ᠴᠢᠬᠤᠯᠠ ᠮᠡᠳᠡᠭᠡ︕ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠡᠬᠢᠯᠡᠪᠡ︕
ᠨᠡᠶᠢᠲᠡᠯᠡᠭᠰᠡᠨ ᠴᠠᠭ᠄
2024/8/27
   8 ᠰᠠᠷ᠎ᠠ ᠶᠢᠨ 24᠎ ᠤ ᠡᠳᠦᠷ᠂ ᠡᠯ᠎ᠡ ᠲᠠᠯ᠎ᠠ ᠶᠢᠨ ᠬᠢᠨ ᠤ ᠠᠩᠬᠠᠷᠤᠯ ᠢ ᠶᠡᠬᠡᠳᠡ ᠲᠠᠲᠠᠭᠰᠠᠨ ︽2024 ᠣᠨ ᠤ ᠪᠠᠭᠠᠲᠤᠷᠴᠤᠳ ᠤᠨ ᠴᠤᠭᠯᠠᠭᠠᠨ︾᠎ ᠤ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠠᠵᠢᠯᠯᠠᠭ᠎ᠠ ᠳᠤ ᠣᠷᠣᠯᠴᠠᠵᠠᠶ᠃
   ︵ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ ᠪᠠᠶᠠᠷ ᠤᠨ ᠦᠭᠡ ᠬᠡᠯᠡᠪᠡ︶    ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠯᠢᠦ ᡁᠢ ᠴᠢᠶᠠᠩ  ᠬᠤᠯᠢᠮᠠᠭ ᠲᠡᠮᠡᠴᠡᠭᠡᠨ ᠤ ᠳᠡᠯᠡᠬᠡᠶ ᠶᠢᠨ ᠮᠠᠩᠯᠠᠢ ᠵᠠᠩ ᠸᠧᠶ ᠯᠢ ᠳᠤ ᠤᠷᠢᠯᠭ᠎ᠠ ᠶᠢᠨ ᠪᠢᠴᠢᠭ ᠭᠠᠷᠳᠠᠭᠤᠯᠵᠤ᠂ ᠵᠠᠩ ᠸᠧᠶ ᠯᠢ ᠶᠢ ᠤᠷᠢᠵᠤ ︽2021 ᠣᠨ ᠤ ᠪᠠᠭᠠᠲᠤᠷᠴᠤᠳ ᠤᠨ ᠴᠤᠭᠯᠠᠭᠠᠨ︾᠎ ᠢ ᠳᠡᠯᠭᠡᠷᠡᠭᠦᠯᠬᠦ ᠡᠯᠴᠢᠨ ᠰᠠᠶᠢᠳ ᠪᠣᠯᠭᠠᠪᠠ᠃ ᠣᠶᠢᠯᠠᠭᠠᠭᠰᠠᠨ ᠢᠶᠠᠷ᠂ ᠵᠠᠩ ᠸᠧᠶ ᠯᠢ ︽ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠭᠠᠷᠠᠭ︾᠎ ᠤᠨ ᠬᠤᠭᠤᠴᠠᠭᠠᠨ ᠳᠤ ᠠᠯᠠᠱᠠ ᠳᠤ ᠬᠦᠷᠴᠦ ᠡᠨᠡ ᠵᠢᠯ ᠤᠨ ᠪᠠᠭᠠᠲᠤᠷᠴᠤᠳ ᠤᠨ ᠴᠤᠭᠯᠠᠭᠠᠨ ᠤ ᠠᠵᠢᠯᠯᠠᠭ᠎ᠠ ᠳᠤ ᠣᠷᠣᠯᠴᠠᠬᠤ ᠪᠠᠷ ᠨᠢᠭᠡᠨᠲᠡ ᠲᠣᠭᠲᠠᠭᠰᠠᠨ ᠪᠠᠶᠢᠨ᠎ᠠ᠃ ᠡᠭᠦᠨ ᠤ ᠬᠠᠮᠲᠤ ᠬᠥᠳᠡᠯᠭᠡᠭᠡᠨ ᠢ ᠭᠤᠤᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠤᠨ ᠣᠯᠠᠨ ᠲᠠᠮᠢᠷᠴᠢᠨ ᠢ ᠤᠷᠢᠵᠤ ᠪᠡᠶ᠎ᠡ ᠶᠢᠨ ᠲᠠᠮᠢᠷ ᠪᠠ ᠨᠡᠷᠡᠲᠣ ᠣᠳᠣ ᠤᠳ ᠲᠠᠢ ᠬᠠᠮᠲᠤ ᠪᠠᠭᠠᠲᠤᠷᠴᠤᠳ ᠤᠨ ᠴᠣᠭᠯᠠᠭᠠᠨ ᠳᠤ ᠴᠤᠭᠯᠠᠷᠠᠨ᠎ᠠ᠃
   ᠲᠣᠰ ᠤᠳᠠᠭᠠᠨ ᠤ ︽2024 ᠣᠨ ᠤ ᠪᠠᠭᠠᠲᠤᠷᠴᠤᠳ ᠤᠨ ᠴᠤᠭᠯᠠᠭᠠᠨ︾᠎ ᠢ ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠭᠤᠤᠯᠯᠠᠨ ᠡᠷᠭᠢᠯᠡᠵᠦ᠂ ᠠᠯᠠᠱᠠ ᠠᠶᠢᠮᠠᠭ ᠤᠨ ᠲᠢᠶᠠᠨ ᠺᠦᠩ ᡁᠢ  ᠴᠧᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠪᠡ᠃ ᠡᠨᠡ ᠵᠢᠯ ᠤᠨ ᠠᠵᠢᠯᠯᠠᠭ᠎ᠠ ᠶᠢᠨ ᠠᠭᠤᠯᠭ᠎ᠠ ᠪᠥᠬᠦ ᠲᠠᠯ᠎ᠠ ᠪᠠᠷ ᠲᠠᠰ ᠳᠡᠪᠰᠢᠵᠦ᠂ ᠡᠬᠢᠯᠡᠯᠲᠡ ᠶᠢᠨ ᠶᠣᠰᠣᠯᠠᠯ᠂ ᠤᠷᠤᠯᠳᠤᠭᠠᠨ᠂ ᠰᠣᠶᠣᠯ ᠴᠡᠩᠭᠡᠯ᠂ ᠬᠠᠮ ᠦᠵᠡᠰᠬᠦᠯᠡᠩ᠂ ᠠᠮᠲᠠᠲᠤ ᠢᠳᠡᠭᠡᠨ᠂ ᠬᠡᠭᠡᠷ᠎ᠡ ᠪᠠᠭᠤᠳᠠᠯᠯᠠᠬᠤ᠂ ᠬᠤᠸᠠᠷ ᠫᠤᠤᠵᠢᠩ ᠪᠠ ᠠᠭᠠᠷ ᠤᠨ ᠠᠶᠠᠯᠠᠯ ᠵᠡᠷᠭᠡ 8 ᠶᠡᠭᠡ ᠬᠡᠰᠡᠭ ᠢ ᠨᠠᠷᠢᠨ ᠨᠢᠮᠪᠠᠶ ᠤᠬᠠᠭᠠᠯᠠᠵᠤ᠂  ᠨᠠᠢᠮᠠᠯᠵᠢᠨ ᠰᠢᠩᠬᠡᠯᠢᠭᠲᠦ ᠨᠢᠳᠤᠷᠭᠠᠨ ᠲᠡᠮᠡᠴᠡᠭᠡᠨ᠂ ᠭᠠᠵᠠᠷ ᠤᠨ ᠪᠠᠶᠢᠴᠠ ᠶᠢᠨ ᠲᠡᠷᠭᠡᠨ ᠤ ᠱᠠᠩᠨᠠᠯᠲᠤ ᠤᠷᠤᠯᠳᠤᠭᠠᠨ᠂ GT ᠥᠭᠡᠷᠡᠴᠢᠯᠡᠨ ᠤᠭᠰᠠᠷᠠᠬᠤ ᠦᠵᠡᠰᠬᠦᠯᠡᠩ᠂ ᠰᠣᠯᠣᠩᠭᠠᠨ ᠬᠥᠭᠵᠢᠮ ᠤᠨ ᠨᠠᠶᠢᠷ᠂ ᠤᠯᠠᠭᠠᠨ ᠦᠬᠡᠷ ᠤᠨ ᠲᠦᠢᠯ ᠤᠨ ᠲᠠᠮᠢᠷ ᠤᠨ ᠲᠣᠭᠯᠠᠯᠲᠠ ᠵᠡᠷᠭᠡ 22 ᠵᠦᠢᠯ ᠤᠨ ᠠᠵᠢᠯᠯᠠᠭ᠎ᠠ ᠶᠢ ᠪᠠᠭᠲᠠᠭᠠᠵᠠᠢ᠃ ᠣᠯᠠᠨ ᠤᠯᠤᠰ ᠤᠨ ᠠᠯᠳᠠᠷᠲᠤ ᠠᠵᠢᠯ ᠮᠡᠷᠭᠡᠵᠢᠯ ᠤᠨ ᠨᠢᠳᠤᠷᠭᠠᠨ ᠲᠡᠮᠡᠴᠡᠭᠡᠨ ᠤ ᠵᠣᠬᠢᠶᠠᠨ ᠪᠠᠢᠭᠤᠯᠤᠯᠲᠠ IBF᠎ ᠶᠢ ᠣᠷᠣᠭᠤᠯᠵᠤ᠂ ᠠᠩᠬ᠎ᠠ ᠤᠳᠠᠭ᠎ᠠ IBF᠎ ᠶᠢᠨ ᠡᠯᠡᠰᠦᠨ ᠴᠦᠯ ᠲᠠᠬᠢ ᠣᠷᠣᠯᠳᠣᠭᠠᠨ ᠢ ᠡᠬᠢᠯᠡᠭᠦᠯᠵᠣ᠂ ᠥᠷᠢᠰᠦᠯᠳᠦᠬᠦ ᠴᠢᠨᠠᠷ᠂ ᠣᠷᠣᠯᠴᠠᠬᠤ ᠴᠢᠨᠠᠷ᠂ ᠰᠣᠨᠢᠷᠬᠠᠬᠤ ᠴᠢᠨᠠᠷ ᠢ ᠨᠢᠭᠡ ᠴᠣᠭᠴᠠᠵᠢᠭᠤᠯᠤᠭᠰᠠᠨ ᠦᠪᠡᠳᠡᠭᠰᠢ ᠶᠡᠭᠡ ︽ᠦᠵᠡᠰᠭᠦᠯᠡᠩᠲᠦ ᠰᠠᠢᠬᠠᠨ ᠴᠠᠭ ᠮᠥᠴᠡ︾᠎ ᠶᠢ ᠬᠦᠴᠦᠯᠡᠨ ᠡᠭᠦᠳᠴᠦ᠂ ᠳᠥᠷᠪᠡᠨ ᠲᠠᠯ᠎ᠠ ᠶᠢᠨ ᠵᠣᠴᠢᠳ ᠢ ᠠᠯᠠᠱᠠ ᠶᠢᠨ ᠪᠠᠭᠠᠲᠤᠷᠴᠤᠳ ᠤᠨ ᠬᠤᠷᠠᠯ ᠳᠤ ᠣᠷᠣᠯᠴᠠᠭᠤᠯᠵᠤ᠂ ᠲᠡᠭᠷᠢ ᠡᠯᠡᠰᠦ ᠪᠠᠷ  ᠵᠢᠭᠤᠯᠴᠢᠯᠠᠨ ᠠᠶᠠᠯᠠᠭᠤᠯᠬᠤ ᠪᠠᠷ ᠪᠡᠯᠡᠬᠡᠨ ᠪᠠᠶᠢᠨ᠎ᠠ᠃    ᠠᠯᠠᠱᠠ ᠠᠢᠮᠠᠭ ᠤᠨ ᠲᠢᠶᠠᠨ ᠺᠦᠩ ᡁᠢ ᠴᠧᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠡᠳ᠋ ᠳᠠᠷᠤᠭ᠎ᠠ    ᠯᠢᠦ ᠢ
   2024 ᠣᠨ ᠤ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠨᠢ ᠥᠩᠭᠡᠷᠡᠭᠰᠡᠨ ᠵᠢᠯ ᠤᠳ ᠲᠠᠢ ᠠᠳᠠᠯᠢ ᠦᠭᠡᠢ     ᠳᠠᠪᠠᠭᠤ ᠲᠠᠯ᠎ᠠ ᠪᠣᠯ ᠮᠠᠨ ᠤ ᠡᠨᠡ ᠤᠳᠠᠭᠠᠨ ᠤ ᠤᠷᠠᠨ ᠰᠠᠶᠢᠬᠠᠨ ᠤ ᠦᠵᠡᠭᠦᠯᠦᠭᠡ ᠪᠣᠯᠤᠨ᠎ᠠ᠂ ᠡᠨᠡ ᠵᠢᠯ ᠨᠢᠭᠡ ᠪᠦᠯᠦᠭ ᠠᠯᠳᠠᠷᠲᠠᠢ ᠤᠷᠠᠨ ᠰᠠᠶᠢᠬᠠᠨ ᠤ ᠪᠦᠯᠬᠦᠮ ᠪᠠ ᠭᠤᠶᠢᠳᠠ ᠰᠠᠶᠢᠬᠠᠨ ᠲᠠᠪᠴᠠᠩ ᠪᠠᠶᠢᠬᠤ ᠪᠥᠭᠡᠳ ᠮᠥᠨ ᠪᠦᠬᠦ᠋ᠢᠯᠡ ᠠᠽᠢᠶ᠎ᠠ ᠲᠢᠪ ᠲᠤ ᠴᠤ ᠴᠥᠭᠡᠨ ᠪᠠᠶᠢᠳᠠᠭ ᠡᠶᠢᠮᠦ ᠨᠢᠭᠡᠨ ᠳᠠᠭᠤᠤ ᠬᠥᠭᠵᠢᠮ ᠤᠨ ᠦᠪᠡᠳᠡᠭᠰᠢ ᠴᠤᠭᠯᠠᠭᠠᠨ ᠪᠣᠯᠬᠤ ᠶᠤᠮ᠃ ᠪᠠᠰᠠ ᠡᠬᠢᠯᠡᠯᠲᠡ ᠶᠢᠨ ᠶᠣᠰᠣᠯᠠᠯ ᠢᠶᠠᠨ ᠠᠷᠢᠭᠤᠨ ᠭᠠᠯ ᠠᠰᠠᠭᠠᠬᠤ ᠬᠡᠯᠪᠡᠷᠢ ᠪᠠᠷ ᠡᠬᠢᠯᠡᠭᠦᠯᠵᠣ᠂ ᠨᠤᠲᠤᠭ ᠤᠨ ᠰᠣᠶᠣᠯ ᠪᠠ ᠬᠡᠭᠡᠷᠡᠯᠡᠨ ᠠᠶᠠᠯᠠᠬᠤ ᠰᠣᠶᠣᠯ ᠢ ᠤᠶᠠᠯᠳᠤᠭᠤᠯᠤᠨ᠂ 2024 ᠣᠨ ᠤ ᠨᠢᠭᠡᠨ ᠦᠪᠡᠳᠡᠭᠰᠢ ᠶᠡᠭᠡ ᠶᠣᠰᠣᠯᠠᠯ ᠢ ᠴᠣᠭᠴᠠᠯᠠᠨ ᠪᠠᠶᠢᠭᠤᠯᠬᠤ ᠪᠠᠷ ᠪᠢᠳᠡ ᠪᠦᠬᠦᠨ ᠴᠢᠷᠮᠠᠶᠢᠵᠤ ᠪᠠᠶᠢᠨ᠎ᠠ᠃    ᠠᠵᠢᠯᠯᠠᠭ᠎ᠠ ᠶᠢᠨ ᠠᠬᠤᠶ ᠲᠠᠯᠠᠪᠠᠶ ᠳᠤ᠂ ᠯᠢᠦ ᠳ᠋ᠧ ᠼᠦᠢ ᠠᠯᠠᠱᠠ ᠠᠶᠢᠮᠠᠭ ᠤᠨ ᠴᠢᠨᠠᠷ ᠰᠠᠶᠢᠲᠠᠶ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠵᠢᠴᠢ ᠠᠯᠠᠱᠠ ᠶᠢᠨ ᠥᠪᠡᠷᠮᠢᠴᠡ ᠪᠠᠶᠢᠭᠠᠯᠢ ᠬᠥᠮᠦᠨ ᠰᠣᠶᠣᠯ ᠤᠨ ᠦᠵᠡᠮᠵᠢ ᠶᠢ ᠲᠠᠨᠢᠯᠴᠠᠭᠤᠯᠤᠨ ᠤᠬᠠᠭᠤᠯᠵᠤ᠂ ᠭᠤᠤᠯᠯᠠᠨ ᠡᠷᠭᠢᠯᠡᠭᠰᠡᠨ ᠡᠲᠡᠭᠡᠳ᠂ ᠳᠠᠭᠠᠭᠠᠴᠢᠯᠠᠨ ᠡᠷᠭᠢᠯᠡᠭᠰᠡᠨ ᠲᠠᠯ᠎ᠠ ᠶᠢᠨ ᠬᠢᠨ ᠪᠠᠰᠠ ᠡᠯ᠎ᠡ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃
   ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠪᠡᠭᠡᠵᠢᠩ ᠤᠨ ᠲᠧᠯᠸᠢᠰ ᠬᠤᠷᠢᠶ᠎ᠠ᠂ ᠭᠠᠷᠤᠳᠢ ᠣᠳᠣᠨ ᠲᠧᠯᠸᠢᠰ᠂ ᠳᠡᠯᠡᠬᠡᠢ ᠶᠢᠨ ᠴᠠᠭ ᠤᠨ ᠰᠣᠨᠢᠨ᠂ ᠠᠢ ᠴᠢ ᠢ᠂ ᠶᠢᠦ ᠺᠦ᠋᠂ ᠲᠥᠪ ᠲᠧᠯᠸᠢᠰ ᠵᠡᠷᠭᠡ 50 ᠭᠠᠷᠤᠢ ᠵᠠᠭᠤᠴᠢ ᠣᠷᠣᠯᠴᠠᠵᠠᠢ᠃        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号