| | | ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠯᠲᠠ | ᠬᠠᠮᠠᠭᠠᠯᠠᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | | | ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ | ᠶᠢᠨ ᠠᠵᠢᠯ ᠢ ᠠᠬᠢᠭᠤᠯᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠢᠰᠲ᠋ᠧᠮ ᠢ | ᠲᠡᠭᠦᠯᠳᠡᠷᠵᠢᠭᠦᠯᠦᠨ᠂ ᠲᠠᠷᠢᠶᠠᠨ ᠭᠠᠵᠠᠷ ᠤᠨ ᠤᠰᠤᠯᠠᠯᠲᠠ ᠶᠢᠨ ᠲᠥᠬᠦᠭᠡᠷᠦᠮᠵᠢ ᠶᠢᠨ ᠰᠠᠶᠢᠨ ᠠᠵᠢᠯᠯᠠᠭᠠᠨ ᠢ | ᠪᠠᠲᠤᠯᠠᠵᠤ᠂ ᠲᠠᠷᠢᠶᠠᠯᠠᠩ ᠤᠨ ᠣᠳᠣᠬᠢᠴᠢᠯᠠᠯᠲᠠ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠣᠷᠢᠯᠭ᠎ᠠ ᠪᠠᠷ | ᠶᠤᠮ᠃ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ | ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠬᠠᠮᠢᠶᠠᠷᠤᠨ | ᠬᠠᠮᠠᠭᠠᠯᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠬᠡᠪᠯᠡᠨ ᠲᠠᠷᠬᠠᠭᠠᠵᠤ᠂ ︽ᠠᠷᠭ᠎ᠠ︾ | ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠶ᠎ᠠ᠄ | | ᠨᠢᠭᠡ᠂ ︽ᠠᠷᠭ᠎ᠠ︾ ᠶᠢ ᠲᠤᠭᠤᠷᠪᠢᠭᠰᠠᠨ ᠦᠨᠳᠦᠰᠦᠯᠡᠯ ᠪᠠ ᠠᠴᠢ ᠬᠤᠯᠪᠣᠭᠳᠠᠯ | | | 2016 ᠣᠨ ᠤ 1ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠲᠤᠬᠠᠢ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 2 ᠳ᠋ᠤᠭᠠᠷ ᠲᠣᠭᠠᠲᠤ︶ ᠢ ᠬᠡᠪᠯᠡᠨ ᠲᠠᠷᠬᠠᠭᠠᠵᠤ᠂ | ᠢᠨᠵᠧᠨᠧᠷᠢᠩ ᠢ ᠰᠡᠯᠪᠢᠨ ᠵᠠᠰᠠᠵᠤ ᠵᠠᠰᠠᠪᠤᠷᠢ ᠦᠢᠯᠡᠴᠢᠯᠡᠭᠡ ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠲᠠᠷᠢᠶᠠᠯᠠᠩ ᠪᠣᠯ ᠠᠯᠠᠱᠠ ᠵᠡᠭᠦᠨ ᠬᠤᠰᠢᠭᠤᠨ ᠤ ᠤᠰᠤ ᠬᠡᠷᠡᠭᠯᠡᠬᠦ ᠲᠣᠮᠣ ᠡᠷᠦᠬᠡ ᠪᠥᠭᠡᠳ ᠤᠰᠤ ᠠᠷᠪᠢᠯᠠᠬᠤ ᠳᠠᠯᠳᠠ | ᠬᠦᠴᠦᠨ ᠮᠥᠨ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠠᠵᠢᠯᠯᠠᠭᠠᠨ ᠢ ᠬᠠᠮᠠᠭᠠᠯᠠᠬᠤ | ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠴᠢᠳ ᠤᠨ ᠵᠦᠢ ᠵᠣᠬᠢᠰᠲᠠᠢ | ᠤᠰᠤᠯᠠᠯᠲᠠ ᠶᠢᠨ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠨ᠂ ᠤᠰᠤ ᠬᠠᠩᠭᠠᠬᠤ ᠥᠪᠡᠷ ᠤᠨ ᠥᠷᠲᠡᠭ ᠢ | ᠪᠦᠲᠦᠮᠵᠢᠲᠡᠶ ᠪᠠᠭᠤᠷᠠᠭᠤᠯᠵᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠠᠵᠢᠯ ᠢ ᠤᠯᠠᠮ ᠲᠦᠯᠬᠢᠨ ᠠᠬᠢᠭᠤᠯᠬᠤ ᠶᠢᠨ ᠰᠠᠭᠤᠷᠢ ᠪᠣᠯᠣᠨ᠎ᠠ᠃ | | ᠬᠤᠶᠠᠷ᠂ ︽ᠠᠷᠭ᠎ᠠ︾ ᠶᠢ ᠲᠤᠭᠤᠷᠪᠢᠭᠰᠠᠨ ᠦᠨᠳᠦᠰᠦᠯᠡᠯ | | 1. ᠤᠯᠤᠰ ᠤᠨ ︽ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2016﹈ 2 ᠳ᠋ᠤᠭᠠᠷ ᠲᠣᠭᠠᠲᠤ︶︔ | | 2. ᠥᠪᠡᠷᠲᠡᠭᠡᠨ ᠵᠠᠰᠠᠬᠤ ᠣᠷᠣᠨ ᠤ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠬᠡᠪᠯᠡᠨ ᠲᠠᠷᠬᠠᠭᠠᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 158 ᠳ᠋ᠤᠭᠠᠷ ᠲᠣᠭᠠᠲᠤ︶︔ | | 3. ᠠᠯᠠᠱᠠ ᠠᠶᠢᠮᠠᠭ ᠤᠨ ︽ᠠᠯᠠᠱᠠ ᠠᠶᠢᠮᠠᠭ ᠤᠨ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠬᠡᠪᠯᠡᠨ ᠲᠠᠷᠬᠠᠭᠠᠬᠤ ᠲᠤᠬᠠᠢ ᠠᠯᠠᠱᠠ | ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠠᠲᠠᠷ ᠲᠠᠷᠬᠠᠭᠠᠭᠰᠠᠨ ﹇2017﹈ 2 ᠳ᠋ᠤᠭᠠᠷ ᠲᠣᠭᠠᠲᠤ︶︔ | | 4. ︽ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ︿ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ﹀ ᠢ ᠬᠡᠪᠯᠡᠨ ᠲᠠᠷᠬᠠᠭᠠᠬᠤ ᠲᠤᠬᠠᠢ | ᠮᠡᠳᠡᠭᠳᠡᠯ︾ ︵ᠠᠯᠠᠱᠠ ᠵᠡᠭᠦᠨ ᠬᠤᠰᠢᠭᠤᠨ ᠤ ᠥᠭᠡᠷᠡᠴᠢᠯᠡᠯᠲᠡ ᠲᠠᠷᠬᠠᠭᠠᠭᠰᠠᠨ ﹇2017﹈ 8 ᠳ᠋ᠤᠭᠠᠷ ᠲᠣᠭᠠᠲᠤ | ︶ | | ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ | | ︽ᠠᠷᠭ᠎ᠠ︾ ᠶᠢ ᠲᠤᠯᠤᠭᠠᠨ ᠪᠦᠯᠦᠭ ᠲᠤ ᠬᠤᠪᠢᠶᠠᠵᠤ᠂ ᠨᠡᠶᠢᠲᠡ 24 ᠵᠦᠢᠯ ᠢᠶᠠᠷ ᠲᠣᠭᠲᠠᠭᠠᠵᠠᠢ᠃ ᠲᠣᠰ | ᠲᠣᠰ᠄ ᠶᠡᠷᠦᠩᠬᠡᠢ ᠳᠦᠷᠢᠮ᠂ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ᠂ ᠬᠠᠮᠢᠶᠠᠷᠴᠤ ᠬᠠᠮᠠᠭᠠᠯᠠᠬᠤ | ᠪᠠᠷᠢᠮᠵᠢᠶ᠎ᠠ᠂ ᠬᠠᠮᠢᠶᠠᠷᠴᠤ ᠬᠠᠮᠠᠭᠠᠯᠠᠬᠤ ᠠᠷᠭ᠎ᠠ ᠮᠠᠶ᠋ᠢᠭ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠤᠷᠠᠮᠳᠤᠭᠤᠯᠤᠨ | ᠬᠠᠮᠢᠶᠠᠷᠬᠤ ᠪᠠ ᠬᠡᠷᠡᠭᠯᠡᠬᠦ᠂ ᠬᠠᠷᠢᠭᠤᠴᠠᠯᠭ᠎ᠠ ᠬᠦᠯᠢᠶᠡᠯᠭᠡᠬᠦ ᠵᠢᠴᠢ ᠬᠠᠪᠰᠤᠷᠤᠯᠲᠠ ᠳᠦᠷᠢᠮ ᠵᠡᠷᠭᠡ ᠪᠣᠯᠣᠨ᠎ᠠ᠃ | | ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠪᠣᠯᠣᠨ᠎ᠠ᠄ ᠭᠤᠣᠯᠳᠠᠭᠤ ᠲᠣᠭᠲᠠᠭᠠᠭᠰᠠᠨ ᠵᠣᠷᠢᠯᠭ᠎ᠠ᠂ | ᠬᠠᠮᠤᠷᠬᠤ ᠬᠦᠷᠢᠶ᠎ᠡ ᠪᠠ ᠵᠠᠷᠴᠢᠮ ᠢ ᠲᠣᠳᠣᠷᠬᠠᠶᠢᠯᠠᠨ᠎ᠠ︔ | | ᠬᠤᠶᠠᠳᠤᠭᠠᠷ ᠪᠦᠯᠦᠭ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ᠄ ᠭᠤᠣᠯᠳᠠᠭᠤ ᠬᠠᠮᠢᠶᠠᠷᠴᠤ | ᠬᠠᠮᠠᠭᠠᠯᠠᠬᠤ ᠭᠤᠣᠯ ᠴᠣᠭᠴᠠ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔ | | ᠭᠤᠷᠪᠠᠳᠤᠭᠠᠷ ᠪᠦᠯᠦᠭ ᠪᠣᠯ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ ᠪᠣᠯᠣᠨ᠎ᠠ᠄ ᠭᠤᠣᠯᠳᠠᠭᠤ ᠡᠯ᠎ᠡ | ᠲᠦᠷᠦᠯ ᠤᠨ ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ ᠶᠢ | ᠲᠣᠳᠣᠷᠬᠠᠶᠢᠯᠠᠨ᠎ᠠ︔ | | ᠳᠥᠷᠪᠡᠳᠦᠭᠡᠷ ᠪᠦᠯᠦᠭ ᠪᠣᠯ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠪᠣᠯᠣᠨ᠎ᠠ᠄ ᠭᠤᠣᠯᠳᠠᠭᠤ ᠡᠯ᠎ᠡ | ᠲᠦᠷᠦᠯ ᠤᠨ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢᠨ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠵᠢᠴᠢ | ᠲᠠᠷᠢᠶᠠᠯᠠᠩ ᠤᠨ ᠤᠰᠤᠯᠠᠭ᠎ᠠ ᠶᠢᠨ ᠲᠥᠬᠦᠭᠡᠷᠦᠮᠵᠢ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ | ᠲᠣᠳᠣᠷᠬᠠᠶᠢᠯᠠᠨ᠎ᠠ︔ | | ᠲᠠᠪᠤᠳᠤᠭᠠᠷ ᠪᠦᠯᠦᠭ ᠬᠠᠮᠢᠶᠠᠷᠤᠨ ᠬᠠᠮᠠᠭᠠᠯᠠᠬᠤ ᠵᠠᠷᠤᠳᠠᠯ ᠢ ᠴᠤᠭᠯᠠᠭᠤᠯᠬᠤ ᠪᠠ ᠬᠡᠷᠡᠭᠯᠡᠬᠦ ᠵᠣᠷᠢᠯᠭ᠎ᠠ ᠪᠠᠷ᠄ | ᠭᠤᠣᠯᠳᠠᠭᠤ ᠬᠠᠮᠢᠶᠠᠷᠤᠨ ᠬᠠᠮᠠᠭᠠᠯᠠᠬᠤ ᠪᠡᠯᠡ ᠮᠥᠩᠭᠦ ᠶᠢᠨ ᠢᠷᠡᠯᠲᠡ ᠪᠠ ᠬᠠᠮᠢᠶᠠᠷᠤᠨ ᠬᠠᠮᠠᠭᠠᠯᠠᠬᠤ ᠵᠠᠷᠤᠳᠠᠯ ᠤᠨ | ᠬᠠᠮᠢᠶᠠᠷᠤᠯᠲᠠ᠂ ᠬᠡᠷᠡᠭᠯᠡᠯᠲᠡ ᠵᠢᠴᠢ ᠬᠢᠨᠠᠯᠲᠠ ᠲᠠᠯᠪᠢᠯᠲᠠ ᠶᠢ ᠲᠣᠳᠣᠷᠬᠠᠶᠢᠯᠠᠨ᠎ᠠ︔ | | ᠵᠢᠷᠭᠤᠳᠤᠭᠠᠷ ᠪᠦᠯᠦᠭ ᠬᠠᠷᠢᠭᠤᠴᠠᠯᠭ᠎ᠠ ᠬᠦᠯᠢᠶᠡᠯᠭᠡᠬᠦ᠄ ᠭᠤᠣᠯᠳᠠᠭᠤ ᠬᠠᠮᠢᠶᠠᠷᠴᠤ ᠬᠠᠮᠠᠭᠠᠯᠠᠬᠤ ᠨᠢᠭᠡᠴᠢ ᠶᠢᠨ | ᠡᠭᠦᠷᠭᠡ ᠬᠠᠷᠢᠭᠤᠴᠠᠯᠭ᠎ᠠ ᠵᠢᠴᠢ ᠬᠠᠷᠢᠭᠤᠴᠠᠯᠭ᠎ᠠ ᠬᠦᠯᠢᠶᠡᠯᠭᠡᠬᠦ ᠦᠨᠳᠦᠰᠦᠯᠡᠯ ᠢ ᠲᠣᠳᠣᠷᠬᠠᠶᠢᠯᠠᠨ᠎ᠠ᠃ | | ᠳᠣᠯᠣᠳᠤᠭᠠᠷ ᠪᠦᠯᠦᠭ ᠬᠠᠪᠰᠤᠷᠤᠯᠲᠠ ᠳᠦᠷᠢᠮ᠄ ᠬᠡᠷᠡᠭᠵᠢᠭᠦᠯᠬᠦ ᠴᠠᠭ ᠤᠨ ᠬᠢᠵᠠᠭᠠᠷ ᠤᠨ ᠲᠤᠬᠠᠢ | ᠲᠣᠭᠲᠠᠭᠠᠯ ᠭᠠᠷᠭᠠᠵᠠᠢ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ︽ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠤᠰᠤᠯᠠᠭ᠎ᠠ ᠶᠢᠨ | ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ︶︾ | | | | |