| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠪᠦᠲᠦᠭᠡᠨ ᠪᠠᠶᠢᠭᠤᠯᠤᠯᠲᠠ ᠶᠢᠨ | ᠶᠠᠪᠤᠴᠠ ᠪᠣᠯᠣᠨ ᠣᠯᠣᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠡᠷᠭᠢᠴᠡᠭᠦᠯᠬᠦ ᠳᠤ᠂ ᠪᠦᠷ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠠᠯᠠᠮᠵᠢᠯᠠᠯ ᠪᠣᠯᠣᠨ ᠵᠢᠯᠣᠭᠤᠳᠤᠯᠭ᠎ᠠ ᠪᠠᠷ | ᠣᠯᠣᠭᠰᠠᠨ ᠶᠤᠮ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ | ᠰᠢ ᠶᠢᠨ ᠫᠢᠩ ᠤᠷᠢᠳ ᠬᠤᠵᠢᠳ ᠭᠤᠷᠪᠠ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠠᠵᠢᠯ | ᠵᠢᠯᠤᠭᠤᠳᠴᠤ᠂ 5 ᠵᠢᠯ ᠳᠠᠷᠠᠭᠠᠯᠠᠨ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ | ᠥᠪᠥᠷ ᠮᠣᠩᠭᠤᠯ ᠤᠨ ᠠᠵᠢᠯ ᠳᠤ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠥᠪᠥᠷ | ᠮᠣᠩᠭᠤᠯ ᠤᠨ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ | ᠬᠠᠩᠭᠠᠵᠠᠢ᠃ ᠳᠤᠮᠳᠠᠳᠤ ᠶᠢᠨ ᠲᠣᠮᠣ ᠭᠡᠷ ᠪᠦᠯᠢ ᠶᠢᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠡᠭᠦᠨ ᠢ ᠪᠢᠳᠡ | ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠢ᠄ ︽ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ | ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ | ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠪᠠᠷ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ | ᠳᠤᠮᠳᠠ ᠢᠯᠡᠷᠡᠭᠰᠡᠨ ᠬᠦᠨᠳᠦ ᠬᠡᠴᠡᠭᠦᠦ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ | ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠣᠯ | ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ | ᠥᠪᠥᠷ ᠮᠣᠩᠭᠤᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠵᠢᠱᠢᠶᠡᠴᠢ ᠪᠣᠯᠤᠭᠰᠠᠨ ᠤ ᠬᠤᠪᠢ ᠳᠤ | ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠪᠣᠳᠠᠲᠤ ᠶᠠᠪᠤᠳᠠᠯ ᠪᠠ ᠶᠣᠰᠣ ᠤᠴᠢᠷ ᠢ | ᠬᠡᠵᠢᠶᠡᠳᠡ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠦ ᠶᠠᠪᠤᠳᠠᠭ ᠶᠤᠮ᠃ | | | ᠨᠢᠭᠡ᠂ ᠨᠠᠮ ᠤᠨ ᠢᠶᠠᠨ ᠠᠴᠢ ᠶᠢ ᠰᠠᠨᠠᠭᠠᠯᠵᠠᠬᠤ ᠶᠢ ᠴᠠᠭ ᠢᠮᠠᠭᠲᠠ ᠮᠠᠷᠲᠠᠬᠤ ᠦᠭᠡᠢ | | ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠲᠦᠷᠭᠡᠨ ᠬᠥᠭᠵᠢᠵᠦ᠂ | ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠬᠠᠮᠠᠭᠠᠯᠠᠬᠤ ᠦᠵᠡᠯ᠂ ᠭᠠᠭᠴᠠ | ᠲᠠᠯ᠎ᠠ ᠶᠢᠨ ᠦᠵᠡᠯ ᠳᠡᠭᠡᠭᠰᠢᠯᠡᠵᠦ᠂ ᠤᠷᠤᠰ ᠦᠺᠷᠠᠶᠢᠨ ᠤ ᠲᠠᠶᠢᠨ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ | ᠵᠡᠷᠭᠡ ᠬᠡᠰᠡᠭ ᠲᠠᠯ᠎ᠠ ᠶᠢᠨ ᠲᠠᠶᠢᠨ ᠠᠴᠠ ᠪᠣᠯᠤᠭᠰᠠᠨ ᠪᠦᠬᠦ ᠪᠥᠮᠪᠥᠷᠴᠡᠭ ᠤᠨ ᠴᠢᠨᠠᠷᠲᠠᠢ ᠬᠢᠮᠤᠷᠠᠯ ᠤᠯᠠᠮ ᠠᠴᠠ | ᠤᠯᠠᠮ ᠰᠢᠷᠦᠭᠦᠰᠴᠦ᠂ ᠤᠯᠠᠨ ᠤᠯᠤᠰ ᠤᠨ ᠬᠥᠭᠵᠢᠯᠲᠡ ᠶᠢᠨ ᠬᠠᠮᠲᠤᠷᠠᠯᠴᠠᠭᠠᠨ ᠤ ᠬᠥᠳᠡᠯᠭᠡᠬᠦ ᠬᠦᠴᠦᠨ | ᠬᠦᠷᠦᠯᠴᠡᠬᠦ ᠦᠭᠡᠢ ᠪᠣᠯᠵᠤ᠂ ᠳᠡᠯᠡᠬᠡᠢ ᠶᠢᠨ ᠲᠣᠭᠲᠠᠭᠤᠨ ᠪᠤᠰᠤ ᠴᠢᠨᠠᠷ ᠲᠣᠭᠲᠠᠪᠤᠷᠢ ᠦᠭᠡᠢ ᠴᠢᠨᠠᠷ ᠢᠯᠡᠳᠲᠡ | ᠨᠡᠮᠡᠭᠳᠡᠵᠦ ᠪᠠᠶᠢᠨ᠎ᠠ᠃ ᠳᠣᠷᠣᠨᠠᠳᠠᠬᠢᠨ ᠤ ᠲᠣᠭᠲᠠᠭᠤᠨ ᠪᠠᠶᠢᠳᠠᠯ᠂ ᠳᠤᠮᠳᠠᠳᠤ ᠤᠯᠤᠰ ᠤᠨ ᠲᠣᠭᠲᠠᠭᠤᠨ ᠪᠠᠶᠢᠳᠠᠯ | ᠪᠣᠯ ᠳᠡᠯᠡᠬᠡᠢ ᠳ᠋ᠠᠬᠢᠨ ᠳᠤ ᠦᠵᠡᠭᠦᠯᠦᠭᠰᠡᠨ ᠬᠠᠮᠤᠭ ᠤᠨ ᠶᠡᠭᠡ ᠬᠤᠪᠢ ᠨᠡᠮᠡᠷᠢ ᠪᠣᠯᠬᠤ ᠨᠢ ᠳᠠᠮᠵᠢᠭ ᠦᠭᠡᠢ ᠶᠤᠮ᠃ | ᠮᠠᠨ ᠤ ᠤᠯᠤᠰ ᠤᠳᠤ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠠᠵᠤ ᠠᠬᠤᠢ ᠨᠢᠭᠡᠨᠲᠡ ᠳᠡᠭᠡᠳᠦ ᠬᠤᠷᠳᠤᠴᠠ ᠪᠠᠷ ᠨᠡᠮᠡᠭᠳᠡᠬᠦ | ᠱᠠᠲᠤᠨ ᠠᠴᠠ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠰᠢᠯᠵᠢᠵᠦ᠂ ᠠᠵᠤ ᠠᠬᠤᠢ ᠤᠷᠳᠤ | ᠬᠤᠭᠤᠴᠠᠭ᠎ᠠ ᠪᠠᠷ ᠰᠠᠶᠢᠵᠢᠷᠠᠵᠤ᠂ ᠵᠠᠬ᠎ᠠ ᠳᠡᠯᠭᠡᠭᠦᠷ ᠤᠨ ᠣᠷᠣᠨ ᠵᠠᠢ ᠥᠷᠭᠡᠨ ᠠᠭᠤᠳᠠᠮ᠂ ᠬᠥᠭᠵᠢᠯᠲᠡ ᠶᠢᠨ ᠤᠶᠠᠨ | ᠬᠠᠳᠠᠨ ᠴᠢᠨᠠᠷ ᠬᠦᠴᠦᠷᠬᠡᠭ ᠶᠡᠭᠡ ᠪᠠᠶᠢᠵᠤ᠂ ᠦᠷᠭᠦᠯᠵᠢᠯᠡᠨ ᠬᠥᠭᠵᠢᠭᠦᠯᠬᠦ ᠳᠤ ᠤᠯᠠᠨ ᠲᠠᠯ᠎ᠠ ᠶᠢᠨ ᠳᠠᠪᠠᠭᠤᠯᠢᠭ ᠪᠠ | ᠨᠥᠬᠦᠴᠡᠯ ᠲᠠᠢ ᠶᠤᠮ᠃ ᠴᠠᠭ ᠤᠨ ᠪᠠᠶᠢᠳᠠᠯ ᠪᠢᠳᠡᠨ ᠤ ᠲᠠᠯ᠎ᠠ ᠳᠤ ᠪᠠᠶᠢᠨ᠎ᠠ᠂ ᠡᠨᠡ ᠪᠣᠯ ᠪᠢᠳᠡᠨ ᠤ ᠲᠣᠭᠲᠠᠯ | ᠬᠦᠴᠦᠨ ᠪᠠ ᠢᠳᠡ ᠬᠦᠴᠦᠨ ᠮᠥᠨ᠂ ᠪᠠᠰᠠ ᠴᠤ ᠪᠢᠳᠡᠨ ᠤ ᠡᠷᠡᠰ ᠵᠣᠷᠢᠭ ᠪᠠ ᠢᠲᠡᠭᠡᠯ ᠵᠣᠷᠢᠭ ᠮᠥᠨ᠃ | ᠡᠶᠢᠮᠦ ᠠᠴᠠ᠂ ᠪᠢᠳᠡ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠣᠯᠣᠨ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ | ᠬᠤᠪᠢᠰᠤᠯᠲᠠ ᠶᠢᠨ ᠳᠣᠲᠣᠭᠠᠳᠤ ᠬᠠᠷᠢᠴᠠᠭ᠎ᠠ ᠶᠢ ᠬᠤᠷᠴᠠ ᠰᠡᠷᠭᠡᠭ ᠢᠶᠠᠷ ᠡᠵᠡᠮᠳᠡᠵᠦ᠂ ᠠᠵᠠ ᠲᠣᠬᠢᠶᠠᠯ ᠤᠨ | ᠤᠬᠠᠮᠰᠠᠷ ᠪᠣᠯᠣᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠢᠮᠤᠷᠠᠯ ᠤᠨ ᠳᠤᠮᠳᠠ ᠠᠵᠠ | ᠲᠣᠬᠢᠶᠠᠯ ᠢ ᠪᠤᠢ ᠪᠣᠯᠭᠠᠵᠤ᠂ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠬᠦ ᠳᠡᠭᠡᠨ ᠴᠢᠳᠠᠮᠠᠭᠠᠢ ᠪᠠᠶᠢᠬᠤ | ᠬᠡᠷᠡᠭᠲᠡᠢ᠃ 2023 ᠣᠨ ᠤ 10 ᠳ᠋ᠤᠭᠠᠷ ᠰᠠᠷ᠎ᠠ ᠶᠢᠨ 16 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠬᠡᠪᠯᠡᠨ ᠲᠠᠷᠬᠠᠭᠠᠪᠠ᠂ | ᠡᠨᠡ ᠪᠣᠯ ᠡᠨᠡ ᠵᠢᠯ ᠤᠨ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠤ ᠳᠠᠷᠠᠭᠠᠬᠢ | ᠥᠪᠥᠷ ᠮᠣᠩᠭᠤᠯ ᠤᠨ ᠪᠠᠰᠠ ᠨᠢᠭᠡᠨ ᠶᠡᠭᠡ ᠴᠡᠩᠭᠡᠯᠲᠦ ᠶᠠᠪᠤᠳᠠᠯ ᠮᠥᠨ᠂ ᠡᠨᠡ ᠨᠢ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠳᠠᠬᠢᠨᠲᠠ ᠬᠠᠷᠠᠭᠤᠯᠵᠤ ᠪᠠᠶᠢᠨ᠎ᠠ ᠭᠡᠵᠦ ᠬᠡᠯᠡᠵᠦ ᠪᠣᠯᠣᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠴᠢᠯᠠᠯᠲᠤ ᠰᠡᠳᠬᠢᠯ ᠪᠣᠯᠣᠨ ᠡᠷᠡᠯᠬᠡᠭᠯᠡᠨ | ᠤᠷᠤᠭᠰᠢᠯᠠᠬᠤ ᠵᠣᠷᠢᠭ ᠰᠠᠨᠠᠭ᠎ᠠ ᠪᠠᠷ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠢᠲᠡᠭᠡᠯ ᠵᠣᠷᠢᠭ ᠢᠶᠠᠨ ᠪᠠᠲᠤᠳᠬᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | | ᠬᠤᠶᠠᠷ᠂ ᠨᠠᠮ ᠤᠨ ᠦᠭᠡ ᠶᠢ ᠴᠤᠴᠠᠯᠲᠠ ᠦᠭᠡᠢ ᠰᠣᠨᠣᠰᠬᠤ ᠬᠡᠷᠡᠭᠲᠡᠢ | | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ | ᠵᠠᠩᠭᠢᠯᠠᠭ᠎ᠠ ᠨᠢ ᠨᠠᠮ ᠳᠤ ᠪᠤᠢ᠃ ᠰᠠᠶ᠋ᠢᠬᠠᠨ ᠪᠢᠳᠡ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ | ᠬᠤᠪᠢᠰᠤᠯᠲᠠ ᠶᠢᠨ ᠬᠤᠷᠳᠤᠴᠠ ᠶᠢ ᠲᠦᠷᠭᠡᠳᠬᠡᠵᠦ᠂ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ | ᠠᠵᠠ ᠲᠣᠬᠢᠶᠠᠯ ᠪᠠ ᠠᠶᠤᠯ ᠲᠦᠭᠰᠢᠭᠦᠷᠢ ᠶᠢᠨ ᠥᠷᠢᠰᠦᠯᠳᠦᠭᠡᠨ ᠵᠡᠷᠭᠡ ᠪᠠᠷ ᠣᠷᠣᠰᠢᠵᠤ᠂ ᠵᠢᠱᠢᠵᠦ ᠮᠡᠳᠡᠬᠦᠶ᠎ᠡ | ᠪᠡᠷᠬᠡ ᠬᠦᠴᠦᠨ ᠵᠦᠢᠯ ᠨᠡᠮᠡᠭᠳᠡᠬᠦ ᠴᠠᠭ ᠦᠶ᠎ᠡ ᠳᠤ ᠣᠷᠣᠭᠰᠠᠨ ᠢ ᠶᠠᠷᠢᠯ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠡᠶᠢᠮᠦᠷᠬᠦ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠬᠥᠭᠵᠢᠯᠲᠡ ᠶᠢᠨ ᠣᠷᠴᠢᠨ | ᠨᠥᠬᠦᠴᠡᠯ ᠤᠨ ᠡᠮᠦᠨ᠎ᠡ᠂ ᠬᠡᠷᠬᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠡᠭᠦᠷᠭᠡᠯᠡᠵᠦ᠂ ᠰᠢᠨ᠎ᠡ ᠠᠭᠤᠤ | ᠦᠢᠯᠡᠰ ᠢ ᠡᠭᠦᠳᠦᠨ ᠪᠦᠲᠦᠭᠡᠬᠦ ᠪᠤᠢ︖ ᠡᠷᠬᠡᠪᠰᠢ ᠪᠠᠲᠤ ᠴᠢᠩᠭ᠎ᠠ ᠤᠳᠤᠷᠢᠳᠬᠤ ᠭᠤᠣᠯᠯᠠᠭᠴᠢ ᠬᠦᠴᠦᠨ ᠪᠠ | ᠲᠥᠪ ᠬᠤᠷᠢᠶᠠᠨ ᠤ ᠤᠳᠤᠷᠢᠳᠬᠤ ᠬᠠᠮᠲᠤ ᠪᠠᠶᠢᠬᠤ ᠬᠡᠷᠡᠭᠲᠡᠢ ᠭᠡᠳᠡᠭ ᠨᠢ ᠳᠠᠮᠵᠢᠭ ᠦᠭᠡᠢ ᠶᠤᠮ᠃ | | ᠮᠢᠩᠭᠠᠨ ᠣᠨ ᠤ ᠠᠤᠭ᠎ᠠ ᠦᠢᠯᠡᠰ ᠢ ᠦᠶ᠎ᠡ ᠶᠢᠨ ᠦᠶ᠎ᠡ ᠳᠤ ᠤᠯᠠᠮᠵᠢᠯᠠᠨ᠎ᠠ︔ ᠵᠠᠭᠤᠨ ᠵᠢᠯ ᠤᠨ ᠲᠣᠮᠣ ᠨᠠᠮ | ᠂ ᠴᠤᠭ ᠵᠢᠪᠬᠤᠭ᠎ᠠ ᠪᠠᠳᠠᠷᠠᠩᠭᠤᠢ ᠪᠠᠷ ᠪᠢᠯᠬᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠰᠢᠨ᠎ᠡ ᠨᠢᠭᠡ ᠬᠤᠭᠤᠴᠠᠭᠠᠨ ᠤ ᠲᠥᠪ | ᠬᠤᠷᠢᠶᠠᠨ ᠤ ᠤᠳᠤᠷᠢᠳᠬᠤ ᠪᠠᠶᠢᠭᠤᠯᠤᠮᠵᠢ ᠶᠢ ᠰᠣᠩᠭᠤᠨ ᠭᠠᠷᠭᠠᠵᠤ᠂ ᠰᠢ ᠶᠢᠨ ᠫᠢᠩ ᠨᠥᠬᠦᠷ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ᠂ ᠨᠠᠮ ᠪᠣᠯᠣᠨ ᠤᠯᠤᠰ ᠤᠨ ᠦᠢᠯᠡᠰ ᠲᠤ ᠴᠢᠬᠤᠯᠠ | ᠶᠡᠭᠡ ᠬᠤᠪᠢ ᠨᠡᠮᠡᠷᠢ ᠦᠵᠡᠭᠦᠯᠦᠭᠰᠡᠨ ᠨᠢᠭᠡ ᠪᠦᠯᠦᠭ ᠨᠥᠬᠦᠳ ᠨᠠᠮ ᠤᠨ ᠲᠥᠪ ᠬᠤᠷᠢᠶᠠᠨ ᠤ ᠤᠳᠤᠷᠢᠳᠬᠤ | ᠪᠠᠶᠢᠷᠢ ᠠᠴᠠ ᠪᠠᠭᠤᠵᠤ᠂ ᠤᠬᠠᠮᠰᠠᠷ ᠴᠢᠳᠠᠪᠤᠷᠢ ᠬᠤᠣᠰᠯᠠᠭᠰᠠᠨ᠂ ᠢᠳᠡᠷ ᠳᠣᠷᠪᠢᠲᠠᠢ᠂ ᠪᠠᠶᠠᠯᠢᠭ ᠲᠤᠷᠰᠢᠯᠭ᠎ᠠ ᠲᠠᠢ | ᠨᠢᠭᠡ ᠪᠦᠯᠦᠭ ᠤᠳᠤᠷᠢᠳᠬᠤ ᠺᠠᠳ᠋ᠷ ᠰᠢᠨ᠎ᠡ ᠨᠢᠭᠡ ᠬᠤᠭᠤᠴᠠᠭᠠᠨ ᠤ ᠲᠥᠪ ᠬᠤᠷᠢᠶ᠎ᠠ ᠪᠣᠯᠣᠨ ᠲᠥᠪ ᠤᠨ | ᠤᠳᠤᠷᠢᠳᠬᠤ ᠪᠠᠶᠢᠭᠤᠯᠤᠮᠵᠢ ᠳᠤ ᠣᠷᠣᠪᠠ᠃ ᠡᠨᠡ ᠪᠣᠯ ᠪᠦᠬᠦ ᠨᠠᠮ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠭᠰᠠᠨ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠭᠰᠠᠨ᠂ ᠪᠦᠬᠦ ᠨᠠᠮ ᠪᠦᠬᠦ ᠴᠡᠷᠢᠭ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠷᠢᠨ ᠢᠲᠡᠭᠡᠭᠦᠰᠢᠲᠡᠢ ᠲᠥᠪ ᠬᠤᠷᠢᠶᠠᠨ ᠤ | ᠤᠳᠤᠷᠢᠳᠬᠤ ᠬᠠᠮᠲᠤ ᠮᠥᠨ᠂ ᠰᠣᠩᠭᠤᠭᠤᠯᠢ ᠶᠢᠨ ᠦᠷ᠎ᠡ ᠳ᠋ᠦᠩ ᠨᠢ ᠪᠦᠬᠦ ᠨᠠᠮ ᠤᠨ ᠬᠠᠮᠲᠤ ᠶᠢᠨ ᠬᠦᠰᠡᠯ | ᠵᠣᠷᠢᠯᠲᠠ ᠶᠢ ᠭᠦᠢᠴᠡᠳ ᠢᠯᠡᠷᠡᠭᠦᠯᠵᠦ᠂ ᠲᠦᠭ ᠲᠦᠮᠡᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ | ᠭᠦᠢᠴᠡᠳ ᠲᠤᠰᠬᠠᠵᠠᠢ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ | ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠬᠤ ᠪᠠᠶᠢᠷᠢ | ᠰᠠᠭᠤᠷᠢ ᠶᠢ ᠲᠣᠭᠲᠠᠭᠠᠭᠰᠠᠨ ᠨᠢ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃ ︽ᠬᠤᠶᠠᠷ ᠢ ᠲᠣᠭᠲᠠᠭᠠᠬᠤ︾ ᠪᠣᠯ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠪᠠᠶᠢᠭᠤᠯᠤᠯᠲᠠ ᠶᠢᠨ ᠬᠠᠮᠤᠭ ᠤᠨ ᠴᠢᠬᠤᠯᠠ ᠶᠡᠭᠡ ᠤᠯᠤᠰ | ᠲᠦᠷᠦ ᠶᠢᠨ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠳᠤ ᠨᠠᠮ ᠪᠣᠯᠣᠨ ᠤᠯᠤᠰ ᠤᠨ ᠦᠢᠯᠡᠰ ᠢ ᠬᠥᠲᠥᠯᠥᠨ | ᠳᠠᠭᠠᠭᠤᠯᠵᠤ ᠢᠯᠠᠯᠲᠠ ᠠᠴᠠ ᠰᠢᠨ᠎ᠡ ᠢᠯᠠᠯᠲᠠ ᠲᠡᠰᠢ ᠤᠷᠤᠭᠰᠢᠯᠠᠭᠤᠯᠬᠤ ᠤᠯᠤᠰ ᠲᠦᠷᠦ ᠶᠢᠨ ᠪᠠᠲᠤᠯᠠᠭ᠎ᠠ ᠮᠥᠨ᠂ | ᠨᠡᠩ ᠴᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠠᠯᠢᠪᠠ ᠲᠣᠭᠲᠠᠪᠤᠷᠢ ᠦᠭᠡᠢ ᠴᠢᠨᠠᠷ ᠢ | ᠠᠷᠭᠠᠴᠠᠬᠤ ᠶᠢᠨ ᠬᠠᠮᠤᠭ ᠤᠨ ᠶᠡᠭᠡ ᠲᠣᠭᠲᠠᠪᠤᠷᠢᠲᠤ ᠴᠢᠨᠠᠷ᠂ ᠬᠠᠮᠤᠭ ᠤᠨ ᠶᠡᠭᠡ ᠢᠳᠡ ᠬᠦᠴᠦ᠂ ᠬᠠᠮᠤᠭ ᠤᠨ ᠶᠡᠭᠡ | ᠪᠠᠲᠤᠯᠠᠭ᠎ᠠ ᠮᠥᠨ᠃ | | ᠥᠨᠥᠳᠥᠷ ᠲᠡᠦᠬᠡ ᠶᠢᠨ ᠰᠢᠨ᠎ᠡ ᠣᠷᠣᠨ ᠪᠠᠶᠢᠷᠢ ᠳᠤ ᠵᠣᠭᠰᠣᠵᠤ᠂ ᠪᠢᠳᠡ ᠤᠯᠤᠰ ᠲᠥᠷᠥ ᠶᠢᠨ ᠮᠠᠭᠠᠳᠯᠠᠬᠤ | ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ | ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ | ᠨᠠᠮ ᠤᠨ ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠨᠡᠩ ᠤᠬᠠᠮᠰᠠᠷ ᠠᠴᠠ ᠪᠠᠨ ᠬᠠᠮᠠᠭᠠᠯᠠᠵᠤ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠨᠡᠩ ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ | ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠲᠠᠢ ᠨᠢᠭᠡᠳᠬᠡᠵᠦ᠂ ᠰᠡᠳᠬᠢᠯ ᠢᠶᠠᠨ ᠨᠢᠭᠡᠳᠬᠡᠵᠦ ᠳᠤᠮᠳᠠᠳᠤ ᠶᠢᠨ ᠵᠡᠭᠦᠳᠦ ᠶᠢ ᠬᠠᠮᠲᠤᠪᠠᠷ | ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ | | ᠭᠤᠷᠪᠠ᠂ ᠨᠠᠮ ᠢᠶᠠᠨ ᠡᠷᠡᠰ ᠭᠤᠶᠢᠪᠢᠰᠢ ᠦᠭᠡᠢ ᠲᠠᠭᠠᠨ᠎ᠠ | | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠳᠠᠬᠢ ᠵᠠᠭᠤ ᠭᠠᠷᠤᠢ ᠵᠢᠯ ᠤᠨ ᠠᠭᠤᠤ ᠶᠡᠭᠡ | ᠦᠢᠯᠡᠳᠦᠯᠭᠡ ᠪᠢᠳᠡᠨ ᠳᠤ᠂ ᠨᠠᠮ ᠤᠨ ᠤᠳᠤᠷᠢᠳᠤᠯᠭ᠎ᠠ ᠪᠠᠶᠢᠭᠰᠠᠨ ᠠᠴᠠ᠂ ᠨᠠᠮ ᠤᠨ ᠦᠭᠡ ᠶᠢ ᠰᠣᠨᠣᠰᠤᠭᠰᠠᠨ ᠠᠴᠠ | ᠰᠠᠢᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠪᠣᠯᠵᠤ᠂ ᠥᠪᠥᠷ ᠮᠣᠩᠭᠤᠯ ᠤᠨ ᠥᠨᠥᠳᠥᠷ ᠤᠨ | ᠡᠯ᠎ᠡ ᠵᠦᠢᠯ ᠤᠨ ᠦᠢᠯᠡᠰ ᠤᠨ ᠬᠥᠭᠵᠢᠯ ᠪᠠᠳᠠᠷᠠᠯ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯ | ᠠᠮᠤᠷ ᠠᠮᠤᠭᠤᠯᠠᠩ ᠲᠠᠢ ᠪᠣᠯᠤᠭᠰᠠᠨ ᠶᠤᠮ᠂ ᠶᠠᠭ ᠡᠶᠢᠮᠦ ᠤᠴᠢᠷ ᠠᠴᠠ᠂ ᠪᠢᠳᠡ ︽ᠵᠢᠷᠭᠤᠭᠠᠨ ᠦᠭᠡ︾ ᠶᠢᠨ | ᠪᠣᠳᠠᠲᠤ ᠶᠠᠪᠤᠳᠠᠯ ᠪᠠ ᠶᠣᠰᠣ ᠤᠴᠢᠷ ᠢ ᠡᠷᠴᠢᠮᠲᠡᠢ ᠲᠠᠨᠢᠵᠤ᠂ ᠪᠠᠲᠤ ᠴᠡᠭᠡᠵᠢᠯᠡᠬᠦ ᠬᠡᠷᠡᠭᠲᠡᠢ ᠭᠡᠳᠡᠭ ᠢ ᠬᠡᠯᠡᠵᠦ | ᠥᠭᠴᠡᠢ᠃ | | ︵ᠨᠢᠭᠡ︶ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ | ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠮᠥᠨ | | 1921 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠢᠶᠠᠨ ᠲᠤᠩᠬᠠᠭᠯᠠᠪᠠ᠃ | ᠨᠠᠮ ᠪᠠᠶᠢᠭᠤᠯᠤᠭᠳᠠᠮᠠᠭᠴᠠ ᠪᠠᠨ ᠦᠨᠳᠦᠰᠦᠲᠡᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠥᠪᠥᠷ ᠮᠣᠩᠭᠤᠯ ᠣᠷᠣᠨ ᠪᠣᠯ ᠨᠠᠮ ᠠᠴᠠ ᠬᠤᠪᠢᠰᠬᠠᠯ ᠤᠨ ᠠᠵᠢᠯ ᠢ ᠨᠡᠯᠢᠶᠡᠳ ᠡᠷᠲᠡ ᠤᠳᠤᠷᠢᠳᠤᠭᠰᠠᠨ ᠪᠠ | ᠨᠡᠭᠡᠭᠡᠭᠰᠡᠨ ᠦᠨᠳᠦᠰᠦᠲᠡᠨ ᠤ ᠣᠷᠣᠨ ᠪᠣᠯᠣᠨ᠎ᠠ᠃ 1923 ᠣᠨ ᠳᠤ᠂ ᠨᠠᠮ ᠤᠨ ᠭᠤᠣᠯ ᠡᠭᠦᠰᠬᠡᠨ | ᠪᠠᠶᠢᠭᠤᠯᠤᠭᠴᠢ ᠶᠢᠨ ᠨᠢᠭᠡ ᠪᠣᠯᠬᠤ ᠯᠢ ᠳ᠋ᠡ ᠵᠤᠤ ᠥᠪᠥᠷ ᠮᠣᠩᠭᠤᠯ ᠣᠷᠣᠨ ᠤ ᠡᠪ ᠬᠠᠮᠲᠤ ᠶᠣᠰᠣᠨ ᠤ ᠣᠴᠢ ᠶᠢ | ᠪᠡᠶ᠎ᠡ ᠪᠠᠷ ᠢᠶᠠᠨ ᠰᠠᠴᠤᠵᠤ᠂ ᠥᠪᠥᠷ ᠮᠣᠩᠭᠤᠯ ᠣᠷᠣᠨ ᠤ ᠠᠩᠬᠠᠨ ᠤ ᠪᠦᠯᠦᠭ ᠡᠪ ᠬᠠᠮᠲᠤᠴᠤᠳ ᠢ | ᠬᠥᠮᠥᠵᠢᠭᠦᠯᠬᠦ ᠳᠤ ᠪᠡᠶ᠎ᠡ ᠪᠠᠷ ᠢᠶᠠᠨ ᠣᠷᠣᠯᠴᠠᠪᠠ᠃ 1925 ᠣᠨ ᠳᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠥᠷᠪᠡᠳᠦᠭᠡᠷ ᠶᠡᠭᠡ ᠬᠤᠷᠠᠯ ᠬᠤᠷᠠᠯᠳᠤᠭᠰᠠᠨ ᠤ ᠲᠠᠷᠠᠭ᠎ᠠ᠂ ᠨᠠᠮ ᠤᠨ ᠣᠷᠣᠨ ᠨᠤᠲᠤᠭ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠨᠢᠭᠡᠨ ᠥᠷᠨᠢᠯᠲᠡ ᠳᠤ ᠬᠦᠷᠪᠡ᠂ ᠨᠠᠮ ᠠᠴᠠ ᠥᠪᠥᠷ ᠮᠣᠩᠭᠤᠯ ᠣᠷᠣᠨ ᠳᠤ | ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠨᠢ ᠶᠠᠭ ᠡᠨᠡ ᠬᠤᠭᠤᠴᠠᠭᠠᠨ ᠳᠤ ᠪᠠᠶᠢᠪᠠ᠃ ᠡᠭᠦᠨ ᠠᠴᠠ | ᠡᠬᠢᠯᠡᠨ᠂ ᠬᠤᠪᠢᠰᠬᠠᠯ ᠤᠨ ᠲᠦᠯᠦ ᠥᠪᠥᠷ ᠮᠣᠩᠭᠤᠯ ᠤᠨ ᠡᠬᠡ ᠭᠠᠵᠠᠷ ᠲᠤ ᠣᠴᠢ ᠶᠢᠨ ᠭᠠᠯ ᠠᠴᠠ ᠠᠭᠠᠵᠢᠮ ᠢᠶᠠᠷ | ᠠᠭᠤᠯᠠ ᠰᠢᠲᠠᠭᠠᠬᠤ ᠪᠠᠶᠢᠳᠠᠯ ᠲᠠᠢ ᠪᠣᠯᠪᠠ᠃ ᠬᠤᠪᠢᠰᠬᠠᠯ ᠤᠨ ᠭᠦᠨᠵᠡᠭᠡᠶᠢᠷᠡᠬᠦ ᠶᠢ ᠳᠠᠭᠠᠯᠳᠤᠨ᠂ ᠥᠪᠥᠷ ᠮᠣᠩᠭᠤᠯ | ᠣᠷᠣᠨ ᠤ ᠠᠩᠬᠠᠳᠠᠭᠴᠢ ᠪᠦᠯᠦᠭ ᠡᠪ ᠬᠠᠮᠲᠤᠴᠤᠳ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠳᠤ | ᠪᠠᠶᠢᠭᠤᠯᠤᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠶᠢᠨ ᠨᠠᠮ ᠤᠨ ᠵᠣᠬᠢᠶᠠᠨ | ᠪᠠᠶᠢᠭᠤᠯᠤᠯᠲᠠ ᠮᠥ᠋ᠩ ᠽᠠᠩ ᠰᠤᠷᠭᠠᠭᠤᠯᠢ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠥ᠋ᠩ ᠽᠠᠩ | ᠰᠤᠷᠭᠠᠭᠤᠯᠢ ᠶᠢᠨ ᠡᠭᠦᠷ ᠢ ᠪᠠᠶᠢᠭᠤᠯᠪᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ | ᠳᠡᠭᠡᠷᠡᠬᠢ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ ᠨᠠᠮ ᠤᠨ ᠭᠡᠰᠢᠭᠦᠨ ᠢᠶᠠᠷ ᠪᠦᠷᠢᠯᠳᠦᠭᠰᠡᠨ ᠨᠠᠮ ᠤᠨ | ᠡᠭᠦᠷ ᠪᠣᠯᠣᠨ᠎ᠠ᠃ ᠥᠪᠡᠷ ᠤᠨ ᠨᠠᠮ ᠤᠨ ᠡᠭᠦᠷ ᠲᠠᠢ ᠪᠣᠯᠤᠭᠰᠠᠨ ᠠᠴᠠ ᠮᠣᠩᠭᠤᠯ ᠦᠨᠳᠦᠰᠦᠲᠡᠨ ᠤ ᠠᠷᠠᠳ | ᠲᠦᠮᠡᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠠᠶᠢᠭᠤᠯᠬᠤ ᠠᠵᠢᠯ ᠢ ᠡᠳᠦᠷ ᠲᠤᠳᠤᠮ ᠤᠨ ᠵᠥᠪᠯᠡᠬᠦ | ᠵᠦᠢᠯ ᠳᠡᠭᠡᠨ ᠣᠷᠣᠭᠤᠯᠪᠠ᠃ 1925 ᠣᠨ ᠤ 4ᠳ᠋ᠦ᠋ᠭᠡᠷ ᠰᠠᠷ᠎ᠠ ᠶᠢᠨ 28 ᠤ ᠡᠳᠦᠷ᠂ ᠥᠪᠥᠷ ᠮᠣᠩᠭᠤᠯ | ᠣᠷᠣᠨ ᠤ ᠬᠠᠮᠤᠭ ᠡᠷᠲᠡᠨ ᠤ ᠬᠤᠪᠢᠰᠬᠠᠯᠲᠤ ᠰᠡᠳᠬᠦᠯ ︽ᠮᠣᠩᠭᠤᠯ ᠲᠠᠷᠢᠶᠠᠴᠢᠨ︾ ᠵᠢᠩᠬᠢᠨᠢ ᠪᠠᠷ ᠬᠡᠪᠯᠡᠭᠳᠡᠪᠡ᠂ | ᠮᠥᠨᠴᠦ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠡᠮᠡᠴᠡᠯ ᠤᠨ ᠲᠡᠦᠬᠡᠨ ᠳᠠᠬᠢ ᠠᠩᠬᠠᠳᠠᠭᠴᠢ | ᠬᠤᠪᠢᠰᠬᠠᠯᠲᠤ ᠰᠡᠳᠬᠦᠯ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠣᠷᠣᠨ ᠤ | ᠠᠩᠬᠠᠳᠠᠭᠴᠢ ᠪᠦᠯᠦᠭ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠭᠳᠠᠭᠰᠠᠨ ᠨᠢ ᠥᠪᠥᠷ ᠮᠣᠩᠭᠤᠯ | ᠣᠷᠣᠨ ᠤ ᠬᠤᠪᠢᠰᠬᠠᠯ ᠤᠨ ᠦᠢᠯᠡᠰ ᠤᠨ ᠬᠥᠭᠵᠢᠯᠲᠡ ᠳᠤ ᠠᠯᠤᠰ ᠬᠡᠳᠦ ᠶᠢᠨ ᠲᠡᠦᠬᠡᠲᠦ ᠠᠴᠢ ᠬᠤᠯᠪᠣᠭᠳᠠᠯ ᠲᠠᠢ | ᠶᠤᠮ ᠭᠡᠵᠦ ᠬᠡᠯᠡᠵᠦ ᠪᠣᠯᠣᠨ᠎ᠠ᠃ ᠥᠪᠥᠷ ᠮᠣᠩᠭᠤᠯ ᠣᠷᠣᠨ ᠤ ᠬᠤᠪᠢᠰᠬᠠᠯ ᠡᠭᠦᠨ ᠠᠴᠠ ᠡᠬᠢᠯᠡᠨ ᠨᠠᠮ ᠤᠨ ᠪᠠᠲᠤ | ᠴᠢᠩᠭ᠎ᠠ ᠤᠳᠤᠷᠢᠳᠤᠯᠭ᠎ᠠ ᠲᠠᠢ ᠪᠣᠯᠵᠤ᠂ ᠡᠴᠦᠰ ᠲᠡᠭᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠦᠨᠳᠦᠰᠦᠲᠡᠨ ᠤ | ᠴᠢᠯᠦᠭᠡᠯᠡᠯᠲᠡ ᠶᠢᠨ ᠠᠭᠤᠤ ᠶᠡᠭᠡ ᠢᠯᠠᠯᠲᠠ ᠶᠢ ᠣᠯᠵᠤ᠂ ᠵᠥᠪ ᠣᠨᠣᠪᠴᠢᠲᠠᠢ ᠭᠡᠭᠡᠨ ᠰᠠᠷᠠᠭᠤᠯ ᠵᠠᠮ ᠢᠶᠠᠷ | ᠵᠠᠮᠨᠠᠭᠰᠠᠨ ᠪᠠᠶᠢᠨ᠎ᠠ᠃ ᠡᠳᠦᠭᠡ ᠦᠶ᠎ᠡ ᠦᠶ᠎ᠡ ᠶᠢᠨ ᠡᠪ ᠬᠠᠮᠲᠤᠴᠤᠳ ᠦᠶ᠎ᠡ ᠶᠢᠨ ᠦᠶ᠎ᠡ ᠳᠡᠭᠡᠨ ᠤᠯᠠᠮᠵᠢᠯᠠᠨ | ᠵᠠᠯᠭᠠᠮᠵᠢᠯᠠᠵᠤ᠂ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ ᠥᠪᠥᠷ ᠮᠣᠩᠭᠤᠯ ᠤᠨ ᠠᠷᠠᠳ ᠲᠦᠮᠡᠨ ᠢ | ᠳᠠᠭᠠᠭᠤᠯᠤᠨ ᠤᠳᠠᠭ᠎ᠠ ᠳᠠᠷᠠᠭᠠᠯᠠᠨ ᠭᠠᠶᠢᠬᠠᠮᠰᠢᠭ ᠢ ᠡᠭᠦᠳᠴᠦ᠂ ᠤᠳᠠᠭ᠎ᠠ ᠳᠠᠷᠠᠭᠠᠯᠠᠨ ᠭᠡᠷᠡᠯ ᠰᠠᠴᠤᠷᠠᠩᠭᠤᠢ | ᠠᠮᠵᠢᠯᠲᠠ ᠶᠢ ᠡᠭᠦᠳᠴᠡᠢ᠃ | | ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠰᠠᠨ ᠶᠤᠮ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠦᠶ᠎ᠡ ᠶᠢᠨ ᠲᠡᠷᠡ ᠬᠡᠰᠡᠭ | ᠲᠡᠦᠬᠡ ᠶᠢ ᠡᠷᠭᠢᠴᠡᠭᠦᠯᠪᠡᠯ᠂ ᠲᠤᠬᠠᠢ ᠶᠢᠨ ᠦᠶ᠎ᠡ ᠶᠢᠨ ᠪᠤᠳᠤᠯᠢᠶᠠᠨᠲᠠᠢ ᠪᠠᠶᠢᠳᠠᠯ ᠳᠣᠣᠷ᠎ᠠ᠂ ᠬᠡᠷᠪᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ᠂ ᠵᠥᠪ ᠣᠨᠣᠪᠴᠢᠲᠠᠶ ᠤᠳᠤᠷᠢᠳᠤᠯᠭ᠎ᠠ ᠪᠠᠶᠢᠭᠰᠠᠨ | ᠦᠭᠡᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠵᠤ ᠴᠢᠳᠠᠬᠤ ᠦᠭᠡᠢ ᠶᠤᠮ᠃ | | | | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠠᠴᠠ ᠡᠮᠦᠨᠡᠬᠡᠨ᠂ ᠥᠪᠥᠷ ᠮᠣᠩᠭᠤᠯ ᠣᠷᠣᠨ ᠤ ᠪᠠᠶᠢᠳᠠᠯ | ᠲᠤᠶᠢᠯ ᠤᠨ ᠨᠠᠷᠢᠨ ᠪᠤᠳᠤᠯᠢᠶᠠᠨᠲᠠᠢ ᠪᠠᠶᠢᠵᠤ᠂ ᠴᠢᠨᠠᠭᠰᠢᠯᠠᠪᠠᠯ ᠳᠤᠮᠳᠠᠳᠤ ᠤᠯᠤᠰ ᠤᠨ ᠨᠤᠲᠤᠭ ᠳᠡᠪᠢᠰᠬᠡᠷ ᠠᠴᠠ | ᠬᠠᠭᠠᠴᠠᠨ ᠭᠠᠷᠬᠤ ᠬᠦᠨᠳᠦ ᠨᠣᠴᠢᠲᠠᠢ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠪᠠ᠃ ᠲᠤᠬᠠᠢ ᠶᠢᠨ ᠦᠶ᠎ᠡ ᠳᠤ | ᠡᠯ᠎ᠡ ᠵᠦᠢᠯ ᠤᠨ ᠤᠯᠤᠰ ᠲᠦᠷᠦ ᠶᠢᠨ ᠬᠦᠴᠦᠨ ᠥᠪᠥᠷ ᠮᠣᠩᠭᠤᠯ ᠣᠷᠣᠨ ᠳᠤ ᠥᠷᠢᠰᠦᠯᠳᠦᠭᠡᠨ ᠶᠠᠪᠤᠭᠤᠯᠵᠤ᠂ | ᠡᠯ᠎ᠡ ᠵᠦᠢᠯ ᠤᠨ ᠬᠦᠴᠦᠨ ᠴᠥᠮ ᠥᠪᠡᠷ ᠤᠨ ᠤᠯᠤᠰ ᠲᠦᠷᠦ ᠶᠢᠨ ᠵᠣᠷᠢᠯᠲᠠ ᠪᠠᠨ ᠳᠤᠷᠠᠳᠤᠨ ᠭᠠᠷᠭᠠᠵᠠᠢ᠂ | ᠲᠡᠭᠦᠨ ᠤ ᠳᠣᠲᠣᠷᠠᠬᠢ ᠴᠥᠭᠡᠨ ᠪᠤᠰᠤ ᠨᠢ ︽ᠥᠪᠥᠷ ᠮᠣᠩᠭᠤᠯ ᠤᠨ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ︾ | ᠂ ︽ᠥᠪᠥᠷ ᠮᠣᠩᠭᠤᠯ ᠤᠨ ᠲᠤᠰᠠᠭᠠᠷ ᠲᠣᠭᠲᠠᠨᠢᠯ︾᠂ ︽ᠳᠣᠲᠣᠭᠠᠳᠤ ᠭᠠᠳᠠᠭᠠᠳᠤ ᠮᠣᠩᠭᠤᠯ ᠢ ᠨᠡᠶᠢᠯᠡᠭᠦᠯᠬᠦ︾ | ᠵᠡᠷᠭᠡ ᠪᠤᠷᠤᠭᠤ ᠵᠣᠷᠢᠯᠲᠠ ᠲᠠᠢ ᠪᠠᠶᠢᠵᠠᠢ᠃ ᠡᠳᠡᠭᠡᠷ ᠵᠣᠷᠢᠯᠲᠠ ᠨᠢ ᠮᠥᠨ ᠴᠢᠨᠠᠷ ᠳᠡᠭᠡᠷ᠎ᠡ ᠪᠠᠨ ᠥᠪᠥᠷ ᠮᠣᠩᠭᠤᠯ ᠢ | ᠬᠡᠰᠡᠭᠯᠡᠨ ᠰᠠᠯᠭᠠᠵᠤ᠂ ᠤᠯᠤᠰ ᠣᠷᠣᠨ ᠢ ᠬᠠᠭᠠᠴᠠᠭᠤᠯᠬᠤ ᠵᠣᠷᠢᠯᠭ᠎ᠠ ᠪᠠᠷ ᠶᠤᠮ᠃ ᠢᠷᠡᠭᠡᠳᠦᠢ ᠶᠢᠨ ᠬᠤᠪᠢ | ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠴᠠᠭ ᠮᠥᠴᠡ ᠳᠤ᠂ ᠡᠭᠡᠳᠡᠷᠡᠭᠡᠨ ᠪᠤᠳᠤᠯᠢᠶᠠᠨᠲᠠᠢ ᠰᠠᠮᠠᠭᠤᠨ ᠪᠠᠶᠢᠳᠠᠯ ᠤᠨ | ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ | ᠰᠢᠭᠤᠳ ᠤᠳᠤᠷᠢᠳᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠳᠠᠬᠤ ᠶᠢ ᠲᠦᠯᠬᠢᠨ | ᠠᠬᠢᠭᠤᠯᠤᠭᠰᠠᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠲᠥᠷᠥ ᠶᠢᠨ ᠵᠢᠯᠣᠭᠤᠳᠤᠯᠭ᠎ᠠ ᠪᠠᠨ | ᠴᠢᠩᠭᠠᠳᠬᠠᠬᠤ ᠪᠠᠷ ᠳᠠᠮᠵᠢᠭᠤᠯᠤᠨ᠂ ᠠᠮᠢᠳᠤᠯᠢᠭ ᠠᠷᠭ᠎ᠠ ᠪᠣᠳᠣᠯᠭ᠎ᠠ ᠠᠪᠴᠤ᠂ ᠤᠷᠢᠳ ᠬᠤᠵᠢᠳ ᠰᠥᠨᠢᠳ | ᠪᠠᠷᠠᠭᠤᠨ ᠬᠤᠰᠢᠭᠤᠨ ᠳᠤ ᠪᠠᠶᠢᠭᠤᠯᠤᠭᠰᠠᠨ ︽ᠪᠥᠬᠦᠳᠡ ᠨᠠᠶᠢᠷᠠᠮᠳᠠᠬᠤ ᠥᠪᠥᠷ ᠮᠣᠩᠭᠤᠯ ᠠᠷᠠᠳ ᠤᠯᠤᠰ ᠤᠨ ᠲᠦᠷ | ᠴᠠᠭ ᠤᠨ ᠵᠠᠰᠠᠭ ᠤᠨ ᠣᠷᠳᠣᠨ︾᠂ ᠬᠢᠩᠭᠠᠨ ᠠᠶᠢᠮᠠᠭ ᠤᠨ ᠭᠡᠭᠡᠨ ᠰᠦᠮ᠎ᠡ ᠳᠤ ᠪᠠᠶᠢᠭᠤᠯᠤᠭᠰᠠᠨ ︽ᠵᠡᠭᠦᠨ | ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ︾᠂ ᠬᠠᠶᠢᠯᠠᠷ ᠲᠤ ᠪᠠᠶᠢᠭᠤᠯᠤᠭᠰᠠᠨ ︽ | ᠬᠥᠯᠥᠨ ᠪᠤᠶᠢᠷ ᠤᠨ ᠥᠪᠡᠷᠲᠡᠭᠡᠨ ᠵᠠᠰᠠᠬᠤ ᠮᠤᠵᠢ ᠶᠢᠨ ᠵᠠᠰᠠᠭ ᠤᠨ ᠣᠷᠳᠣᠨ︾ ᠢ ᠵᠥᠪ ᠵᠠᠮ ᠳᠤ ᠬᠥᠲᠥᠯᠥᠨ | ᠣᠷᠣᠭᠤᠯᠵᠤ᠂ ᠵᠠᠷᠢᠮ ᠤᠯᠤᠰ ᠲᠥᠷᠥ ᠶᠢᠨ ᠬᠦᠴᠦᠨ ᠤ ︽ᠭᠠᠳᠠᠭᠰᠢ ᠭᠦᠶᠦᠬᠦ︾᠂ ︽ᠲᠤᠰᠠᠭᠠᠷ ᠲᠣᠭᠲᠠᠨᠢᠬᠤ︾ | ᠭᠤᠷᠢᠳᠠᠯᠭ᠎ᠠ ᠶᠢ ᠰᠦᠢᠷᠡᠭᠦᠯᠪᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠤᠬᠠᠢ ᠶᠢᠨ ᠦᠶ᠎ᠡ ᠶᠢᠨ ᠲᠡᠦᠬᠡᠨ ᠨᠥᠬᠦᠴᠡᠯ ᠳᠣᠣᠷ᠎ᠠ | ᠪᠠᠶᠢᠭᠤᠯᠤᠭᠳᠠᠵᠤ ᠴᠢᠳᠠᠭᠰᠠᠨ ᠨᠢ ᠳᠠᠷᠤᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ | ᠤᠳᠤᠷᠢᠳᠬᠤ ᠶᠠᠪᠤᠴᠠ ᠳᠤ᠂ ᠨᠠᠮ ᠤᠨ ᠲᠥᠪ ᠬᠤᠷᠢᠶ᠎ᠠ ᠴᠠᠭ ᠲᠤᠨᠢ ᠲᠣᠬᠢᠷᠠᠭᠤᠯᠤᠨ ᠵᠢᠯᠤᠭᠤᠳᠬᠤ ᠴᠢᠭᠯᠡᠯᠲᠡ | ᠲᠣᠭᠲᠠᠭᠠᠵᠤ᠂ ᠴᠡᠷᠢᠭ ᠤᠨ ᠶᠠᠪᠤᠳᠠᠯ ᠤᠨ ᠠᠵᠢᠯᠯᠠᠭ᠎ᠠ ᠶᠢ ᠪᠦᠲᠦᠮᠵᠢᠲᠡᠶ ᠵᠢᠯᠤᠭᠤᠳᠴᠤ᠂ ᠥᠪᠥᠷ ᠮᠣᠩᠭᠤᠯ | ᠣᠷᠣᠨ ᠤ ᠥᠪᠡᠷᠲᠡᠭᠡᠨ ᠵᠠᠰᠠᠬᠤ ᠬᠥᠳᠡᠯᠭᠡᠭᠡᠨ ᠢ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ | ᠡᠵᠡᠮᠳᠡᠭᠰᠡᠨ ᠠᠴᠠ ᠪᠣᠯᠤᠭᠰᠠᠨ ᠶᠤᠮ᠃ ᠲᠤᠬᠠᠢ ᠶᠢᠨ ᠦᠶ᠎ᠡ ᠳᠤ᠂ ᠬᠡᠷᠪᠡ ᠵᠢᠨᠢᠩ ᠤᠨ ᠳᠠᠶᠢᠯᠠᠯᠳᠤᠭᠠᠨ ᠳᠤ | ᠴᠢᠯᠦᠭᠡᠯᠡᠬᠦ ᠴᠡᠷᠢᠭ ᠤᠨ ᠶᠡᠭᠡ ᠴᠡᠷᠢᠭ ᠬᠢᠯᠢ ᠶᠢ ᠳᠠᠷᠤᠵᠤ᠂ ᠳᠠᠶᠢᠰᠤᠨ ᠤ ᠴᠡᠷᠢᠭ ᠢ ᠬᠦᠴᠦᠲᠡᠢ ᠬᠤᠷᠢᠭᠯᠠᠭᠰᠠᠨ | ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠳᠠᠭᠰᠠᠨ ᠨᠢ ᠴᠦ ᠲᠡᠶᠢᠮᠦ ᠤᠷᠤᠭᠰᠢᠲᠠᠢ ᠪᠠᠶᠢᠵᠤ ᠴᠢᠳᠠᠬᠤ | ᠦᠭᠡᠢ ᠶᠤᠮ᠃ ᠤᠳᠤ᠂ ᠥᠪᠥᠷ ᠮᠣᠩᠭᠤᠯ ᠤᠨ ︽ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠭᠠᠵᠠᠷ︾᠂ | ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠲᠤᠬᠠᠢ ᠶᠢᠨ ᠵᠢᠯ ᠤᠨ ᠨᠠᠮ ᠤᠨ ᠲᠥᠪ ᠬᠤᠷᠢᠶᠠᠨ ᠤ | ᠭᠠᠷᠭᠠᠭᠰᠠᠨ ᠵᠢᠭᠠᠪᠤᠷᠢ ᠶᠢ ᠳᠡᠯᠭᠡᠨ ᠦᠵᠡᠭᠦᠯᠵᠦ᠂ ᠮᠠᠤ ᠽᠦ ᠳ᠋ᠦᠩ᠂ ᠵᠧᠦ ᠧᠨ ᠯᠠᠢ ᠵᠡᠷᠭᠡ ᠤᠳᠤᠷᠢᠳᠬᠤ | ᠨᠥᠬᠦᠳ ᠤᠨ ᠥᠪᠡᠷ ᠤᠨ ᠭᠠᠷ ᠢᠶᠠᠷ ᠢᠶᠠᠨ ᠲᠤᠭᠤᠷᠪᠢᠭᠰᠠᠨ ᠴᠠᠬᠢᠯᠭᠠᠨ ᠮᠡᠳᠡᠭᠡ᠂ ᠵᠠᠬᠢᠳᠠᠯ ᠴᠢᠮᠡᠭᠡ ᠶᠢ ᠨᠠᠨᠳᠢᠩᠨᠠᠨ | ᠬᠠᠳᠠᠭᠠᠯᠠᠵᠤ ᠪᠤᠢ᠂ ᠡᠳᠡᠭᠡᠷ ᠨᠢ ᠪᠦᠷ ᠮᠠᠨ ᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ | ᠰᠢᠭᠤᠳ ᠤᠳᠤᠷᠢᠳᠴᠤ ᠪᠠᠶᠢᠭᠤᠯᠤᠭᠳᠠᠭᠰᠠᠨ ᠤ ᠲᠡᠦᠬᠡᠨ ᠭᠡᠷᠡᠴᠢ ᠪᠣᠯᠣᠨ᠎ᠠ᠃ | | ᠥᠪᠥᠷ ᠮᠣᠩᠭᠤᠯ ᠤᠨ ᠤᠳᠤ ᠶᠢᠨ ᠣᠷᠣᠨ ᠬᠤᠪᠢᠶᠠᠷᠢᠯᠠᠯ ᠤᠨ ᠬᠡᠪᠴᠢᠶ᠎ᠡ ᠶᠢ ᠴᠦ ᠨᠠᠮ ᠤᠨ ᠲᠥᠪ | ᠬᠤᠷᠢᠶᠠᠨ ᠤ ᠰᠢᠭᠤᠳ ᠤᠳᠤᠷᠢᠳᠤᠯᠭ᠎ᠠ ᠶᠢᠨ ᠳᠣᠣᠷ᠎ᠠ ᠲᠣᠭᠲᠠᠭᠠᠭᠰᠠᠨ ᠶᠤᠮ᠃ ᠨᠠᠮ ᠤᠨ ᠳᠣᠯᠣᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ ᠪᠠᠶᠢᠬᠤ | ᠬᠤᠭᠤᠴᠠᠭᠠᠨ ᠳᠤ᠂ ᠮᠠᠤ ᠽᠧ ᠳ᠋ᠦᠩ ᠨᠥᠬᠦᠷ ︽ᠥᠪᠥᠷ ᠮᠣᠩᠭᠤᠯ ᠤᠨ ᠲᠡᠦᠬᠡᠨ ᠳᠡᠭᠡᠷᠡᠬᠢ ᠤᠤᠯ ᠤᠨ ᠳᠦᠷᠰᠦ | ᠪᠠᠶᠢᠳᠠᠯ ᠢ ᠰᠡᠷᠭᠦᠭᠡᠨ᠎ᠡ︾ ᠭᠡᠵᠦ ᠳᠤᠷᠠᠳᠪᠠ᠃ ᠡᠭᠦᠨ ᠢ ᠪᠡᠶᠡᠯᠡᠭᠦᠯᠬᠦ ᠳᠤ ᠬᠦᠴᠢᠷᠳᠡᠯ ᠨᠢ ᠭᠤᠣᠯᠳᠠᠭᠤ ︽ᠥᠪᠥᠷ | ᠮᠣᠩᠭᠤᠯ ᠰᠦᠢᠶᠤᠸᠠᠨ ᠢ ᠨᠡᠶᠢᠯᠡᠭᠦᠯᠬᠦ︾ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠥᠪᠯᠡᠷᠡᠵᠦ ᠪᠠᠶᠢᠨ᠎ᠠ᠃ ᠨᠠᠮ ᠤᠨ | ᠲᠥᠪ ᠬᠤᠷᠢᠶᠠᠨ ᠤ ᠤᠳᠤᠷᠢᠳᠤᠯᠭ᠎ᠠ ᠪᠠ ᠳᠡᠮᠵᠢᠯᠭᠡ ᠪᠠᠷ᠂ ᠰᠦᠢᠶᠤᠸᠠᠨ ᠮᠤᠵᠢ ᠶᠢ 1954 ᠣᠨ ᠳᠤ ᠵᠢᠩᠬᠢᠨᠢ ᠪᠠᠷ | ᠪᠠᠶᠢᠭᠤᠯᠤᠮᠵᠢ ᠶᠢᠨ ᠳᠦᠷᠢᠮ ᠢ ᠨᠢ ᠬᠠᠰᠤᠵᠤ᠂ ᠬᠠᠷᠢᠶ᠎ᠠ ᠣᠷᠣᠨ ᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠬᠠᠷᠢᠶᠠᠯᠠᠭᠤᠯᠪᠠ᠃ ᠳᠠᠷᠠᠭ᠎ᠠ ᠨᠢ᠂ ᠭᠠᠨᠰᠤ ᠳᠤ ᠬᠠᠷᠢᠶᠠᠯᠠᠭᠳᠠᠵᠤ ᠪᠠᠶᠢᠭᠰᠠᠨ ᠠᠯᠠᠱᠠ᠂ ᠡᠵᠡᠨ᠎ᠡ᠂ | ᠾᠧᠪᠧᠢ ᠳᠤ ᠬᠠᠷᠢᠶᠠᠯᠠᠭᠳᠠᠵᠤ ᠪᠠᠶᠢᠭᠰᠠᠨ ᠱᠠᠩᠳᠤ ᠶᠢ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠬᠤᠪᠢᠶᠠᠨ ᠥᠭᠴᠡᠢ᠃ | | ᠡᠶᠢᠮᠦ ᠠᠴᠠ ᠥᠨᠥᠳᠥᠷ ᠪᠢᠳᠡ ᠥᠪᠥᠷ ᠮᠣᠩᠭᠤᠯ ᠪᠣᠯ ᠮᠠᠨ ᠤ ᠨᠠᠮ ᠤᠨ ᠬᠠᠮᠤᠭ ᠤᠨ ᠡᠷᠲᠡ | ᠪᠠᠶᠢᠭᠤᠯᠤᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ ᠤ ᠪᠦᠯᠬᠦᠮᠳᠡᠯ ᠤᠨ | ᠢᠷᠠᠭᠤ ᠠᠯᠳᠠᠷᠲᠤ ᠤᠯᠠᠮᠵᠢᠯᠠᠯ ᠲᠠᠢ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ | ᠠᠯᠳᠠᠷ ᠢ ᠡᠳ᠋ᠯᠡᠵᠦ ᠪᠠᠶᠢᠨ᠎ᠠ ᠭᠡᠵᠦ ᠣᠮᠣᠭᠰᠢᠨ ᠶᠠᠷᠢᠵᠤ ᠪᠠᠶᠢᠨ᠎ᠠ᠃ ᠢᠷᠡᠭᠡᠳᠦᠢ ᠳᠤ ᠬᠠᠨᠳᠤᠵᠤ᠂ ᠪᠢᠳᠠ ᠳᠤᠮᠳᠠᠳᠤ | ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ | ᠦᠷᠭᠦᠯᠵᠢᠯᠡᠨ ᠪᠠᠲᠤᠯᠠᠬᠤ ᠬᠡᠷᠡᠭᠲᠡᠢ᠃ | | ︵ᠭᠤᠷᠪᠠ︶ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ | ᠢᠷᠡᠭᠰᠡᠨ ᠶᠤᠮ | | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠭᠠᠷᠤᠢ ᠵᠢᠯ ᠢ ᠡᠷᠭᠢᠴᠡᠭᠦᠯᠬᠦᠶ᠎ᠡ᠂ ᠲᠡᠭᠷᠢ ᠭᠠᠵᠠᠷ ᠢ | ᠳᠣᠩᠰᠣᠯᠭᠠᠮ᠎ᠠ ᠬᠤᠪᠢᠷᠠᠯᠲᠠ ᠭᠠᠷᠪᠠ᠃ ᠡᠶᠢᠮᠦ ᠨᠢᠭᠡ ᠪᠦᠯᠦᠭ ᠲᠤᠭ᠎ᠠ ᠪᠠᠷᠢᠮᠲᠠ ᠶᠢ ᠤᠯᠠᠨ ᠲᠠᠢ ᠬᠤᠪᠢᠶᠠᠯᠴᠠᠨ᠎ᠠ᠄ | 2021 ᠣᠨ ᠳᠤ᠂ ᠪᠦᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 2 ᠲᠦᠮᠡᠨ | ᠳ᠋ᠦᠩᠰᠢᠭᠤᠷ ᠲᠥᠭᠦᠷᠢᠭ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠡᠬᠢᠨ ᠤ ᠦᠶ᠎ᠡ ᠶᠢᠨ | ᠬᠢ ᠠᠴᠠ 680 ᠲᠠᠬᠢᠨ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2349.9 | ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠶᠢᠨ ᠡᠬᠢᠨ ᠤ ᠦᠶ᠎ᠡ ᠳᠤ | 9 ᠲᠦᠮᠡᠨ ᠲᠥᠭᠦᠷᠢᠭ ᠯᠡ ᠪᠠᠶᠢᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 1978 ᠣᠨ ᠤ ᠬᠢ ᠠᠴᠠ 146 ᠳᠠᠬᠢᠨ ᠨᠡᠮᠡᠭᠳᠡᠪᠡ᠃ ᠥᠪᠥᠷ ᠮᠣᠩᠭᠤᠯ | ᠡᠶᠢᠮᠦᠷᠬᠦ ᠬᠥᠭᠵᠢᠯᠲᠡ ᠶᠢᠨ ᠠᠮᠵᠢᠯᠲᠠ ᠶᠢ ᠣᠯᠵᠤ ᠴᠢᠳᠠᠭᠰᠠᠨ ᠢ ᠦᠨᠳᠦᠰᠦᠨ ᠠᠴᠠ ᠨᠢ ᠠᠪᠴᠤ ᠬᠡᠯᠡᠪᠡᠯ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠤᠯᠤᠰ ᠠᠴᠠ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠵᠡᠷᠭᠡ ᠡᠯ᠎ᠡ ᠲᠠᠯ᠎ᠠ ᠪᠠᠷ ᠲᠤᠶᠢᠯ ᠤᠨ ᠶᠡᠭᠡ ᠳᠡᠮᠵᠢᠯᠭᠡ ᠦᠵᠡᠭᠦᠯᠦᠭᠰᠡᠨ ᠠᠴᠠ ᠪᠣᠯᠤᠭᠰᠠᠨ ᠶᠤᠮ᠃ | | ᠠᠯᠢ ᠡᠷᠲᠡ ︽ᠠᠩᠬᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠤᠯᠤᠰ ᠠᠴᠠ ᠥᠪᠥᠷ | ᠮᠣᠩᠭᠤᠯ ᠳᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠬᠤ᠂ ᠲᠡᠮᠦᠷ ᠵᠠᠮ ᠵᠠᠰᠠᠬᠤ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ 10 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠤᠭᠤᠲᠤ ᠶᠢᠨ ᠪᠣᠯᠣᠳ | ᠲᠡᠮᠦᠷ ᠤᠨ ᠺᠣᠮᠫᠠᠨᠢ᠂ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠠᠵᠤ ᠦᠢᠯᠡᠳᠪᠦᠷᠢ ᠶᠢᠨ ᠰᠠᠭᠤᠷᠢᠨ | ᠭᠠᠵᠠᠷ ᠢ ᠪᠦᠷ ᠲᠡᠷᠡ ᠦᠶ᠎ᠡ ᠳᠤ ᠡᠬᠢᠯᠡᠨ ᠪᠦᠲᠦᠭᠡᠨ ᠪᠠᠶᠢᠭᠤᠯᠤᠭᠰᠠᠨ ᠶᠤᠮ᠃ 20 ᠳ᠋ᠤᠭᠠᠷ ᠵᠠᠭᠤᠨ ᠤ ᠵᠢᠷᠠᠭᠠᠳ | ᠣᠨ ᠪᠣᠯᠬᠤ ᠳᠤ᠂ ᠤᠯᠤᠰ ᠠᠴᠠ ᠪᠠᠰᠠ ᠳᠠᠯᠠᠢ ᠳᠠᠭᠠᠤ ᠣᠷᠣᠨ ᠠᠴᠠ ᠥᠪᠥᠷ ᠮᠣᠩᠭᠤᠯ ᠳᠤ ᠨᠢᠭᠡ ᠪᠦᠯᠦᠭ | ᠦᠢᠯᠡᠳᠪᠦᠷᠢ ᠳᠤ ᠨᠡᠭᠦᠨ ᠣᠷᠣᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ | ᠠᠴᠠ ᠥᠪᠥᠷ ᠮᠣᠩᠭᠤᠯ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠡᠯ᠎ᠡ ᠵᠦᠢᠯ ᠤᠨ ᠦᠢᠯᠡᠰ ᠤᠨ | ᠬᠥᠭᠵᠢᠯᠲᠡ ᠶᠢ ᠳᠡᠮᠵᠢᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ 1996 ᠣᠨ ᠳᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠡᠭᠡᠵᠢᠩ ᠠᠴᠠ ᠥᠪᠥᠷ ᠮᠣᠩᠭᠤᠯ ᠢ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠰᠢᠨ᠎ᠡ ᠵᠠᠭᠤᠨ ᠳᠤ ᠣᠷᠣᠭᠰᠠᠨ ᠤ ᠲᠠᠷᠠᠭ᠎ᠠ᠂ ᠨᠠᠮ ᠤᠨ ᠲᠥᠪ ᠬᠤᠷᠢᠶ᠎ᠠ ᠠᠴᠠ | ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠭᠰᠠᠨ ᠥᠪᠥᠷ ᠮᠣᠩᠭᠤᠯ ᠢ ᠪᠠᠷᠠᠭᠤᠨ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠤᠯᠤᠰ ᠤᠨ ᠪᠠᠶᠢᠯᠳᠤᠬᠤ | ᠪᠣᠳᠣᠯᠭ᠎ᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠠᠢ︔ 2011 ᠣᠨ ᠳᠤ | ᠪᠠᠰᠠ ︽ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠤᠯᠠᠮ | ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠲᠤᠰᠬᠠᠶᠢᠯᠠᠨ ᠨᠡᠶᠢᠲᠡᠯᠡᠪᠡ᠃ | ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠢ ᠬᠠᠯᠠᠮᠵᠢᠯᠠᠵᠤ ᠪᠠᠶᠢᠭ᠎ᠠ ᠨᠢ ᠴᠥᠮ ︽ᠦᠨᠡᠨ ᠠᠯᠲᠠ ᠮᠥᠩᠭᠦ︾ | ᠶᠢᠨ ᠳᠡᠮᠵᠢᠯᠭᠡ ᠪᠣᠯᠣᠨ᠎ᠠ᠃ | | ᠨᠠᠮ ᠤᠨ ᠲᠥᠪ ᠬᠤᠷᠢᠶᠠᠨ ᠤ ᠲᠠᠰᠤᠷᠠᠯᠳᠡ ᠦᠭᠡᠢ ᠳᠡᠮᠵᠢᠯᠭᠡ ᠶᠢᠨ ᠠᠴᠢ ᠪᠠᠷ ᠥᠪᠥᠷ ᠮᠣᠩᠭᠤᠯ ᠶᠠᠳᠠᠭᠤ | ᠬᠤᠭᠤᠰᠤᠨ ᠪᠠᠶᠢᠭᠰᠠᠨ ᠠᠴᠠ ᠪᠠᠨ ᠬᠥᠭᠵᠢᠨ ᠴᠡᠴᠡᠭᠯᠡᠵᠦ ᠪᠠᠶᠠᠵᠢᠨ ᠴᠢᠨᠡᠭᠡᠯᠢᠭᠵᠢᠬᠦ ᠲᠡᠰᠢ ᠤᠷᠤᠭᠰᠢᠯᠠᠵᠤ᠂ ᠪᠦᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢᠳᠡᠵᠦ ᠡᠮᠦᠰᠬᠦ ᠪᠠᠷ ᠳᠤᠲᠠᠵᠤ | ᠪᠠᠶᠢᠭᠰᠠᠨ ᠠᠴᠠ ᠪᠠᠨ ᠪᠦᠬᠦ ᠲᠠᠯ᠎ᠠ ᠪᠠᠷ ᠴᠢᠨᠡᠭᠡᠯᠢᠭᠵᠢᠬᠦ ᠲᠡᠰᠢ ᠠᠬᠢᠵᠠᠢ᠃ ᠢᠯᠠᠩᠭᠤᠶ᠎ᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠬᠠᠯᠠᠮᠵᠢᠯᠠᠯ ᠪᠠ ᠳᠡᠮᠵᠢᠯᠭᠡ ᠳᠣᠣᠷ᠎ᠠ᠂ ᠥᠪᠥᠷ ᠮᠣᠩᠭᠤᠯ ᠤᠨ 157 ᠲᠦᠮᠡᠨ ᠶᠠᠳᠠᠭᠤ ᠬᠦᠴᠢᠷᠳᠡᠯᠲᠡᠢ | ᠬᠥᠮᠥᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠪᠦᠬᠦ ᠣᠷᠣᠨ ᠤ ᠬᠥᠮᠥᠨ ᠳᠤᠮᠳᠠᠴᠢ ᠶᠢᠨ GDP 1 ᠲᠦᠮᠡᠨ | ᠳ᠋ᠣᠯᠯᠠᠷ ᠢ ᠳᠠᠪᠠᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠲᠡᠦᠬᠡ ᠶᠢᠨ | ᠳᠡᠭᠲᠡᠷ ᠲᠤ ᠭᠠᠷᠴᠠᠢ᠃ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠄ ︽ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ | ᠰᠣᠩᠭᠤᠬᠤ ᠦᠶ᠎ᠡ ᠳᠤ᠂ ᠨᠠᠮ ᠤᠨ ᠲᠥᠪ ᠬᠤᠷᠢᠶ᠎ᠠ ᠠᠴᠠ ᠲᠥᠪ ᠤᠨ ᠤᠳᠤᠷᠢᠳᠬᠤ ᠨᠥᠬᠦᠳ ᠬᠤᠪᠢᠰᠬᠠᠯ ᠤᠨ | ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ | ᠬᠦᠴᠢᠷᠳᠡᠯᠲᠡᠢ ᠭᠠᠵᠠᠷ ᠣᠷᠣᠨ ᠢ ᠰᠣᠩᠭᠤᠵᠤ ᠰᠣᠩᠭᠤᠭᠤᠯᠢ ᠳᠤ ᠣᠷᠣᠯᠴᠠᠭᠤᠯᠪᠠᠯ ᠵᠣᠬᠢᠨ᠎ᠠ ᠭᠡᠵᠦ ᠳᠤᠷᠠᠳᠴᠠᠢ ᠪᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠣᠩᠭᠤᠵᠤ ᠰᠣᠩᠭᠤᠭᠤᠯᠢ ᠳᠤ ᠣᠷᠣᠯᠴᠠᠭᠰᠠᠨ ᠨᠢ ᠨᠠᠮ ᠤᠨ | ᠲᠥᠪ ᠬᠤᠷᠢᠶ᠎ᠠ ᠠᠴᠠ ᠦᠨᠳᠦᠰᠦᠲᠡᠨ ᠤ ᠬᠢᠯᠢ ᠬᠢᠵᠠᠭᠠᠷ ᠣᠷᠣᠨ ᠢ ᠴᠢᠬᠤᠯᠠᠴᠢᠯᠠᠵᠤ ᠪᠠᠶᠢᠬᠤ ᠶᠢ ᠢᠯᠡᠳᠬᠡᠵᠦ᠂ | ᠨᠠᠮ ᠤᠨ ᠲᠥᠪ ᠬᠤᠷᠢᠶᠠᠨ ᠤ ᠬᠥᠭᠵᠢᠯᠲᠡ ᠪᠠᠷ ᠠᠨᠠᠢ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ ᠠᠬᠢᠭᠤᠯᠬᠤ | ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠡᠷᠡᠰ ᠵᠣᠷᠢᠭ ᠢ | ᠢᠯᠡᠷᠡᠭᠦᠯᠵᠡᠢ︾ ᠭᠡᠵᠦ ᠬᠡᠯᠡᠪᠡ᠃ | | ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠲᠠᠪᠰᠢᠯᠳᠠ ᠨᠢ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠂ ᠨᠡᠶᠢᠭᠡᠮ ᠵᠢᠷᠤᠮ ᠤᠨ ᠶᠡᠭᠡ ᠭᠡᠷ | ᠪᠦᠯᠢ ᠶᠢᠨ ᠪᠦᠯᠬᠦᠮᠳᠡᠯ ᠪᠠᠭᠲᠠᠭᠠᠮᠵᠢ ᠠᠴᠠ ᠰᠠᠯᠵᠤ ᠴᠢᠳᠠᠬᠤ ᠦᠭᠡᠢ ᠭᠡᠳᠡᠭ ᠢ ᠲᠡᠦᠬᠡ ᠪᠠ ᠦᠢᠯᠡᠳᠦᠯᠭᠡ | ᠭᠡᠷᠡᠴᠢᠯᠡᠵᠡᠢ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠡᠶᠡᠯᠡᠭᠦᠯᠬᠦ | ᠰᠢᠨ᠎ᠡ ᠠᠶᠠᠨ ᠵᠠᠮ ᠳᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠨᠢᠭᠡᠨᠲᠡ ᠥᠪᠥᠷ | ᠮᠣᠩᠭᠤᠯ ᠳᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠥᠯᠥᠪᠵᠢᠭᠦᠯᠵᠦ᠂ ᠴᠢᠭᠯᠡᠯ ᠪᠣᠯᠣᠨ ᠵᠠᠮ ᠱᠤᠭᠤᠮ ᠢ | ᠲᠣᠳᠣᠷᠬᠠᠢ ᠵᠢᠭᠠᠵᠤ ᠥᠭᠴᠡᠢ᠂ ᠪᠢᠳᠡ ᠡᠷᠬᠡᠪᠰᠢ ᠢᠮᠠᠭᠲᠠ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ | ᠮᠡᠳᠡᠷᠡᠵᠦ᠂ ᠨᠠᠮ ᠢᠶᠠᠨ ᠲᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ︵ᠳᠥᠷᠪᠡ︶ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠬᠡᠴᠡᠭᠦᠦ ᠡ᠊ᠨᠳᠡᠭᠦᠦ | ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ | | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠠᠴᠠ ᠨᠠᠰᠢ᠂ ᠠᠵᠢᠯ ᠤᠨ ᠳᠤᠮᠳᠠ ᠬᠦᠨᠳᠦ ᠬᠡᠴᠡᠭᠦᠦ | ᠠᠳᠡᠭᠦᠦ ᠪᠤᠷᠤᠭᠤ ᠭᠠᠷᠬᠤ ᠪᠦᠷᠢ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠵᠢᠭᠠᠨ ᠵᠢᠯᠤᠭᠤᠳᠴᠤ᠂ | ᠪᠢᠳᠡᠨ ᠢ ᠬᠠᠪᠰᠤᠷᠤᠨ ᠰᠤᠳᠠᠯ ᠢ ᠠᠳᠬᠤᠨ ᠴᠢᠭᠯᠡᠯ ᠢ ᠨᠢ ᠲᠣᠭᠲᠠᠭᠠᠵᠤ᠂ ᠵᠥᠪ ᠴᠢᠭᠯᠡᠯ ᠢ ᠨᠢ ᠵᠠᠯᠠᠷᠠᠭᠤᠯᠬᠤ ᠶᠢᠨ | ᠬᠠᠮᠲᠤ ᠤᠳᠠᠭ᠎ᠠ ᠪᠦᠷᠢ ᠶᠢᠨ ᠬᠠᠯᠠᠨ ᠰᠠᠶᠢᠵᠢᠷᠠᠭᠤᠯᠤᠭᠰᠠᠨ ᠤ ᠳᠠᠷᠠᠭᠠᠬᠢ ᠥᠪᠥᠷ ᠮᠣᠩᠭᠤᠯ ᠤᠨ ᠠᠵᠢᠯ ᠴᠥᠮ | ᠰᠢᠨ᠎ᠡ ᠴᠢᠬᠤᠯᠠ ᠶᠡᠭᠡ ᠲᠠᠪᠰᠢᠯᠳᠠ ᠲᠠᠢ ᠪᠣᠯᠤᠭᠰᠠᠨ ᠪᠠᠶᠢᠨ᠎ᠠ᠃ ᠡᠷᠬᠢᠨ ᠬᠠᠷᠠᠬᠤᠶ᠎ᠠ᠂ ᠬᠡᠷᠪᠡ ᠨᠠᠮ ᠤᠨ ᠲᠥᠪ | ᠬᠤᠷᠢᠶᠠᠨ ᠤ ᠵᠢᠯᠣᠭᠤᠳᠤᠯᠭ᠎ᠠ ᠪᠠ ᠬᠠᠪᠰᠤᠷᠤᠯᠭ᠎ᠠ ᠪᠠᠶᠢᠭᠰᠠᠨ ᠦᠭᠡᠢ ᠪᠣᠯ᠂ ᠥᠪᠥᠷ ᠮᠣᠩᠭᠤᠯ ᠶᠠᠪᠤᠵᠤ ᠢᠷᠡᠭᠰᠡᠨ | ᠵᠠᠮ ᠳᠠᠭᠠᠨ ᠬᠡᠴᠢᠨᠡᠨ ᠤᠯᠠᠨ ᠨᠤᠭᠤᠷᠠᠯ ᠪᠦᠳᠦᠷᠢᠯ ᠪᠠ ᠬᠤᠬᠢᠷᠠᠯ ᠳᠤ ᠤᠴᠠᠷᠠᠬᠤ ᠶᠢ ᠪᠦᠦ ᠮᠡᠳᠡ᠂ ᠬᠡᠴᠢᠨᠡᠨ ᠤᠯᠠᠨ | ᠲᠣᠭᠤᠷᠢᠤ ᠵᠠᠮ ᠢᠶᠠᠷ ᠶᠠᠪᠤᠵᠤ᠂ ᠬᠡᠴᠢᠨᠡᠨ ᠬᠦᠨᠳᠦ ᠳᠠᠷᠤᠭᠠᠰᠤ ᠲᠠᠢ ᠪᠠᠶᠢᠭᠰᠠᠨ ᠢ ᠪᠦᠦ ᠮᠡᠳᠡ᠃ | | ᠭᠠᠵᠠᠷ ᠲᠠᠷᠢᠶᠠᠨ ᠤ ᠥᠭᠡᠷᠡᠴᠢᠯᠡᠯᠲᠡ ᠶᠢᠨ ᠡᠬᠢᠨ ᠤ ᠦᠶ᠎ᠡ ᠳᠤ᠂ ᠬᠥᠳᠡᠭᠡ ᠲᠣᠰᠬᠤᠨ ᠤ ᠪᠠᠶᠢᠳᠠᠯ ᠢ | ᠰᠤᠳᠤᠯᠤᠭᠰᠠᠨ ᠢᠶᠠᠷ ᠬᠦᠷᠦᠯᠴᠡᠭᠰᠡᠨ ᠦᠭᠡᠢ᠂ ᠣᠨᠣᠪᠴᠢᠲᠠᠶ ᠠᠳᠬᠤᠭᠰᠠᠨ ᠦᠭᠡᠢ ᠠᠴᠠ ᠪᠣᠯᠵᠤ᠂ ᠥᠪᠡᠷᠲᠡᠭᠡᠨ | ᠵᠠᠰᠠᠬᠤ ᠣᠷᠣᠨ ᠤ ᠡᠯ᠎ᠡ ᠭᠠᠵᠠᠷ ᠲᠤ ︽ᠵᠡᠭᠦᠨ︾ ᠤ ᠬᠡᠯᠪᠡᠷᠢᠯ ᠠᠳᠠᠯᠢ ᠪᠤᠰᠤ ᠬᠡᠮᠵᠢᠶ᠎ᠡ ᠪᠠᠷ ᠭᠠᠷᠴᠤ᠂ ᠬᠡᠰᠡᠭ | ᠲᠠᠷᠢᠶᠠᠴᠢᠨ ᠤ ᠪᠦᠷᠢᠯᠳᠦᠭᠦᠨ ᠢ ᠪᠤᠷᠤᠭᠤ ᠲᠣᠭᠲᠠᠭᠠᠵᠤ᠂ ᠴᠣᠬᠢᠯᠲᠠ ᠣᠯᠭᠤᠬᠤ ᠬᠡᠪᠴᠢᠶ᠎ᠡ ᠶᠢ ᠥᠷᠭᠡᠳᠬᠡᠭᠰᠡᠨ | ᠪᠠᠶᠢᠨ᠎ᠠ᠃ ᠨᠠᠮ ᠤᠨ ᠲᠥᠪ ᠬᠤᠷᠢᠶ᠎ᠠ ᠠᠵᠢᠯ ᠤᠨ ᠳᠤᠮᠳᠠᠬᠢ ᠠᠳᠡᠭᠦᠦ ᠪᠤᠷᠤᠭᠤ ᠶᠢ ᠰᠡᠷᠭᠡᠭ ᠢᠶᠠᠷ ᠰᠡᠷᠡᠵᠦ ᠮᠡᠳᠡᠭᠡᠳ | ᠂ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠪᠣᠳᠣᠯᠭ᠎ᠠ ᠶᠢ ᠴᠠᠭ ᠲᠤᠬᠠᠢ ᠳᠤᠨᠢ | ᠲᠡᠭᠦᠯᠳᠡᠷᠵᠢᠭᠦᠯᠦᠭᠰᠡᠨ ᠪᠥᠭᠡᠳ ᠥᠪᠥᠷ ᠮᠣᠩᠭᠤᠯ ᠣᠷᠣᠨ ᠤ ᠴᠢᠯᠦᠭᠡᠯᠡᠭᠳᠡᠭᠰᠡᠨ ᠣᠷᠣᠨ ᠤ ᠬᠥᠳᠡᠭᠡ ᠲᠣᠰᠬᠤᠨ ᠳᠤ | ᠭᠠᠵᠠᠷ ᠰᠢᠷᠣᠢ ᠶᠢᠨ ᠥᠭᠡᠷᠡᠴᠢᠯᠡᠯᠲᠡ ᠶᠢ ᠲᠠᠬᠢᠨ ᠪᠠᠶᠢᠴᠠᠭᠠᠵᠤ ᠵᠠᠯᠠᠷᠠᠭᠤᠯᠬᠤ ᠠᠵᠢᠯ ᠢ ᠨᠡᠶᠢᠳᠡᠮ ᠬᠢᠵᠦ᠂ ᠭᠠᠵᠠᠷ | ᠰᠢᠷᠣᠢ ᠶᠢᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠵᠥᠪ ᠵᠠᠮ ᠳᠤ ᠣᠷᠣᠭᠤᠯᠪᠠ᠃ ᠮᠠᠯᠵᠢᠬᠤ ᠣᠷᠣᠨ ᠳᠤ | ᠠᠷᠠᠳᠴᠢᠯᠠᠭᠰᠠᠨ ᠥᠭᠡᠷᠡᠴᠢᠯᠡᠯᠲᠡ ᠶᠢ ᠥᠷᠨᠢᠭᠦᠯᠬᠦ ᠶᠢᠨ ᠡᠬᠢᠨ ᠤ ᠦᠶ᠎ᠡ ᠳᠤ᠂ ᠮᠠᠯ ᠠᠵᠤ ᠠᠬᠤᠢ ᠶᠢᠨ ᠣᠨᠴᠠᠯᠢᠭ ᠢ | ᠣᠮᠲᠣᠭᠠᠶᠢᠯᠠᠭᠰᠠᠨ ᠠᠴᠠ ᠥᠪᠥᠷ ᠮᠣᠩᠭᠤᠯ ᠤᠨ ᠵᠠᠷᠢᠮ ᠭᠠᠵᠠᠷ ᠣᠷᠣᠨ ᠤ ᠬᠢᠨ ᠲᠠᠷᠢᠶᠠᠯᠠᠬᠤ ᠣᠷᠣᠨ ᠤ ᠭᠠᠵᠠᠷ | ᠲᠠᠷᠢᠶᠠᠨ ᠤ ᠥᠭᠡᠷᠡᠴᠢᠯᠡᠯᠲᠡ ᠶᠢᠨ ᠠᠷᠭ᠎ᠠ ᠪᠠᠷ ᠳᠥᠭᠦᠮᠬᠡᠨ ᠢᠶᠠᠷ ᠠᠩᠭᠢ ᠬᠤᠪᠢᠶᠠᠵᠤ᠂ ᠮᠠᠯ ᠤᠨ ᠡᠵᠡᠨ ᠲᠠᠢ | ᠲᠡᠮᠡᠴᠡᠵᠦ᠂ ᠮᠠᠯ ᠤᠨᠤᠭ᠎ᠠ ᠶᠢ ᠲᠡᠭᠰᠢ ᠪᠠᠷ ᠬᠤᠪᠢᠶᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠦᠨᠳᠦ | ᠨᠣᠴᠢᠲᠠᠢ ᠡᠪᠳᠡᠭᠰᠡᠨ ᠪᠠᠶᠢᠨ᠎ᠠ᠃ ᠡᠨᠡ ᠬᠦ ᠠᠰᠠᠭᠤᠳᠠᠯ ᠢ ᠢᠯᠡᠷᠡᠭᠦᠯᠦᠭᠰᠡᠨ ᠤ ᠲᠠᠷᠠᠭ᠎ᠠ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠣᠷᠣᠨ ᠤ ᠲᠣᠪᠴᠢᠶ᠎ᠠ ᠠᠴᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠡᠷᠬᠡᠪᠰᠢ ᠮᠣᠩᠭᠤᠯ ᠦᠨᠳᠦᠰᠦᠲᠡᠨ ᠤ ᠣᠯᠠᠩᠬᠢ ᠲᠣᠭᠠᠨ ᠤ ᠬᠥᠮᠥᠰ ᠲᠠᠢ ᠪᠦᠯᠬᠦᠮᠳᠡᠵᠦ᠂ | ︽ᠪᠣᠯᠭᠤᠮᠵᠢᠲᠠᠢ ᠪᠠᠷ ᠠᠯᠭᠤᠷ ᠤᠷᠤᠭᠰᠢᠯᠠᠬᠤ︾ ᠴᠢᠭᠯᠡᠯᠲᠡ ᠶᠢ ᠠᠪᠬᠤ ᠬᠡᠷᠡᠭᠲᠡᠢ ᠭᠡᠵᠦ ᠱᠠᠭᠠᠷᠳᠠᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠣᠷᠣᠨ ᠤ ᠲᠣᠪᠴᠢᠶ᠎ᠠ ᠶᠢᠨ ᠬᠦᠴᠦᠲᠡᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠠᠳᠴᠢᠯᠠᠭᠰᠠᠨ ᠥᠭᠡᠷᠡᠴᠢᠯᠡᠯᠲᠡ ᠶᠢᠨ ᠳᠤᠮᠳᠠᠬᠢ ᠲᠤᠷᠰᠢᠯᠭ᠎ᠠ | ᠰᠤᠷᠭᠠᠮᠵᠢ ᠶᠢ ᠴᠠᠭ ᠲᠤᠬᠠᠢ ᠳᠤᠨᠢ ᠳ᠋ᠦᠩᠨᠡᠵᠦ᠂ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ︽ᠭᠤᠷᠪᠠᠨ ᠦᠭᠡᠢ | ᠬᠤᠶᠠᠭᠤᠯᠠ ᠳᠤ ᠠᠰᠢᠭᠲᠠᠢ︾ ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠵᠤ᠂ ᠨᠢᠭᠡ ᠵᠦᠢᠯ ᠤᠨ ᠨᠡᠯᠢᠶᠡᠳ | ᠨᠠᠮᠬᠠᠨ ᠠᠷᠭ᠎ᠠ ᠮᠠᠶ᠋ᠢᠭ ᠢᠶᠠᠷ ᠮᠠᠯᠵᠢᠬᠤ ᠣᠷᠣᠨ ᠤ ᠬᠤᠴᠤᠷᠤᠩᠭᠤᠢ ᠦᠢᠯᠡᠳᠪᠦᠷᠢᠯᠡᠯ ᠤᠨ ᠬᠠᠷᠢᠴᠠᠭ᠎ᠠ ᠶᠢ ᠡᠪᠳᠡᠵᠦ᠂ | ᠬᠥᠯᠥᠰᠦᠨ ᠮᠠᠯᠴᠢᠨ ᠪᠠ ᠮᠠᠯ ᠤᠨ ᠡᠵᠡᠨ ᠬᠤᠶᠠᠷ ᠲᠠᠯ᠎ᠠ ᠶᠢᠨ ᠦᠢᠯᠡᠳᠪᠦᠷᠢᠯᠡᠯ ᠤᠨ ᠢᠳᠡᠪᠬᠢᠵᠢᠯ ᠢ ᠭᠦᠢᠴᠡᠳ | ᠲᠠᠶᠢᠴᠢᠯᠠᠨ᠂ ᠮᠠᠯᠵᠢᠬᠤ ᠣᠷᠣᠨ ᠤ ᠠᠷᠠᠳᠴᠢᠯᠠᠭᠰᠠᠨ ᠥᠭᠡᠷᠡᠴᠢᠯᠡᠯᠲᠡ ᠶᠢᠨ ᠤᠷᠤᠭᠰᠢᠲᠠᠢ ᠪᠡᠶᠡᠯᠡᠭᠳᠡᠬᠦ ᠶᠢ | ᠪᠠᠲᠤᠯᠠᠪᠠ᠃ ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ᠂ ᠥᠪᠥᠷ ᠮᠣᠩᠭᠤᠯ ᠳᠤ ᠶᠡᠭᠡ | ᠬᠡᠮᠵᠢᠶᠡᠨ ᠤ ᠬᠢᠯᠢᠰ ᠬᠤᠳᠠᠯ ᠪᠤᠷᠤᠭᠤ ᠬᠡᠷᠡᠭ ᠭᠠᠷᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠬᠦᠨᠳᠦ | ᠨᠣᠴᠢᠲᠠᠢ ᠡᠪᠳᠡᠯᠡᠭᠡ ᠳᠤ ᠤᠴᠠᠷᠠᠪᠠ᠃ ᠰᠡᠭᠦᠯᠡᠷ ᠨᠢ ᠨᠠᠮ ᠤᠨ ᠲᠥᠪ ᠬᠤᠷᠢᠶᠠᠨ ᠤ ᠵᠥᠪ ᠱᠤᠭᠤᠮ ᠴᠢᠭᠯᠡᠯᠲᠡ | ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ ᠥᠪᠥᠷ ᠮᠣᠩᠭᠤᠯ ᠦᠨᠡᠨ ᠠᠴᠠ ᠵᠥᠪ ᠢ ᠡᠷᠢᠬᠦ᠂ ᠪᠤᠷᠤᠭᠤ | ᠪᠠᠶᠢᠪᠠᠯ ᠵᠠᠪᠠᠯ ᠵᠠᠯᠠᠷᠠᠭᠤᠯᠬᠤ ᠵᠠᠷᠴᠢᠮ ᠢᠶᠠᠷ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠡᠯ᠎ᠡ ᠲᠠᠯ᠎ᠠ ᠶᠢᠨ ᠬᠢᠨ ᠰᠠᠶ᠋ᠢ ᠰᠠᠮᠠᠭᠤᠷᠠᠯ ᠢ ᠵᠠᠰᠠᠨ | ᠵᠦᠭᠰᠢᠷᠡᠭᠦᠯᠵᠦ ᠴᠢᠳᠠᠭᠰᠠᠨ ᠶᠤᠮ᠃ ᠥᠩᠭᠡᠷᠡᠭᠰᠡᠨ ᠨᠢᠭᠡ ᠬᠤᠭᠤᠴᠠᠭᠠᠨ ᠳᠤ᠂ ᠥᠪᠥᠷ ᠮᠣᠩᠭᠤᠯ ᠤᠨ ᠵᠠᠷᠢᠮ | ᠭᠠᠵᠠᠷ ᠣᠷᠣᠨ ᠤ ᠬᠢᠨ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠪᠠᠨ ᠬᠠᠶᠢᠬᠤᠷᠤᠯ ᠦᠭᠡᠢ ᠪᠠᠷ ᠰᠣᠬᠤᠷ | ᠪᠠᠯᠠᠢ ᠪᠠᠷ ᠨᠡᠭᠡᠭᠡᠨ ᠬᠥᠭᠵᠢᠭᠦᠯᠵᠦ᠂ ᠲᠥᠷᠥᠯ ᠵᠦᠢᠯ ᠢᠶᠠᠨ ᠡᠬᠢᠯᠡᠭᠦᠯᠦᠨ᠂ ᠥᠨᠳᠥᠷ ᠥᠷᠢ ᠲᠠᠢ ᠪᠠᠶᠢᠵᠤ ᠨᠡᠮᠡᠭᠳᠡᠯ ᠢ | ᠪᠠᠲᠤᠯᠠᠬᠤ ᠵᠠᠮ ᠢᠶᠠᠷ ᠵᠠᠮᠨᠠᠬᠤ ᠳᠤ ᠰᠢᠨᠤᠵᠤ᠂ ᠶᠡᠭᠡ ᠬᠡᠮᠵᠢᠶᠡᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ | ᠬᠤᠷᠠᠮᠳᠤᠭᠤᠯᠵᠠᠢ᠃ 2017 ᠣᠨ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ | ᠵᠠᠰᠠᠭ ᠤᠨ ᠣᠷᠳᠣᠨ ᠤ ᠥᠷᠢ ᠥᠭᠴᠡᠭᠡᠨ ᠤ ᠠᠰᠠᠭᠤᠳᠠᠯ ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ | ᠥᠭᠴᠦ᠂ ᠵᠠᠩᠭᠢᠯᠠᠭ᠎ᠠ ᠶᠢᠨ ᠴᠠᠭ ᠮᠥᠴᠡ ᠳᠤ ᠪᠢᠳᠡᠨ ᠳᠤ ︽ᠰᠡᠬᠡᠭᠡᠷᠡᠭᠦᠯᠬᠦ ᠡᠮ︾ ᠥᠭᠴᠦ᠂ ︽ᠭᠡᠨᠡᠳᠲᠡ | ᠵᠣᠭᠰᠤᠭᠠᠬᠤ︾ ᠶᠢ ᠭᠢᠰᠬᠢᠭᠰᠡᠨ ᠪᠠᠶᠢᠨ᠎ᠠ᠃ | | ︵ᠲᠠᠪᠤ︶ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠣᠯ ᠶᠡᠷᠦᠩᠬᠡᠢ | ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠲᠠᠯ᠎ᠠ ᠨᠤᠲᠤᠭ ᠲᠠᠢ ᠰᠡᠳᠬᠢᠯ | ᠵᠢᠷᠦᠬᠡ ᠪᠠᠨ ᠬᠤᠯᠪᠣᠵᠤ᠂ ᠪᠦᠬᠦ ᠲᠠᠯ᠎ᠠ ᠳᠤ ᠰᠠᠭᠤᠷᠢᠯᠠᠨ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠲᠥᠯᠥᠪᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠲᠤ ᠲᠣᠳᠣᠷᠬᠠᠢ | ᠠᠵᠢᠯᠯᠠᠭᠠᠨ ᠤ ᠬᠥᠲᠥᠯᠪᠦᠷᠢ ᠶᠢ ᠲᠣᠭᠲᠠᠭᠠᠵᠤ᠂ ᠪᠠᠷᠠᠭᠳᠠᠰᠢ ᠦᠭᠡᠢ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠠᠩᠭᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠡᠯ᠎ᠡ ᠵᠦᠢᠯ ᠤᠨ ᠦᠢᠯᠡᠰ ᠡᠳᠦᠷ ᠠᠴᠠ ᠡᠳᠦᠷ ᠥᠭᠡᠳᠡᠯᠡᠨ ᠬᠥᠭᠵᠢᠵᠦ᠂ ᠠᠮᠢ | ᠠᠬᠤᠢ ᠶᠢᠨ ᠣᠷᠴᠢᠨ ᠲᠣᠭᠤᠷᠢᠨ ᠨᠡᠩ ᠦᠵᠡᠰᠬᠦᠯᠡᠩᠲᠦ ᠰᠠᠶᠢᠬᠠᠨ ᠪᠣᠯᠵᠤ᠂ ᠤᠯᠠᠨ ᠲᠦᠮᠡᠨ ᠤ ᠠᠮᠢᠳᠤᠷᠠᠯ ᠤᠯᠠᠮ | ᠰᠠᠶᠢᠨ ᠰᠠᠶᠢᠬᠠᠨ ᠪᠣᠯᠵᠠᠢ᠃ | | ᠬᠡᠭᠡᠷ᠎ᠡ ᠲᠠᠯ᠎ᠠ ᠳᠤ ᠳᠣᠬᠢᠭᠤᠷ ᠲᠣᠯᠣᠭᠠᠨ ᠣᠲᠣ ᠶᠢ ᠣᠨᠣᠪᠴᠢᠲᠠᠶ ᠣᠯᠵᠤ ᠬᠠᠷᠠᠪᠠᠯ ᠵᠦᠭ ᠴᠢᠭ ᠢᠶᠠᠨ | ᠠᠯᠳᠠᠬᠤ ᠦᠭᠡᠢ ᠭᠡᠳᠡᠭ ᠵᠦᠢᠷ ᠦᠭᠡ ᠪᠠᠶᠢᠳᠠᠭ᠂ ᠡᠨᠡ ᠨᠢ ᠳᠠᠷᠤᠢ ᠳᠣᠬᠢᠭᠤᠷ ᠲᠣᠯᠣᠭᠠᠨ ᠣᠲᠣ ᠶᠢ ᠣᠨᠣᠪᠴᠢᠲᠠᠶ | ᠣᠯᠵᠤ ᠬᠠᠷᠠᠪᠠᠯ ᠵᠦᠭ ᠴᠢᠭ ᠢᠶᠠᠨ ᠠᠯᠳᠠᠬᠤ ᠦᠭᠡᠢ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢᠬᠢ ᠡᠨᠡ ᠠᠷᠪᠠᠨ ᠵᠢᠯ ᠳᠤ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠲᠠᠰᠤᠷᠠᠯᠲᠠ ᠦᠭᠡᠢ ᠬᠥᠭᠵᠢᠨ | ᠳᠠᠪᠰᠢᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠣᠭᠰᠠᠨ ᠤ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢᠨ᠎ᠡ | ᠠᠶᠠᠨ ᠵᠠᠮ ᠳᠤ᠂ ᠪᠢᠳᠡ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠯᠠᠪᠳᠠᠭᠤᠨ ᠪᠠᠲᠤᠲᠠᠢ ᠤᠷᠤᠭᠰᠢᠯᠠᠵᠤ᠂ | ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠰᠠᠶᠢᠲᠤᠷ ᠪᠢᠴᠢᠭᠯᠡᠨ᠎ᠡ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠲᠥᠪ ᠤᠨ ᠡᠳ᠋ ᠤᠨ ᠵᠠᠰᠠᠭ ᠠᠴᠠ ᠥᠪᠥᠷ | ᠮᠣᠩᠭᠤᠯ ᠳᠤ ᠰᠢᠯᠵᠢᠭᠦᠯᠦᠨ ᠣᠯᠭᠤᠬᠤ ᠪᠡᠯᠡ ᠮᠥᠩᠭᠦ ᠨᠡᠶᠢᠲᠡ 2.51 ᠲᠦᠮᠡᠨ ᠳ᠋ᠦᠩᠰᠢᠭᠤᠷ ᠲᠥᠭᠦᠷᠢᠭ ᠲᠤ | ᠬᠦᠷᠴᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠲᠦᠮᠡᠨ ᠤ ᠠᠵᠠ | ᠵᠢᠷᠭᠠᠯ ᠤᠨ ᠳᠡᠭᠡᠭᠰᠢᠯᠡᠯᠲᠡ ᠶᠢ ᠰᠢᠭᠤᠳ ᠳᠠᠶᠢᠴᠢᠯᠠᠭᠰᠠᠨ ᠪᠠᠶᠢᠨ᠎ᠠ᠃ ᠪᠦᠬᠦ ᠣᠷᠣᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ 2012 ᠣᠨ ᠳᠤ ᠲᠦᠮᠡᠨ ᠳ᠋ᠦᠩᠰᠢᠭᠤᠷ ᠲᠥᠭᠦᠷᠢᠭ ᠤᠨ ᠪᠠᠷᠢᠮᠵᠢᠶ᠎ᠠ ᠶᠢ | ᠳᠠᠪᠠᠵᠤ᠂ 2021 ᠣᠨ ᠪᠣᠯᠬᠤ ᠳᠤ 2 ᠲᠦᠮᠡᠨ ᠳ᠋ᠦᠩᠰᠢᠭᠤᠷ ᠲᠥᠭᠦᠷᠢᠭ ᠤᠨ ᠳᠡᠭᠲᠡᠷ ᠲᠤ ᠭᠠᠷᠴᠤ᠂ 2022 | ᠣᠨ ᠳᠤ 23159 ᠳ᠋ᠦᠩᠰᠢᠭᠤᠷ ᠲᠥᠭᠦᠷᠢᠭ ᠲᠤ ᠬᠦᠷᠴᠡᠢ᠃ ᠬᠥᠮᠥᠨ ᠳᠤᠮᠳᠠᠴᠢ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠪᠦᠬᠦ ᠦᠷᠲᠡᠭ 2012 ᠣᠨ ᠳᠤ 4.2 ᠲᠦᠮᠡᠨ ᠲᠥᠭᠦᠷᠢᠭ ᠪᠠᠶᠢᠭᠰᠠᠨ ᠠᠴᠠ ᠪᠠᠨ 2022 | ᠣᠨ ᠳᠤ 9.6 ᠲᠦᠮᠡᠨ ᠲᠥᠭᠦᠷᠢᠭ ᠪᠣᠯᠣᠨ ᠨᠡᠮᠡᠭᠳᠡᠵᠦ᠂ ᠪᠦᠬᠦ ᠤᠯᠤᠰ ᠤᠨ ᠨᠠᠢᠮᠠᠳᠤᠭᠠᠷ ᠲᠤ ᠣᠷᠣᠪᠠ᠃ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠬᠦ ᠤᠯᠤᠰ ᠤᠨ ᠠᠷᠠᠳ ᠲᠦᠮᠡᠨ ᠲᠠᠢ ᠬᠠᠮᠲᠤᠪᠠᠷ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢᠶᠠᠨ ᠡᠬᠢᠯᠡᠭᠦᠯᠪᠡ᠃ | | ᠥᠪᠥᠷ ᠮᠣᠩᠭᠤᠯ ᠠᠮᠢ ᠠᠬᠤᠢ ᠶᠢ ᠬᠠᠮᠠᠭᠠᠯᠠᠬᠤ᠂ ᠪᠣᠬᠢᠷᠲᠤᠯ ᠢ ᠵᠠᠰᠠᠬᠤ᠂ ᠬᠡᠯᠪᠡᠷᠢ ᠶᠢ ᠬᠤᠪᠢᠷᠠᠭᠤᠯᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠨᠡᠶᠢᠳᠡ 1.22 ᠳ᠋ᠦᠩᠰᠢᠭᠤᠷ ᠮᠦ ᠮᠣᠳᠣ ᠲᠠᠷᠢᠵᠤ ᠣᠶᠢᠵᠢᠭᠤᠯᠵᠤ᠂ 2.86 | ᠳ᠋ᠦᠩᠰᠢᠭᠤᠷ ᠮᠦ ᠡᠪᠡᠰᠦ ᠲᠠᠷᠢᠵᠤ᠂ ᠵᠢᠯ ᠪᠦᠷᠢ ᠳᠤᠮᠳᠠᠴᠢ ᠪᠠᠷ 1200 ᠲᠦᠮᠡᠨ ᠮᠦ ᠠᠴᠠ ᠳᠡᠭᠡᠭᠰᠢ | ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠪᠠ᠃ ᠥᠪᠥᠷ ᠮᠣᠩᠭᠤᠯ ᠣᠳᠣᠬᠢᠴᠢᠯᠠᠭᠰᠠᠨ ᠡᠨᠧᠷᠭᠢ ᠶᠢᠨ ᠠᠵᠤ | ᠠᠬᠤᠢ ᠶᠢ ᠶᠡᠬᠡᠪᠡᠷ ᠬᠥᠭᠵᠢᠭᠦᠯᠵᠦ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 1.56 | ᠳ᠋ᠦᠩᠰᠢᠭᠤᠷ ᠺᠢᠯᠣᠸᠠᠲ ᠲᠤ ᠬᠦᠷᠴᠦ᠂ ᠪᠦᠬᠦ ᠤᠯᠤᠰ ᠤᠨ ᠬᠠᠮᠤᠭ ᠤᠨ ᠶᠡᠭᠡ ᠨᠡᠭᠦᠷᠡᠰᠦ ᠴᠠᠬᠢᠯᠭᠠᠨ᠂ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠢ ᠪᠠᠶᠢᠭᠤᠯᠪᠠ︔ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ | ᠴᠣᠭᠴᠠᠯᠠᠪᠤᠷᠢ 5600 ᠲᠦᠮᠡᠨ ᠺᠢᠯᠣᠸᠠᠲ ᠲᠤ ᠬᠦᠷᠴᠦ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ | ᠳᠣᠲᠣᠷ᠎ᠠ ᠡᠵᠡᠯᠡᠬᠦ ᠬᠤᠪᠢ ᠶᠢᠨ ᠵᠢᠩ 1/3 ᠶᠢ ᠳᠠᠪᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ | ᠭᠠᠷᠭᠠᠬᠤ ᠬᠡᠮᠵᠢᠶ᠎ᠡ 1191 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠬᠦ ᠤᠯᠤᠰ ᠤᠨ ᠲᠡᠷᠢᠭᠦᠨ ᠳᠤ | ᠣᠷᠣᠪᠠ᠃ | | ᠲᠡᠦᠬᠡ ᠪᠠ ᠦᠢᠯᠡᠳᠦᠯᠭᠡ ᠭᠡᠷᠡᠴᠢᠯᠡᠭᠰᠡᠨ ᠨᠢ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠤᠨ | ᠬᠥᠭᠵᠢᠯᠲᠡ ᠲᠠᠪᠰᠢᠯᠳᠠ ᠨᠢ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ ᠴᠢᠳᠠᠬᠤ | ᠦᠭᠡᠢ᠂ ᠰᠢ ᠶᠢᠨ ᠫᠢᠩ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠠᠴᠠ ᠰᠠᠯᠵᠤ ᠴᠢᠳᠠᠬᠤ | ᠦᠭᠡᠢ᠂ ᠨᠡᠶᠢᠭᠡᠮ ᠵᠢᠷᠤᠮ ᠤᠨ ᠶᠡᠭᠡ ᠭᠡᠷ ᠪᠦᠯᠢ ᠶᠢᠨ ᠪᠦᠯᠬᠦᠮᠳᠡᠯ ᠪᠠᠭᠲᠠᠭᠠᠮᠵᠢ ᠠᠴᠠ ᠰᠠᠯᠵᠤ ᠴᠢᠳᠠᠬᠤ ᠦᠭᠡᠢ ᠶᠤᠮ | ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ | ᠵᠠᠮ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠢᠭᠡᠨᠲᠡ ᠥᠪᠥᠷ | ᠮᠣᠩᠭᠤᠯ ᠳᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠥᠯᠥᠪᠵᠢᠭᠦᠯᠵᠦ᠂ ᠴᠢᠭᠯᠡᠯ ᠪᠠ ᠵᠠᠮ ᠱᠤᠭᠤᠮ ᠢ | ᠲᠣᠳᠣᠷᠬᠠᠢ ᠵᠢᠭᠠᠵᠤ ᠥᠭᠴᠡᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠢᠮᠠᠭᠲᠠ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠥ᠂ | ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠢᠶᠠᠷ ᠤᠷᠤᠭᠰᠢᠯᠠᠬᠤ︾ ᠬᠠᠷᠠᠯᠲᠠ ᠲᠡᠰᠢ ᠯᠠᠪᠳᠠᠭᠤᠨ ᠪᠠᠲᠤᠲᠠᠢ | ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ︵ᠵᠢᠷᠭᠤᠭ᠎ᠠ︶ ᠥᠪᠥᠷ ᠮᠣᠩᠭᠤᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠵᠢᠱᠢᠶᠡᠴᠢ | ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠵᠠᠢ | | ᠨᠠᠮ ᠢᠶᠠᠨ ᠪᠤᠳᠤᠵᠤ᠂ ᠲᠥᠪ ᠢᠶᠠᠨ ᠪᠤᠳᠤᠵᠤ᠂ ᠪᠡᠭᠡᠵᠢᠩ ᠢᠶᠠᠨ ᠪᠤᠳᠤᠬᠤ ᠪᠣᠯ ᠥᠪᠥᠷ ᠮᠣᠩᠭᠤᠯ ᠤᠨ | ᠢᠷᠠᠭᠤ ᠠᠯᠳᠠᠷᠲᠤ ᠤᠯᠠᠮᠵᠢᠯᠠᠯ ᠮᠥᠨ᠃ ᠢᠮᠠᠭᠲᠠ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ | ᠶᠠᠪᠤᠭᠰᠠᠨ ᠠᠴᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶ᠋ᠢ ᠵᠥᠪ ᠵᠠᠮ᠂ ᠭᠡᠭᠡᠨ | ᠰᠠᠷᠠᠭᠤᠯ ᠵᠠᠮ᠂ ᠵᠣᠯ ᠵᠢᠷᠭᠠᠯᠲᠤ ᠵᠠᠮ ᠢᠶᠠᠷ ᠵᠠᠮᠨᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ | ᠳᠡᠭᠡᠳᠦ ᠢᠷᠠᠭᠤ ᠠᠯᠳᠠᠷ ᠢ ᠣᠯᠣᠭᠰᠠᠨ ᠪᠥᠭᠡᠳ ᠤᠷᠳᠤ ᠬᠤᠭᠤᠴᠠᠭ᠎ᠠ ᠪᠠᠷ ᠬᠠᠮᠠᠭᠠᠯᠠᠭᠰᠠᠨ ᠶᠤᠮ᠃ | | 75 ᠵᠢᠯ ᠤᠨ ᠡᠮᠦᠨ᠎ᠡ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠭᠠᠭᠴᠠ | ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠯᠢᠶᠡᠵᠦ᠂ ᠭᠠᠭᠴᠠ ᠬᠦ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠲᠡᠮᠡᠴᠡᠵᠦ᠂ ᠴᠢᠯᠦᠭᠡᠯᠡᠯᠲᠡ ᠪᠠᠨ ᠬᠠᠮᠲᠤ ᠪᠠᠷ | ᠡᠷᠢᠯᠬᠢᠯᠡᠪᠡᠯ ᠥᠪᠥᠷ ᠮᠣᠩᠭᠤᠯ ᠰᠠᠶ᠋ᠢ ᠠᠯᠤᠰ ᠢᠷᠡᠭᠡᠳᠦᠢ ᠪᠠ ᠬᠦᠰᠡᠯ ᠡᠷᠡᠮᠡᠯᠵᠡᠯ ᠲᠠᠢ ᠪᠣᠯᠣᠨ᠎ᠠ ᠭᠡᠳᠡᠭ ᠢ ᠡᠷᠴᠢᠮᠲᠡᠢ | ᠲᠠᠨᠢᠵᠤ ᠣᠯᠣᠭᠰᠠᠨ ᠶᠤᠮ᠃ ᠪᠦᠬᠦ ᠤᠯᠤᠰ ᠤᠨ ᠴᠢᠯᠦᠭᠡᠯᠡᠬᠦ ᠲᠠᠶᠢᠨ ᠤ ᠶᠡᠭᠡ ᠡᠷᠭᠢᠯᠲᠡ ᠶᠢ ᠤᠭᠲᠤᠨ | ᠠᠪᠴᠢᠷᠠᠭᠰᠠᠨ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠡᠷᠡᠰ ᠰᠢᠭᠤᠷᠬᠠᠢ ᠪᠠᠷ ᠨᠠᠮ ᠢᠶᠠᠨ ᠲᠠᠭᠠᠵᠤ᠂ ᠨᠠᠮ ᠤᠨ ᠤᠳᠤᠷᠢᠳᠤᠯᠭ᠎ᠠ ᠳᠣᠣᠷ᠎ᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠢᠶᠠᠨ ᠲᠤᠩᠬᠠᠭᠯᠠᠵᠤ᠂ ᠥᠪᠥᠷ ᠮᠣᠩᠭᠤᠯ ᠤᠨ | ᠬᠥᠭᠵᠢᠯᠲᠡ ᠶᠢᠨ ᠰᠢᠨ᠎ᠡ ᠴᠠᠭ ᠦᠶ᠎ᠡ ᠶᠢ ᠨᠡᠭᠡᠭᠡᠵᠡᠢ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠤ | ᠲᠠᠷᠠᠭ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠤᠪᠢᠰᠬᠠᠯ ᠤᠨ ᠤᠳᠤᠮᠰᠢᠯ ᠢ | ᠤᠯᠠᠮᠵᠢᠯᠠᠵᠤ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ | ᠤᠷᠢᠶᠠᠯᠠᠭ᠎ᠠ ᠶᠢ ᠡᠷᠡᠰ ᠴᠤᠤᠷᠢᠶᠠᠲᠤᠨ ᠲᠠᠭᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ | ᠦᠢᠯᠡᠴᠢᠯᠡᠵᠦ᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠪᠠᠷ ᠰᠠᠨᠰᠠᠷ ᠤᠨ ᠠᠶᠠᠯᠠᠯ ᠳᠤ ᠦᠢᠯᠡᠴᠢᠯᠡᠬᠦ︾᠂ ︽ | ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠬᠤ︾᠂ ︽ᠬᠦᠴᠢᠷ ᠪᠡᠷᠬᠡᠰᠢᠶᠡᠯ ᠢ ᠢᠯᠠᠨ | ᠳᠠᠪᠠᠵᠤ ᠠᠮᠤ ᠪᠤᠳᠠᠭ᠎ᠠ ᠮᠠᠯ ᠲᠡᠵᠢᠭᠡᠪᠦᠷᠢ ᠪᠠᠨ ᠬᠠᠨᠳᠢᠪᠯᠡᠬᠤ︾ ᠵᠡᠷᠭᠡ ᠲᠡᠦᠬᠡ ᠶᠢᠨ ᠰᠠᠶᠢᠬᠠᠨ ᠦᠯᠢᠭᠡᠷ ᠢ | ᠪᠢᠴᠢᠭᠯᠡᠵᠦ᠂ ᠡᠯ᠎ᠡ ᠵᠦᠢᠯ ᠤᠨ ᠦᠢᠯᠡᠰ ᠤᠨ ᠴᠡᠴᠡᠭᠯᠡᠨ ᠬᠥᠭᠵᠢᠭᠰᠡᠨ ᠴᠣ᠋ ᠰᠢᠨ᠎ᠡ ᠪᠠᠶᠢᠳᠠᠯ ᠢ ᠡᠭᠦᠳᠴᠡᠢ᠃ | | ᠭᠠᠶᠢᠬᠠᠮᠰᠢᠭᠲᠤ ᠣᠨ ᠰᠠᠷ᠎ᠠ ᠶᠢ ᠲᠤᠭᠤᠯᠵᠦ᠂ ᠠᠭᠤᠯᠠ ᠤᠰᠤ ᠪᠠᠷ ᠭᠡᠷᠡᠴᠢᠯᠡᠨ᠎ᠡ᠃ ᠥᠪᠥᠷ ᠮᠣᠩᠭᠤᠯ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠪᠣᠯᠤᠭᠰᠠᠨ ᠤ ᠬᠤᠪᠢ ᠳᠤ᠂ ᠵᠢᠱᠢᠶᠡᠴᠢ ᠨᠢ ᠨᠠᠮ ᠤᠨ ᠦᠭᠡ ᠶᠢ | ᠰᠣᠨᠣᠰᠬᠤ ᠳᠤ ᠵᠢᠱᠢᠶᠡᠴᠢ ᠪᠣᠯᠤᠭᠰᠠᠨ ᠡᠶᠢᠮᠦ ᠨᠢᠭᠡᠨ ᠪᠣᠳᠠᠲᠤ ᠶᠠᠪᠤᠳᠠᠯ ᠢ ᠥᠪᠥᠷ ᠮᠣᠩᠭᠤᠯ ᠤᠨ ᠶᠠᠪᠤᠵᠤ ᠢᠷᠡᠭᠰᠡᠨ | ᠰᠦᠷ ᠳᠠᠯᠠᠶᠢᠴᠠᠲᠠᠢ ᠥᠩᠭᠡᠷᠡᠯᠲᠡ ᠪᠢᠳᠡᠨ ᠳᠤ ᠬᠡᠯᠡᠵᠦ ᠥᠭᠴᠡᠢ᠃ ᠤᠷᠲᠤ ᠬᠤᠭᠤᠴᠠᠭ᠎ᠠ ᠪᠠᠷ ᠵᠢᠷᠭᠠᠯ | ᠵᠣᠪᠠᠯᠠᠩ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠲᠡᠦᠬᠡᠨ ᠶᠠᠪᠤᠴᠠ ᠳᠤ᠂ ᠶᠡᠭᠡ ᠶᠣᠰᠣ ᠶᠢ ᠲᠠᠨᠢᠬᠤ᠂ | ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠶᠢ ᠬᠥᠭᠡᠭᠡᠴᠡᠯᠳᠦᠬᠦ᠂ | ᠬᠠᠷᠢᠭᠤᠴᠠᠯᠭ᠎ᠠ ᠲᠠᠢ ᠪᠠᠶᠢᠬᠤ ᠡᠷᠬᠢᠮ ᠨᠠᠨᠳᠢᠨ ᠵᠠᠩ ᠰᠤᠷᠲᠠᠯ ᠨᠢᠭᠡᠨᠲᠡ ᠦᠨᠳᠦᠰᠦᠲᠡᠨ ᠨᠦᠭᠦᠳ ᠤᠨ ᠣᠯᠠᠨ | ᠲᠦᠮᠡᠨ ᠤ ᠰᠡᠳᠬᠢᠯ ᠳᠤ ᠬᠠᠳᠠᠩᠰᠢᠭᠰᠠᠨ ᠪᠠᠶᠢᠨ᠎ᠠ᠃ | | ᠥᠩᠭᠡᠷᠡᠭᠰᠡᠨ ᠳᠤ᠂ ᠬᠡᠴᠢᠨᠡᠨ ᠤᠯᠠᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠲᠤᠯᠭᠠᠷᠠᠭᠰᠠᠨ ᠴᠤ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠠᠮ ᠢᠶᠠᠨ ᠬᠠᠶᠢᠷᠠᠯᠠᠬᠤ ᠪᠠ ᠦᠨᠡᠨᠴᠢ | ᠰᠢᠳᠤᠷᠭᠤ ᠪᠠᠶᠢᠬᠤ ᠶᠢ ᠥᠴᠥᠬᠡᠨ ᠴᠦ ᠭᠤᠶᠢᠪᠢᠯᠵᠠᠭᠤᠯᠵᠤ ᠴᠢᠳᠠᠬᠤ ᠦᠭᠡᠢ ᠶᠤᠮ᠃ ᠲᠡᠦᠬᠡ ᠶᠢᠨ ᠰᠢᠨ᠎ᠡ | ᠭᠠᠷᠤᠭ᠎ᠠ ᠳᠡᠭᠡᠷ᠎ᠡ ᠵᠣᠭᠰᠣᠵᠤ᠂ ᠪᠢᠳᠡ ᠨᠡᠩ ᠴᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠮᠡᠳᠡᠷᠡᠬᠦ᠂ | ᠨᠠᠮ ᠢᠶᠠᠨ ᠬᠠᠷᠢᠭᠤ ᠲᠤᠰᠬᠠᠯ ᠤᠨ ᠤᠬᠠᠮᠰᠠᠷ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠡᠷᠴᠢᠮᠲᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠤᠨ ᠠᠮᠢᠳᠤᠯᠢᠭ | ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠥᠪᠥᠷ ᠮᠣᠩᠭᠤᠯ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ︕ | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ |