᠳᠠᠷᠠᠭᠠᠬᠢ ᠬᠡᠳᠦᠨ ᠲᠠᠯ᠎ᠠ ᠪᠠᠷ ᠵᠠᠷᠯᠠᠶ᠎ᠠ᠄       ᠨᠢᠭᠡ᠂ ᠰᠣᠩᠭᠤᠨ ᠤᠷᠢᠬᠤ ᠬᠡᠪᠴᠢᠶ᠎ᠡ ᠬᠢᠭᠡᠳ ᠬᠥᠮᠥᠨ ᠤ ᠲᠤᠭ᠎ᠠ       1. ᠬᠡᠪᠴᠢᠶ᠎ᠡ᠄ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠃       2. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠨᠢ ᠬᠠᠷᠢᠴᠠᠩᠭᠤᠢ ᠲᠣᠭᠲᠠᠮᠠᠯ ᠮᠥᠷᠲᠡᠭᠡᠨ 3 ᠬᠥᠮᠥᠨ ᠠᠴᠠ ᠳᠤᠲᠠᠭᠤ ᠦᠭᠡᠢ ᠰᠢᠯᠢᠳᠡᠭ ᠬᠠᠤᠯᠢᠴᠢ ᠶᠢᠨ ᠪᠦᠯᠭᠦᠮ ᠨᠡᠶᠢᠲᠡ ᠶᠢ ᠵᠣᠬᠢᠶᠠᠨ ᠪᠠᠶᠢᠭᠤᠯᠵᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃       ᠬᠤᠶᠠᠷ᠂ ᠰᠣᠩᠭᠤᠨ ᠤᠷᠢᠬᠤ ᠨᠥᠬᠦᠴᠡᠯ       ︵ᠨᠢᠭᠡ︶ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠨᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄       1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢᠴᠢ ᠶᠢᠨ ᠬᠠᠤᠯᠢ︾ ᠶᠢ ᠦᠨᠳᠦᠰᠦᠯᠡᠨ ᠪᠠᠶᠢᠭᠤᠯᠤᠭᠰᠠᠨ ᠬᠠᠤᠯᠢᠴᠢ ᠶᠢᠨ ᠬᠡᠷᠡᠭ ᠡᠷᠭᠢᠯᠡᠭᠦ ᠭᠠᠵᠠᠷ︔       2. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠷᠤᠮᠵᠢᠯ ᠲᠠᠢ᠂ ᠬᠠᠤᠯᠢ ᠲᠣᠭᠲᠠᠭᠠᠯ ᠶᠣᠰᠣᠭᠠᠷ ᠠᠵᠢᠯ ᠡᠷᠭᠢᠯᠡᠵᠦ᠂ ᠨᠡᠶᠢᠭᠡᠮ ᠤᠨ ᠲᠤᠰᠬᠠᠯ ᠰᠠᠶᠢᠨ ᠪᠠᠶᠢᠬᠤ︔       3. ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠰᠠᠶᠢᠨ ᠠᠮᠵᠢᠯᠲᠠ ᠪᠠ ᠠᠵᠢᠯ ᠡᠷᠭᠢᠯᠡᠭᠰᠡᠨ ᠲᠤᠷᠰᠢᠯᠭ᠎ᠠ ᠲᠠᠢ ᠪᠠᠶᠢᠬᠤ ᠬᠡᠷᠡᠭᠲᠡᠢ︔       4. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠨᠢ ᠪᠣᠯᠪᠠᠰᠤᠷᠠᠩᠭᠤᠢ ᠦᠢᠯᠡᠴᠢᠯᠡᠭᠡᠨ ᠤ ᠪᠦᠯᠭᠦᠮ ᠨᠡᠶᠢᠲᠡ ᠶᠢᠨ ᠪᠦᠷᠢᠯᠳᠦᠭᠦᠨ ᠲᠠᠢ ᠪᠠᠶᠢᠵᠤ᠂ ᠡᠯ᠎ᠡ ᠲᠥᠷᠥᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ ᠳᠡᠶᠢᠯᠭᠦ ᠬᠡᠷᠡᠭᠲᠡᠢ︔       5. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠨᠢ ᠲᠠᠪᠤᠨ ᠵᠢᠯ ᠤᠨ ᠳᠣᠲᠣᠷ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠤᠶᠤ ᠬᠠᠤᠯᠢᠴᠢ ᠶᠢᠨ ᠨᠡᠶᠢᠭᠡᠮᠯᠢᠭ ᠤᠨ ᠠᠵᠢᠯ ᠲᠥᠷᠥᠯ ᠤᠨ ᠰᠢᠢᠳᠬᠡᠯ ᠣᠯᠣᠭᠰᠠᠨ ᠦᠭᠡᠢ᠂ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠦᠭᠡᠢ᠃       ︵ᠬᠤᠶᠠᠷ︶ ᠲᠣᠮᠢᠯᠠᠭᠰᠠᠨ ᠬᠠᠤᠯᠢᠴᠢ ᠶᠢᠨ ᠪᠦᠯᠭᠦᠮ ᠤᠨ ᠪᠦᠷᠢᠯᠳᠦᠭᠦᠨ ᠨᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄       1. ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ᠂ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠬᠦᠷᠢᠶᠡᠯᠡᠨ᠎ᠡ︔       2. ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ︔       3. ᠡᠷᠡᠭᠦᠦ ᠶᠢᠨ ᠰᠢᠢᠳᠬᠡᠯ᠂ ᠨᠠᠮ ᠤᠨ ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠬᠡᠯ ᠣᠯᠣᠭᠰᠠᠨ ᠦᠭᠡᠢ ᠮᠥᠷᠲᠡᠭᠡᠨ ᠣᠶᠢᠷ᠎ᠠ ᠶᠢᠨ ᠭᠤᠷᠪᠠᠨ ᠵᠢᠯ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠪᠤᠶᠤ ᠬᠠᠤᠯᠢᠴᠢ ᠶᠢᠨ ᠨᠡᠶᠢᠭᠡᠮᠯᠢᠭ ᠤᠨ ᠠᠵᠢᠯ ᠲᠥᠷᠥᠯ ᠤᠨ ᠰᠢᠢᠳᠬᠡᠯ ᠢ ᠣᠯᠵᠤ ᠥᠩᠭᠡᠷᠡᠭᠰᠡᠨ ᠦᠭᠡᠢ︔       4. ᠬᠠᠤᠯᠢᠴᠢ ᠶᠢᠨ ᠠᠵᠢᠯ ᠡᠷᠭᠢᠯᠡᠭᠦ ᠦᠨᠡᠮᠯᠡᠯ ᠲᠠᠢ ᠪᠥᠭᠡᠳ ᠣᠨ ᠤ ᠬᠢᠨᠠᠨ ᠰᠢᠯᠭᠠᠯᠲᠠ ᠳᠤ ᠲᠤᠰᠢᠶᠠᠯ ᠳᠤ ᠪᠠᠨ ᠦᠯᠦ ᠲᠡᠩᠴᠡᠬᠦ᠂ ᠲᠤᠰᠢᠶᠠᠯ ᠳᠠᠭᠠᠨ ᠦᠨᠳᠦᠰᠦᠨ ᠳᠡᠭᠡᠨ ᠲᠡᠩᠴᠡᠬᠦ ᠪᠠᠶᠢᠳᠠᠯ ᠭᠡᠵᠦ ᠦᠭᠡᠢ︔       5. ᠬᠤᠰᠢᠭᠤᠨ ᠤ ᠪᠠᠶᠢᠳᠠᠯ᠂ ᠠᠷᠠᠳ ᠤᠨ ᠪᠠᠶᠢᠳᠠᠯ᠂ ᠨᠡᠶᠢᠭᠡᠮ ᠤᠨ ᠪᠠᠶᠢᠳᠠᠯ ᠪᠠ ᠵᠠᠰᠠᠭ ᠤᠨ ᠣᠷᠳᠣᠨ ᠤ ᠠᠵᠢᠯ ᠤᠨ ᠳᠡᠰ ᠳᠠᠷᠠᠭᠠᠯᠠᠯ ᠢ ᠣᠶᠢᠯᠠᠭᠠᠵᠤ᠂ ᠣᠷᠣᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠤᠬᠠᠮᠰᠠᠷ ᠠᠴᠠ ᠪᠠᠨ ᠰᠠᠬᠢᠵᠤ᠂ ᠬᠠᠮᠢᠶᠠᠷᠤᠯᠲᠠ ᠶᠢ ᠳᠠᠭᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠣᠳᠠᠲᠤ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠨᠡᠯᠢᠶᠡᠳ ᠴᠢᠩᠭ᠎ᠠ ᠴᠢᠳᠠᠪᠤᠷᠢ ᠲᠠᠢ ᠪᠠᠶᠢᠬᠤ ᠬᠡᠷᠡᠭᠲᠡᠢ︔       6. ᠪᠡᠶ᠎ᠡ ᠮᠠᠬᠠᠪᠤᠳ ᠡᠷᠡᠭᠦᠯ ᠴᠢᠭᠢᠷᠠᠭ ᠮᠥᠷᠲᠡᠭᠡᠨ ᠴᠠᠭ ᠪᠠ ᠣᠶᠤᠨ ᠴᠢᠳᠠᠯ ᠢᠶᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︔       7. ᠰᠣᠩᠭᠤᠨ ᠤᠷᠢᠵᠤ ᠬᠡᠷᠡᠭᠯᠡᠬᠦ ᠳᠤ ᠣᠷᠤᠯᠴᠠᠬᠤ ᠬᠠᠤᠯᠢᠴᠢ ᠨᠢ 5 ᠵᠢᠯ ᠠᠴᠠ ᠳᠡᠭᠡᠭᠰᠢ ᠠᠵᠢᠯ ᠡᠷᠭᠢᠯᠡᠭᠰᠡᠨ ᠲᠤᠷᠰᠢᠯᠭ᠎ᠠ ᠲᠠᠢ ᠮᠥᠷᠲᠡᠭᠡᠨ ᠲᠤᠰᠬᠠᠢ ᠮᠡᠷᠭᠡᠵᠢᠯ ᠤᠨ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠬᠤ ᠬᠡᠷᠡᠭᠲᠡᠢ︔       8. ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠬᠦ ᠳᠤ ᠲᠣᠬᠢᠷᠠᠬᠤ ᠦᠭᠡᠢ ᠪᠠᠶᠢᠳᠠᠯ ᠭᠡᠵᠦ ᠦᠭᠡᠢ᠃       ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ ︵ᠪᠣᠳᠠᠲᠠᠢ ᠦᠢᠯᠡᠴᠢᠯᠡᠭᠡᠨ ᠤ ᠵᠦᠢᠯᠡᠰ ᠢ ᠭᠡᠷ᠎ᠡ ᠶᠢᠨ ᠠᠭᠤᠯᠭ᠎ᠠ ᠪᠠᠷ ᠪᠠᠷᠢᠮᠵᠢᠶ᠎ᠠ ᠪᠣᠯᠭᠠᠨ᠎ᠠ︶       1. ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ᠂ ᠪᠣᠯᠣᠮᠵᠢᠲᠤ ᠴᠢᠨᠠᠷ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠦᠭᠰᠢᠭᠦᠷᠢ᠂ ᠨᠡᠶᠢᠭᠡᠮ ᠤᠨ ᠲᠣᠭᠲᠠᠭᠤᠨ ᠤ ᠠᠰᠠᠭᠤᠳᠠᠯ ᠤᠨ ᠰᠤᠳᠤᠯᠭᠠᠨ᠂ ᠨᠤᠲᠠᠯᠠᠯᠲᠠ ᠪᠠ ᠦᠨᠡᠯᠡᠨ ᠵᠢᠱᠢᠬᠦ ᠳᠤ ᠣᠷᠣᠯᠴᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠬᠠᠤᠯᠢ ᠴᠠᠭᠠᠵᠠ ᠶᠢᠨ ᠰᠠᠨᠠᠯ ᠬᠠᠩᠭᠠᠨ᠎ᠠ︔       2. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ᠂ ᠦᠨᠡᠯᠡᠨ ᠵᠢᠱᠢᠬᠦ᠂ ᠬᠢᠨᠠᠨ ᠬᠠᠷᠭᠤᠭᠤᠯᠬᠤ᠂ ᠢᠯᠭᠠᠷᠠᠭᠤᠯᠬᠤ ᠵᠡᠷᠭᠡ ᠠᠵᠢᠯ ᠳᠤ ᠣᠷᠤᠯᠴᠠᠬᠤ ᠬᠡᠷᠡᠭᠲᠡᠢ︔       3. ᠵᠠᠰᠠᠭ ᠵᠠᠬᠢᠷᠭᠠᠨ ᠤ ᠳᠠᠭᠢᠨ ᠵᠥᠪᠯᠡᠬᠦ᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ᠂ ᠵᠠᠰᠠᠭ ᠵᠠᠬᠢᠷᠭᠠᠨ ᠤ ᠡᠶᠡᠳᠡᠭᠦᠯᠭᠡ᠂ ᠵᠠᠰᠠᠭ ᠵᠠᠬᠢᠷᠭᠠᠨ ᠤ ᠲᠥᠯᠥᠪᠦᠷᠢ ᠶᠢᠨ ᠬᠡᠷᠡᠭ ᠲᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠭᠦᠢᠴᠡᠳᠬᠡᠬᠦ ᠵᠢᠴᠢ ᠵᠠᠷᠭᠤ ᠶᠢᠨ ᠪᠤᠰᠤ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠣᠷᠣᠯᠠᠬᠤ︔       4. ᠴᠢᠬᠤᠯᠠ ᠶᠡᠭᠡ ᠠᠵᠤ ᠠᠬᠤᠢ ᠶᠢᠨ ᠲᠥᠷᠥᠯ ᠵᠦᠢᠯ᠂ ᠴᠢᠬᠤᠯᠠ ᠶᠡᠭᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢᠨ ᠵᠥᠪᠳᠡᠨ ᠶᠠᠷᠢᠯᠴᠠᠬᠤ ᠳᠤ ᠣᠷᠣᠯᠴᠠᠵᠤ᠂ ᠬᠠᠮᠢᠶ᠎ᠠ ᠪᠦᠬᠦᠢ ᠭᠡᠷ᠎ᠡ ︵ᠬᠡᠯᠡᠯᠴᠡᠭᠡᠷ︶ ᠵᠡᠷᠭᠡ ᠴᠢᠬᠤᠯᠠ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠲᠤᠭᠤᠷᠪᠢᠬᠤ᠂ ᠬᠢᠨᠠᠨ ᠪᠠᠶᠢᠴᠠᠭᠠᠬᠤ᠂ ᠵᠠᠰᠠᠪᠤᠷᠢ ᠣᠷᠣᠭᠤᠯᠬᠤ ᠠᠵᠢᠯ ᠢ ᠬᠠᠪᠰᠤᠷᠤᠨ᠎ᠠ︔       5. ᠵᠠᠰᠠᠭ ᠤᠨ ᠣᠷᠳᠣᠨ ᠤ ᠨᠡᠷ᠎ᠡ ᠪᠠᠷ ᠲᠣᠭᠲᠠᠭᠠᠭᠰᠠᠨ ᠭᠡᠷ᠎ᠡ᠂ ᠬᠡᠯᠡᠯᠴᠡᠭᠡᠷ ᠵᠢᠴᠢ ᠪᠤᠰᠤᠳ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠲᠤᠭᠤᠷᠪᠢᠨ ᠪᠢᠴᠢᠬᠦ᠂ ᠬᠢᠨᠠᠨ ᠪᠠᠶᠢᠴᠠᠭᠠᠨ᠎ᠠ︔       6. ᠬᠠᠤᠯᠢ ᠴᠠᠭᠠᠵᠠ ᠶᠢᠨ ᠰᠠᠨᠠᠯ ᠬᠠᠩᠭᠠᠬᠤ ᠴᠢᠬᠤᠯᠠᠲᠠᠢ ᠴᠢᠬᠤᠯᠠ ᠶᠡᠭᠡ ᠭᠡᠨᠡᠳᠲᠡ ᠶᠢᠨ ᠴᠢᠨᠠᠷᠲᠠᠢ᠂ ᠬᠠᠮᠲᠤᠯᠢᠭ ᠤᠨ ᠴᠢᠨᠠᠷᠲᠠᠢ ᠬᠡᠷᠡᠭ ᠵᠢᠴᠢ ᠪᠤᠰᠤᠳ ᠴᠢᠬᠤᠯᠠ ᠶᠡᠭᠡ ᠬᠠᠤᠯᠢ ᠳᠤ ᠬᠤᠯᠪᠣᠭᠳᠠᠬᠤ ᠵᠢᠭᠤᠷᠠᠯᠳᠤᠭᠠᠨ ᠢ ᠰᠢᠢᠳᠪᠦᠷᠢᠯᠡᠬᠦ ᠳᠤ ᠣᠷᠣᠯᠴᠠᠨ᠎ᠠ︔       7. ᠨᠡᠶᠢᠭᠡᠮ ᠤᠨ ᠲᠣᠭᠲᠠᠭᠤᠨ ᠳᠤ ᠬᠤᠯᠪᠣᠭᠳᠠᠭᠰᠠᠨ ᠴᠢᠬᠤᠯᠠ ᠶᠡᠭᠡ ᠬᠡᠷᠡᠭ ᠶᠠᠪᠤᠳᠠᠯ᠂ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ᠂ ᠴᠢᠬᠤᠯᠠ ᠡᠳ᠋ ᠬᠥᠷᠥᠩᠭᠡ ᠶᠢ ᠰᠢᠢᠳᠪᠦᠷᠢᠯᠡᠬᠦ᠂ ᠭᠠᠵᠠᠷ ᠰᠢᠷᠣᠢ ᠨᠤᠲᠤᠭ ᠪᠡᠯᠴᠢᠭᠡᠷ ᠤᠨ ᠵᠢᠭᠤᠷᠠᠯᠳᠤᠭᠠᠨ ᠵᠢᠴᠢ ᠪᠤᠰᠤᠳ ᠴᠢᠬᠤᠯᠠ ᠶᠡᠭᠡ ᠬᠡᠷᠡᠭ ᠢ ᠰᠤᠳᠤᠯᠤᠨ ᠶᠠᠷᠢᠯᠴᠠᠬᠤ ᠳᠤ ᠣᠷᠣᠯᠴᠠᠭᠤᠯᠬᠤ ᠶᠢᠨ ᠬᠠᠮᠲᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ︔       8. ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠲᠠᠲᠠᠪᠤᠷᠢᠯᠠᠬᠤ ︵ᠲᠠᠲᠠᠪᠤᠷᠢᠯᠠᠨ ᠬᠡᠷᠡᠭᠯᠡᠬᠦ︶᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠵᠡᠷᠭᠡ ᠠᠵᠢᠯᠯᠠᠭ᠎ᠠ ᠳᠤ ᠣᠷᠣᠯᠴᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠶᠢᠨ ᠬᠠᠤᠯᠢ ᠶᠣᠰᠣᠴᠢ ᠴᠢᠨᠠᠷ᠂ ᠵᠦᠢ ᠶᠣᠰᠣᠴᠢ ᠴᠢᠨᠠᠷ ᠲᠤ ᠬᠠᠤᠯᠢ ᠴᠠᠭᠠᠵᠠ ᠶᠢᠨ ᠰᠠᠨᠠᠯ ᠬᠠᠩᠭᠠᠬᠤ ᠬᠡᠷᠡᠭᠲᠡᠢ︔       9. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤᠮᠳᠠᠬᠢ ᠨᠡᠶᠢᠲᠡᠯᠢᠭ ᠲᠤᠷᠰᠢᠯᠭ᠎ᠠ᠂ ᠲᠦᠭᠡᠮᠡᠯ ᠴᠢᠨᠠᠷᠲᠠᠢ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠰᠤᠳᠤᠯᠭᠠᠨ ᠤ ᠮᠡᠳᠡᠭᠦᠯᠦᠯᠲᠡ ᠶᠢ ᠪᠦᠷᠢᠯᠳᠦᠭᠦᠯᠦᠨ᠎ᠡ︔       10. ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠬᠠᠤᠯᠢ ᠪᠠᠷ ᠵᠠᠰᠠᠬᠤ ᠪᠣᠯᠪᠠᠰᠤᠷᠠᠭᠤᠯᠤᠯ ᠳᠤ ᠣᠷᠣᠯᠴᠠᠨ᠎ᠠ︔       11. ᠪᠤᠰᠤᠳ ᠲᠤᠰᠢᠶᠠᠭᠰᠠᠨ ᠬᠠᠤᠯᠢ ᠴᠠᠭᠠᠵᠠ ᠶᠢᠨ ᠶᠠᠪᠤᠳᠠᠯ ᠢ ᠳᠠᠭᠠᠭᠠᠨ ᠭᠦᠢᠴᠡᠳᠬᠡᠨ᠎ᠡ᠃       ᠭᠤᠷᠪᠠ᠂ ᠰᠣᠩᠭᠤᠨ ᠤᠷᠢᠬᠤ ᠳᠡᠰ ᠳᠠᠷᠠᠭᠠᠯᠠᠯ       ︵ᠨᠢᠭᠡ︶ ᠨᠡᠷ᠎ᠡ ᠮᠡᠳᠡᠭᠦᠯᠬᠦ ᠴᠠᠭ       2024 ᠣᠨ ᠤ 9ᠳ᠋ᠦ᠋ᠭᠡᠷ ᠰᠠᠷ᠎ᠠ ᠶᠢᠨ 23 ᠤ ᠡᠳᠦᠷ ᠠᠴᠠ 2024 ᠣᠨ ᠤ 9ᠳ᠋ᠦ᠋ᠭᠡᠷ ᠰᠠᠷ᠎ᠠ ᠶᠢᠨ 27 ᠤ ᠡᠳᠦᠷ ᠪᠤᠯᠲᠠᠯ᠎ᠠ᠃       ︵ᠬᠤᠶᠠᠷ︶ ᠨᠡᠷ᠎ᠡ ᠮᠡᠳᠡᠭᠦᠯᠬᠦ ᠳᠤ ᠲᠤᠰᠢᠶᠠᠪᠠᠰᠤ ᠵᠣᠬᠢᠬᠤ ᠮᠠᠲ᠋ᠧᠷᠢᠶᠠᠯ       1. ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾       2. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠦᠨᠳᠦᠰᠦᠨ ᠪᠠᠶᠢᠳᠠᠯ᠂ ᠬᠠᠤᠯᠢᠴᠢ ᠶᠢᠨ ᠪᠦᠯᠭᠦᠮ ᠨᠡᠶᠢᠲᠡ ᠶᠢᠨ ᠪᠦᠷᠢᠯᠳᠦᠭᠦᠨ ᠤ ᠪᠠᠶᠢᠳᠠᠯ ᠵᠢᠴᠢ ᠵᠣᠬᠢᠴᠠᠩᠭᠤᠢ ᠬᠢᠷᠢ ᠭᠡᠮ ᠤᠨ ᠦᠨᠡᠮᠯᠡᠯ᠂ ᠥᠷᠢᠰᠦᠯᠳᠦᠭᠡᠨ ᠢᠶᠠᠷ ᠤᠷᠢᠵᠤ ᠦᠨ᠎ᠡ ᠮᠡᠳᠡᠭᠦᠯᠬᠦ︔       3. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠵᠢᠴᠢ ᠬᠠᠤᠯᠢᠴᠢ ᠶᠢᠨ ᠪᠦᠯᠭᠦᠮ ᠨᠡᠶᠢᠲᠡ ᠶᠢᠨ ᠪᠦᠷᠢᠯᠳᠦᠭᠦᠨ ᠢ ᠤᠷᠢᠵᠤ ᠬᠡᠷᠡᠭᠯᠡᠬᠦ ᠳᠤ ᠬᠠᠤᠯᠢ ᠲᠣᠭᠲᠠᠭᠠᠯ ᠢ ᠵᠥᠷᠢᠴᠡᠨ ᠠᠵᠢᠯ ᠡᠷᠭᠢᠯᠡᠭᠦ ᠠᠵᠢᠯᠯᠠᠭ᠎ᠠ ᠦᠭᠡᠢ ᠪᠠ ᠡᠷᠡᠭᠦᠦ ᠶᠢᠨ ᠰᠢᠢᠳᠬᠡᠯ ᠦᠯᠦ ᠬᠦᠯᠢᠶᠡᠬᠦ ᠠᠮᠠᠯᠠᠯᠲᠠ ᠶᠢᠨ ᠪᠢᠴᠢᠭ︔       4. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠵᠢᠴᠢ ᠬᠠᠤᠯᠢᠴᠢ ᠶᠢᠨ ᠪᠦᠯᠭᠦᠮ ᠨᠡᠶᠢᠲᠡ ᠶᠢᠨ ᠪᠦᠷᠢᠯᠳᠦᠭᠦᠨ ᠤ ᠭᠤᠷᠪᠠᠨ ᠵᠢᠯ ᠤᠨ ᠲᠤᠷᠰᠢᠬᠢ ᠬᠥᠬᠢᠭᠦᠯᠦᠭᠳᠡᠭᠰᠡᠨ ᠪᠠᠶᠢᠳᠠᠯ︔       5. ᠬᠠᠤᠯᠢ ᠳᠤ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠪᠤᠶᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︔       6. ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠴᠢᠳᠠᠪᠤᠷᠢ ᠪᠣᠯᠣᠨ ᠠᠵᠢᠯ ᠤᠨ ᠪᠦᠲᠦᠮᠵᠢ ᠶᠢ ᠭᠡᠷᠡᠴᠢᠯᠡᠵᠦ ᠴᠢᠳᠠᠬᠤ ᠪᠤᠰᠤᠳ ᠮᠠᠲ᠋ᠧᠷᠢᠶᠠᠯ᠃       ︵ᠭᠤᠷᠪᠠ︶ ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠪᠣᠳᠠᠲᠠᠢ ᠰᠣᠩᠭᠤᠨ ᠤᠷᠢᠬᠤ ᠠᠵᠢᠯ ᠢ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠬᠠᠷᠢᠭᠤᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠤᠶᠠᠷ ᠵᠦᠢᠯ ᠤᠨ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠪᠤᠨ᠎ᠠ᠃ ᠨᠥᠬᠦᠴᠡᠯ ᠳᠤ ᠨᠡᠶᠢᠴᠡᠬᠦ ᠮᠥᠷᠲᠡᠭᠡᠨ ᠵᠣᠷᠢᠭᠤᠳᠠ ᠨᠡᠷ᠎ᠡ ᠮᠡᠳᠡᠭᠦᠯᠦᠭᠴᠢ ᠪᠦᠭᠦᠨ᠂ 2024 ᠣᠨ ᠤ 9ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠮᠦᠨ᠎ᠡ ᠳᠡᠭᠡᠷᠡᠬᠢ ᠮᠠᠲ᠋ᠧᠷᠢᠶᠠᠯ ᠢ ᠠᠪᠴᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ 705 ᠲᠠᠰᠤᠭ ᠪᠤᠶᠤ ᠨᠡᠷ᠎ᠡ ᠮᠡᠳᠡᠭᠦᠯᠦᠭᠰᠡᠨ ᠮᠠᠲ᠋ᠤᠷᠢᠶᠠᠯ ᠴᠠᠬᠢᠮ ᠬᠠᠭᠤᠯᠪᠤᠷᠢ ᠤᠨ ᠬᠡᠪᠯᠡᠯ ᠳᠡᠭᠡᠷ᠎ᠡ ᠠᠪᠴᠢᠭᠤᠯᠤᠨ ᠤᠭᠤᠲᠠ ᠶᠢᠨ ᠭᠡᠯᠪᠡᠷᠢ ︵ᠬᠠᠤᠯᠢ ᠪᠠᠷ ᠨᠡᠷᠡᠶᠢᠳᠦᠭᠰᠡᠨ︶ ᠪᠠᠷ ᠴᠠᠬᠢᠮ ᠰᠢᠤᠳᠠᠨ azqfzjs@163. com᠃       ᠤᠷᠢᠬᠤ ᠪᠠᠷ ᠵᠢᠱᠢᠵᠦ ᠪᠠᠶᠢᠭ᠎ᠠ ᠬᠥᠮᠥᠰ ᠲᠤ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠠᠴᠠ ᠠᠩᠬᠠᠨ ᠤ ᠬᠢᠨᠠᠯᠲᠠ ᠬᠢᠵᠦ᠂ ᠬᠠᠮᠢᠶ᠎ᠠ ᠪᠦᠬᠦᠢ ᠨᠢᠭᠡᠴᠢ ᠪᠠᠷ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠤᠨ ᠬᠢᠨᠠᠨ ᠰᠣᠩᠭᠤᠭᠰᠠᠨ ᠤ ᠳᠠᠷᠠᠭ᠎ᠠ᠂ ᠤᠷᠢᠬᠤ ᠪᠠᠷ ᠵᠢᠱᠢᠵᠦ ᠪᠠᠶᠢᠭ᠎ᠠ ᠨᠡᠷᠡᠰ ᠢ ᠳᠤᠷᠠᠳᠴᠤ᠂ ᠬᠤᠰᠢᠭᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠤᠷᠢᠯᠭ᠎ᠠ ᠶᠢᠨ ᠪᠢᠴᠢᠭ ᠣᠯᠭᠤᠨ᠎ᠠ᠃       ᠳᠥᠷᠪᠡ᠂ ᠦᠢᠯᠡᠴᠢᠯᠡᠭᠡᠨ ᠤ ᠬᠤᠭᠤᠴᠠᠭ᠎ᠠ ᠵᠢᠴᠢ ᠵᠠᠷᠤᠳᠠᠯ       ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠤᠳᠤᠯᠤᠭᠰᠠᠨ ᠤ ᠳᠠᠷᠠᠭ᠎ᠠ᠂ ᠰᠢᠯᠢᠳᠡᠭ ᠢ ᠨᠢ ᠰᠣᠩᠭᠤᠨ ᠤᠷᠢᠭᠴᠢ ᠶᠢ ᠲᠣᠭᠲᠠᠭᠠᠬᠤ ᠶᠢᠨ ᠬᠠᠮᠲᠤ ᠬᠠᠤᠯᠢ ᠴᠠᠭᠠᠵᠠ ᠶᠢᠨ ᠵᠥᠪᠯᠡᠭᠴᠢ ᠶᠢᠨ ᠭᠡᠷ᠎ᠡ ᠲᠣᠭᠲᠠᠵᠤ᠂ ᠤᠷᠢᠬᠤ ᠬᠤᠭᠤᠴᠠᠭ᠎ᠠ ᠶᠢ ᠲᠦᠷ 1 ᠵᠢᠯ ᠲᠣᠭᠲᠠᠭᠠᠵᠤ᠂ ᠬᠤᠭᠤᠴᠠᠭ᠎ᠠ ᠨᠢ ᠳᠠᠭᠤᠰᠪᠠᠯ ᠪᠠᠶᠢᠳᠠᠯ ᠢ ᠦᠵᠡᠵᠦ ᠦᠷᠭᠦᠯᠵᠢᠯᠡᠨ ᠤᠷᠢᠵᠤ ᠪᠣᠯᠣᠨ᠎ᠠ᠃       ᠤᠷᠢᠵᠤ ᠬᠡᠷᠡᠭᠯᠡᠬᠦ ᠵᠢᠯ ᠬᠤᠭᠤᠴᠠᠭ᠎ᠠ᠂ ᠬᠠᠤᠯᠢ ᠴᠠᠭᠠᠵᠠ ᠶᠢᠨ ᠵᠥᠪᠯᠡᠭᠴᠢ ᠶᠢᠨ ᠵᠠᠷᠤᠳᠠᠯ ᠵᠢᠴᠢ ᠬᠤᠶᠠᠷ ᠲᠠᠯ᠎ᠠ ᠶᠢᠨ ᠪᠤᠰᠤᠳ ᠡᠷᠬᠡ ᠡᠭᠦᠷᠭᠡ ᠨᠢ ᠪᠣᠳᠠᠲᠠᠢ ᠭᠡᠷ᠎ᠡ ᠲᠣᠭᠲᠠᠭᠠᠬᠤ ᠪᠠᠷ ᠳᠠᠮᠵᠢᠨ ᠲᠣᠳᠣᠷᠬᠠᠶᠢᠯᠠᠨ᠎ᠠ᠃       ᠬᠠᠪᠰᠤᠷᠤᠯᠲᠠ᠄ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾       ᠬᠠᠷᠢᠯᠴᠠᠬᠤ ᠬᠥᠮᠥᠨ᠄ ᠵᠠᠩ ᠪᠢᠨ       ᠬᠠᠷᠢᠯᠴᠠᠬᠤ ᠤᠲᠠᠰᠤ᠄ 8224376
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号