ᠤᠨᠳᠤᠷᠤᠯᠲᠤ ᠪᠠᠯᠭᠠᠰᠤ ᠶᠢᠨ ᠨᠠᠮ ᠤᠨ ᠪᠠᠶᠢᠭᠤᠯᠤᠯᠲᠠ ᠪᠣᠵᠢᠮᠤᠭ ᠲᠠᠷᠢᠬᠤ ᠶᠢ ᠬᠥᠲᠥᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠷᠳᠤᠴᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2024/8/26
   ᠣᠶᠢᠷ᠎ᠠ ᠳᠤ᠂ ᠤᠨᠳᠤᠷᠤᠯᠲᠤ ᠪᠠᠯᠭᠠᠰᠤᠨ ᠤ ᠣᠩᠭᠤᠴᠠᠲᠠᠢ ᠭᠠᠴᠠᠭ᠎ᠠ ᠳᠤ ᠬᠦᠷᠬᠦ ᠳᠤ᠂ ᠨᠢᠭᠡ ᠬᠡᠰᠡᠭ ᠪᠣᠵᠢᠮᠤᠭ ᠤᠨ ᠲᠠᠷᠢᠶᠠᠨ ᠠᠴᠠ ᠦᠳᠭᠡᠨ ᠦᠨᠦᠷ ᠬᠠᠩᠬᠤᠯᠵᠤ᠂ ᠡᠪᠡᠰᠦ ᠬᠠᠳᠤᠬᠤ ᠮᠠᠰᠢᠨ ᠤ ᠬᠦᠩᠭᠢᠨᠡᠬᠦ ᠲᠠᠭᠤᠨ ᠢ ᠳᠠᠭᠠᠯᠳᠤᠨ᠂ 2200 ᠭᠠᠷᠤᠶ ᠮᠦ ᠪᠣᠵᠢᠮᠤᠭ ᠢ ᠭᠤᠷᠪᠠᠳᠤᠭᠠᠷ ᠤᠳᠠᠭ᠎ᠠ ᠬᠠᠳᠤᠵᠤ ᠬᠤᠷᠢᠶᠠᠭᠠᠳ᠂ ᠨᠢᠭᠡ ᠮᠥᠷ ᠪᠣᠵᠢᠮᠤᠭ ᠶᠢ ᠲᠡᠷᠢ ᠲᠡᠭᠰᠢ ᠣᠪᠣᠭᠠᠯᠠᠵᠤ᠂ ᠬᠠᠳᠤᠵᠤ ᠬᠤᠷᠢᠶᠠᠭᠰᠠᠨ ᠤ ᠳᠠᠷᠠᠭᠠᠬᠢ ᠪᠣᠵᠢᠮᠤᠭ ᠢ ᠬᠠᠲᠠᠭᠠᠬᠤ᠂ ᠲᠠᠷᠮᠠᠬᠤ᠂ ᠪᠣᠭᠤᠳᠠᠯᠯᠠᠬᠤ ᠵᠡᠷᠭᠡ ᠳᠡᠰ ᠳᠠᠷᠠᠭᠠᠯᠠᠯ ᠢᠶᠠᠷ  ᠡᠴᠣᠰ ᠲᠡᠭᠡᠨ ᠦᠬᠡᠷ ᠬᠤᠨᠢᠨ ᠤ ᠰᠢᠯᠢᠳᠡᠭ ︽ᠬᠦᠨᠡᠰᠦᠨ ᠠᠮᠤ︾ ᠪᠣᠯᠪᠠ᠃    ︽ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠭᠠᠴᠠᠭ᠎ᠠ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠬᠥᠭᠵᠢᠯᠲᠡ ᠶᠢᠨ ᠪᠣᠭᠤᠮᠢ ᠶᠢ ᠲᠠᠪᠠᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ 2018 ᠣᠨ ᠠᠴᠠ ᠡᠬᠢᠯᠡᠨ ᠭᠠᠴᠠᠭᠠᠨ ᠤ ᠨᠠᠮ ᠤᠨ ᠡᠭᠦᠷ ᠪᠥᠬᠦ ᠪᠠᠯᠭᠠᠰᠤᠨ ᠤ ᠮᠠᠯ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠪᠣᠷᠣ ᠪᠣᠵᠢᠮᠤᠭ ᠳᠠᠷᠢᠬᠤ ᠶᠢ ᠶᠡᠬᠡᠪᠡᠷ ᠠᠬᠢᠭᠤᠯᠵᠤ᠂ ᠴᠢᠨᠠᠷ ᠰᠠᠶᠢᠲᠠᠶ ᠡᠪᠡᠰᠦ ᠪᠡᠯᠴᠢᠭᠡᠷ ᠤᠨ ᠦᠢᠯᠡᠰ ᠢ ᠬᠥᠭᠵᠢᠭᠦᠯᠪᠡ᠃ 2022 ᠣᠨ ᠳᠤ 3000 ᠲᠡᠭᠰᠢ ᠳᠥᠷᠪᠡᠯᠵᠢᠨ ᠮᠧᠲᠷ ᠤᠨ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠣᠯᠵᠤ᠂ ᠲᠣᠰ ᠭᠠᠴᠠᠭᠠᠨ ᠤ ᠮᠠᠯᠴᠢᠨ ᠲᠠᠷᠢᠶᠠᠴᠢᠨ ᠤ ᠲᠠᠷᠢᠭᠰᠠᠨ 2200 ᠭᠠᠷᠤᠶ ᠮᠥ ᠪᠣᠵᠢᠮᠤᠭ᠂ 400 ᠮᠥ ᠡᠷᠳᠡᠨᠢ ᠰᠢᠰᠢ ᠶᠢᠨ ᠡᠪᠡᠰᠦ ᠶᠢ ᠬᠠᠳᠠᠭᠠᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠥᠬᠦ ᠪᠠᠯᠭᠠᠰᠤᠨ ᠤ ᠮᠠᠯ ᠠᠳᠣᠭᠤᠰᠣ ᠶᠢᠨ ᠠᠮᠤᠷ ᠲᠦᠪᠰᠢᠨ ᠡᠪᠦᠯᠵᠢᠵᠤ ᠬᠠᠪᠤᠷ ᠢ ᠥᠩᠭᠡᠷᠡᠭᠦᠯᠬᠦ ᠢ ᠯᠠᠪᠳᠠᠭᠤᠨ ᠪᠠᠲᠤᠲᠠᠶ ᠠᠬᠢᠭᠤᠯᠵᠤ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠣᠩᠭᠤᠴᠠᠲᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ  ᠴᠧᠨ ᠬᠤᠸᠠᠢ ᠬᠤᠩ ᠲᠠᠨᠢᠯᠴᠢᠭᠤᠯᠪᠠ᠃    ᠪᠣᠷᠣ ᠪᠣᠵᠢᠮᠤᠭ ᠭᠠᠩ ᠬᠠᠭᠰᠠᠷᠠᠭᠠᠨ ᠳᠤ ᠲᠡᠰᠪᠦᠷᠢᠲᠡᠢ᠂ ᠬᠦᠢᠲᠡᠨ ᠳᠤ ᠲᠡᠰᠪᠦᠷᠢᠲᠡᠢ᠂ ᠬᠠᠮᠢᠶᠠᠷᠤᠯᠲᠠ ᠳᠤ ᠳᠥᠭᠦᠮ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠳᠠᠭ᠂ ᠰᠠᠯᠬᠢ ᠶᠢ ᠰᠡᠷᠭᠡᠢᠯᠡᠨ ᠡᠯᠡᠰᠦ ᠶᠢ ᠪᠠᠬᠢᠵᠢᠭᠦᠯᠵᠦ᠂ ᠡᠪᠡᠰᠦᠨ ᠤ ᠤᠭᠤᠷᠠᠭ ᠤᠨ ᠠᠭᠤᠯᠤᠭᠳᠠᠴᠠ ᠥᠨᠳᠥᠷ᠂ ︽ᠲᠡᠵᠢᠭᠡᠯ ᠡᠪᠡᠰᠦᠨ ᠤ ᠸᠠᠩ︾ ᠭᠡᠵᠦ ᠨᠡᠷᠡᠯᠡᠭᠳᠡᠵᠦ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠠᠢ᠃ ᠤᠨᠳᠤᠷᠤᠯᠲᠤ ᠪᠠᠯᠭᠠᠰᠤ ︽ᠨᠠᠮ ᠤᠨ ᠵᠣᠬᠢᠶᠠᠨ ᠪᠠᠶᠢᠭᠤᠯᠤᠯᠲᠠ ᠠᠴᠠ ᠬᠤᠷᠰᠢᠶᠠᠵᠢᠯ ᠢ ᠳᠠᠭᠠᠭᠤᠯᠤᠨ ᠡᠷᠭᠢᠯᠡᠬᠦ + ᠲᠣᠰ ᠭᠠᠵᠠᠷ ᠤᠨ ᠲᠤᠰᠬᠠᠶ ᠬᠤᠷᠰᠢᠶᠠᠵᠢᠯ +  ᠮᠠᠯᠴᠢᠨ ᠲᠠᠷᠢᠶᠠᠴᠢᠨ ᠲᠦᠮᠡᠨ︾ ᠤ ᠬᠥᠭᠵᠢᠯᠲᠡ ᠶᠢᠨ ᠵᠠᠭᠪᠤᠷ ᠢ ᠶᠡᠬᠡᠪᠡᠷ ᠠᠬᠢᠭᠤᠯᠵᠤ᠂ ︽ᠭᠠᠴᠠᠭᠠᠨ ᠤ ᠲᠣᠮᠣ ᠡᠷᠦᠬᠡ ᠪᠠᠷ ᠵᠢᠱᠢᠶ᠎ᠡ ᠦᠵᠡᠭᠦᠯᠦᠨ ᠳᠠᠶᠢᠴᠢᠯᠠᠵᠤ᠂ ᠮᠢᠩᠭᠠᠨ ᠡᠷᠦᠬᠡ ᠲᠦᠮᠡᠨ ᠡᠷᠦᠬᠡ ᠶᠢ ᠥᠷᠭᠡᠳᠬᠡᠨ ᠨᠡᠮᠡᠭᠳᠡᠭᠦᠯᠬᠦ︾ ᠠᠷᠭ᠎ᠠ ᠬᠡᠯᠪᠡᠷᠢ ᠶᠢ ᠠᠪᠴᠤ᠂ ᠭᠠᠴᠠᠭᠠᠨ ᠤ 10 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ 2200 ᠭᠠᠷᠤᠶ ᠮᠥ ᠭᠠᠴᠠᠭᠠᠨ ᠤ ᠬᠠᠮᠲᠤ ᠶᠢᠨ ᠭᠠᠵᠠᠷ ᠰᠢᠷᠣᠶ ᠶᠢ ᠳᠠᠭᠠᠭᠠᠴᠢᠯᠠᠭᠤᠯᠵᠤ᠂ ᠪᠣᠵᠢᠮᠤᠭ ᠳᠠᠷᠢᠬᠤ ᠳᠤ ᠣᠷᠣᠯᠴᠠᠭᠤᠯᠪᠠ᠃ ᠡᠭᠦᠨ ᠤ ᠬᠠᠮᠲᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠨᠢ ︽ᠲᠠᠪᠤᠨ ᠡᠷᠦᠬᠡ ᠶᠢ ᠵᠠᠯᠭᠠᠨ ᠳᠠᠭᠠᠭᠠᠴᠢᠯᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠵᠢᠭᠡᠯ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢ ᠪᠠᠯᠭᠠᠰᠤᠨ ᠤ ᠳᠣᠲᠣᠷᠠᠬᠢ 1 ᠲᠤᠰᠬᠠᠶ ᠲᠠᠷᠢᠶᠠᠴᠢᠨ ᠤ ᠬᠤᠷᠰᠢᠶ᠎ᠠ ᠪᠠ 4 ᠮᠠᠯᠴᠢᠨ ᠲᠠᠷᠢᠶᠠᠴᠢᠨ ᠳᠤ ᠳᠠᠭᠠᠭᠠᠴᠢᠯᠠᠭᠤᠯᠵᠤ᠂ ᠲᠠᠷᠢᠬᠤ᠂ ᠬᠤᠷᠢᠶᠠᠬᠤ᠂ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠡᠵᠢᠭᠡᠯ ᠡᠪᠡᠰᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠪᠠ᠃
   ᠣᠶᠢᠯᠠᠭᠠᠭᠰᠠᠨ ᠢᠶᠠᠷ᠂ ᠪᠣᠵᠢᠮᠤᠭ ᠳᠠᠷᠢᠬᠤ ᠳᠤ ᠬᠡᠷᠡᠭᠯᠡᠬᠦ ᠬᠠᠮᠲᠤ ᠶᠢᠨ ᠭᠠᠵᠠᠷ ᠰᠢᠷᠣᠶ ᠶᠢ ᠳᠠᠭᠠᠭᠠᠴᠢᠯᠠᠭᠤᠯᠤᠭᠰᠠᠨ ᠣᠷᠣᠯᠭ᠎ᠠ ᠪᠠ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢᠨ ᠳᠠᠭᠠᠭᠠᠴᠢᠯᠠᠭᠰᠠᠨ ᠵᠠᠷᠤᠳᠠᠯ ᠢ ᠴᠥᠮ ᠣᠩᠭᠤᠴᠠᠲᠠᠢ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠳᠤ ᠣᠷᠣᠭᠤᠯᠵᠤ᠂ ᠵᠢᠯ ᠪᠦᠷᠢ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 30 ᠲᠦᠮᠡ ᠭᠠᠷᠤᠶ ᠲᠥᠭᠦᠷᠢᠭ ᠨᠡᠮᠡᠭᠳᠡᠭᠦᠯᠵᠦ᠂ ︽ᠠᠮᠢ ᠠᠬᠤᠶ︾ ᠶᠢ ᠦᠵᠡᠰᠬᠦᠯᠡᠩᠲᠦ ᠰᠠᠶᠢᠬᠠᠨ ᠪᠣᠯᠭᠠᠬᠤ ᠶᠢᠨ ᠬᠠᠮᠲᠣ ᠠᠵᠤ ᠠᠬᠤᠢ ᠶᠢᠨ ᠬᠥᠢᠭᠵᠢᠯᠳᠡ ᠶᠢ ᠦᠨᠡᠨ ᠬᠦ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠰᠢᠨ᠎ᠡ ᠵᠠᠮ ᠢᠶᠠᠷ ᠵᠠᠮᠨᠠᠭᠰᠠᠨ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号