| | ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠣᠯ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠪᠥᠬᠦ | ᠤᠯᠤᠰ ᠤᠨ ᠨᠢᠭᠡᠳᠦᠯᠲᠡᠢ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠲᠠᠷᠬᠠᠭᠠᠭᠰᠠᠨ | ᠨᠢᠭᠡᠳᠦᠯᠲᠡᠢ ᠢᠯᠡᠷᠬᠡᠶᠢᠯᠡᠯ ᠤᠨ ᠮᠡᠳᠡᠭᠡ ᠵᠠᠩᠭᠢ ᠪᠣᠯᠣᠨ᠎ᠠ᠂ ᠶᠡᠷᠦ ᠳᠡᠭᠡᠨ ᠡᠮ ᠡᠮᠨᠡᠯᠭᠡ ᠶᠢᠨ ᠳᠠᠭᠠᠳᠬᠠᠯ ᠤᠨ ᠺᠣᠳ᠋ | ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ︵ᠡᠮ ᠡᠮᠨᠡᠯᠭᠡ ᠶᠢᠨ ᠳᠠᠭᠠᠳᠬᠠᠯ ᠤᠨ ᠺᠣᠳ᠋︶ ᠨᠢ | ᠪᠡᠶ᠎ᠡ ᠶᠢᠨ ᠦᠨᠡᠮᠯᠡᠯ᠂ ᠬᠤᠶᠠᠷ ᠬᠡᠮᠵᠢᠯᠲᠦ ᠺᠣᠳ᠋᠂ ᠬᠥᠮᠥᠨ ᠤ ᠴᠢᠷᠠᠢ ᠵᠡᠷᠭᠡ ᠠᠮᠢᠳᠤ ᠪᠣᠳᠠᠰ ᠤᠨ ᠣᠨᠴᠠᠯᠢᠭ ᠲᠠᠢ | ᠬᠤᠯᠪᠣᠭ᠎ᠠ ᠲᠠᠢ ᠪᠠᠶᠢᠵᠤ᠂ ᠴᠠᠬᠢᠮ ᠰᠦᠯᠵᠢᠶ᠎ᠡ +ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠬᠤ ᠲᠤᠬᠠᠶᠢᠯᠠᠭᠰᠠᠨ | ᠠᠵᠢᠯ ᠢ ᠭᠦᠢᠴᠡᠳᠬᠡᠬᠦ ᠶᠢ ᠳᠡᠮᠵᠢᠵᠦ᠂ ᠪᠥᠬᠦ ᠤᠯᠤᠰ ᠲᠤ ᠨᠡᠶᠢᠳᠡᠮ ᠬᠡᠷᠡᠭᠯᠡᠵᠦ᠂ ᠠᠷᠭ᠎ᠠ ᠵᠠᠮ ᠠᠯᠤᠰᠯᠠᠨ ᠨᠡᠶᠢᠳᠡᠮ | ᠬᠡᠷᠡᠭᠯᠡᠵᠦ᠂ ᠳᠠᠭᠠᠳᠬᠠᠯ ᠳᠤ ᠣᠷᠣᠯᠴᠠᠭᠴᠢ ᠪᠥᠬᠦ ᠤᠯᠤᠰ ᠤᠨ ᠬᠡᠪᠴᠢᠶᠡᠨ ᠳᠤ ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠵᠦ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ | ᠠᠵᠢᠯ ᠢ ᠥᠷᠨᠢᠭᠦᠯᠬᠦ ᠡᠯᠧᠺᠲᠷᠣᠨ ︽ᠪᠡᠶ᠎ᠡ ᠶᠢᠨ ᠦᠨᠡᠮᠯᠡᠯ︾ ᠪᠣᠯᠣᠨ᠎ᠠ᠃ | | ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠲᠦᠷᠭᠡᠨ ᠬᠠᠮᠢᠶᠠᠷᠤᠯᠲᠠ ᠶᠢᠨ ᠠᠯᠪᠠᠨ ᠭᠡᠷ︾ | ᠤᠨ APP᠂ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠤᠨ APP᠂ | ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ APP᠂ ᠸᠢᠴᠠᠲ᠂ ᠲᠣᠭᠠᠴᠠᠭ᠎ᠠ ᠡᠷᠳᠡᠨᠢ᠂ | ᠭᠡᠷ᠎ᠡ ᠲᠣᠭᠲᠠᠭᠰᠠᠨ ᠪᠠᠩᠬᠢ ᠶᠢᠨ APP᠂ CHS ᠡᠮ ᠡᠮᠨᠡᠯᠭᠡ ᠶᠢᠨ ᠳᠠᠭᠠᠳᠬᠠᠯ ᠤᠨ ᠣᠶᠤᠨᠲᠤ | ᠦᠢᠯᠡᠴᠢᠯᠡᠭᠡᠨ ᠤ ᠦᠵᠦᠭᠦᠷ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠭᠡᠷᠡᠴᠢᠯᠡᠯ ᠢ | ᠢᠳᠡᠪᠬᠢᠵᠢᠭᠦᠯᠵᠦ ᠪᠣᠯᠣᠨ᠎ᠠ᠃ ᠣᠶᠤᠨᠲᠤ ᠮᠠᠰᠢᠨ ᠦᠭᠡᠢ ᠨᠠᠰᠤᠲᠠᠨ᠂ ᠬᠡᠦᠬᠡᠳ ᠤᠨ ᠭᠡᠷ ᠪᠦᠯᠢ ᠶᠢᠨ ᠬᠢᠨ ︽ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠤᠨ APP ᠪᠠ ︽ᠲᠣᠭᠠᠴᠠᠭ᠎ᠠ | ᠡᠷᠳᠡᠨᠢ︾ ᠪᠠᠷ ᠳᠠᠮᠵᠢᠭᠤᠯᠤᠨ ᠲᠡᠳᠡᠨ ᠲᠠᠢ ᠲᠥᠷᠥᠯ ᠰᠠᠳᠤᠨ ᠤ ᠲᠠᠩᠰᠠᠨ ᠡᠷᠦᠬᠡ ᠪᠠᠨ ᠬᠤᠯᠪᠣᠵᠤ᠂ ᠲᠥᠷᠥᠯ | ᠰᠠᠳᠤᠨ ᠢᠶᠠᠨ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ︵ᠡᠮ ᠡᠮᠨᠡᠯᠭᠡ ᠶᠢᠨ | ᠳᠠᠭᠠᠳᠬᠠᠯ ᠤᠨ ᠺᠣᠳ᠋︶ ᠶᠢ ᠠᠮᠢᠯᠠᠭᠤᠯᠵᠤ᠂ ︽ᠺᠣᠳ᠋︾ ᠳᠡᠭᠡᠷ᠎ᠡ ᠡᠪᠡᠳᠴᠢᠨ ᠦᠵᠡᠭᠦᠯᠬᠦ᠂ ᠡᠮ ᠠᠪᠬᠤ ᠶᠢ | ᠪᠡᠶᠡᠯᠡᠭᠦᠯᠵᠦ ᠪᠣᠯᠣᠨ᠎ᠠ᠃ | |