| 【ᠲᠥᠷᠥ ᠶᠢᠨ ᠪᠣᠳᠣᠯᠭ᠎ᠠ ᠶᠢᠨ ᠲᠠᠶᠢᠯᠤᠮᠵᠢ 】 ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠰᠢᠯᠵᠢᠭᠦᠯᠦᠨ ᠨᠡᠶᠢᠲᠡᠯᠡᠭᠰᠡᠨ ︽ᠨᠡᠭᠦᠷᠡᠰᠦᠨ ᠤ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠳᠦᠷᠢᠮ︾ ᠢ ᠲᠣᠭᠲᠠᠭᠠᠵᠤ ᠨᠡᠶᠢᠲᠡᠯᠡᠭᠰᠡᠨ ᠤ ᠴᠢᠬᠤᠯᠠ ᠠᠴᠢ ᠬᠤᠯᠪᠣᠭᠳᠠᠯ ᠤᠨ | ᠲᠠᠶᠢᠯᠤᠮᠵᠢ | | ᠬᠠᠤᠯᠢ ᠪᠠᠷ ᠵᠠᠰᠠᠬᠤ ᠪᠣᠯ ᠤᠯᠤᠰ ᠢ ᠵᠠᠰᠠᠵᠤ ᠵᠠᠰᠠᠭ ᠤᠨ ᠶᠠᠪᠤᠳᠠᠯ ᠢ ᠡᠷᠬᠢᠯᠡᠬᠦ ᠶᠢᠨ ᠦᠨᠳᠦᠰᠦᠨ ᠠᠷᠭ᠎ᠠ | ᠬᠡᠯᠪᠡᠷᠢ ᠮᠥᠨ᠂ ︽ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ︾ ︵ ᠳᠣᠷᠣᠭᠰᠢ | ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠭᠰᠡᠨ ᠶᠠᠪᠤᠳᠠᠯ ᠪᠣᠯ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠬᠠᠤᠯᠢ ᠶᠣᠰᠣᠭᠠᠷ ᠵᠠᠰᠠᠬᠤ ᠶᠢ ᠲᠦᠯᠬᠢᠨ ᠠᠬᠢᠭᠤᠯᠬᠤ ᠶᠢᠨ ᠴᠢᠬᠤᠯᠠ ᠢᠯᠡᠷᠡᠯ ᠮᠥᠨ᠂ | ᠤᠯᠤᠰ ᠤᠨ ᠬᠢᠨᠠᠨ ᠪᠠᠶᠢᠴᠠᠭᠠᠬᠤ᠂ ᠣᠷᠣᠨ ᠨᠤᠲᠤᠭ ᠤᠨ ᠬᠢᠨᠠᠨ ᠬᠠᠮᠢᠶᠠᠷᠬᠤ᠂ ᠠᠵᠤ ᠠᠬᠤᠶᠢᠯᠠᠯ ᠤᠨ ᠬᠠᠷᠢᠭᠤᠴᠠᠬᠤ | ᠪᠠᠶᠢᠭᠤᠯᠤᠯ ᠲᠣᠭᠲᠠᠴᠠ ᠶᠢ ᠨᠤᠲᠠᠯᠠᠨ ᠪᠠᠬᠢᠵᠢᠭᠦᠯᠵᠦ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠬᠢᠨᠠᠨ ᠪᠠᠶᠢᠴᠠᠭᠠᠯᠲᠠ ᠶᠢ | ᠤᠯᠤᠰ ᠤᠨ ᠵᠠᠰᠠᠯᠲᠠ ᠶᠢᠨ ᠰᠢᠰᠲ᠋ᠧᠮ ᠳᠤ ᠨᠡᠩ ᠰᠠᠶᠢᠲᠤᠷ ᠤᠶᠠᠯᠳᠤᠭᠤᠯᠵᠤ᠂ ᠵᠠᠰᠠᠯᠲᠠ ᠶᠢᠨ ᠦᠢᠯᠡᠳᠦᠯ | ᠴᠢᠳᠠᠪᠤᠷᠢ ᠶᠢ ᠨᠡᠩ ᠰᠠᠶᠢᠲᠤᠷ ᠪᠠᠳᠠᠷᠠᠭᠤᠯᠬᠤ ᠶᠢ ᠠᠬᠢᠭᠤᠯᠬᠤ ᠳᠤ ᠠᠰᠢᠭᠲᠠᠢ ᠶᠤᠮ᠃ | | ᠨᠢᠭᠡ᠂ ︽ᠳᠦᠷᠢᠮ︾ ᠢ ᠲᠣᠭᠲᠠᠭᠠᠭᠰᠠᠨ ᠨᠢ ᠶᠠᠭ ᠴᠠᠭ ᠲᠠᠭᠠᠨ ᠲᠣᠬᠢᠷᠠᠪᠠ | | ︽ᠠᠭᠤᠷᠬᠠᠢ ᠶᠢᠨ ᠠᠶᠤᠯᠭᠦᠢ ᠶᠢᠨ ᠬᠠᠤᠯᠢ︾ ᠶᠢ ᠲᠣᠭᠲᠠᠭᠠᠭᠰᠠᠨ ᠣᠨ ᠵᠢᠯ ᠨᠢ ᠤᠷᠳᠤ ᠪᠠᠶᠢᠵᠤ᠂ ︽ | ᠠᠶᠤᠯᠭᠦᠢ ᠦᠢᠯᠡᠳᠪᠦᠷᠢᠯᠡᠯ ᠤᠨ ᠬᠠᠤᠯᠢ︾ ᠳᠤ ᠬᠡᠳᠦᠶᠢᠪᠡᠷ ᠤᠯᠠᠨ ᠤᠳᠠᠭ᠎ᠠ ᠵᠠᠰᠠᠪᠤᠷᠢ ᠣᠷᠣᠭᠤᠯᠤᠭᠰᠠᠨ ᠪᠣᠯᠪᠠᠴᠤ | ᠪᠦᠬᠦ ᠠᠵᠢᠯ ᠲᠦᠷᠤᠯ᠂ ᠡᠯ᠎ᠡ ᠬᠦᠷᠢᠶᠡᠨ ᠳᠤ ᠲᠣᠬᠢᠷᠠᠭᠤᠯᠤᠯᠲᠠ ᠬᠢᠭᠰᠡᠨ ᠶᠡᠷᠦᠩᠬᠡᠶᠢᠯᠡᠭᠰᠡᠨ ᠴᠢᠨᠠᠷᠲᠠᠢ ᠬᠠᠤᠯᠢ | ᠴᠠᠭᠠᠵᠠ ᠪᠣᠯᠤᠭᠰᠠᠨ ᠤ ᠬᠤᠪᠢ ᠳᠤ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ | ᠬᠦᠷᠢᠶᠡᠨ ᠳᠤ ᠰᠢᠭᠤᠳ ᠬᠡᠷᠡᠭᠯᠡᠬᠦ ᠳᠤ ᠶᠡᠷᠦ ᠠᠴᠠ ︽ᠬᠦᠷᠦᠯᠴᠡᠬᠦ ᠦᠭᠡᠢ︾ ᠪᠠᠶᠢᠳᠠᠯ ᠳᠤ ᠲᠤᠯᠭᠠᠷᠠᠭᠰᠠᠭᠠᠷ | ᠢᠷᠡᠵᠡᠢ᠃ ᠲᠦᠷᠦ ᠶᠢᠨ ᠶᠠᠪᠤᠳᠠᠯ ᠤᠨ ᠬᠤᠷᠢᠶ᠎ᠠ ᠲᠤᠰ ᠲᠤᠰ 2000 ᠣᠨ ᠪᠠ 2005 ᠣᠨ ᠳᠤ ︽ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠳᠦᠷᠢᠮ︾ ᠪᠠ ︽ᠨᠡᠭᠦᠷᠡᠰᠦᠨ ᠤ | ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠣᠨᠴᠠᠭᠠᠶ ᠲᠣᠭᠲᠠᠭᠠᠯ︾ ᠢ ᠨᠡᠶᠢᠲᠡᠯᠡᠪᠡ᠃ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠥᠭᠡᠷᠡᠴᠢᠯᠡᠯᠲᠡ ᠬᠥᠭᠵᠢᠯᠲᠡ ᠶᠢ ᠳᠠᠭᠠᠯᠳᠤᠨ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠵᠢᠭᠤᠯᠤᠨ ᠰᠢᠰᠲ᠋ᠧᠮᠵᠢᠭᠦᠯᠦᠭᠰᠡᠨ ᠣᠶᠤᠨᠴᠢ | ᠵᠠᠳᠠᠯᠤᠯᠲᠠ ᠪᠠ ᠬᠦᠨᠳᠦ ᠬᠡᠴᠡᠭᠦᠦ ᠣᠨᠴᠠ ᠶᠡᠭᠡ ᠠᠳᠡᠯ ᠢ ᠬᠤᠷᠢᠭᠯᠠᠬᠤ ᠪᠣᠳᠠᠲᠠᠢ ᠪᠣᠳᠣᠯᠬᠢᠯᠠᠯ ᠠᠴᠠ ᠡᠭᠦᠰᠴᠦ᠂ | ᠶᠡᠷᠦᠩᠬᠡᠶᠢᠯᠡᠭᠰᠡᠨ ᠴᠢᠨᠠᠷᠲᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠬᠤ ᠴᠢᠬᠤᠯᠠᠲᠠᠢ ᠪᠠᠶᠢᠵᠤ᠂ ᠰᠢᠨ᠎ᠡ | ᠴᠠᠭ ᠦᠶ᠎ᠡ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠵᠠᠰᠠᠯᠲᠠ ᠶᠢᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠭᠦᠢᠴᠡᠳᠬᠡᠬᠦ | ᠮᠥᠷᠲᠡᠭᠡᠨ ᠪᠠᠰᠠ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠠᠯᠢ ᠤᠯᠠᠨ ᠲᠦᠭᠵᠢᠷᠡᠯ᠂ ᠪᠡᠷᠬᠡ ᠠᠰᠠᠭᠤᠳᠠᠯ ᠳᠤ ᠬᠠᠤᠯᠢ ᠪᠠᠷ ᠵᠠᠰᠠᠬᠤ ᠰᠠᠶᠢᠨ ᠵᠣᠷ ᠭᠠᠷᠭᠠᠵᠤ᠂ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠰᠢᠰᠲ᠋ᠧᠮ ᠳᠤ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠰᠡᠩᠬᠡᠷᠡᠭᠦᠯᠬᠦ ᠴᠢᠬᠤᠯᠠ ᠦᠢᠯᠡᠳᠦᠯ ᠢ ᠦᠨᠡᠨ ᠬᠦ | ᠪᠠᠳᠠᠷᠠᠭᠤᠯᠬᠤ ᠬᠡᠷᠡᠭᠲᠡᠢ᠃ ᠡᠶᠢᠮᠦ ᠠᠴᠠ ︽ᠳᠦᠷᠢᠮ︾ ᠢ ᠨᠡᠶᠢᠲᠡᠯᠡᠭᠰᠡᠨ ᠨᠢ ᠶᠠᠭ ᠴᠠᠭ ᠲᠠᠭᠠᠨ ᠲᠣᠬᠢᠷᠠᠭᠰᠠᠨ | ᠪᠠᠶᠢᠨ᠎ᠠ᠃ | | ᠬᠤᠶᠠᠷ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠬᠠᠤᠯᠢ ᠶᠣᠰᠣᠭᠠᠷ ᠵᠠᠰᠠᠬᠤ | ᠦᠨᠳᠦᠰᠦᠨ ᠪᠣᠷᠣ ᠲᠥᠯᠥᠪ ᠢ ᠪᠠᠬᠢᠵᠢᠭᠦᠯᠦᠨ ᠲᠣᠭᠲᠠᠭᠠᠨ᠎ᠠ | | ︽ᠳᠦᠷᠢᠮ︾ ᠳᠤ ︽ᠨᠡᠭᠦᠷᠡᠰᠦᠨ ᠤ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠳᠦᠷᠢᠮ︾ | ᠪᠣᠯᠣᠨ ︽ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠤᠷᠢᠳᠴᠢᠯᠠᠨ | ᠰᠡᠷᠭᠡᠶᠢᠯᠡᠬᠦ ᠲᠤᠬᠠᠢ ᠲᠦᠷᠤ ᠶᠢᠨ ᠶᠠᠪᠤᠳᠠᠯ ᠤᠨ ᠬᠤᠷᠢᠶᠠᠨ ᠤ ᠣᠨᠴᠠᠭᠠᠶ ᠲᠣᠭᠲᠠᠭᠠᠯ︾ ᠵᠡᠷᠭᠡ ᠬᠠᠤᠯᠢ | ᠲᠣᠭᠲᠠᠭᠠᠬᠤ ᠲᠤᠷᠰᠢᠯᠭ᠎ᠠ ᠶᠢ ᠭᠦᠢᠴᠡᠳ ᠰᠢᠩᠭᠡᠬᠡᠨ ᠠᠪᠤᠭᠰᠠᠨ ᠰᠠᠭᠤᠷᠢᠨ ᠳᠡᠭᠡᠷ᠎ᠡ᠂ ︽ᠤᠯᠤᠰ ᠠᠴᠠ ᠬᠢᠨᠠᠨ | ᠪᠠᠶᠢᠴᠠᠭᠠᠬᠤ᠂ ᠣᠷᠣᠨ ᠨᠤᠲᠤᠭ ᠠᠴᠠ ᠬᠢᠨᠠᠨ ᠬᠠᠮᠢᠶᠠᠷᠬᠤ᠂ ᠠᠵᠤ ᠠᠬᠤᠶᠢᠯᠠᠯ ᠬᠠᠷᠢᠭᠤᠴᠠᠬᠤ︾ ᠪᠠᠷ ᠦᠨᠳᠦᠰᠦᠨ | ᠪᠣᠷᠣ ᠲᠥᠯᠥᠪ ᠪᠣᠯᠭᠠᠭᠰᠠᠨ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠶᠣᠰᠣᠭᠠᠷ | ᠵᠠᠰᠠᠬᠤ ᠰᠢᠰᠲ᠋ᠧᠮ ᠢ ᠬᠦᠴᠦᠯᠡᠨ ᠪᠠᠶᠢᠭᠤᠯᠪᠠ᠃ ︽ᠤᠯᠤᠰ ᠠᠴᠠ ᠬᠢᠨᠠᠨ ᠪᠠᠶᠢᠴᠠᠭᠠᠬᠤ᠂ ᠣᠷᠣᠨ ᠨᠤᠲᠤᠭ ᠠᠴᠠ | ᠬᠢᠨᠠᠨ ᠬᠠᠮᠢᠶᠠᠷᠬᠤ᠂ ᠠᠵᠤ ᠠᠬᠤᠶᠢᠯᠠᠯ ᠬᠠᠷᠢᠭᠤᠴᠠᠬᠤ︾ ᠨᠢ ᠰᠢᠨ᠎ᠡ ᠴᠠᠭ ᠦᠶ᠎ᠡ ᠶᠢᠨ ᠨᠡᠭᠦᠷᠡᠰᠦᠨ ᠤ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢᠵᠢᠯ ᠤᠨ ᠦᠨᠳᠦᠰᠦᠨ ᠢᠯᠡᠷᠬᠡᠶᠢᠯᠡᠯ ᠪᠣᠯᠵᠠᠢ᠃ | | ︽ᠳᠦᠷᠢᠮ︾ ᠤᠨ ᠶᠡᠷᠦᠩᠬᠡᠢ ᠳᠦᠷᠢᠮ ᠳᠤ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠤᠯᠤᠰ ᠤᠨ ᠬᠢᠨᠠᠨ ᠪᠠᠶᠢᠴᠠᠭᠠᠯᠲᠠ᠂ ᠣᠷᠣᠨ ᠨᠤᠲᠤᠭ ᠤᠨ ᠬᠢᠨᠠᠨ ᠬᠠᠮᠢᠶᠠᠷᠤᠯᠲᠠ᠂ | ᠠᠵᠤ ᠠᠬᠤᠶᠢᠯᠠᠯ ᠤᠨ ᠶᠣᠰᠣᠭᠠᠷ ᠬᠠᠷᠢᠭᠤᠴᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠴᠢᠩᠭᠠᠳᠬᠠᠨ ᠨᠠᠶᠢᠳᠠᠪᠤᠷᠢᠵᠢᠭᠤᠯᠤᠨ᠎ᠠ︔ ᠬᠤᠶᠠᠳᠤᠭᠠᠷ ᠪᠦᠯᠦᠭ ᠠᠴᠠ ᠳᠥᠷᠪᠡᠳᠦᠭᠡᠷ ᠪᠦᠯᠦᠭ ᠬᠦᠷᠲᠡᠯ᠎ᠡ᠂ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠨᠡᠭᠦᠷᠡᠰᠦᠨ ᠤ | ᠠᠭᠤᠷᠬᠠᠢ ᠶᠢᠨ ᠠᠶᠤᠯᠭᠦᠢ ᠶᠢᠨ ᠬᠢᠨᠠᠨ ᠪᠠᠶᠢᠴᠠᠭᠠᠯᠲᠠ ᠶᠢᠨ ᠲᠤᠬᠠᠢ ᠲᠤᠰ ᠲᠤᠰ ᠲᠣᠭᠲᠠᠭᠠᠯ ᠭᠠᠷᠭᠠᠨ᠎ᠠ᠃ | | ᠨᠢᠭᠡ ᠲᠠᠯ᠎ᠠ ᠪᠠᠷ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ | ᠪᠣᠯ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠪᠤᠢ | ᠪᠣᠯᠤᠭᠰᠠᠨ ᠶᠤᠮ᠂ ︽ᠬᠡᠨ ᠠᠶᠤᠯ ᠲᠦᠭᠰᠢᠭᠦᠷᠢ ᠶᠢ ᠪᠤᠢ ᠪᠣᠯᠭᠠᠪᠠᠯ᠂ ᠬᠡᠨ ᠠᠶᠤᠯ ᠲᠦᠭᠰᠢᠭᠦᠷᠢ ᠶᠢ ᠬᠠᠷᠢᠭᠤᠴᠠᠬᠤ︾ | ᠯᠣᠭᠢᠭ ᠤᠨ ᠶᠣᠰᠣᠭᠠᠷ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠨᠢ ᠠᠵᠢᠯᠯᠠᠵᠤ ᠪᠠᠶᠢᠭ᠎ᠠ | ᠬᠥᠮᠥᠰ ᠲᠡᠭᠡᠨ ᠠᠮᠤᠷ ᠲᠦᠪᠰᠢᠨ ᠢ ᠪᠠᠲᠤᠯᠠᠬᠤ ᠲᠡᠷᠢᠭᠦᠨ ᠴᠢᠬᠤᠯᠠ ᠡᠭᠦᠷᠭᠡ ᠶᠢ ᠡᠭᠦᠷᠭᠡᠯᠡᠬᠦ ᠬᠡᠷᠡᠭᠲᠡᠢ᠂ | ᠲᠤᠬᠠᠶᠢᠯᠠᠪᠠᠯ ᠮᠠᠨ ᠤ ᠶᠡᠷᠦᠳᠡ ᠶᠢᠨ ᠬᠡᠯᠡᠳᠡᠭ ︽ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ︾ | ᠶᠢ ᠡᠭᠦᠷᠭᠡᠯᠡᠬᠦ ᠬᠡᠷᠡᠭᠲᠡᠢ᠃ ᠨᠦᠬᠦᠭᠡ ᠲᠠᠯ᠎ᠠ ᠪᠠᠷ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ | ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠪᠠᠶᠢᠭᠤᠯᠤᠯ ᠲᠣᠭᠲᠠᠴᠠ ᠶᠢᠨ ᠳᠠᠪᠠᠭᠤᠯᠢᠭ ᠢ ᠤᠯᠠᠮ ᠪᠠᠳᠠᠷᠠᠭᠤᠯᠬᠤ ᠳᠤ | ᠰᠠᠯᠠᠭ᠎ᠠ ᠮᠥᠴᠢᠷ ᠤᠨ ᠬᠤᠭᠤᠷᠣᠨᠳᠣᠬᠢ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ | ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ᠂ ᠵᠢᠷᠤᠮ᠂ ᠬᠠᠷᠢᠭᠤᠴᠠᠯᠭ᠎ᠠ ᠶᠢ ᠬᠠᠤᠯᠢ ᠪᠠᠷ | ᠲᠣᠭᠲᠠᠭᠠᠬᠤ ᠶᠢ ᠲᠦᠯᠬᠢᠨ ᠠᠬᠢᠭᠤᠯᠬᠤ ᠴᠢᠬᠤᠯᠠᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠡᠪᠯᠡᠨ ᠲᠠᠷᠬᠠᠭᠠᠭᠰᠠᠨ ︽ᠬᠠᠤᠯᠢ ᠪᠠᠷ ᠵᠠᠰᠠᠭᠯᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵ 2021 — 2025 ᠣᠨ︶ ︾ ᠳᠤ᠂ | ᠵᠠᠭᠠᠭ ᠬᠢᠵᠠᠭᠠᠷ ᠨᠢ ᠲᠣᠳᠣᠷᠬᠠᠢ᠂ ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠢ᠂ ᠡᠷᠬᠡ ᠬᠠᠷᠢᠭᠤᠴᠠᠯᠭ᠎ᠠ ᠨᠢ | ᠨᠢᠭᠡᠳᠦᠯᠲᠡᠢ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠬᠠᠤᠯᠢ ᠪᠠᠷ ᠵᠠᠰᠠᠬᠤ ᠪᠠᠲᠤᠯᠠᠭ᠎ᠠ ᠲᠠᠢ ᠵᠠᠰᠠᠭ ᠤᠨ | ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠪᠦᠷᠢᠯᠳᠦᠭᠦᠯᠬᠦ ᠬᠡᠷᠡᠭᠲᠡᠢ ᠭᠡᠵᠦ ᠳᠤᠷᠠᠳᠤᠨ | ᠭᠠᠷᠭᠠᠵᠠᠢ᠃ ᠡᠨᠡ ᠨᠢ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠨᠢᠭᠡᠪᠦᠷᠢ ᠳᠤ ᠴᠥᠮ ᠠᠯᠳᠠᠰᠢ ᠭᠠᠷᠭᠠᠵᠤ | ᠪᠣᠯᠬᠤ ᠦᠭᠡᠢ ᠭᠡᠰᠡᠨ ᠢ ᠬᠠᠷᠠᠭᠤᠯᠵᠤ ᠪᠠᠶᠢᠨ᠎ᠠ᠃ ᠮᠠᠨ ᠤ ᠤᠯᠤᠰ ᠤᠨ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠳᠤ ᠣᠳᠣᠬᠠᠨ ᠳᠤ ᠱᠠᠲᠤ ᠬᠤᠪᠢᠶᠠᠨ ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠤᠭᠤᠯᠬᠤ ᠪᠠ | ᠤᠯᠤᠰ ᠤᠨ ᠡᠭᠴᠡ ᠬᠢᠨᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠠᠪᠴᠤ ᠪᠠᠶᠢᠨ᠎ᠠ᠂ | ᠲᠤᠬᠠᠶᠢᠯᠠᠪᠠᠯ ᠮᠠᠨ ᠤ ᠶᠡᠷᠦᠳᠡ ᠶᠢᠨ ᠬᠡᠯᠡᠳᠡᠭ ︽ᠤᠯᠤᠰ ᠤᠨ ᠬᠢᠨᠠᠨ ᠪᠠᠶᠢᠴᠠᠭᠠᠯᠲᠠ︾ + ︽ᠣᠷᠣᠨ | ᠨᠤᠲᠤᠭ ᠤᠨ ᠬᠢᠨᠠᠨ ᠬᠠᠮᠢᠶᠠᠷᠤᠯᠲᠠ︾ ᠪᠣᠯᠣᠨ᠎ᠠ᠃ ᠭᠡᠪᠡᠴᠦ ᠪᠣᠳᠠᠲᠠᠢ ᠠᠵᠢᠯᠯᠠᠭᠠᠨ ᠤ ᠳᠤᠮᠳᠠ᠂ ᠨᠡᠭᠦᠷᠡᠰᠦᠨ ᠤ | ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ᠂ ᠬᠢᠨᠠᠨ ᠬᠠᠮᠢᠶᠠᠷᠬᠤ ᠬᠡᠰᠡᠭ ᠲᠤᠰᠢᠶᠠᠯ ᠬᠠᠷᠢᠭᠤᠴᠠᠯᠭ᠎ᠠ ᠶᠢ | ᠪᠠᠰᠠ ᠤᠯᠠᠮ ᠲᠣᠳᠣᠷᠬᠠᠶᠢᠯᠠᠬᠤ ᠴᠢᠬᠤᠯᠠᠲᠠᠢ ᠪᠠᠶᠢᠵᠤ᠂ ᠵᠣᠬᠢᠴᠠᠭᠤᠯᠬᠤ ᠲᠣᠭᠲᠠᠴᠠ ᠪᠠ ᠲᠤᠰ ᠪᠡᠶ᠎ᠡ ᠶᠢᠨ | ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠡᠶᠢᠮᠦ ᠠᠴᠠ᠂ ︽ᠳᠦᠷᠢᠮ︾ ᠤᠨ | ᠬᠠᠤᠯᠢ ᠲᠣᠭᠲᠠᠭᠠᠯᠲᠠ ᠶᠢᠨ ᠨᠢᠭᠡᠨ ᠴᠢᠬᠤᠯᠠ ᠡᠭᠦᠷᠭᠡ ᠪᠣᠯ ᠳᠠᠷᠤᠢ ᠡᠷᠬᠡ ᠶᠢᠨ ᠬᠡᠪᠴᠢᠶ᠎ᠡ ᠪᠠ ᠵᠢᠷᠤᠮ ᠤᠨ | ᠲᠠᠯ᠎ᠠ ᠠᠴᠠ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠤᠯᠤᠰ ᠤᠨ ᠬᠢᠨᠠᠨ ᠪᠠᠶᠢᠴᠠᠭᠠᠯᠲᠠ ᠪᠠ | ᠣᠷᠣᠨ ᠨᠤᠲᠤᠭ ᠤᠨ ᠬᠢᠨᠠᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠠᠵᠢᠯ ᠢ | ᠵᠣᠯᠭᠠᠭᠤᠯᠬᠤ ᠲᠣᠭᠲᠠᠴᠠ ᠶᠢ ᠲᠣᠳᠣᠷᠬᠠᠢ ᠪᠣᠯᠭᠠᠵᠤ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠤᠢ | ᠪᠣᠯᠭᠠᠬᠤ ᠶᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ | | ︽ᠳᠦᠷᠢᠮ︾ ᠤᠨ ᠨᠢᠭᠡ ᠶᠡᠭᠡ ᠬᠢᠯᠠᠰ ᠴᠡᠭ ᠪᠣᠯ ᠳᠠᠷᠤᠢ ᠳᠥᠷᠪᠡᠳᠦᠭᠡᠷ ᠪᠦᠯᠦᠭ ᠲᠤ ᠤᠯᠤᠰ ᠤᠨ ᠬᠢᠨᠠᠨ | ᠪᠠᠶᠢᠴᠠᠭᠠᠬᠤ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠤᠯᠤᠰ ᠤᠨ ᠠᠭᠤᠷᠬᠠᠢ ᠶᠢᠨ | ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠤᠲᠠᠯᠠᠨ | ᠪᠠᠬᠢᠵᠢᠭᠦᠯᠵᠦ᠂ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠨᠡᠭᠦᠷᠡᠰᠦᠨ ᠤ | ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠶᠢ ᠨᠡᠩ ᠣᠮᠤᠭ | ᠲᠡᠭᠦᠯᠳᠡᠷ ᠪᠣᠯᠭᠠᠭᠰᠠᠨ ᠶᠠᠪᠤᠳᠠᠯ ᠪᠣᠯᠣᠨ᠎ᠠ᠃ ᠤᠯᠤᠰ ᠤᠨ ᠬᠢᠨᠠᠨ ᠪᠠᠶᠢᠴᠠᠭᠠᠬᠤ ᠭᠤᠣᠯ ᠠᠭᠤᠯᠭ᠎ᠠ ᠶᠢ ︽ᠵᠠᠰᠠᠭ ᠢ | ᠬᠢᠨᠠᠨ ᠪᠠᠶᠢᠴᠠᠭᠠᠵᠤ ᠠᠵᠤ ᠠᠬᠤᠶᠢᠯᠠᠯ ᠢ ᠪᠠᠶᠢᠴᠠᠭᠠᠬᠤ︾ ᠭᠡᠵᠦ ᠬᠤᠷᠢᠶᠠᠩᠭᠤᠶᠢᠯᠠᠵᠤ ᠪᠣᠯᠣᠨ᠎ᠠ᠄ ︽ᠵᠠᠰᠠᠭ ᠢ | ᠬᠢᠨᠠᠨ ᠪᠠᠶᠢᠴᠠᠭᠠᠬᠤ︾ ᠭᠡᠳᠡᠭ ᠨᠢ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ | ᠣᠷᠣᠨ ᠨᠤᠲᠤᠭ ᠤᠨ ᠵᠠᠰᠠᠭ ᠤᠨ ᠣᠷᠳᠣᠨ ᠤ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠠᠪᠤᠳᠠᠯ ᠪᠣᠯᠣᠨ᠎ᠠ︔ ︽ᠠᠵᠤ | ᠠᠬᠤᠶᠢᠯᠠᠯ ᠢ ᠪᠠᠶᠢᠴᠠᠭᠠᠬᠤ︾ ᠭᠡᠳᠡᠭ ᠨᠢ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ | ᠵᠢᠭᠠᠵᠤ ᠪᠠᠶᠢᠨ᠎ᠠ᠃ ᠤᠯᠠᠨ ᠨᠡᠶᠢᠲᠡ ᠶᠢᠨ ᠠᠮᠤᠷ ᠲᠦᠪᠰᠢᠨ ᠤ ᠪᠤᠰᠤᠳ ᠬᠦᠷᠢᠶᠡᠨ ᠳᠤ ᠲᠠᠩ ᠳᠦᠷᠢᠮ ᠤᠨ | ᠬᠢᠨᠠᠯᠲᠠ ᠲᠠᠯᠪᠢᠬᠤ ᠶᠢ ᠬᠡᠷᠡᠭᠵᠢᠭᠦᠯᠬᠦ ᠲᠠᠢ ᠬᠠᠷᠢᠴᠠᠭᠤᠯᠪᠠᠯ᠂ ᠨᠡᠭᠦᠷᠡᠰᠦᠨ ᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠳᠤ ᠳᠠᠪᠬᠤᠷ ᠬᠢᠨᠠᠯᠲᠠ ᠲᠠᠯᠪᠢᠬᠤ ᠵᠠᠭᠪᠤᠷ ᠢ ᠨᠡᠯᠢᠶᠡᠳ ᠡᠷᠲᠡ ᠬᠡᠷᠡᠭᠵᠢᠭᠦᠯᠵᠡᠢ᠂ ᠲᠤᠬᠠᠶᠢᠯᠠᠪᠠᠯ | ᠣᠷᠣᠨ ᠨᠤᠲᠤᠭ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠳᠤ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠠᠪᠤᠭᠤᠯᠬᠤ ᠠᠴᠠ ᠭᠠᠳᠠᠨ᠎ᠠ᠂ ᠠᠭᠤᠷᠬᠠᠢ ᠶᠢᠨ | ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ | ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠪᠣᠯᠣᠨ᠎ᠠ᠃ ᠡᠨᠡ ᠬᠤᠶᠠᠷ ᠨᠢ ᠬᠡᠯᠪᠡᠷᠢ ᠳᠡᠭᠡᠷ᠎ᠡ ᠪᠠᠨ | ᠳᠠᠪᠬᠤᠷᠳᠠᠭᠰᠠᠨ ᠪᠣᠯᠪᠠᠴᠤ ᠵᠣᠷᠢᠯᠭ᠎ᠠ ᠪᠠ ᠭᠤᠣᠯᠳᠠᠯᠭ᠎ᠠ ᠨᠢ ᠠᠳᠠᠯᠢ ᠦᠭᠡᠢ ᠪᠠᠶᠢᠳᠠᠭ᠃ ︽ᠠᠵᠤ ᠠᠬᠤᠶᠢᠯᠠᠯ ᠢ | ᠪᠠᠶᠢᠴᠠᠭᠠᠬᠤ︾ ᠪᠣᠯ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠤᠯᠤᠰ ᠤᠨ | ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠠᠷᠭ᠎ᠠ ᠬᠡᠯᠪᠡᠷᠢ ᠪᠠᠶᠢᠵᠤ᠂ ᠣᠷᠣᠨ | ᠨᠤᠲᠤᠭ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠵᠢᠴᠢ | ᠲᠡᠭᠦᠨ ᠤ ᠦᠷ᠎ᠡ ᠪᠦᠲᠦᠮᠵᠢ ᠶᠢ ᠰᠢᠯᠭᠠᠨ ᠭᠡᠷᠡᠴᠢᠯᠡᠬᠦ ᠪᠠᠷ ᠵᠣᠷᠢᠯᠭ᠎ᠠ ᠪᠠᠨ ᠪᠣᠯᠭᠠᠭᠰᠠᠨ ᠶᠤᠮ᠃ | | ᠭᠤᠷᠪᠠ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠬᠦᠴᠦᠯᠡᠨ ᠪᠣᠳᠠᠲᠠᠶᠢᠵᠢᠭᠤᠯᠤᠨ᠎ᠠ | | ︽ᠤᠯᠤᠰ ᠠᠴᠠ ᠬᠢᠨᠠᠨ ᠪᠠᠶᠢᠴᠠᠭᠠᠬᠤ᠂ ᠣᠷᠣᠨ ᠨᠤᠲᠤᠭ ᠠᠴᠠ ᠬᠢᠨᠠᠨ ᠬᠠᠮᠢᠶᠠᠷᠬᠤ᠂ ᠠᠵᠤ ᠠᠬᠤᠶᠢᠯᠠᠯ | ᠬᠠᠷᠢᠭᠤᠴᠠᠬᠤ︾ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠵᠠᠰᠠᠬᠤ ᠰᠢᠰᠲ᠋ᠧᠮ ᠳᠤ ︽ᠠᠵᠤ | ᠠᠬᠤᠶᠢᠯᠠᠯ ᠬᠠᠷᠢᠭᠤᠴᠠᠬᠤ︾ ᠨᠢ ᠶᠡᠷᠦ ᠠᠴᠠ ᠡᠪᠡᠷᠰᠢᠶᠡᠯ ᠲᠠᠢ ᠲᠠᠯ᠎ᠠ ᠪᠠ ᠬᠦᠴᠢᠷᠲᠡᠢ ᠲᠠᠯ᠎ᠠ ᠪᠣᠯᠣᠭᠰᠠᠭᠠᠷ | ᠢᠷᠡᠭᠰᠡᠨ ᠶᠤᠮ᠃ ᠡᠨᠡ ᠨᠢ ︽ᠳᠦᠷᠢᠮ︾ ᠨᠢ ᠡᠷᠬᠡᠪᠰᠢ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ | ᠲᠠᠯ᠎ᠠ ᠪᠠᠷ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ | ᠬᠠᠷᠢᠭᠤᠴᠠᠯᠭ᠎ᠠ᠂ ᠡᠷᠬᠡ᠂ ᠠᠰᠢᠭ ᠤᠨ ᠲᠠᠯ᠎ᠠ ᠪᠠᠷ ᠨᠠᠷᠢᠨ ᠨᠢᠮᠪᠠᠢ ᠳᠦᠷᠢᠮ ᠤᠨ ᠲᠣᠬᠢᠷᠠᠭᠤᠯᠤᠯᠲᠠ ᠬᠢᠬᠦ ᠬᠡᠷᠡᠭᠲᠡᠢ | ᠭᠡᠳᠡᠭ ᠢ ᠬᠠᠷᠠᠭᠤᠯᠵᠤ ᠪᠠᠶᠢᠨ᠎ᠠ᠃ ᠡᠭᠦᠨ ᠤ ᠲᠤᠯᠠᠳᠠ᠂ ︽ᠳᠦᠷᠢᠮ︾ ᠳᠤ ᠬᠠᠷᠢᠭᠤᠴᠠᠯᠭ᠎ᠠ ᠶᠢᠨ ᠳᠦᠷᠢᠮ᠂ | ᠲᠦᠭᠰᠢᠭᠦᠷᠢ ᠶᠢᠨ ᠬᠠᠮᠢᠶᠠᠷᠤᠯᠲᠠ᠂ ᠲᠥᠷᠥᠯ ᠬᠤᠪᠢᠶᠠᠨ ᠵᠠᠰᠠᠬᠤ ᠵᠡᠷᠭᠡ ᠪᠠᠷ ᠭᠤᠣᠯ ᠪᠣᠯᠭᠠᠭᠰᠠᠨ ᠳᠦᠷᠢᠮ ᠤᠨ | ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠦᠶᠯᠡ ᠠᠵᠢᠯᠯᠠᠭᠠᠨ ᠤ ᠵᠢᠷᠤᠮᠵᠢᠯ ᠢ ᠲᠣᠳᠣᠷᠬᠠᠶᠢᠯᠠᠵᠤ᠂ | ᠳᠦᠷᠢᠮ ᠤᠨ ᠬᠠᠩᠭᠠᠯᠭ᠎ᠠ ᠶᠢ ᠴᠢᠩᠭᠠᠳᠬᠠᠨ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠃ | | ᠨᠢᠭᠡ ᠳᠤ᠂ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠡᠩ ᠴᠢᠬᠤᠯᠠᠴᠢᠯᠠᠨ᠎ᠠ | ᠃ ᠬᠠᠷᠢᠭᠤᠴᠠᠯᠭ᠎ᠠ ᠶᠢᠨ ᠳᠦᠷᠢᠮ ᠪᠣᠯ ᠠᠶᠤᠯᠭᠦᠢ ᠦᠢᠯᠡᠳᠪᠦᠷᠢᠯᠡᠯ ᠤᠨ ᠠᠮᠢᠨ ᠰᠦᠨᠡᠰᠦ ᠮᠥᠨ᠃ ᠪᠦᠬᠦ | ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ | ᠲᠣᠭᠤᠷᠢᠨ ᠳᠤ᠂ ︽ᠳᠦᠷᠢᠮ︾ ᠳᠤ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ︵ᠪᠣᠳᠠᠲᠠᠢ ᠡᠵᠡᠮᠳᠡᠭᠴᠢ ᠶᠢ ᠪᠠᠭᠲᠠᠭᠠᠨ᠎ᠠ︶ ᠂ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ᠂ | ᠠᠵᠢᠯᠯᠠᠵᠤ ᠪᠠᠶᠢᠭ᠎ᠠ ᠬᠥᠮᠥᠰ ᠤᠨ ᠠᠳᠠᠯᠢ ᠪᠤᠰᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠲᠡᠷᠡᠴᠢᠯᠡᠨ | ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠲᠣᠭᠲᠠᠭᠠᠯ ᠤᠨ ᠰᠠᠭᠤᠷᠢᠨ ᠳᠡᠭᠡᠷ᠎ᠡ᠂ ᠱᠠᠭᠠᠷᠳᠠᠯᠭ᠎ᠠ ᠪᠠᠨ | ᠤᠯᠠᠮ ᠳᠡᠭᠡᠭᠰᠢᠯᠡᠭᠦᠯᠵᠦ᠂ ᠵᠢᠱᠢᠶᠡᠯᠡᠪᠡᠯ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ ᠬᠠᠷᠢᠭᠤᠴᠠᠯᠭ᠎ᠠ ᠶᠢ | ᠲᠡᠭᠦᠯᠳᠡᠷᠵᠢᠭᠦᠯᠬᠦ ᠶᠢᠨ ᠵᠡᠷᠭᠡᠴᠡᠭᠡᠪᠡᠷ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ︽ᠲᠠᠪᠤᠨ ᠲᠤᠰᠢᠶᠠᠯᠲᠤ | ᠠᠭᠤᠷᠬᠠᠢ ᠶᠢᠨ ᠳᠠᠷᠤᠭ᠎ᠠ︾ ︵ᠠᠭᠤᠷᠬᠠᠢ ᠶᠢᠨ ᠳᠠᠷᠤᠭ᠎ᠠ᠂ ᠶᠡᠷᠦᠩᠬᠡᠢ ᠢᠨᠵᠧᠨᠧᠷ᠂ ᠦᠢᠯᠡᠳᠪᠦᠷᠢᠯᠡᠯ ᠤᠨ ᠳᠡᠳ᠋ | ᠳᠠᠷᠤᠭ᠎ᠠ᠂ ᠠᠶᠤᠯᠭᠦᠢ ᠶᠢᠨ ᠳᠡᠳ᠋ ᠳᠠᠷᠤᠭ᠎ᠠ᠂ ᠮᠠᠰᠢᠨ ᠴᠠᠬᠢᠯᠭᠠᠨ ᠤ ᠳᠡᠳ᠋ ᠳᠠᠷᠤᠭ᠎ᠠ︶ ᠲᠣᠬᠢᠷᠠᠭᠤᠯᠵᠤ᠂ ᠭᠠᠰ | ᠶᠡᠬᠡᠲᠡᠢ᠂ ᠭᠠᠵᠠᠷ ᠤᠨ ᠳᠠᠷᠤᠯᠲᠠ ᠶᠢ ᠲᠠᠭᠠᠷᠢᠬᠤ᠂ ᠤᠰᠤᠨ ᠤ ᠭᠠᠵᠠᠷ ᠰᠢᠨᠵᠢᠯᠡᠭᠡᠨ ᠤ ᠲᠦᠷᠦᠯ ᠵᠦᠢᠯ | ᠪᠤᠳᠤᠯᠢᠶᠠᠨᠲᠠᠢ ᠵᠡᠷᠭᠡ ᠲᠦᠷᠦᠯ ᠬᠡᠯᠪᠡᠷᠢ ᠶᠢᠨ ᠨᠡᠭᠦᠷᠡᠰᠦᠨ ᠤ ᠠᠭᠤᠷᠬᠠᠢ ᠳᠤ ᠪᠠᠰᠠ ᠲᠤᠰᠬᠠᠢ ᠲᠤᠰᠢᠶᠠᠯᠲᠤ ᠳᠡᠳ᠋ | ᠶᠡᠷᠦᠩᠬᠡᠢ ᠢᠨᠵᠧᠨᠧᠷ ᠢ ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ | | ᠬᠤᠶᠠᠷ ᠲᠤ ᠬᠦᠨᠳᠦ ᠬᠡᠴᠡᠭᠦᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ | ᠨᠡᠩ ᠴᠢᠬᠤᠯᠠᠴᠢᠯᠠᠨ᠎ᠠ᠃ ᠮᠠᠨ ᠤ ᠤᠯᠤᠰ ᠤᠨ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠶᠠᠭ | ᠠᠳᠡᠯ ᠢ ᠬᠢᠵᠠᠭᠠᠷᠯᠠᠵᠤ ᠪᠠᠶᠢᠭᠰᠠᠨ ᠠᠴᠠ ᠪᠠᠨ ᠬᠦᠨᠳᠦ ᠬᠡᠴᠡᠭᠦᠦ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠲᠡᠰᠢ ᠬᠡᠯᠪᠡᠷᠢ ᠪᠠᠨ ᠬᠤᠪᠢᠷᠠᠭᠤᠯᠵᠤ ᠪᠠᠶᠢᠭ᠎ᠠ ᠨᠢ ᠳᠠᠮᠵᠢᠭ ᠦᠭᠡᠢ ᠶᠤᠮ᠃ ᠡᠭᠦᠨ ᠤ ᠲᠤᠯᠠᠳᠠ᠂ ︽ᠳᠦᠷᠢᠮ︾ | ᠳᠤ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠳ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠠᠰ | ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ | ᠰᠡᠷᠭᠡᠶᠢᠯᠡᠬᠦ ᠳᠦᠷᠢᠮ ᠢ ᠪᠠᠶᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠢᠯᠭᠠᠨ ᠲᠠᠨᠢᠵᠤ ᠦᠨᠡᠯᠡᠨ | ᠵᠢᠱᠢᠬᠦ ᠠᠵᠢᠯ ᠢ ᠥᠷᠨᠢᠭᠦᠯᠦᠨ᠂ ᠠᠳᠡᠯ ᠤᠨ ᠳᠠᠯᠳᠠ ᠬᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ | ᠠᠷᠢᠯᠭᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ ᠬᠦᠨᠳᠦ ᠬᠡᠴᠡᠭᠦᠦ ᠠᠳᠡᠯ ᠤᠨ ᠳᠠᠯᠳᠠ ᠬᠡᠮ ᠢ | ᠨᠠᠷᠢᠪᠴᠢᠯᠠᠨ ᠪᠠᠶᠢᠴᠠᠭᠠᠵᠤ ᠵᠠᠰᠠᠭᠰᠠᠨ ᠪᠠᠶᠢᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠨᠡᠭᠦᠷᠡᠰᠦᠨ ᠤ | ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠪᠠᠶᠢᠭ᠎ᠠ | ᠭᠠᠵᠠᠷ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠪᠠᠶᠢᠭᠤᠯᠤᠮᠵᠢ ᠳᠤ ︽ᠬᠤᠣᠰ ᠮᠡᠳᠡᠭᠦᠯᠦᠯᠲᠡ︾ | ᠬᠢᠬᠦ ᠬᠡᠷᠡᠭᠲᠡᠢ︔ ᠡᠭᠦᠨ ᠤ ᠵᠡᠷᠭᠡᠴᠡᠭᠡᠪᠡᠷ᠂ ᠣᠶᠢᠷ᠎ᠠ ᠶᠢᠨ ᠵᠢᠯ ᠤᠳ ᠤᠨ ᠨᠡᠭᠦᠷᠡᠰᠦᠨ ᠤ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠦᠢᠯᠡᠳᠦᠯᠭᠡ ᠶᠢᠨ ᠲᠤᠷᠰᠢᠯᠭ᠎ᠠ ᠲᠠᠢ ᠤᠶᠠᠯᠳᠤᠭᠤᠯᠤᠨ᠂ ᠬᠦᠨᠳᠦ ᠬᠡᠴᠡᠭᠦᠦ | ᠡ᠊ᠨᠳᠡᠯ ᠤᠨ ᠲᠠᠯᠳᠠ ᠭᠡᠮ ᠳᠤ ᠲᠣᠭᠠᠴᠠᠭᠳᠠᠬᠤ 17 ᠵᠦᠢᠯ ᠤᠨ ᠪᠠᠶᠢᠳᠠᠯ ᠢ ᠲᠣᠳᠣᠷᠬᠠᠶᠢᠯᠠᠵᠤ᠂ ᠬᠦᠨᠳᠦ ᠬᠡᠴᠡᠭᠦᠦ | ᠡ᠊ᠨᠳᠡᠯ ᠤᠨ ᠲᠠᠯᠳᠠ ᠭᠡᠮ ᠣᠷᠣᠰᠢᠵᠤ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠢ | ᠨᠥᠯᠥᠭᠡᠯᠡᠭᠳᠡᠭᠰᠡᠨ ᠣᠷᠣᠨ ᠪᠦᠰᠡ ᠶᠢᠨ ᠦᠢᠯᠡᠳᠪᠦᠷᠢᠯᠡᠯ᠂ ᠪᠦᠲᠦᠭᠡᠨ ᠪᠠᠶᠢᠭᠤᠯᠤᠯᠲᠠ ᠪᠠᠨ ᠳᠠᠷᠤᠢ ᠲᠦᠷᠭᠡᠨ | ᠵᠣᠭᠰᠤᠭᠠᠬᠤ ᠶᠢᠨ ᠬᠠᠮᠲᠤ ᠡ᠊ᠨᠳᠡᠯ ᠤᠨ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ | ᠱᠠᠭᠠᠷᠳᠠᠵᠠᠢ᠃ | | ᠭᠤᠷᠪᠠ ᠳᠤ ᠲᠦᠷᠦᠯ ᠬᠤᠪᠢᠶᠠᠨ ᠬᠠᠮᠢᠶᠠᠷᠬᠤ᠂ ᠭᠤᠣᠯᠳᠠᠯᠭ᠎ᠠ ᠲᠠᠢ ᠪᠠᠷ ᠵᠠᠰᠠᠬᠤ ᠶᠢ ᠨᠡᠩ ᠴᠢᠬᠤᠯᠠᠴᠢᠯᠠᠨ᠎ᠠ᠃ | ︽ᠳᠦᠷᠢᠮ︾ ᠳᠤ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠭᠤᠷᠬᠠᠢ ᠶᠢᠨ | ᠬᠤᠳᠳᠤᠭ ᠤᠨ ᠠᠵᠤ ᠦᠢᠯᠡᠳᠪᠦᠷᠢ ᠨᠡᠭᠦᠷᠡᠰᠦᠨ ᠤ ᠠᠭᠤᠷᠬᠠᠢ᠂ ᠵᠠᠳᠠᠭᠠᠢ ᠨᠡᠭᠦᠷᠡᠰᠦᠨ ᠤ ᠠᠭᠤᠷᠬᠠᠢ ᠶᠢᠨ ᠠᠳᠠᠯᠢ | ᠪᠤᠰᠤ ᠣᠨᠴᠠᠯᠢᠭ ᠲᠤ ᠴᠢᠭᠯᠡᠭᠦᠯᠦᠨ᠂ ᠠᠳᠠᠯᠢ ᠪᠤᠰᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠠᠪᠴᠤ᠂ ᠢᠯᠠᠩᠭᠤᠶ᠎ᠠ ᠵᠠᠳᠠᠭᠠᠢ ᠨᠡᠭᠦᠷᠡᠰᠦᠨ ᠤ ᠠᠭᠤᠷᠬᠠᠢ ᠶᠢᠨ ᠬᠦᠨᠳᠦ ᠬᠡᠴᠡᠭᠦᠦ ᠣᠨᠴᠠ ᠶᠡᠭᠡ ᠠᠳᠡᠯ ᠠᠴᠠ | ᠰᠤᠷᠭᠠᠮᠵᠢ ᠠᠪᠴᠤ᠂ ᠵᠠᠳᠠᠭᠠᠢ ᠨᠡᠭᠦᠷᠡᠰᠦᠨ ᠤ ᠠᠭᠤᠷᠬᠠᠢ ᠶᠢᠨ ᠬᠠᠵᠠᠭᠤ ᠶᠢᠨ ᠲᠣᠭᠲᠠᠭᠤᠨ ᠴᠢᠨᠠᠷ ᠢ ᠦᠨᠡᠯᠡᠬᠦ | ᠳᠦᠷᠢᠮ ᠢ ᠪᠠᠶᠢᠭᠤᠯᠬᠤ ᠶᠢᠨ ᠬᠠᠮᠲᠤ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠢ ᠬᠠᠵᠠᠭᠤ ᠶᠢᠨ ᠬᠢᠨᠠᠨ | ᠬᠡᠮᠵᠢᠯᠲᠡ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ︔ ᠡᠭᠦᠨ ᠤ ᠵᠡᠷᠭᠡᠴᠡᠭᠡᠪᠡᠷ ᠠᠵᠢᠯᠯᠠᠵᠤ ᠪᠠᠶᠢᠭ᠎ᠠ | ᠬᠥᠮᠥᠰ᠂ ᠠᠶᠤᠯᠭᠦᠢ ᠶᠢᠨ ᠲᠤᠨᠤᠭ ᠲᠥᠬᠦᠭᠡᠷᠦᠮᠵᠢ ᠵᠢᠴᠢ ᠠᠶᠤᠯᠲᠠᠢ ᠪᠠᠷ ᠠᠵᠢᠯᠯᠠᠬᠤ ᠵᠡᠷᠭᠡ ᠰᠠᠭᠤᠷᠢ ᠴᠢᠨᠠᠷᠲᠠᠢ | ᠬᠠᠮᠢᠶᠠᠷᠤᠯᠲᠠ ᠶᠢᠨ ᠳᠦᠷᠢᠮ ᠢ ᠤᠯᠠᠮ ᠲᠡᠭᠦᠯᠳᠡᠷᠵᠢᠭᠦᠯᠵᠦ᠂ ᠠᠶᠤᠯᠭᠦᠢ ᠶᠢᠨ ᠠᠵᠢᠯᠲᠠᠨ ᠢ ᠬᠢᠵᠠᠭᠠᠷᠯᠠᠬᠤ᠂ ᠭᠠᠢ | ᠭᠠᠮᠰᠢᠭ ᠢ ᠵᠠᠰᠠᠬᠤ᠂ ᠨᠡᠭᠦᠷᠡᠰᠦᠨ ᠤ ᠠᠭᠤᠷᠬᠠᠢ ᠶᠢ ᠨᠡᠭᠡᠭᠡᠨ ᠣᠯᠪᠤᠷᠢᠯᠠᠬᠤ ᠲᠤᠰᠬᠠᠢ ᠵᠦᠢᠯᠡᠰ ᠤᠨ ᠵᠢᠷᠤᠭ | ᠲᠥᠯᠥᠪᠯᠡᠭᠡ ᠵᠡᠷᠭᠡ ᠭᠤᠣᠯᠳᠠᠯᠭ᠎ᠠ ᠲᠠᠢ ᠳᠦᠷᠢᠮ ᠢ ᠨᠡᠮᠡᠨ ᠪᠠᠶᠢᠭᠤᠯᠵᠤ᠂ ᠡ᠊ᠨᠳᠡᠯ ᠤᠨ ᠲᠠᠯᠳᠠ ᠭᠡᠮ ᠢ ᠠᠷᠢᠯᠭᠠᠵᠤ᠂ | ᠤᠷᠢᠳᠴᠢᠯᠠᠨ ᠰᠡᠷᠭᠡᠶᠢᠯᠡᠬᠦ ᠪᠠᠷ ᠵᠣᠷᠢᠯᠭ᠎ᠠ ᠪᠣᠯᠭᠠᠭᠰᠠᠨ ᠶᠤᠮ᠃ | | ᠳᠥᠷᠪᠡ᠂ ᠨᠡᠭᠦᠷᠡᠰᠦᠨ ᠤ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠢ ᠵᠠᠰᠠᠭ ᠵᠠᠬᠢᠷᠭᠠᠨ ᠤ ᠵᠠᠬᠢᠷᠤᠨ | ᠬᠠᠮᠢᠶᠠᠷᠤᠯᠲᠠ ᠠᠴᠠ ᠣᠯᠠᠨ ᠡᠰᠢᠲᠦ ᠬᠠᠮᠲᠤ ᠪᠠᠷ ᠵᠠᠰᠠᠬᠤ ᠬᠦᠷᠲᠡᠯ᠎ᠡ ᠠᠬᠢᠭᠤᠯᠤᠨ᠎ᠠ | | ᠬᠠᠮᠲᠤᠷᠠᠯᠴᠠᠭᠠᠨ ᠤ ᠵᠠᠰᠠᠭ ᠵᠠᠬᠢᠷᠭᠠᠨ ᠤ ᠬᠥᠭᠵᠢᠯᠲᠡ ᠶᠢᠨ ᠰᠢᠨ᠎ᠡ ᠬᠡᠷᠡᠭᠴᠡᠭᠡ ᠳᠤ ᠵᠣᠬᠢᠴᠠᠭᠤᠯᠤᠨ᠂ ︽ | ᠳᠦᠷᠢᠮ︾ ᠳᠤ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ | ᠠᠵᠤ ᠠᠬᠤᠶᠢᠯᠠᠯ ᠭᠤᠣᠯᠯᠠᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠬᠤ ᠣᠯᠠᠨ | ᠡᠰᠢᠲᠦ ᠬᠠᠮᠲᠤ ᠪᠠᠷ ᠵᠠᠰᠠᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠭᠤᠣᠯᠳᠠᠭᠤ ᠬᠥᠭᠵᠢᠯᠲᠡ ᠪᠣᠯᠣᠨ ᠠᠮᠤᠷ | ᠲᠦᠪᠰᠢᠨ ᠢ ᠬᠡᠷᠬᠢᠨ ᠨᠢᠭᠡᠳᠦᠯᠲᠡᠢ ᠲᠥᠯᠥᠪᠵᠢᠭᠦᠯᠬᠦ᠂ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ | ᠬᠢᠨ ᠬᠡᠷᠬᠢᠨ ᠬᠠᠮᠵᠢᠯᠴᠠᠨ ᠠᠬᠢᠭᠤᠯᠬᠤ᠂ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠵᠡᠷᠭᠡ ᠬᠠᠮᠲᠤᠷᠠᠯ ᠤᠨ ᠬᠦᠴᠦᠨ ᠢ | ᠬᠡᠷᠬᠢᠨ ᠪᠠᠳᠠᠷᠠᠭᠤᠯᠬᠤ ᠵᠡᠷᠭᠡ ᠭᠤᠷᠪᠠᠨ ᠲᠠᠯ᠎ᠠ ᠠᠴᠠ ᠨᠡᠭᠦᠷᠡᠰᠦᠨ ᠤ ᠠᠭᠤᠷᠬᠠᠢ ᠶᠢᠨ ᠠᠮᠤᠷ ᠲᠦᠪᠰᠢᠨ ᠤ | ᠬᠥᠭᠵᠢᠯᠲᠡ ᠳᠤ ᠬᠤᠯᠪᠣᠭᠳᠠᠬᠤ ᠣᠶᠢᠯᠠᠭᠠᠭᠳᠠᠬᠤᠨ᠂ ᠰᠢᠰᠲ᠋ᠧᠮ ᠪᠣᠯᠣᠨ ᠠᠵᠢᠯ ᠤᠨ ᠲᠣᠭᠲᠠᠴᠠ ᠵᠡᠷᠭᠡ | ᠵᠠᠩᠭᠢᠯᠠᠭ᠎ᠠ ᠶᠢᠨ ᠠᠰᠠᠭᠤᠳᠠᠯ ᠳᠤ ᠲᠣᠳᠣᠷᠬᠠᠢ ᠪᠠᠶᠢᠷᠢ ᠲᠣᠭᠲᠠᠭᠠᠯᠲᠠ ᠬᠢᠬᠦ ᠪᠠ ᠬᠠᠷᠢᠭᠤᠯᠲᠠ ᠣᠯᠭᠤᠨ᠎ᠠ᠃ | | | | ᠨᠢᠭᠡᠳᠦᠭᠡᠷ ᠲᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠳᠤ ᠰᠠᠭᠤᠷᠢᠯᠠᠵᠤ᠂ | ︽ᠳᠦᠷᠢᠮ︾ ᠢ ᠬᠠᠤᠯᠢ ᠲᠣᠭᠲᠠᠭᠠᠬᠤ ᠬᠠᠷᠠᠯᠲᠠ ᠶᠢ ᠲᠣᠭᠲᠠᠭᠠᠬᠤ ᠲᠠᠯ᠎ᠠ ᠪᠠᠷ᠂ ᠨᠡᠭᠦᠷᠡᠰᠦᠨ ᠤ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠡᠴᠦᠰ ᠤᠨ ᠬᠠᠷᠠᠯᠲᠠ ᠪᠣᠯ ︽ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠬᠤ︾ ᠶᠠᠪᠤᠳᠠᠯ ᠪᠣᠯᠣᠨ᠎ᠠ ᠭᠡᠵᠦ ᠲᠣᠳᠣᠷᠬᠠᠢ ᠲᠣᠭᠲᠠᠭᠠᠵᠤ᠂ ᠨᠡᠭᠦᠷᠡᠰᠦᠨ ᠤ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠥᠮᠥᠨ ᠢᠶᠠᠷ ᠦᠨᠳᠦᠰᠦ ᠪᠣᠯᠭᠠᠬᠤ ᠬᠡᠷᠡᠭᠲᠡᠢ᠂ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠲᠤᠭ ᠲᠡᠮᠳᠡᠭ ᠲᠣᠳᠣᠷᠬᠠᠢ ᠪᠠᠷ | ᠳᠤᠷᠠᠳᠤᠨ ᠭᠠᠷᠭᠠᠪᠠ᠂ ᠡᠨᠡ ᠪᠣᠯ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ | ᠰᠠᠨᠠᠭ᠎ᠠ ᠶᠢᠨ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠢᠯᠡ ᠲᠣᠳᠣ | ᠢᠯᠡᠷᠡᠯ ᠮᠥᠨ᠃ | | ᠬᠤᠶᠠᠳᠤᠭᠠᠷ ᠲᠤ᠂ ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠣᠷᠣ | ᠲᠥᠯᠥᠪ ᠢ ᠪᠤᠢ ᠪᠣᠯᠭᠠᠬᠤ ᠳᠤ ᠰᠠᠭᠤᠷᠢᠯᠠᠵᠤ᠂ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠨᠡᠶᠢᠭᠡᠮ ᠤᠨ | ᠬᠠᠮᠲᠤᠪᠠᠷ ᠵᠠᠰᠠᠬᠤ ᠶᠢ ᠬᠠᠮᠵᠢᠯᠴᠠᠨ ᠠᠬᠢᠭᠤᠯᠤᠨ᠎ᠠ᠃ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ | ᠰᠠᠶᠢᠲᠤᠷ ᠭᠦᠢᠴᠡᠳᠬᠡᠬᠦ ᠳᠤ ᠵᠠᠰᠠᠭ ᠤᠨ ᠣᠷᠳᠣᠨ ᠠᠵᠢᠯ ᠤᠨ ᠬᠠᠷᠢᠭᠤᠴᠠᠯᠭ᠎ᠠ ᠲᠠᠢ ᠶᠤᠮ᠃ ᠡᠭᠦᠨ ᠤ ᠲᠤᠯᠠᠳᠠ᠂ | ︽ᠳᠦᠷᠢᠮ︾ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ | ᠮᠥᠴᠢᠷ ᠵᠢᠴᠢ ᠬᠤᠯᠪᠣᠭᠳᠠᠯ ᠪᠦᠬᠦᠢ ᠪᠤᠰᠤᠳ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠢᠶᠠᠨ | ᠠᠵᠢᠯ ᠤᠨ ᠬᠤᠪᠢᠶᠠᠷᠢᠯᠠᠯ ᠶᠣᠰᠣᠭᠠᠷ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠬᠢᠨᠠᠵᠤ | ᠬᠠᠮᠢᠶᠠᠷᠬᠤ ᠵᠢᠴᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠭᠡᠵᠦ ᠲᠣᠳᠣᠷᠬᠠᠢ | ᠲᠣᠭᠲᠠᠭᠠᠵᠠᠢ᠃ ᠬᠤᠶᠠᠳᠤᠭᠠᠷ ᠪᠦᠯᠦᠭ ᠲᠤ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ ᠠᠶᠦᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠤᠬᠠᠢ ᠲᠣᠭᠲᠠᠭᠠᠯ ᠭᠠᠷᠭᠠᠭᠰᠠᠨ ᠠᠴᠠ ᠭᠠᠳᠠᠨ᠎ᠠ | ᠂ ︽ᠳᠦᠷᠢᠮ︾ ᠳᠤ ᠪᠠᠰᠠ ᠨᠡᠶᠢᠭᠡᠮ ᠨᠡᠶᠢᠳᠡ ᠵᠢᠴᠢ ᠠᠶᠤᠯᠭᠦᠢ ᠦᠢᠯᠡᠳᠪᠦᠷᠢᠯᠡᠯ ᠤᠨ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠵᠡᠷᠭᠡ ᠳᠤ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ | ᠵᠠᠰᠠᠯᠲᠠ ᠳᠤ ᠣᠷᠣᠯᠴᠠᠬᠤ ᠡᠷᠬᠡ ᠶᠢ ᠣᠯᠭᠤᠭᠰᠠᠨ ᠪᠥᠭᠡᠳ ᠵᠣᠬᠢᠴᠠᠩᠭᠤᠢ ᠡᠭᠦᠷᠭᠡ ᠶᠢ ᠲᠣᠳᠣᠷᠬᠠᠶᠢᠯᠠᠵᠠᠢ᠂ | ᠵᠢᠱᠢᠶᠡᠯᠡᠪᠡᠯ ︽ᠳᠦᠷᠢᠮ︾ ᠳᠤ ᠶᠠᠮᠠᠷᠪᠠ ᠨᠢᠭᠡᠴᠢ ᠪᠠ ᠬᠤᠪᠢ ᠬᠥᠮᠥᠨ ᠡ᠊ᠨᠳᠡᠯ ᠤᠨ ᠲᠠᠯᠳᠠ ᠭᠡᠮ ᠪᠤᠶᠤ ᠠᠶᠤᠯᠭᠦᠢ | ᠦᠢᠯᠡᠳᠪᠦᠷᠢᠯᠡᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠡᠭᠦᠷᠡᠰᠦᠨ ᠤ ᠠᠭᠤᠷᠬᠠᠢ ᠶᠢᠨ ᠠᠶᠤᠯᠭᠦᠢ ᠶᠢ ᠬᠢᠨᠠᠨ | ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠂ ᠢᠯᠡᠴᠢᠯᠡᠨ | ᠮᠡᠳᠡᠭᠦᠯᠦᠯᠲᠡ ᠶᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠴᠠᠭ ᠲᠤᠬᠠᠢ | ᠳᠤᠨᠢ ᠰᠢᠢᠳᠪᠦᠷᠢᠯᠡᠬᠦ ᠬᠡᠷᠡᠭᠲᠡᠢ ᠭᠡᠵᠦ ᠲᠣᠭᠲᠠᠭᠠᠵᠠᠢ᠃ | | ᠭᠤᠷᠪᠠᠳᠤᠭᠠᠷ ᠲᠤ᠂ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠳᠤ ᠰᠠᠭᠤᠷᠢᠯᠠᠵᠤ᠂ ᠲᠤᠰᠠᠭᠠᠷ | ᠬᠠᠤᠯᠢ ᠬᠡᠷᠡᠭᠵᠢᠭᠦᠯᠬᠦ ᠶᠢ ᠬᠠᠮᠲᠤᠷᠠᠨ ᠬᠠᠤᠯᠢ ᠬᠡᠷᠡᠭᠵᠢᠭᠦᠯᠬᠦ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠨᠢ ᠤᠯᠠᠨ ᠵᠠᠩᠭᠢᠯᠠᠭ᠎ᠠ ᠳᠤ ᠬᠤᠯᠪᠣᠭᠳᠠᠵᠤ᠂ | ᠪᠤᠰᠤᠳᠴᠢ ᠲᠠᠯ᠎ᠠ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠭᠤᠷᠣᠨᠳᠤ ᠪᠠᠨ ᠬᠠᠮᠲᠤᠷᠠᠭᠰᠠᠨ ᠠᠵᠢᠯᠯᠠᠭ᠎ᠠ | ᠠᠪᠴᠤ᠂ ᠰᠠᠯᠠᠭ᠎ᠠ ᠮᠥᠴᠢᠷ ᠠᠯᠤᠰᠯᠠᠭᠰᠠᠨ ᠲᠣᠪᠣᠶᠢᠮ᠎ᠠ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠬᠦ | ᠴᠢᠬᠤᠯᠠᠲᠠᠢ ᠶᠤᠮ᠃ ︽ᠳᠦᠷᠢᠮ︾ ᠳᠤ ᠬᠠᠮᠲᠤᠷᠠᠨ ᠵᠠᠰᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ | ᠬᠢᠨᠠᠨ ᠪᠠᠶᠢᠴᠠᠭᠠᠬᠤ ᠪᠠ ᠣᠷᠣᠨ ᠨᠤᠲᠤᠭ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ | ᠪᠠᠶᠢᠷᠢ ᠲᠣᠭᠲᠠᠭᠠᠯᠲᠠ ᠪᠠ ᠠᠵᠢᠯ ᠤᠨ ᠬᠤᠪᠢᠶᠠᠷᠢᠯᠠᠯ ᠢ ᠬᠠᠤᠯᠢ ᠶᠣᠰᠣᠭᠠᠷ ᠰᠢᠯᠤᠭᠤᠳᠬᠠᠭᠰᠠᠨ ᠰᠠᠭᠤᠷᠢᠨ ᠳᠡᠭᠡᠷ᠎ᠡ᠂ | ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠰᠡᠨ ᠨᠡᠭᠦᠷᠡᠰᠦᠨ ᠤ ᠠᠭᠤᠷᠬᠠᠢ ᠶᠢ ᠰᠢᠯᠭᠠᠨ ᠠᠪᠬᠤ᠂ | ᠢᠲᠡᠭᠡᠯ ᠢᠶᠠᠨ ᠠᠯᠳᠠᠭᠰᠠᠨ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠰᠠᠯᠠᠭ᠎ᠠ ᠮᠥᠴᠢᠷ ᠠᠯᠤᠰᠯᠠᠭᠰᠠᠨ | ᠠᠶᠦᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠳᠤ ᠬᠤᠯᠪᠣᠭᠳᠠᠬᠤ ᠵᠦᠢᠯᠡᠰ ᠲᠤ ᠪᠠᠶᠢᠷᠢᠯᠠᠭᠤᠯᠤᠯᠲᠠ ᠬᠢᠵᠦ᠂ | ᠠᠵᠢᠯ ᠢᠶᠠᠨ ᠬᠤᠪᠢᠶᠠᠷᠢᠯᠠᠨ ᠬᠠᠷᠢᠭᠤᠴᠠᠬᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠮᠥᠷᠲᠡᠭᠡᠨ | ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠬᠠᠮᠵᠢᠯᠴᠠᠨ ᠥᠨᠳᠥᠷ ᠪᠦᠲᠦᠮᠵᠢᠲᠡᠶ ᠬᠠᠤᠯᠢ ᠬᠡᠷᠡᠭᠵᠢᠭᠦᠯᠬᠦ | ᠲᠣᠭᠲᠠᠴᠠ ᠶᠢ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ ᠵᠢᠱᠢᠶᠡᠯᠡᠪᠡᠯ᠂ ᠠᠭᠤᠷᠬᠠᠢ ᠶᠢᠨ ᠠᠶᠤᠯᠭᠦᠢ ᠶᠢ ᠬᠢᠨᠠᠨ | ᠪᠠᠶᠢᠴᠠᠭᠠᠬᠤ ᠪᠠᠶᠢᠭᠤᠯᠤᠮᠵᠢ ᠪᠣᠯᠣᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠡᠷᠡᠭ ᠢ ᠰᠢᠯᠵᠢᠭᠦᠯᠦᠨ | ᠬᠦᠷᠭᠡᠬᠦ ᠲᠣᠭᠲᠠᠴᠠ ᠶᠢ ᠪᠠᠶᠢᠭᠤᠯᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠢ ᠭᠡᠵᠦ | ᠲᠣᠭᠲᠠᠭᠠᠵᠠᠢ᠃ | | ᠲᠠᠪᠤ᠂ ᠴᠢᠩᠭ᠎ᠠ ᠬᠦᠭ ᠠᠶᠠᠰ ᠢ ︽ᠳᠦᠷᠢᠮ︾ ᠤᠨ ᠡᠬᠢᠨ ᠠᠴᠠ ᠠᠪᠤᠭᠠᠳ ᠠᠳᠠᠭ ᠲᠤᠨᠢ ᠬᠦᠷᠲᠡᠯ᠎ᠡ | ᠲᠤᠤᠱᠯᠠᠭᠤᠯᠤᠨ᠎ᠠ | | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ | ᠮᠥᠨ ᠪᠣᠯᠬᠤᠷ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ᠃ ᠭᠠᠭᠴᠠᠬᠦ ︽ᠥᠴᠥᠬᠡᠨ ᠴᠦ ᠢᠯᠳᠠᠷ | ᠬᠠᠶᠠᠬᠤ ᠦᠭᠡᠢ︾ ᠪᠠᠶᠢᠬᠤ ᠶᠢ ᠪᠠᠷᠢᠮᠲᠠᠯᠠᠪᠠᠯ ᠰᠠᠢᠢ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠡᠶᠡᠯᠡᠭᠦᠯᠵᠦ | ᠴᠢᠳᠠᠨ᠎ᠠ᠃ ︽ᠳᠦᠷᠢᠮ︾ ᠤᠨ ᠬᠠᠤᠯᠢ ᠲᠣᠭᠲᠠᠭᠠᠬᠤ ᠣᠶᠢᠯᠠᠭᠠᠭᠳᠠᠬᠤᠨ ᠵᠢᠴᠢ ᠲᠡᠭᠦᠨ ᠤ ᠲᠣᠭᠲᠠᠭᠠᠭᠰᠠᠨ | ᠡᠭᠦᠷᠭᠡ ᠠᠴᠠ ᠦᠵᠡᠪᠡᠯ᠂ ᠡᠶᠢᠮᠦᠷᠬᠦ ︽ᠴᠢᠩᠭ᠎ᠠ︾ ᠭᠡᠬᠦ ᠬᠦᠭ ᠠᠶᠠᠰ ᠨᠢ ᠭᠤᠣᠯᠳᠠᠭᠤ ᠳᠣᠣᠷᠠᠬᠢ ᠭᠤᠷᠪᠠᠨ | ᠲᠠᠯ᠎ᠠ ᠪᠠᠷ ᠢᠯᠡᠷᠡᠵᠦ ᠪᠠᠶᠢᠨ᠎ᠠ᠄ ︽ᠳᠦᠷᠢᠮ︾ ᠤᠨ ᠬᠠᠤᠯᠢ ᠲᠣᠭᠲᠠᠭᠠᠬᠤ ᠣᠶᠢᠯᠠᠭᠠᠭᠳᠠᠬᠤᠨ ᠵᠢᠴᠢ ᠲᠡᠭᠦᠨ ᠤ | ᠲᠣᠭᠲᠠᠭᠠᠭᠰᠠᠨ ᠡᠭᠦᠷᠭᠡ ᠠᠴᠠ ᠦᠵᠡᠪᠡᠯ᠂ ᠡᠶᠢᠮᠦᠷᠬᠦ ︽ᠴᠢᠩᠭ᠎ᠠ︾ ᠭᠡᠬᠦ ᠦᠨᠳᠦᠰᠦᠨ ᠬᠦᠭ ᠠᠶᠠᠰ ᠨᠢ | ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄ | | ᠨᠢᠭᠡ ᠳᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ︽ᠤᠷᠢᠳᠠᠪᠠᠷ ᠭᠡᠷᠡᠴᠢ ᠠᠪᠴᠤ ᠲᠠᠷᠠᠭ᠎ᠠ ᠨᠢ | ᠦᠢᠯᠡᠳᠪᠦᠷᠢᠯᠡᠬᠦ︾ ᠵᠠᠷᠴᠢᠮ ᠶᠣᠰᠣᠭᠠᠷ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ | ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠦᠢᠯᠡᠳᠪᠦᠷᠢᠯᠡᠬᠦ ᠠᠴᠠ ᠪᠠᠨ ᠡᠮᠦᠨ᠎ᠡ ︽ᠠᠶᠤᠯᠭᠦᠢ | ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠦᠷᠢᠮ︾ ᠳᠤ ᠲᠣᠭᠲᠠᠭᠠᠭᠰᠠᠨ ᠨᠥᠬᠦᠴᠡᠯ ᠶᠣᠰᠣᠭᠠᠷ | ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠣᠯᠬᠤ ᠬᠡᠷᠡᠭᠲᠡᠢ ᠭᠡᠳᠡᠭ ᠢ ᠲᠣᠳᠣᠷᠬᠠᠶᠢᠯᠠᠪᠠ᠃ | ᠨᠡᠭᠦᠷᠡᠰᠦᠨ ᠤ ᠠᠭᠤᠷᠬᠠᠢ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ | ᠪᠠᠷᠢᠯᠭ᠎ᠠ ᠶᠢᠨ ᠵᠦᠢᠯᠡᠰ ᠤᠨ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ | ᠱᠠᠭᠠᠷᠳᠠᠯᠭ᠎ᠠ ᠶᠢ ᠲᠠᠬᠢᠨ ᠲᠣᠳᠣᠷᠬᠠᠶᠢᠯᠠᠭᠰᠠᠨ ᠪᠥᠭᠡᠳ ᠴᠢᠬᠤᠯᠠ ᠶᠡᠭᠡ ᠬᠤᠪᠢᠷᠠᠭᠤᠯᠤᠯᠲᠠ ᠳᠤ ᠴᠤ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠃ ᠡᠭᠦᠨ ᠤ ᠵᠡᠷᠭᠡᠴᠡᠭᠡᠪᠡᠷ᠂ ︽ | ᠳᠦᠷᠢᠮ︾ ᠳᠤ ᠬᠠᠤᠯᠢ ᠲᠣᠭᠲᠠᠭᠠᠯ ᠢ ᠬᠦᠨᠳᠦ ᠨᠣᠴᠢᠲᠠᠢ ᠵᠥᠷᠢᠴᠡᠭᠰᠡᠨ ᠨᠡᠭᠦᠷᠡᠰᠦᠨ ᠤ ᠠᠭᠤᠷᠬᠠᠢ ᠶᠢᠨ ᠠᠵᠤ | ᠠᠬᠤᠶᠢᠯᠠᠯ ᠤᠨ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠣᠭᠰᠠᠨ ᠦᠭᠡᠢ ᠪᠠᠷ ᠳᠤᠷ᠎ᠠ ᠮᠡᠳᠡᠨ | ᠦᠢᠯᠡᠳᠪᠦᠷᠢᠯᠡᠭᠰᠡᠨ᠂ ᠵᠢᠴᠢ 3 ᠳ᠋ᠤᠭᠠᠷ ᠰᠠᠷ᠎ᠠ ᠶᠢᠨ ᠳᠣᠲᠣᠷ᠎ᠠ 2 ᠤᠳᠠᠭ᠎ᠠ ᠪᠤᠶᠤ 2 ᠤᠳᠠᠭ᠎ᠠ ᠠᠴᠠ ᠳᠡᠭᠡᠭᠰᠢ | ᠤᠳᠠᠭ᠎ᠠ ᠬᠦᠨᠳᠦ ᠬᠡᠴᠡᠭᠦᠦ ᠡ᠊ᠨᠳᠡᠯ ᠤᠨ ᠲᠠᠯᠳᠠ ᠭᠡᠮ ᠪᠠᠶᠢᠬᠤ ᠶᠢ ᠣᠯᠵᠤ ᠮᠡᠳᠡᠭᠡᠳ ᠮᠥᠨ ᠯᠡ ᠦᠢᠯᠡᠳᠪᠦᠷᠢᠯᠡᠵᠦ | ᠪᠠᠶᠢᠬᠤ ᠵᠡᠷᠭᠡ ᠪᠠᠶᠢᠳᠠᠯ ᠢ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠡᠭᠦᠳᠡ ᠶᠢ ᠨᠢ | ᠬᠠᠭᠠᠯᠭᠠᠵᠤ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠠᠶᠤᠯᠭᠦᠢ ᠶᠢᠨ ︽ᠬᠤᠷᠢᠭ᠎ᠠ ᠱᠤᠭᠤᠮ︾ ᠢ | ᠤᠯᠠᠮ ᠬᠤᠪᠢᠶᠠᠷᠢᠯᠠᠨ ᠣᠯᠭᠤᠨ᠎ᠠ ᠭᠡᠵᠦ ᠲᠣᠭᠲᠠᠭᠠᠵᠠᠢ᠃ | | ᠬᠤᠶᠠᠷ ᠲᠤ ᠬᠠᠷᠢᠭᠤᠴᠠᠯᠭ᠎ᠠ ᠶᠢᠨ ᠰᠢᠰᠲ᠋ᠧᠮ ᠢ ᠴᠢᠩᠳᠠᠯᠠᠨ᠎ᠠ᠃ ᠨᠢᠭᠲᠠ ᠴᠢᠩᠭ᠎ᠠ ᠬᠠᠷᠢᠭᠤᠴᠠᠯᠭ᠎ᠠ ᠶᠢᠨ | ᠰᠢᠰᠲ᠋ᠧᠮ ᠳᠤ ᠲᠦᠰᠢᠭᠯᠡᠨ ᠠᠮᠤᠷ ᠲᠦᠪᠰᠢᠨ ᠤ ᠰᠡᠷᠭᠡᠶᠢᠯᠡᠨ ᠵᠠᠰᠠᠬᠤ ᠴᠢᠳᠠᠪᠤᠷᠢ ᠶᠢ ᠴᠢᠩᠭᠠᠳᠬᠠᠬᠤ ᠪᠣᠯ | ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ︽ᠬᠤᠶᠠᠷ ᠦᠨᠳᠦᠰᠦᠨ︾ ᠢ ᠪᠦᠬᠦ ᠲᠠᠯ᠎ᠠ ᠪᠠᠷ | ᠦᠢᠯᠡᠳᠦᠯᠭᠡᠵᠢᠭᠦᠯᠬᠦ ᠶᠢᠨ ᠪᠠᠷᠢᠨ ᠭᠦᠢᠴᠡᠳᠬᠡᠬᠦ ᠪᠠᠴᠢᠮ ᠡᠭᠦᠷᠭᠡ ᠪᠣᠯᠣᠨ᠎ᠠ᠃ ᠨᠢᠭᠡ ᠳᠤ᠂ ᠨᠠᠮ ᠵᠠᠰᠠᠭ ᠠᠳᠠᠯᠢ | ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠴᠤᠭᠭᠠᠷ | ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠬᠦᠯᠢᠶᠡᠯᠭᠡᠬᠦ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠷᠢᠮᠲᠠᠯᠠᠬᠤ ᠶᠢᠨ ᠲᠣᠭᠤᠷᠢᠨ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠬᠡᠪᠯᠡᠨ ᠲᠠᠷᠬᠠᠭᠠᠭᠰᠠᠨ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ | ᠺᠠᠳ᠋ᠷᠴᠤᠳ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ | ᠨᠠᠶᠢᠳᠠᠪᠤᠷᠢᠵᠢᠭᠤᠯᠵᠤ᠂ ︽ᠳᠦᠷᠢᠮ︾ ᠳᠤ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ | ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠣᠷᠣᠨ ᠨᠤᠲᠤᠭ ᠤᠨ | ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠶᠤᠯᠭᠦᠢ ᠬᠤᠶᠠᠷ ᠲᠤ᠂ ᠤᠯᠤᠰ ᠤᠨ ᠬᠢᠨᠠᠨ ᠪᠠᠶᠢᠴᠠᠭᠠᠬᠤ᠂ | ᠣᠷᠣᠨ ᠨᠤᠲᠤᠭ ᠤᠨ ᠬᠢᠨᠠᠨ ᠬᠠᠮᠢᠶᠠᠷᠬᠤ᠂ ᠠᠵᠤ ᠠᠬᠤᠶᠢᠯᠠᠯ ᠤᠨ ᠬᠠᠷᠢᠭᠤᠴᠠᠬᠤ ᠨᠡᠭᠦᠷᠡᠰᠦᠨ ᠤ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠪᠠᠶᠢᠭᠤᠯᠤᠯ ᠲᠣᠭᠲᠠᠴᠠ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ︽ᠳᠦᠷᠢᠮ︾ | ᠳᠤ ᠨᠡᠭᠦᠷᠡᠰᠦᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠠᠵᠢᠯ ᠲᠦᠷᠦᠯ ᠢ | ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ | ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ | ᠪᠠᠶᠢᠬᠤ ᠶᠢ ᠬᠠᠮᠢᠶᠠᠷᠬᠤ ᠶᠢ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠲᠦᠷᠦᠯ | ᠬᠤᠪᠢᠶᠠᠨ ᠲᠡᠰ ᠬᠤᠪᠢᠶᠠᠨ ᠨᠠᠷᠢᠯᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠭᠤᠷᠪᠠ ᠳᠤ᠂ ᠦᠨᠳᠦᠰᠦᠨ | ᠱᠠᠲᠤᠨ ᠤ ᠬᠢᠨᠠᠯᠲᠠ ᠬᠠᠮᠢᠶᠠᠷᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠶᠠᠯᠠᠵᠤ ᠪᠠᠶᠢᠭ᠎ᠠ ᠣᠷᠣᠨ ᠪᠦᠰᠡ ᠶᠢᠨ ᠳᠣᠲᠣᠷ᠎ᠠ ᠪᠠᠨ | ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠣᠭᠰᠠᠨ ᠦᠭᠡᠢ ᠵᠡᠷᠭᠡ ᠶᠢ | ᠣᠯᠵᠤ ᠮᠡᠳᠡᠭᠡᠳ ᠳᠤᠷ᠎ᠠ ᠮᠡᠳᠡᠨ ᠨᠡᠭᠦᠷᠡᠰᠦᠨ ᠤ ᠠᠭᠤᠷᠬᠠᠢ ᠶᠢᠨ ᠦᠢᠯᠡᠳᠪᠦᠷᠢᠯᠡᠯ ᠬᠢᠭᠰᠡᠨ ᠪᠠᠶᠢᠪᠠᠯ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠬᠤᠷᠢᠭᠯᠠᠨ ᠵᠣᠭᠰᠤᠭᠠᠬᠤ ᠬᠡᠷᠡᠭᠲᠡᠢ ᠪᠥᠭᠡᠳ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ | ᠭᠡᠵᠦ ᠲᠣᠭᠲᠠᠭᠠᠵᠠᠢ᠃ | | ᠭᠤᠷᠪᠠ ᠳᠤ ᠬᠠᠷᠢᠭᠤᠴᠠᠯᠭ᠎ᠠ ᠪᠠᠨ ᠠᠯᠳᠠᠵᠤ ᠬᠠᠷᠢᠭᠤᠴᠠᠯᠭ᠎ᠠ ᠬᠦᠯᠢᠶᠡᠯᠭᠡᠬᠦ ᠶᠢ ᠴᠢᠩᠳᠠᠯᠠᠪᠠ᠃ ︽ᠳᠦᠷᠢᠮ︾ | ᠳᠤ ᠬᠠᠤᠯᠢ ᠵᠥᠷᠢᠴᠡᠭᠰᠡᠨ ᠠᠵᠢᠯᠯᠠᠭ᠎ᠠ ᠶᠢᠨ ᠬᠦᠨᠳᠦ ᠨᠣᠴᠢᠲᠠᠢ ᠲᠥᠪᠰᠢᠨ ᠢ ᠦᠨᠳᠦᠰᠦᠯᠡᠨ᠂ ᠠᠵᠤ ᠠᠬᠤᠢ ᠶᠢᠨ | ᠰᠢᠢᠳᠬᠡᠯ᠂ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠬᠦ ᠠᠴᠠ ᠡᠭᠦᠳᠡ ᠶᠢ ᠨᠢ ᠬᠠᠭᠠᠯᠭᠠᠬᠤ ᠶᠢ | ᠲᠣᠭᠲᠠᠭᠠᠭᠰᠠᠨ ᠪᠠᠶᠢᠨ᠎ᠠ᠃ | ᠵᠠᠰᠠᠭ ᠵᠠᠬᠢᠷᠭᠠᠨ ᠤ ᠰᠢᠢᠳᠬᠡᠯ᠄ ᠠᠷᠭ᠎ᠠ ᠬᠡᠮᠵᠢᠶ᠎ᠡ᠃ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠤᠨ | ᠣᠯᠠᠩᠬᠢ ᠨᠢ ᠠᠵᠤ ᠠᠬᠤᠢ ᠶᠢᠨ ᠬᠡᠮᠵᠢᠶ᠎ᠡ ᠪᠠᠷ ᠳᠤᠮᠳᠠ ᠵᠡᠷᠭᠡ ᠪᠠᠶᠢᠳᠠᠭ᠂ ᠡᠨᠡ ᠨᠢ ᠡ᠊ᠩ ᠤᠨ ᠰᠢᠢᠳᠬᠡᠬᠦ | ᠠᠷᠭ᠎ᠠ ᠶᠢ ᠬᠡᠷᠡᠭᠯᠡᠪᠡᠯ ᠶᠡᠷᠦᠨᠢ ᠲᠡᠭᠦᠨ ᠳᠤ ᠲᠤᠰᠠ ᠪᠣᠯᠬᠤ ᠦᠭᠡᠢ ᠭᠡᠰᠡᠨ ᠢ ᠬᠠᠷᠠᠭᠤᠯᠵᠤ ᠪᠠᠶᠢᠨ᠎ᠠ᠃ ᠡᠭᠦᠨ ᠤ | ᠲᠤᠯᠠᠳᠠ᠂ ︽ᠳᠦᠷᠢᠮ︾ ᠳᠤ ᠰᠠᠮᠠᠭᠤᠷᠠᠯ ᠢ ᠬᠦᠨᠳᠦ ᠰᠢᠢᠳᠬᠡᠯ ᠢᠶᠠᠷ ᠵᠠᠰᠠᠬᠤ ᠶᠢ ᠲᠤᠪᠤᠶᠢᠯᠭᠠᠵᠤ᠂ ᠢᠷᠭᠡᠨ ᠤ | ᠬᠡᠷᠡᠭ᠂ ᠵᠠᠰᠠᠭ ᠵᠠᠬᠢᠷᠭᠠᠨ᠂ ᠡᠷᠡᠭᠦᠦ ᠶᠢᠨ ᠬᠡᠷᠡᠭ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠤᠯᠢ ᠶᠢ | ᠵᠥᠷᠢᠴᠡᠭᠰᠡᠨ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠵᠢᠴᠢ ᠲᠡᠭᠦᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ ᠳᠤ ᠨᠡᠩ ᠴᠢᠩᠭ᠎ᠠ ᠰᠢᠢᠳᠬᠡᠯ ᠥᠭᠴᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ | ᠤᠷᠳᠤ ᠰᠢᠳᠦ ᠲᠠᠢ ᠥᠷᠭᠡᠰᠦ ᠲᠠᠢ ᠪᠠᠶᠢᠬᠤ︾ ᠶᠢ ᠦᠨᠡᠨ ᠬᠦ ᠪᠠᠲᠤᠯᠠᠪᠠ᠃ ︽ᠳᠦᠷᠢᠮ︾ ᠳᠤ ᠨᠢᠭᠡ ᠲᠠᠯ᠎ᠠ ᠪᠠᠷ | ᠬᠠᠤᠯᠢ ᠶᠢ ᠵᠥᠷᠢᠴᠡᠭᠰᠡᠨ ᠬᠡᠰᠡᠭ ᠠᠵᠢᠯᠯᠠᠭ᠎ᠠ ᠶᠢᠨ ᠡᠬᠢᠯᠡᠵᠦ ᠲᠣᠷᠭᠠᠬᠤ ᠴᠡᠭ ᠢ ᠳᠡᠭᠡᠭᠰᠢᠯᠡᠭᠦᠯᠪᠡ᠂ ᠵᠢᠱᠢᠶᠡᠯᠡᠪᠡᠯ | ᠡᠩ ᠤᠨ ᠡ᠊ᠨᠳᠡᠯ ᠭᠠᠷᠤᠭᠰᠠᠨ ᠪᠠᠶᠢᠪᠠᠯ᠂ 50 ᠲᠦᠮᠡᠨ ᠲᠥᠭᠦᠷᠢᠭ ᠠᠴᠠ ᠳᠡᠭᠡᠭᠰᠢ 100 ᠲᠦᠮᠡᠨ | ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ ᠭᠡᠵᠦ ᠲᠣᠭᠲᠠᠭᠠᠵᠠᠢ᠃ ᠨᠦᠬᠦᠭᠡ | ᠲᠠᠯ᠎ᠠ ᠪᠠᠷ᠂ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠠᠵᠢᠯᠯᠠᠭ᠎ᠠ ᠳᠤ ︽ᠳᠠᠪᠬᠤᠷ ᠰᠢᠢᠳᠬᠡᠬᠦ ᠳᠦᠷᠢᠮ︾ ᠢ | ᠨᠡᠶᠢᠳᠡᠮ ᠲᠣᠭᠲᠠᠭᠠᠵᠤ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠢ ᠰᠢᠢᠳᠬᠡᠬᠦ ᠶᠢᠨ ᠬᠠᠮᠲᠤ ᠰᠢᠭᠤᠳ | ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ | ᠰᠢᠢᠳᠬᠡᠨ᠎ᠡ᠂ ᠲᠡᠭᠦᠨ ᠤ ᠵᠣᠷᠢᠯᠭ᠎ᠠ ᠨᠢ ᠳᠠᠷᠤᠢ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠢ ᠵᠠᠯᠬᠠᠭᠠᠨ | ᠰᠢᠢᠳᠬᠡᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠨᠡᠭᠦᠷᠡᠰᠦᠨ ᠤ ᠠᠭᠤᠷᠬᠠᠢ ᠶᠢᠨ ᠠᠵᠤ ᠠᠬᠤᠶᠢᠯᠠᠯ ᠳᠤ ᠠᠶᠤᠯᠭᠦᠢ | ᠦᠢᠯᠡᠳᠪᠦᠷᠢᠯᠡᠯ ᠤᠨ ᠳᠠᠷᠤᠯᠲᠠ ᠶᠢ ᠤᠯᠠᠮ ᠳᠠᠮᠵᠢᠭᠤᠯᠬᠤ ᠵᠣᠷᠢᠯᠭ᠎ᠠ ᠪᠠᠷ ᠶᠤᠮ᠃ ᠡᠭᠦᠨ ᠠᠴᠠ ᠭᠠᠳᠠᠨ᠎ᠠ᠂ ︽ | ᠳᠦᠷᠢᠮ︾ ᠳᠤ ᠪᠠᠰᠠ ᠣᠷᠣᠨ ᠨᠤᠲᠤᠭ ᠤᠨ ᠵᠠᠰᠠᠭ ᠤᠨ ᠣᠷᠳᠣᠨ ᠪᠠ ᠨᠡᠭᠦᠷᠡᠰᠦᠨ ᠤ ᠠᠭᠤᠷᠬᠠᠢ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ | ᠠᠵᠢᠯᠲᠠᠨ ᠳᠤ ᠬᠠᠤᠯᠢ ᠶᠣᠰᠣᠭᠠᠷ ᠰᠢᠢᠳᠬᠡᠯ ᠣᠯᠭᠤᠬᠤ ᠪᠠᠶᠢᠳᠠᠯ ᠢ ᠨᠥᠬᠦᠪᠦᠷᠢᠯᠡᠨ ᠨᠠᠷᠢᠯᠢᠭᠵᠢᠭᠤᠯᠵᠤ᠂ | ᠬᠠᠷᠢᠭᠤᠴᠠᠯᠭ᠎ᠠ ᠬᠦᠯᠢᠶᠡᠯᠭᠡᠬᠦ ︽ᠥᠨᠳᠥᠷ ᠬᠦᠴᠦᠳᠡᠯᠲᠦ ᠴᠠᠬᠢᠯᠭᠠᠨ ᠤᠲᠠᠰᠤ︾ ᠭᠠᠷᠭᠠᠪᠠ᠃ | | | | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠮᠵᠢᠯᠠᠨ ᠨᠡᠶᠢᠲᠡᠯᠡᠭᠰᠡᠨ ︽ᠨᠡᠭᠦᠷᠡᠰᠦᠨ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠳᠦᠷᠢᠮ︾ | |