| ᠠᠰᠠᠭᠤᠯᠲᠠ᠄ ᠰᠣᠶᠣᠯ ᠵᠢᠭᠤᠯᠴᠢᠯᠠᠯ ᠤᠨ ᠶᠡᠭᠡ ᠲᠢᠩᠬᠢᠮ ᠴᠣᠩᠬᠤᠪᠴᠢ ᠳᠤ ᠶᠠᠮᠠᠷ ᠶᠠᠮᠠᠷ ᠲᠤᠬᠠᠶᠢᠯᠠᠭᠰᠠᠨ | ᠠᠵᠢᠯ ᠢ ᠭᠦᠢᠴᠡᠳᠬᠡᠵᠦ ᠪᠣᠯᠬᠤ ᠪᠣᠶ︖ | ᠬᠠᠷᠢᠭᠤᠯᠲᠠ᠄ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠪᠠᠶᠢᠭᠤᠯᠬᠤ ᠬᠤᠪᠢᠷᠠᠭᠤᠯᠤᠯᠲᠠ ᠶᠢ | ᠦᠷᠭᠦᠯᠵᠢᠯᠡᠭᠦᠯᠬᠦ᠂ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ | ᠲᠠᠯᠠᠪᠤᠷ ᠭᠠᠵᠠᠷ ᠢ ᠪᠠᠶᠢᠭᠤᠯᠬᠤ ᠬᠤᠪᠢᠷᠠᠭᠤᠯᠤᠯᠲᠠ ᠶᠢ ᠦᠷᠭᠦᠯᠵᠢᠯᠡᠭᠦᠯᠬᠦ᠂ ᠤᠷᠠᠨ ᠰᠠᠶᠢᠬᠠᠨ ᠤ ᠲᠣᠭᠯᠠᠯᠲᠠ ᠶᠢᠨ | ᠪᠦᠯᠬᠦᠮ ᠪᠠᠶᠢᠭᠤᠯᠬᠤ ᠬᠤᠪᠢᠷᠠᠭᠤᠯᠤᠯᠲᠠ ᠶᠢ ᠦᠷᠭᠦᠯᠵᠢᠯᠡᠭᠦᠯᠬᠦ᠂ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢ | ᠬᠢᠨᠠᠨ ᠵᠥᠪᠰᠢᠶᠡᠷᠡᠬᠦ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠦᠢᠯᠡᠴᠢᠯᠡᠭᠡᠨ ᠤ ᠭᠠᠵᠠᠷ ᠢ ᠳᠠᠩᠰᠠᠯᠠᠬᠤ᠂ | ᠵᠦᠴᠦᠭᠡ ᠶᠢᠨ ᠳᠡᠪᠲᠡᠷ ᠤᠨ ᠵᠤᠭ᠎ᠠ ᠴᠡᠩᠭᠡᠯ ᠤᠨ ᠡᠵᠡᠩᠨᠡᠯᠲᠡ ᠶᠢᠨ ᠲᠠᠯᠠᠪᠤᠷ ᠭᠠᠵᠠᠷ ᠢ ᠳᠠᠩᠰᠠᠯᠠᠬᠤ᠃ | ᠠᠰᠠᠭᠤᠯᠲᠠ᠄ ᠠᠯᠢ ᠠᠯᠢ ᠨᠢ ᠰᠣᠶᠣᠯ ᠵᠢᠭᠤᠯᠴᠢᠯᠠᠯ ᠤᠨ ᠴᠣᠩᠬᠤᠪᠴᠢ ᠳᠤ ᠲᠣᠭᠠᠴᠠᠭᠳᠠᠬᠤ ᠥᠨᠳᠥᠷ | ᠳᠠᠪᠲᠠᠮᠵᠢᠲᠤ ᠵᠦᠢᠯᠡᠰ ᠪᠣᠯᠬᠤ ᠪᠤᠢ︖ | ᠬᠠᠷᠢᠭᠤᠯᠲᠠ᠄ ᠵᠤᠭ᠎ᠠ ᠴᠡᠩᠭᠡᠯ ᠤᠨ ᠭᠠᠵᠠᠷ ᠢ ᠪᠠᠶᠢᠭᠤᠯᠬᠤ᠂ ᠦᠷᠭᠦᠯᠵᠢᠯᠡᠭᠦᠯᠬᠦ᠂ ᠢᠨᠲ᠋ᠧᠷ ᠰᠦᠯᠵᠢᠶᠡᠨ ᠤ | ᠰᠦᠯᠵᠢᠶᠡᠨ ᠳᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠭᠠᠵᠠᠷ ᠢ ᠪᠠᠶᠢᠭᠤᠯᠬᠤ᠂ ᠡᠵᠡᠩᠨᠡᠯᠲᠡ ᠶᠢᠨ ᠴᠢᠨᠠᠷᠲᠠᠢ | ᠲᠣᠭᠯᠠᠯᠲᠠ ᠭᠠᠷᠭᠠᠬᠤ ᠶᠢ ᠬᠢᠨᠠᠨ ᠵᠥᠪᠰᠢᠶᠡᠷᠡᠬᠦ᠃ | ᠠᠰᠠᠭᠤᠯᠲᠠ᠄ ᠵᠤᠭ᠎ᠠ ᠴᠡᠩᠭᠡᠯ ᠤᠨ ᠭᠠᠵᠠᠷ ᠢ ᠪᠠᠶᠢᠭᠤᠯᠬᠤ ᠳᠤ ᠶᠠᠮᠠᠷ ᠶᠠᠮᠠᠷ ᠠᠩᠬᠠᠷᠬᠤ ᠴᠢᠬᠤᠯᠠᠲᠠᠢ ᠵᠦᠢᠯᠡᠰ | ᠪᠠᠶᠢᠬᠤ ᠪᠣᠶ︖ | ᠬᠠᠷᠢᠭᠤᠯᠲᠠ᠄ ᠡᠩ ᠲᠡᠷᠢᠭᠦᠨ ᠳᠤ ᠡᠵᠡᠩᠨᠡᠯᠲᠡ ᠶᠢᠨ ᠲᠠᠯᠠᠪᠤᠷ ᠭᠠᠵᠠᠷ ᠢ ᠬᠠᠶᠢᠨ ᠰᠢᠯᠭᠠᠬᠤ ᠪᠠᠷ | ᠭᠤᠶᠤᠴᠢᠯᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠢ ᠬᠠᠶᠢᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠭᠦᠢᠴᠡᠳᠬᠡᠬᠦ ᠬᠤᠯᠪᠣᠭᠳᠠᠬᠤ ᠮᠠᠲ᠋ᠧᠷᠢᠶᠠᠯ ᠢᠶᠠᠨ | ᠲᠤᠰᠢᠶᠠᠵᠤ ᠪᠣᠯᠣᠨ᠎ᠠ᠂ ᠬᠡᠷᠡᠭ ᠦᠭᠡᠢ ᠬᠤᠬᠢᠷᠠᠯ ᠢ ᠪᠠᠭᠠᠰᠬᠠᠬᠤ ᠵᠣᠷᠢᠯᠭ᠎ᠠ ᠪᠠᠷ᠂ ᠣᠯᠠᠨ ᠢᠶᠠᠷ ᠢᠶᠠᠨ ᠭᠡᠷ | ᠲᠦᠷᠢᠶᠡᠰᠦᠯᠡᠬᠦ ᠠᠴᠠ ᠡᠮᠦᠨ᠎ᠡ ᠡᠵᠡᠩᠨᠡᠯᠲᠡ ᠶᠢᠨ ᠲᠠᠯᠠᠪᠤᠷ ᠭᠠᠵᠠᠷ ᠢ ᠬᠠᠶᠢᠨ ᠰᠢᠯᠭᠠᠬᠤ ᠪᠠᠷ ᠪᠢᠳᠡᠨ ᠳᠤ | ᠭᠤᠶᠤᠴᠢᠯᠠᠬᠤ ᠶᠢ ᠰᠠᠨᠠᠭᠤᠯᠵᠤ ᠪᠠᠶᠢᠨ᠎ᠠ᠃ | ᠠᠰᠠᠭᠤᠯᠲᠠ᠄ ᠵᠤᠭ᠎ᠠ ᠴᠡᠩᠭᠡᠯ ᠤᠨ ᠭᠠᠵᠠᠷ ᠢ ᠪᠠᠶᠢᠭᠤᠯᠬᠤ ᠳᠤ ᠭᠠᠵᠠᠷ ᠣᠷᠣᠨ ᠤ ᠲᠠᠯ᠎ᠠ ᠪᠠᠷ ᠶᠠᠮᠠᠷ ᠶᠠᠮᠠᠷ | ᠨᠥᠬᠦᠴᠡᠯ ᠲᠠᠢ ᠪᠠᠶᠢᠳᠠᠭ ᠪᠣᠢ︖ | ᠬᠠᠷᠢᠭᠤᠯᠲᠠ᠄ ᠵᠤᠭ᠎ᠠ ᠴᠡᠩᠭᠡᠯ ᠤᠨ ᠭᠠᠵᠠᠷ ᠢ ᠳᠣᠣᠷᠠᠬᠢ ᠲᠠᠪᠤᠨ ᠵᠦᠢᠯ ᠤᠨ ᠪᠠᠶᠢᠳᠠᠯ ᠲᠠᠢ ᠭᠠᠵᠠᠷ ᠲᠤ | ᠪᠠᠶᠢᠭᠤᠯᠵᠤ ᠪᠣᠯᠬᠤ ᠦᠭᠡᠢ᠄ | ︵ᠨᠢᠭᠡ︶ ᠰᠠᠭᠤᠭᠠᠯᠢ ᠠᠷᠠᠳ ᠤᠨ ᠠᠰᠠᠷ᠂ ᠮᠦᠽᠧᠢ᠂ ᠨᠣᠮ ᠤᠨ ᠰᠠᠩ ᠪᠠ ᠲᠡᠦᠬᠡ ᠶᠢᠨ ᠳᠤᠷᠠᠰᠬᠠᠯᠲᠤ | ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠪᠠᠷ ᠬᠢᠨᠠᠨ ᠲᠣᠭᠲᠠᠭᠠᠭᠳᠠᠭᠰᠠᠨ ᠪᠠᠷᠢᠯᠭ᠎ᠠ ᠶᠢᠨ ᠳᠣᠲᠣᠷ᠎ᠠ ᠪᠠᠶᠢᠬᠤ︔ | ︵ᠬᠤᠶᠠᠷ︶ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ | ᠪᠠᠶᠢᠭᠤᠯᠭ᠎ᠠ ᠶᠢᠨ ᠡᠷᠬᠢᠨ ᠲᠣᠭᠤᠷᠢᠨ︔ ︵ᠭᠤᠷᠪᠠ︶ ᠲᠡᠷᠭᠡᠨ ᠦᠷᠳᠡᠭᠡ᠂ ᠨᠢᠰᠬᠡᠯ ᠤᠨ ᠪᠠᠭᠤᠳᠠᠯ ᠵᠡᠷᠭᠡ ᠬᠥᠮᠥᠨ | ᠬᠠᠷ᠎ᠠ ᠬᠤᠷᠠᠨ ᠴᠤᠭᠯᠠᠷᠠᠭᠰᠠᠨ ᠲᠠᠯᠠᠪᠤᠷ︔ | ︵ᠳᠥᠷᠪᠡ︶ ᠪᠠᠷᠢᠯᠭ᠎ᠠ ᠶᠢᠨ ᠭᠠᠵᠠᠷ ᠳᠣᠣᠷᠠᠬᠢ ᠨᠢᠭᠡᠳᠦᠭᠡᠷ ᠳᠠᠪᠬᠤᠷᠭ᠎ᠠ ᠠᠴᠠ ᠳᠣᠭᠤᠭᠰᠢ︔ | ︵ᠲᠠᠪᠤ︶ ᠠᠶᠤᠯᠲᠠᠢ ᠬᠢᠮᠢ ᠶᠢᠨ ᠵᠦᠢᠯ ᠤᠨ ᠬᠥᠮᠥᠷᠭᠡ ᠲᠠᠢ ᠬᠥᠷᠰᠢᠯᠡᠵᠦ ᠪᠠᠶᠢᠭ᠎ᠠ ᠣᠷᠣᠨ ᠪᠣᠯᠣᠨ᠎ᠠ᠃ | ᠠᠰᠠᠭᠤᠯᠲᠠ᠄ ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠠᠪᠬᠤ ᠨᠢ ᠬᠠᠤᠯᠢ ᠶᠢᠨ | ᠬᠥᠮᠥᠨ ᠳᠤ ᠶᠠᠮᠠᠷ ᠱᠠᠭᠠᠷᠳᠠᠯᠭ᠎ᠠ ᠲᠠᠢ ᠪᠤᠶ︖ | ᠬᠠᠷᠢᠭᠤᠯᠲᠠ᠄ ᠳᠠᠷᠠᠭᠠᠬᠢ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠵᠤᠭ᠎ᠠ ᠴᠡᠩᠭᠡᠯ ᠤᠨ ᠭᠠᠵᠠᠷ | ᠡᠷᠬᠢᠯᠡᠬᠦ ᠪᠤᠶᠤ ᠵᠤᠭ᠎ᠠ ᠴᠡᠩᠭᠡᠯ ᠤᠨ ᠭᠠᠵᠠᠷ ᠲᠤ ᠠᠵᠢᠯᠯᠠᠵᠤ ᠪᠣᠯᠬᠤ ᠦᠭᠡᠢ᠄ | ︵ᠨᠢᠭᠡ︶ ᠵᠣᠬᠢᠶᠠᠨ ᠪᠠᠶᠢᠭᠤᠯᠵᠤ᠂ ᠠᠯᠪᠠᠳᠠᠵᠤ᠂ ᠥᠳᠥᠭᠡᠵᠦ᠂ ᠦᠯᠡᠳᠡᠭᠡᠵᠦ᠂ ᠲᠠᠨᠢᠯᠴᠠᠭᠤᠯᠵᠤ ᠪᠠᠶᠢᠭᠠᠳ | ᠶᠠᠩᠬᠠᠯᠠᠭᠤᠯᠤᠭᠰᠠᠨ ᠶᠠᠯ᠎ᠠ᠂ ᠱᠠᠯᠢᠭ ᠵᠠᠪᠬᠠᠢ ᠡᠳ᠋ ᠪᠣᠳᠠᠰ ᠢ ᠦᠢᠯᠡᠳᠦᠭᠰᠡᠨ᠂ ᠫᠠᠨᠽᠠᠯᠠᠭᠰᠠᠨ᠂ ᠳᠡᠯᠭᠡᠷᠡᠭᠦᠯᠦᠭᠰᠡᠨ | ᠶᠠᠯ᠎ᠠ᠂ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ | ᠶᠠᠯ᠎ᠠ᠂ ᠨᠥᠵᠢᠳᠯᠡᠭᠰᠡᠨ ᠶᠠᠯ᠎ᠠ᠂ ᠡᠮᠡᠭᠲᠡᠶᠢᠴᠦᠳ ᠢ ᠠᠯᠪᠠᠳᠠᠨ ᠱᠠᠯᠢᠭᠯᠠᠵᠤ ᠵᠠᠪᠬᠠᠶᠢᠯᠠᠭᠰᠠᠨ᠂ ᠭᠤᠲᠤᠭᠠᠵᠤ | ᠳᠣᠷᠣᠮᠵᠢᠯᠠᠭᠰᠠᠨ ᠶᠠᠯ᠎ᠠ᠂ ᠵᠣᠭᠤᠰ ᠨᠠᠭᠠᠳᠤᠭᠰᠠᠨ ᠶᠠᠯ᠎ᠠ᠂ ᠵᠣᠭᠤᠰ ᠤᠬᠢᠶᠠᠭᠰᠠᠨ ᠶᠠᠯ᠎ᠠ᠂ ᠬᠠᠷ᠎ᠠ ᠨᠡᠶᠢᠭᠡᠮ ᠤᠨ | ᠰᠢᠨᠵᠢ ᠴᠢᠨᠠᠷ ᠲᠠᠢ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ ᠪᠠ ᠲᠡᠭᠦᠨ ᠳᠤ | ᠣᠷᠣᠯᠴᠠᠭᠰᠠᠨ ᠶᠠᠯ᠎ᠠ ᠶᠢ ᠬᠢᠵᠦ ᠥᠩᠭᠡᠷᠡᠭᠰᠡᠨ︔ ︵ᠨᠢᠭᠡ︶ ᠱᠠᠯᠢᠭ ᠵᠠᠪᠬᠠᠢ ᠡᠳ᠋ ᠪᠣᠳᠠᠰ ᠢ ᠵᠣᠬᠢᠶᠠᠨ | ᠪᠠᠶᠢᠭᠤᠯᠤᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠶᠠᠯ᠎ᠠ᠂ ᠨᠥᠵᠢᠳᠯᠡᠭᠰᠡᠨ ᠶᠠᠯ᠎ᠠ᠂ | ᠡᠮᠡᠭᠲᠡᠶᠢᠴᠦᠳ ᠢ ᠠᠯᠪᠠᠳᠠᠨ ᠱᠠᠯᠢᠭᠯᠠᠵᠤ ᠵᠠᠪᠬᠠᠶᠢᠯᠠᠭᠰᠠᠨ᠂ ᠭᠤᠲᠤᠭᠠᠵᠤ ᠳᠣᠷᠣᠮᠵᠢᠯᠠᠭᠰᠠᠨ ᠶᠠᠯ᠎ᠠ᠂ ᠵᠣᠭᠤᠰ | ᠨᠠᠭᠠᠳᠤᠭᠰᠠᠨ ᠶᠠᠯ᠎ᠠ᠂ ᠵᠣᠭᠤᠰ ᠤᠬᠢᠶᠠᠭᠰᠠᠨ ᠶᠠᠯ᠎ᠠ᠂ ᠬᠠᠷ᠎ᠠ ᠨᠡᠶᠢᠭᠡᠮ ᠤᠨ ᠰᠢᠨᠵᠢ ᠴᠢᠨᠠᠷ ᠲᠠᠢ ᠵᠣᠬᠢᠶᠠᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠭᠰᠠᠨ᠂ ᠤᠳᠤᠷᠢᠳᠤᠭᠰᠠᠨ ᠪᠠ ᠲᠡᠭᠦᠨ ᠳᠤ ᠣᠷᠣᠯᠴᠠᠭᠰᠠᠨ ᠶᠠᠯ᠎ᠠ︔ | ︵ᠬᠤᠶᠠᠷ︶ ᠶᠠᠯᠠᠳᠦ ᠠᠵᠢᠯᠯᠠᠭ᠎ᠠ ᠦᠢᠯᠡᠳᠦᠭᠰᠡᠨ ᠠᠴᠠ ᠪᠣᠯᠵᠤ ᠤᠯᠤᠰ ᠳᠥᠷᠦ ᠶᠢᠨ ᠡᠷᠬᠡ ᠪᠠᠨ | ᠬᠠᠰᠤᠭᠤᠯᠵᠤ ᠥᠩᠭᠡᠷᠡᠭᠰᠡᠨ︔ | ︵ᠭᠤᠷᠪᠠ︶ ᠬᠤᠣᠷᠲᠤ ᠡᠳ᠋ ᠲᠠᠲᠠᠵᠤ᠂ ᠬᠤᠣᠷᠲᠤ ᠡᠳ᠋ ᠤᠨ ᠲᠠᠷᠢᠯᠭ᠎ᠠ ᠬᠢᠭᠰᠡᠨ ᠠᠴᠠ ᠪᠣᠯᠵᠤ ᠬᠤᠣᠷ | ᠡᠳ᠋ᠯᠡᠬᠦ ᠶᠢ ᠨᠢ ᠠᠯᠪᠠᠳᠠᠯᠭ᠎ᠠ ᠪᠠᠷ ᠵᠣᠭᠰᠣᠭᠠᠭᠰᠠᠨ︔ | ︵ᠳᠥᠷᠪᠡ︶ ᠶᠠᠩᠬᠠᠯᠠᠭᠰᠠᠨ᠂ ᠶᠠᠩᠬᠠᠨ ᠳᠤ ᠣᠷᠣᠭᠰᠠᠨ ᠠᠴᠠ ᠪᠣᠯᠵᠤ ᠵᠠᠰᠠᠭ ᠵᠠᠬᠢᠷᠭᠠᠨ ᠢᠶᠠᠷ ᠲᠦᠷ | ᠬᠤᠷᠢᠬᠤ ᠪᠠᠷ ᠰᠢᠢᠳᠬᠡᠭᠳᠡᠭᠰᠡᠨ᠃ | ᠠᠰᠠᠭᠤᠯᠲᠠ᠄ ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠠᠪᠬᠤ ᠳᠤ ᠶᠠᠮᠠᠷ ᠶᠠᠮᠠᠷ | ᠮᠠᠲ᠋ᠧᠷᠢᠶᠠᠯ ᠬᠡᠷᠡᠭᠰᠡᠬᠦ ᠪᠤᠶ | ᠬᠠᠷᠢᠭᠤᠯᠲᠠ᠄ ᠨᠡᠶᠢᠲᠡ 5 ᠵᠦᠢᠯ ᠤᠨ ᠠᠭᠤᠯᠭ᠎ᠠ ᠲᠠᠢ᠄ | ︵ᠨᠢᠭᠡ︶ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ᠂ | ︵ᠬᠤᠶᠠᠷ︶ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ᠂ | ︵ᠭᠤᠷᠪᠠ︶ ᠭᠡᠷ ᠪᠠᠶᠢᠰᠢᠩ ᠤᠨ ᠲᠦᠷᠢᠶᠡᠰᠦᠯᠡᠯ ᠤᠨ ᠭᠡᠷ᠎ᠡ᠂ | ︵ᠳᠥᠷᠪᠡ︶ ᠭᠤᠣᠯ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ᠂ | ︵ᠲᠠᠪᠤ︶ ᠳᠣᠲᠣᠭᠠᠳᠤ ᠪᠦᠲᠦᠴᠡ ᠶᠢᠨ ᠬᠠᠪᠲᠠᠭᠠᠢ ᠵᠢᠷᠤᠭ ᠵᠡᠷᠭᠡ ᠶᠢ ᠬᠠᠷᠭᠤᠭᠤᠯᠤᠨ ᠪᠠᠶᠢᠴᠠᠭᠠᠬᠤ ᠪᠠ | ᠰᠢᠰᠲ᠋ᠧᠮ ᠲᠠᠢ ᠪᠠᠷ ᠪᠢᠴᠢᠵᠦ ᠣᠷᠣᠭᠤᠯᠤᠨ᠎ᠠ᠃ | ᠠᠰᠠᠭᠤᠯᠲᠠ᠄ ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠳᠤ | ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠᠲᠠᠢ ᠪᠣᠶ︖ ᠬᠡᠳᠦᠢ ᠤᠳᠠᠪᠠᠯ ᠪᠦᠲᠦᠭᠡᠵᠦ ᠴᠢᠳᠠᠬᠤ ᠪᠤᠢ︖ | ᠬᠠᠷᠢᠭᠤᠯᠲᠠ᠄ ᠵᠥᠪᠬᠡᠨ ︽ᠡᠵᠡᠩᠨᠡᠯᠲᠡ ᠶᠢᠨ ᠦᠨᠡᠮᠯᠡᠯ︾ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠪᠠ | ᠤᠤᠯ ᠤᠨ ︽ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠤᠨ ᠵᠢᠩᠬᠢᠨᠢ ᠬᠠᠭᠤᠯᠪᠤᠷᠢ | ᠳᠡᠪᠲᠡᠷ ᠢ ᠠᠪᠴᠤ ᠶᠠᠪᠤᠪᠠᠯ ᠪᠣᠯᠴᠢᠬᠠᠨ᠎ᠠ᠂ ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ | ᠬᠠᠤᠯᠢ ᠳᠤ ᠲᠣᠭᠲᠠᠭᠠᠭᠰᠠᠨ ᠴᠠᠭ ᠬᠤᠭᠤᠴᠠᠭ᠎ᠠ ᠶᠢ 20 ᠠᠵᠢᠯ ᠤᠨ ᠡᠳᠦᠷ ᠦᠷᠭᠦᠯᠵᠢᠯᠡᠭᠦᠯᠦᠨ᠎ᠡ᠂ ᠠᠮᠠᠯᠠᠯᠲᠠ | ᠶᠢᠨ ᠴᠠᠭ ᠬᠤᠭᠤᠴᠠᠭ᠎ᠠ ᠶᠢ 1 ᠠᠵᠢᠯ ᠤᠨ ᠡᠳᠦᠷ ᠦᠷᠭᠦᠯᠵᠢᠯᠡᠭᠦᠯᠦᠨ᠎ᠡ᠂ ᠦᠨᠡᠨ ᠳᠡᠭᠡᠨ ᠲᠡᠷᠡ ᠳᠠᠷᠤᠢ ᠳᠤᠨᠢ | ᠭᠦᠢᠴᠡᠳᠬᠡᠬᠦ ᠵᠦᠢᠯ ᠮᠥᠨ ᠪᠣᠯᠬᠤᠷ ᠲᠡᠷᠡ ᠳᠣᠣᠷ᠎ᠠ ᠨᠢ ᠦᠨᠡᠮᠯᠡᠯ ᠣᠯᠭᠤᠵᠤ ᠪᠣᠯᠣᠨ᠎ᠠ᠃ | ᠠᠰᠠᠭᠤᠯᠲᠠ᠄ ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠳᠤ | ᠡᠷᠬᠡᠪᠰᠢ ᠵᠥᠪᠰᠢᠶᠡᠷᠡᠯ ᠤᠨ ᠦᠨᠡᠮᠯᠡᠯ ᠢ ᠬᠤᠭᠤᠴᠠᠭ᠎ᠠ ᠨᠢ ᠲᠤᠯᠤᠭᠰᠠᠨ | ᠬᠠᠷᠢᠭᠤᠯᠲᠠ᠄ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ | ᠳᠠᠭᠤᠰᠬᠤ ᠠᠴᠠ 30 ᠡᠳᠦᠷ ᠤᠨ ᠡᠮᠦᠨ᠎ᠡ ᠴᠥᠮ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ | ᠦᠷᠭᠦᠯᠵᠢᠯᠡᠭᠦᠯᠵᠦ ᠪᠣᠯᠣᠨ᠎ᠠ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ | ᠠᠵᠢᠯᠲᠠᠨ ᠡᠵᠡᠩᠨᠡᠯᠲᠡ ᠶᠢᠨ ᠭᠠᠵᠠᠷ ᠤᠨ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ | ᠬᠦᠴᠦᠨ ᠲᠠᠢ ᠬᠤᠭᠤᠴᠠᠭ᠎ᠠ ᠳᠠᠭᠤᠰᠬᠤ ᠠᠴᠠ 30 ᠡᠳᠦᠷ ᠤᠨ ᠡᠮᠦᠨ᠎ᠡ ᠤᠲᠠᠰᠤ ᠪᠤᠶᠤ ᠸᠢᠴᠠᠲ ᠢᠶᠠᠷ ᠡᠵᠡᠩᠨᠡᠯᠲᠡ | ᠶᠢᠨ ᠭᠠᠵᠠᠷ ᠲᠤ ᠮᠡᠳᠡᠭᠳᠡᠵᠦ᠂ ᠴᠢᠬᠤᠯᠠ ᠪᠤᠰᠤ ᠬᠤᠬᠢᠷᠠᠯ ᠭᠠᠷᠬᠤ ᠠᠴᠠ ᠵᠠᠶᠢᠯᠠᠰᠬᠢᠨ᠎ᠡ᠃ | ᠠᠰᠠᠭᠤᠯᠲᠠ᠄ ᠰᠦᠯᠵᠢᠶᠡᠨ ᠤ ᠰᠣᠶᠣᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ | ᠭᠦᠢᠴᠡᠳᠬᠡᠬᠦ ᠳᠤ ᠶᠠᠮᠠᠷ ᠶᠠᠮᠠᠷ ᠮᠠᠲ᠋ᠧᠷᠢᠶᠠᠯ ᠬᠡᠷᠡᠭᠰᠡᠬᠦ᠂ ᠶᠠᠮᠠᠷ ᠶᠠᠮᠠᠷ ᠵᠦᠢᠯᠡᠰ ᠢ ᠠᠩᠬᠠᠷᠪᠠᠯ ᠵᠣᠬᠢᠬᠤ ᠪᠣᠶ︖ | ᠬᠠᠷᠢᠭᠤᠯᠲᠠ᠄ ᠰᠦᠯᠵᠢᠶᠡᠨ ᠤ ᠰᠣᠶᠣᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ | ᠭᠦᠢᠴᠡᠳᠬᠡᠬᠦ ᠳᠤ ᠬᠤᠶᠠᠷ ᠱᠠᠲᠤ ᠬᠤᠪᠢᠶᠠᠨ᠎ᠠ᠂ ᠪᠡᠯᠡᠳᠬᠡᠨ ᠪᠠᠶᠢᠭᠤᠯᠬᠤ ᠱᠠᠲᠤ ᠪᠠ ᠡᠴᠦᠰ ᠤᠨ ᠰᠢᠭᠦᠯᠲᠡ ᠶᠢᠨ | ᠱᠠᠲᠤ᠂ ᠲᠣᠰ ᠵᠥᠪᠰᠢᠶᠡᠷᠡᠯ ᠢ ᠭᠦᠢᠴᠡᠳᠬᠡᠬᠦ ᠠᠴᠠ ᠡᠮᠦᠨ᠎ᠡ᠂ ᠤᠷᠢᠳ ᠢᠶᠠᠷ ᠡᠵᠡᠩᠨᠡᠯᠲᠡ ᠶᠢᠨ ᠲᠠᠯᠠᠪᠤᠷ ᠭᠠᠵᠠᠷ ᠢ | ᠬᠠᠶᠢᠨ ᠰᠢᠯᠭᠠᠬᠤ ᠪᠠᠷ ᠭᠤᠶᠤᠴᠢᠯᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠢ ᠬᠠᠶᠢᠨ ᠰᠢᠯᠭᠠᠭᠠᠳ ᠬᠢᠷᠢ | ᠲᠡᠩᠴᠡᠭᠰᠡᠨ ᠤ ᠳᠠᠷᠠᠭ᠎ᠠ ᠰᠠᠶ᠋ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠭᠦᠢᠴᠡᠳᠬᠡᠬᠦ | ᠬᠤᠯᠪᠣᠭᠳᠠᠬᠤ ᠮᠠᠲ᠋ᠧᠷᠢᠶᠠᠯ ᠢᠶᠠᠨ ᠲᠤᠰᠢᠶᠠᠵᠤ ᠪᠣᠯᠣᠨ᠎ᠠ᠃ | ᠪᠡᠯᠡᠳᠬᠡᠨ ᠪᠠᠶᠢᠭᠤᠯᠬᠤ ᠱᠠᠲᠤᠨ ᠳᠤ ᠬᠡᠷᠡᠭᠰᠡᠬᠦ ᠮᠠᠲ᠋ᠧᠷᠢᠶᠠᠯ ᠨᠢ ᠨᠡᠶᠢᠳᠡ 3 ᠵᠦᠢᠯ ᠤᠨ ᠠᠭᠤᠯᠭ᠎ᠠ ᠲᠠᠢ | ᠪᠠᠶᠢᠳᠠᠭ᠂ ᠨᠢᠭᠡ ᠳᠤ ︽ᠡᠵᠡᠩᠨᠡᠯᠲᠡ ᠶᠢᠨ ᠦᠨᠡᠮᠯᠡᠯ︾ ᠤᠨ ᠬᠠᠭᠤᠯᠪᠤᠷᠢ ᠳᠡᠪᠲᠡᠷ᠂ ᠬᠤᠶᠠᠷ ᠲᠤ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠪᠠ ᠭᠡᠷ ᠪᠠᠶᠢᠰᠢᠩ ᠲᠦᠷᠢᠶᠡᠰᠦᠯᠡᠬᠦ ᠭᠡᠷ᠎ᠡ | ᠂ ᠭᠤᠷᠪᠠ ᠳᠤ ᠭᠤᠣᠯ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠪᠣᠯᠣᠨ᠎ᠠ᠃ | ᠡᠴᠦᠰ ᠤᠨ ᠰᠢᠭᠦᠯᠲᠡ ᠶᠢᠨ ᠱᠠᠲᠤᠨ ᠳᠤ ᠬᠡᠷᠡᠭᠰᠡᠬᠦ ᠮᠠᠲ᠋ᠧᠷᠢᠶᠠᠯ ᠨᠢ ᠨᠡᠶᠢᠳᠡ 6 ᠵᠦᠢᠯ ᠤᠨ ᠠᠭᠤᠯᠭ᠎ᠠ ᠲᠠᠢ | ᠪᠠᠶᠢᠳᠠᠭ᠂ ᠨᠢᠭᠡ ᠳᠤ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ᠂ | ᠬᠤᠶᠠᠷ ᠲᠤ ᠭᠠᠯ ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ | ᠰᠠᠨᠠᠯ ᠤᠨ ᠪᠢᠴᠢᠭ᠂ ᠭᠤᠷᠪᠠ ᠳᠤ ISP ᠶᠢ ᠵᠠᠯᠭᠠᠵᠤ ᠣᠷᠣᠭᠤᠯᠬᠤ ᠰᠠᠨᠠᠮᠵᠢ ᠪᠢᠴᠢᠭ᠂ ᠳᠥᠷᠪᠡ ᠳᠤ | ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠷᠢᠯᠭ᠎ᠠ ᠶᠢᠨ ᠬᠠᠪᠲᠠᠭᠠᠢ ᠵᠢᠷᠤᠭ᠂ ᠲᠠᠪᠤ ᠳᠤ ᠺᠣᠮᠫᠢᠦ᠋ᠲ᠋ᠧᠷ ᠪᠠ ᠳᠦᠷᠰᠦ | ᠰᠢᠩᠭᠡᠭᠡᠬᠦ ᠲᠥᠬᠦᠭᠡᠷᠦᠮᠵᠢ ᠶᠢᠨ ᠲᠠᠷᠬᠠᠯᠲᠠ ᠶᠢᠨ ᠵᠢᠷᠤᠭ᠂ ᠵᠢᠷᠭᠤᠭ᠎ᠠ ᠳᠤ ᠡᠵᠡᠩᠨᠡᠨ ᠬᠠᠮᠢᠶᠠᠷᠬᠤ ᠮᠡᠷᠭᠡᠵᠢᠯ ᠤᠨ | ᠰᠢᠰᠲ᠋ᠧᠮ ᠤᠨ ᠤᠭᠰᠠᠷᠠᠯᠲᠠ ᠶᠢᠨ ᠭᠡᠷᠡᠴᠢ ᠪᠠᠷᠢᠮᠲᠠ ᠪᠣᠯᠣᠨ᠎ᠠ᠃ | ᠠᠰᠠᠭᠤᠯᠲᠠ᠄ ᠰᠦᠯᠵᠢᠶᠡᠨ ᠤ ᠰᠣᠶᠣᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ | ᠬᠤᠭᠤᠴᠠᠭ᠎ᠠ ᠨᠢ ᠬᠡᠳᠦᠢ ᠤᠷᠲᠤ ᠪᠣᠢ︖ | ᠬᠠᠷᠢᠭᠤᠯᠲᠠ᠄ | ᠰᠦᠯᠵᠢᠶᠡᠨ ᠤ ᠰᠣᠶᠣᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠠᠮᠠᠯᠠᠯᠲᠠ ᠶᠢᠨ | ᠴᠠᠭ ᠤᠨ ᠬᠢᠵᠠᠭᠠᠷ ᠨᠢ 20 ᠠᠵᠢᠯᠯᠠᠬᠤ ᠡᠳᠦᠷ ᠪᠣᠯᠣᠨ᠎ᠠ᠂ 2018 ᠣᠨ ᠠᠴᠠ ᠨᠠᠰᠢ᠂ ᠮᠠᠨ ᠤ ᠲᠣᠪᠴᠢᠶ᠎ᠠ | ᠤᠷᠢᠳ ᠬᠤᠵᠢᠳ 6 ᠤᠳᠠᠭ᠎ᠠ ᠭᠦᠢᠴᠡᠳᠬᠡᠬᠦ ᠴᠠᠭ ᠤᠨ ᠬᠢᠵᠠᠭᠠᠷ ᠢ ᠰᠢᠯᠢᠳᠡᠭᠵᠢᠭᠦᠯᠪᠡ᠂ ᠣᠲᠣ ᠶᠢᠨ | ᠠᠮᠠᠯᠠᠯᠲᠠ ᠶᠢᠨ ᠴᠠᠭ ᠤᠨ ᠬᠢᠵᠠᠭᠠᠷ ᠨᠢ 5 ᠠᠵᠢᠯᠯᠠᠬᠤ ᠡᠳᠦᠷ ᠪᠣᠯᠣᠨ᠎ᠠ᠃ | ᠠᠰᠠᠭᠤᠯᠲᠠ᠄ ᠰᠦᠯᠵᠢᠶᠡᠨ ᠤ ᠰᠣᠶᠣᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ | ᠭᠦᠢᠴᠡᠳᠬᠡᠬᠦ ᠳᠤ ᠶᠠᠮᠠᠷ ᠶᠠᠮᠠᠷ ᠠᠩᠬᠠᠷᠬᠤ ᠴᠢᠬᠤᠯᠠᠲᠠᠢ ᠵᠦᠢᠯ ᠪᠠᠶᠢᠬᠤ ᠪᠣᠶ︖ | ᠬᠠᠷᠢᠭᠤᠯᠲᠠ᠄ ᠪᠡᠯᠡᠳᠬᠡᠨ ᠪᠠᠶᠢᠭᠤᠯᠬᠤ ᠱᠠᠲᠤ ᠳᠠᠭᠤᠰᠤᠭᠰᠠᠨ ᠤ ᠳᠠᠷᠠᠭ᠎ᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ᠬᠦᠷᠴᠦ ᠪᠡᠯᠡᠳᠬᠡᠨ ᠪᠠᠶᠢᠭᠤᠯᠬᠤ ᠰᠠᠨᠠᠯ ᠤᠨ ᠪᠢᠴᠢᠭ ᠢᠶᠠᠨ ᠠᠪᠬᠤ ᠬᠡᠷᠡᠭᠲᠡᠢ᠂ | ᠠᠪᠤᠭᠰᠠᠨ ᠤ ᠳᠠᠷᠠᠭ᠎ᠠ ᠳᠣᠲᠣᠭᠠᠳᠤ ᠶᠢ ᠬᠠᠮᠠᠭᠠᠯᠠᠬᠤ ᠪᠠ ᠭᠠᠯ ᠲᠦᠢᠮᠡᠷ ᠢ ᠤᠨᠲᠠᠷᠠᠭᠠᠬᠤ ᠠᠵᠢᠯ ᠳᠤ ᠬᠦᠷᠴᠦ | ᠪᠤᠰᠤᠳ ᠤᠴᠢᠷ ᠶᠠᠪᠤᠳᠠᠯ ᠤᠨ ᠬᠤᠯᠪᠣᠭᠳᠠᠯ ᠪᠦᠬᠦᠢ ᠭᠠᠷ ᠭᠦᠢᠴᠡᠳᠬᠡᠯ ᠢ ᠭᠦᠢᠴᠡᠳᠬᠡᠨ᠎ᠡ᠂ ᠬᠡᠷᠪᠡ ᠪᠤᠰᠤᠳ | ᠳᠥᠭᠦᠮ ᠦᠭᠡᠢ ᠭᠠᠵᠠᠷ ᠪᠠᠶᠢᠪᠠᠯ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠵᠦ ᠣᠯᠭᠤᠬᠤ ᠦᠢᠯᠡᠴᠢᠯᠡᠭᠡ | ᠬᠠᠩᠭᠠᠵᠤ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠳᠤ ᠲᠤᠶᠢᠯ ᠤᠨ ᠶᠡᠭᠡ ᠳᠥᠭᠦᠮ ᠦᠵᠡᠭᠦᠯᠦᠨ᠎ᠡ | ᠭᠡᠳᠡᠭ ᠢ ᠠᠩᠬᠠᠷᠬᠤ ᠬᠡᠷᠡᠭᠲᠡᠢ᠃ | ᠠᠰᠠᠭᠤᠯᠲᠠ᠄ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠡᠷᠭᠢᠯᠡᠬᠦ ᠳᠤ ᠶᠠᠮᠠᠷ ᠪᠠᠶᠢᠳᠠᠯ ᠳᠣᠣᠷ᠎ᠠ ᠭᠠᠷ | ᠭᠦᠢᠴᠡᠳᠬᠡᠯ ᠬᠢᠵᠦ ᠪᠣᠯᠬᠤ ᠪᠣᠶ︖ | ᠬᠠᠷᠢᠭᠤᠯᠲᠠ᠄ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠭᠤᠶᠤᠴᠢᠯᠠᠬᠤ ᠶᠢ ᠬᠤᠶᠠᠷ ᠵᠦᠢᠯ ᠤᠨ ᠪᠠᠶᠢᠳᠠᠯ ᠳᠤ | ᠬᠤᠪᠢᠶᠠᠨ᠎ᠠ᠂ ᠨᠢᠭᠡ ᠨᠢ ᠲᠣᠭᠯᠠᠯᠲᠠ ᠶᠢᠨ ᠲᠠᠯᠠᠪᠤᠷ ᠡᠵᠡᠩᠨᠡᠬᠦ ᠨᠢᠭᠡᠴᠢ ᠳᠤ ᠡᠵᠡᠩᠨᠡᠯᠲᠡ ᠶᠢᠨ ᠴᠢᠨᠠᠷᠲᠠᠢ ᠲᠣᠭᠯᠠᠯᠲᠠ | ᠡᠷᠬᠢᠯᠡᠨ᠎ᠡ᠂ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠵᠥᠪᠰᠢᠶᠡᠷᠡᠯ ᠤᠨ ᠦᠨᠡᠮᠯᠡᠯ ᠤᠨ ᠨᠢᠭᠡᠴᠢ ᠶᠢᠨ ᠲᠦᠷᠦᠯ | ᠵᠦᠢᠯ ᠨᠢ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠢ ᠪᠠᠰᠠ ᠲᠣᠭᠯᠠᠯᠲᠠ ᠶᠢᠨ ᠵᠠᠭᠤᠴᠢᠯᠠᠬᠤ ᠪᠠᠶᠢᠭᠤᠯᠤᠮᠵᠢ | ᠪᠣᠯᠭᠠᠵᠤ ᠪᠣᠯᠣᠨ᠎ᠠ︔ ᠬᠤᠶᠠᠷ ᠲᠤ ᠲᠣᠭᠯᠠᠯᠲᠠ ᠶᠢᠨ ᠪᠤᠰᠤ ᠲᠠᠯᠠᠪᠤᠷ ᠭᠠᠵᠠᠷ ᠤᠨ ᠡᠵᠡᠩᠨᠡᠯᠲᠡ ᠶᠢᠨ ᠨᠢᠭᠡᠴᠢ ᠳᠤ | ᠡᠵᠡᠩᠨᠡᠯᠲᠡ ᠶᠢᠨ ᠴᠢᠨᠠᠷᠲᠠᠢ ᠲᠣᠭᠯᠠᠯᠲᠠ ᠭᠠᠷᠭᠠᠨ᠎ᠠ᠂ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ | ᠵᠥᠪᠰᠢᠶᠡᠷᠡᠯ ᠤᠨ ᠦᠨᠡᠮᠯᠡᠯ ᠤᠨ ᠨᠢᠭᠡᠴᠢ ᠶᠢᠨ ᠲᠦᠷᠦᠯ ᠵᠦᠢᠯ ᠨᠢ ᠡᠷᠬᠡᠪᠰᠢ ᠲᠣᠭᠯᠠᠯᠲᠠ ᠶᠢᠨ ᠵᠠᠭᠤᠴᠢᠯᠠᠬᠤ | ᠪᠠᠶᠢᠭᠤᠯᠤᠮᠵᠢ ᠪᠠᠶᠢᠪᠠᠯ ᠰᠠᠶ᠋ᠢ ᠪᠣᠯᠣᠨ᠎ᠠ᠃ | ᠠᠰᠠᠭᠤᠯᠲᠠ᠄ ᠭᠠᠳᠠᠷ ᠣᠷᠣᠨ ᠤ ᠲᠣᠭᠯᠠᠯᠲᠠ ᠡᠵᠡᠩᠨᠡᠬᠦ ᠨᠢᠭᠡᠴᠢ ᠵᠡᠭᠦᠨ ᠬᠤᠰᠢᠭᠤᠨ ᠳᠤ ᠡᠵᠡᠩᠨᠡᠯᠲᠡ ᠶᠢᠨ | ᠴᠢᠨᠠᠷᠲᠠᠢ ᠲᠣᠭᠯᠠᠯᠲᠠ ᠡᠷᠭᠢᠯᠡᠬᠦ ᠳᠤ ᠡᠷᠬᠡᠪᠰᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠤᠷᠢᠳᠴᠢᠯᠠᠨ ᠬᠦᠷᠴᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ ᠦᠦ︖ | ᠬᠠᠷᠢᠭᠤᠯᠲᠠ᠄ ᠬᠡᠷᠡᠭ ᠦᠭᠡᠢ᠂ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠭᠠᠷᠭᠠᠬᠤ ᠶᠢ ᠭᠤᠶᠤᠴᠢᠯᠠᠭᠰᠠᠨ | ᠲᠣᠭᠯᠠᠯᠲᠠ ᠡᠵᠡᠩᠨᠡᠬᠦ ᠨᠢᠭᠡᠴᠢ ᠶᠢᠨ ᠣᠯᠠᠩᠬᠢ ᠨᠢ ᠭᠠᠳᠠᠷ ᠣᠷᠣᠨ ᠤ ᠺᠣᠮᠫᠠᠨᠢ ᠪᠣᠯᠣᠨ᠎ᠠ᠂ ᠵᠥᠪᠰᠢᠶᠡᠷᠡᠨ | ᠣᠷᠣᠭᠤᠯᠬᠤ ᠶᠢ ᠰᠠᠶᠢᠲᠤᠷ ᠬᠢᠵᠦ᠂ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠠᠵᠢᠯᠯᠠᠭ᠎ᠠ ᠶᠢᠨ ᠬᠡᠪ ᠢᠶᠠᠷ | ᠶᠠᠪᠤᠭᠳᠠᠬᠤ ᠶᠢ ᠪᠠᠲᠤᠯᠠᠬᠤ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠶᠢᠨ ᠠᠵᠢᠯᠲᠠᠨ ᠡᠯ᠎ᠡ ᠲᠣᠭᠯᠠᠯᠲᠠ ᠡᠵᠡᠩᠨᠡᠬᠦ ᠨᠢᠭᠡᠴᠢ ᠳᠤ ᠴᠠᠬᠢᠮ ᠰᠦᠯᠵᠢᠶ᠎ᠡ +ᠮᠠᠲ᠋ᠧᠷᠢᠶᠠᠯ ᠬᠢᠨᠠᠨ | ᠬᠠᠷᠭᠤᠭᠤᠯᠵᠤ᠂ ᠴᠠᠬᠢᠮ ᠰᠦᠯᠵᠢᠶ᠎ᠡ +ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠲᠣᠭᠲᠠᠭᠠᠯ ᠤᠨ ᠪᠢᠴᠢᠭ ᠢ | ᠬᠢᠨᠠᠨ ᠲᠠᠷᠬᠠᠭᠠᠵᠤ᠂ ᠲᠣᠭᠲᠠᠭᠠᠯ ᠤᠨ ᠪᠢᠴᠢᠭ ᠢ ᠰᠢᠤᠳᠠᠨ ᠢᠶᠠᠷ ᠢᠯᠡᠭᠡᠬᠦ ᠬᠡᠯᠪᠡᠷᠢ ᠪᠠᠷ ᠲᠣᠭᠯᠠᠯᠲᠠ ᠡᠵᠡᠩᠨᠡᠬᠦ | ᠨᠢᠭᠡᠴᠢ ᠳᠤ ᠢᠯᠡᠭᠡᠪᠡ᠃ | ᠠᠰᠠᠭᠤᠯᠲᠠ᠄ ᠬᠤᠣᠷᠯᠠᠭᠴᠢ ᠶᠢ ᠲᠠᠩᠨᠠᠬᠤ ᠵᠤᠭ᠎ᠠ ᠳᠤ ᠰᠣᠶᠣᠯ ᠵᠢᠭᠤᠯᠴᠢᠯᠠᠯ ᠤᠨ ᠲᠣᠪᠴᠢᠶ᠎ᠠ ᠳᠤ ᠶᠠᠮᠠᠷ | ᠬᠤᠯᠪᠣᠭᠳᠠᠬᠤ ᠭᠠᠷ ᠭᠦᠢᠴᠡᠳᠬᠡᠯ ᠬᠢᠬᠦ ᠴᠢᠬᠤᠯᠠᠲᠠᠢ ᠪᠣᠶ︖ | ᠬᠠᠷᠢᠭᠤᠯᠲᠠ᠄ ᠡᠵᠡᠩᠨᠡᠯᠲᠡ ᠶᠢᠨ ᠦᠨᠡᠮᠯᠡᠯ ᠠᠪᠤᠭᠰᠠᠨ ᠤ ᠳᠠᠷᠠᠭ᠎ᠠ᠂ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ ᠳᠤ ᠭᠠᠷᠴᠤ᠂ ᠬᠤᠣᠷᠯᠠᠭᠴᠢ ᠶᠢ | ᠲᠠᠩᠨᠠᠬᠤ ᠵᠤᠭ᠎ᠠ ᠴᠡᠩᠭᠡᠯ ᠤᠨ ᠠᠵᠢᠯᠯᠠᠭ᠎ᠠ ᠶᠢᠨ ᠡᠵᠡᠩᠨᠡᠯᠲᠡ ᠶᠢᠨ ᠨᠢᠭᠡᠴᠢ ᠶᠢᠨ ᠣᠷᠣᠬᠤ ᠡᠭᠦᠳᠡᠨ ᠳᠤ ᠣᠷᠣᠵᠤ᠂ | ᠦᠨᠳᠦᠰᠦᠨ ᠮᠡᠳᠡᠭᠡ ᠵᠠᠩᠭᠢ ᠪᠠ ᠵᠦᠴᠦᠭᠡ ᠶᠢᠨ ᠳᠡᠪᠲᠡᠷ ᠤᠨ ᠨᠡᠷᠡᠶᠢᠳᠦᠯ᠂ ᠵᠣᠬᠢᠶᠠᠭᠴᠢ᠂ ᠠᠩᠭᠢᠯᠠᠯ᠂ ᠵᠣᠬᠢᠬᠤ | ᠨᠠᠰᠤᠨ ᠤ ᠬᠡᠪᠴᠢᠶ᠎ᠡ᠂ ᠲᠦᠷᠦᠯ ᠵᠦᠢᠯ᠂ ᠲᠦᠷᠦᠯ ᠵᠦᠢᠯ ᠵᠢᠴᠢ ᠵᠦᠴᠦᠭᠡ ᠶᠢᠨ ᠳᠡᠪᠲᠡᠷ ᠤᠨ ᠦᠯᠢᠭᠡᠷ | ᠳᠡᠪᠲᠡᠷ ᠤᠨ ᠲᠣᠪᠴᠢ ᠲᠠᠨᠢᠯᠴᠠᠭᠤᠯᠭ᠎ᠠ ᠶᠢ ᠳᠡᠭᠡᠭᠰᠢ ᠳᠠᠮᠵᠢᠭᠤᠯᠵᠤ᠂ ᠲᠣᠪᠴᠢᠳᠠᠨ ᠲᠤᠰᠢᠶᠠᠪᠠᠯ᠂ ᠠᠵᠢᠯᠲᠠᠨ | ᠳᠠᠷᠤᠢ ᠮᠡᠳᠡᠭᠡ ᠵᠠᠩᠭᠢ ᠶᠢ ᠬᠦᠯᠢᠶᠡᠨ ᠠᠪᠴᠤ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠰᠠᠨ ᠤ ᠲᠠᠷᠠᠭ᠎ᠠ | ᠳᠠᠩᠰᠠᠯᠠᠭᠤᠯᠤᠭᠠᠳ ᠠᠮᠵᠢᠯᠲᠠ ᠣᠯᠵᠤ᠂ ᠲᠤᠬᠠᠢ ᠶᠢᠨ ᠲᠠᠯᠠᠪᠤᠷ ᠲᠤ ᠣᠴᠢᠵᠤ ᠶᠠᠮᠠᠷ ᠴᠤ ᠮᠠᠲ᠋ᠧᠷᠢᠶᠠᠯ ᠢᠶᠠᠨ | ᠲᠤᠰᠢᠶᠠᠬᠤ ᠴᠢᠬᠤᠯᠠ ᠦᠭᠡᠢ᠂ ᠪᠦᠬᠦ ᠶᠠᠪᠤᠴᠠ ᠶᠢ ᠴᠠᠬᠢᠮ ᠰᠦᠯᠵᠢᠶ᠎ᠡ +ᠭᠦᠢᠴᠡᠳᠬᠡᠬᠦ ᠪᠣᠯᠣᠨ᠎ᠠ᠃ | ᠠᠰᠠᠭᠤᠯᠲᠠ᠄ ᠰᠣᠶᠣᠯ ᠤᠨ ᠰᠢᠷᠢᠰ ᠠᠵᠢᠯᠯᠠᠭ᠎ᠠ ᠶᠢᠨ ᠪᠣᠳᠠᠲᠠᠢ ᠴᠠᠭ ᠪᠠ ᠠᠭᠤᠯᠭ᠎ᠠ ᠶᠢ ᠶᠠᠮᠠᠷ ᠠᠷᠭ᠎ᠠ | ᠵᠠᠮ ᠢᠶᠠᠷ ᠣᠯᠵᠤ ᠪᠣᠯᠬᠤ ᠪᠤᠢ︖ | ᠬᠠᠷᠢᠭᠤᠯᠲᠠ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ᠂ ᠲᠠᠪᠤᠨ ᠰᠠᠷ᠎ᠠ ᠶᠢᠨ ᠨᠢᠭᠡᠨ᠂ ᠠᠷᠪᠠᠨ | ᠰᠠᠷ᠎ᠠ ᠶᠢᠨ ᠨᠢᠭᠡᠨ ᠤ ᠰᠣᠶᠣᠯ ᠤᠨ ᠰᠢᠷᠢᠰ ᠠᠵᠢᠯᠯᠠᠭ᠎ᠠ ᠶᠢ ᠴᠥᠮ ᠠᠯᠠᠱᠠ ᠵᠡᠭᠦᠨ ᠬᠤᠰᠢᠭᠤᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠶᠢᠨ ᠸᠢᠴᠠᠲ ᠤᠨ ᠴᠠᠬᠢᠮ ᠲᠠᠪᠴᠠᠩ᠂ ᠸᠢᠴᠠᠲ ᠤᠨ ᠸᠧᠳᠢᠤ᠋ ᠶᠢᠨ ᠳ᠋ᠤᠭᠠᠷ᠂ ᠲᠢᠭ᠋ | ᠲᠤᠭ ᠤᠨ ᠠᠯᠪᠠᠨ ᠤ ᠲᠠᠯ᠎ᠠ ᠶᠢᠨ ᠳ᠋ᠤᠭᠠᠷ ᠢᠶᠠᠷ ᠳᠠᠮᠵᠢᠭᠤᠯᠤᠨ ᠨᠡᠶᠢᠲᠡᠯᠡᠨ᠎ᠡ᠃ | |