| | | | ᠠᠰᠠᠭᠤᠯᠲᠠ᠄ ︽ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠦᠨᠡᠮᠯᠡᠯ︾ ᠨᠢ ᠶᠠᠭᠤ ᠪᠣᠶ︖ | | ᠬᠠᠷᠢᠭᠤᠯᠲᠠ᠄ ︽ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠦᠨᠡᠮᠯᠡᠯ︾ ᠪᠣᠯ ᠪᠥᠬᠦ ᠤᠯᠤᠰ ᠤᠨ | ᠨᠢᠭᠡᠳᠦᠯᠲᠡᠢ ᠬᠡᠯᠪᠡᠷᠢ ᠮᠠᠶ᠋ᠢᠭ ᠮᠥᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠨᠢᠭᠡᠳᠦᠯᠲᠡᠢ ᠳᠠᠷᠤᠮᠠᠯᠯᠠᠵᠤ᠂ ᠡᠯ᠎ᠡ ᠱᠠᠲᠤᠨ ᠤ ᠠᠵᠢᠯ ᠣᠯᠭᠤᠬᠤ | ᠦᠢᠯᠡᠴᠢᠯᠡᠭᠡᠨ ᠤ ᠪᠠᠶᠢᠭᠤᠯᠤᠮᠵᠢ ᠠᠴᠠ ᠰᠦᠢᠳᠬᠡᠯ ᠬᠤᠷᠢᠶᠠᠬᠤ ᠦᠭᠡᠢ ᠪᠠᠷ ᠣᠯᠭᠤᠬᠤ ᠶᠢ ᠬᠠᠷᠢᠭᠤᠴᠠᠨ᠎ᠠ᠃ | ᠬᠥᠳᠡᠯᠮᠦᠷᠢᠴᠢᠨ ︽ᠠᠵᠢᠯ ᠣᠯᠵᠤ ᠦᠢᠯᠡᠰ ᠴᠣᠭᠴᠠᠯᠠᠬᠤ ᠦᠨᠡᠮᠯᠡᠯ︾ ᠭᠤᠶᠤᠴᠢᠯᠠᠨ ᠠᠪᠬᠤ ᠳᠤ᠂ ᠪᠡᠶ᠎ᠡ ᠶᠢᠨ | ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠵᠢᠴᠢ ᠬᠤᠶᠠᠷ ᠢᠮᠠᠬᠤ ᠶᠢᠨ ᠪᠤᠳᠤᠭᠲᠤ ᠰᠡᠭᠦᠳᠡᠷ 1 ᠬᠤᠪᠢ | ᠬᠠᠩᠭᠠᠵᠤ᠂ ᠬᠠᠷᠢᠶᠠᠲᠤ ᠣᠷᠣᠨ ᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠨ ᠠᠪᠬᠤ | ᠬᠡᠷᠡᠭᠲᠡᠢ︔ ᠬᠥᠮᠥᠨ ᠬᠡᠷᠡᠭᠯᠡᠬᠦ ᠨᠢᠭᠡᠴᠢ ᠳᠤ ᠡᠯᠰᠡᠭᠳᠡᠭᠰᠡᠨ ᠪᠠᠶᠢᠪᠠᠯ᠂ ᠬᠥᠮᠥᠨ ᠬᠡᠷᠡᠭᠯᠡᠬᠦ ᠨᠢᠭᠡᠴᠢ ᠨᠢ ᠪᠠᠶᠢᠭ᠎ᠠ | ᠭᠠᠵᠠᠷ ᠤᠨ ᠢᠶᠠᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠭᠤᠶᠤᠴᠢᠯᠠᠨ ᠠᠪᠬᠤ ᠶᠢᠨ | ᠬᠠᠮᠲᠤ ᠬᠥᠳᠡᠯᠮᠦᠷᠢ ᠬᠦᠴᠦᠨ ᠢ ᠬᠡᠷᠡᠭᠯᠡᠬᠦ ᠳᠠᠩᠰᠠᠯᠠᠯᠲᠠ ᠶᠢ ᠭᠦᠢᠴᠡᠳᠬᠡᠨ᠎ᠡ︔ ᠪᠡᠶ᠎ᠡ ᠪᠠᠨ ᠳᠠᠭᠠᠭᠠᠵᠤ ᠠᠳᠠᠯ | ᠦᠢᠯᠡᠰ ᠴᠣᠭᠴᠠᠯᠠᠬᠤ᠂ ᠠᠮᠢᠳᠤᠯᠢᠭ ᠢᠶᠠᠷ ᠠᠵᠢᠯ ᠣᠯᠬᠤ ᠪᠤᠶᠤ ᠴᠢᠯᠦᠭᠡᠲᠦ ᠠᠵᠢᠯ ᠮᠡᠷᠭᠡᠵᠢᠯ ᠤᠨ ᠬᠡᠯᠪᠡᠷᠢ ᠪᠠᠷ | ᠠᠵᠢᠯ ᠣᠯᠬᠤ ᠶᠢ ᠪᠡᠶᠡᠯᠡᠭᠦᠯᠦᠭᠰᠡᠨ ᠪᠠᠶᠢᠪᠠᠯ᠂ ᠬᠥᠳᠡᠯᠮᠦᠷᠢᠴᠢᠨ ᠲᠣᠰ ᠬᠥᠮᠥᠨ ᠨᠢ ᠠᠵᠢᠯ ᠣᠯᠬᠤ ᠳᠠᠩᠰᠠᠯᠠᠯᠲᠠ | ᠬᠢᠵᠦ᠂ ᠰᠠᠭᠤᠭ᠎ᠠ ᠭᠠᠵᠠᠷ ᠤᠨ ᠢᠶᠠᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠨ ᠠᠪᠤᠨ᠎ᠠ | ᠃ | | | | ᠠᠰᠠᠭᠤᠯᠲᠠ᠄ ᠠᠵᠢᠯ ᠣᠯᠭᠤᠯᠲᠠ ᠶᠢᠨ ᠳᠠᠩᠰᠠᠯᠠᠯᠲᠠ ᠬᠢᠬᠦ ᠳᠤ ᠶᠠᠮᠠᠷ ᠮᠠᠲ᠋ᠧᠷᠢᠶᠠᠯ ᠢ ᠠᠪᠴᠤ ᠶᠠᠪᠤᠬᠤ ᠪᠤᠶᠤ | ᠪᠡᠯᠡᠳᠬᠡᠬᠦ ᠴᠢᠬᠤᠯᠠ ᠲᠠᠢ ᠪᠣᠢ︖ | | ᠬᠠᠷᠢᠭᠤᠯᠲᠠ᠄ ᠬᠥᠳᠡᠯᠮᠦᠷᠢᠴᠢᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠠᠮᠢᠳᠤᠯᠢᠭ ᠢᠶᠠᠷ | ᠠᠵᠢᠯ ᠣᠯᠬᠤ ᠪᠤᠶᠤ ᠴᠢᠯᠦᠭᠡᠲᠦ ᠠᠵᠢᠯ ᠤᠨ ᠬᠡᠯᠪᠡᠷᠢ ᠪᠠᠷ ᠠᠵᠢᠯ ᠣᠯᠬᠤ ᠳᠤ ᠬᠦᠷᠪᠡᠯ᠂ ᠠᠵᠢᠯ ᠣᠯᠣᠭᠰᠠᠨ ᠤ | ᠳᠠᠷᠠᠭᠠᠬᠢ 30 ᠡᠳᠦᠷ ᠤᠨ ᠳᠣᠲᠣᠷ᠎ᠠ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ | ᠬᠦᠷᠴᠦ ᠠᠵᠢᠯ ᠣᠯᠬᠤ ᠪᠦᠷᠢᠳᠬᠡᠯ ᠬᠢᠯᠭᠡᠵᠦ᠂ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | | 1. ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠪᠤᠶᠤ ︽ᠠᠵᠢᠯ ᠣᠯᠵᠤ ᠠᠳᠠᠯ | ᠦᠢᠯᠡᠰ ᠴᠣᠭᠴᠠᠯᠠᠬᠤ ᠦᠨᠡᠮᠯᠡᠯ︾᠂ ᠪᠠᠶᠢᠩᠭᠤ ᠰᠠᠭᠤᠭ᠎ᠠ ᠭᠠᠵᠠᠷ ᠲᠤ ᠳᠠᠩᠰᠠᠯᠠᠭᠤᠯᠤᠭᠰᠠᠨ ᠲᠣᠰ ᠭᠠᠵᠠᠷ ᠤᠨ | ᠡᠷᠦᠬᠡ ᠠᠮᠠ ᠶᠢᠨ ᠲᠠᠩᠰᠠ ᠦᠭᠡᠢ ᠬᠥᠮᠥᠰ ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ ᠢ ᠬᠠᠩᠭᠠᠬᠤ | ᠬᠡᠷᠡᠭᠲᠡᠢ︔ | | 2. ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠪᠤᠶᠤ ᠠᠷᠠᠳ ᠠᠴᠠ ᠡᠷᠬᠢᠯᠡᠭᠰᠡᠨ ᠠᠵᠤ | ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠳᠡᠪᠲᠡᠷ ᠤᠨ ᠤᠭ ᠮᠠᠲ᠋ᠧᠷᠢᠶᠠᠯ | ᠨᠢᠭᠡ ᠬᠤᠪᠢ︔ | | 3. ︽ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ︵ᠠᠮᠢᠳᠤᠯᠢᠭ ᠢᠶᠠᠷ ᠠᠵᠢᠯ ᠣᠯᠬᠤ︶ | ᠳᠠᠩᠰᠠᠯᠠᠯᠲᠠ ᠶᠢᠨ ᠬᠦᠰᠦᠨᠦᠭᠲᠦ︾ ᠶᠢᠨ ᠤᠭ ᠮᠠᠲ᠋ᠧᠷᠢᠶᠠᠯ ᠨᠢᠭᠡ ᠬᠤᠪᠢ︔ ︽ᠠᠵᠢᠯ ᠣᠯᠵᠤ ᠠᠳᠠᠯ ᠦᠢᠯᠡᠰ | ᠴᠣᠭᠴᠠᠯᠠᠬᠤ ᠦᠨᠡᠮᠯᠡᠯ︾ ᠢ ᠭᠦᠢᠴᠡᠳᠬᠡᠵᠦ ᠥᠩᠭᠡᠷᠡᠭᠰᠡᠨ ᠦᠭᠡᠢ ᠪᠠᠶᠢᠪᠠᠯ᠂ ᠣᠶᠢᠷ᠎ᠠ ᠶᠢᠨ ᠬᠤᠭᠤᠴᠠᠭᠠᠨ ᠤ | ᠮᠠᠯᠠᠭᠠᠢ ᠦᠭᠡᠢ ᠬᠤᠶᠠᠷ ᠢᠮᠠᠬᠤ ᠶᠢᠨ ᠦᠨᠡᠮᠯᠡᠯ ᠤᠨ ᠦᠨᠡᠮᠯᠡᠯ ᠢ ᠨᠢᠭᠡ ᠬᠠᠭᠤᠳᠠᠰᠤ ᠬᠠᠩᠭᠠᠬᠤ ᠬᠡᠷᠡᠭᠲᠡᠢ᠃ | | ᠬᠤᠪᠢ ᠶᠢᠨ ᠡᠵᠡᠩᠨᠡᠯᠲᠡ ᠶᠢ ᠡᠷᠬᠢᠯᠡᠵᠦ ᠪᠠᠶᠢᠭ᠎ᠠ ᠬᠥᠳᠡᠯᠮᠦᠷᠢᠴᠢᠨ ᠠᠵᠢᠯ ᠣᠯᠬᠤ ᠳᠠᠩᠰᠠᠯᠠᠯᠲᠠ ᠬᠢᠬᠦ ᠳᠡᠭᠡᠨ | ᠬᠥᠯᠥᠰᠦᠨ ᠠᠵᠢᠯᠴᠢᠨ ᠢ ᠬᠠᠮᠲᠤ ᠳᠤᠨᠢ ᠠᠵᠢᠯ ᠣᠯᠬᠤ ᠳᠠᠩᠰᠠᠯᠠᠯᠲᠠ ᠬᠢᠯᠭᠡᠬᠦ ᠶᠢᠨ ᠬᠠᠮᠲᠤ ᠬᠥᠯᠥᠰᠦᠨ | ᠠᠵᠢᠯᠴᠢᠨ ᠤ ᠨᠡᠷᠡᠰ ᠤᠨ ᠲᠠᠩᠰᠠ ᠶᠢ ᠬᠠᠩᠭᠠᠨ᠎ᠠ᠃ | | ᠠᠰᠠᠭᠤᠯᠲᠠ᠄ ᠠᠵᠢᠯ ᠠᠯᠳᠠᠭᠰᠠᠨ ᠢᠶᠠᠷ ᠳᠠᠩᠰᠠᠯᠠᠭᠤᠯᠬᠤ ᠳᠠᠭᠠᠨ ᠶᠠᠮᠠᠷ ᠮᠠᠲ᠋ᠧᠷᠢᠶᠠᠯ ᠢ ᠠᠪᠴᠤ ᠶᠠᠪᠤᠬᠤ | ᠪᠤᠶᠤ ᠪᠡᠯᠡᠳᠬᠡᠬᠦ ᠴᠢᠬᠤᠯᠠ ᠲᠠᠢ ᠪᠣᠢ︖ | | ᠬᠠᠷᠢᠭᠤᠯᠲᠠ᠄ ︵ᠨᠢᠭᠡ︶ ᠬᠥᠳᠡᠯᠮᠦᠷᠢᠯᠡᠬᠦ ᠨᠠᠰᠤᠨ ᠳᠤ᠂ ᠬᠥᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ | ᠱᠠᠭᠠᠷᠳᠠᠯᠭ᠎ᠠ ᠲᠠᠢ᠂ ᠠᠵᠢᠯ ᠦᠭᠡᠢ ᠪᠠᠶᠢᠳᠠᠯ ᠳᠤ ᠪᠠᠶᠢᠭ᠎ᠠ ᠬᠤᠲᠠ ᠬᠥᠳᠡᠭᠡ ᠶᠢᠨ ᠬᠥᠳᠡᠯᠮᠦᠷᠢᠴᠢᠨ᠂ ᠲᠣᠰ | ᠬᠥᠮᠥᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ | ᠺᠠᠷᠲ ᠪᠤᠶᠤ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾︶ ᠢᠶᠠᠨ ᠠᠪᠴᠤ᠂ ︽ᠠᠵᠢᠯ | ᠠᠯᠳᠠᠭᠰᠠᠳ ᠤᠨ ᠳᠠᠩᠰᠠᠯᠠᠯᠲᠠ ᠶᠢᠨ ᠬᠦᠰᠦᠨᠦᠭᠲᠦ︾ ᠶᠢ ᠲᠠᠭᠯᠠᠨ᠂ ᠬᠤᠪᠢ ᠬᠥᠮᠥᠨ ᠤ ᠦᠨᠳᠦᠰᠦᠨ ᠮᠡᠳᠡᠭᠡ | ᠵᠠᠩᠭᠢ ᠪᠠ ᠠᠵᠢᠯ ᠠᠯᠳᠠᠭᠰᠠᠨ ᠰᠢᠯᠲᠠᠭᠠᠨ ᠢᠶᠠᠨ ᠬᠠᠩᠭᠠᠵᠤ᠂ ᠪᠠᠶᠢᠩᠭᠤ ᠰᠠᠭᠤᠭ᠎ᠠ ᠭᠠᠵᠠᠷ ᠲᠠᠭᠠᠨ ᠠᠵᠢᠯ | ᠠᠯᠳᠠᠭᠰᠠᠨ ᠳᠠᠩᠰᠠᠯᠠᠯᠲᠠ ᠬᠢᠯᠭᠡᠬᠦ ᠶᠢᠨ ᠬᠠᠮᠲᠤ ᠲᠣᠰ ᠬᠥᠮᠥᠨ ᠨᠢ ᠲᠠᠭᠯᠠᠭᠰᠠᠨ ᠮᠡᠳᠡᠭᠡ ᠵᠠᠩᠭᠢ ᠶᠢᠨ ᠦᠨᠡᠨ | ᠪᠣᠳᠠᠲᠤ ᠴᠢᠨᠠᠷ ᠲᠤ ᠪᠢᠴᠢᠭ ᠤᠨ ᠠᠮᠠᠯᠠᠯᠲᠠ ᠬᠢᠨ᠎ᠡ︔ ︵ᠬᠤᠶᠠᠷ︶ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠭᠡᠨ ᠤ ᠪᠠᠶᠢᠭᠤᠯᠤᠮᠵᠢ ᠨᠢ ᠠᠵᠢᠯ ᠠᠯᠳᠠᠭᠰᠠᠨ ᠢ ᠳᠠᠩᠰᠠᠯᠠᠭᠤᠯᠬᠤ ᠭᠤᠶᠤᠴᠢᠯᠠᠯ ᠢ ᠭᠥᠯᠢᠶᠡᠨ ᠠᠪᠤᠭᠰᠠᠨ ᠤ | ᠳᠠᠷᠠᠭ᠎ᠠ᠂ 7 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠶᠢᠨ ᠬᠤᠯᠪᠣᠭᠳᠠᠯ ᠪᠦᠬᠦᠢ ᠪᠠᠶᠢᠳᠠᠯ ᠪᠠ | ᠮᠠᠲ᠋ᠧᠷᠢᠶᠠᠯ ᠢ ᠬᠢᠨᠠᠨ ᠬᠠᠷᠭᠤᠭᠤᠯᠬᠤ ᠬᠡᠷᠡᠭᠲᠡᠢ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠪᠠᠶᠢᠪᠠᠯ᠂ ᠭᠠᠷ | ᠭᠦᠢᠴᠡᠳᠬᠡᠯ ᠬᠢᠵᠦ ᠥᠭᠭᠦᠭᠡᠳ᠂ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾ ᠳᠤ ᠠᠵᠢᠯ | ᠠᠯᠳᠠᠭᠰᠠᠨ ᠢ ᠳᠡᠩᠰᠡᠯᠡᠨ ᠲᠡᠮᠳᠡᠭᠯᠡᠭᠰᠡᠨ ᠪᠠᠶᠢᠳᠠᠯ ᠢ ᠲᠡᠮᠳᠡᠭᠯᠡᠬᠦ ᠬᠡᠷᠡᠭᠲᠡᠢ᠃ | | ᠠᠰᠠᠭᠤᠯᠲᠠ᠄ ᠣᠶᠢᠷ᠎ᠠ ᠳᠤ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ᠂ ᠬᠤᠪᠢ ᠬᠥᠮᠥᠨ ᠤ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠶᠠᠮᠠᠷ ᠠᠭᠤᠯᠭ᠎ᠠ᠂ ᠡᠳᠡᠬᠡᠳ ᠪᠠ ᠪᠠᠷᠢᠮᠵᠢᠶ᠎ᠠ ᠨᠢ ᠶᠠᠭᠤ ᠪᠣᠶ | ︖ | | ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠨᠥᠬᠦᠴᠡᠯ ᠳᠤ ᠨᠡᠶᠢᠴᠡᠬᠦ ᠬᠤᠪᠢ ᠬᠥᠮᠥᠨ ᠤ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠪᠤᠶᠤ ᠬᠤᠷᠰᠢᠨ ᠠᠳᠠᠯ ᠦᠢᠯᠡᠰ ᠴᠣᠭᠴᠠᠯᠠᠬᠤ ᠳᠤ᠂ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠲᠡᠷᠭᠡ ᠬᠤᠳᠠᠯᠳᠤᠨ ᠠᠪᠬᠤ ᠵᠢᠭᠡᠯᠡᠯᠭᠡ᠂ | 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ | ᠺᠠᠷᠲ ᠤᠨ ᠬᠡᠷᠡᠭᠯᠡᠭᠡ ᠪᠠᠭᠲᠠᠨ᠎ᠠ︶ ᠠᠴᠠ ᠭᠠᠳᠠᠨ᠎ᠠ᠂ ᠭᠤᠶᠤᠴᠢᠯᠠᠭᠴᠢ ᠨᠢ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠲᠣᠰ ᠬᠥᠮᠥᠨ ᠵᠢᠴᠢ ᠲᠡᠭᠦᠨ ᠤ | ᠬᠤᠯᠪᠣᠰᠤ ᠨᠢ ᠪᠤᠰᠤᠳ ᠵᠢᠭᠡᠯᠡᠯᠭᠡ ᠦᠭᠡᠢ ᠪᠣᠯ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠭᠤᠶᠤᠴᠢᠯᠠᠵᠤ ᠪᠣᠯᠣᠨ᠎ᠠ᠃ | | ᠲᠥᠷᠥ ᠶᠢᠨ ᠪᠣᠳᠣᠯᠭ᠎ᠠ ᠶᠢᠨ ᠡᠲᠡᠭᠡᠳ᠄ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ | ᠳᠣᠲᠣᠷᠠᠬᠢ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ | ᠬᠥᠮᠥᠰ ︵ᠵᠡᠮᠳᠡᠭ ᠬᠥᠮᠥᠨ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ | ᠳᠠᠭᠤᠰᠴᠤ ᠰᠤᠯᠠᠯᠠᠭᠳᠠᠭᠰᠠᠨ ᠬᠥᠮᠥᠰ᠂ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ | ᠪᠠ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠣᠷᠣᠭᠴᠢ ᠪᠠᠭᠲᠠᠨ᠎ᠠ︶᠂ ᠦᠯᠡᠭᠦᠳᠡᠭᠰᠡᠨ | ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ | ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠰᠦᠯᠵᠢᠶᠡᠨ ᠤ ᠬᠤᠳᠠᠯᠳᠤᠭᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ | ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠲᠠᠷᠢᠶᠠᠴᠢᠨ᠃ | | ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠬᠤᠪᠢ ᠬᠥᠮᠥᠨ ᠳᠤ ᠣᠯᠭᠤᠬᠤ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 30 | ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠵᠣᠭᠤᠰ ᠵᠢᠭᠡᠯᠡᠭᠴᠢ ᠬᠤᠷᠰᠢᠨ ᠠᠳᠠᠯ ᠦᠢᠯᠡᠰ | ᠴᠣᠭᠴᠠᠯᠠᠬᠤ ᠳᠤ ᠭᠦᠷᠪᠡᠯ᠂ ᠬᠤᠷᠰᠢᠨ ᠠᠳᠠᠯ ᠦᠢᠯᠡᠰ ᠴᠣᠭᠴᠠᠯᠠᠬᠤ ᠬᠥᠮᠥᠨ ᠤ ᠲᠤᠭ᠎ᠠ ᠶᠢ ᠦᠨᠳᠦᠰᠦᠯᠡᠨ | ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠂ ᠬᠠᠮᠤᠭ ᠤᠨ | ᠥᠨᠳᠥᠷ ᠲᠡᠭᠡᠨ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠶᠢᠨ ᠲᠤᠭ᠎ᠠ ᠬᠡᠮᠵᠢᠶ᠎ᠡ ᠶᠢᠨ ᠳᠡᠭᠡᠳᠦ ᠬᠢᠵᠠᠭᠠᠷ ᠤᠨ ᠨᠡᠶᠢᠯᠡᠪᠦᠷᠢ ᠶᠢᠨ 110% ᠠᠴᠠ ᠳᠠᠪᠠᠭᠤᠯᠬᠤ ᠦᠭᠡᠢ | ᠮᠥᠷᠲᠡᠭᠡᠨ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠲᠤᠭ᠎ᠠ ᠬᠡᠮᠵᠢᠶ᠎ᠡ ᠶᠢᠨ ᠳᠡᠭᠡᠳᠦ ᠬᠢᠵᠠᠭᠠᠷ ᠠᠴᠠ ᠳᠠᠪᠠᠭᠤᠯᠬᠤ ᠦᠭᠡᠢ ᠪᠠᠶᠢᠬᠤ ᠬᠡᠷᠡᠭᠲᠡᠢ᠃ | | ᠠᠰᠠᠭᠤᠯᠲᠠ᠄ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠬᠤᠭᠤᠴᠠᠭ᠎ᠠ ᠬᠢᠵᠠᠭᠠᠷ ᠪᠠ ᠬᠦᠦ ᠶᠢᠨ ᠨᠣᠷᠮ᠎ᠠ ᠨᠢ ᠶᠠᠭᠤ ᠪᠣᠶ︖ | | ᠬᠠᠷᠢᠭᠤᠯᠲᠠ᠄ ᠡᠳ᠋ᠯᠡᠬᠦ ᠬᠤᠭᠤᠴᠠᠭ᠎ᠠ᠄ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠶᠢᠨ ᠬᠤᠭᠤᠴᠠᠭ᠎ᠠ ᠨᠢ ᠬᠠᠮᠤᠭ ᠣᠷᠳᠣ ᠳᠠᠭᠠᠨ 3 ᠵᠢᠯ ᠠᠴᠠ ᠬᠡᠲᠦᠷᠡᠵᠦ ᠪᠣᠯᠬᠤ ᠦᠭᠡᠢ᠂ ᠨᠡᠶᠢᠲᠡ | ᠤᠳᠠᠭ᠎ᠠ ᠨᠢ 3 ᠤᠳᠠᠭ᠎ᠠ ᠠᠴᠠ ᠬᠡᠲᠦᠷᠡᠵᠦ ᠪᠣᠯᠬᠤ ᠦᠭᠡᠢ᠃ ᠵᠢᠭᠡᠯᠡᠯᠭᠡ ᠶᠢᠨ ᠬᠦᠦ ᠶᠢᠨ ᠨᠣᠷᠮ᠎ᠠ᠄ ᠵᠣᠭᠤᠰ | ᠵᠢᠭᠡᠯᠡᠭᠴᠢ᠂ ᠭᠠᠷᠲᠠᠨ ᠭᠦᠢᠴᠡᠳᠬᠡᠬᠦ ᠪᠠᠩᠬᠢ᠂ ᠳᠠᠭᠠᠭᠠᠯᠲᠠ ᠶᠢᠨ ᠰᠠᠭᠤᠷᠢ ᠮᠥᠩᠭᠦ ᠶᠢᠨ ᠡᠵᠡᠩᠨᠡᠯᠲᠡ | ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠪᠠᠶᠢᠭᠤᠯᠤᠮᠵᠢ ᠠᠴᠠ ᠵᠥᠪᠳᠡᠯᠴᠡᠨ ᠲᠣᠭᠲᠠᠭᠠᠨ᠎ᠠ᠃ 2023 ᠣᠨ ᠤ 10 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠡᠭᠡᠳᠦ ᠬᠢᠵᠠᠭᠠᠷ ᠨᠢ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠤᠯᠠᠷᠢᠯ ᠪᠦᠷᠢ ᠳᠤ ᠨᠡᠶᠢᠲᠡᠯᠡᠭᠰᠡᠨ 1 ᠵᠢᠯ ᠤᠨ ᠬᠤᠭᠤᠴᠠᠭ᠎ᠠ ᠲᠠᠢ | ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠮᠥᠩᠭᠦ ᠶᠢᠨ ᠨᠣᠷᠮ᠎ᠠ LPR+150BPs | ᠪᠣᠯᠣᠨ᠎ᠠ᠃ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ 50% ᠶᠢᠨ ᠡᠳ᠋ ᠤᠨ ᠵᠠᠰᠠᠭ ᠤᠨ | ᠳᠠᠮ ᠬᠦᠦ ᠣᠯᠭᠤᠨ᠎ᠠ᠃ ᠬᠤᠭᠤᠴᠠᠭ᠎ᠠ ᠤᠷᠲᠤᠳᠬᠠᠭᠰᠠᠨ᠂ ᠬᠤᠭᠤᠴᠠᠭ᠎ᠠ ᠬᠡᠲᠦᠷᠡᠭᠰᠡᠨ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠦ ᠣᠯᠭᠤᠬᠤ | ᠦᠭᠡᠢ᠃ | | ᠠᠰᠠᠭᠤᠯᠲᠠ᠄ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠶᠢᠨ ᠪᠠᠷᠢᠮᠵᠢᠶ᠎ᠠ ᠪᠠ ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ ᠨᠢ ᠶᠠᠭᠤ ᠪᠣᠶ︖ | | ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠭᠠᠷᠲᠠᠨ ᠭᠦᠢᠴᠡᠳᠬᠡᠬᠦ ᠪᠠᠩᠬᠢ ᠠᠴᠠ ᠵᠢᠵᠢᠭ ᠪᠢᠴᠢᠯ ᠠᠵᠤ | ᠠᠬᠤᠶᠢᠯᠠᠯ ᠤᠨ ᠪᠣᠳᠠᠲᠠᠢ ᠡᠯᠰᠡᠨ ᠬᠡᠷᠡᠭᠯᠡᠬᠦ ᠨᠥᠬᠦᠴᠡᠯ ᠳᠤ ᠨᠡᠶᠢᠴᠡᠬᠦ ᠬᠥᠮᠥᠨ ᠤ ᠲᠤᠭ᠎ᠠ ᠶᠢ ᠦᠨᠳᠦᠰᠦᠯᠡᠨ ᠵᠦᠢ | ᠵᠣᠬᠢᠰᠲᠠᠢ ᠲᠣᠭᠲᠠᠭᠠᠵᠤ᠂ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ | ᠦᠭᠡᠢ᠃ ᠡᠳ᠋ᠯᠡᠬᠦ ᠬᠤᠭᠤᠴᠠᠭ᠎ᠠ ᠬᠢᠵᠠᠭᠠᠷ᠄ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 2 ᠵᠢᠯ ᠠᠴᠠ | ᠬᠡᠲᠦᠷᠡᠭᠦᠯᠵᠦ ᠪᠣᠯᠬᠤ ᠦᠭᠡᠢ᠂ ᠨᠡᠶᠢᠲᠡ ᠲᠤᠭ᠎ᠠ ᠶᠢ 3 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ | ᠵᠢᠭᠡᠯᠡᠯᠭᠡ ᠶᠢᠨ ᠬᠦᠦ ᠶᠢᠨ ᠨᠣᠷᠮ᠎ᠠ᠄ ᠵᠣᠭᠤᠰ ᠵᠢᠭᠡᠯᠡᠭᠴᠢ᠂ ᠭᠠᠷᠲᠠᠨ ᠭᠦᠢᠴᠡᠳᠬᠡᠬᠦ ᠪᠠᠩᠬᠢ᠂ ᠳᠠᠭᠠᠭᠠᠯᠲᠠ ᠶᠢᠨ | ᠰᠠᠭᠤᠷᠢ ᠮᠥᠩᠭᠦ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠵᠠᠰᠠᠭ ᠤᠨ ᠣᠷᠳᠣᠨ ᠤ ᠴᠢᠨᠠᠷᠲᠠᠢ | ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠠᠴᠠ ᠵᠥᠪᠳᠡᠯᠴᠡᠨ ᠲᠣᠭᠲᠠᠭᠠᠨ᠎ᠠ᠃ 2023 ᠣᠨ ᠤ | 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠡᠭᠡᠳᠦ | ᠬᠢᠵᠠᠭᠠᠷ ᠨᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠠᠷᠢᠯ ᠪᠦᠷᠢ ᠳᠤ ᠨᠡᠶᠢᠲᠡᠯᠡᠭᠰᠡᠨ 1 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠮᠡᠳᠡᠭᠦᠯᠬᠦ ᠬᠦᠦ ᠮᠥᠩᠭᠦ ᠶᠢᠨ ᠨᠣᠷᠮ᠎ᠠ | LPR+150BPs ᠪᠣᠯᠣᠨ᠎ᠠ᠃ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠬᠦᠦ ᠶᠢᠨ ᠨᠣᠷᠮ᠎ᠠ ᠶᠢᠨ | 50% ᠶᠢᠨ ᠡᠳ᠋ ᠤᠨ ᠵᠠᠰᠠᠭ ᠤᠨ ᠳᠠᠮ ᠬᠦᠦ ᠣᠯᠭᠤᠨ᠎ᠠ᠃ ᠬᠤᠭᠤᠴᠠᠭ᠎ᠠ ᠤᠷᠲᠤᠳᠬᠠᠭᠰᠠᠨ᠂ ᠬᠤᠭᠤᠴᠠᠭ᠎ᠠ | ᠬᠡᠲᠦᠷᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠳᠠᠮ ᠬᠦᠦ ᠣᠯᠭᠤᠬᠤ ᠦᠭᠡᠢ᠃ | | ᠠᠰᠠᠭᠤᠯᠲᠠ᠄ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠶᠢ ᠭᠦᠢᠴᠡᠳᠬᠡᠬᠦ ᠳᠤ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠢ ᠪᠣᠶ︖ | | ᠬᠠᠷᠢᠭᠤᠯᠲᠠ᠄ ᠲᠤᠰᠢᠶᠠᠬᠤ ᠮᠠᠲ᠋ᠧᠷᠢᠶᠠᠯ᠄ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠬᠡᠲᠡᠨ ᠤ ᠪᠡᠶ᠎ᠡ ᠶᠢᠨ | ᠦᠨᠡᠮᠯᠡᠯ ᠤᠨ ᠬᠠᠭᠤᠯᠪᠤᠷᠢ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠠᠵᠢᠯᠲᠠᠨ ᠠᠵᠢᠯᠴᠢᠨ ᠤ ᠨᠡᠷ᠎ᠡ ᠶᠢᠨ | ᠪᠦᠷᠢᠳᠬᠡᠯ ︵ᠵᠢᠭᠡᠯᠡᠯᠭᠡ ᠭᠤᠶᠤᠴᠢᠯᠠᠬᠤ ᠠᠴᠠ ᠡᠮᠦᠨ᠎ᠡ ᠨᠢᠭᠡ ᠵᠢᠯ ᠤᠨ ᠳᠣᠲᠣᠷ᠎ᠠ ᠡᠯᠰᠡᠨ ᠬᠡᠷᠡᠭᠯᠡᠭᠰᠡᠨ ᠬᠥᠮᠥᠨ | ᠪᠠᠭᠲᠠᠨ᠎ᠠ︶᠂ ᠨᠡᠷ᠎ᠡ ᠶᠢᠨ ᠪᠦᠷᠢᠳᠬᠡᠯ ᠳᠣᠲᠣᠷ᠎ᠠ ᠠᠵᠢᠯ ᠣᠯᠣᠭᠰᠠᠨ ᠴᠠᠭ ᠪᠤᠶᠤ ᠬᠥᠳᠡᠯᠮᠦᠷᠢ ᠶᠢᠨ ᠭᠡᠷ᠎ᠡ | ᠲᠣᠭᠲᠠᠭᠰᠠᠨ ᠴᠠᠭ ᠢ ᠲᠤᠰᠬᠠᠬᠤ ᠴᠢᠬᠤᠯᠠᠲᠠᠢ︔ ᠳᠡᠭᠡᠷ᠎ᠡ ᠵᠢᠯ ᠪᠠ ᠭᠤᠶᠤᠴᠢᠯᠠᠯ ᠳᠡᠪᠰᠢᠭᠦᠯᠦᠭᠰᠡᠨ ᠡᠳᠦᠷ ᠤᠨ | ᠳᠡᠭᠡᠷ᠎ᠡ ᠨᠢᠭᠡ ᠰᠠᠷ᠎ᠠ ᠶᠢᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ︵ᠡᠳ᠋ ᠬᠥᠷᠥᠩᠭᠡ ᠶᠢᠨ | ᠥᠷᠢᠲᠦᠯ ᠤᠨ ᠬᠦᠰᠦᠨᠦᠭᠲᠦ᠂ ᠣᠯᠵᠠᠪᠤᠷᠢ ᠠᠯᠳᠠᠪᠤᠷᠢ ᠶᠢᠨ ᠬᠦᠰᠦᠨᠦᠭᠲᠦ︶᠃ | | ᠠᠰᠠᠭᠤᠯᠲᠠ᠄ ᠨᠢᠭᠡ ᠯᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠶᠢᠨ ᠡᠳᠡᠬᠡᠳ | ᠪᠠ ᠪᠠᠷᠢᠮᠵᠢᠶ᠎ᠠ ᠨᠢ ᠶᠠᠭᠤ ᠪᠣᠶ︖ | | ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠡᠲᠡᠭᠡᠳ᠄ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ | ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ︵ᠰᠤᠷᠭᠠᠭᠤᠯᠢ ᠳᠤ ᠪᠠᠶᠢᠭ᠎ᠠ ᠰᠣᠷᠣᠭᠴᠢ | ᠪᠠᠭᠲᠠᠨ᠎ᠠ︶᠂ ᠠᠵᠢᠯ ᠣᠯᠬᠤ ᠳᠤ ᠬᠦᠴᠢᠷᠲᠡᠢ ᠬᠥᠮᠥᠰ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ᠂ | ᠵᠡᠮᠳᠡᠭᠴᠦᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ᠃ ᠨᠥᠬᠦᠪᠦᠷᠢ | ᠣᠯᠭᠤᠬᠤ ᠪᠠᠷᠢᠮᠵᠢᠶ᠎ᠠ᠄ 5000 ᠲᠥᠭᠦᠷᠢᠭ᠃ | | ᠡᠳ᠋ᠯᠡᠬᠦ ᠬᠤᠭᠤᠴᠠᠭ᠎ᠠ᠄ ᠨᠢᠭᠡ ᠯᠡ ᠤᠳᠠᠭ᠎ᠠ ᠶᠢᠨ ᠴᠢᠨᠠᠷᠲᠠᠢ᠃ ᠲᠤᠰᠢᠶᠠᠬᠤ ᠮᠠᠲ᠋ᠧᠷᠢᠶᠠᠯ᠄ ᠪᠡᠶ᠎ᠡ ᠶᠢᠨ | ᠦᠨᠡᠮᠯᠡᠯ︔ ᠡᠵᠡᠩᠨᠡᠯᠲᠡ ᠶᠢᠨ ᠦᠨᠡᠮᠯᠡᠯ ᠪᠤᠶᠤ ᠠᠵᠤ ᠠᠬᠤᠢ ᠶᠢᠨ ᠪᠣᠳᠠᠲᠤ ᠴᠣᠭᠴᠠ ᠶᠢ ᠡᠭᠦᠳᠦᠨ ᠪᠠᠶᠢᠭᠤᠯᠤᠭᠰᠠᠨ | ᠬᠦᠴᠦᠨ ᠪᠦᠬᠦᠢ ᠭᠡᠷᠡᠴᠢ ᠵᠢᠴᠢ ᠪᠠᠭᠤᠯᠭᠠᠪᠤᠷᠢ︔ ᠠᠳᠠᠯ ᠦᠢᠯᠡᠰ ᠴᠣᠭᠴᠠᠯᠠᠬᠤ ᠭᠤᠣᠯ ᠴᠣᠭᠴᠠ ᠶᠢᠨ ᠪᠠᠩᠬᠢ ᠳᠤ | ᠪᠠᠶᠢᠭᠤᠯᠤᠭᠰᠠᠨ ᠲᠠᠩᠰᠠᠨ ᠡᠷᠦᠬᠡ ᠶᠢᠨ ᠨᠡᠷᠡᠶᠢᠳᠦᠯ ᠪᠠ ᠲᠠᠩᠰᠠᠨ ᠨᠣᠮᠧᠷ︔ ︽ᠠᠳᠠᠯ ᠦᠢᠯᠡᠰ ᠴᠣᠭᠴᠠᠯᠠᠬᠤ | ᠲᠥᠷᠥᠯ ᠵᠦᠢᠯ ᠤᠨ ᠲᠥᠯᠥᠪᠯᠡᠭᠡ ᠶᠢᠨ ᠪᠢᠴᠢᠭ︾︔ ᠠᠳᠠᠯ ᠦᠢᠯᠡᠰ ᠴᠣᠭᠴᠠᠯᠠᠬᠤ ᠪᠣᠳᠠᠲᠤ ᠴᠣᠭᠴᠠ ᠶᠢᠨ | ᠲᠣᠶᠢᠮᠣᠴᠢᠯᠠᠯ᠃ | | ᠠᠰᠠᠭᠤᠯᠲᠠ᠄ ᠲᠥᠷᠥ ᠶᠢᠨ ᠪᠣᠳᠣᠯᠭ᠎ᠠ ᠶᠢᠨ ᠲᠥᠷᠥᠯ ᠤᠨ ᠠᠰᠠᠭᠤᠳᠠᠯ᠂ ᠠᠳᠠᠯ ᠦᠢᠯᠡᠰ ᠴᠣᠭᠴᠠᠯᠠᠬᠤ ᠶᠢᠨ | ᠨᠡᠪᠴᠢᠭᠦᠯᠬᠦ ᠨᠥᠬᠦᠪᠦᠷᠢ ᠶᠢᠨ ᠠᠭᠤᠯᠭ᠎ᠠ ᠨᠢ ᠶᠠᠭᠤ ᠪᠣᠶ︖ | | ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠬᠠᠤᠯᠢ ᠶᠣᠰᠣᠭᠠᠷ ᠪᠠᠶᠢᠭᠤᠯᠤᠭᠰᠠᠨ᠂ ᠠᠵᠢᠯ | ᠣᠯᠭᠤᠯᠲᠠ ᠶᠢ ᠠᠬᠢᠭᠤᠯᠤᠭᠰᠠᠨ ᠦᠷ᠎ᠡ ᠪᠦᠲᠦᠮᠵᠢ ᠪᠠᠷ ᠢᠯᠡᠷᠬᠡᠢ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ | ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠲᠤ᠂ ᠪᠣᠳᠠᠲᠠᠢ ᠨᠡᠪᠴᠢᠭᠦᠯᠦᠭᠰᠡᠨ ︵ᠳᠡᠩᠰᠡᠯᠡᠨ ᠲᠡᠮᠳᠡᠭᠯᠡᠬᠦ ᠶᠢᠨ | ᠬᠠᠮᠲᠤ ᠰᠠᠭᠤᠷᠢᠨ ᠭᠠᠵᠠᠷ ᠠᠴᠠ ᠨᠡᠭᠦᠯᠭᠡᠭᠰᠡᠨ︶ ᠡᠷᠦᠬᠡ ᠶᠢᠨ ᠲᠤᠭ᠎ᠠ ᠪᠠᠷ ᠡᠷᠦᠬᠡ ᠪᠦᠷᠢ ᠳᠤ 5000 | ᠲᠥᠭᠦᠷᠢᠭ ᠠᠴᠠ ᠬᠡᠲᠦᠷᠡᠬᠦ ᠦᠭᠡᠢ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠨᠥᠬᠦᠪᠦᠷᠢ ︵ᠠᠳᠠᠯ ᠦᠢᠯᠡᠰ | ᠴᠣᠭᠴᠠᠯᠠᠬᠤ ᠨᠡᠪᠴᠢᠭᠦᠯᠬᠦ ᠨᠥᠬᠦᠪᠦᠷᠢ ᠬᠢᠭᠡᠳ ᠨᠢᠭᠡ ᠯᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ | ᠨᠥᠬᠦᠪᠦᠷᠢ ᠶᠢ ᠳᠠᠪᠬᠤᠷᠳᠠᠭᠤᠯᠤᠨ ᠭᠥᠷᠳᠡᠵᠦ ᠪᠣᠯᠬᠤ ᠦᠭᠡᠢ︶ ᠣᠯᠭᠤᠵᠤ ᠪᠣᠯᠣᠨ᠎ᠠ᠃ ᠲᠥᠷᠥ ᠶᠢᠨ | ᠪᠣᠳᠣᠯᠭ᠎ᠠ ᠶᠢᠨ ᠡᠲᠡᠭᠡᠳ᠄ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ | ᠰᠠᠭᠤᠷᠢᠨ ᠭᠠᠵᠠᠷ | | ᠲᠤᠰᠢᠶᠠᠬᠤ ᠮᠠᠲ᠋ᠧᠷᠢᠶᠠᠯ᠄ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ | ᠭᠠᠵᠠᠷ ᠤᠨ ᠡᠵᠡᠩᠨᠡᠯᠲᠡ ᠶᠢᠨ ᠨᠢᠭᠡᠴᠢ ᠶᠢᠨ ᠡᠵᠡᠩᠨᠡᠯᠲᠡ ᠶᠢᠨ ᠦᠨᠡᠮᠯᠡᠯ︔ ᠠᠵᠤ ᠠᠬᠤᠶᠢᠯᠠᠯ ᠤᠨ ᠨᠡᠷᠡᠰ ᠤᠨ | ᠪᠦᠷᠢᠳᠬᠡᠯ᠂ ᠣᠷᠣᠵᠤ ᠰᠠᠭᠤᠬᠤ ᠬᠡᠯᠡᠯᠴᠡᠭᠡᠷ ᠪᠠ ᠴᠡᠴᠡᠷᠯᠢᠭ ᠠᠴᠠ ᠨᠡᠪᠴᠢᠭᠦᠯᠬᠦ ᠬᠤᠯᠪᠣᠭᠳᠠᠬᠤ ᠮᠠᠲ᠋ᠧᠷᠢᠶᠠᠯ ᠢ | ᠠᠮᠵᠢᠯᠲᠠ ᠲᠠᠢ ᠨᠡᠪᠴᠢᠭᠦᠯᠪᠡ︔ ᠠᠮᠠᠯᠠᠯᠲᠠ ᠶᠢᠨ ᠪᠢᠴᠢᠭ᠃ | | ᠠᠰᠠᠭᠤᠯᠲᠠ᠄ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠦᠷᠢ ᠳᠤ | ᠶᠠᠮᠠᠷ ᠠᠭᠤᠯᠭ᠎ᠠ ᠪᠠᠶᠢᠬᠤ ᠪᠣᠶ︖ | | ᠬᠠᠷᠢᠭᠤᠯᠲᠠ᠄ ᠲᠥᠷᠥ ᠶᠢᠨ ᠪᠣᠳᠣᠯᠭ᠎ᠠ ᠶᠢᠨ ᠠᠭᠤᠯᠭ᠎ᠠ᠄ ᠠᠵᠢᠯ ᠣᠯᠭᠤᠯᠲᠠ ᠶᠢ ᠳᠠᠶᠢᠴᠢᠯᠠᠬᠤ ᠶᠠᠰᠤ | ᠴᠢᠨᠠᠷ ᠢᠶᠠᠷ ᠰᠠᠶᠢᠨ᠂ ᠠᠵᠢᠯᠲᠠᠨ ᠢ ᠦᠯᠡᠳᠡᠭᠡᠨ ᠬᠡᠷᠡᠭᠯᠡᠬᠦ ᠨᠣᠷᠮ᠎ᠠ ᠪᠠᠷ ᠥᠨᠳᠥᠷ ᠨᠢ ᠨᠡᠪᠴᠢᠭᠦᠯᠵᠦ ᠪᠠᠶᠢᠭ᠎ᠠ ᠠᠵᠤ | ᠠᠬᠤᠶᠢᠯᠠᠯ ᠳᠤ᠂ ᠰᠢᠨ᠎ᠡ ᠪᠠᠷ ᠨᠡᠮᠡᠭᠳᠡᠭᠰᠡᠨ 1 ᠬᠥᠮᠥᠨ ᠪᠦᠷᠢ ᠳᠤ 3000 ᠲᠥᠭᠦᠷᠢᠭ ᠤᠨ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠦᠷᠢ ᠣᠯᠭᠤᠵᠤ ᠪᠣᠯᠣᠨ᠎ᠠ᠃ ᠲᠥᠷᠥ ᠶᠢᠨ | ᠪᠣᠳᠣᠯᠭ᠎ᠠ ᠶᠢᠨ ᠡᠲᠡᠭᠡᠳ᠄ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ | ᠰᠠᠭᠤᠷᠢᠨ ᠭᠠᠵᠠᠷ ᠲᠤ ᠣᠷᠣᠵᠤ ᠰᠠᠭᠤᠭᠰᠠᠨ ᠨᠡᠪᠴᠢᠭᠦᠯᠬᠦ ᠠᠵᠤ ᠠᠬᠤᠶᠢᠯᠠᠯ | | ᠲᠤᠰᠢᠶᠠᠬᠤ ᠮᠠᠲ᠋ᠧᠷᠢᠶᠠᠯ᠄ ᠡᠵᠡᠩᠨᠡᠯᠲᠡ ᠶᠢᠨ ᠦᠨᠡᠮᠯᠡᠯ︔ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ | ᠬᠠᠭᠤᠯᠪᠤᠷᠢ ᠠᠵᠤ ᠠᠬᠤᠶᠢᠯᠠᠯ ᠤᠨ ᠬᠤᠶᠠᠷ ᠵᠢᠯ ᠰᠢᠬᠠᠮ ᠤᠨ ᠠᠵᠢᠯᠲᠠᠨ ᠠᠵᠢᠯᠴᠢᠨ ᠤ ᠨᠡᠷᠡᠰ ᠤᠨ ᠪᠦᠷᠢᠳᠬᠡᠯ ᠨᠢ | ᠲᠤᠰ ᠰᠠᠷ᠎ᠠ ᠶᠢᠨ ᠣᠳᠣ ᠪᠠᠶᠢᠭ᠎ᠠ ᠠᠵᠢᠯᠲᠠᠨ ᠠᠵᠢᠯᠴᠢᠨ ᠤ ᠨᠡᠷᠡᠰ ᠤᠨ ᠪᠦᠷᠢᠳᠬᠡᠯ ︵ᠲᠤᠰ ᠵᠢᠯ ᠤᠨ ᠰᠢᠨ᠎ᠡ ᠪᠠᠷ | ᠡᠯᠰᠡᠨ ᠬᠡᠷᠡᠭᠯᠡᠭᠰᠡᠨ ᠠᠵᠢᠯᠲᠠᠨ᠂ ᠨᠡᠷᠡᠰ ᠤᠨ ᠪᠦᠷᠢᠳᠬᠡᠯ ᠳᠤ ᠠᠵᠢᠯ ᠣᠯᠣᠭᠰᠠᠨ ᠴᠠᠭ ᠪᠤᠶᠤ ᠬᠥᠳᠡᠯᠮᠦᠷᠢ ᠶᠢᠨ | ᠭᠡᠷ᠎ᠡ ᠲᠣᠭᠲᠠᠭᠰᠠᠨ ᠴᠠᠭ ᠢ ᠲᠤᠰᠬᠠᠬᠤ ᠴᠢᠬᠤᠯᠠ ᠲᠠᠢ︶ ᠢ ᠭᠤᠶᠤᠴᠢᠯᠠᠨ᠎ᠠ᠃ | | ᠠᠰᠠᠭᠤᠯᠲᠠ᠄ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠭᠤᠶᠤᠴᠢᠯᠠᠯ ᠤᠨ | ᠮᠠᠲ᠋ᠧᠷᠢᠶᠠᠯ ᠳᠤ ᠶᠠᠭᠤ ᠶᠠᠭᠤ ᠪᠠᠶᠢᠬᠤ ᠪᠣᠶ︖ | | ᠬᠠᠷᠢᠭᠤᠯᠲᠠ᠄ 1. ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢᠨ ᠠᠵᠢᠯᠲᠠᠨ ᠤ ᠠᠵᠢᠯ ᠡᠷᠢᠬᠦ ᠪᠦᠷᠢᠳᠬᠡᠯ ᠤᠨ ᠬᠦᠰᠦᠨᠦᠭᠲᠦ ︵ᠣᠶᠢᠷ᠎ᠠ ᠶᠢᠨ ᠬᠤᠭᠤᠴᠠᠭᠠᠨ ᠤ ᠬᠡᠷᠡᠯ | ᠵᠢᠷᠤᠭ ᠨᠢᠭᠡ ᠬᠠᠭᠤᠳᠠᠰᠤ︶ 2᠂ ᠠᠵᠢᠯ ᠣᠯᠣᠭᠰᠠᠨ ᠪᠠ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ ᠤᠨ | ᠤᠭ ᠮᠠᠲ᠋ᠧᠷᠢᠶᠠᠯ 3᠂ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠲᠦᠷᠦᠭᠦᠸ ᠨᠢᠭᠤᠷ | ᠵᠢᠴᠢ ᠲᠣᠰ ᠬᠥᠮᠥᠨ ᠤ ᠨᠢᠭᠤᠷ︶ | | ᠠᠰᠠᠭᠤᠯᠲᠠ᠄ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠭᠦᠢᠴᠡᠳᠬᠡᠬᠦ ᠳᠤ ᠶᠠᠮᠠᠷ ᠬᠡᠳᠦᠨ | ᠵᠦᠢᠯ ᠤᠨ ᠠᠷᠭ᠎ᠠ ᠮᠠᠶ᠋ᠢᠭ ᠪᠠᠶᠢᠬᠤ ᠪᠤᠶ︖ | | ᠬᠠᠷᠢᠭᠤᠯᠲᠠ᠄ 1. ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠡᠷᠦᠩᠬᠡᠶᠢᠯᠡᠭᠰᠡᠨ ᠯᠠᠩᠭᠦᠢ ᠶᠢᠨ ᠴᠣᠩᠬᠤᠨ ᠳᠤ ᠬᠦᠷᠴᠦ ᠭᠤᠶᠤᠴᠢᠯᠠᠨ ᠠᠪᠤᠨ᠎ᠠ︔ 2. ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ᠶᠢᠨ ᠴᠠᠬᠢᠮ ᠰᠦᠯᠵᠢᠶ᠎ᠡ +ᠠᠵᠢᠯ ᠶᠠᠪᠤᠳᠠᠯ ᠭᠦᠢᠴᠡᠳᠬᠡᠬᠦ | ᠶᠡᠭᠡ ᠲᠢᠩᠬᠢᠮ ᠤᠨ ᠬᠤᠪᠢ ᠬᠥᠮᠥᠨ ᠤ ᠠᠵᠢᠯ 3. ᠤᠯᠤᠰ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ | ᠲᠠᠪᠴᠠᠩ ᠤᠨ ᠠᠵᠢᠯ ᠠᠯᠳᠠᠭᠰᠠᠳ ᠤᠨ ᠳᠠᠭᠠᠳᠬᠠᠯ ᠤᠨ ᠬᠠᠷᠠᠭᠠᠯᠵᠠᠯ ᠭᠤᠶᠤᠴᠢᠯᠠᠬᠤ ᠲᠤᠰᠬᠠᠢ ᠪᠤᠯᠤᠩ ᠢᠶᠠᠷ | ᠳᠠᠮᠵᠢᠭᠤᠯᠤᠨ ᠭᠤᠶᠤᠴᠢᠯᠠᠨ᠎ᠠ︔ 4. ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠭᠠᠷ ᠤᠲᠠᠰᠤᠨ ᠤ APP ᠪᠠᠷ ᠳᠠᠮᠵᠢᠭᠤᠯᠤᠨ ᠭᠤᠶᠤᠴᠢᠯᠠᠨ ᠠᠪᠤᠨ᠎ᠠ︔ 5. ᠥᠪᠥᠷ | ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠪᠤᠯᠤᠩ | ᠪᠤᠶᠤ ᠡᠯᠧᠺᠲᠷᠣᠨ ᠺᠠᠷᠲ ᠤᠨ ᠪᠣᠭᠴᠣ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠤᠯᠤᠩ ᠢᠶᠠᠷ ᠳᠠᠮᠵᠢᠭᠤᠯᠤᠨ | ᠭᠤᠶᠤᠴᠢᠯᠠᠨ ᠠᠪᠤᠨ᠎ᠠ︔ 6. ᠲᠣᠭᠠᠴᠠᠭ᠎ᠠ ᠡᠷᠳᠡᠨᠢ᠂ ᠸᠢᠴᠠᠲ ᠤᠨ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ | ᠺᠠᠷᠲ ᠤᠨ ᠵᠢᠵᠢᠭ ᠳᠡᠰ ᠳᠠᠷᠠᠭᠠᠯᠠᠯ ᠢᠶᠠᠷ ᠳᠠᠮᠵᠢᠭᠤᠯᠤᠨ ᠭᠤᠶᠤᠴᠢᠯᠠᠨ ᠠᠪᠤᠨ᠎ᠠ᠃ | | ᠠᠰᠠᠭᠤᠯᠲᠠ᠄ ᠠᠵᠢᠯ ᠣᠯᠬᠤ ᠳᠤ ᠬᠦᠴᠢᠷᠲᠡᠢ ᠬᠥᠮᠥᠰ ᠲᠤ ᠠᠮᠢᠳᠤᠯᠢᠭ ᠢᠶᠠᠷ ᠠᠵᠢᠯ ᠣᠯᠭᠤᠬᠤ | ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠨᠢ ᠶᠠᠭᠤ ᠪᠣᠶ︖ | | ᠬᠠᠷᠢᠭᠤᠯᠲᠠ᠄ ᠠᠵᠢᠯ ᠣᠯᠬᠤ ᠳᠤ ᠬᠦᠴᠢᠷᠲᠡᠢ ᠬᠥᠮᠥᠰ ᠤᠨ ᠠᠮᠢᠳᠤᠯᠢᠭ ᠢᠶᠠᠷ ᠠᠵᠢᠯ ᠣᠯᠣᠭᠰᠠᠨ ᠤ | ᠳᠠᠷᠠᠭ᠎ᠠ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠳᠤ ᠵᠣᠬᠢᠬᠤ ᠲᠣᠭᠠᠨ ᠤ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠣᠯᠭᠤᠨ᠎ᠠ᠂ ᠨᠥᠬᠦᠪᠦᠷᠢ ᠣᠯᠭᠤᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠡᠭᠦᠨ ᠤ | ᠪᠣᠳᠠᠲᠠᠢ ᠲᠤᠰᠢᠶᠠᠭᠰᠠᠨ ᠰᠦᠢᠳᠬᠡᠯ ᠤᠨ 2/3 ᠠᠴᠠ ᠬᠡᠲᠦᠷᠡᠭᠦᠯᠵᠦ ᠪᠣᠯᠬᠤ ᠦᠭᠡᠢ᠃ ᠠᠵᠢᠯ ᠣᠯᠬᠤ ᠳᠤ | ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠬᠤᠭᠤᠴᠠᠭ᠎ᠠ ᠶᠢ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 5 ᠵᠢᠯ ᠬᠦᠷᠬᠦ ᠦᠭᠡᠢ ᠠᠵᠢᠯ ᠣᠯᠬᠤ ᠳᠤ | ᠬᠦᠴᠢᠷᠲᠡᠢ ᠬᠥᠮᠥᠰ ᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠠᠴᠠ ᠭᠠᠳᠠᠨ᠎ᠠ᠂ | ᠪᠤᠰᠤᠳ ᠬᠥᠮᠥᠰ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ ︵ᠠᠩᠬ᠎ᠠ ᠤᠳᠠᠭ᠎ᠠ | ᠬᠢᠨᠠᠨ ᠲᠣᠭᠲᠠᠭᠠᠭᠰᠠᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠥᠷᠳᠡᠬᠦ ᠦᠶ᠎ᠡ ᠶᠢᠨ ᠨᠠᠰᠤ ᠪᠠᠷ ᠪᠠᠷᠢᠮᠵᠢᠶ᠎ᠠ | ᠪᠣᠯᠭᠠᠨ᠎ᠠ︶᠃ | | ᠭᠦᠢᠴᠡᠳᠬᠡᠬᠦ ᠶᠠᠪᠤᠴᠠ᠄ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠠᠴᠠ ᠠᠰᠠᠭᠤᠨ ᠯᠠᠪᠯᠠᠵᠤ | ᠭᠦᠢᠴᠡᠳᠬᠡᠵᠦ ᠪᠣᠯᠣᠨ᠎ᠠ | | ᠠᠰᠠᠭᠤᠯᠲᠠ᠄ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠨᠢ ᠶᠠᠭᠤ ᠪᠣᠶ︖ | | ᠬᠠᠷᠢᠭᠤᠯᠲᠠ᠄ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠰᠠᠨ ᠦᠭᠡᠢ | ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠮᠢᠳᠤᠯᠢᠭ ᠢᠶᠠᠷ ᠠᠵᠢᠯ ᠣᠯᠣᠭᠰᠠᠨ ᠤ ᠳᠠᠷᠠᠭ᠎ᠠ | ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠬᠡᠯ ᠳᠤ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠣᠯᠭᠤᠨ᠎ᠠ᠂ ᠨᠥᠬᠦᠪᠦᠷᠢ ᠣᠯᠭᠤᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠡᠭᠦᠨ ᠤ ᠪᠣᠳᠠᠲᠠᠢ | ᠲᠤᠰᠢᠶᠠᠭᠰᠠᠨ ᠵᠠᠷᠤᠳᠠᠯ ᠤᠨ 2/3 ᠠᠴᠠ ᠬᠡᠲᠦᠷᠡᠭᠦᠯᠵᠦ ᠪᠣᠯᠬᠤ ᠦᠭᠡᠢ᠂ ᠨᠥᠬᠦᠪᠦᠷᠢ ᠣᠯᠭᠤᠬᠤ ᠬᠤᠭᠤᠴᠠᠭ᠎ᠠ ᠶᠢ | ᠬᠠᠮᠤᠭ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠃ | | ᠭᠦᠢᠴᠡᠳᠬᠡᠬᠦ ᠶᠠᠪᠤᠴᠠ᠄ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠠᠴᠠ ᠠᠰᠠᠭᠤᠨ ᠯᠠᠪᠯᠠᠵᠤ | ᠭᠦᠢᠴᠡᠳᠬᠡᠵᠦ ᠪᠣᠯᠣᠨ᠎ᠠ | | ᠠᠰᠠᠭᠤᠯᠲᠠ᠄ ᠠᠵᠤ ᠠᠬᠤᠶᠢᠯᠠᠯ ᠠᠵᠢᠯ ᠣᠯᠬᠤ ᠳᠤ ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠶᠢ ᠰᠢᠩᠭᠡᠬᠡᠨ ᠠᠪᠬᠤ ᠳᠤ ᠶᠠᠭᠤ ᠪᠠᠶᠢᠳᠠᠭ ᠪᠣᠶ︖ | | ᠬᠠᠷᠢᠭᠤᠯᠲᠠ᠄ ᠲᠥᠷᠥ ᠶᠢᠨ ᠪᠣᠳᠣᠯᠭ᠎ᠠ᠄ ᠠᠵᠢᠯ ᠣᠯᠬᠤ ᠳᠤ ᠬᠦᠴᠢᠷᠲᠡᠢ ᠬᠥᠮᠥᠰ ᠢ ᠡᠯᠰᠡᠨ ᠬᠡᠷᠡᠭᠯᠡᠬᠦ ᠶᠢᠨ | ᠬᠠᠮᠲᠤ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠨᠢᠭᠡᠴᠢ ᠳᠤ᠂ ᠲᠡᠭᠦᠨ ᠤ ᠠᠵᠢᠯ ᠣᠯᠬᠤ ᠳᠤ | ᠬᠦᠴᠢᠷᠲᠡᠢ ᠬᠥᠮᠥᠰ ᠤᠨ ᠪᠣᠳᠠᠲᠠᠢ ᠲᠤᠰᠢᠶᠠᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠪᠠ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ | ᠶᠣᠰᠣᠭᠠᠷ ᠨᠥᠬᠦᠪᠦᠷᠢ ᠣᠯᠭᠤᠨ᠎ᠠ᠂ ᠡᠭᠦᠨ ᠳᠤ ᠠᠵᠢᠯ ᠣᠯᠬᠤ ᠳᠤ ᠬᠦᠴᠢᠷᠲᠡᠢ ᠬᠥᠮᠥᠰ ᠤᠨ ᠬᠤᠪᠢ ᠬᠥᠮᠥᠨ ᠤ | ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠢ᠃ | | ᠭᠦᠢᠴᠡᠳᠬᠡᠬᠦ ᠶᠠᠪᠤᠴᠠ᠄ ᠲᠤᠬᠠᠢ ᠶᠢᠨ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠠᠴᠠ ᠠᠰᠠᠭᠤᠨ | ᠯᠠᠪᠯᠠᠵᠤ ᠰᠢᠢᠳᠪᠦᠷᠢᠯᠡᠵᠦ ᠪᠣᠯᠣᠨ᠎ᠠ | | ᠠᠰᠠᠭᠤᠯᠲᠠ᠄ ᠠᠵᠤ ᠠᠬᠤᠶᠢᠯᠠᠯ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠶᠢ ᠰᠢᠩᠭᠡᠬᠡᠨ ᠠᠪᠬᠤ ᠳᠤ ᠶᠠᠭᠤ ᠪᠠᠶᠢᠳᠠᠭ ᠪᠣᠶ︖ | | ᠬᠠᠷᠢᠭᠤᠯᠲᠠ᠄ ᠲᠥᠷᠥ ᠶᠢᠨ ᠪᠣᠳᠣᠯᠭ᠎ᠠ᠄ ᠰᠤᠷᠭᠠᠭᠤᠯᠢ ᠲᠡᠭᠦᠰᠦᠭᠰᠡᠨ ᠣᠨ ᠪᠠ ᠰᠤᠷᠭᠠᠭᠤᠯᠢ ᠠᠴᠠ ᠪᠠᠨ | ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠵᠦ᠂ | ᠲᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠲᠡᠭᠦᠨ ᠳᠤ ᠨᠡᠶᠢᠭᠡᠮ ᠤᠨ | ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠭᠰᠡᠨ ᠵᠢᠵᠢᠭ ᠪᠢᠴᠢᠯ ᠠᠵᠤ ᠠᠬᠤᠶᠢᠯᠠᠯ ᠳᠤ ᠬᠠᠮᠤᠭ ᠤᠨ | ᠣᠷᠳᠣ ᠳᠠᠭᠠᠨ 1 ᠵᠢᠯ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠂ ᠡᠭᠦᠨ ᠳᠤ ᠳᠡᠭᠡᠳᠦ | ᠰᠤᠷᠭᠠᠭᠤᠯᠢ ᠲᠡᠭᠦᠰᠦᠭᠰᠡᠳ ᠤᠨ ᠬᠤᠪᠢ ᠬᠥᠮᠥᠨ ᠤ ᠲᠤᠰᠢᠶᠠᠬᠤ ᠶᠣᠰᠣᠲᠠᠢ ᠬᠡᠰᠡᠭ ᠢ ᠪᠠᠭᠲᠠᠭᠠᠬᠤ ᠦᠭᠡᠢ᠃ | | ᠭᠦᠢᠴᠡᠳᠬᠡᠬᠦ ᠶᠠᠪᠤᠴᠠ᠄ ᠲᠤᠬᠠᠢ ᠶᠢᠨ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠠᠴᠠ ᠠᠰᠠᠭᠤᠨ | ᠯᠠᠪᠯᠠᠵᠤ ᠰᠢᠢᠳᠪᠦᠷᠢᠯᠡᠵᠦ ᠪᠣᠯᠣᠨ᠎ᠠ | | |