| | ᠣᠶᠢᠷ᠎ᠠ ᠳᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ︽ᠠᠵᠤ ᠦᠢᠯᠡᠳᠪᠦᠷᠢ | ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠲᠣᠭᠲᠠᠭᠠᠯ︾ | ᠢ ᠬᠡᠪᠯᠡᠨ ᠲᠠᠷᠬᠠᠭᠠᠪᠠ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 13 ᠳ᠋ᠤᠭᠠᠷ ᠲᠣᠭᠠᠲᠤ᠂ ᠳᠣᠷᠣᠭᠰᠢ ︽ᠲᠣᠭᠲᠠᠭᠠᠯ︾ ᠭᠡᠵᠦ | ᠲᠣᠪᠴᠢᠯᠠᠨ᠎ᠠ︶᠃ ︽ᠲᠣᠭᠲᠠᠭᠠᠯ︾ ᠢ ᠣᠶᠢᠯᠠᠭᠠᠬᠤ ᠪᠠ ᠨᠠᠶᠢᠳᠠᠪᠤᠷᠢᠵᠢᠭᠤᠯᠬᠤ ᠳᠤ ᠲᠥᠬᠦᠮ ᠦᠵᠡᠭᠦᠯᠬᠦ ᠶᠢᠨ | ᠲᠤᠰᠠᠳᠠ᠂ ᠡᠳᠦᠭᠡ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠵᠤ ᠪᠠᠶᠢᠨ᠎ᠠ᠃ | | ᠨᠢᠭᠡ᠂ ︽ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠠ ᠶᠡᠷᠦᠩᠬᠡᠢ ᠪᠣᠳᠣᠯᠬᠢᠯᠠᠯ | ᠨᠢ ᠶᠠᠭᠤ ᠪᠤᠢ︖ | | ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ ᠣᠷᠣᠨ ᠵᠠᠢ ᠳᠤ ᠠᠵᠢᠯᠯᠠᠬᠤ ᠠᠮᠤᠷ | ᠲᠦᠪᠰᠢᠨ ᠤ ᠠᠵᠢᠯ ᠢ ᠤᠯᠠᠮ ᠴᠢᠩᠭᠠᠳᠬᠠᠨ ᠵᠢᠷᠤᠮᠵᠢᠭᠤᠯᠬᠤ ᠵᠣᠷᠢᠯᠭ᠎ᠠ ᠪᠠᠷ᠂ ᠬᠢᠵᠠᠭᠠᠷᠲᠤ ᠣᠷᠣᠨ ᠵᠠᠢ ᠳᠤ | ᠠᠵᠢᠯᠯᠠᠬᠤ ᠠᠳᠡᠯ ᠬᠡᠷᠡᠭ ᠭᠠᠷᠬᠤ ᠶᠢ ᠪᠦᠲᠦᠮᠵᠢᠲᠡᠶ ᠬᠤᠷᠢᠭᠯᠠᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ ᠶᠢᠨ ᠶᠠᠮᠤᠨ ᠠᠴᠠ ᠣᠶᠢᠷ᠎ᠠ ᠶᠢᠨ ᠵᠢᠯ ᠤᠨ ᠲᠤᠷᠰᠢᠬᠢ ᠠᠵᠤ ᠦᠢᠯᠡᠳᠪᠦᠷᠢ ᠠᠷᠠᠯᠵᠢᠶᠠᠨ ᠤ ᠠᠵᠤ | ᠠᠬᠤᠶᠢᠯᠠᠯ ᠤᠨ ᠬᠢᠵᠠᠭᠠᠷᠲᠤ ᠣᠷᠣᠨ ᠵᠠᠢ ᠳᠤ ᠠᠵᠢᠯᠯᠠᠭᠰᠠᠨ ᠨᠡᠶᠢᠲᠡᠯᠢᠭ ᠠᠳᠡᠯ ᠢ ᠡᠮᠬᠢᠯᠡᠨ ᠵᠠᠳᠠᠯᠵᠤ᠂ | ᠦᠢᠯᠡᠳᠦᠯᠭᠡ ᠶᠢᠨ ᠲᠤᠷᠰᠢᠯᠭ᠎ᠠ ᠪᠠᠨ ᠰᠢᠨᠵᠢᠯᠡᠬᠦ ᠤᠬᠠᠭᠠᠨᠴᠢ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ 2013 | ᠣᠨ ᠳᠤ ᠬᠡᠷᠡᠭᠵᠢᠭᠦᠯᠦᠭᠰᠡᠨ ︽ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ ᠣᠷᠣᠨ | ᠵᠠᠢ ᠳᠤ ᠠᠵᠢᠯᠯᠠᠬᠤ ᠠᠮᠤᠷ ᠲᠦᠪᠰᠢᠨ ᠤ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠲᠦᠷ ᠬᠡᠷᠡᠭᠵᠢᠭᠦᠯᠬᠦ | ᠲᠣᠭᠲᠠᠭᠠᠯ︾ ︵ᠳᠣᠷᠣᠭᠰᠢ ︽ᠲᠦᠷ ᠬᠡᠷᠡᠭᠵᠢᠭᠦᠯᠬᠦ ᠲᠣᠭᠲᠠᠭᠠᠯ︾ ᠭᠡᠵᠦ ᠲᠣᠪᠴᠢᠯᠠᠨ᠎ᠠ︶ ᠳᠤ ᠵᠠᠰᠠᠪᠤᠷᠢ | ᠣᠷᠣᠭᠤᠯᠬᠤ ᠶᠢ ᠵᠣᠬᠢᠶᠠᠨ ᠪᠠᠶᠢᠭᠤᠯᠵᠤ᠂ ᠡᠨᠡ ᠬᠤᠭᠤᠴᠠᠭᠠᠨ ᠳᠤ ᠬᠤᠯᠪᠣᠭᠳᠠᠬᠤ ᠰᠠᠯᠠᠭ᠎ᠠ ᠮᠥᠴᠢᠷ᠂ ᠠᠵᠢᠯ | ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠪᠣᠯᠣᠨ ᠨᠡᠶᠢᠭᠡᠮ ᠨᠡᠶᠢᠲᠡ ᠶᠢᠨ ᠰᠠᠨᠠᠯ ᠢ ᠲᠣᠰ ᠲᠣᠰ ᠬᠤᠷᠢᠶᠠᠵᠤ᠂ | ᠬᠢᠨᠠᠮᠠᠭᠠᠢ ᠰᠤᠳᠤᠯᠵᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠡᠮᠵᠢᠨ᠂ ︽ᠲᠣᠭᠲᠠᠭᠠᠯ | ︾ ᠢ ᠪᠣᠶ ᠪᠣᠯᠭᠠᠪᠠ᠃ ᠶᠡᠷᠦᠩᠬᠡᠢ ᠳᠤᠨᠢ ᠠᠪᠴᠤ ᠬᠡᠯᠡᠪᠡᠯ ᠭᠤᠷᠪᠠᠨ ᠲᠠᠯ᠎ᠠ ᠶᠢᠨ ᠪᠣᠳᠣᠯᠬᠢᠯᠠᠯ ᠪᠤᠢ᠄ | | ᠨᠢᠭᠡ ᠳᠤ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ | ᠵᠠᠰᠠᠬᠤ ᠶᠢ ᠤᠯᠠᠮ ᠴᠢᠩᠭᠠᠳᠬᠠᠨ᠎ᠠ᠃ ︽ᠲᠦᠷ ᠬᠡᠷᠡᠭᠵᠢᠭᠦᠯᠬᠦ ᠲᠣᠭᠲᠠᠭᠠᠯ︾ ᠢ ᠬᠡᠷᠡᠭᠵᠢᠭᠦᠯᠦᠭᠰᠡᠨ ᠠᠷᠪᠠᠨ | ᠵᠢᠯ ᠤᠨ ᠲᠤᠷᠰᠢ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ ᠣᠷᠣᠨ ᠵᠠᠢ ᠶᠢᠨ | ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠠᠳᠡᠯ ᠢ ᠰᠡᠷᠭᠡᠶᠢᠯᠡᠨ ᠬᠤᠷᠢᠭᠯᠠᠬᠤ ᠳᠤ | ᠴᠢᠬᠤᠯᠠ ᠦᠢᠯᠡᠳᠦᠯ ᠦᠵᠡᠭᠦᠯᠪᠡ᠃ 2021 ᠣᠨ ᠳᠤ ︽ᠠᠶᠤᠯᠭᠦᠢ ᠦᠢᠯᠡᠳᠪᠦᠷᠢᠯᠡᠯ ᠤᠨ ᠬᠠᠤᠯᠢ︾ ᠳᠤ | ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ ᠪᠠ ᠳᠠᠯᠳᠠ ᠬᠡᠮ ᠢ ᠨᠠᠷᠢᠪᠴᠢᠯᠠᠨ | ᠪᠠᠶᠢᠴᠠᠭᠠᠵᠤ ᠵᠠᠰᠠᠬᠤ ᠶᠢ ᠴᠢᠩᠭᠠᠳᠬᠠᠬᠤ ᠵᠢᠴᠢ ᠠᠵᠢᠯ ᠤᠨ ᠳᠠᠭᠠᠭᠠᠴᠢᠯᠠᠭᠤᠯᠤᠯᠲᠠ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠲᠣᠭᠲᠠᠭᠠᠯ︾ ᠳᠤ ᠤᠯᠠᠮ ᠨᠠᠶᠢᠳᠠᠪᠤᠷᠢᠵᠢᠭᠤᠯᠬᠤ ᠴᠢᠬᠤᠯᠠᠲᠠᠢ ᠪᠠᠶᠢᠨ᠎ᠠ᠃ ᠡᠭᠦᠨ ᠤ | ᠵᠡᠷᠭᠡᠴᠡᠭᠡᠪᠡᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠬᠠᠤᠯᠢ᠂ ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ ᠵᠢᠴᠢ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ﹀ ᠶᠢ ᠤᠯᠠᠮ ᠲᠤᠤᠱᠯᠠᠭᠤᠯᠤᠨ ᠬᠡᠷᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠤᠯᠢ ᠶᠢᠨ ᠬᠠᠷᠢᠭᠤᠴᠠᠯᠭ᠎ᠠ ᠳᠤ | ᠲᠣᠬᠢᠷᠠᠭᠤᠯᠤᠯᠲᠠ ᠬᠢᠪᠡ᠃ | | ᠬᠤᠶᠠᠷ ᠲᠤ ᠡ᠊ᠨᠳᠡᠯ ᠠᠴᠠ ᠰᠤᠷᠭᠠᠮᠵᠢ ᠠᠪᠴᠤ᠂ ᠵᠠᠩᠭᠢᠯᠠᠭ᠎ᠠ ᠶᠢᠨ ᠭᠤᠭᠴᠤᠭ᠎ᠠ ᠶᠢᠨ ᠬᠠᠮᠢᠶᠠᠷᠤᠯᠲᠠ ᠶᠢ | ᠤᠯᠠᠮ ᠲᠤᠪᠤᠶᠢᠯᠭᠠᠪᠠ᠃ ᠣᠶᠢᠷ᠎ᠠ ᠶᠢᠨ ᠵᠢᠯ ᠤᠳ ᠲᠤ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ | ᠬᠢᠵᠠᠭᠠᠷᠲᠤ ᠣᠷᠣᠨ ᠵᠠᠢ ᠳᠤ ᠠᠵᠢᠯᠯᠠᠬᠤ ᠠᠳᠡᠯ ᠪᠠᠶᠢᠨ ᠲᠠᠬᠢᠨ ᠭᠠᠷᠴᠤ᠂ ᠣᠯᠠᠩᠬᠢ ᠨᠢ ᠨᠢᠭᠡ ᠬᠥᠮᠥᠨ ᠠᠶᠤᠯ ᠳᠤ | ᠤᠴᠠᠷᠠᠵᠤ᠂ ᠤᠯᠠᠨ ᠬᠥᠮᠥᠨ ᠠᠳᠡᠵᠦ᠂ ᠳᠤᠮᠳᠠ ᠵᠡᠷᠭᠡ ᠠᠳᠡᠯ ᠠᠮᠠᠷᠬᠠᠨ ᠭᠠᠷᠴᠤ ᠪᠠᠶᠢᠨ᠎ᠠ᠃2013 ᠣᠨ ᠠᠴᠠ | ᠨᠠᠰᠢᠬᠢ ᠳᠤᠮᠳᠠ ᠵᠡᠷᠭᠡ ᠠᠳᠡᠯ ᠬᠡᠷᠡᠭ ᠢ ᠨᠠᠷᠢᠨ ᠬᠢᠨᠠᠮᠠᠭᠠᠢ ᠵᠠᠳᠠᠯᠬᠤ ᠪᠠᠷ ᠳᠠᠮᠵᠢᠭᠠᠳ᠂ ᠠᠳᠡᠯ ᠤᠨ ᠲᠥᠷᠥᠯ | ᠵᠦᠢᠯ ᠠᠴᠠ ᠦᠵᠡᠪᠡᠯ᠂ ᠬᠤᠣᠷᠳᠠᠭᠳᠠᠭᠰᠠᠨ ᠪᠠ ᠠᠮᠢᠰᠬᠤᠯ ᠪᠥᠭᠯᠡᠷᠡᠭᠰᠡᠨ ᠠᠳᠡᠯ ᠬᠡᠷᠡᠭ ᠤᠨ ᠭᠠᠷᠤᠭᠰᠠᠨ ᠲᠤᠭ᠎ᠠ | ᠪᠣᠯᠣᠨ ᠦᠬᠦᠭᠰᠡᠨ ᠬᠥᠮᠥᠨ ᠤ ᠲᠤᠭ᠎ᠠ ᠨᠢ ᠠᠳᠡᠯ ᠤᠨ ᠪᠦᠬᠦ ᠲᠣᠭᠠᠨ ᠤ 96.8% ᠪᠠ 96.9% ᠶᠢ ᠡᠵᠡᠯᠡᠵᠦ | ᠪᠠᠶᠢᠨ᠎ᠠ᠃ ᠠᠶᠤᠯᠲᠠᠢ ᠡᠯᠧᠮᠧᠨ᠋ᠲ ᠠᠴᠠ ᠦᠵᠡᠪᠡᠯ᠂ ᠭᠤᠣᠯᠳᠠᠭᠤ ᠬᠦᠬᠦᠷᠲᠦ ᠤᠰᠤᠲᠥ᠋ᠷᠥᠭᠴᠢ᠂ | ᠨᠡᠭᠦᠷᠡᠰᠦᠲᠥ᠋ᠷᠥᠭᠴᠢ ᠶᠢᠨ ᠳᠠᠩ ᠢᠰᠦᠯ᠂ ᠠᠽᠣᠲ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠤᠣᠷ | ᠬᠥᠨᠥᠭᠡᠯ ᠲᠠᠢ ᠬᠡᠢ ᠪᠡᠶᠡᠲᠦ ᠪᠣᠯᠣᠨ᠎ᠠ᠃ ᠡᠭᠦᠰᠦᠭᠰᠡᠨ ᠬᠡᠰᠡᠭ ᠠᠴᠠ ᠨᠢ ᠦᠵᠡᠪᠡᠯ᠂ ᠪᠣᠬᠢᠷ ᠤᠰᠤ ᠶᠢ | ᠰᠢᠢᠳᠪᠦᠷᠢᠯᠡᠬᠦ ᠰᠢᠰᠲ᠋ᠧᠮ ᠪᠠ ᠨᠦᠬᠡᠨ ᠭᠡᠷ᠂ ᠰᠠᠪᠠ ᠵᠡᠷᠭᠡ ᠲᠥᠬᠦᠭᠡᠷᠦᠮᠵᠢ ᠲᠥᠬᠦᠭᠡᠷᠦᠮᠵᠢ ᠶᠢᠨ ᠬᠤᠯᠪᠣᠭᠳᠠᠯ | ᠪᠦᠬᠦᠢ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠥᠨ ᠤ ᠲᠤᠭ᠎ᠠ ᠨᠢ ᠠᠳᠡᠯ ᠤᠨ ᠶᠡᠷᠦᠩᠬᠡᠢ ᠬᠡᠮᠵᠢᠶᠡᠨ ᠤ 71. | 5% ᠪᠠ 73.7% ᠶᠢ ᠡᠵᠡᠯᠡᠵᠦ ᠪᠣᠶ︔ ᠦᠬᠦᠯ ᠰᠢᠷᠬᠠᠲᠤᠯ ᠤᠨ ᠥᠷᠭᠡᠳᠦᠭᠰᠡᠨ ᠰᠢᠯᠲᠠᠭᠠᠨ ᠠᠴᠠ ᠦᠵᠡᠪᠡᠯ᠂ | ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ᠂ ᠰᠣᠬᠤᠷ | ᠪᠠᠯᠠᠢ ᠪᠠᠷ ᠠᠪᠤᠷᠠᠯᠳᠠ ᠬᠢᠭᠰᠡᠨ ᠬᠤᠯᠪᠣᠭᠳᠠᠯ ᠪᠦᠬᠦᠢ ᠠᠳᠡᠯ ᠤᠨ ᠡᠭᠦᠰᠦᠭᠰᠡᠨ ᠲᠤᠭ᠎ᠠ ᠪᠠ ᠠᠳᠡᠭᠰᠡᠨ ᠬᠥᠮᠥᠨ ᠤ | ᠲᠤᠭ᠎ᠠ ᠨᠢ ᠠᠳᠡᠯ ᠤᠨ ᠶᠡᠷᠦᠩᠬᠡᠢ ᠬᠡᠮᠵᠢᠶ᠎ᠡ ᠶᠢᠨ 87.4% ᠪᠠ 86.8% ᠢ ᠡᠵᠡᠯᠡᠵᠦ ᠪᠤᠢ᠃ ᠬᠢᠵᠠᠭᠠᠷᠲᠠᠢ | ᠣᠷᠣᠨ ᠵᠠᠢ ᠳᠤ ᠠᠵᠢᠯᠯᠠᠬᠤ ᠨᠢ ᠡ᠊ᠨᠳᠡᠯ ᠤᠨ ᠲᠦᠷᠦᠯ ᠬᠡᠯᠪᠡᠷᠢ᠂ ᠠᠵᠢᠯᠯᠠᠬᠤ ᠭᠤᠭᠴᠤᠭ᠎ᠠ᠂ ᠠᠶᠤᠯᠲᠠᠢ ᠬᠦᠴᠦᠨ | ᠵᠦᠢᠯ᠂ ᠡᠭᠦᠰᠦᠭᠰᠡᠨ ᠣᠷᠣᠨ ᠪᠠᠶᠢᠷᠢ᠂ ᠦᠬᠦᠯ ᠰᠢᠷᠬᠠᠲᠤᠯ ᠤᠨ ᠶᠡᠬᠡᠰᠦᠭᠰᠡᠨ ᠰᠢᠯᠲᠠᠭᠠᠨ ᠵᠡᠷᠭᠡ ᠲᠠᠯ᠎ᠠ ᠪᠠᠷ ᠴᠥᠮ | ᠨᠡᠯᠢᠶᠡᠳ ᠲᠥᠪᠯᠡᠷᠡᠩᠭᠦᠢ ᠪᠠᠶᠢᠳᠠᠭ᠃ ︽ᠲᠣᠭᠲᠠᠭᠠᠯ︾ ᠳᠤ ᠭᠤᠣᠯᠳᠠᠯᠭ᠎ᠠ ᠲᠠᠢ ᠰᠢᠢᠳᠪᠦᠷᠢᠯᠡᠬᠦ ᠴᠢᠬᠤᠯᠠᠲᠠᠢ | ᠡᠲᠡᠭᠡᠷ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ︽ᠲᠦᠷ ᠬᠡᠷᠡᠭᠵᠢᠭᠦᠯᠬᠦ ᠲᠣᠭᠲᠠᠭᠠᠯ︾ ᠳᠠᠬᠢ ᠡᠩ ᠤᠨ | ᠴᠢᠨᠠᠷᠲᠠᠢ᠂ ᠵᠠᠷᠴᠢᠮ ᠤᠨ ᠴᠢᠨᠠᠷᠲᠠᠢ ᠱᠠᠭᠠᠷᠳᠠᠯᠭ᠎ᠠ ᠳᠤ ᠪᠥᠬᠦ ᠲᠠᠯ᠎ᠠ ᠪᠠᠷ ᠵᠠᠰᠠᠪᠤᠷᠢ ᠣᠷᠣᠭᠤᠯᠵᠤ᠂ ᠬᠢᠵᠠᠭᠠᠷᠲᠤ | ᠣᠷᠣᠨ ᠵᠠᠢ ᠳᠤ ᠠᠵᠢᠯᠯᠠᠬᠤ ᠵᠠᠩᠭᠢᠯᠠᠭ᠎ᠠ ᠶᠢᠨ ᠭᠤᠭᠴᠤᠭ᠎ᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠤᠯᠠᠮ | ᠴᠢᠩᠭᠠᠳᠬᠠᠨ᠂ ᠠᠳᠡᠯ ᠢ ᠰᠡᠷᠭᠡᠶᠢᠯᠡᠨ ᠬᠤᠷᠢᠭᠯᠠᠬᠤ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠪᠡ᠃ | | | | ᠭᠤᠷᠪᠠ ᠳᠤ᠂ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡᠨ ᠤ ᠦᠷ᠎ᠡ ᠪᠦᠲᠦᠭᠡᠯ ᠢ ᠳ᠋ᠦᠩᠨᠡᠵᠦ | ᠂ ᠨᠡᠶᠢᠲᠡᠯᠢᠭ ᠲᠤᠷᠰᠢᠯᠭ᠎ᠠ ᠬᠢᠳᠡᠯ ᠢ ᠴᠢᠨᠠᠭᠰᠢᠳᠠ ᠪᠠᠲᠤᠳᠬᠠᠨ᠎ᠠ᠃ ᠬᠢᠵᠠᠭᠠᠷᠲᠤ ᠣᠷᠣᠨ ᠵᠠᠢ ᠶᠢᠨ ᠠᠳᠡᠯ | ᠭᠠᠷᠤᠭᠰᠠᠨ ᠠᠵᠤ ᠠᠬᠤᠶᠢᠯᠠᠯ ᠳᠤ ᠨᠡᠶᠢᠳᠡᠮ ᠣᠷᠣᠰᠢᠵᠤ ᠪᠠᠶᠢᠭ᠎ᠠ ︽ᠮᠡᠳᠡᠯᠭᠡ ᠦᠭᠡᠢ᠂ ᠶᠠᠭᠤᠨ ᠠᠴᠠ ᠴᠤ ᠠᠶᠤᠬᠤ | ᠦᠭᠡᠢ︾ ᠳᠦᠷᠢᠮ ᠠᠴᠠ ᠵᠥᠷᠢᠴᠡᠨ ᠠᠵᠢᠯᠯᠠᠬᠤ ᠪᠠ ︽ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ︾ | ᠰᠣᠬᠤᠷ ᠪᠠᠯᠠᠢ ᠪᠠᠷ ᠠᠪᠤᠷᠠᠨ ᠲᠤᠰᠠᠯᠠᠬᠤ ᠵᠡᠷᠭᠡ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠡᠨᠡ ᠵᠢᠯ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ | ᠳᠠᠬᠢᠨᠲᠠ ᠵᠣᠬᠢᠶᠠᠨ ᠪᠠᠶᠢᠭᠤᠯᠵᠤ᠂ ᠪᠦᠬᠦ ᠤᠯᠤᠰ ᠤᠨ ᠴᠠᠭᠠᠰᠤ ᠬᠢᠬᠦ᠂ ᠬᠡᠪᠯᠡᠨ ᠪᠤᠳᠤᠬᠤ ᠵᠡᠷᠭᠡ 12 ᠠᠵᠤ | ᠠᠬᠤᠶᠢᠯᠠᠯ ᠲᠥᠪᠯᠡᠷᠡᠭᠰᠡᠨ ᠭᠤᠣᠯᠳᠠᠯᠭ᠎ᠠ ᠲᠠᠢ ᠰᠢᠶᠠᠨ ᠳᠤ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ | ᠦᠢᠯᠡᠴᠢᠯᠡᠭᠡ ᠶᠢ ᠥᠷᠨᠢᠭᠦᠯᠪᠡ᠃ ᠡᠯ᠎ᠡ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠢᠭᠡᠳᠦᠯᠲᠡᠢ ᠬᠡᠪ ᠵᠠᠭᠪᠤᠷ ᠶᠣᠰᠣᠭᠠᠷ᠂ 185 ᠮᠤᠵᠢ ᠶᠢᠨ ᠱᠠᠲᠤᠨ ᠤ | ᠭᠤᠣᠯᠳᠠᠯᠭ᠎ᠠ ᠲᠠᠢ ᠰᠢᠶᠠᠨ ᠳᠤ ᠬᠠᠪᠰᠤᠷᠤᠨ ᠲᠡᠳᠬᠦᠬᠦ ᠵᠢᠯᠣᠭᠤᠳᠤᠯᠭ᠎ᠠ ᠥᠷᠨᠢᠭᠦᠯᠬᠦ ᠶᠢ ᠲᠦᠯᠬᠢᠨ ᠠᠬᠢᠭᠤᠯᠵᠤ᠂ | ᠠᠰᠠᠭᠤᠳᠠᠯ ᠤᠨ ᠪᠣᠯᠵᠣᠰᠢ ᠦᠭᠡᠢ ᠨᠥᠬᠦᠴᠡᠯ ᠪᠠᠶᠢᠳᠠᠯ ᠢ 6.5 ᠲᠦᠮᠡ ᠭᠠᠷᠤᠢ ᠵᠦᠢᠯ ᠢ ᠳᠠᠷᠠᠭᠠᠯᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠵᠤ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ ᠣᠷᠣᠨ | ᠵᠠᠢ ᠳᠤ ᠠᠵᠢᠯᠯᠠᠬᠤ ᠡ᠊ᠨᠳᠡᠯ ᠢ ᠰᠡᠷᠭᠡᠶᠢᠯᠡᠨ ᠬᠤᠷᠢᠭᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠬᠠᠶᠢᠨ | ᠰᠦᠪᠡᠭᠴᠢᠯᠡᠵᠦ ᠠᠬᠢᠭᠤᠯᠤᠭᠰᠠᠨ ᠹᠢᠽᠢᠺ ᠤᠨ ᠲᠤᠰᠠᠭᠠᠷᠯᠠᠯ᠂ ᠫᠠᠶᠢᠰᠠ ᠡᠯᠭᠦᠨ ᠣᠨᠢᠰᠤᠯᠠᠬᠤ ᠵᠡᠷᠭᠡ ᠠᠷᠭ᠎ᠠ ᠬᠡᠮᠵᠢᠶ᠎ᠡ | ᠠᠷᠭ᠎ᠠ ᠬᠡᠮᠵᠢᠶ᠎ᠡ ᠶᠢ ᠡᠯ᠎ᠡ ᠭᠠᠵᠠᠷ ᠤᠨ ᠬᠢᠨ ᠬᠡᠷᠡᠭᠵᠢᠭᠦᠯᠬᠦ ᠶᠠᠪᠤᠴᠠ ᠳᠤ ᠮᠠᠰᠢ ᠰᠠᠶᠢᠨ ᠦᠷ᠎ᠡ ᠪᠦᠲᠦᠮᠵᠢ ᠣᠯᠵᠠᠢ᠂ | ᠡᠲᠡᠭᠡᠷ ᠠᠷᠭ᠎ᠠ ᠬᠡᠮᠵᠢᠶ᠎ᠡ ᠠᠷᠭ᠎ᠠ ᠬᠡᠮᠵᠢᠶ᠎ᠡ ᠶᠢ ︽ᠲᠣᠭᠲᠠᠭᠠᠯ︾ ᠳᠤ ᠨᠡᠶᠢᠳᠡᠮ ᠬᠡᠷᠡᠭᠯᠡᠬᠦ ᠴᠢᠨᠠᠷᠲᠠᠢ ᠱᠠᠭᠠᠷᠳᠠᠯᠭ᠎ᠠ | ᠪᠣᠯᠭᠠᠨ ᠲᠣᠭᠲᠠᠪᠤᠷᠢᠵᠢᠭᠤᠯᠤᠭᠰᠠᠨ ᠪᠠᠶᠢᠨ᠎ᠠ᠃ | | ᠬᠤᠶᠠᠷ᠂ ︽ᠲᠣᠭᠲᠠᠭᠠᠯ︾ ᠤᠨ ᠭᠤᠣᠯ ᠠᠭᠤᠯᠭ᠎ᠠ ᠨᠢ ᠶᠠᠭᠤ ᠪᠤᠢ︖ | | ︽ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠠᠯ᠎ᠠ ᠪᠠᠷ ᠨᠠᠩ ᠲᠣᠳᠣᠷᠬᠠᠢ ᠪᠣᠯᠵᠤ᠂ ᠵᠠᠩᠭᠢᠯᠠᠭ᠎ᠠ ᠶᠢᠨ ᠭᠤᠭᠴᠤᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠨᠠᠩ | ᠲᠣᠳᠣᠷᠬᠠᠢ ᠪᠣᠯᠵᠤ᠂ ᠬᠢᠨᠠᠯᠲᠠ ᠲᠠᠯᠪᠢᠵᠤ ᠪᠠᠶᠢᠴᠠᠭᠠᠬᠤ ᠭᠤᠣᠯᠳᠠᠯᠭ᠎ᠠ ᠶᠢᠨ ᠲᠠᠯ᠎ᠠ ᠪᠠᠷ ᠨᠠᠩ ᠲᠣᠪᠣᠶᠢᠮ᠎ᠠ ᠪᠣᠯᠵᠤ᠂ | ᠭᠤᠣᠯᠳᠠᠭᠤ ᠭᠤᠷᠪᠠᠨ ᠲᠠᠯ᠎ᠠ ᠶᠢᠨ ᠠᠭᠤᠯᠭ᠎ᠠ ᠶᠢ ᠳᠣᠪᠤᠶᠢᠯᠭᠠᠵᠠᠶ᠄ | | ᠨᠢᠭᠡ ᠳᠤ ᠠᠵᠤ ᠠᠬᠤᠶᠢᠯᠠᠯ ᠢ ᠡᠷᠬᠡᠪᠰᠢ ᠬᠢᠵᠠᠭᠠᠷᠲᠤ ᠣᠷᠣᠨ ᠵᠠᠢ ᠳᠤ ᠠᠵᠢᠯᠯᠠᠬᠤ ᠬᠢᠨᠠᠨ ᠬᠠᠮᠠᠭᠠᠯᠠᠭᠴᠢ | ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ ︽ᠲᠣᠭᠲᠠᠭᠠᠯ︾ ᠳᠤ᠂ ᠠᠵᠤ ᠦᠢᠯᠡᠳᠪᠦᠷᠢ ᠠᠷᠠᠯᠵᠢᠶᠠᠨ ᠤ | ᠠᠵᠤ ᠠᠬᠤᠶᠢᠯᠠᠯ ᠳᠤ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠬᠢᠨᠠᠨ ᠬᠠᠮᠠᠭᠠᠯᠠᠬᠤ ᠠᠵᠢᠯᠲᠠᠨ | ᠲᠣᠬᠢᠷᠠᠭᠤᠯᠵᠤ᠂ ᠬᠢᠵᠠᠭᠠᠷᠲᠤ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠳᠤ ᠬᠢᠨᠠᠯᠲᠠ ᠲᠠᠯᠪᠢᠬᠤ ᠶᠢ ᠲᠤᠰᠬᠠᠶᠢᠯᠠᠨ ᠬᠠᠷᠢᠭᠤᠴᠠᠭᠤᠯᠬᠤ ᠬᠡᠷᠡᠭᠲᠡᠢ ᠭᠡᠵᠦ ᠱᠠᠭᠠᠷᠳᠠᠵᠠᠢ | ᠃ ᠬᠢᠨᠠᠨ ᠬᠠᠮᠠᠭᠠᠯᠠᠬᠤ ᠠᠵᠢᠯᠲᠠᠨ ᠵᠣᠬᠢᠴᠠᠩᠭᠤᠢ ᠠᠶᠤᠯᠭᠦᠢ ᠶᠢᠨ ᠮᠡᠳᠡᠯᠭᠡ ᠪᠠ ᠪᠠᠴᠢᠮ ᠪᠠᠶᠢᠳᠠᠯ ᠢ ᠲᠦᠷᠭᠡᠨ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠷᠢᠳᠦᠭᠦᠯᠵᠦ᠂ ᠬᠠᠮᠠᠭᠠᠯᠠᠯᠲᠠ ᠶᠢᠨ ᠬᠡᠷᠡᠭᠰᠡᠯ ᠪᠠ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠶᠢᠨ ᠠᠪᠤᠷᠠᠨ ᠲᠤᠰᠠᠯᠠᠬᠤ ᠲᠣᠨᠣᠭᠯᠠᠯ ᠢ ᠵᠥᠪ ᠬᠡᠷᠡᠭᠯᠡᠵᠦ ᠴᠢᠳᠠᠬᠤ ᠬᠡᠷᠡᠭᠲᠡᠢ᠃ | | ᠠᠵᠢᠯᠯᠠᠬᠤ ᠠᠴᠠ ᠡᠮᠦᠨ᠎ᠡ ᠬᠢᠨᠠᠨ ᠬᠠᠮᠠᠭᠠᠯᠠᠬᠤ ᠠᠵᠢᠯᠲᠠᠨ ᠬᠢᠵᠠᠭᠠᠷᠲᠤ ᠣᠷᠣᠨ ᠵᠠᠢ ᠶᠢᠨ ᠹᠢᠽᠢᠺ ᠤᠨ | ᠲᠤᠰᠠᠭᠠᠷᠯᠠᠯ ᠤᠨ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠶᠢ ᠬᠠᠷᠢᠭᠤᠴᠠᠵᠤ᠂ ᠰᠠᠯᠬᠢ ᠨᠡᠪᠲᠡᠷᠡᠭᠦᠯᠬᠦ᠂ | ᠪᠠᠶᠢᠴᠠᠭᠠᠨ ᠬᠡᠮᠵᠢᠬᠦ ᠵᠡᠷᠭᠡ ᠡᠯ᠎ᠡ ᠵᠦᠢᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ | ᠪᠠᠶᠢᠴᠠᠭᠠᠯᠲᠠ ᠬᠢᠬᠦ ᠶᠢᠨ ᠬᠠᠮᠲᠤ᠂ ᠬᠠᠮᠠᠭᠠᠯᠠᠯᠲᠠ ᠶᠢᠨ ᠬᠡᠷᠡᠭᠰᠡᠯ ᠢ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ | ᠮᠥᠷᠲᠡᠭᠡᠨ ᠠᠵᠢᠯ ᠤᠨ ᠲᠤᠬᠠᠢ ᠶᠢᠨ ᠲᠠᠯᠠᠪᠤᠷ ᠲᠤ ᠴᠢᠬᠤᠯᠠ ᠪᠦᠬᠦᠢ ᠪᠠᠴᠢᠮ ᠪᠠᠶᠢᠳᠠᠯ ᠢ ᠲᠦᠷᠭᠡᠨ ᠠᠷᠭᠠᠴᠠᠵᠤ | ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠶᠢ ᠨᠤᠲᠠᠯᠠᠬᠤ ᠬᠡᠷᠡᠭᠲᠡᠢ᠃ | | ᠠᠵᠢᠯ ᠤᠨ ᠳᠤᠮᠳᠠ ᠬᠢᠨᠠᠨ ᠬᠠᠮᠠᠭᠠᠯᠠᠬᠤ ᠠᠵᠢᠯᠲᠠᠨ ᠪᠥᠬᠦ ᠶᠠᠪᠤᠴᠠ ᠳᠤ ᠬᠢᠨᠠᠨ ᠬᠠᠮᠠᠭᠠᠯᠠᠵᠤ᠂ | ᠠᠵᠢᠯᠯᠠᠭᠰᠠᠳ ᠲᠠᠢ ᠴᠠᠭ ᠲᠤᠬᠠᠢ ᠳᠤᠨᠢ ᠬᠠᠷᠢᠯᠴᠠᠬᠤ ᠶᠢ ᠪᠠᠲᠤᠯᠠᠬᠤ ᠬᠡᠷᠡᠭᠲᠡᠢ᠂ ᠠᠵᠢᠯ ᠤᠨ ᠲᠤᠬᠠᠢ ᠶᠢᠨ ᠲᠠᠯᠠᠪᠤᠷ | ᠠᠴᠠ ᠰᠠᠯᠬᠤ ᠪᠤᠶᠤ ᠬᠢᠵᠠᠭᠠᠷᠲᠤ ᠣᠷᠣᠨ ᠵᠠᠢ ᠳᠤ ᠣᠷᠣᠵᠤ ᠠᠵᠢᠯ ᠳᠤ ᠣᠷᠣᠯᠴᠠᠵᠤ ᠪᠣᠯᠬᠤ ᠦᠭᠡᠢ᠃ | | ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ᠂ ᠬᠢᠨᠠᠨ ᠬᠠᠮᠠᠭᠠᠯᠠᠬᠤ ᠠᠵᠢᠯᠲᠠᠨ ᠲᠡᠷᠡ ᠳᠠᠷᠤᠢ ᠳᠤᠨᠢ | ᠠᠵᠢᠯᠯᠠᠭᠴᠢᠳ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠠᠴᠠ ᠵᠠᠶᠢᠯᠠᠭᠤᠯᠵᠤ᠂ ᠠᠮᠤᠷ ᠲᠦᠪᠰᠢᠨ ᠤ ᠠᠷᠭ᠎ᠠ | ᠬᠡᠮᠵᠢᠶ᠎ᠡ ᠶᠢ ᠰᠠᠶᠢᠲᠤᠷ ᠬᠢᠭᠰᠡᠨ ᠦᠭᠡᠢ ᠪᠠᠷ ᠰᠣᠬᠤᠷ ᠪᠠᠯᠠᠢ ᠪᠠᠷ ᠠᠪᠤᠷᠠᠯᠳᠠ ᠬᠢᠬᠦ ᠶᠢ ᠬᠤᠷᠢᠭᠯᠠᠬᠤ ᠬᠡᠷᠡᠭᠲᠡᠢ | | ᠬᠢᠨᠠᠨ ᠬᠠᠮᠠᠭᠠᠯᠠᠭᠴᠢ ᠪᠣᠯ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ ᠣᠷᠣᠨ | ᠵᠠᠢ ᠳᠤ ᠠᠵᠢᠯᠯᠠᠬᠤ ᠶᠢᠨ ︽ᠵᠠᠩᠭᠢᠯᠠᠭ᠎ᠠ ᠶᠢᠨ ᠬᠥᠮᠥᠨ︾ ᠪᠠ ︽ᠮᠡᠷᠭᠡᠨ ᠬᠥᠮᠥᠨ︾ ᠮᠥᠨ᠂ ᠬᠢᠨᠠᠨ | ᠬᠠᠮᠠᠭᠠᠯᠠᠭᠴᠢ ᠶᠢᠨ ᠲᠤᠰᠬᠠᠢ ᠮᠡᠷᠭᠡᠵᠢᠯ ᠤᠨ ᠦᠢᠯᠡᠳᠦᠯ ᠢ ᠪᠠᠳᠠᠷᠠᠭᠤᠯᠬᠤ ᠪᠠᠷ ᠳᠡᠮᠵᠢᠨ᠂ ᠠᠵᠢᠯᠯᠠᠬᠤ ᠲᠠᠰ | ᠳᠠᠷᠠᠭᠠᠯᠠᠯ ᠢ ᠵᠢᠷᠤᠮᠵᠢᠭᠤᠯᠬᠤ᠂ ᠠᠳᠡᠯ ᠢ ᠪᠦᠲᠦᠮᠵᠢᠲᠡᠶ ᠰᠡᠷᠭᠡᠶᠢᠯᠡᠬᠦ᠂ ᠢᠯᠠᠩᠭᠤᠶ᠎ᠠ ᠦᠬᠦᠯ ᠰᠢᠷᠬᠠᠲᠤᠯ ᠤᠨ | ᠥᠷᠭᠡᠳᠬᠦ ᠶᠢ ᠰᠡᠷᠭᠡᠶᠢᠯᠡᠬᠦ ᠲᠠᠯ᠎ᠠ ᠪᠠᠷ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠴᠢᠳᠠᠨ᠎ᠠ᠃ | | ᠬᠤᠶᠠᠷ ᠲᠤ ᠠᠵᠢᠯ ᠢ ᠬᠢᠨᠠᠨ ᠵᠥᠪᠰᠢᠶᠡᠷᠡᠬᠦ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠳᠣᠪᠤᠶᠢᠯᠭᠠᠨ᠎ᠠ᠃ ︽ᠲᠣᠭᠲᠠᠭᠠᠯ︾ | ᠳᠤ ᠠᠵᠢᠯ ᠤᠨ ᠬᠢᠨᠠᠨ ᠵᠥᠪᠰᠢᠶᠡᠷᠡᠯ᠂ ᠳᠠᠭᠠᠭᠠᠴᠢᠯᠠᠭᠤᠯᠤᠯᠲᠠ ᠶᠢᠨ ᠬᠠᠮᠢᠶᠠᠷᠤᠯᠲᠠ᠂ ᠲᠤᠰᠬᠠᠢ ᠰᠡᠳᠦᠪᠲᠦ | ᠰᠤᠷᠭᠠᠯᠲᠠ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠣᠷᠢᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ | ᠰᠠᠭᠤᠷᠢ ᠬᠠᠮᠢᠶᠠᠷᠤᠯᠲᠠ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠶᠢᠨ | ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠴᠢᠩᠭᠠᠳᠬᠠᠪᠠ᠃ ︽ᠲᠣᠭᠲᠠᠭᠠᠯ︾ ᠳᠤ | ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠳ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠶᠡᠭᠡ | ᠪᠠᠭ᠎ᠠ ᠶᠢ ᠦᠨᠳᠦᠰᠦᠯᠡᠨ᠂ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠪᠠᠨ ᠲᠣᠳᠣᠷᠬᠠᠢ ᠪᠣᠯᠭᠠᠬᠤ ᠬᠡᠷᠡᠭᠲᠡᠢ ᠭᠡᠵᠦ | ᠱᠠᠭᠠᠷᠳᠠᠵᠠᠢ᠃ ᠬᠦᠬᠦᠷᠲᠦ ᠤᠰᠤᠲᠥ᠋ᠷᠥᠭᠴᠢ᠂ ᠨᠡᠭᠦᠷᠡᠰᠦᠲᠥ᠋ᠷᠥᠭᠴᠢ ᠶᠢᠨ ᠲᠠᠩ ᠢᠰᠦᠯ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠳᠤ ᠬᠤᠣᠷᠳᠠᠭᠳᠠᠬᠤ ᠪᠠ ᠪᠦᠲᠡᠩᠰᠡᠬᠦ ᠵᠡᠷᠭᠡ ᠠᠶᠤᠯ | ᠲᠦᠭᠰᠢᠭᠦᠷᠢ ᠣᠷᠣᠰᠢᠵᠤ ᠪᠠᠶᠢᠭ᠎ᠠ ᠬᠢᠵᠠᠭᠠᠷᠲᠤ ᠣᠷᠣᠨ ᠵᠠᠢ ᠶᠢᠨ ᠠᠵᠢᠯᠯᠠᠭ᠎ᠠ ᠶᠢ ᠠᠵᠤ ᠦᠢᠯᠡᠳᠪᠦᠷᠢ | ᠠᠷᠠᠯᠵᠢᠶᠠᠨ ᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠤᠶᠤ ᠲᠡᠭᠦᠨ ᠤ ᠪᠢᠴᠢᠭ ᠢᠶᠠᠷ ᠨᠠᠶᠢᠳᠠᠭᠰᠠᠨ | ᠬᠥᠮᠥᠰ ᠢᠶᠠᠷ ᠬᠢᠨᠠᠨ ᠵᠥᠪᠰᠢᠶᠡᠷᠡᠭᠦᠯᠬᠦ ᠪᠠᠷ ᠱᠠᠭᠠᠷᠳᠠᠨ᠎ᠠ᠃ ᠨᠡᠯᠢᠶᠡᠳ ᠨᠢᠭᠡ ᠬᠡᠰᠡᠭ ᠬᠢᠵᠠᠭᠠᠷᠲᠤ ᠣᠷᠣᠨ ᠵᠠᠢ ᠶᠢᠨ | ᠳᠤᠮᠳᠠ ᠵᠡᠷᠭᠡ ᠡ᠊ᠨᠳᠡᠯ ᠨᠢ ᠭᠠᠳᠠᠭᠠᠳᠤ ᠶᠠᠪᠤᠳᠠᠯ ᠤᠨ ᠬᠤᠷᠢᠶ᠎ᠠ ᠭᠠᠳᠠᠭᠰᠢ ᠳᠠᠭᠠᠭᠠᠴᠢᠯᠠᠭᠤᠯᠬᠤ ᠳᠤ ᠬᠤᠯᠪᠣᠭᠳᠠᠬᠤ | ᠤᠴᠢᠷ ᠠᠴᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠤᠯᠠᠮ | ᠪᠣᠳᠠᠲᠠᠶᠢᠵᠢᠭᠤᠯᠬᠤ ᠵᠣᠷᠢᠯᠭ᠎ᠠ ᠪᠠᠷ᠂ ᠳᠠᠭᠠᠭᠠᠴᠢᠯᠠᠭᠤᠯᠬᠤ ᠠᠵᠢᠯ ᠬᠢᠭᠰᠡᠳ ᠢ ᠠᠵᠤ ᠠᠬᠤᠶᠢᠯᠠᠯ ᠠᠴᠠ ᠨᠢᠭᠡᠳᠦᠯᠲᠡᠢ | ᠵᠣᠬᠢᠴᠠᠭᠤᠯᠤᠨ ᠬᠠᠮᠢᠶᠠᠷᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠠᠵᠢᠯ ᠳᠤ ᠠᠶᠤᠯᠭᠦᠢ ᠶᠢᠨ ᠪᠠᠶᠢᠴᠠᠭᠠᠯᠲᠠ | ᠬᠢᠵᠦ᠂ ᠳᠠᠭᠠᠭᠠᠴᠢᠯᠠᠭᠰᠠᠨ ᠨᠢᠭᠡᠴᠢ ᠶᠢ ᠰᠢᠪᠠᠳᠠᠨ ᠡᠯ᠎ᠡ ᠵᠦᠢᠯ ᠤᠨ ᠠᠶᠤᠯᠭᠦᠢ ᠶᠢᠨ ᠠᠷᠭ᠎ᠠ ᠬᠡᠮᠵᠢᠶ᠎ᠡ ᠶᠢ | ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠂ ︽ᠨᠢᠭᠡ ᠶᠢ ᠳᠠᠭᠠᠭᠠᠴᠢᠯᠠᠭᠤᠯᠬᠤ︾ ᠶᠠᠪᠤᠳᠠᠯ ᠢ ᠰᠡᠷᠭᠡᠶᠢᠯᠡᠬᠦ ᠬᠡᠷᠡᠭᠲᠡᠢ᠃ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠰᠣᠷᠢᠯᠲᠠ ᠶᠢᠨ ᠲᠠᠯ᠎ᠠ ᠪᠠᠷ᠂ ᠲᠤᠬᠠᠶ ᠶᠢᠨ ᠲᠠᠯᠠᠪᠤᠷ ᠲᠤ | ᠰᠢᠢᠳᠪᠦᠷᠢᠯᠡᠬᠦ ᠶᠢᠨ ᠴᠢᠬᠤᠯᠠ ᠴᠢᠨᠠᠷ ᠢ ᠨᠠᠩ ᠳᠣᠪᠤᠶᠢᠯᠭᠠᠵᠤ᠂ ᠠᠵᠤ ᠠᠬᠤᠶᠢᠯᠠᠯ ᠤᠳ ᠲᠤᠬᠠᠶ ᠶᠢᠨ ᠲᠠᠯᠠᠪᠤᠷ ᠲᠤ | ᠰᠢᠢᠳᠪᠦᠷᠢᠯᠡᠬᠦ ᠲᠥᠰᠦᠯ ᠲᠣᠭᠲᠠᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠬᠦ ᠶᠢ | ᠲᠣᠳᠣᠷᠬᠠᠶᠢᠯᠠᠨ᠎ᠠ᠃ | | | ᠡᠭᠦᠨ ᠤ ᠬᠠᠮᠲᠤ᠂ ᠰᠡᠷᠡᠮᠵᠢᠯᠡᠭᠦᠯᠬᠦ ᠲᠡᠮᠳᠡᠭ᠂ ᠲᠤᠰᠠᠭᠠᠷᠯᠠᠬᠤ ᠠᠷᠭ᠎ᠠ ᠬᠡᠮᠵᠢᠶ᠎ᠡ᠂ ᠰᠡᠷᠭᠡᠶᠢᠯᠡᠨ ᠬᠠᠮᠠᠭᠠᠯᠠᠬᠤ | ᠲᠣᠨᠤᠭ ᠲᠥᠬᠦᠭᠡᠷᠦᠮᠵᠢ᠂ ᠠᠵᠢᠯ ᠤᠨ ᠲᠠᠰ ᠳᠠᠷᠠᠭᠠᠯᠠᠯ ᠵᠡᠷᠭᠡ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠳᠣᠪᠤᠶᠢᠯᠭᠠᠨ᠎ᠠ᠃ ᠬᠢᠵᠠᠭᠠᠷᠲᠠᠢ ᠣᠷᠣᠨ ᠵᠠᠢ ᠶᠢᠨ ᠣᠷᠣᠵᠤ ᠭᠠᠷᠬᠤ ᠭᠠᠵᠠᠷ | ᠵᠡᠷᠭᠡ ᠢᠯᠡ ᠭᠠᠵᠠᠷ ᠲᠤ ᠰᠡᠷᠡᠮᠵᠢ ᠶᠢᠨ ᠲᠡᠮᠳᠡᠭ ᠲᠠᠯᠪᠢᠵᠤ᠂ ᠣᠨᠢᠰᠤᠯᠠᠬᠤ᠂ ᠲᠤᠰᠠᠭᠠᠷᠯᠠᠬᠤ ᠬᠡᠷᠡᠰᠬᠡ᠂ | ᠬᠠᠮᠠᠭᠠᠯᠠᠯᠲᠠ ᠶᠢᠨ ᠲᠣᠣᠷ ᠵᠡᠷᠭᠡ ᠹᠢᠽᠢᠺ ᠤᠨ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ᠂ ᠬᠥᠮᠥᠰ ᠤᠨ ᠬᠢᠨᠠᠨ | ᠵᠥᠪᠰᠢᠶᠡᠷᠡᠭᠦᠯᠦᠭᠰᠡᠨ ᠦᠭᠡᠢ ᠪᠠᠷ ᠣᠷᠣᠵᠤ ᠢᠷᠡᠬᠦ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠠᠵᠤ | ᠠᠬᠤᠶᠢᠯᠠᠯ ᠢ ᠪᠠᠷᠢᠮᠵᠢᠶ᠎ᠠ ᠳᠤ ᠨᠡᠶᠢᠴᠡᠭᠰᠡᠨ ᠬᠡᠢ ᠪᠡᠶᠡᠲᠦ ᠶᠢ ᠪᠠᠶᠢᠴᠠᠭᠠᠨ ᠬᠡᠮᠵᠢᠵᠦ ᠲᠦᠭᠰᠢᠭᠦᠷᠢ ᠮᠡᠳᠡᠭᠡᠯᠡᠬᠦ | ᠬᠡᠮᠵᠢᠭᠦᠷᠯᠢᠭ᠂ ᠰᠠᠯᠬᠢ ᠨᠡᠪᠲᠡᠷᠡᠭᠦᠯᠬᠦ ᠮᠧᠬᠠᠨᠢᠭ ᠲᠥᠬᠦᠭᠡᠷᠦᠮᠵᠢ᠂ ᠠᠮᠢᠰᠬᠤᠯ ᠤᠨ ᠬᠠᠮᠠᠭᠠᠯᠠᠯᠲᠠ ᠶᠢᠨ ᠬᠡᠷᠡᠭᠰᠡᠯ᠂ | ᠪᠦᠬᠦ ᠪᠡᠶ᠎ᠡ ᠶᠢᠨ ᠮᠠᠶ᠋ᠢᠭ ᠤᠨ ᠠᠶᠤᠯᠭᠦᠢ ᠶᠢᠨ ᠪᠦᠰᠡ ᠵᠡᠷᠭᠡ ᠬᠠᠮᠠᠭᠠᠯᠠᠯᠲᠠ ᠶᠢᠨ ᠬᠡᠷᠡᠭᠰᠡᠯ ᠪᠠ ᠪᠠᠴᠢᠮ ᠪᠠᠶᠢᠳᠠᠯ ᠢ | ᠲᠦᠷᠭᠡᠨ ᠠᠷᠭᠠᠴᠠᠵᠤ ᠠᠪᠤᠷᠠᠨ ᠲᠤᠰᠠᠯᠠᠬᠤ ᠲᠣᠨᠣᠭᠯᠠᠯ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠵᠦ ᠬᠡᠪ ᠤᠨ ᠬᠡᠷᠡᠭᠯᠡᠯᠲᠡ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠱᠠᠭᠠᠷᠳᠠᠵᠠᠢ᠃ ︽ᠤᠷᠢᠳᠠᠪᠠᠷ ᠰᠠᠯᠬᠢ ᠨᠠᠪᠲᠠᠷᠡᠭᠦᠯᠵᠦ᠂ ᠳᠠᠷᠠᠭ᠎ᠠ ᠨᠢ ᠪᠠᠶᠢᠴᠠᠭᠠᠨ ᠰᠢᠯᠭᠠᠵᠤ᠂ ᠳᠠᠷᠠᠭ᠎ᠠ ᠨᠢ | ᠠᠵᠢᠯᠯᠠᠬᠤ︾ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠯᠠᠬᠤ ᠶᠠᠪᠤᠴᠠ ᠳᠤ ᠰᠠᠯᠬᠢ ᠨᠡᠪᠲᠡᠷᠡᠭᠦᠯᠬᠦ | ᠪᠠ ᠬᠡᠢ ᠪᠡᠶᠡᠲᠦ ᠶᠢᠨ ᠥᠳᠬᠡᠴᠡ ᠶᠢᠨ ᠪᠠᠶᠢᠴᠠᠭᠠᠨ ᠬᠡᠮᠵᠢᠯᠲᠡ ᠶᠢ ᠦᠷᠭᠦᠯᠵᠢᠯᠡᠨ ᠬᠢᠬᠦ ᠬᠡᠷᠡᠭᠲᠡᠢ᠂ ᠠᠵᠢᠯ ᠢᠶᠠᠨ | ᠲᠠᠰᠤᠯᠳᠠᠭᠤᠯᠤᠭᠰᠠᠨ ᠪᠠᠶᠢᠪᠠᠯ᠂ ᠳᠠᠭᠢᠵᠤ ᠰᠠᠯᠬᠢ ᠨᠡᠪᠲᠡᠷᠡᠭᠦᠯᠬᠦ ᠬᠡᠷᠡᠭᠲᠡᠢ᠂ ᠬᠡᠢ ᠪᠡᠶᠡᠲᠦ ᠶᠢᠨ ᠪᠠᠶᠢᠴᠠᠭᠠᠨ | ᠬᠡᠮᠵᠢᠯᠲᠡ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠣᠷᠣᠵᠤ ᠪᠣᠯᠣᠨ᠎ᠠ᠃ | | ᠭᠤᠷᠪᠠ ᠳᠤ ᠠᠶᠤᠯ ᠲᠦᠭᠰᠢᠭᠦᠷᠢ ᠶᠡᠬᠡᠲᠡᠢ ᠬᠢᠵᠠᠭᠠᠷᠲᠠᠢ ᠣᠷᠣᠨ ᠵᠠᠢ ᠶᠢᠨ ᠬᠢᠨᠠᠯᠲᠠ ᠬᠠᠮᠢᠶᠠᠷᠤᠯᠲᠠ ᠶᠢ | ᠲᠤᠪᠤᠶᠢᠯᠭᠠᠪᠠ᠃ ᠬᠦᠬᠦᠷᠲᠦ ᠤᠰᠤᠲᠥ᠋ᠷᠥᠭᠴᠢ᠂ ᠨᠡᠭᠦᠷᠡᠰᠦᠲᠥ᠋ᠷᠥᠭᠴᠢ ᠶᠢᠨ ᠲᠠᠩ ᠢᠰᠦᠯ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠳᠤ ᠬᠤᠣᠷᠳᠠᠭᠳᠠᠬᠤ ᠪᠠ ᠪᠦᠲᠡᠩᠰᠡᠭᠦᠯᠬᠦ ᠠᠶᠤᠯ ᠲᠦᠭᠰᠢᠭᠦᠷᠢ | ᠣᠷᠣᠰᠢᠵᠤ ᠪᠠᠶᠢᠬᠤ ᠬᠢᠵᠠᠭᠠᠷᠲᠤ ᠣᠷᠣᠨ ᠵᠠᠢ ᠳᠤ ᠳᠤᠮᠳᠠ ᠵᠡᠷᠭᠡ ᠠᠳᠡᠯ ᠠᠮᠠᠷᠬᠠᠨ ᠡᠭᠦᠰᠬᠦ ᠤᠴᠢᠷ ᠠᠴᠠ ᠠᠵᠤ | ᠠᠬᠤᠶᠢᠯᠠᠯ ᠢ ᠱᠠᠯᠠᠪᠳᠠᠭᠤᠯᠤᠨ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃ ᠠᠵᠤ ᠦᠢᠯᠡᠳᠪᠦᠷᠢ | ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠠᠢ ᠣᠷᠣᠨ ᠵᠠᠢ ᠶᠢᠨ ᠭᠤᠣᠯᠳᠠᠯᠭ᠎ᠠ ᠲᠠᠢ ᠬᠢᠨᠠᠨ ᠬᠠᠮᠢᠶᠠᠷᠬᠤ | ᠭᠠᠷᠴᠠᠭ ᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠨᠡᠶᠢᠲᠡᠯᠡᠵᠦ᠂ ᠠᠳᠡᠯ ᠵᠡᠷᠭᠡ ᠪᠠᠶᠢᠳᠠᠯ ᠢ | ᠦᠨᠳᠦᠰᠦᠯᠡᠨ ᠴᠠᠭ ᠲᠤᠨᠢ ᠲᠣᠬᠢᠷᠠᠭᠤᠯᠤᠨ ᠰᠢᠨᠡᠳᠬᠡᠵᠦ ᠲᠣᠬᠢᠷᠠᠭᠤᠯᠤᠨ᠎ᠠ᠃ ᠡᠭᠦᠨ ᠤ ᠬᠠᠮᠲᠤ᠂ ︽ᠲᠣᠭᠲᠠᠭᠠᠯ︾ | ᠳᠤ ᠬᠦᠨᠳᠦ ᠬᠡᠴᠡᠭᠦᠦ ᠠᠳᠡᠯ ᠤᠨ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠴᠢᠩᠭᠠᠳᠬᠠᠵᠤ᠂ ᠦᠨᠳᠦᠰᠦᠨ ᠱᠠᠲᠤᠨ ᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯᠲᠠᠨ ᠪᠠ ᠬᠤᠯᠪᠣᠭᠳᠠᠬᠤ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠦᠭᠰᠢᠭᠦᠷᠢ ᠶᠢᠨ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠭᠤᠷᠪᠠ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠭᠤᠣᠯᠳᠠᠯᠭ᠎ᠠ ᠨᠢ ᠶᠠᠮᠠᠷ ᠶᠠᠮᠠᠷ | ᠲᠠᠯ᠎ᠠ ᠪᠠᠷ ︽ᠲᠣᠭᠲᠠᠭᠠᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠪᠤᠢ︖ | | ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠡᠮᠵᠢᠶ᠎ᠡ ᠨᠢ ᠶᠡᠭᠡ ᠬᠡᠪᠴᠢᠶ᠎ᠡ ᠨᠢ ᠥᠷᠭᠡᠨ᠂ | ᠣᠯᠠᠩᠬᠢ ᠨᠢ ᠭᠠᠵᠠᠷ ᠳᠣᠣᠷᠠᠬᠢ ᠬᠢᠵᠠᠭᠠᠷᠲᠤ ᠣᠷᠣᠨ ᠵᠠᠢ᠂ ᠭᠠᠵᠠᠷ ᠳᠡᠭᠡᠷᠡᠬᠢ ᠬᠢᠵᠠᠭᠠᠷᠲᠤ ᠣᠷᠣᠨ ᠵᠠᠢ ᠪᠠ | ᠪᠢᠲᠡᠭᠦᠮᠵᠢᠯᠡᠭᠰᠡᠨ ᠲᠥᠬᠦᠭᠡᠷᠦᠮᠵᠢ ᠶᠢ ᠪᠠᠭᠲᠠᠭᠠᠭᠰᠠᠨ ᠬᠢᠵᠠᠭᠠᠷᠲᠤ ᠣᠷᠣᠨ ᠵᠠᠢ ᠶᠢᠨ ᠠᠵᠢᠯ ᠳᠤ ᠬᠤᠯᠪᠣᠭᠳᠠᠵᠤ᠂ | ᠲᠦᠷᠭᠡᠨ ᠴᠢᠨᠠᠷᠲᠠᠢ ᠬᠤᠣᠷᠳᠠᠭᠳᠠᠬᠤ᠂ ᠬᠦᠴᠢᠯᠲᠥ᠋ᠷᠥᠭᠴᠢ ᠳᠤᠲᠠᠵᠤ ᠠᠮᠢᠰᠬᠤᠯ ᠪᠦᠲᠡᠬᠦ ᠵᠡᠷᠭᠡ ᠤᠯᠠᠨ ᠵᠦᠢᠯ ᠤᠨ | ᠠᠮᠤᠷ ᠲᠦᠪᠰᠢᠨ ᠤ ᠠᠶᠤᠯ ᠲᠦᠭᠰᠢᠭᠦᠷᠢ ᠳᠤ ᠬᠤᠯᠪᠣᠭᠳᠠᠵᠤ᠂ ᠠᠶᠤᠯ ᠬᠥᠨᠥᠭᠡᠯ ᠲᠠᠢ ᠬᠦᠴᠦᠨ ᠵᠦᠢᠯ ᠨᠢ | ᠲᠤᠶᠢᠯ ᠤᠨ ᠪᠤᠳᠤᠯᠢᠶᠠᠨᠲᠠᠢ ᠪᠠᠶᠢᠳᠠᠭ᠃ ︽ᠲᠣᠭᠲᠠᠭᠠᠯ︾ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠢᠵᠠᠭᠠᠷᠲᠤ ᠣᠷᠣᠨ ᠵᠠᠢ ᠳᠤ ᠠᠵᠢᠯᠯᠠᠬᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠳᠤ᠂ ᠠᠵᠤ | ᠠᠬᠤᠶᠢᠯᠠᠯ ᠤᠳ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠭᠦᠢᠴᠡᠳᠬᠡᠬᠦ ᠬᠡᠷᠡᠭᠲᠡᠢ᠄ | | ᠨᠢᠭᠡ ᠳᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠣᠯ | ᠨᠢᠭᠡᠳᠦᠭᠡᠷ ᠬᠠᠷᠢᠭᠤᠴᠠᠯᠭᠠᠲᠠᠨ ᠮᠥᠨ᠂ ᠠᠵᠤ ᠠᠬᠤᠶᠢᠯᠠᠯ ᠤᠨ ᠪᠣᠳᠠᠲᠠᠢ ᠲᠠᠢ ᠪᠠᠨ ᠤᠶᠠᠯᠳᠤᠭᠤᠯᠤᠨ ᠬᠢᠵᠠᠭᠠᠷᠲᠤ | ᠣᠷᠣᠨ ᠵᠠᠢ ᠶᠢᠨ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠠᠵᠢᠯ ᠤᠨ | ᠬᠢᠨᠠᠨ ᠵᠥᠪᠰᠢᠶᠡᠷᠡᠭᠴᠢ᠂ ᠬᠢᠨᠠᠨ ᠬᠠᠮᠠᠭᠠᠯᠠᠭᠴᠢ᠂ ᠠᠵᠢᠯᠯᠠᠭᠴᠢ ᠶᠢᠨ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ | ᠬᠢᠨᠠᠨ ᠬᠠᠮᠠᠭᠠᠯᠠᠭᠴᠢ ᠶᠢ ᠲᠣᠬᠢᠷᠠᠭᠤᠯᠬᠤ ᠶᠢᠨ ᠬᠠᠮᠲᠤ ᠬᠡᠢ ᠪᠡᠶᠡᠲᠦ ᠶᠢ ᠪᠠᠶᠢᠴᠠᠭᠠᠨ ᠰᠢᠯᠭᠠᠬᠤ᠂ ᠮᠠᠰᠢᠨ ᠢᠶᠠᠷ ᠰᠠᠯᠬᠢ | ᠨᠡᠪᠲᠡᠷᠡᠭᠦᠯᠬᠦ᠂ ᠠᠮᠢᠰᠬᠤᠯ ᠤᠨ ᠰᠡᠷᠭᠡᠶᠢᠯᠡᠯᠲᠡ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ | ᠵᠡᠷᠭᠡ ᠬᠡᠷᠡᠭᠯᠡᠭᠡᠨ ᠤ ᠲᠣᠨᠤᠭ ᠲᠥᠬᠦᠭᠡᠷᠦᠮᠵᠢ ᠶᠢ ᠵᠥᠪ ᠣᠨᠣᠪᠴᠢᠲᠠᠶ ᠬᠡᠷᠡᠭᠯᠡᠬᠦ ᠬᠡᠷᠡᠭᠲᠡᠢ᠃ | | ᠬᠤᠶᠠᠷ ᠲᠤ ᠰᠠᠭᠤᠷᠢ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠤᠳ ᠬᠢᠵᠠᠭᠠᠷᠲᠤ ᠣᠷᠣᠨ | ᠵᠠᠢ ᠳᠤ ᠠᠵᠢᠯᠯᠠᠬᠤ ᠲᠤᠰᠬᠠᠢ ᠰᠡᠳᠦᠪᠲᠦ ᠠᠶᠤᠯᠭᠦᠢ ᠶᠢᠨ ᠰᠤᠷᠭᠠᠯᠲᠠ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ | ᠵᠣᠬᠢᠶᠠᠨ ᠪᠠᠶᠢᠭᠤᠯᠵᠤ᠂ ᠠᠵᠢᠯ ᠢ ᠬᠢᠨᠠᠨ ᠵᠥᠪᠰᠢᠶᠡᠷᠡᠭᠴᠢ᠂ ᠬᠢᠨᠠᠨ ᠬᠠᠮᠠᠭᠠᠯᠠᠭᠴᠢ᠂ ᠠᠵᠢᠯᠯᠠᠭᠴᠢᠳ ᠪᠠ ᠪᠠᠴᠢᠮ | ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠠᠵᠢᠯᠲᠠᠳ ᠲᠤ ᠬᠢᠵᠠᠭᠠᠷᠲᠤ ᠣᠷᠣᠨ ᠵᠠᠢ ᠳᠤ ᠠᠵᠢᠯᠯᠠᠬᠤ | ᠮᠡᠳᠡᠯᠭᠡ ᠪᠠ ᠤᠷ᠎ᠠ ᠴᠢᠳᠠᠪᠤᠷᠢ ᠶᠢ ᠰᠤᠷᠭᠠᠯᠲᠠ ᠳᠤ ᠬᠠᠮᠤᠷᠤᠭᠤᠯᠬᠤ ᠬᠡᠷᠡᠭᠲᠡᠢ᠃ ᠠᠵᠤ ᠠᠬᠤᠶᠢᠯᠠᠯ ᠤᠳ | ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠲᠥᠰᠥᠯ ᠲᠣᠭᠲᠠᠭᠠᠵᠤ᠂ ᠬᠠᠭᠠᠰ ᠵᠢᠯ ᠪᠦᠷᠢ ᠳᠤ ᠠᠳᠠᠭ ᠲᠠᠭᠠᠨ ᠨᠢᠭᠡ | ᠤᠳᠠᠭ᠎ᠠ ᠰᠣᠷᠢᠯᠲᠠ ᠶᠢ ᠵᠣᠬᠢᠶᠠᠨ ᠪᠠᠶᠢᠭᠤᠯᠵᠤ᠂ ᠬᠥᠮᠥᠨ ᠠᠶᠤᠯ ᠳᠤ ᠤᠴᠠᠷᠠᠪᠠᠯ᠂ ᠴᠠᠭ ᠲᠤᠬᠠᠢ ᠳᠤᠨᠢ | ᠪᠦᠲᠦᠮᠵᠢᠲᠡᠶ ᠰᠢᠢᠳᠪᠦᠷᠢᠯᠡᠵᠦ ᠳᠡᠶᠢᠯᠬᠦ᠂ ᠦᠬᠦᠯ ᠰᠢᠷᠬᠠᠲᠤᠯ ᠢ ᠦᠷᠭᠦᠯᠵᠢᠯᠡᠨ ᠥᠷᠭᠡᠳᠬᠡᠬᠦ ᠦᠭᠡᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ ᠪᠤᠰᠤᠳ ᠨᠢᠭᠡᠴᠢ ᠳᠤ ᠳᠠᠭᠠᠭᠠᠴᠢᠯᠠᠭᠤᠯᠤᠨ ᠥᠭᠴᠦ ᠬᠡᠷᠡᠭᠵᠢᠭᠦᠯᠦᠭᠦᠯᠦᠭᠰᠡᠨ | ᠪᠠᠶᠢᠪᠠᠯ᠂ ᠠᠵᠤ ᠦᠢᠯᠡᠳᠪᠦᠷᠢ ᠠᠷᠠᠯᠵᠢᠶ᠎ᠠ ᠶᠢᠨ ᠠᠵᠤ ᠠᠬᠤᠶᠢᠯᠠᠯ ᠨᠢ ᠨᠢᠭᠡᠳᠦᠯᠲᠡᠢ ᠵᠣᠬᠢᠴᠠᠭᠤᠯᠤᠨ ᠬᠠᠮᠢᠶᠠᠷᠴᠤ᠂ | ᠲᠤᠬᠠᠢ ᠶᠢᠨ ᠲᠠᠯᠠᠪᠤᠷ ᠤᠨ ᠠᠵᠢᠯ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠡᠯ᠎ᠡ ᠵᠦᠢᠯ ᠤᠨ ᠠᠮᠤᠷ | ᠲᠦᠪᠰᠢᠨ ᠤ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠬᠡᠷᠡᠭᠲᠡᠢ᠃ | | ᠭᠤᠷᠪᠠ ᠳᠤ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠰᠠᠶᠢᠲᠤᠷ ᠠᠵᠢᠯ ᠤᠨ ᠬᠢᠨᠠᠨ ᠵᠥᠪᠰᠢᠶᠡᠷᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠬᠢᠨᠠᠨ ᠵᠥᠪᠰᠢᠶᠡᠷᠡᠭᠴᠢ ᠶᠢᠨ ᠵᠥᠪᠰᠢᠶᠡᠷᠡᠯ ᠦᠭᠡᠢ ᠪᠠᠷ ᠬᠢᠵᠠᠭᠠᠷᠲᠤ ᠣᠷᠣᠨ | ᠵᠠᠢ ᠳᠤ ᠠᠵᠢᠯᠯᠠᠬᠤ ᠶᠢ ᠬᠡᠷᠡᠭᠵᠢᠭᠦᠯᠵᠦ ᠪᠣᠯᠬᠤ ᠦᠭᠡᠢ᠃ ᠠᠵᠢᠯᠯᠠᠬᠤ ᠠᠴᠠ ᠪᠠᠨ ᠡᠮᠦᠨ᠎ᠡ᠂ ᠠᠵᠢᠯᠯᠠᠭᠰᠠᠳ ᠲᠤ | ᠠᠮᠤᠷ ᠲᠦᠪᠰᠢᠨ ᠤ ᠪᠠᠶᠢᠳᠠᠯ ᠢ ᠲᠤᠰᠢᠶᠠᠬᠤ ᠠᠵᠢᠯ ᠢ ᠵᠣᠬᠢᠶᠠᠨ ᠪᠠᠶᠢᠭᠤᠯᠵᠤ᠂ ︽ᠤᠷᠢᠳ ᠢᠶᠠᠷ ᠰᠠᠯᠬᠢ | ᠨᠠᠪᠲᠠᠷᠡᠭᠦᠯᠵᠦ᠂ ᠳᠠᠷᠠᠭ᠎ᠠ ᠨᠢ ᠪᠠᠶᠢᠴᠠᠭᠠᠨ ᠰᠢᠯᠭᠠᠵᠤ᠂ ᠳᠠᠷᠠᠭ᠎ᠠ ᠨᠢ ᠠᠵᠢᠯᠯᠠᠬᠤ︾ ᠲᠠᠰ ᠳᠠᠷᠠᠭᠠᠯᠠᠯ ᠢ ᠴᠢᠩᠭ᠎ᠠ | ᠵᠢᠷᠤᠮᠯᠠᠨ ᠠᠵᠢᠯ ᠢᠶᠠᠨ ᠥᠷᠨᠢᠭᠦᠯᠵᠦ᠂ ᠬᠢᠨᠠᠨ ᠬᠠᠮᠠᠭᠠᠯᠠᠬᠤ ᠠᠵᠢᠯᠲᠠᠨ ᠰᠠᠯᠬᠢ ᠨᠡᠪᠲᠡᠷᠡᠭᠦᠯᠬᠦ᠂ ᠪᠠᠶᠢᠴᠠᠭᠠᠨ | ᠰᠢᠯᠭᠠᠬᠤ ᠪᠠ ᠴᠢᠬᠤᠯᠠ ᠪᠦᠬᠦᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠵᠦᠢᠯ | ᠳᠠᠷᠠᠭᠠᠯᠠᠨ ᠪᠠᠶᠢᠴᠠᠭᠠᠯᠲᠠ ᠬᠢᠬᠦ ᠬᠡᠷᠡᠭᠲᠡᠢ᠃ ᠬᠢᠵᠠᠭᠠᠷᠲᠤ ᠣᠷᠣᠨ ᠵᠠᠢ ᠳᠤ ᠠᠵᠢᠯᠯᠠᠬᠤ ᠡ᠊ᠨᠳᠡᠯ ᠭᠠᠷᠤᠭᠰᠠᠨ ᠤ | ᠲᠠᠷᠠᠭ᠎ᠠ᠂ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠲᠥᠰᠥᠯ ᠤᠨ ᠶᠣᠰᠣᠭᠠᠷ ᠪᠠᠴᠢᠮ | ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠭᠰᠠᠨ | ᠬᠥᠮᠥᠰ ᠠᠶᠤᠯᠭᠦᠢ ᠶᠢᠨ ᠠᠷᠭ᠎ᠠ ᠬᠡᠮᠵᠢᠶ᠎ᠡ ᠪᠠᠨ ᠰᠠᠶᠢᠲᠤᠷ ᠬᠢᠭᠰᠡᠨ ᠦᠭᠡᠢ ᠪᠠᠷ ᠰᠣᠬᠤᠷ ᠪᠠᠯᠠᠢ ᠪᠠᠷ ᠠᠪᠤᠷᠠᠯᠳᠠ | ᠬᠢᠭᠰᠡᠨ ᠪᠠᠶᠢᠪᠠᠯ᠂ ᠬᠢᠨᠠᠨ ᠬᠠᠮᠠᠭᠠᠯᠠᠬᠤ ᠠᠵᠢᠯᠲᠠᠨ ᠴᠠᠭ ᠲᠤᠬᠠᠢ ᠳᠤᠨᠢ ᠬᠤᠷᠢᠭᠯᠠᠨ ᠵᠣᠭᠰᠤᠭᠠᠬᠤ ᠬᠡᠷᠡᠭᠲᠡᠢ᠃ | | ᠳᠥᠷᠪᠡ᠂ ᠡᠯ᠎ᠡ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ︽ᠲᠣᠭᠲᠠᠭᠠᠯ︾ ᠤᠨ | ᠨᠠᠶᠢᠳᠠᠪᠤᠷᠢᠵᠢᠭᠤᠯᠤᠯᠲᠠ ᠶᠢ ᠬᠡᠷᠬᠢᠨ ᠲᠦᠯᠬᠢᠨ ᠠᠬᠢᠭᠤᠯᠬᠤ ᠪᠣᠶ︖ | | ︽ᠲᠣᠭᠲᠠᠭᠠᠯ︾ ᠪᠣᠯ ᠠᠵᠤ ᠠᠬᠤᠶᠢᠯᠠᠯ ᠤᠨ ᠬᠢᠵᠠᠭᠠᠷᠲᠤ ᠣᠷᠣᠨ ᠵᠠᠢ ᠶᠢᠨ ᠠᠵᠢᠯᠯᠠᠭᠠᠨ ᠤ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠪᠠ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ | ᠥᠷᠨᠢᠭᠦᠯᠬᠦ ᠶᠢᠨ ᠭᠤᠣᠯ ᠦᠨᠳᠦᠰᠦᠯᠡᠯ ᠪᠣᠯᠣᠨ᠎ᠠ᠃ ᠠᠵᠤ ᠠᠬᠤᠶᠢᠯᠠᠯ ᠪᠠ ᠠᠵᠢᠯᠲᠠᠳ ᠲᠤ ︽ᠲᠣᠭᠲᠠᠭᠠᠯ︾ ᠤᠨ | ᠱᠠᠭᠠᠷᠳᠠᠯᠭ᠎ᠠ ᠶᠢ ᠨᠠᠩ ᠰᠠᠶᠢᠨ ᠣᠶᠢᠯᠠᠭᠠᠨ ᠨᠠᠶᠢᠳᠠᠪᠤᠷᠢᠵᠢᠭᠤᠯᠵᠤ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠ | ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠵᠣᠷᠢᠯᠭ᠎ᠠ ᠪᠠᠷ᠂ ᠡᠯ᠎ᠡ ᠱᠠᠲᠤᠨ ᠤ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠬᠠᠭᠤᠯᠭ᠎ᠠ ᠰᠤᠷᠭᠠᠯᠲᠠ ᠢ ᠴᠢᠩᠭᠠᠳᠬᠠᠬᠤ᠂ ᠬᠠᠪᠰᠤᠷᠤᠨ | ᠲᠡᠳᠬᠦᠬᠦ ᠵᠢᠯᠣᠭᠤᠳᠤᠯᠭ᠎ᠠ ᠥᠷᠨᠢᠭᠦᠯᠬᠦ᠂ ᠨᠠᠷᠢᠯᠢᠭ ᠣᠨᠣᠴᠠᠲᠠᠢ ᠪᠠᠷ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠲᠣᠭᠲᠠᠭᠠᠯ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ | ᠶᠡᠭᠡ ᠪᠠᠷ ᠲᠦᠯᠬᠢᠨ ᠠᠬᠢᠭᠤᠯᠬᠤ ᠬᠡᠷᠡᠭᠲᠡᠢ᠃ | | ᠨᠢᠭᠡ ᠳᠤ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠤᠬᠠᠭᠤᠯᠭ᠎ᠠ ᠰᠤᠷᠭᠠᠯᠲᠠ ᠢ | ᠴᠢᠩᠭᠠᠳᠬᠠᠨ᠎ᠠ᠃ ᠲᠤᠰᠬᠠᠢ ᠰᠡᠳᠦᠪᠲᠦ ᠰᠤᠷᠭᠠᠯᠲᠠ ᠶᠢᠨ ᠠᠩᠭᠢ ᠡᠷᠬᠢᠯᠡᠬᠦ᠂ ᠰᠢᠨ᠎ᠡ ᠵᠠᠭᠤᠴᠢᠯᠠᠭᠤᠷ ᠤᠨ | ᠪᠦᠲᠦᠭᠡᠭᠳᠡᠬᠦᠨ ᠦᠢᠯᠡᠳᠬᠦ᠂ ᠲᠤᠰᠬᠠᠢ ᠮᠡᠷᠭᠡᠵᠢᠯᠲᠡᠨ ᠢ ᠤᠷᠢᠵᠤ ᠤᠩᠰᠢᠨ ᠲᠠᠶᠢᠯᠪᠤᠷᠢᠯᠠᠬᠤ ᠵᠣᠬᠢᠶᠠᠯ ᠪᠢᠴᠢᠭᠦᠯᠬᠦ᠂ | ᠠᠳᠡᠯ ᠢ ᠰᠡᠷᠡᠮᠵᠢᠯᠡᠭᠦᠯᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠬᠠᠭᠤᠯᠤᠨ ᠲᠤᠤᠱᠯᠠᠭᠤᠯᠬᠤ | ᠰᠤᠷᠭᠠᠯᠲᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠠᠵᠤ ᠠᠬᠤᠶᠢᠯᠠᠯ ᠢ ᠰᠢᠪᠠᠳᠠᠵᠤ ᠪᠠᠶᠢᠭᠠᠳ ︽ᠲᠣᠭᠲᠠᠭᠠᠯ︾ | ᠤᠨ ᠭᠤᠣᠯᠳᠠᠯᠭ᠎ᠠ ᠲᠠᠢ ᠱᠠᠭᠠᠷᠳᠠᠯᠭ᠎ᠠ ᠶᠢ ᠠᠵᠢᠯ ᠤᠨ ᠪᠠᠶᠢᠷᠢ ᠶᠢᠨ ᠬᠥᠮᠥᠨ ᠳᠤ ᠨᠠᠶᠢᠳᠠᠪᠤᠷᠢᠵᠢᠭᠤᠯᠵᠤ᠂ ᠮᠡᠳᠡᠪᠡᠰᠦ | ᠵᠣᠬᠢᠬᠤ ᠶᠢ ᠨᠢ ᠪᠦᠬᠦᠨ ᠢ ᠮᠡᠳᠡᠵᠦ᠂ ᠴᠢᠳᠠᠪᠠᠰᠤ ᠵᠣᠬᠢᠬᠤ ᠶᠢ ᠨᠢ ᠪᠦᠬᠦᠨ ᠢ ᠮᠡᠳᠡᠵᠦ᠂ ᠠᠵᠤ ᠠᠬᠤᠶᠢᠯᠠᠯ ᠤᠨ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠤᠨ᠂ ᠠᠵᠢᠯᠲᠠᠨ ᠤ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯᠯᠠᠵᠤ ᠪᠠᠶᠢᠭ᠎ᠠ ᠬᠥᠮᠥᠰ ᠲᠤ ᠤᠷᠢᠳᠴᠢᠯᠠᠨ ᠰᠡᠷᠭᠡᠶᠢᠯᠡᠬᠦ ᠶᠢ | ᠣᠶᠢᠯᠠᠭᠠᠭᠤᠯᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠴᠢᠳᠠᠬᠤ ᠪᠣᠯᠭᠠᠬᠤ ᠬᠡᠷᠡᠭᠲᠡᠢ᠃ | | ᠬᠤᠶᠠᠷ ᠲᠤ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠦᠨ᠎ᠡ᠃ | ᠮᠤᠵᠢ ᠶᠢᠨ ᠱᠠᠲᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ | ᠦᠷᠭᠦᠯᠵᠢᠯᠡᠨ ᠵᠣᠬᠢᠶᠠᠨ ᠪᠠᠶᠢᠭᠤᠯᠵᠤ ᠪᠠᠶᠢᠭᠠᠳ ᠭᠤᠣᠯᠳᠠᠯᠭ᠎ᠠ ᠲᠠᠢ ᠭᠠᠵᠠᠷ ᠣᠷᠣᠨ ᠢ ᠬᠠᠪᠰᠤᠷᠤᠨ ᠲᠡᠳᠬᠦᠵᠦ᠂ | ᠲᠤᠰᠬᠠᠢ ᠮᠡᠷᠭᠡᠵᠢᠯᠲᠡᠨ ᠤ ᠬᠦᠴᠦᠨ ᠳᠤ ᠲᠦᠰᠢᠭᠯᠡᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠵᠢᠯᠣᠭᠤᠳᠤᠯᠭ᠎ᠠ | ᠦᠢᠯᠡᠴᠢᠯᠡᠭᠡ ᠥᠷᠨᠢᠭᠦᠯᠵᠦ᠂ ᠠᠵᠤ ᠠᠬᠤᠶᠢᠯᠠᠯ ᠢ ᠨᠠᠩ ᠰᠢᠭᠤᠳ᠂ ᠨᠠᠩ ᠰᠢᠰᠲ᠋ᠧᠮ ᠲᠠᠢ᠂ ᠨᠠᠩ ᠪᠣᠳᠠᠲᠠᠢ ᠪᠠᠷ | ᠬᠠᠪᠰᠤᠷᠤᠨ ᠬᠢᠵᠠᠭᠠᠷᠲᠤ ᠣᠷᠣᠨ ᠵᠠᠢ ᠶᠢᠨ ᠲᠦᠭᠰᠢᠭᠦᠷᠢ ᠶᠢ ᠢᠯᠭᠠᠨ ᠲᠠᠨᠢᠵᠤ ᠬᠠᠮᠢᠶᠠᠷᠤᠨ ᠡᠵᠡᠮᠳᠡᠵᠦ᠂ ᠬᠢᠨᠠᠨ | ᠵᠥᠪᠰᠢᠶᠡᠷᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠲᠤᠬᠠᠢ ᠶᠢᠨ ᠲᠠᠯᠠᠪᠤᠷ ᠲᠤ ᠠᠵᠢᠯᠯᠠᠬᠤ | ᠬᠠᠮᠢᠶᠠᠷᠤᠯᠲᠠ ᠶᠢ ᠵᠢᠷᠤᠮᠵᠢᠭᠤᠯᠵᠤ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠬᠢᠵᠠᠭᠠᠷᠲᠤ | ᠣᠷᠣᠨ ᠵᠠᠢ ᠳᠤ ᠠᠵᠢᠯᠯᠠᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ | | ᠭᠤᠷᠪᠠ ᠳᠤ᠂ ᠤᠨᠢᠨ ᠳᠡᠭᠡᠷ᠎ᠡ ᠨᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠬᠢᠵᠠᠭᠠᠷᠲᠠᠢ ᠣᠷᠣᠨ ᠵᠠᠢ ᠶᠢᠨ ᠭᠤᠣᠯᠳᠠᠯᠭ᠎ᠠ | ᠲᠠᠢ ᠬᠢᠨᠠᠯᠲᠠ ᠬᠠᠮᠢᠶᠠᠷᠤᠯᠲᠠ ᠶᠢᠨ ᠭᠠᠷᠴᠠᠭ ᠢ ᠲᠦᠷᠭᠡᠨ ᠲᠣᠭᠲᠠᠭᠠᠨ ᠨᠡᠶᠢᠲᠡᠯᠡᠵᠦ᠂ ᠡᠯ᠎ᠡ ᠱᠠᠲᠤᠨ ᠤ ᠬᠢᠨᠠᠨ | ᠬᠠᠮᠢᠶᠠᠷᠬᠤ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠬᠢᠨᠠᠨ ᠬᠠᠮᠢᠶᠠᠷᠬᠤ ᠭᠠᠷᠴᠠᠭ ᠲᠠᠢ ᠬᠠᠷᠢᠴᠠᠭᠤᠯᠵᠤ᠂ ᠤᠨᠢᠨ | ᠳᠡᠭᠡᠷ᠎ᠡ ᠨᠢ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠦᠬᠦᠷᠲᠦ ᠤᠰᠤᠲᠥ᠋ᠷᠥᠭᠴᠢ᠂ ᠨᠡᠭᠦᠷᠡᠰᠦᠲᠥ᠋ᠷᠥᠭᠴᠢ ᠶᠢᠨ | ᠲᠠᠩ ᠢᠰᠦᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠳᠤ ᠬᠤᠣᠷᠳᠠᠭᠳᠠᠬᠤ ᠪᠠ ᠪᠦᠲᠡᠩᠰᠡᠬᠦ | ᠲᠦᠭᠰᠢᠭᠦᠷᠢ ᠳᠤ ᠬᠤᠯᠪᠣᠭᠳᠠᠬᠤ ᠬᠢᠵᠠᠭᠠᠷᠲᠤ ᠣᠷᠣᠨ ᠵᠠᠢ ᠶᠢ ᠳᠤᠪᠤᠶᠢᠯᠭᠠᠵᠤ᠂ ᠬᠢᠨᠠᠨ ᠬᠠᠮᠠᠭᠠᠯᠠᠭᠴᠢ ᠶᠢᠨ | ᠬᠠᠷᠢᠭᠤᠴᠠᠯᠭ᠎ᠠ ᠶᠢᠨ ᠳᠦᠷᠢᠮ ᠵᠢᠴᠢ ᠠᠵᠢᠯ ᠢ ᠬᠢᠨᠠᠨ ᠵᠥᠪᠰᠢᠶᠡᠷᠡᠬᠦ᠂ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠣᠯᠣᠨ | ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠲᠦᠭᠰᠢᠭᠦᠷᠢ ᠶᠢᠨ ᠪᠣᠯᠵᠣᠰᠢ ᠦᠭᠡᠢ | ᠨᠥᠬᠦᠴᠡᠯ ᠪᠠᠶᠢᠳᠠᠯ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠵᠦ᠂ | ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠪᠣᠯᠣᠨ ᠴᠢᠳᠠᠪᠤᠷᠢ ᠶᠢᠨ ᠲᠦᠪᠰᠢᠨ ᠢ | ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠦᠨᠳᠦ ᠬᠡᠴᠡᠭᠦᠦ ᠲᠠᠯᠳᠠ ᠭᠡᠮ ᠪᠠ ᠬᠠᠤᠯᠢ ᠶᠢ ᠵᠥᠷᠢᠴᠡᠭᠰᠡᠨ ᠠᠵᠢᠯᠯᠠᠭ᠎ᠠ | ᠣᠷᠣᠰᠢᠵᠤ ᠪᠠᠶᠢᠭ᠎ᠠ ᠠᠵᠤ ᠠᠬᠤᠶᠢᠯᠠᠯ ᠳᠤ ᠬᠠᠤᠯᠢ ᠶᠣᠰᠣᠭᠠᠷ ᠴᠢᠩᠭ᠎ᠠ ᠰᠢᠢᠳᠬᠡᠯ ᠣᠯᠭᠤᠨ᠎ᠠ᠃ | | | | | | | | | | | | | |