ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠬᠤᠲᠠ ᠶᠢᠨ ᠪᠥᠲᠥᠭᠡᠨ ᠪᠠᠶᠢᠭᠤᠯᠤᠯᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/27
   8 ᠰᠠᠷ᠎ᠠ ᠶᠢᠨ 22᠎ ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃    6 ᠰᠠᠷ᠎ᠠ ᠠᠯᠤᠰᠯᠠᠭᠠᠳ᠂ ᠬᠤᠸᠠᠩ ᠶᠠ ᠯᠢ ᠳᠠᠬᠢᠨᠲᠠ ᠪᠠᠶᠠᠨᠬᠤᠲᠠ ᠪᠠᠯᠭᠠᠰᠤᠨ ᠤ ᠴᠠᠩ ᠴᠧᠩ ᠲᠣᠭᠤᠷᠢᠭ ᠤᠨ ᠬᠤᠶᠢᠲᠤ ᠲᠠᠯ᠎ᠠ ᠶᠢᠨ ᠬᠤᠭᠤᠰᠣᠨ ᠭᠠᠵᠠᠷ ᠲᠤ ᠬᠦᠷᠴᠦ᠂ ︽ᠪᠢᠴᠢᠯ ᠴᠡᠴᠡᠷᠯᠢᠭ︾᠂ ᠮᠤᠬᠤᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ︽ᠪᠢᠴᠢᠯ ᠴᠡᠴᠡᠷᠯᠢᠭ︾ ᠪᠣᠯᠤᠨ ᠮᠤᠬᠤᠷ ᠵᠠᠮ ᠤᠨ ᠪᠥᠲᠥᠭᠡᠨ ᠪᠠᠶᠢᠭᠤᠯᠤᠯᠲᠠ ᠨᠢ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠲᠠᠢ ᠬᠤᠯᠪᠣᠭᠳᠠᠵᠤ ᠪᠠᠶᠢᠳᠠᠭ᠂ ᠣᠯᠠᠨ ᠲᠦᠮᠡᠨ ᠮᠠᠰᠢ ᠠᠩᠬᠠᠷᠴᠤ ᠪᠠᠶᠢᠨ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ᠠᠬᠢᠴᠠ ᠶᠢ ᠲᠦᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠃ ︽ᠪᠢᠴᠢᠯ ᠴᠡᠴᠡᠷᠯᠢᠭ︾᠎ ᠤᠨ ᠪᠥᠲᠥᠭᠡᠨ ᠪᠠᠶᠢᠭᠤᠯᠤᠯᠲᠠ ᠳᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠴᠢᠳᠠᠮᠵᠢ ᠶᠢᠨ ᠪᠡᠯᠡᠳᠬᠡᠮᠵᠢ ᠶᠢ ᠪᠦᠷᠢᠨ ᠳᠣᠭᠢᠷᠠᠭᠤᠯᠤᠨ᠂ ᠭᠤᠶᠣᠯᠠᠵᠤ ᠨᠣᠭᠤᠭᠠᠷᠠᠭᠤᠯᠬᠤ ᠶᠢ ᠠᠬᠢᠭᠤᠯᠵᠤ᠂ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ ᠭᠡᠪᠡ᠃ ᠮᠤᠬᠤᠷ ᠵᠠᠮ ᠤᠨ ᠪᠦᠳᠦᠭᠡᠨ ᠪᠠᠶᠢᠭᠤᠯᠤᠯᠲᠠ ᠳᠤ ᠤᠰᠤ᠂ ᠲᠤᠯᠠᠭᠠᠯᠠᠭ᠎ᠠ᠂ ᠬᠡᠢ ᠵᠡᠷᠭᠡ ᠬᠤᠭᠤᠯᠠᠢ ᠶᠢᠨ ᠲᠣᠣᠷ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠰᠢᠰᠲ᠋ᠧᠮ ᠲᠠᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠪᠠᠷᠢᠯᠭ᠎ᠠ ᠪᠠᠷᠢᠵᠤ᠂ ᠬᠠᠮᠢᠶᠠᠷᠤᠯᠲᠠ ᠪᠠᠨ ᠴᠢᠩᠭᠠᠳᠬᠠᠵᠤ᠂ ᠰᠠᠨᠠᠭ᠎ᠠ ᠠᠮᠤᠷ ᠢᠨᠵᠧᠨᠧᠷᠢᠩ᠂ ᠰᠣᠳᠣᠨ ᠢᠨᠵᠧᠨᠧᠷᠢᠩ᠂ ᠬᠠᠨᠤᠮᠵᠢᠲᠠᠢ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠪᠡ᠃
   ᠬᠤᠸᠠᠩ ᠶᠠ ᠯᠢ ᠪᠠᠰᠠ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠦᠢᠯᠡᠴᠢᠯᠡᠭᠡᠨ ᠤ ᠦᠢᠯᠡᠰ ᠤᠨ ᠲᠥᠯᠥᠪᠵᠢᠭᠦᠯᠭᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ ᠪᠣᠯᠤᠨ ᠪᠣᠯᠤᠮᠵᠢᠲᠤ ᠴᠢᠨᠠᠷ ᠢ ᠴᠢᠬᠤᠯᠠᠴᠢᠯᠠᠵᠤ᠂ ᠣᠳᠣᠬᠠᠨ ᠤ ᠪᠠ ᠠᠯᠤᠰ ᠬᠡᠳᠦ᠂ ᠦᠢᠯᠡᠳᠪᠦᠷᠢᠯᠡᠯ ᠪᠣᠯᠤᠨ ᠠᠮᠢᠳᠤᠷᠠᠯ᠂ ᠡᠯᠧᠮᠧᠨ᠋ᠲ ᠤᠨ ᠪᠠᠲᠤᠯᠠᠭ᠎ᠠ ᠪᠣᠯᠤᠨ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠵᠦᠢ ᠵᠣᠬᠢᠰᠲᠠᠢ ᠭᠠᠵᠠᠷ ᠰᠣᠩᠭᠤᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠶᠢᠯᠠᠯ ᠤᠨ ᠠᠯᠤᠰ ᠬᠡᠳᠤ ᠶᠢᠨ ᠬᠥᠭᠵᠢᠯᠲᠡ ᠶᠢᠨ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠯᠢᠦ ᠴᠥᠩ ᠰᠢᠶᠤᠤ ᠣᠷᠣᠯᠴᠠᠵᠠᠶ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号