︽2024 ᠣᠨ ᠤ ᠪᠠᠭᠠᠲᠤᠷᠴᠤᠳ ᠤᠨ ᠴᠤᠭᠯᠠᠭᠠᠨ︾᠎ ᠤ ᠠᠵᠢᠯᠯᠠᠭ᠎ᠠ ᠶᠢ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/27
     8 ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ︽2024 ᠤᠨ ᠤ ᠪᠠᠭᠠᠲᠤᠷᠴᠤᠳ ᠤᠨ ᠴᠤᠭᠯᠠᠭᠠᠨ︾᠎ ᠤ ᠠᠵᠢᠯᠯᠠᠭ᠎ᠠ ᠶᠢᠨ ᠨᠡᠶᠢᠲᠡᠯᠡᠬᠦ ᠬᠤᠷᠠᠯ ᠪᠡᠭᠡᠵᠢᠩ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠠᠵᠢᠯᠯᠠᠭ᠎ᠠ ᠳᠤ ᠣᠷᠣᠯᠴᠠᠵᠠᠶ᠃
    ᠡᠨᠡ ᠵᠢᠯ᠂ ︽2024 ᠣᠨ ᠤ ᠪᠠᠭᠠᠲᠤᠷᠴᠤᠳ ᠤᠨ ᠴᠤᠭᠯᠠᠭᠠᠨ︾ ᠴᠣ ᠰᠢᠨ᠎ᠡ ᠳᠦᠷᠰᠦ ᠪᠠᠶᠢᠳᠠᠯ᠂ ᠨᠠᠩ ᠡᠯᠪᠡᠭ ᠪᠠᠶᠠᠯᠢᠭ ᠠᠵᠢᠯᠯᠠᠭ᠎ᠠ᠂ ᠨᠠᠩ ᠭᠤᠶᠢᠳᠠ ᠰᠠᠶᠢᠬᠠᠨ ᠠᠭᠤᠯᠭ᠎ᠠ ᠪᠠᠷ ᠳᠠᠬᠢᠨᠲᠠ ᠮᠣᠷᠳᠠᠬᠤ ᠪᠣᠯᠤᠨ᠎ᠠ︕ ᠲᠣᠰ ᠤᠳᠠᠭᠠᠨ ᠤ  ᠨᠡᠶᠢᠲᠡᠯᠡᠬᠦ ᠬᠤᠷᠠᠯ ᠨᠢ ᠨᠡᠶᠢᠭᠡᠮ ᠤᠨ ᠡᠯ᠎ᠡ ᠡᠲᠡᠭᠡᠳ ᠲᠤ 2024 ᠣᠨ ᠤ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠠᠵᠢᠯᠯᠠᠭ᠎ᠠ ᠶᠢᠨ ᠨᠠᠷᠢᠨ ᠪᠠᠶᠢᠳᠠᠯ᠂ ᠤᠷᠤᠯᠳᠤᠭᠠᠨ ᠤ ᠲᠣᠬᠢᠷᠠᠭᠤᠯᠤᠯᠲᠠ᠂ ᠤᠨᠴᠠᠯᠢᠬᠳᠤ ᠲᠥᠷᠥᠯ ᠵᠦᠢᠯ ᠵᠡᠷᠭᠡ ᠴᠢᠬᠤᠯᠠ ᠮᠡᠳᠡᠭᠡ ᠵᠠᠩᠭᠢ ᠶᠢ ᠵᠢᠩᠬᠢᠨᠢ ᠪᠠᠷ ᠨᠡᠶᠢᠲᠡᠯᠡᠬᠦ ᠪᠣᠯᠤᠨ᠎ᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号