ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠲᠦᠸᠧ ᠵᠦᠩ ᠸᠠᠩ ᠨᠣᠣᠰᠣ ᠨᠣᠯᠤᠥᠷ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 3 ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠪᠠᠷᠢᠮᠵᠢᠶ᠎ᠠ ᠳᠤ ᠬᠦᠷᠭᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/8/26
                            ︽ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠳᠦᠰᠦᠨ ᠵᠢᠷᠤᠮᠵᠢᠯ︾  ︵  GB/T3300-2016︶ ᠂ ︽ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠦᠨᠡᠯᠡᠨ ᠲᠣᠭᠲᠠᠭᠠᠬᠤ ᠪᠠᠷᠢᠮᠵᠢᠶ᠎ᠠ ᠶᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾  ︵  ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠥᠷᠪᠡᠳᠦᠭᠡᠷ ﹇  2014﹈  17 ᠳ᠋ᠤᠭᠠᠷ ᠲᠣᠭᠠᠲᠤ︶  ᠂ ︽ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠲᠠᠰ ᠲᠣᠭᠲᠠᠭᠠᠬᠤ ᠠᠷᠭ᠎ᠠ︾  ︵  ᠪᠠᠴᠢᠮ ᠪᠠᠶᠢᠳᠠᠯ ᠢ ᠲᠦᠷᠭᠡᠨ ᠠᠷᠭᠠᠴᠠᠬᠤ ﹇  2021﹈  83 ᠳ᠋ᠤᠭᠠᠷ ᠲᠣᠭᠠᠲᠤ︶  ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠭᠤᠶᠤᠴᠢᠯᠠᠯ ᠢᠶᠠᠷ᠂ ᠬᠢᠨᠠᠨ ᠲᠣᠭᠲᠠᠭᠠᠬᠤ ᠨᠢᠭᠡᠴᠢ ᠲᠤᠬᠠᠢ ᠶᠢᠨ ᠭᠠᠵᠠᠷ ᠲᠤᠨᠢ ᠬᠢᠨᠠᠨ ᠲᠣᠭᠲᠠᠭᠠᠵᠤ᠂ ᠣᠳᠣ ᠠᠯᠠᠱᠠ ᠵᠡᠭᠦᠨ ᠬᠤᠰᠢᠭᠤᠨ ᠤ ᠲᠡᠮᠡᠭᠡᠨ ᠵᠥᠩ ᠸᠠᠩ ᠤᠨ ᠨᠣᠣᠰᠣ ᠨᠣᠯᠤᠤᠷ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠢᠨᠠᠨ ᠵᠥᠪᠰᠢᠶᠡᠷᠡᠵᠦ᠂ ᠠᠯᠠᠱᠠ ᠠᠶᠢᠮᠠᠭ ᠤᠨ ᠵᠡᠭᠦᠨ ᠡᠮᠦᠨᠡᠲᠦ ᠶᠢᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠤ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠱᠠᠨᠰᠢ ᠶᠢᠨ ᠪᠦᠲᠦᠭᠡᠨ ᠪᠠᠶᠢᠭᠤᠯᠤᠯᠲᠠ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ︵  ᠳᠡᠭᠡᠷᠡᠬᠢ ᠬᠤᠶᠠᠷ ᠠᠵᠤ ᠠᠬᠤᠶᠢᠯᠠᠯ ᠪᠣᠯ ᠴᠥᠮ ᠴᠢᠯᠠᠭᠤᠨ ᠮᠠᠲ᠋ᠧᠷᠢᠶᠠᠯ ᠡᠳ᠋ᠰᠢᠭᠦᠯᠬᠦ ᠲᠥᠷᠥᠯ ᠵᠦᠢᠯ ᠪᠣᠯᠣᠨ᠎ᠠ︶  ᠪᠣᠯ ᠲᠡᠮᠦᠷᠯᠢᠭ ᠤᠨ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠪᠣᠯᠣᠨ᠎ᠠ᠂ ᠬᠦᠴᠦᠨ ᠲᠠᠢ ᠬᠤᠭᠤᠴᠠᠭ᠎ᠠ ᠨᠢ ᠪᠠᠷᠢᠮᠵᠢᠶ᠎ᠠ ᠳᠤ ᠬᠦᠷᠦᠭᠰᠡᠨ ᠡᠳᠦᠷ ᠠᠴᠠ ᠡᠬᠢᠯᠡᠨ ᠭᠤᠷᠪᠠᠨ ᠵᠢᠯ ᠪᠣᠯᠣᠨ᠎ᠠ᠃                        ᠡᠭᠦᠨ ᠤ ᠲᠤᠯᠠ ᠣᠨᠴᠠᠭᠠᠶᠢᠯᠠᠨ ᠵᠠᠷᠯᠠᠪᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号