﹇ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ﹈ | | | | 2023 ᠣᠨ ᠤ 11ᠳ᠋ᠦ᠋ᠭᠡᠷ ᠰᠠᠷ᠎ᠠ ᠶᠢᠨ 22 ᠤᠨ ᠡᠳᠦᠷ᠂ ᠠᠯᠠᠱᠠ ᠵᠡᠭᠦᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠩᠰᠢᠶᠠ ᠶᠢᠨ ᠬᠡᠮᠵᠢᠯᠲᠡ ᠶᠢᠨ ᠴᠢᠨᠠᠷ ᠴᠢᠨᠰᠠᠭ᠎ᠠ ᠶᠢ | ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠳᠤ ᠨᠠᠶᠢᠳᠠᠵᠤ᠂ ᠲᠣᠰ ᠲᠣᠰ ᠠᠯᠠᠱᠠ ᠵᠡᠭᠦᠨ ᠬᠤᠰᠢᠭᠤᠨ ᠤ | ᠬᠡᠳᠦᠨ ᠠᠮᠤ ᠲᠣᠰᠣᠨ ᠤ ᠳᠡᠯᠭᠡᠭᠦᠷ ᠵᠢᠴᠢ ᠠᠮᠤ ᠲᠣᠰᠣᠨ ᠤ ᠠᠷᠠᠯᠵᠢᠶᠠᠨ ᠤ ᠺᠣᠮᠫᠠᠨᠢ ᠶᠢᠨ ᠪᠣᠷᠣᠯᠠᠭᠤᠯᠵᠤ᠂ | ᠦᠢᠯᠡᠳᠪᠦᠷᠢᠯᠡᠭᠰᠡᠨ ᠲᠤᠲᠤᠷᠭ᠎ᠠ ᠪᠣᠯᠣᠨ ᠭᠤᠯᠢᠷ ᠲᠤ ᠲᠣᠭᠲᠠᠭᠰᠠᠨ ᠬᠡᠮᠵᠢᠶ᠎ᠡ ᠲᠠᠢ ᠪᠣᠭᠤᠳᠠᠯ ᠤᠨ ᠥᠯᠢᠭᠡᠷ ᠠᠪᠴᠤ | ᠰᠢᠯᠭᠠᠨ ᠪᠠᠶᠢᠴᠠᠭᠠᠯᠲᠠ ᠬᠢᠪᠡ᠃ 2023 ᠣᠨ ᠤ 12 ᠳ᠋ᠤᠭᠠᠷ ᠰᠠᠷ᠎ᠠ ᠶᠢᠨ 4 ᠤ ᠡᠳᠦᠷ᠂ ᠨᠢᠩᠰᠢᠶᠠ ᠶᠢᠨ | ᠬᠡᠮᠵᠢᠯᠲᠡ ᠶᠢᠨ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠭᠠᠷᠭᠠᠭᠰᠠᠨ ᠰᠢᠯᠭᠠᠨ | ᠪᠠᠶᠢᠴᠠᠭᠠᠯᠲᠠ ᠶᠢᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠳᠡᠭᠡᠷ᠎ᠡ ᠳᠤᠷᠠᠳᠤᠭᠰᠠᠨ ᠰᠤᠭᠤᠯᠤᠨ | ᠪᠠᠶᠢᠴᠠᠭᠠᠭᠳᠠᠭᠰᠠᠨ ᠲᠤᠲᠤᠷᠭ᠎ᠠ ᠪᠠ ᠭᠤᠯᠢᠷ ᠲᠤ ︽ᠴᠡᠪᠡᠷ ᠠᠭᠤᠯᠤᠭᠳᠠᠴᠠ ᠶᠢᠨ ᠲᠣᠳᠣᠷᠬᠠᠶᠢᠯᠠᠯᠲᠠ ᠪᠠ ᠴᠡᠪᠡᠷ | ᠠᠭᠤᠯᠤᠭᠳᠠᠴᠠ ᠨᠢ ᠴᠥᠮ ᠬᠢᠷᠢ ᠲᠡᠩᠴᠡᠭᠰᠡᠨ ᠦᠭᠡᠢ︾ ᠪᠤᠶᠤ ︽ᠴᠡᠪᠡᠷ ᠠᠭᠤᠯᠤᠭᠳᠠᠴᠠ ᠶᠢᠨ ᠲᠣᠳᠣᠷᠬᠠᠶᠢᠯᠠᠯᠲᠠ | ᠨᠢ ᠬᠢᠷᠢ ᠲᠡᠩᠴᠡᠭᠰᠡᠨ ᠦᠭᠡᠢ᠂ ᠴᠡᠪᠡᠷ ᠠᠭᠤᠯᠤᠭᠳᠠᠴᠠ ᠨᠢ ᠴᠥᠮ ᠬᠢᠷᠢ ᠲᠡᠩᠴᠡᠭᠰᠡᠨ ᠦᠭᠡᠢ︾ ᠠᠰᠠᠭᠤᠳᠠᠯ | ᠣᠷᠣᠰᠢᠵᠤ ᠪᠠᠶᠢᠨ᠎ᠠ᠃ | | 【ᠬᠡᠷᠡᠭ ᠤᠨ ᠰᠢᠨᠵᠢ ᠴᠢᠨᠠᠷ】 | | ᠲᠤᠬᠠᠢ ᠶᠢᠨ ᠬᠥᠮᠥᠨ ᠤ ᠠᠵᠢᠯᠯᠠᠭ᠎ᠠ ᠨᠢ ︽ᠬᠡᠮᠵᠢᠶ᠎ᠡ ᠲᠠᠢ ᠪᠠᠷ ᠪᠣᠭᠤᠳᠠᠯᠯᠠᠭᠰᠠᠨ ᠲᠠᠸᠠᠷ ᠤᠨ ᠬᠡᠮᠵᠢᠯᠲᠡ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠵᠢᠷᠭᠤᠳᠤᠭᠠᠷ ᠵᠦᠢᠯ ᠤᠨ ︽ᠬᠡᠮᠵᠢᠶ᠎ᠡ ᠲᠠᠢ ᠪᠠᠷ ᠪᠣᠭᠤᠳᠠᠯᠯᠠᠭᠰᠠᠨ | ᠲᠠᠸᠠᠷ ᠤᠨ ᠴᠡᠪᠡᠷ ᠠᠭᠤᠯᠤᠭᠳᠠᠴᠠ ᠶᠢᠨ ᠵᠡᠭᠦᠯᠲᠡ ᠬᠠᠲᠠᠭᠰᠠᠨ ᠦᠰᠦᠭ ᠲᠡᠮᠳᠡᠭ ᠤᠨ ᠬᠠᠮᠤᠭ ᠤᠨ ᠪᠠᠭ᠎ᠠ | ᠥᠨᠳᠥᠷ ᠤᠨ ᠬᠡᠮᠵᠢᠶ᠎ᠡ ᠨᠢ ᠲᠤᠰ ᠠᠷᠭ᠎ᠠ ᠶᠢᠨ ᠬᠠᠪᠰᠤᠷᠤᠯᠲᠠ 2 ᠤᠨ ᠲᠣᠭᠲᠠᠭᠠᠯ ᠳᠤ ᠨᠡᠶᠢᠴᠡᠭᠰᠡᠨ ᠪᠠᠶᠢᠬᠤ | ᠬᠡᠷᠡᠭᠲᠡᠢ᠃︾ ᠪᠣᠯᠣᠨ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ᠄ ︽ᠪᠥᠭᠡᠮ ᠢᠶᠠᠷ ᠬᠡᠮᠵᠢᠶ᠎ᠡ ᠲᠠᠢ ᠪᠠᠷ | ᠪᠣᠭᠤᠳᠠᠯᠯᠠᠭᠰᠠᠨ ᠲᠠᠸᠠᠷ ᠤᠨ ᠪᠣᠳᠠᠲᠠᠢ ᠠᠭᠤᠯᠤᠭᠳᠠᠴᠠ ᠨᠢ ᠲᠡᠭᠦᠨ ᠤ ᠲᠣᠳᠣᠷᠬᠠᠶᠢᠯᠠᠭᠰᠠᠨ ᠴᠡᠪᠡᠷ | ᠠᠭᠤᠯᠤᠭᠳᠠᠴᠠ ᠠᠴᠠ ᠶᠡᠭᠡ ᠪᠤᠶᠤ ᠲᠡᠭᠦᠨ ᠲᠠᠢ ᠲᠡᠩᠴᠡᠭᠦᠦ ᠪᠠᠶᠢᠬᠤ ᠬᠡᠷᠡᠭᠲᠡᠢ᠃︾ ᠲᠣᠭᠲᠠᠭᠠᠯ ᠳᠤ᠂ ᠨᠢᠭᠡᠨᠲᠡ | ᠴᠡᠪᠡᠷ ᠠᠭᠤᠯᠤᠭᠳᠠᠴᠠ ᠶᠢᠨ ᠬᠡᠮᠵᠢᠶ᠎ᠡ ᠪᠠ ᠪᠣᠳᠠᠲᠠᠢ ᠴᠡᠪᠡᠷ ᠠᠭᠤᠯᠤᠭᠳᠠᠴᠠ ᠶᠢᠨ ᠬᠡᠮᠵᠢᠶ᠎ᠡ ᠨᠢ ᠲᠣᠭᠲᠠᠭᠰᠠᠨ | ᠬᠡᠮᠵᠢᠶ᠎ᠡ ᠪᠠᠷ ᠪᠣᠭᠤᠳᠠᠯᠯᠠᠭᠰᠠᠨ ᠲᠠᠸᠠᠷ ᠲᠤ ᠬᠦᠷᠬᠦ ᠦᠭᠡᠢ ᠪᠠᠶᠢᠬᠤ ᠶᠢ ᠵᠥᠪ ᠣᠨᠣᠪᠴᠢᠲᠠᠶ ᠲᠣᠳᠣᠷᠬᠠᠶᠢᠯᠠᠭᠰᠠᠨ | ᠦᠭᠡᠢ ᠦᠢᠯᠡᠳᠪᠦᠷᠢᠯᠡᠵᠦ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠷᠢᠯᠳᠦᠭᠦᠯᠦᠭᠰᠡᠨ | ᠪᠠᠶᠢᠨ᠎ᠠ᠃ | | 【ᠰᠢᠢᠳᠬᠡᠯ ᠤᠨ ᠦᠨᠳᠦᠰᠦ ᠪᠠᠷᠢᠮᠲᠠ ᠵᠢᠴᠢ ᠰᠢᠢᠳᠪᠦᠷᠢᠯᠡᠭᠰᠡᠨ ᠦᠷ᠎ᠡ ᠳ᠋ᠦᠩ】 | | ︽ᠬᠡᠮᠵᠢᠶ᠎ᠡ ᠲᠠᠢ ᠪᠠᠷ ᠪᠣᠭᠤᠳᠠᠯᠯᠠᠭᠰᠠᠨ ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ | ᠶᠢᠨ ᠠᠷᠪᠠᠨ ᠳᠣᠯᠣᠳᠤᠭᠠᠷ ᠵᠦᠢᠯ ᠤᠨ ︽ᠬᠡᠮᠵᠢᠶᠡᠯᠡᠨ ᠪᠣᠭᠤᠳᠠᠯᠯᠠᠭᠰᠠᠨ ᠲᠠᠸᠠᠷ ᠢ ᠦᠢᠯᠡᠳᠪᠦᠷᠢᠯᠡᠵᠦ᠂ | ᠪᠣᠷᠣᠯᠠᠭᠤᠯᠬᠤ ᠳᠠᠭᠠᠨ ᠲᠤᠰ ᠠᠷᠭ᠎ᠠ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠣᠳᠤᠭᠠᠷ ᠵᠦᠢᠯ ᠤᠨ | ᠲᠣᠭᠲᠠᠭᠠᠯ ᠠᠴᠠ ᠵᠥᠷᠢᠴᠡᠵᠦ᠂ ᠴᠡᠪᠡᠷ ᠠᠭᠤᠯᠤᠭᠳᠠᠴᠠ ᠶᠢ ᠵᠥᠪ ᠣᠨᠣᠪᠴᠢᠲᠠᠶ᠂ ᠲᠣᠳᠣᠷᠬᠠᠢ ᠲᠣᠳᠣᠷᠬᠠᠶᠢᠯᠠᠭᠰᠠᠨ | ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠴᠡᠪᠡᠷ ᠠᠭᠤᠯᠤᠭᠳᠠᠴᠠ ᠶᠢ | ᠲᠣᠳᠣᠷᠬᠠᠶᠢᠯᠠᠭᠰᠠᠨ ᠦᠭᠡᠢ ᠪᠠᠶᠢᠪᠠᠯ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠭᠤᠷᠪᠠᠨ ᠲᠦᠮᠡᠨ | ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃︾ ᠠᠷᠪᠠᠨ ᠨᠠᠢᠮᠠᠳᠤᠭᠠᠷ ᠵᠦᠢᠯ᠄ | ︽ᠦᠢᠯᠡᠳᠪᠦᠷᠢᠯᠡᠵᠦ ᠪᠣᠷᠣᠯᠠᠭᠤᠯᠤᠭᠰᠠᠨ ᠬᠡᠮᠵᠢᠶ᠎ᠡ ᠲᠠᠢ ᠪᠣᠭᠤᠳᠠᠯᠯᠠᠭᠰᠠᠨ ᠲᠠᠸᠠᠷ ᠢ ᠰᠢᠯᠭᠠᠨ ᠪᠠᠶᠢᠴᠠᠭᠠᠭᠠᠳ ᠲᠤᠰ | ᠠᠷᠭ᠎ᠠ ᠶᠢᠨ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠃︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠢᠳᠬᠡᠯ ᠤᠨ ᠬᠠᠤᠯᠢ︾ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ ︽ | ᠲᠤᠬᠠᠢ ᠶᠢᠨ ᠬᠥᠮᠥᠨ ᠨᠢ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠲᠠᠢ ᠪᠠᠶᠢᠪᠠᠯ᠂ ᠬᠠᠤᠯᠢ ᠶᠣᠰᠣᠭᠠᠷ | ᠪᠤᠴᠠᠭᠠᠵᠤ ᠲᠥᠯᠥᠭᠦᠯᠬᠦ ᠶᠣᠰᠣᠲᠠᠢ ᠠᠴᠠ ᠪᠤᠰᠤᠳ ᠢ ᠨᠢ ᠬᠤᠷᠢᠶᠠᠨ ᠠᠪᠬᠤ ᠬᠡᠷᠡᠭᠲᠡᠢ᠃ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠭᠡᠳᠡᠭ ᠨᠢ ᠬᠠᠤᠯᠢ ᠶᠢ ᠵᠥᠷᠢᠴᠡᠵᠦ ᠣᠯᠣᠭᠰᠠᠨ ᠦᠢᠯᠡ ᠠᠵᠢᠯᠯᠠᠭ᠎ᠠ ᠬᠢᠭᠡᠳ | ᠣᠯᠣᠭᠰᠠᠨ ᠵᠣᠭᠤᠰ ᠤᠨ ᠵᠦᠢᠯ ᠢ ᠵᠢᠭᠠᠵᠤ ᠪᠠᠶᠢᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠪᠤᠳᠤᠬᠤ | ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃︾ ᠡᠭᠦᠨ ᠳᠤ᠂ ᠶᠡᠷᠦᠩᠬᠡᠶᠢᠯᠡᠨ | ᠪᠣᠳᠣᠯᠬᠢᠯᠠᠭᠰᠠᠨ ᠤ ᠳᠠᠷᠠᠭ᠎ᠠ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠢ ᠬᠥᠩᠭᠡᠨ ᠢᠶᠠᠷ ᠰᠢᠢᠳᠬᠡᠨ᠎ᠡ | ᠭᠡᠵᠦ ᠲᠣᠭᠲᠠᠭᠠᠵᠠᠢ᠃ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ | ᠨᠢ ᠵᠠᠯᠠᠷᠠᠭᠤᠯᠤᠭᠤᠯᠬᠤ ᠶᠢᠨ ᠬᠠᠮᠲᠤ ᠲᠤᠬᠠᠢ ᠶᠢᠨ ᠬᠥᠮᠥᠨ ᠳᠤ ᠬᠠᠤᠯᠢ ᠶᠢ ᠵᠥᠷᠢᠴᠡᠵᠦ ᠣᠯᠤᠭᠰᠠᠨ ᠠᠰᠢᠭ | ᠣᠯᠵᠠᠪᠤᠷᠢ ᠪᠠ ᠵᠣᠭᠤᠰ ᠢᠶᠠᠷ ᠲᠣᠷᠭᠤᠬᠤ ᠵᠠᠰᠠᠭ ᠵᠠᠬᠢᠷᠭᠠᠨ ᠤ ᠰᠢᠢᠳᠬᠡᠯ ᠣᠯᠭᠤᠬᠤ ᠪᠠᠷ ᠲᠣᠭᠲᠠᠪᠠ᠃ | | 【ᠲᠥᠷᠥ ᠶᠢᠨ ᠪᠣᠳᠣᠯᠭ᠎ᠠ ᠶᠢᠨ ᠲᠠᠶᠢᠯᠤᠮᠵᠢ】 | | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠬᠤᠪᠢᠷᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠶᠡᠷᠦᠩᠬᠡᠢ ᠪᠠᠶᠢᠷᠢᠯᠠᠭᠤᠯᠤᠯᠲᠠ ᠶᠢ ᠡᠷᠴᠢᠮᠲᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠡᠮᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠥᠪᠡᠰᠦᠪᠡᠨ | ᠢᠯᠡᠷᠬᠡᠶᠢᠯᠡᠬᠦ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ︽ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠤᠨ | ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 70 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠳᠤ ᠵᠠᠰᠠᠪᠤᠷᠢ ᠣᠷᠣᠭᠤᠯᠤᠨ ᠨᠡᠶᠢᠲᠡᠯᠡᠪᠡ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ | ᠲᠤᠬᠠᠢ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠵᠤ ᠪᠠᠶᠢᠨ᠎ᠠ᠄ | | ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠨᠢ ᠶᠠᠭᠤ ᠪᠣᠶ︖ | | ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠯᠠᠨ ᠤ ᠠᠮᠢᠳᠤᠷᠠᠯ ᠤᠨ ᠲᠦᠪᠰᠢᠨ ᠤ | ᠳᠡᠭᠡᠭᠰᠢᠯᠡᠬᠦ ᠶᠢ ᠳᠠᠭᠠᠯᠳᠤᠨ᠂ ᠬᠡᠮᠵᠢᠶ᠎ᠡ ᠲᠠᠢ ᠪᠠᠷ ᠪᠣᠭᠤᠳᠠᠯᠯᠠᠬᠤ ᠲᠠᠸᠠᠷ ᠨᠢ ᠤᠯᠠᠮ ᠠᠴᠠ ᠤᠯᠠᠮ ᠬᠥᠮᠥᠰ ᠤᠨ | ᠡᠳᠦᠷ ᠲᠤᠳᠤᠮ ᠤᠨ ᠠᠮᠢᠳᠤᠷᠠᠯ ᠳᠤ ᠳᠤᠲᠠᠭᠳᠠᠵᠤ ᠪᠣᠯᠣᠰᠢ ᠦᠭᠡᠢ ᠲᠠᠸᠠᠷ ᠪᠣᠯᠵᠤ᠂ ᠬᠡᠮᠵᠢᠶ᠎ᠡ ᠲᠠᠢ ᠪᠠᠷ | ᠪᠣᠭᠤᠳᠠᠯᠯᠠᠬᠤ ᠲᠠᠸᠠᠷ ᠤᠨ ᠴᠡᠪᠡᠷ ᠠᠭᠤᠯᠤᠭᠳᠠᠴᠠ ᠶᠢᠨ ᠣᠨᠣᠪᠴᠢᠲᠠᠶ ᠪᠠᠶᠢᠬᠤ ᠡᠰᠡᠬᠦ ᠨᠢ ᠠᠷᠠᠳ ᠤᠯᠠᠨ ᠲᠠᠢ | ᠰᠢᠭᠤᠳ ᠬᠤᠯᠪᠣᠭᠳᠠᠵᠤ ᠪᠠᠶᠢᠭ᠎ᠠ ᠶᠤᠮ᠃ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠ᠊ᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠮᠵᠢᠯᠠᠨ ᠲᠠᠷᠬᠠᠭᠠᠭᠰᠠᠨ ︽ᠬᠡᠮᠵᠢᠶᠡᠯᠡᠨ ᠪᠣᠭᠤᠳᠠᠯᠯᠠᠬᠤ | ᠲᠠᠸᠠᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ | | |