| | | ᠨᠢᠭᠡ᠂ ᠲᠤᠭᠤᠷᠪᠢᠭᠰᠠᠨ ᠦᠨᠳᠦᠰᠦᠯᠡᠯ ᠪᠣᠯᠣᠨ ᠠᠴᠢ ᠬᠤᠯᠪᠣᠭᠳᠠᠯ | | ᠮᠠᠨ ᠤ ᠬᠤᠰᠢᠭᠤᠨ ᠤ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠤᠯᠠᠮ | ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠵᠦ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠣᠷᠢᠯᠭ᠎ᠠ ᠪᠠᠷ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠯᠠ ᠮᠥᠩᠭᠦ᠂ ᠮᠡᠷᠭᠡᠵᠢᠯ᠂ ᠴᠢᠳᠠᠪᠤᠷᠢᠲᠠᠨ ᠪᠠ ᠲᠡᠷᠢᠭᠦᠨ ᠤ ᠬᠠᠮᠢᠶᠠᠷᠤᠯᠲᠠ ᠶᠢᠨ | ᠦᠵᠡᠯ ᠪᠠᠷᠢᠮᠲᠠᠯᠠᠯ ᠢ ᠢᠳᠡᠪᠬᠢᠲᠡᠶ ᠲᠠᠲᠠᠪᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ | ᠲᠥᠯᠥᠪᠵᠢᠭᠦᠯᠵᠦ᠂ ︽ᠠᠮᠢ ᠠᠬᠤᠢ ᠶᠢ ᠠᠵᠤ ᠦᠢᠯᠡᠰᠵᠢᠭᠦᠯᠵᠦ᠂ ᠠᠵᠤ ᠦᠢᠯᠡᠰ ᠢ ᠠᠮᠢ ᠠᠬᠤᠶᠢᠵᠢᠭᠤᠯᠬᠤ︾ | ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ ᠲᠤᠬᠠᠶ ᠰᠠᠨᠠᠯ ᠤᠳ︾ ︵ᠲᠥᠪ ᠲᠠᠷᠬᠠᠭᠠᠭᠰᠠᠨ ﹇ 2015 | ﹈ 8 ᠳ᠋ᠤᠭᠠᠷ ᠲᠣᠭᠠᠲᠤ︶᠂ ︽ᠪᠥᠬᠦ ᠤᠯᠤᠰ ᠤᠨ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠵᠦᠭᠯᠡᠭᠦᠷ︾ | ︵ᠣᠶ ᠡᠯᠡᠰᠦ ᠲᠠᠷᠬᠠᠭᠠᠭᠰᠠᠨ ﹇ 2022﹈ 9 ᠳ᠋ᠦ᠋ᠭᠡᠷ ᠲᠣᠭᠠᠲᠤ︶ ᠵᠢᠴᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠨᠠᠮ | ᠲᠠᠷᠬᠠᠭᠠᠭᠰᠠᠨ ﹇2020﹈ 17 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ | ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ ᠠᠮᠢ ᠠᠬᠤᠶ ᠶᠢᠨ | ᠡᠯᠡᠰᠦᠨ ᠤ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃ | | | ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠬᠤ ᠠᠵᠤ ᠠᠬᠤᠶᠢᠯᠠᠯ ᠪᠣᠯ ᠠᠯᠠᠱᠠ ᠵᠡᠭᠦᠨ | ᠬᠤᠰᠢᠭᠤᠨ ᠳᠤ ᠪᠦᠷᠢᠳᠬᠡᠯ ᠲᠠᠢ ᠪᠥᠭᠡᠳ ᠬᠠᠤᠯᠢ ᠶᠣᠰᠣᠭᠠᠷ ᠡᠵᠡᠩᠨᠡᠵᠦ ᠭᠠᠶᠢᠯᠢ ᠲᠤᠰᠢᠶᠠᠭᠰᠠᠨ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ | ᠪᠣᠯᠣᠨ᠎ᠠ᠃ | | ᠬᠤᠶᠠᠷ᠂ ᠲᠤᠭᠤᠷᠪᠢᠭᠰᠠᠨ ᠶᠠᠪᠤᠴᠠ | | ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠣᠶ ᠰᠢᠭᠤᠢ ᠨᠤᠲᠤᠭ ᠪᠡᠯᠴᠢᠭᠡᠷ ᠤᠨ | ᠲᠣᠪᠴᠢᠶ᠎ᠠ ᠶᠢᠨ ᠬᠢᠨ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠤᠳᠤᠷᠢᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ | ᠶᠣᠰᠣᠭᠠᠷ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠠᠯᠠᠱᠠ | ᠵᠡᠭᠦᠨ ᠬᠤᠰᠢᠭᠤᠨ ᠤ ᠡᠯᠡᠰᠦᠨ ᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠬᠡᠪᠯᠡᠨ ᠲᠠᠷᠬᠠᠭᠠᠬᠤ ᠲᠤᠬᠠᠢ | ᠮᠡᠳᠡᠭᠳᠡᠯ ︵ᠠᠯᠠᠱᠠ ᠵᠡᠭᠦᠨ ᠬᠤᠰᠢᠭᠤᠨ ᠤ ᠵᠠᠰᠠᠭ ᠠᠯᠪᠠᠨ ᠲᠠᠷᠬᠠᠭᠠᠭᠰᠠᠨ ﹇2017﹈ 230 ᠳ᠋ᠤᠭᠠᠷ ᠲᠣᠭᠠᠲᠤ︶ | ᠢ ᠰᠢᠯᠵᠢᠭᠦᠯᠦᠨ ᠠᠪᠴᠢᠷᠠᠬᠤ ᠪᠠᠷ ᠳᠠᠮᠵᠢᠭᠤᠯᠤᠨ᠂ ︽ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢᠨ ᠡᠬᠡ ᠨᠣᠣᠷᠠᠭ ᠢ ᠲᠤᠭᠤᠷᠪᠢᠵᠤ᠂ ᠬᠤᠰᠢᠭᠤᠨ ᠰᠢᠭᠤᠳ ᠬᠠᠷᠢᠶ᠎ᠠ | ᠬᠤᠯᠪᠣᠭᠳᠠᠬᠤ ᠨᠢᠭᠡᠴᠢ ᠠᠴᠠ ᠬᠠᠷᠢᠭᠤ ᠲᠤᠰᠬᠠᠭᠰᠠᠨ ᠰᠠᠨᠠᠯ ᠬᠤᠷᠢᠶᠠᠪᠠ᠃ ᠡᠭᠦᠨ ᠤ ᠬᠠᠮᠲᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ | ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ᠶᠢᠨ ᠲᠣᠭᠲᠠᠭᠠᠯ ᠶᠣᠰᠣᠭᠠᠷ᠂ ᠠᠯᠠᠱᠠ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠭᠰᠠᠨ | ᠰᠠᠨᠠᠯ ᠤᠨ ᠪᠢᠴᠢᠭ ᠮᠠᠲ᠋ᠧᠷᠢᠶᠠᠯ ᠭᠠᠷᠭᠠᠪᠠ᠃ ᠠᠯᠠᠱᠠ ᠵᠡᠭᠦᠨ ᠬᠤᠰᠢᠭᠤᠨ ᠤ 2023 ᠣᠨ ᠤ 12 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠳᠡᠮᠵᠢᠨ ᠰᠤᠳᠤᠯᠤᠨ ᠪᠠᠲᠤᠯᠠᠭᠠᠳ᠂ ᠠᠯᠠᠱᠠ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ ︵ᠠᠯᠠᠱᠠ ᠵᠡᠭᠦᠨ ᠵᠠᠰᠠᠭ | ᠠᠯᠪᠠᠨ ᠲᠠᠷᠬᠠᠭᠠᠭᠰᠠᠨ ﹇2023﹈ 46 ᠳ᠋ᠤᠭᠠᠷ ᠲᠣᠭᠠᠲᠤ︶ ᠢ 2023 ᠣᠨ ᠤ 9 ᠳ᠋ᠦ᠋ᠭᠡᠷ ᠰᠠᠷ᠎ᠠ ᠶᠢᠨ 25 ᠤ | ᠡᠳᠦᠷ ᠬᠡᠪᠯᠡᠨ ᠲᠠᠷᠬᠠᠭᠠᠪᠠ᠃ | | ᠭᠤᠷᠪᠠ᠂ ᠭᠤᠣᠯ ᠠᠭᠤᠯᠭ᠎ᠠ | | ︽ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ | ᠨᠢ ᠨᠡᠶᠢᠲᠡ ᠠᠷᠪᠠ ᠶᠢᠰᠦᠨ ᠵᠦᠢᠯ ᠲᠠᠢ᠂ ᠭᠤᠣᠯ ᠠᠭᠤᠯᠭ᠎ᠠ ᠶᠢᠨ ᠲᠣᠪᠴᠢᠯᠠᠯ ᠨᠢ ᠳᠠᠷᠠᠭᠠᠬᠢ ᠬᠡᠳᠦᠨ ᠲᠠᠯ᠎ᠠ ᠪᠣᠢ᠄ | | | ︵ᠨᠢᠭᠡ︶ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠳᠠᠭᠠᠭᠠᠴᠢᠯᠠᠯᠲᠠ ᠵᠠᠷᠯᠠᠨ ᠳᠠᠭᠤᠳᠠᠯᠭ᠎ᠠ | ᠬᠤᠳᠠᠯᠳᠤᠬᠤ᠂ ᠢᠯᠡ ᠵᠠᠷᠯᠠᠬᠤ᠂ ᠢᠯᠡ ᠪᠠᠷ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠭᠠᠵᠠᠷ | ᠰᠢᠷᠣᠢ ᠶᠢᠨ ᠬᠡᠷᠡᠭᠯᠡᠬᠦ ᠡᠷᠬᠡ ᠣᠯᠬᠤ ᠶᠢ ᠵᠣᠷᠢᠭᠵᠢᠭᠤᠯᠤᠨ᠎ᠠ᠃ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠠᠵᠤ ᠦᠢᠯᠡᠳᠪᠦᠷᠢ ᠳᠤ ᠬᠡᠷᠡᠭᠯᠡᠬᠦ | ᠭᠠᠵᠠᠷ ᠰᠢᠷᠣᠢ ᠶᠢ ᠡᠷᠭᠢᠯᠡᠨ ᠬᠢᠬᠦ ᠳᠤ᠂ ᠤᠯᠤᠰ ᠤᠨ ᠡᠯ᠎ᠡ ᠲᠥᠷᠥᠯ ᠤᠨ ᠠᠵᠤ ᠦᠢᠯᠡᠰ ᠲᠤ ᠬᠡᠷᠡᠭᠯᠡᠬᠦ ᠭᠠᠵᠠᠷ | ᠰᠢᠷᠣᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠪᠣᠳᠠᠲᠠᠢ ᠲᠠᠢ ᠪᠠᠨ | ᠤᠶᠠᠯᠳᠤᠭᠤᠯᠤᠨ᠂ ᠭᠠᠵᠠᠷ ᠤᠨ ᠦᠨᠡᠯᠡᠭᠡᠨ ᠤ ᠳ᠋ᠦᠩ ᠢ ᠦᠨᠳᠦᠰᠦᠯᠡᠨ ᠭᠠᠵᠠᠷ ᠤᠨ ᠦᠨ᠎ᠡ ᠶᠢ ᠲᠣᠭᠲᠠᠭᠠᠨ᠎ᠠ ᠃ | ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠬᠠᠷᠢᠶᠠᠨ ᠤ ᠵᠠᠭᠠᠭ ᠠᠴᠠ ᠭᠠᠳᠠᠨᠠᠬᠢ ᠲᠤᠰᠠᠭᠠᠷ ᠭᠠᠵᠠᠷ ᠰᠣᠩᠭᠤᠬᠤ | ᠲᠥᠷᠥᠯ ᠵᠦᠢᠯ ᠳᠤ ︽ᠪᠥᠬᠦ ᠤᠯᠤᠰ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠬᠢᠮᠳᠠ ᠪᠠᠷ | ᠬᠤᠳᠠᠯᠳᠤᠬᠤ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ︾ ᠶᠣᠰᠣᠭᠠᠷ ᠬᠡᠷᠡᠭᠵᠢᠭᠦᠯᠵᠦ᠂ ᠬᠦᠷᠢᠶᠡᠯᠡᠩ | ᠲᠣᠭᠤᠷᠢᠭ ᠤᠨ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢᠨ ᠪᠠᠲᠤᠯᠠᠭ᠎ᠠ ᠶᠢᠨ ᠠᠵᠢᠯ ᠢ ᠤᠯᠠᠮ ᠰᠠᠶᠢᠲᠤᠷ | ᠭᠦᠢᠴᠡᠳᠬᠡᠨ᠎ᠡ᠃ | | ︵ᠬᠤᠶᠠᠷ︶ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠲᠤᠰᠬᠠᠢ ᠵᠦᠢᠯ ᠢᠶᠠᠷ ᠲᠡᠳᠬᠦᠬᠦ ᠪᠡᠯᠡ | ᠮᠥᠩᠭᠦ ᠶᠢ ᠪᠠᠶᠢᠭᠤᠯᠵᠤ᠂ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠲᠥᠷᠥᠯ ᠵᠦᠢᠯ ᠢ ᠱᠠᠩᠨᠠᠨ ᠲᠡᠳᠬᠦᠬᠦ᠂ ᠪᠠᠩᠬᠢ ᠶᠢᠨ | ᠵᠢᠭᠡᠯᠡᠯᠭᠡ ᠶᠢᠨ ᠳᠠᠮ ᠬᠦᠦ ᠵᠡᠷᠭᠡ ᠳᠤ ᠬᠡᠷᠡᠭᠯᠡᠨ᠎ᠡ᠃ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠤᠷᠤᠯᠳᠤᠭᠠᠨ ᠤ ᠡᠯᠡᠰᠦᠨ ᠤ ᠠᠵᠤ ᠦᠢᠯᠡᠰ ᠤᠨ ᠲᠤᠰᠬᠠᠢ ᠮᠡᠷᠭᠡᠵᠢᠯ ᠤᠨ ᠤᠷᠤᠯᠳᠤᠭᠠᠨ ᠳᠤ ᠱᠠᠩᠨᠠᠯ | ᠣᠯᠣᠭᠰᠠᠨ ᠪᠠᠶᠢᠪᠠᠯ᠂ ᠱᠠᠩᠨᠠᠯ ᠣᠯᠣᠭᠰᠠᠨ ᠲᠠᠰ ᠳᠠᠷᠠᠭᠠᠯᠠᠯ ᠢᠶᠠᠷ ᠲᠣᠰ ᠲᠣᠰ ᠠᠳᠠᠯᠢ ᠪᠤᠰᠤ ᠲᠤᠭ᠎ᠠ ᠬᠡᠮᠵᠢᠶ᠎ᠡ ᠪᠠᠷ | ᠱᠠᠩᠨᠠᠨ᠎ᠠ︔ ᠬᠥᠭᠵᠢᠯᠲᠡ ᠶᠢᠨ ᠬᠡᠲᠦ ᠶᠢᠨ ᠲᠥᠯᠥᠪ ᠥᠷᠭᠡᠨ ᠠᠭᠤᠳᠠᠮ ᠪᠥᠭᠡᠳ ᠠᠯᠠᠱᠠ ᠵᠡᠭᠦᠨ ᠬᠤᠰᠢᠭᠤᠨ ᠳᠤ | ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠳᠤᠮᠳᠠ ᠵᠢᠵᠢᠭ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ᠂ ᠲᠥᠷᠥᠯ ᠵᠦᠢᠯ ᠤᠨ ᠬᠡᠷᠡᠭᠴᠡᠭᠡ ᠶᠢ | ᠦᠨᠳᠦᠰᠦᠯᠡᠨ ᠰᠦᠢᠳᠬᠡᠯ ᠬᠤᠷᠢᠶᠠᠬᠤ ᠦᠭᠡᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠳᠤ ᠬᠡᠷᠡᠭᠯᠡᠬᠦ ᠭᠠᠵᠠᠷ | ᠲᠠᠯᠠᠪᠤᠷ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠤᠯᠪᠣᠭᠳᠠᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠃ | | ︵ᠭᠤᠷᠪᠠ︶ ᠲᠡᠷᠢᠭᠦᠨ ᠤ ᠮᠡᠷᠭᠡᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠨ | ᠠᠪᠴᠤ ᠠᠯᠠᠱᠠ ᠵᠡᠭᠦᠨ ᠬᠤᠰᠢᠭᠤᠨ ᠤ ᠳᠠᠭᠠᠭᠤᠯᠤᠨ ᠡᠷᠭᠢᠯᠡᠭᠰᠡᠨ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠳᠤ ᠬᠦᠷᠴᠦ᠂ ᠠᠩᠬ᠎ᠠ | ᠤᠳᠠᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠮᠠᠭᠠᠳᠯᠠᠨ | ᠲᠣᠭᠲᠠᠭᠠᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠳᠤ 2 ᠲᠦᠮᠡᠨ ᠲᠥᠭᠦᠷᠢᠭ ᠤᠨ ᠰᠤᠳᠤᠯᠤᠨ ᠨᠡᠭᠡᠭᠡᠭᠰᠡᠨ ᠤ | ᠳᠠᠷᠠᠭᠠᠬᠢ ᠨᠥᠬᠦᠪᠦᠷᠢ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠶᠢᠨ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠲᠦᠰᠢᠭᠯᠡᠨ ᠪᠠᠶᠢᠭᠤᠯᠤᠭᠰᠠᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠲᠥᠪ ᠲᠤ ᠦᠨᠡᠮᠰᠢᠭᠦᠯᠬᠦ ᠪᠠᠷ ᠳᠡᠮᠵᠢᠨ ᠨᠢᠭᠡ ᠤᠳᠠᠭ᠎ᠠ ᠶᠢᠨ ᠴᠢᠨᠠᠷᠲᠠᠢ ᠪᠠᠷ 2 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠣᠯᠭᠤᠨ᠎ᠠ᠃ | | ︵ᠳᠥᠷᠪᠡ︶ ᠠᠵᠤ ᠠᠬᠤᠶᠢᠯᠠᠯ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠪᠠᠶᠢᠭᠤᠯᠤᠮᠵᠢ | ᠵᠡᠷᠭᠡ ᠨᠡᠶᠢᠭᠡᠮ ᠤᠨ ᠬᠦᠴᠦᠨ ᠤ ᠠᠯᠠᠱᠠ ᠵᠡᠭᠦᠨ ᠬᠤᠰᠢᠭᠤᠨ ᠳᠤ ᠢᠷᠡᠵᠦ ᠪᠡᠯᠡ ᠣᠷᠣᠭᠤᠯᠤᠨ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ ᠪᠦᠲᠦᠭᠡᠨ ᠪᠠᠶᠢᠭᠤᠯᠬᠤ ᠶᠢ | ᠳᠡᠮᠵᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠨᠡᠪᠴᠢᠭᠦᠯᠦᠭᠦᠷ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠪᠥᠭᠡᠳ ᠭᠡᠷᠡᠴᠢᠯᠡᠯ ᠣᠯᠣᠭᠰᠠᠨ ᠪᠠᠶᠢᠪᠠᠯ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ ᠵᠡᠷᠭᠡ ᠲᠠᠯ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠥᠷᠳᠡᠵᠦ ᠪᠣᠯᠣᠨ᠎ᠠ᠃ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠤ ᠳᠠᠷᠠᠭ᠎ᠠ 3 ᠵᠢᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠪᠴᠢᠭᠦᠯᠬᠦ ᠲᠠᠯᠠᠪᠤᠷ ᠤᠨ ᠰᠦᠢᠳᠬᠡᠯ ᠬᠤᠷᠢᠶᠠᠬᠤ ᠦᠭᠡᠢ ᠪᠠᠷ ᠬᠡᠷᠡᠭᠯᠡᠬᠦ ᠲᠥᠷᠥ ᠶᠢᠨ | ᠪᠣᠳᠣᠯᠭ᠎ᠠ ᠶᠢ ᠭᠥᠷᠳᠡᠨ᠎ᠡ᠃ ᠨᠢᠭᠡᠨᠲᠡ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠳᠤ ᠴᠢᠨᠠᠷ ᠰᠠᠶᠢᠲᠠᠢ ᠠᠵᠤ ᠠᠬᠤᠶᠢᠯᠠᠯ ᠢ | ᠪᠣᠶᠢᠵᠢᠭᠤᠯᠬᠤ ᠶᠢ ᠵᠣᠷᠢᠭᠵᠢᠭᠤᠯᠵᠤ᠂ ᠪᠣᠶᠢᠵᠢᠭᠤᠯᠤᠭᠰᠠᠨ ᠠᠵᠤ ᠠᠬᠤᠶᠢᠯᠠᠯ ᠢ 3 ᠵᠢᠯ ᠤᠨ ᠳᠣᠲᠣᠷ᠎ᠠ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ᠂ ᠪᠣᠶᠢᠵᠢᠭᠤᠯᠤᠭᠰᠠᠨ ᠲᠠᠯ᠎ᠠ ᠳᠤ ᠨᠢᠭᠡ | ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ 3 ᠲᠦᠮᠡᠨ ᠲᠥᠭᠦᠷᠢᠭ ᠣᠯᠭᠤᠨ᠎ᠠ︔ 3 ᠵᠢᠯ ᠤᠨ ᠳᠣᠲᠣᠷ᠎ᠠ | ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠳᠤ ᠪᠣᠶᠢᠵᠢᠭᠤᠯᠬᠤ ᠲᠠᠯ᠎ᠠ ᠳᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ 1 ᠲᠦᠮᠡᠨ | ᠲᠥᠭᠦᠷᠢᠭ ᠣᠯᠭᠤᠵᠤ᠂ ᠨᠥᠬᠦᠪᠦᠷᠢ ᠮᠥᠩᠭᠦ ᠶᠢ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠪᠦᠲᠦᠴᠡ ᠪᠠ ᠴᠢᠳᠠᠪᠤᠷᠢ ᠶᠢᠨ ᠪᠠᠶᠢᠭᠤᠯᠤᠯᠲᠠ ᠳᠤ ᠵᠠᠷᠤᠴᠠᠭᠤᠯᠤᠭᠳᠠᠨᠠ᠃ | | ︵ᠲᠠᠪᠤ︶ ᠬᠦᠷᠢᠶᠡᠯᠡᠩ ᠲᠣᠭᠤᠷᠢᠭ ᠲᠤ ᠣᠷᠣᠭᠰᠠᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠦᠬᠦᠨ ᠤ | ᠲᠥᠯᠥᠪᠵᠢᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ ᠬᠦᠷᠢᠶᠡᠯᠡᠩ ᠲᠣᠭᠤᠷᠢᠭ ᠤᠨ | ᠲᠥᠯᠥᠪᠵᠢᠭᠦᠯᠦᠭᠰᠡᠨ ᠪᠡᠯᠡ ᠣᠷᠣᠭᠤᠯᠤᠯᠲᠠ ᠶᠢᠨ ᠬᠦᠴᠦᠯᠡᠴᠡ ᠳᠤ ᠬᠦᠷᠴᠦ᠂ ᠬᠦᠷᠢᠶᠡᠯᠡᠩ ᠲᠣᠭᠤᠷᠢᠭ ᠤᠨ | ᠲᠥᠯᠥᠪᠵᠢᠭᠦᠯᠦᠭᠰᠡᠨ ᠪᠡᠯᠡ ᠣᠷᠣᠭᠤᠯᠤᠯᠲᠠ ᠶᠢᠨ ᠬᠦᠴᠦᠯᠡᠴᠡ ᠠᠴᠠ 2000 ᠲᠦᠮᠡᠨ ᠲᠥᠭᠦᠷᠢᠭ ᠠᠷᠠᠳ ᠤᠨ | ᠵᠣᠭᠤᠰ ᠠᠴᠠ ᠳᠡᠭᠡᠭᠰᠢ ᠳᠠᠪᠠᠭᠰᠠᠨ ᠪᠠᠶᠢᠪᠠᠯ᠂ ᠲᠡᠭᠦᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠬᠦᠭᠡᠷᠦᠮᠵᠢ | ᠬᠤᠳᠠᠯᠳᠤᠨ ᠠᠪᠬᠤ᠂ ᠦᠢᠯᠡᠳᠪᠦᠷᠢᠯᠡᠯ ᠤᠨ ᠱᠤᠭᠤᠮ ᠪᠠᠶᠢᠭᠤᠯᠬᠤ ᠳᠤ ᠬᠡᠷᠡᠭᠯᠡᠭᠰᠡᠨ ᠵᠢᠭᠡᠯᠡᠯᠭᠡ ᠳᠤ 3 ᠵᠢᠯ ᠤᠨ | ᠳᠣᠲᠣᠷ᠎ᠠ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠶᠣᠰᠣᠭᠠᠷ | 50% ᠶᠢᠨ ᠳᠠᠮ ᠬᠦᠦ ᠣᠯᠭᠤᠨ᠎ᠠ᠃ | | ︵ᠵᠢᠷᠭᠤᠭ᠎ᠠ︶ ᠠᠯᠠᠱᠠ ᠵᠡᠭᠦᠨ ᠬᠤᠰᠢᠭᠤᠨ ᠳᠤ ᠪᠦᠷᠢᠳᠬᠡᠯ ᠲᠠᠢ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠠᠵᠤ ᠠᠬᠤᠶᠢᠯᠠᠯ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠨᠡᠮᠰᠢᠯ ᠢ | ᠣᠯᠣᠭᠰᠠᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠨᠡᠮᠰᠢᠯ ᠢ ᠠᠩᠬ᠎ᠠ ᠤᠳᠠᠭ᠎ᠠ | ᠵᠥᠪᠰᠢᠶᠡᠷᠡᠭᠰᠡᠨ ᠠᠵᠤ ᠠᠬᠤᠶᠢᠯᠠᠯ ᠪᠦᠬᠦᠨ ᠳᠤ 40 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ | ᠳᠡᠮᠵᠢᠯᠭᠡ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠨ᠎ᠠ︔ ᠰᠢᠨ᠎ᠡ ᠪᠠᠷ ᠨᠤᠲᠠᠯᠠᠨ ᠲᠣᠭᠲᠠᠭᠠᠭᠰᠠᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠳᠤ 5 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ | ᠵᠠᠷᠤᠳᠠᠯ ᠤᠨ ᠳᠡᠮᠵᠢᠯᠭᠡ ᠣᠯᠭᠤᠨ᠎ᠠ ᠡᠭᠦᠨ ᠤ ᠬᠠᠮᠲᠤ᠂ ᠬᠤᠰᠢᠭᠤᠨ ᠵᠠᠰᠠᠭ ᠤᠨ ᠣᠷᠳᠣᠨ ᠤ ᠬᠤᠯᠪᠣᠭᠳᠠᠬᠤ | ᠬᠤᠯᠪᠣᠭᠳᠠᠬᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠳᠡᠭᠡᠳᠦ ᠱᠠᠲᠤᠨ ᠤ ᠲᠤᠰᠬᠠᠢ | ᠪᠡᠯᠡ ᠮᠥᠩᠭᠦ ᠪᠠ ᠪᠠᠩᠬᠢ ᠶᠢᠨ ᠵᠢᠭᠡᠯᠡᠯᠭᠡ ᠶᠢ ᠣᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠨ᠎ᠡ | ᠃ | | | | | ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠣᠶ ᠰᠢᠭᠤᠢ | ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠬᠤ᠋ ᠱᠧᠩ ᠳ᠋ᠧ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠠᠮᠢ | ᠠᠬᠤᠢ ᠶᠢᠨ ᠡᠯᠡᠰᠦᠨ ᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠳᠤ ᠬᠠᠷᠠᠭᠠᠯᠵᠠᠯ ᠦᠵᠡᠭᠦᠯᠬᠦ | ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠬᠡᠪᠯᠡᠨ ᠲᠠᠷᠬᠠᠭᠠᠬᠤ ᠲᠤᠬᠠᠢ ᠠᠯᠠᠱᠠ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ᠤᠨ ᠲᠤᠬᠠᠢ ᠲᠠᠶᠢᠯᠤᠮᠵᠢ | | | | | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ | | |