︽ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠴᠠᠬᠢᠯᠭᠠᠨ ᠬᠤᠷᠢᠶᠠᠭᠤᠷ ᠤᠨ ᠠᠶᠤᠯᠭᠦᠢ ᠶᠢᠨ ᠮᠡᠷᠭᠡᠵᠢᠯ ᠤᠨ ᠵᠢᠷᠤᠮᠵᠢᠯ︾᠎ ᠤᠨ ᠲᠤᠬᠠᠢ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/27
           ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠣᠬᠢᠶᠠᠨ ᠪᠠᠶᠢᠭᠤᠯᠵᠤ ᠲᠤᠭᠤᠷᠪᠢᠭᠰᠠᠨ ︽ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠴᠠᠬᠢᠯᠭᠠᠨ ᠬᠤᠷᠢᠶᠠᠭᠤᠷ ᠤᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ︵GB 43854 — 2024᠂ ᠳᠣᠷᠣᠭᠰᠢ ︽ᠮᠡᠷᠭᠡᠵᠢᠯ ᠤᠨ ᠵᠢᠷᠤᠮᠵᠢᠯ︾ ᠭᠡᠵᠦ ᠲᠣᠪᠴᠢᠯᠠᠨ᠎ᠠ︶᠎ ᠎ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︵ᠤᠯᠤᠰ ᠤᠨ ᠪᠠᠷᠢᠮᠵᠢᠶᠠᠨ ᠤ ᠵᠥᠪᠯᠡᠯ︶᠎ ᠎ ᠠᠴᠠ ᠨᠢᠭᠡᠨᠲᠡ ᠨᠡᠶᠢᠲᠡᠯᠡᠵᠦ᠂ 2024 ᠣᠨ ᠤ 11ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠬᠦ ᠪᠠᠷ ᠪᠣᠶ᠃ ᠡᠳᠦᠭᠡ ︽ᠮᠡᠷᠭᠡᠵᠢᠯ ᠤᠨ ᠵᠢᠷᠤᠮᠵᠢᠯ︾᠎ ᠎ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠵᠤ ᠪᠠᠶᠢᠨ᠎ᠠ᠄                        ᠨᠢᠭᠡ᠂ ︽ᠮᠡᠷᠭᠡᠵᠢᠯ ᠤᠨ ᠵᠢᠷᠤᠮᠵᠢᠯ︾᠎ ᠎ ᠢ ᠲᠤᠭᠤᠷᠪᠢᠭᠰᠠᠨ ᠦᠨᠳᠦᠰᠦᠯᠡᠯ ᠨᠢ ᠶᠠᠭᠤ ᠪᠤᠢ︖            ᠣᠶᠢᠷ᠎ᠠ ᠶᠢᠨ ᠵᠢᠯ ᠠᠴᠠ᠂ ᠮᠠᠨ ᠤ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠲᠦᠷᠭᠡᠨ ᠨᠡᠮᠡᠭᠳᠡᠵᠦ᠂ ᠣᠳᠣᠬᠠᠨ ᠳᠤ ᠤᠯᠤᠰ ᠤᠨ ᠳᠣᠲᠣᠭᠠᠳᠤ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠨᠡᠶᠢᠭᠡᠮ ᠤᠨ ᠥᠮᠴᠢᠯᠡᠯ ᠤᠨ ᠬᠡᠮᠵᠢᠶ᠎ᠡ ᠨᠢᠭᠡᠨᠲᠡ 3.5 ᠳ᠋ᠦᠩᠰᠢᠭᠤᠷ ᠢ ᠳᠠᠪᠠᠵᠤ᠂ 2023 ᠣᠨ ᠳᠤ ᠪᠦᠬᠦ ᠤᠯᠤᠰ ᠤᠨ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠨᠡᠶᠢᠳᠡ 4228 ᠲᠦᠮᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠵᠦ ᠪᠤᠢ᠃ ᠴᠠᠬᠢᠯᠭᠠᠨ ᠳᠤᠭᠤᠢ ᠶᠢᠨ ᠬᠡᠷᠡᠭᠯᠡᠳᠡᠭ ᠬᠡᠯᠬᠢᠶ᠎ᠡ ᠬᠠᠭᠤᠷᠠᠢ ᠲᠣᠰᠣ ᠳᠤ ᠭᠤᠣᠯᠳᠠᠭᠤ ᠲᠤᠭᠤᠯᠭᠠᠨ ᠬᠡᠯᠬᠢᠶ᠎ᠡ ᠬᠠᠭᠤᠷᠠᠢ ᠲᠣᠰᠣ ᠪᠣᠯᠣᠨ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠭᠡᠵᠦ ᠬᠤᠶᠠᠷ ᠵᠦᠢᠯ ᠪᠠᠶᠢᠳᠠᠭ᠃ ᠤᠯᠤᠰ ᠤᠨ ᠳᠣᠲᠣᠭᠠᠳᠤ ᠶᠢᠨ ᠭᠤᠣᠯ ᠪᠣᠯᠬᠤ ᠴᠠᠬᠢᠯᠭᠠᠨ ᠳᠤᠭᠤᠢ ᠶᠢᠨ ᠨᠠᠷᠠᠲᠤ ᠲᠡᠮᠳᠡᠭ ᠤᠨ ᠨᠡᠶᠢᠲᠡᠯᠡᠭᠰᠡᠨ ᠴᠠᠬᠢᠯᠭᠠᠨ ᠳᠤᠭᠤᠢ ᠶᠢᠨ ᠰᠢᠨ᠎ᠡ ᠬᠡᠯᠪᠡᠷᠢ ᠶᠢᠨ ᠳᠣᠲᠣᠷ᠎ᠠ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢ ᠲᠣᠬᠢᠷᠠᠭᠤᠯᠬᠤ ᠬᠠᠷᠢᠴᠠᠯ ᠨᠢ ᠨᠢᠭᠡᠨᠲᠡ 20%᠎ ᠶᠢ ᠳᠠᠪᠠᠭᠰᠠᠨ ᠪᠠᠶᠢᠨ᠎ᠠ᠃ ᠠᠵᠤ ᠦᠢᠯᠡᠰ ᠤᠨ ᠬᠡᠪᠴᠢᠶ᠎ᠡ ᠶᠢᠨ ᠥᠷᠭᠡᠳᠬᠦ ᠶᠢ ᠳᠠᠭᠠᠯᠳᠤᠨ᠂ ᠪᠠᠷᠢᠮᠵᠢᠶ᠎ᠠ ᠨᠢ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠮᠡᠷᠭᠡᠵᠢᠯ ᠤᠨ ᠲᠤᠯᠭᠠᠭᠤᠷᠢᠯᠠᠯ ᠪᠣᠯᠤᠭᠰᠠᠨ ᠤ ᠬᠤᠪᠢ ᠳᠤ ᠲᠠᠰᠤᠷᠠᠯᠲᠠ ᠦᠭᠡᠢ ᠲᠡᠭᠦᠯᠳᠡᠷᠵᠢᠨ ᠳᠡᠭᠡᠭᠰᠢᠯᠡᠵᠦ᠂ ᠡᠭᠦᠨ ᠤ ᠤᠯᠠᠮ ᠢᠶᠠᠷ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠦᠢᠯᠡᠳᠬᠦᠨ ᠤ ᠵᠢᠷᠤᠭ ᠲᠥᠯᠥᠪᠯᠡᠭᠡ᠂ ᠦᠢᠯᠡᠳᠪᠦᠷᠢᠯᠡᠯ ᠪᠠ ᠪᠣᠷᠤᠯᠠᠭᠤᠯᠭ᠎ᠠ ᠵᠡᠷᠭᠡ ᠭᠤᠭᠴᠤᠭ᠎ᠠ ᠶᠢ ᠵᠢᠷᠤᠮᠵᠢᠭᠤᠯᠵᠤ᠂ ᠦᠢᠯᠡᠳᠬᠦᠨ ᠤ ᠴᠢᠨᠠᠷ ᠴᠢᠨᠰᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃                        ᠬᠤᠶᠠᠷ᠂ ︽ᠮᠡᠷᠭᠡᠵᠢᠯ ᠤᠨ ᠵᠢᠷᠤᠮᠵᠢᠯ︾᠎ ᠎ ᠢ ᠨᠡᠶᠢᠲᠡᠯᠡᠭᠰᠡᠨ ᠨᠢ ᠶᠠᠮᠠᠷ ᠠᠴᠢ ᠬᠤᠯᠪᠣᠭᠳᠠᠯ ᠲᠠᠢ ᠪᠤᠢ︖            ︽ᠮᠡᠷᠭᠡᠵᠢᠯ ᠤᠨ ᠵᠢᠷᠤᠮᠵᠢᠯ︾᠎ ᠨᠢ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠠᠭᠤᠷᠠᠢ ᠲᠣᠰᠣ ᠶᠢᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠣᠯᠤᠭᠰᠠᠨ ᠤ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠦᠢᠯᠡᠳᠬᠦᠨ ᠢ ᠵᠢᠷᠤᠵᠤ ᠲᠥᠯᠥᠪᠯᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠶᠠᠪᠤᠴᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠡᠷᠡᠭᠯᠡᠬᠦ ᠶᠠᠪᠤᠴᠠ ᠳᠤ ᠭᠠᠯ ᠤᠨ ᠠᠶᠤᠯ ᠵᠡᠷᠭᠡ ᠠᠮᠤᠷ ᠲᠦᠪᠰᠢᠨ ᠤ ᠠᠳᠡᠯ ᠭᠠᠷᠬᠤ ᠨᠣᠷᠮ᠎ᠠ ᠶᠢ ᠪᠠᠭᠠᠰᠬᠠᠨ᠂ ᠬᠡᠷᠡᠭᠯᠡᠭᠴᠢᠳ ᠤᠨ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠴᠠᠬᠢᠯᠭᠠᠨ ᠳᠤᠭᠤᠢ ᠶᠢᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃                        ᠭᠤᠷᠪᠠ᠂ ︽ᠮᠡᠷᠭᠡᠵᠢᠯ ᠤᠨ ᠳᠦᠷᠢᠮᠵᠢᠯ︾᠎ ᠎ ᠢ ᠶᠠᠮᠠᠷ ᠶᠠᠮᠠᠷ ᠲᠡᠷᠭᠡᠨ ᠤ ᠬᠠᠭᠤᠷᠠᠢ ᠲᠣᠰᠣ ᠳᠤ ᠬᠡᠷᠡᠭᠯᠡᠬᠦ ᠪᠤᠢ            ︽ᠮᠡᠷᠭᠡᠵᠢᠯ ᠤᠨ ᠵᠢᠷᠤᠮᠵᠢᠯ︾᠎ ᠎ ᠢ ᠵᠥᠪᠬᠡᠨ GB 17761 ︽ᠴᠠᠬᠢᠯᠭᠠᠨ ᠳᠤᠭᠤᠢ ᠶᠢᠨ ᠠᠶᠤᠯᠭᠦᠢ ᠶᠢᠨ ᠮᠡᠷᠭᠡᠵᠢᠯ ᠤᠨ ᠵᠢᠷᠤᠮᠵᠢᠯ︾᠎ ᠎ ᠳᠤ ᠲᠣᠭᠲᠠᠭᠠᠭᠰᠠᠨ᠂ ᠬᠠᠮᠤᠭ ᠤᠨ ᠶᠡᠭᠡ ᠭᠠᠷᠭᠠᠬᠤ ᠬᠦᠴᠦᠳᠡᠯ ᠨᠢ 60V᠎ ᠠᠴᠠ ᠬᠡᠲᠦᠷᠡᠬᠦ ᠦᠭᠡᠢ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠳᠤ ᠬᠡᠷᠡᠭᠯᠡᠨ᠎ᠡ᠃ ᠴᠠᠬᠢᠯᠭᠠᠨ ᠬᠥᠳᠡᠯᠭᠡᠭᠦᠷᠲᠦ ᠭᠤᠯᠭᠤᠭᠤᠷ ᠬᠠᠪᠲᠠᠰᠤᠲᠤ ᠲᠡᠷᠭᠡ᠂ ᠲᠡᠩᠴᠡᠭᠦᠷᠢᠲᠦ ᠲᠡᠷᠭᠡ᠂ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠵᠡᠷᠭᠡ ᠲᠡᠷᠭᠡᠨ ᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠳᠤ ᠬᠡᠷᠡᠭᠯᠡᠬᠦ ᠳᠤ ᠲᠣᠬᠢᠷᠠᠬᠤ ᠦᠭᠡᠢ᠃                        ᠳᠥᠷᠪᠡ᠂ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢ ᠭᠤᠣᠯᠳᠠᠭᠤ ᠶᠠᠮᠠᠷ ᠲᠦᠷᠦᠯ ᠳᠤ ᠬᠤᠪᠢᠶᠠᠳᠠᠭ ᠪᠤᠢ︖ ︽ᠮᠡᠷᠭᠡᠵᠢᠯ ᠤᠨ ᠵᠢᠷᠤᠮᠵᠢᠯ︾᠎ ᠎ ᠤᠨ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ ᠦᠦ ᠦᠭᠡᠢ ᠦᠦ︖                        ᠦᠷᠭᠦᠯᠵᠢ ᠬᠠᠷᠠᠭᠳᠠᠳᠠᠭ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠳᠤ ᠭᠤᠣᠯᠳᠠᠭᠤ ᠮᠠᠩᠭᠠᠨ ᠬᠦᠴᠢᠯ ᠤᠨ ᠯᠢᠲ᠋ᠢ ᠬᠠᠭᠤᠷᠠᠢ ᠲᠣᠰᠣ᠂ ᠹᠣᠰᠹᠣᠷ ᠬᠦᠴᠢᠯ ᠤᠨ ᠳᠤᠲᠠᠭᠤ ᠲᠡᠮᠦᠷ ᠯᠢᠲ᠋ᠢ ᠬᠠᠭᠤᠷᠠᠢ ᠲᠣᠰᠣ ᠪᠣᠯᠣᠨ ᠭᠤᠷᠪᠠᠨ ᠡᠰᠢᠲᠦ ᠯᠢᠲ᠋ᠢ ᠬᠠᠭᠤᠷᠠᠢ ᠲᠣᠰᠣ ᠵᠡᠷᠭᠡ ᠪᠤᠢ᠃ ᠡᠭᠦᠨ ᠳᠤ ᠭᠤᠷᠪᠠᠨ ᠡᠰᠢᠲᠦ ᠯᠢᠲ᠋ᠢ ᠬᠠᠭᠤᠷᠠᠢ ᠲᠣᠰᠣ ᠶᠢ ᠪᠠᠰᠠ ᠥᠨᠳᠥᠷ ᠨᠢᠺᠧᠯ ᠤᠨ ᠰᠢᠰᠲ᠋ᠧᠮ ᠤᠨ ᠨᠢᠺᠧᠯ ᠺᠣᠪᠠᠯᠲ ᠮᠠᠩᠭᠠᠨ ᠬᠠᠭᠤᠷᠠᠢ ᠲᠣᠰᠣ᠂ ᠨᠢᠺᠧᠯ ᠺᠣᠪᠠᠯᠲ ᠬᠥᠩᠭᠡᠨᠴᠠᠭᠠᠨ ᠬᠠᠭᠤᠷᠠᠢ ᠲᠣᠰᠣ ᠵᠢᠴᠢ ᠨᠢᠺᠧᠯ ᠦᠭᠡᠢ ᠹᠣᠰᠹᠣᠷ ᠬᠦᠴᠢᠯ ᠤᠨ ᠮᠠᠩᠭᠠᠨ ᠲᠡᠮᠦᠷ ᠯᠢᠲ᠋ᠢ ᠬᠠᠭᠤᠷᠠᠢ ᠲᠣᠰᠣ ᠵᠡᠷᠭᠡ ᠪᠠᠷ ᠬᠤᠪᠢᠶᠠᠵᠤ ᠪᠣᠯᠣᠨ᠎ᠠ᠃                        ︽ᠮᠡᠷᠭᠡᠵᠢᠯ ᠤᠨ ᠵᠢᠷᠤᠮᠵᠢᠯ︾᠎ ᠨᠢ ᠲᠠᠩ ᠪᠡᠶᠡᠲᠦ ᠬᠠᠭᠤᠷᠠᠢ ᠲᠣᠰᠣ ᠳᠤ ᠴᠢᠭᠯᠡᠭᠦᠯᠦᠨ ᠬᠡᠲᠦ ᠴᠡᠨᠡᠭᠯᠡᠬᠦ ︵1.5 ᠳᠠᠬᠢᠨ︶᠂ ᠵᠡᠭᠦᠦ ᠪᠠᠷ ᠬᠠᠳᠬᠤᠬᠤ ᠵᠡᠷᠭᠡ ᠴᠢᠩᠭ᠎ᠠ ᠨᠢᠮᠪᠠᠢ ᠰᠢᠯᠭᠠᠯᠲᠠ ᠶᠢ ᠲᠣᠭᠲᠠᠭᠠᠵᠠᠢ᠂ ᠥᠨᠳᠥᠷ ᠨᠢᠺᠧᠯ ᠤᠨ ᠰᠢᠰᠲ᠋ᠧᠮ ᠤᠨ ᠭᠤᠷᠪᠠᠨ ᠡᠰᠢᠲᠦ ᠯᠢᠲ᠋ᠢ ᠶᠢᠨ ᠬᠠᠭᠤᠷᠠᠢ ᠲᠣᠰᠣ ᠶᠢ ᠳᠡᠭᠡᠷ᠎ᠡ ᠳᠤᠷᠠᠳᠤᠭᠰᠠᠨ ᠰᠢᠯᠭᠠᠯᠲᠠ ᠶᠢ ᠥᠩᠭᠡᠷᠡᠭᠡᠬᠦ ᠳᠤ ᠪᠡᠷᠬᠡ᠂ ᠬᠤᠶᠢᠰᠢᠳᠠ ᠴᠠᠬᠢᠯᠭᠠᠨ ᠳᠤᠭᠤᠢ ᠶᠢᠨ ᠬᠦᠷᠢᠶᠡᠨ ᠳᠤ ᠬᠡᠷᠡᠭᠯᠡᠬᠦ ᠳᠤ ᠪᠡᠷᠬᠡ ᠪᠣᠯᠣᠨ᠎ᠠ᠃                        ᠲᠠᠪᠤ᠂ ︽ᠲᠧᠭᠨᠢᠭ ᠮᠡᠷᠭᠡᠵᠢᠯ ᠤᠨ ᠵᠢᠷᠤᠮᠵᠢᠯ︾᠎ ᠎ ᠳᠤ ᠲᠣᠭᠲᠠᠭᠠᠭᠰᠠᠨ ᠬᠡᠮᠵᠢᠨ ᠰᠢᠯᠭᠠᠬᠤ ᠵᠦᠢᠯ ᠤᠳ ᠶᠠᠭᠤ ᠶᠠᠭᠤ ᠪᠠᠶᠢᠬᠤ ᠪᠤᠢ︖            ︽ᠮᠡᠷᠭᠡᠵᠢᠯ ᠤᠨ ᠳᠦᠷᠢᠮᠵᠢᠯ︾᠎ ᠎ ᠳᠤ 6 ᠵᠦᠢᠯ ᠤᠨ ᠳᠠᠩ ᠪᠡᠶᠡᠲᠦ ᠬᠠᠭᠤᠷᠠᠢ ᠲᠣᠰᠣ ᠶᠢ ᠬᠡᠮᠵᠢᠨ ᠰᠢᠯᠭᠠᠬᠤ ᠳᠦᠷᠦᠯ ᠵᠦᠢᠯ ᠢ ᠲᠣᠭᠲᠠᠭᠠᠪᠠ᠂ ᠡᠭᠦᠨ ᠳᠤ ᠲᠡᠮᠳᠡᠭ᠂ ᠬᠡᠳᠦ ᠴᠡᠨᠡᠭᠯᠡᠬᠦ᠂ ᠬᠡᠳᠦ ᠨᠢᠷᠭᠡᠯᠭᠡ᠂ ᠭᠠᠳᠠᠷ ᠲᠠᠯ᠎ᠠ ᠶᠢᠨ ᠳᠥᠲᠡᠯᠡᠯ ᠵᠠᠮ᠂ ᠢᠯᠴᠢ ᠶᠢ ᠳᠤᠷ᠎ᠠ ᠪᠠᠷ ᠬᠡᠷᠡᠭᠯᠡᠬᠦ᠂ ᠵᠡᠭᠦᠦ ᠪᠠᠷ ᠬᠠᠳᠬᠤᠬᠤ ᠵᠡᠷᠭᠡ ᠪᠠᠭᠲᠠᠨ᠎ᠠ︔ 22 ᠵᠦᠢᠯ ᠤᠨ ᠬᠠᠭᠤᠷᠠᠢ ᠲᠣᠰᠣ ᠶᠢᠨ ᠪᠦᠯᠦᠭ ᠤᠨ ᠬᠡᠮᠵᠢᠨ ᠰᠢᠯᠭᠠᠬᠤ ᠲᠦᠷᠦᠯ ᠵᠦᠢᠯ ᠳᠤ ᠲᠡᠮᠳᠡᠭ᠂ ᠲᠠᠶᠢᠪᠤᠩ ᠴᠠᠬᠢᠯᠭᠠᠨ ᠢᠶᠠᠷ ᠴᠠᠬᠢᠯᠭᠠᠨ ᠭᠠᠷᠭᠠᠬᠤ᠂ ᠬᠡᠳᠤ ᠴᠠᠬᠢᠯᠭᠠᠨ ᠭᠠᠷᠭᠠᠬᠤ᠂ ᠬᠡᠳᠤ ᠴᠠᠬᠢᠯᠭᠠᠨ ᠴᠡᠨᠡᠭᠯᠡᠬᠦ᠂ ᠳᠤᠯᠠᠭᠠᠨ ᠤ ᠬᠡᠮᠵᠢᠶ᠎ᠡ ᠶᠢ ᠬᠠᠮᠠᠭᠠᠯᠠᠬᠤ᠂ ᠭᠠᠳᠠᠷ ᠲᠠᠯ᠎ᠠ ᠶᠢᠨ ᠳᠥᠲᠡᠯᠡᠯ᠂ ᠬᠠᠷᠢᠯᠴᠠᠨ ᠮᠡᠳᠡᠷᠡᠬᠦ ᠬᠠᠮᠵᠢᠯᠴᠠᠨ ᠴᠠᠬᠢᠯᠭᠠᠨ ᠴᠡᠨᠡᠭᠯᠡᠬᠦ ᠂ ᠲᠤᠭ᠎ᠠ ᠪᠠᠷᠢᠮᠲᠠ ᠴᠤᠭᠯᠠᠭᠤᠯᠬᠤ᠂ ᠬᠥᠨᠳᠡᠶᠢᠷᠡᠭᠦᠯᠬᠦ ᠴᠠᠬᠢᠯᠭᠠᠨ ᠡᠰᠡᠷᠭᠦᠴᠡᠯ᠂ ᠰᠢᠬᠠᠨ ᠳᠠᠷᠤᠬᠤ᠂ ᠬᠤᠷᠳᠤᠳᠬᠠᠯ ᠤᠨ ᠳᠠᠭᠠᠷᠢᠯᠲᠠ᠂ ᠬᠡᠯᠪᠡᠯᠵᠡᠯᠲᠡ᠂ ᠴᠢᠯᠦᠭᠡᠲᠦ ᠪᠠᠭᠤᠷᠠᠯᠲᠠ᠂ ᠪᠠᠷᠢᠭᠤᠯ ᠤᠨ ᠬᠦᠴᠦᠯᠡᠴᠡ᠂ ᠰᠢᠲᠠᠯᠲᠠ ᠶᠢ ᠬᠤᠷᠢᠭᠯᠠᠬᠤ ᠴᠢᠨᠠᠷ᠂ ᠠᠭᠠᠷ ᠤᠨ ᠳᠣᠣᠷ᠎ᠠ ᠳᠠᠷᠤᠴᠠ᠂ ᠬᠡᠳᠤ ᠤᠷᠤᠰᠬᠠᠯᠲᠤ ᠴᠠᠬᠢᠯᠭᠠᠨ ᠭᠠᠷᠭᠠᠬᠤ᠂ ᠳᠤᠯᠠᠭᠠᠨ ᠤ ᠬᠡᠮᠵᠢᠶ᠎ᠡ ᠶᠢᠨ ᠡᠷᠭᠢᠯᠲᠡ᠂ ᠤᠰᠤᠨ ᠳᠤ ᠳᠡᠪᠲᠦᠬᠦ᠂ ᠳᠠᠪᠤᠰᠤᠨ ᠮᠠᠨᠠᠨ᠂ ᠨᠣᠶᠢᠲᠠᠨ ᠢᠯᠴᠢ ᠶᠢᠨ ᠡᠷᠭᠢᠯᠲᠡ᠂ ᠢᠯᠴᠢ ᠲᠠᠷᠬᠠᠯᠲᠠ ᠶᠢ ᠪᠠᠭᠲᠠᠭᠠᠨ᠎ᠠ᠃                        ᠡᠭᠦᠨ ᠳᠤ᠂ ᠳᠣᠣᠷᠠᠬᠢ ᠬᠡᠳᠦᠨ ᠰᠣᠷᠢᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ                  1. ᠳᠠᠩ ᠪᠡᠶᠡᠲᠦ ᠬᠠᠭᠤᠷᠠᠢ ᠲᠣᠰᠣ ᠶᠢᠨ ᠭᠡᠳᠦ ᠴᠡᠨᠡᠭᠯᠡᠭᠰᠡᠨ ︵᠎ 1.5 ᠲᠡᠬᠢᠠ︶ ᠬᠡᠮᠵᠢᠯᠲᠡ᠂ ᠵᠡᠭᠦᠦ ᠪᠠᠷ ᠬᠠᠳᠬᠤᠬᠤ ᠲᠤᠷᠰᠢᠯᠲᠠ ᠨᠢ ᠬᠠᠭᠤᠷᠠᠢ ᠲᠣᠰᠣ ᠶᠢᠨ ᠠᠶᠤᠯᠭᠦᠢ ᠴᠢᠨᠠᠷ ᠢ ᠪᠦᠲᠦᠮᠵᠢᠲᠡᠶ ᠪᠠᠷ ᠰᠢᠯᠢᠨ ᠰᠣᠩᠭᠤᠵᠤ ᠪᠣᠯᠣᠨ᠎ᠠ᠃                        2. ᠬᠠᠭᠤᠷᠠᠢ ᠲᠣᠰᠣ ᠶᠢᠨ ᠪᠦᠯᠦᠭ ᠨᠢ ᠴᠤᠷ ᠤᠨ ᠭᠠᠭᠴᠠ ᠴᠢᠨᠠᠷ ᠤᠨ ᠳ᠋ᠤᠭᠠᠷᠯᠠᠯ ᠲᠠᠢ ᠪᠠᠶᠢᠬᠤ ᠬᠡᠷᠡᠭᠲᠡᠢ ᠪᠥᠭᠡᠳ ᠳ᠋ᠤᠭᠠᠷᠯᠠᠯ ᠤᠨ ᠲᠡᠮᠳᠡᠭ ᠨᠢ ᠥᠨᠳᠥᠷ ᠳᠤᠯᠠᠭᠠᠨ ᠳᠤ ᠲᠡᠰᠪᠦᠷᠢᠲᠡᠢ ︵᠎ 950℃︶ ᠮᠠᠲ᠋ᠧᠷᠢᠶᠠᠯ ᠤᠨ ᠴᠢᠨᠠᠷ ᠢ ᠬᠡᠷᠡᠭᠯᠡᠬᠦ ᠬᠡᠷᠡᠭᠲᠡᠢ᠂ ᠭᠠᠯ ᠤᠨ ᠠᠶᠤᠯ ᠭᠠᠷᠤᠭᠰᠠᠨ ᠴᠤ ᠮᠥᠷᠳᠡᠨ ᠨᠡᠬᠡᠮᠵᠢᠯᠡᠵᠦ ᠪᠣᠯᠣᠨ᠎ᠠ᠃                  3. ᠬᠠᠭᠤᠷᠠᠢ ᠲᠣᠰᠣ ᠶᠢᠨ ᠪᠦᠯᠦᠭ ᠤᠨ ᠭᠡᠳᠦ ᠴᠡᠨᠡᠭᠯᠡᠬᠦ᠂ ᠭᠠᠳᠠᠷ ᠲᠠᠯ᠎ᠠ ᠶᠢᠨ ᠳᠥᠲᠡᠯᠡᠯ᠂ ᠭᠡᠳᠦ ᠭᠦᠶᠦᠳᠡᠯ ᠤᠨ ᠴᠠᠬᠢᠯᠭᠠᠨ ᠨᠢᠷᠭᠡᠯᠭᠡ ᠶᠢᠨ ᠲᠤᠷᠰᠢᠯᠲᠠ ᠶᠢ ᠬᠡᠪ ᠤᠨ ᠠᠵᠢᠯᠯᠠᠬᠤ ᠨᠥᠬᠦᠴᠡᠯ ᠪᠠ ᠲᠤᠨᠤᠭ ᠰᠡᠯᠪᠢᠭᠡᠰᠦ ᠶᠢᠨ ᠳᠠᠩ ᠭᠠᠭᠴᠠ ᠭᠡᠮᠲᠦᠯ ᠢ ᠬᠠᠮᠠᠭᠠᠯᠠᠬᠤ ᠨᠥᠬᠦᠴᠡᠯ ᠳᠣᠣᠷ᠎ᠠ ᠪᠦᠷ ᠬᠢᠬᠦ ᠬᠡᠷᠡᠭᠲᠡᠢ᠂ ᠡᠶᠢᠮᠦ ᠠᠴᠠ ᠬᠠᠭᠤᠷᠠᠢ ᠲᠣᠰᠣ ᠶᠢᠨ ᠪᠦᠯᠦᠭ ᠲᠤ ᠳᠠᠪᠬᠤᠷ ᠬᠠᠮᠠᠭᠠᠯᠠᠯᠲᠠ ᠶᠢᠨ ᠵᠢᠷᠤᠭ ᠲᠥᠯᠥᠪᠯᠡᠭᠡ ᠬᠢᠪᠡᠯ ᠰᠠᠶ᠋ᠢ ᠱᠠᠭᠠᠷᠳᠠᠯᠭ᠎ᠠ ᠶᠢ ᠬᠠᠩᠭᠠᠵᠤ ᠴᠢᠳᠠᠨ᠎ᠠ᠃                  4. ᠬᠠᠭᠤᠷᠠᠢ ᠲᠣᠰᠣ ᠶᠢᠨ ᠪᠦᠯᠦᠭ ᠨᠢ ᠬᠠᠷᠢᠯᠴᠠᠨ ᠮᠡᠳᠡᠷᠡᠬᠦ ᠬᠠᠮᠵᠢᠯᠴᠠᠨ ᠴᠠᠬᠢᠯᠭᠠᠨ ᠴᠡᠨᠡᠭᠯᠡᠬᠦ ᠴᠢᠳᠠᠪᠤᠷᠢ ᠶᠢ ᠪᠦᠷᠢᠯᠳᠦᠭᠦᠯᠵᠦ᠂ ᠴᠠᠬᠢᠯᠭᠠᠨ ᠴᠡᠨᠡᠭᠯᠡᠬᠦ ᠲᠣᠨᠣᠭᠯᠠᠯ ᠨᠢ ᠬᠠᠭᠤᠷᠠᠢ ᠲᠣᠰᠣ ᠶᠢᠨ ᠪᠦᠯᠦᠭ ᠲᠤ ᠴᠠᠬᠢᠯᠭᠠᠨ ᠴᠡᠨᠡᠭᠯᠡᠬᠦ ᠳᠤ ᠤᠴᠠᠷᠠᠭᠤᠯᠬᠤ ᠠᠶᠤᠯ ᠲᠦᠭᠰᠢᠭᠦᠷᠢ ᠶᠢ ᠪᠠᠭᠠᠰᠬᠠᠬᠤ ᠵᠣᠷᠢᠯᠭ᠎ᠠ ᠪᠠᠷ ᠬᠠᠷᠢᠯᠴᠠᠨ ᠮᠡᠳᠡᠷᠡᠬᠦ ᠬᠠᠮᠵᠢᠯᠴᠠᠨ ᠴᠠᠬᠢᠯᠭᠠᠨ ᠴᠡᠨᠡᠭᠯᠡᠬᠦ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃                  5. ᠬᠠᠭᠤᠷᠠᠢ ᠲᠣᠰᠣ ᠶᠢᠨ ᠪᠦᠯᠦᠭ ᠴᠠᠬᠢᠯᠭᠠᠨ ᠴᠡᠨᠡᠭᠯᠡᠬᠦ᠂ ᠴᠠᠬᠢᠯᠭᠠᠨ ᠨᠢᠷᠭᠡᠯᠭᠡ ᠶᠢᠨ ᠶᠠᠪᠤᠴᠠ ᠳᠤ ᠴᠠᠭ ᠲᠤᠬᠠᠢ ᠳᠤᠨᠢ ᠬᠠᠭᠤᠷᠠᠢ ᠲᠣᠰᠣ ᠶᠢᠨ ᠴᠠᠬᠢᠯᠭᠠᠨ ᠬᠦᠴᠦᠳᠡᠯ᠂ ᠬᠠᠭᠤᠷᠠᠢ ᠲᠣᠰᠣ ᠶᠢᠨ ᠪᠦᠯᠦᠭ ᠤᠨ ᠴᠠᠬᠢᠯᠭᠠᠨ ᠬᠦᠴᠦᠳᠡᠯ/ ᠳᠤᠯᠠᠭᠠᠨ/ ᠴᠠᠬᠢᠯᠭᠠᠨ ᠭᠦᠶᠦᠳᠡᠯ ᠢ ᠴᠤᠭᠯᠠᠭᠤᠯᠬᠤ ᠬᠡᠷᠡᠭᠲᠡᠢ᠂ ᠡᠨᠡ ᠨᠢ ᠳᠠᠷᠤᠢ ᠬᠠᠭᠤᠷᠠᠢ ᠲᠣᠰᠣ ᠶᠢᠨ ᠪᠦᠯᠦᠭ ᠢ ᠬᠠᠮᠢᠶᠠᠷᠤᠯᠲᠠ ᠶᠢᠨ ᠰᠢᠰᠲ᠋ᠧᠮ ︵ᠣᠶᠤᠨᠲᠤ ︽ᠶᠡᠭᠡ ᠲᠠᠷᠢᠬᠢ︾︶᠎ ᠎ ᠢ ᠲᠣᠬᠢᠷᠠᠭᠤᠯᠵᠤ ᠴᠠᠭ ᠲᠤᠬᠠᠢ ᠎ ᠳᠤᠨᠢ ᠬᠢᠨᠠᠨ ᠡᠵᠡᠮᠳᠡᠬᠦ ᠶᠢ ᠱᠠᠭᠠᠷᠳᠠᠨ᠎ᠠ᠃                  6. ᠦᠢᠯᠡᠳᠪᠦᠷᠢᠯᠡᠭᠴᠢ ᠬᠠᠭᠤᠷᠠᠢ ᠲᠣᠰᠣ ᠶᠢᠨ ᠪᠦᠯᠦᠭ ᠳᠡᠭᠡᠷ᠎ᠡ ︽ᠠᠶᠤᠯᠭᠦᠢ ᠬᠡᠷᠡᠭᠯᠡᠬᠦ ᠵᠢᠯ ᠬᠤᠭᠤᠴᠠᠭ᠎ᠠ ︾᠎ ᠎ ᠶᠢ ᠲᠣᠳᠣᠷᠬᠠᠢ ᠲᠡᠮᠳᠡᠭᠯᠡᠵᠦ᠂ ᠬᠡᠷᠡᠭᠯᠡᠭᠴᠢᠳ ᠲᠤ ᠬᠠᠭᠤᠴᠢᠨ ᠬᠠᠭᠤᠷᠠᠢ ᠲᠣᠰᠣ ᠶᠢ ᠴᠠᠭ ᠲᠤᠬᠠᠢ ᠳᠤᠨᠢ ᠭᠡᠭᠡᠭᠳᠡᠭᠦᠯᠬᠦ ᠶᠢ ᠰᠠᠨᠠᠭᠤᠯᠬᠤ ᠬᠡᠷᠡᠭᠲᠡᠢ᠂ ᠡᠨᠡ ᠨᠢ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠬᠡᠷᠡᠭᠯᠡᠬᠦ ᠵᠢᠯ ᠬᠤᠭᠤᠴᠠᠭ᠎ᠠ ᠶᠢᠨ ᠨᠡᠮᠡᠭᠳᠡᠬᠦ ᠶᠢ ᠳᠠᠭᠠᠯᠳᠤᠨ᠂ ᠲᠡᠭᠦᠨ ᠤ ᠠᠶᠤᠯᠭᠦᠢ ᠶᠢᠨ ᠠᠶᠤᠯ ᠲᠦᠭᠰᠢᠭᠦᠷᠢ ᠨᠢ ᠴᠦ ᠠᠭᠠᠵᠢᠮ ᠢᠶᠠᠷ ᠶᠡᠬᠡᠰᠬᠦ ᠠᠴᠠ ᠪᠣᠯᠤᠭᠰᠠᠨ ᠶᠤᠮ᠃                  7. ᠬᠠᠭᠤᠷᠠᠢ ᠲᠣᠰᠣ ᠶᠢᠨ ᠪᠦᠯᠦᠭ ᠤᠨ ᠭᠠᠳᠠᠷ ᠬᠠᠯᠢᠰᠤ᠂ ᠬᠡᠪᠯᠡᠮᠡᠯ ᠴᠠᠬᠢᠯᠭᠠᠨ ᠬᠡᠯᠬᠢᠶ᠎ᠡ ᠶᠢᠨ ᠬᠠᠪᠲᠠᠰᠤ᠂ ᠳᠠᠮᠵᠢᠭᠤᠯᠤᠭᠴᠢ ᠤᠲᠠᠰᠤᠨ ᠳᠤ ᠰᠢᠲᠠᠯᠲᠠ ᠶᠢ ᠬᠤᠷᠢᠭᠯᠠᠬᠤ ᠴᠢᠨᠠᠷᠲᠠᠢ ᠮᠠᠲ᠋ᠧᠷᠢᠶᠠᠯ ᠢ ᠬᠡᠷᠡᠭᠯᠡᠵᠦ᠂ ᠭᠠᠯ ᠤᠨ ᠠᠶᠤᠯ ᠭᠠᠷᠤᠭᠰᠠᠨ ᠤ ᠳᠠᠷᠠᠭᠠᠬᠢ ᠭᠠᠯ ᠤᠨ ᠳᠥᠯᠥ ᠶᠢᠨ ᠲᠠᠷᠬᠠᠬᠤ ᠬᠤᠷᠳᠤᠴᠠ ᠶᠢ ᠪᠠᠭᠠᠰᠬᠠᠬᠤ ᠬᠡᠷᠡᠭᠲᠡᠢ᠃                  8. ᠬᠠᠭᠤᠷᠠᠢ ᠲᠣᠰᠣ ᠶᠢᠨ ᠪᠦᠯᠦᠭ ᠤᠨ ᠢᠯᠴᠢ ᠨᠡᠪᠴᠢᠯᠲᠡ ᠶᠢᠨ ᠬᠡᠮᠵᠢᠯᠲᠡ ᠳᠤ ᠬᠠᠭᠤᠷᠠᠢ ᠲᠣᠰᠣ ᠶᠢᠨ ᠪᠦᠯᠦᠭ ᠤᠨ ᠳᠣᠲᠣᠷᠠᠬᠢ ᠠᠯᠢ ᠨᠢᠭᠡ ᠬᠡᠰᠡᠭ ᠳᠠᠩ ᠪᠡᠶᠡᠲᠦ ᠬᠠᠭᠤᠷᠠᠢ ᠲᠣᠰᠣ ᠭᠠᠯ ᠭᠠᠷᠤᠭᠰᠠᠨ ᠤ ᠲᠡᠷᠠᠭ᠎ᠠ᠂ ᠪᠦᠬᠦ᠋ᠢᠯᠡ ᠬᠠᠭᠤᠷᠠᠢ ᠲᠣᠰᠣ ᠶᠢᠨ ᠪᠦᠯᠦᠭ ᠲᠤ ᠲᠦᠷᠭᠡᠨ ᠲᠠᠷᠬᠠᠵᠤ ᠪᠣᠯᠬᠤ ᠦᠭᠡᠢ ᠪᠠᠶᠢᠬᠤ ᠶᠢ ᠱᠠᠭᠠᠷᠳᠠᠨ᠎ᠠ᠃                        ᠵᠢᠷᠭᠤᠭ᠎ᠠ᠂ ︽ᠮᠡᠷᠭᠡᠵᠢᠯ ᠤᠨ ᠵᠢᠷᠤᠮᠵᠢᠯ︾᠎ ᠨᠢ ᠬᠠᠭᠤᠷᠠᠢ ᠲᠣᠰᠣ ᠶᠢᠨ ᠮᠥᠨ ᠴᠢᠨᠠᠷ ᠤᠨ ᠠᠮᠤᠷ ᠲᠦᠪᠰᠢᠨ ᠢ ᠠᠯᠢ ᠬᠡᠳᠦᠨ ᠲᠠᠯ᠎ᠠ ᠪᠠᠷ ᠳᠡᠭᠡᠭᠰᠢᠯᠡᠭᠦᠯᠬᠦ ᠪᠤᠢ︖            ︽ᠮᠡᠷᠭᠡᠵᠢᠯ ᠤᠨ ᠵᠢᠷᠤᠮᠵᠢᠯ︾᠎ ᠎ ᠳᠤ ᠴᠠᠬᠢᠯᠭᠠᠨ ᠳᠤᠭᠤᠢ ᠶᠢᠨ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠳᠠᠩ ᠪᠡᠶ᠎ᠡ ᠶᠢᠨ ᠠᠮᠤᠷ ᠲᠦᠪᠰᠢᠨ ᠤ ᠱᠠᠭᠠᠷᠳᠠᠯᠭ᠎ᠠ  ᠶᠢ ᠲᠣᠭᠲᠠᠭᠠᠭᠰᠠᠨ ᠢᠶᠠᠷ ᠪᠠᠷᠠᠬᠤ ᠦᠭᠡᠢ᠂ ᠪᠠᠰᠠ ᠴᠠᠬᠢᠯᠭᠠᠨ ᠤ ᠠᠮᠤᠷ ᠲᠦᠪᠰᠢᠨ ︵ᠬᠡᠲᠦ ᠴᠡᠨᠡᠭᠯᠡᠬᠦ᠂ ᠬᠡᠲᠦ ᠲᠠᠯᠪᠢᠬᠤ᠂ ᠭᠠᠳᠠᠷ ᠲᠠᠯ᠎ᠠ ᠶᠢᠨ ᠳᠥᠲᠡᠯᠡᠯ᠂ ᠳᠤᠯᠠᠭᠠᠨ ᠤ ᠬᠡᠮᠵᠢᠶ᠎ᠡ ᠶᠢᠨ ᠬᠠᠮᠠᠭᠠᠯᠠᠯᠲᠠ ᠵᠡᠷᠭᠡ ᠶᠢ ᠪᠠᠭᠲᠠᠭᠠᠨ᠎ᠠ︶᠂ ᠮᠧᠬᠠᠨᠢᠭ ᠤᠨ ᠠᠮᠤᠷ ᠲᠦᠪᠰᠢᠨ ︵ᠰᠢᠬᠠᠨ ᠳᠠᠷᠤᠬᠤ᠂ ᠬᠤᠷᠳᠤᠳᠬᠠᠯ ᠤᠨ ᠳᠠᠭᠠᠷᠢᠯᠲᠠ᠂ ᠬᠡᠯᠪᠡᠯᠵᠡᠯᠲᠡ ᠵᠡᠷᠭᠡ ᠶᠢ ᠪᠠᠭᠲᠠᠭᠠᠨ᠎ᠠ︶᠂ ᠣᠷᠴᠢᠨ ᠲᠣᠭᠤᠷᠢᠨ ᠤ ᠠᠮᠤᠷ ᠲᠦᠪᠰᠢᠨ ︵ᠠᠭᠠᠷ ᠤᠨ ᠪᠣᠭᠤᠨᠢ ᠳᠠᠷᠤᠯᠲᠠ᠂ ᠳᠤᠯᠠᠭᠠᠨ ᠤ ᠬᠡᠮᠵᠢᠶᠡᠨ ᠤ ᠡᠷᠭᠢᠯᠲᠡ᠂ ᠤᠰᠤᠨ ᠳᠤ ᠳᠡᠪᠲᠦᠬᠦ ᠵᠡᠷᠭᠡ ᠶᠢ ᠪᠠᠭᠲᠠᠭᠠᠨ᠎ᠠ︶᠂ ᠢᠯᠴᠢ ᠨᠡᠪᠴᠢᠯᠲᠡ᠂ ᠬᠠᠷᠢᠯᠴᠠᠨ ᠮᠡᠳᠡᠷᠡᠵᠦ ᠬᠠᠮᠵᠢᠯᠴᠠᠨ ᠴᠠᠬᠢᠯᠭᠠᠨ ᠴᠡᠨᠡᠭᠯᠡᠬᠦ᠂ ᠲᠤᠭ᠎ᠠ ᠪᠠᠷᠢᠮᠲᠠ ᠴᠤᠭᠯᠠᠭᠤᠯᠬᠤ᠂ ᠲᠡᠮᠳᠡᠭ ᠲᠠᠯᠪᠢᠬᠤ ᠵᠡᠷᠭᠡ ᠲᠤᠯᠤᠭᠠᠨ ᠲᠠᠯ᠎ᠠ ᠪᠠᠷ ᠬᠠᠭᠤᠷᠠᠢ ᠲᠣᠰᠣ ᠶᠢᠨ ᠪᠦᠯᠦᠭ ᠤᠨ ᠦᠢᠯᠡᠳᠬᠦᠨ ᠤ ᠠᠮᠤᠷ ᠲᠦᠪᠰᠢᠨ ᠤ ᠵᠥᠪᠰᠢᠶᠡᠷᠡᠯ ᠤᠨ ᠪᠣᠱᠤᠭ᠎ᠠ ᠶᠢ ᠪᠠᠶᠢᠷᠢᠯᠠᠭᠤᠯᠵᠠᠢ᠃ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠳᠡᠭᠡᠭᠰᠢᠯᠡᠭᠦᠯᠪᠡ᠃                        ᠳᠣᠯᠤᠭ᠎ᠠ᠂ ᠪᠣᠶ ᠪᠦᠬᠦᠢ ᠴᠠᠬᠢᠯᠭᠠᠨ ᠳᠤᠭᠤᠢ ᠶᠢᠨ ᠬᠠᠭᠤᠷᠠᠢ ᠲᠣᠰᠣ ᠨᠢ ᠴᠥᠮ ︽ᠮᠡᠷᠭᠡᠵᠢᠯ ᠤᠨ ᠵᠢᠷᠤᠮᠵᠢᠯ ︾᠎ ᠎ ᠳᠤ ᠨᠡᠶᠢᠴᠡᠭᠰᠡᠨ ᠪᠠᠶᠢᠬᠤ ᠬᠡᠷᠡᠭᠲᠡᠢ ᠦᠦ︖            ︽ᠮᠡᠷᠭᠡᠵᠢᠯ ᠤᠨ ᠵᠢᠷᠤᠮᠵᠢᠯ︾ ᠪᠣᠯ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠣᠯᠣᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾᠎ ᠎ ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠨᠡᠶᠢᠴᠡᠬᠦ ᠦᠭᠡᠢ ᠦᠢᠯᠡᠳᠬᠦᠨ᠂ ᠦᠢᠯᠡᠴᠢᠯᠡᠭᠡ  ᠶᠢ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠪᠤᠶᠤ ᠬᠠᠩᠭᠠᠵᠤ ᠪᠣᠯᠬᠤ ᠦᠭᠡᠢ︾᠃ ᠡᠶᠢᠮᠦ ᠠᠴᠠ ᠲᠣᠰ ᠪᠠᠷᠢᠮᠵᠢᠶ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ ᠤᠨ ᠳᠣᠲᠣᠭᠠᠳᠤ ᠳᠤ ᠪᠣᠷᠣᠯᠠᠭᠤᠯᠵᠤ ᠪᠠᠶᠢᠭ᠎ᠠ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠨᠢ ᠡᠷᠬᠡᠪᠰᠢ ᠲᠡᠭᠦᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃                        ᠨᠠᠢᠮᠠ᠂ ᠬᠡᠷᠡᠭᠯᠡᠭᠴᠢᠳ ︽ᠮᠡᠷᠭᠡᠵᠢᠯ ᠤᠨ ᠳᠦᠷᠢᠮᠵᠢᠯ︾᠎ ᠎ ᠳᠤ ᠨᠡᠶᠢᠴᠡᠬᠦ ᠯᠢᠲ᠋ᠢ ᠶᠢᠨ ᠬᠠᠭᠤᠷᠠᠢ ᠲᠣᠰᠣ ᠶᠢ ᠬᠡᠷᠬᠢᠨ ᠬᠤᠳᠠᠯᠳᠤᠨ ᠠᠪᠬᠤ ᠪᠤᠢ︖            ᠬᠡᠷᠡᠭᠯᠡᠭᠴᠢᠳ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠰᠣᠩᠭᠤᠵᠤ ᠬᠤᠳᠠᠯᠳᠤᠨ ᠠᠪᠬᠤ ᠳᠠᠭᠠᠨ ᠬᠠᠭᠤᠷᠠᠢ ᠲᠣᠰᠣ ᠶᠢᠨ ᠪᠢᠴᠢᠭᠡᠰᠦ ᠶᠢᠨ ᠫᠠᠶᠢᠰᠠ᠂ ᠬᠡᠪ ᠪᠠᠷᠢᠮᠵᠢᠶ᠎ᠠ ᠶᠢᠨ ᠪᠢᠴᠢᠭ᠂ ᠬᠡᠷᠡᠭᠯᠡᠬᠦ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠬᠦ ᠪᠤᠶᠤ ᠪᠣᠷᠣᠯᠠᠭᠤᠯᠤᠭᠴᠢ ᠠᠴᠠ ᠯᠠᠪᠯᠠᠨ ᠠᠰᠠᠭᠤᠵᠤ᠂ ᠲᠤᠰ ᠦᠢᠯᠡᠳᠬᠦᠨ ᠲᠠᠢ ᠵᠣᠬᠢᠴᠠᠯᠳᠤᠭᠰᠠᠨ ︽ᠮᠡᠷᠭᠡᠵᠢᠯ ᠤᠨ ᠳᠦᠷᠢᠮᠵᠢᠯ︾᠎ ᠎ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠤᠶᠤ ᠭᠡᠷᠡᠴᠢᠯᠡᠨ ᠮᠠᠭᠠᠳᠯᠠᠭᠰᠠᠨ ᠦᠨᠡᠮᠯᠡᠯ ᠢ ᠬᠠᠩᠭᠠᠯᠭᠠᠬᠤ ᠪᠠᠷ ᠱᠠᠭᠠᠷᠳᠠᠵᠤ᠂ ᠬᠠᠭᠤᠷᠠᠢ ᠲᠣᠰᠣ ᠶᠢᠨ ︽ᠮᠡᠷᠭᠡᠵᠢᠯ ᠤᠨ ᠳᠦᠷᠢᠮᠵᠢᠯ︾᠎ ᠎ ᠳᠤ ᠨᠡᠶᠢᠴᠡᠬᠦ ᠡᠰᠡᠬᠦ ᠶᠢ ᠨᠤᠲᠠᠯᠠᠵᠤ ᠪᠣᠯᠣᠨ᠎ᠠ᠃                        ᠶᠢᠰᠦ᠂ ᠶᠠᠭᠤᠨ ᠳᠤ ᠲᠡᠮᠳᠡᠭ ᠲᠠᠢ ᠬᠠᠭᠤᠷᠠᠢ ᠲᠣᠰᠣ ᠶᠢᠨ ᠠᠶᠤᠯᠭᠦᠢ ᠬᠡᠷᠡᠭᠯᠡᠬᠦ ᠬᠤᠭᠤᠴᠠᠭ᠎ᠠ ᠶᠢ ᠱᠠᠭᠠᠷᠳᠠᠳᠠᠭ ᠪᠤᠢ︖            ᠬᠡᠷᠡᠭᠯᠡᠬᠦ ᠣᠨ ᠵᠢᠯ ᠤᠨ ᠨᠡᠮᠡᠭᠳᠡᠬᠦ ᠶᠢ ᠳᠠᠭᠠᠯᠳᠤᠨ᠂ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠪᠠᠭᠲᠠᠭᠠᠮᠵᠢ ᠠᠭᠠᠵᠢᠮ ᠢᠶᠠᠷ ᠪᠠᠭᠤᠷᠠᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠠᠶᠤᠯ ᠲᠦᠭᠰᠢᠭᠦᠷᠢ ᠴᠦ ᠠᠭᠠᠵᠢᠮ ᠢᠶᠠᠷ ᠶᠡᠬᠡᠰᠳᠡᠭ᠃ ︽ᠮᠡᠷᠭᠡᠵᠢᠯ ᠤᠨ ᠵᠢᠷᠤᠮᠵᠢᠯ︾᠎ ᠨᠢ ᠦᠢᠯᠡᠳᠬᠦ ᠬᠤᠳᠠᠯᠳᠤᠭᠠᠴᠢᠨ ᠢ ᠬᠠᠭᠤᠷᠠᠢ ᠲᠣᠰᠣ ᠶᠢᠨ ᠳᠤᠭᠤᠶᠢᠯᠠᠩ ᠳᠡᠭᠡᠷ᠎ᠡ ︽ᠠᠶᠤᠯᠭᠦᠢ ᠬᠡᠷᠡᠭᠯᠡᠬᠦ ᠵᠢᠯ ᠬᠤᠭᠤᠴᠠᠭ᠎ᠠ︾᠎ ᠶᠢ ᠲᠣᠳᠣᠷᠬᠠᠶᠢᠯᠠᠵᠤ᠂ ᠬᠡᠷᠡᠭᠯᠡᠭᠴᠢ ᠳᠤ ᠬᠤᠭᠤᠴᠠᠭ᠎ᠠ ᠲᠤᠯᠪᠠᠯ ᠬᠠᠭᠤᠴᠢᠨ ᠬᠠᠭᠤᠷᠠᠢ ᠲᠣᠰᠣ ᠶᠢ ᠰᠢᠭᠰᠢᠭᠳᠡᠭᠦᠯᠵᠦ᠂ ᠬᠠᠭᠤᠴᠢᠨ ᠬᠠᠭᠤᠷᠠᠢ ᠲᠣᠰᠣ ᠠᠴᠠ ᠪᠣᠯᠬᠤ ᠳᠠᠯᠳᠠ ᠠᠶᠤᠯᠭᠦᠢ ᠶᠢᠨ ᠲᠦᠭᠰᠢᠭᠦᠷᠢ ᠶᠢ ᠪᠠᠭᠠᠰᠬᠠᠵᠤ᠂ ᠬᠡᠷᠡᠭᠯᠡᠭᠴᠢ ᠶᠢᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠰᠠᠨᠠᠭᠤᠯᠵᠤ ᠪᠠᠶᠢᠨ᠎ᠠ᠃                                  ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠤᠯᠠᠮᠵᠢᠯᠠᠨ ᠲᠠᠷᠬᠠᠭᠠᠭᠰᠠᠨ ︽ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠴᠠᠬᠢᠯᠭᠠᠨ ᠬᠤᠷᠢᠶᠠᠭᠤᠷ ᠤᠨ ᠠᠶᠤᠯᠭᠦᠢ ᠶᠢᠨ ᠮᠡᠷᠭᠡᠵᠢᠯ ᠤᠨ ᠵᠢᠷᠤᠮᠵᠢᠯ︾            ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ                  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号