| | ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠵᠣᠬᠢᠶᠠᠨ ᠪᠠᠶᠢᠭᠤᠯᠵᠤ | ᠲᠤᠭᠤᠷᠪᠢᠭᠰᠠᠨ ︽ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠴᠠᠬᠢᠯᠭᠠᠨ ᠬᠤᠷᠢᠶᠠᠭᠤᠷ ᠤᠨ ᠠᠮᠤᠷ | ᠲᠦᠪᠰᠢᠨ ᠤ ᠮᠡᠷᠭᠡᠵᠢᠯ ᠤᠨ ᠵᠢᠷᠤᠮᠵᠢᠯ︾ ︵GB 43854 — 2024᠂ ᠳᠣᠷᠣᠭᠰᠢ ︽ᠮᠡᠷᠭᠡᠵᠢᠯ ᠤᠨ | ᠵᠢᠷᠤᠮᠵᠢᠯ︾ ᠭᠡᠵᠦ ᠲᠣᠪᠴᠢᠯᠠᠨ᠎ᠠ︶ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︵ᠤᠯᠤᠰ ᠤᠨ ᠪᠠᠷᠢᠮᠵᠢᠶᠠᠨ ᠤ ᠵᠥᠪᠯᠡᠯ︶ | ᠠᠴᠠ ᠨᠢᠭᠡᠨᠲᠡ ᠨᠡᠶᠢᠲᠡᠯᠡᠵᠦ᠂ 2024 ᠣᠨ ᠤ 11ᠳ᠋ᠦ᠋ᠭᠡᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ | ᠬᠡᠷᠡᠭᠵᠢᠭᠦᠯᠬᠦ ᠪᠠᠷ ᠪᠣᠶ᠃ ᠡᠳᠦᠭᠡ ︽ᠮᠡᠷᠭᠡᠵᠢᠯ ᠤᠨ ᠵᠢᠷᠤᠮᠵᠢᠯ︾ ᠤᠨ ᠬᠤᠯᠪᠣᠭᠳᠠᠯ ᠪᠦᠬᠦᠢ ᠠᠭᠤᠯᠭ᠎ᠠ ᠶᠢᠨ | ᠲᠤᠬᠠᠢ ᠳᠠᠷᠠᠭᠠᠬᠢ ᠬᠡᠳᠦᠨ ᠲᠠᠯ᠎ᠠ ᠪᠠᠷ ᠲᠠᠶᠢᠯᠪᠤᠷᠢᠯᠠᠵᠤ ᠪᠠᠶᠢᠨ᠎ᠠ᠄ | | | | ᠨᠢᠭᠡ᠂ ︽ᠮᠡᠷᠭᠡᠵᠢᠯ ᠤᠨ ᠵᠢᠷᠤᠮᠵᠢᠯ︾ ᠢ ᠲᠤᠭᠤᠷᠪᠢᠭᠰᠠᠨ ᠦᠨᠳᠦᠰᠦᠯᠡᠯ ᠨᠢ ᠶᠠᠭᠤ ᠪᠤᠢ︖ | | ᠣᠶᠢᠷ᠎ᠠ ᠶᠢᠨ ᠵᠢᠯ ᠠᠴᠠ᠂ ᠮᠠᠨ ᠤ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ | ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠲᠦᠷᠭᠡᠨ ᠨᠡᠮᠡᠭᠳᠡᠵᠦ᠂ ᠣᠳᠣᠬᠠᠨ ᠳᠤ ᠤᠯᠤᠰ ᠤᠨ | ᠳᠣᠲᠣᠭᠠᠳᠤ ᠶᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠨᠡᠶᠢᠭᠡᠮ ᠤᠨ ᠥᠮᠴᠢᠯᠡᠯ ᠤᠨ ᠬᠡᠮᠵᠢᠶ᠎ᠡ ᠨᠢᠭᠡᠨᠲᠡ | 3.5 ᠳ᠋ᠦᠩᠰᠢᠭᠤᠷ ᠢ ᠳᠠᠪᠠᠵᠤ᠂ 2023 ᠣᠨ ᠳᠤ ᠪᠦᠬᠦ ᠤᠯᠤᠰ ᠤᠨ ᠬᠡᠪᠴᠢᠶ᠎ᠡ ᠠᠴᠠ ᠳᠡᠭᠡᠭᠰᠢᠬᠢ ᠠᠵᠤ | ᠠᠬᠤᠶᠢᠯᠠᠯ ᠨᠡᠶᠢᠳᠡ 4228 ᠲᠦᠮᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠵᠦ ᠪᠤᠢ᠃ | ᠴᠠᠬᠢᠯᠭᠠᠨ ᠳᠤᠭᠤᠢ ᠶᠢᠨ ᠬᠡᠷᠡᠭᠯᠡᠳᠡᠭ ᠬᠡᠯᠬᠢᠶ᠎ᠡ ᠬᠠᠭᠤᠷᠠᠢ ᠲᠣᠰᠣ ᠳᠤ ᠭᠤᠣᠯᠳᠠᠭᠤ ᠲᠤᠭᠤᠯᠭᠠᠨ ᠬᠡᠯᠬᠢᠶ᠎ᠡ ᠬᠠᠭᠤᠷᠠᠢ | ᠲᠣᠰᠣ ᠪᠣᠯᠣᠨ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠭᠡᠵᠦ ᠬᠤᠶᠠᠷ ᠵᠦᠢᠯ ᠪᠠᠶᠢᠳᠠᠭ᠃ ᠤᠯᠤᠰ ᠤᠨ | ᠳᠣᠲᠣᠭᠠᠳᠤ ᠶᠢᠨ ᠭᠤᠣᠯ ᠪᠣᠯᠬᠤ ᠴᠠᠬᠢᠯᠭᠠᠨ ᠳᠤᠭᠤᠢ ᠶᠢᠨ ᠨᠠᠷᠠᠲᠤ ᠲᠡᠮᠳᠡᠭ ᠤᠨ ᠨᠡᠶᠢᠲᠡᠯᠡᠭᠰᠡᠨ ᠴᠠᠬᠢᠯᠭᠠᠨ | ᠳᠤᠭᠤᠢ ᠶᠢᠨ ᠰᠢᠨ᠎ᠡ ᠬᠡᠯᠪᠡᠷᠢ ᠶᠢᠨ ᠳᠣᠲᠣᠷ᠎ᠠ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢ ᠲᠣᠬᠢᠷᠠᠭᠤᠯᠬᠤ | ᠬᠠᠷᠢᠴᠠᠯ ᠨᠢ ᠨᠢᠭᠡᠨᠲᠡ 20% ᠶᠢ ᠳᠠᠪᠠᠭᠰᠠᠨ ᠪᠠᠶᠢᠨ᠎ᠠ᠃ ᠠᠵᠤ ᠦᠢᠯᠡᠰ ᠤᠨ ᠬᠡᠪᠴᠢᠶ᠎ᠡ ᠶᠢᠨ ᠥᠷᠭᠡᠳᠬᠦ ᠶᠢ | ᠳᠠᠭᠠᠯᠳᠤᠨ᠂ ᠪᠠᠷᠢᠮᠵᠢᠶ᠎ᠠ ᠨᠢ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠮᠡᠷᠭᠡᠵᠢᠯ ᠤᠨ ᠲᠤᠯᠭᠠᠭᠤᠷᠢᠯᠠᠯ | ᠪᠣᠯᠤᠭᠰᠠᠨ ᠤ ᠬᠤᠪᠢ ᠳᠤ ᠲᠠᠰᠤᠷᠠᠯᠲᠠ ᠦᠭᠡᠢ ᠲᠡᠭᠦᠯᠳᠡᠷᠵᠢᠨ ᠳᠡᠭᠡᠭᠰᠢᠯᠡᠵᠦ᠂ ᠡᠭᠦᠨ ᠤ ᠤᠯᠠᠮ ᠢᠶᠠᠷ ᠴᠠᠬᠢᠯᠭᠠᠨ | ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠦᠢᠯᠡᠳᠬᠦᠨ ᠤ ᠵᠢᠷᠤᠭ ᠲᠥᠯᠥᠪᠯᠡᠭᠡ᠂ | ᠦᠢᠯᠡᠳᠪᠦᠷᠢᠯᠡᠯ ᠪᠠ ᠪᠣᠷᠤᠯᠠᠭᠤᠯᠭ᠎ᠠ ᠵᠡᠷᠭᠡ ᠭᠤᠭᠴᠤᠭ᠎ᠠ ᠶᠢ ᠵᠢᠷᠤᠮᠵᠢᠭᠤᠯᠵᠤ᠂ ᠦᠢᠯᠡᠳᠬᠦᠨ ᠤ ᠴᠢᠨᠠᠷ | ᠴᠢᠨᠰᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | | | ᠬᠤᠶᠠᠷ᠂ ︽ᠮᠡᠷᠭᠡᠵᠢᠯ ᠤᠨ ᠵᠢᠷᠤᠮᠵᠢᠯ︾ ᠢ ᠨᠡᠶᠢᠲᠡᠯᠡᠭᠰᠡᠨ ᠨᠢ ᠶᠠᠮᠠᠷ ᠠᠴᠢ ᠬᠤᠯᠪᠣᠭᠳᠠᠯ ᠲᠠᠢ ᠪᠤᠢ︖ | | ︽ᠮᠡᠷᠭᠡᠵᠢᠯ ᠤᠨ ᠵᠢᠷᠤᠮᠵᠢᠯ︾ ᠨᠢ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠠᠭᠤᠷᠠᠢ | ᠲᠣᠰᠣ ᠶᠢᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠣᠯᠤᠭᠰᠠᠨ ᠤ ᠴᠠᠬᠢᠯᠭᠠᠨ | ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠦᠢᠯᠡᠳᠬᠦᠨ ᠢ ᠵᠢᠷᠤᠵᠤ ᠲᠥᠯᠥᠪᠯᠡᠬᠦ᠂ | ᠦᠢᠯᠡᠳᠪᠦᠷᠢᠯᠡᠬᠦ ᠪᠠ ᠪᠣᠷᠣᠯᠠᠭᠤᠯᠬᠤ ᠶᠠᠪᠤᠴᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ ᠴᠠᠬᠢᠯᠭᠠᠨ ᠳᠤᠭᠤᠢ ᠳᠤ | ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠮᠥᠨ ᠴᠢᠨᠠᠷ ᠤᠨ ᠠᠮᠤᠷ ᠲᠦᠪᠰᠢᠨ ᠤ ᠬᠢᠷᠢ | ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠬᠡᠷᠡᠭᠯᠡᠬᠦ ᠶᠠᠪᠤᠴᠠ ᠳᠤ ᠭᠠᠯ ᠤᠨ ᠠᠶᠤᠯ ᠵᠡᠷᠭᠡ ᠠᠮᠤᠷ ᠲᠦᠪᠰᠢᠨ ᠤ | ᠠᠳᠡᠯ ᠭᠠᠷᠬᠤ ᠨᠣᠷᠮ᠎ᠠ ᠶᠢ ᠪᠠᠭᠠᠰᠬᠠᠨ᠂ ᠬᠡᠷᠡᠭᠯᠡᠭᠴᠢᠳ ᠤᠨ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠴᠠᠬᠢᠯᠭᠠᠨ ᠳᠤᠭᠤᠢ ᠶᠢᠨ ᠠᠵᠢᠯ ᠲᠥᠷᠥᠯ ᠤᠨ ᠡᠷᠡᠭᠦᠯ ᠪᠥᠭᠡᠳ | ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ | | | | ᠭᠤᠷᠪᠠ᠂ ︽ᠮᠡᠷᠭᠡᠵᠢᠯ ᠤᠨ ᠳᠦᠷᠢᠮᠵᠢᠯ︾ ᠢ ᠶᠠᠮᠠᠷ ᠶᠠᠮᠠᠷ ᠲᠡᠷᠭᠡᠨ ᠤ ᠬᠠᠭᠤᠷᠠᠢ ᠲᠣᠰᠣ ᠳᠤ ᠬᠡᠷᠡᠭᠯᠡᠬᠦ ᠪᠤᠢ | ︖ | | ︽ᠮᠡᠷᠭᠡᠵᠢᠯ ᠤᠨ ᠵᠢᠷᠤᠮᠵᠢᠯ︾ ᠢ ᠵᠥᠪᠬᠡᠨ GB 17761 ︽ᠴᠠᠬᠢᠯᠭᠠᠨ ᠳᠤᠭᠤᠢ ᠶᠢᠨ ᠠᠶᠤᠯᠭᠦᠢ ᠶᠢᠨ | ᠮᠡᠷᠭᠡᠵᠢᠯ ᠤᠨ ᠵᠢᠷᠤᠮᠵᠢᠯ︾ ᠳᠤ ᠲᠣᠭᠲᠠᠭᠠᠭᠰᠠᠨ᠂ ᠬᠠᠮᠤᠭ ᠤᠨ ᠶᠡᠭᠡ ᠭᠠᠷᠭᠠᠬᠤ ᠬᠦᠴᠦᠳᠡᠯ ᠨᠢ 60V ᠠᠴᠠ | ᠬᠡᠲᠦᠷᠡᠬᠦ ᠦᠭᠡᠢ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠳᠤ ᠬᠡᠷᠡᠭᠯᠡᠨ᠎ᠡ᠃ | ᠴᠠᠬᠢᠯᠭᠠᠨ ᠬᠥᠳᠡᠯᠭᠡᠭᠦᠷᠲᠦ ᠭᠤᠯᠭᠤᠭᠤᠷ ᠬᠠᠪᠲᠠᠰᠤᠲᠤ ᠲᠡᠷᠭᠡ᠂ ᠲᠡᠩᠴᠡᠭᠦᠷᠢᠲᠦ ᠲᠡᠷᠭᠡ᠂ ᠴᠠᠬᠢᠯᠭᠠᠨ | ᠬᠥᠳᠡᠯᠭᠡᠭᠦᠷᠲᠦ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠵᠡᠷᠭᠡ ᠲᠡᠷᠭᠡᠨ ᠤ | ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠳᠤ ᠬᠡᠷᠡᠭᠯᠡᠬᠦ ᠳᠤ ᠲᠣᠬᠢᠷᠠᠬᠤ ᠦᠭᠡᠢ᠃ | | | | ᠳᠥᠷᠪᠡ᠂ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢ ᠭᠤᠣᠯᠳᠠᠭᠤ | ᠶᠠᠮᠠᠷ ᠲᠦᠷᠦᠯ ᠳᠤ ᠬᠤᠪᠢᠶᠠᠳᠠᠭ ᠪᠤᠢ︖ ︽ᠮᠡᠷᠭᠡᠵᠢᠯ ᠤᠨ ᠵᠢᠷᠤᠮᠵᠢᠯ︾ ᠤᠨ ᠱᠠᠭᠠᠷᠳᠠᠯᠭ᠎ᠠ ᠳᠤ ᠨᠡᠶᠢᠴᠡᠵᠦ | ᠪᠠᠶᠢᠨ᠎ᠠ ᠦᠦ ᠦᠭᠡᠢ ᠦᠦ︖ | | | | ᠦᠷᠭᠦᠯᠵᠢ ᠬᠠᠷᠠᠭᠳᠠᠳᠠᠭ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ ᠬᠠᠭᠤᠷᠠᠢ | ᠲᠣᠰᠣ ᠳᠤ ᠭᠤᠣᠯᠳᠠᠭᠤ ᠮᠠᠩᠭᠠᠨ ᠬᠦᠴᠢᠯ ᠤᠨ ᠯᠢᠲ᠋ᠢ ᠬᠠᠭᠤᠷᠠᠢ ᠲᠣᠰᠣ᠂ ᠹᠣᠰᠹᠣᠷ ᠬᠦᠴᠢᠯ ᠤᠨ ᠳᠤᠲᠠᠭᠤ ᠲᠡᠮᠦᠷ | ᠯᠢᠲ᠋ᠢ ᠬᠠᠭᠤᠷᠠᠢ ᠲᠣᠰᠣ ᠪᠣᠯᠣᠨ ᠭᠤᠷᠪᠠᠨ ᠡᠰᠢᠲᠦ ᠯᠢᠲ᠋ᠢ ᠬᠠᠭᠤᠷᠠᠢ ᠲᠣᠰᠣ ᠵᠡᠷᠭᠡ ᠪᠤᠢ᠃ ᠡᠭᠦᠨ ᠳᠤ ᠭᠤᠷᠪᠠᠨ | ᠡᠰᠢᠲᠦ ᠯᠢᠲ᠋ᠢ ᠬᠠᠭᠤᠷᠠᠢ ᠲᠣᠰᠣ ᠶᠢ ᠪᠠᠰᠠ ᠥᠨᠳᠥᠷ ᠨᠢᠺᠧᠯ ᠤᠨ ᠰᠢᠰᠲ᠋ᠧᠮ ᠤᠨ ᠨᠢᠺᠧᠯ ᠺᠣᠪᠠᠯᠲ ᠮᠠᠩᠭᠠᠨ | ᠬᠠᠭᠤᠷᠠᠢ ᠲᠣᠰᠣ᠂ ᠨᠢᠺᠧᠯ ᠺᠣᠪᠠᠯᠲ ᠬᠥᠩᠭᠡᠨᠴᠠᠭᠠᠨ ᠬᠠᠭᠤᠷᠠᠢ ᠲᠣᠰᠣ ᠵᠢᠴᠢ ᠨᠢᠺᠧᠯ ᠦᠭᠡᠢ ᠹᠣᠰᠹᠣᠷ ᠬᠦᠴᠢᠯ ᠤᠨ | ᠮᠠᠩᠭᠠᠨ ᠲᠡᠮᠦᠷ ᠯᠢᠲ᠋ᠢ ᠬᠠᠭᠤᠷᠠᠢ ᠲᠣᠰᠣ ᠵᠡᠷᠭᠡ ᠪᠠᠷ ᠬᠤᠪᠢᠶᠠᠵᠤ ᠪᠣᠯᠣᠨ᠎ᠠ᠃ | | | | ︽ᠮᠡᠷᠭᠡᠵᠢᠯ ᠤᠨ ᠵᠢᠷᠤᠮᠵᠢᠯ︾ ᠨᠢ ᠲᠠᠩ ᠪᠡᠶᠡᠲᠦ ᠬᠠᠭᠤᠷᠠᠢ ᠲᠣᠰᠣ ᠳᠤ ᠴᠢᠭᠯᠡᠭᠦᠯᠦᠨ ᠬᠡᠲᠦ ᠴᠡᠨᠡᠭᠯᠡᠬᠦ ︵1. | 5 ᠳᠠᠬᠢᠨ︶᠂ ᠵᠡᠭᠦᠦ ᠪᠠᠷ ᠬᠠᠳᠬᠤᠬᠤ ᠵᠡᠷᠭᠡ ᠴᠢᠩᠭ᠎ᠠ ᠨᠢᠮᠪᠠᠢ ᠰᠢᠯᠭᠠᠯᠲᠠ ᠶᠢ ᠲᠣᠭᠲᠠᠭᠠᠵᠠᠢ᠂ ᠥᠨᠳᠥᠷ | ᠨᠢᠺᠧᠯ ᠤᠨ ᠰᠢᠰᠲ᠋ᠧᠮ ᠤᠨ ᠭᠤᠷᠪᠠᠨ ᠡᠰᠢᠲᠦ ᠯᠢᠲ᠋ᠢ ᠶᠢᠨ ᠬᠠᠭᠤᠷᠠᠢ ᠲᠣᠰᠣ ᠶᠢ ᠳᠡᠭᠡᠷ᠎ᠡ ᠳᠤᠷᠠᠳᠤᠭᠰᠠᠨ | ᠰᠢᠯᠭᠠᠯᠲᠠ ᠶᠢ ᠥᠩᠭᠡᠷᠡᠭᠡᠬᠦ ᠳᠤ ᠪᠡᠷᠬᠡ᠂ ᠬᠤᠶᠢᠰᠢᠳᠠ ᠴᠠᠬᠢᠯᠭᠠᠨ ᠳᠤᠭᠤᠢ ᠶᠢᠨ ᠬᠦᠷᠢᠶᠡᠨ ᠳᠤ ᠬᠡᠷᠡᠭᠯᠡᠬᠦ ᠳᠤ ᠪᠡᠷᠬᠡ | ᠪᠣᠯᠣᠨ᠎ᠠ᠃ | | | | ᠲᠠᠪᠤ᠂ ︽ᠲᠧᠭᠨᠢᠭ ᠮᠡᠷᠭᠡᠵᠢᠯ ᠤᠨ ᠵᠢᠷᠤᠮᠵᠢᠯ︾ ᠳᠤ ᠲᠣᠭᠲᠠᠭᠠᠭᠰᠠᠨ ᠬᠡᠮᠵᠢᠨ ᠰᠢᠯᠭᠠᠬᠤ ᠵᠦᠢᠯ ᠤᠳ ᠶᠠᠭᠤ | ᠶᠠᠭᠤ ᠪᠠᠶᠢᠬᠤ ᠪᠤᠢ︖ | | ︽ᠮᠡᠷᠭᠡᠵᠢᠯ ᠤᠨ ᠳᠦᠷᠢᠮᠵᠢᠯ︾ ᠳᠤ 6 ᠵᠦᠢᠯ ᠤᠨ ᠳᠠᠩ ᠪᠡᠶᠡᠲᠦ ᠬᠠᠭᠤᠷᠠᠢ ᠲᠣᠰᠣ ᠶᠢ ᠬᠡᠮᠵᠢᠨ | ᠰᠢᠯᠭᠠᠬᠤ ᠳᠦᠷᠦᠯ ᠵᠦᠢᠯ ᠢ ᠲᠣᠭᠲᠠᠭᠠᠪᠠ᠂ ᠡᠭᠦᠨ ᠳᠤ ᠲᠡᠮᠳᠡᠭ᠂ ᠬᠡᠳᠦ ᠴᠡᠨᠡᠭᠯᠡᠬᠦ᠂ ᠬᠡᠳᠦ ᠨᠢᠷᠭᠡᠯᠭᠡ᠂ ᠭᠠᠳᠠᠷ | ᠲᠠᠯ᠎ᠠ ᠶᠢᠨ ᠳᠥᠲᠡᠯᠡᠯ ᠵᠠᠮ᠂ ᠢᠯᠴᠢ ᠶᠢ ᠳᠤᠷ᠎ᠠ ᠪᠠᠷ ᠬᠡᠷᠡᠭᠯᠡᠬᠦ᠂ ᠵᠡᠭᠦᠦ ᠪᠠᠷ ᠬᠠᠳᠬᠤᠬᠤ ᠵᠡᠷᠭᠡ ᠪᠠᠭᠲᠠᠨ᠎ᠠ︔ 22 | ᠵᠦᠢᠯ ᠤᠨ ᠬᠠᠭᠤᠷᠠᠢ ᠲᠣᠰᠣ ᠶᠢᠨ ᠪᠦᠯᠦᠭ ᠤᠨ ᠬᠡᠮᠵᠢᠨ ᠰᠢᠯᠭᠠᠬᠤ ᠲᠦᠷᠦᠯ ᠵᠦᠢᠯ ᠳᠤ ᠲᠡᠮᠳᠡᠭ᠂ ᠲᠠᠶᠢᠪᠤᠩ | ᠴᠠᠬᠢᠯᠭᠠᠨ ᠢᠶᠠᠷ ᠴᠠᠬᠢᠯᠭᠠᠨ ᠭᠠᠷᠭᠠᠬᠤ᠂ ᠬᠡᠳᠤ ᠴᠠᠬᠢᠯᠭᠠᠨ ᠭᠠᠷᠭᠠᠬᠤ᠂ ᠬᠡᠳᠤ ᠴᠠᠬᠢᠯᠭᠠᠨ ᠴᠡᠨᠡᠭᠯᠡᠬᠦ᠂ ᠳᠤᠯᠠᠭᠠᠨ ᠤ | ᠬᠡᠮᠵᠢᠶ᠎ᠡ ᠶᠢ ᠬᠠᠮᠠᠭᠠᠯᠠᠬᠤ᠂ ᠭᠠᠳᠠᠷ ᠲᠠᠯ᠎ᠠ ᠶᠢᠨ ᠳᠥᠲᠡᠯᠡᠯ᠂ ᠬᠠᠷᠢᠯᠴᠠᠨ ᠮᠡᠳᠡᠷᠡᠬᠦ ᠬᠠᠮᠵᠢᠯᠴᠠᠨ ᠴᠠᠬᠢᠯᠭᠠᠨ ᠴᠡᠨᠡᠭᠯᠡᠬᠦ | ᠂ ᠲᠤᠭ᠎ᠠ ᠪᠠᠷᠢᠮᠲᠠ ᠴᠤᠭᠯᠠᠭᠤᠯᠬᠤ᠂ ᠬᠥᠨᠳᠡᠶᠢᠷᠡᠭᠦᠯᠬᠦ ᠴᠠᠬᠢᠯᠭᠠᠨ ᠡᠰᠡᠷᠭᠦᠴᠡᠯ᠂ ᠰᠢᠬᠠᠨ ᠳᠠᠷᠤᠬᠤ᠂ | ᠬᠤᠷᠳᠤᠳᠬᠠᠯ ᠤᠨ ᠳᠠᠭᠠᠷᠢᠯᠲᠠ᠂ ᠬᠡᠯᠪᠡᠯᠵᠡᠯᠲᠡ᠂ ᠴᠢᠯᠦᠭᠡᠲᠦ ᠪᠠᠭᠤᠷᠠᠯᠲᠠ᠂ ᠪᠠᠷᠢᠭᠤᠯ ᠤᠨ ᠬᠦᠴᠦᠯᠡᠴᠡ᠂ | ᠰᠢᠲᠠᠯᠲᠠ ᠶᠢ ᠬᠤᠷᠢᠭᠯᠠᠬᠤ ᠴᠢᠨᠠᠷ᠂ ᠠᠭᠠᠷ ᠤᠨ ᠳᠣᠣᠷ᠎ᠠ ᠳᠠᠷᠤᠴᠠ᠂ ᠬᠡᠳᠤ ᠤᠷᠤᠰᠬᠠᠯᠲᠤ ᠴᠠᠬᠢᠯᠭᠠᠨ ᠭᠠᠷᠭᠠᠬᠤ᠂ | ᠳᠤᠯᠠᠭᠠᠨ ᠤ ᠬᠡᠮᠵᠢᠶ᠎ᠡ ᠶᠢᠨ ᠡᠷᠭᠢᠯᠲᠡ᠂ ᠤᠰᠤᠨ ᠳᠤ ᠳᠡᠪᠲᠦᠬᠦ᠂ ᠳᠠᠪᠤᠰᠤᠨ ᠮᠠᠨᠠᠨ᠂ ᠨᠣᠶᠢᠲᠠᠨ ᠢᠯᠴᠢ ᠶᠢᠨ | ᠡᠷᠭᠢᠯᠲᠡ᠂ ᠢᠯᠴᠢ ᠲᠠᠷᠬᠠᠯᠲᠠ ᠶᠢ ᠪᠠᠭᠲᠠᠭᠠᠨ᠎ᠠ᠃ | | | | ᠡᠭᠦᠨ ᠳᠤ᠂ ᠳᠣᠣᠷᠠᠬᠢ ᠬᠡᠳᠦᠨ ᠰᠣᠷᠢᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ | ᠄ | | | 1. ᠳᠠᠩ ᠪᠡᠶᠡᠲᠦ ᠬᠠᠭᠤᠷᠠᠢ ᠲᠣᠰᠣ ᠶᠢᠨ ᠭᠡᠳᠦ ᠴᠡᠨᠡᠭᠯᠡᠭᠰᠡᠨ ︵ 1.5 ᠲᠡᠬᠢᠠ︶ ᠬᠡᠮᠵᠢᠯᠲᠡ᠂ ᠵᠡᠭᠦᠦ ᠪᠠᠷ | ᠬᠠᠳᠬᠤᠬᠤ ᠲᠤᠷᠰᠢᠯᠲᠠ ᠨᠢ ᠬᠠᠭᠤᠷᠠᠢ ᠲᠣᠰᠣ ᠶᠢᠨ ᠠᠶᠤᠯᠭᠦᠢ ᠴᠢᠨᠠᠷ ᠢ ᠪᠦᠲᠦᠮᠵᠢᠲᠡᠶ ᠪᠠᠷ ᠰᠢᠯᠢᠨ ᠰᠣᠩᠭᠤᠵᠤ | ᠪᠣᠯᠣᠨ᠎ᠠ᠃ | | | | 2. ᠬᠠᠭᠤᠷᠠᠢ ᠲᠣᠰᠣ ᠶᠢᠨ ᠪᠦᠯᠦᠭ ᠨᠢ ᠴᠤᠷ ᠤᠨ ᠭᠠᠭᠴᠠ ᠴᠢᠨᠠᠷ ᠤᠨ ᠳ᠋ᠤᠭᠠᠷᠯᠠᠯ ᠲᠠᠢ ᠪᠠᠶᠢᠬᠤ ᠬᠡᠷᠡᠭᠲᠡᠢ | ᠪᠥᠭᠡᠳ ᠳ᠋ᠤᠭᠠᠷᠯᠠᠯ ᠤᠨ ᠲᠡᠮᠳᠡᠭ ᠨᠢ ᠥᠨᠳᠥᠷ ᠳᠤᠯᠠᠭᠠᠨ ᠳᠤ ᠲᠡᠰᠪᠦᠷᠢᠲᠡᠢ ︵ 950℃︶ ᠮᠠᠲ᠋ᠧᠷᠢᠶᠠᠯ ᠤᠨ | ᠴᠢᠨᠠᠷ ᠢ ᠬᠡᠷᠡᠭᠯᠡᠬᠦ ᠬᠡᠷᠡᠭᠲᠡᠢ᠂ ᠭᠠᠯ ᠤᠨ ᠠᠶᠤᠯ ᠭᠠᠷᠤᠭᠰᠠᠨ ᠴᠤ ᠮᠥᠷᠳᠡᠨ ᠨᠡᠬᠡᠮᠵᠢᠯᠡᠵᠦ ᠪᠣᠯᠣᠨ᠎ᠠ᠃ | | | 3. ᠬᠠᠭᠤᠷᠠᠢ ᠲᠣᠰᠣ ᠶᠢᠨ ᠪᠦᠯᠦᠭ ᠤᠨ ᠭᠡᠳᠦ ᠴᠡᠨᠡᠭᠯᠡᠬᠦ᠂ ᠭᠠᠳᠠᠷ ᠲᠠᠯ᠎ᠠ ᠶᠢᠨ ᠳᠥᠲᠡᠯᠡᠯ᠂ ᠭᠡᠳᠦ | ᠭᠦᠶᠦᠳᠡᠯ ᠤᠨ ᠴᠠᠬᠢᠯᠭᠠᠨ ᠨᠢᠷᠭᠡᠯᠭᠡ ᠶᠢᠨ ᠲᠤᠷᠰᠢᠯᠲᠠ ᠶᠢ ᠬᠡᠪ ᠤᠨ ᠠᠵᠢᠯᠯᠠᠬᠤ ᠨᠥᠬᠦᠴᠡᠯ ᠪᠠ ᠲᠤᠨᠤᠭ | ᠰᠡᠯᠪᠢᠭᠡᠰᠦ ᠶᠢᠨ ᠳᠠᠩ ᠭᠠᠭᠴᠠ ᠭᠡᠮᠲᠦᠯ ᠢ ᠬᠠᠮᠠᠭᠠᠯᠠᠬᠤ ᠨᠥᠬᠦᠴᠡᠯ ᠳᠣᠣᠷ᠎ᠠ ᠪᠦᠷ ᠬᠢᠬᠦ ᠬᠡᠷᠡᠭᠲᠡᠢ᠂ ᠡᠶᠢᠮᠦ ᠠᠴᠠ | ᠬᠠᠭᠤᠷᠠᠢ ᠲᠣᠰᠣ ᠶᠢᠨ ᠪᠦᠯᠦᠭ ᠲᠤ ᠳᠠᠪᠬᠤᠷ ᠬᠠᠮᠠᠭᠠᠯᠠᠯᠲᠠ ᠶᠢᠨ ᠵᠢᠷᠤᠭ ᠲᠥᠯᠥᠪᠯᠡᠭᠡ ᠬᠢᠪᠡᠯ ᠰᠠᠶ᠋ᠢ | ᠱᠠᠭᠠᠷᠳᠠᠯᠭ᠎ᠠ ᠶᠢ ᠬᠠᠩᠭᠠᠵᠤ ᠴᠢᠳᠠᠨ᠎ᠠ᠃ | | | 4. ᠬᠠᠭᠤᠷᠠᠢ ᠲᠣᠰᠣ ᠶᠢᠨ ᠪᠦᠯᠦᠭ ᠨᠢ ᠬᠠᠷᠢᠯᠴᠠᠨ ᠮᠡᠳᠡᠷᠡᠬᠦ ᠬᠠᠮᠵᠢᠯᠴᠠᠨ ᠴᠠᠬᠢᠯᠭᠠᠨ ᠴᠡᠨᠡᠭᠯᠡᠬᠦ | ᠴᠢᠳᠠᠪᠤᠷᠢ ᠶᠢ ᠪᠦᠷᠢᠯᠳᠦᠭᠦᠯᠵᠦ᠂ ᠴᠠᠬᠢᠯᠭᠠᠨ ᠴᠡᠨᠡᠭᠯᠡᠬᠦ ᠲᠣᠨᠣᠭᠯᠠᠯ ᠨᠢ ᠬᠠᠭᠤᠷᠠᠢ ᠲᠣᠰᠣ ᠶᠢᠨ ᠪᠦᠯᠦᠭ ᠲᠤ | ᠴᠠᠬᠢᠯᠭᠠᠨ ᠴᠡᠨᠡᠭᠯᠡᠬᠦ ᠳᠤ ᠤᠴᠠᠷᠠᠭᠤᠯᠬᠤ ᠠᠶᠤᠯ ᠲᠦᠭᠰᠢᠭᠦᠷᠢ ᠶᠢ ᠪᠠᠭᠠᠰᠬᠠᠬᠤ ᠵᠣᠷᠢᠯᠭ᠎ᠠ ᠪᠠᠷ ᠬᠠᠷᠢᠯᠴᠠᠨ ᠮᠡᠳᠡᠷᠡᠬᠦ | ᠬᠠᠮᠵᠢᠯᠴᠠᠨ ᠴᠠᠬᠢᠯᠭᠠᠨ ᠴᠡᠨᠡᠭᠯᠡᠬᠦ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃ | | | 5. ᠬᠠᠭᠤᠷᠠᠢ ᠲᠣᠰᠣ ᠶᠢᠨ ᠪᠦᠯᠦᠭ ᠴᠠᠬᠢᠯᠭᠠᠨ ᠴᠡᠨᠡᠭᠯᠡᠬᠦ᠂ ᠴᠠᠬᠢᠯᠭᠠᠨ ᠨᠢᠷᠭᠡᠯᠭᠡ ᠶᠢᠨ ᠶᠠᠪᠤᠴᠠ ᠳᠤ ᠴᠠᠭ | ᠲᠤᠬᠠᠢ ᠳᠤᠨᠢ ᠬᠠᠭᠤᠷᠠᠢ ᠲᠣᠰᠣ ᠶᠢᠨ ᠴᠠᠬᠢᠯᠭᠠᠨ ᠬᠦᠴᠦᠳᠡᠯ᠂ ᠬᠠᠭᠤᠷᠠᠢ ᠲᠣᠰᠣ ᠶᠢᠨ ᠪᠦᠯᠦᠭ ᠤᠨ ᠴᠠᠬᠢᠯᠭᠠᠨ | ᠬᠦᠴᠦᠳᠡᠯ/ ᠳᠤᠯᠠᠭᠠᠨ/ ᠴᠠᠬᠢᠯᠭᠠᠨ ᠭᠦᠶᠦᠳᠡᠯ ᠢ ᠴᠤᠭᠯᠠᠭᠤᠯᠬᠤ ᠬᠡᠷᠡᠭᠲᠡᠢ᠂ ᠡᠨᠡ ᠨᠢ ᠳᠠᠷᠤᠢ ᠬᠠᠭᠤᠷᠠᠢ ᠲᠣᠰᠣ ᠶᠢᠨ | ᠪᠦᠯᠦᠭ ᠢ ᠬᠠᠮᠢᠶᠠᠷᠤᠯᠲᠠ ᠶᠢᠨ ᠰᠢᠰᠲ᠋ᠧᠮ ︵ᠣᠶᠤᠨᠲᠤ ︽ᠶᠡᠭᠡ ᠲᠠᠷᠢᠬᠢ︾︶ ᠢ ᠲᠣᠬᠢᠷᠠᠭᠤᠯᠵᠤ ᠴᠠᠭ ᠲᠤᠬᠠᠢ | ᠳᠤᠨᠢ ᠬᠢᠨᠠᠨ ᠡᠵᠡᠮᠳᠡᠬᠦ ᠶᠢ ᠱᠠᠭᠠᠷᠳᠠᠨ᠎ᠠ᠃ | | | 6. ᠦᠢᠯᠡᠳᠪᠦᠷᠢᠯᠡᠭᠴᠢ ᠬᠠᠭᠤᠷᠠᠢ ᠲᠣᠰᠣ ᠶᠢᠨ ᠪᠦᠯᠦᠭ ᠳᠡᠭᠡᠷ᠎ᠡ ︽ᠠᠶᠤᠯᠭᠦᠢ ᠬᠡᠷᠡᠭᠯᠡᠬᠦ ᠵᠢᠯ ᠬᠤᠭᠤᠴᠠᠭ᠎ᠠ | ︾ ᠶᠢ ᠲᠣᠳᠣᠷᠬᠠᠢ ᠲᠡᠮᠳᠡᠭᠯᠡᠵᠦ᠂ ᠬᠡᠷᠡᠭᠯᠡᠭᠴᠢᠳ ᠲᠤ ᠬᠠᠭᠤᠴᠢᠨ ᠬᠠᠭᠤᠷᠠᠢ ᠲᠣᠰᠣ ᠶᠢ ᠴᠠᠭ ᠲᠤᠬᠠᠢ ᠳᠤᠨᠢ | ᠭᠡᠭᠡᠭᠳᠡᠭᠦᠯᠬᠦ ᠶᠢ ᠰᠠᠨᠠᠭᠤᠯᠬᠤ ᠬᠡᠷᠡᠭᠲᠡᠢ᠂ ᠡᠨᠡ ᠨᠢ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠬᠡᠷᠡᠭᠯᠡᠬᠦ ᠵᠢᠯ | ᠬᠤᠭᠤᠴᠠᠭ᠎ᠠ ᠶᠢᠨ ᠨᠡᠮᠡᠭᠳᠡᠬᠦ ᠶᠢ ᠳᠠᠭᠠᠯᠳᠤᠨ᠂ ᠲᠡᠭᠦᠨ ᠤ ᠠᠶᠤᠯᠭᠦᠢ ᠶᠢᠨ ᠠᠶᠤᠯ ᠲᠦᠭᠰᠢᠭᠦᠷᠢ ᠨᠢ ᠴᠦ | ᠠᠭᠠᠵᠢᠮ ᠢᠶᠠᠷ ᠶᠡᠬᠡᠰᠬᠦ ᠠᠴᠠ ᠪᠣᠯᠤᠭᠰᠠᠨ ᠶᠤᠮ᠃ | | | 7. ᠬᠠᠭᠤᠷᠠᠢ ᠲᠣᠰᠣ ᠶᠢᠨ ᠪᠦᠯᠦᠭ ᠤᠨ ᠭᠠᠳᠠᠷ ᠬᠠᠯᠢᠰᠤ᠂ ᠬᠡᠪᠯᠡᠮᠡᠯ ᠴᠠᠬᠢᠯᠭᠠᠨ ᠬᠡᠯᠬᠢᠶ᠎ᠡ ᠶᠢᠨ ᠬᠠᠪᠲᠠᠰᠤ᠂ | ᠳᠠᠮᠵᠢᠭᠤᠯᠤᠭᠴᠢ ᠤᠲᠠᠰᠤᠨ ᠳᠤ ᠰᠢᠲᠠᠯᠲᠠ ᠶᠢ ᠬᠤᠷᠢᠭᠯᠠᠬᠤ ᠴᠢᠨᠠᠷᠲᠠᠢ ᠮᠠᠲ᠋ᠧᠷᠢᠶᠠᠯ ᠢ ᠬᠡᠷᠡᠭᠯᠡᠵᠦ᠂ ᠭᠠᠯ ᠤᠨ ᠠᠶᠤᠯ | ᠭᠠᠷᠤᠭᠰᠠᠨ ᠤ ᠳᠠᠷᠠᠭᠠᠬᠢ ᠭᠠᠯ ᠤᠨ ᠳᠥᠯᠥ ᠶᠢᠨ ᠲᠠᠷᠬᠠᠬᠤ ᠬᠤᠷᠳᠤᠴᠠ ᠶᠢ ᠪᠠᠭᠠᠰᠬᠠᠬᠤ ᠬᠡᠷᠡᠭᠲᠡᠢ᠃ | | | 8. ᠬᠠᠭᠤᠷᠠᠢ ᠲᠣᠰᠣ ᠶᠢᠨ ᠪᠦᠯᠦᠭ ᠤᠨ ᠢᠯᠴᠢ ᠨᠡᠪᠴᠢᠯᠲᠡ ᠶᠢᠨ ᠬᠡᠮᠵᠢᠯᠲᠡ ᠳᠤ ᠬᠠᠭᠤᠷᠠᠢ ᠲᠣᠰᠣ ᠶᠢᠨ | ᠪᠦᠯᠦᠭ ᠤᠨ ᠳᠣᠲᠣᠷᠠᠬᠢ ᠠᠯᠢ ᠨᠢᠭᠡ ᠬᠡᠰᠡᠭ ᠳᠠᠩ ᠪᠡᠶᠡᠲᠦ ᠬᠠᠭᠤᠷᠠᠢ ᠲᠣᠰᠣ ᠭᠠᠯ ᠭᠠᠷᠤᠭᠰᠠᠨ ᠤ ᠲᠡᠷᠠᠭ᠎ᠠ᠂ | ᠪᠦᠬᠦ᠋ᠢᠯᠡ ᠬᠠᠭᠤᠷᠠᠢ ᠲᠣᠰᠣ ᠶᠢᠨ ᠪᠦᠯᠦᠭ ᠲᠤ ᠲᠦᠷᠭᠡᠨ ᠲᠠᠷᠬᠠᠵᠤ ᠪᠣᠯᠬᠤ ᠦᠭᠡᠢ ᠪᠠᠶᠢᠬᠤ ᠶᠢ ᠱᠠᠭᠠᠷᠳᠠᠨ᠎ᠠ᠃ | | | | ᠵᠢᠷᠭᠤᠭ᠎ᠠ᠂ ︽ᠮᠡᠷᠭᠡᠵᠢᠯ ᠤᠨ ᠵᠢᠷᠤᠮᠵᠢᠯ︾ ᠨᠢ ᠬᠠᠭᠤᠷᠠᠢ ᠲᠣᠰᠣ ᠶᠢᠨ ᠮᠥᠨ ᠴᠢᠨᠠᠷ ᠤᠨ ᠠᠮᠤᠷ | ᠲᠦᠪᠰᠢᠨ ᠢ ᠠᠯᠢ ᠬᠡᠳᠦᠨ ᠲᠠᠯ᠎ᠠ ᠪᠠᠷ ᠳᠡᠭᠡᠭᠰᠢᠯᠡᠭᠦᠯᠬᠦ ᠪᠤᠢ︖ | | ︽ᠮᠡᠷᠭᠡᠵᠢᠯ ᠤᠨ ᠵᠢᠷᠤᠮᠵᠢᠯ︾ ᠳᠤ ᠴᠠᠬᠢᠯᠭᠠᠨ ᠳᠤᠭᠤᠢ ᠶᠢᠨ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ | ᠬᠠᠭᠤᠷᠠᠢ ᠲᠣᠰᠣ ᠶᠢᠨ ᠳᠠᠩ ᠪᠡᠶ᠎ᠡ ᠶᠢᠨ ᠠᠮᠤᠷ ᠲᠦᠪᠰᠢᠨ ᠤ ᠱᠠᠭᠠᠷᠳᠠᠯᠭ᠎ᠠ ᠶᠢ ᠲᠣᠭᠲᠠᠭᠠᠭᠰᠠᠨ ᠢᠶᠠᠷ ᠪᠠᠷᠠᠬᠤ | ᠦᠭᠡᠢ᠂ ᠪᠠᠰᠠ ᠴᠠᠬᠢᠯᠭᠠᠨ ᠤ ᠠᠮᠤᠷ ᠲᠦᠪᠰᠢᠨ ︵ᠬᠡᠲᠦ ᠴᠡᠨᠡᠭᠯᠡᠬᠦ᠂ ᠬᠡᠲᠦ ᠲᠠᠯᠪᠢᠬᠤ᠂ ᠭᠠᠳᠠᠷ ᠲᠠᠯ᠎ᠠ ᠶᠢᠨ | ᠳᠥᠲᠡᠯᠡᠯ᠂ ᠳᠤᠯᠠᠭᠠᠨ ᠤ ᠬᠡᠮᠵᠢᠶ᠎ᠡ ᠶᠢᠨ ᠬᠠᠮᠠᠭᠠᠯᠠᠯᠲᠠ ᠵᠡᠷᠭᠡ ᠶᠢ ᠪᠠᠭᠲᠠᠭᠠᠨ᠎ᠠ︶᠂ ᠮᠧᠬᠠᠨᠢᠭ ᠤᠨ ᠠᠮᠤᠷ ᠲᠦᠪᠰᠢᠨ | ︵ᠰᠢᠬᠠᠨ ᠳᠠᠷᠤᠬᠤ᠂ ᠬᠤᠷᠳᠤᠳᠬᠠᠯ ᠤᠨ ᠳᠠᠭᠠᠷᠢᠯᠲᠠ᠂ ᠬᠡᠯᠪᠡᠯᠵᠡᠯᠲᠡ ᠵᠡᠷᠭᠡ ᠶᠢ ᠪᠠᠭᠲᠠᠭᠠᠨ᠎ᠠ︶᠂ ᠣᠷᠴᠢᠨ | ᠲᠣᠭᠤᠷᠢᠨ ᠤ ᠠᠮᠤᠷ ᠲᠦᠪᠰᠢᠨ ︵ᠠᠭᠠᠷ ᠤᠨ ᠪᠣᠭᠤᠨᠢ ᠳᠠᠷᠤᠯᠲᠠ᠂ ᠳᠤᠯᠠᠭᠠᠨ ᠤ ᠬᠡᠮᠵᠢᠶᠡᠨ ᠤ ᠡᠷᠭᠢᠯᠲᠡ᠂ | ᠤᠰᠤᠨ ᠳᠤ ᠳᠡᠪᠲᠦᠬᠦ ᠵᠡᠷᠭᠡ ᠶᠢ ᠪᠠᠭᠲᠠᠭᠠᠨ᠎ᠠ︶᠂ ᠢᠯᠴᠢ ᠨᠡᠪᠴᠢᠯᠲᠡ᠂ ᠬᠠᠷᠢᠯᠴᠠᠨ ᠮᠡᠳᠡᠷᠡᠵᠦ ᠬᠠᠮᠵᠢᠯᠴᠠᠨ | ᠴᠠᠬᠢᠯᠭᠠᠨ ᠴᠡᠨᠡᠭᠯᠡᠬᠦ᠂ ᠲᠤᠭ᠎ᠠ ᠪᠠᠷᠢᠮᠲᠠ ᠴᠤᠭᠯᠠᠭᠤᠯᠬᠤ᠂ ᠲᠡᠮᠳᠡᠭ ᠲᠠᠯᠪᠢᠬᠤ ᠵᠡᠷᠭᠡ ᠲᠤᠯᠤᠭᠠᠨ ᠲᠠᠯ᠎ᠠ ᠪᠠᠷ | ᠬᠠᠭᠤᠷᠠᠢ ᠲᠣᠰᠣ ᠶᠢᠨ ᠪᠦᠯᠦᠭ ᠤᠨ ᠦᠢᠯᠡᠳᠬᠦᠨ ᠤ ᠠᠮᠤᠷ ᠲᠦᠪᠰᠢᠨ ᠤ ᠵᠥᠪᠰᠢᠶᠡᠷᠡᠯ ᠤᠨ ᠪᠣᠱᠤᠭ᠎ᠠ ᠶᠢ | ᠪᠠᠶᠢᠷᠢᠯᠠᠭᠤᠯᠵᠠᠢ᠃ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ ᠮᠥᠨ ᠴᠢᠨᠠᠷ ᠤᠨ ᠠᠮᠤᠷ ᠲᠦᠪᠰᠢᠨ ᠤ | ᠲᠦᠪᠰᠢᠨ ᠢ ᠳᠡᠭᠡᠭᠰᠢᠯᠡᠭᠦᠯᠪᠡ᠃ | | | | ᠳᠣᠯᠤᠭ᠎ᠠ᠂ ᠪᠣᠶ ᠪᠦᠬᠦᠢ ᠴᠠᠬᠢᠯᠭᠠᠨ ᠳᠤᠭᠤᠢ ᠶᠢᠨ ᠬᠠᠭᠤᠷᠠᠢ ᠲᠣᠰᠣ ᠨᠢ ᠴᠥᠮ ︽ᠮᠡᠷᠭᠡᠵᠢᠯ ᠤᠨ ᠵᠢᠷᠤᠮᠵᠢᠯ | ︾ ᠳᠤ ᠨᠡᠶᠢᠴᠡᠭᠰᠡᠨ ᠪᠠᠶᠢᠬᠤ ᠬᠡᠷᠡᠭᠲᠡᠢ ᠦᠦ︖ | | ︽ᠮᠡᠷᠭᠡᠵᠢᠯ ᠤᠨ ᠵᠢᠷᠤᠮᠵᠢᠯ︾ ᠪᠣᠯ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠣᠯᠣᠨ᠎ᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠶᠢᠨ ᠬᠤᠷᠢᠨ | ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠨᠡᠶᠢᠴᠡᠬᠦ | ᠦᠭᠡᠢ ᠦᠢᠯᠡᠳᠬᠦᠨ᠂ ᠦᠢᠯᠡᠴᠢᠯᠡᠭᠡ ᠶᠢ ᠦᠢᠯᠡᠳᠪᠦᠷᠢᠯᠡᠬᠦ᠂ ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ | ᠪᠤᠶᠤ ᠬᠠᠩᠭᠠᠵᠤ ᠪᠣᠯᠬᠤ ᠦᠭᠡᠢ︾᠃ ᠡᠶᠢᠮᠦ ᠠᠴᠠ ᠲᠣᠰ ᠪᠠᠷᠢᠮᠵᠢᠶ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ | ᠤᠯᠤᠰ ᠤᠨ ᠳᠣᠲᠣᠭᠠᠳᠤ ᠳᠤ ᠪᠣᠷᠣᠯᠠᠭᠤᠯᠵᠤ ᠪᠠᠶᠢᠭ᠎ᠠ ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠬᠡᠯᠬᠢᠶ᠎ᠡ | ᠬᠠᠭᠤᠷᠠᠢ ᠲᠣᠰᠣ ᠨᠢ ᠡᠷᠬᠡᠪᠰᠢ ᠲᠡᠭᠦᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | | | | ᠨᠠᠢᠮᠠ᠂ ᠬᠡᠷᠡᠭᠯᠡᠭᠴᠢᠳ ︽ᠮᠡᠷᠭᠡᠵᠢᠯ ᠤᠨ ᠳᠦᠷᠢᠮᠵᠢᠯ︾ ᠳᠤ ᠨᠡᠶᠢᠴᠡᠬᠦ ᠯᠢᠲ᠋ᠢ ᠶᠢᠨ ᠬᠠᠭᠤᠷᠠᠢ ᠲᠣᠰᠣ ᠶᠢ | ᠬᠡᠷᠬᠢᠨ ᠬᠤᠳᠠᠯᠳᠤᠨ ᠠᠪᠬᠤ ᠪᠤᠢ︖ | | ᠬᠡᠷᠡᠭᠯᠡᠭᠴᠢᠳ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠰᠣᠩᠭᠤᠵᠤ ᠬᠤᠳᠠᠯᠳᠤᠨ ᠠᠪᠬᠤ ᠳᠠᠭᠠᠨ | ᠬᠠᠭᠤᠷᠠᠢ ᠲᠣᠰᠣ ᠶᠢᠨ ᠪᠢᠴᠢᠭᠡᠰᠦ ᠶᠢᠨ ᠫᠠᠶᠢᠰᠠ᠂ ᠬᠡᠪ ᠪᠠᠷᠢᠮᠵᠢᠶ᠎ᠠ ᠶᠢᠨ ᠪᠢᠴᠢᠭ᠂ ᠬᠡᠷᠡᠭᠯᠡᠬᠦ ᠲᠣᠳᠣᠷᠬᠠᠶᠢᠯᠠᠯᠲᠠ | ᠵᠡᠷᠭᠡ ᠮᠠᠲ᠋ᠧᠷᠢᠶᠠᠯ ᠢ ᠪᠠᠶᠢᠴᠠᠭᠠᠨ ᠦᠵᠡᠬᠦ ᠪᠤᠶᠤ ᠪᠣᠷᠣᠯᠠᠭᠤᠯᠤᠭᠴᠢ ᠠᠴᠠ ᠯᠠᠪᠯᠠᠨ ᠠᠰᠠᠭᠤᠵᠤ᠂ ᠲᠤᠰ | ᠦᠢᠯᠡᠳᠬᠦᠨ ᠲᠠᠢ ᠵᠣᠬᠢᠴᠠᠯᠳᠤᠭᠰᠠᠨ ︽ᠮᠡᠷᠭᠡᠵᠢᠯ ᠤᠨ ᠳᠦᠷᠢᠮᠵᠢᠯ︾ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ | ᠪᠤᠶᠤ ᠭᠡᠷᠡᠴᠢᠯᠡᠨ ᠮᠠᠭᠠᠳᠯᠠᠭᠰᠠᠨ ᠦᠨᠡᠮᠯᠡᠯ ᠢ ᠬᠠᠩᠭᠠᠯᠭᠠᠬᠤ ᠪᠠᠷ ᠱᠠᠭᠠᠷᠳᠠᠵᠤ᠂ ᠬᠠᠭᠤᠷᠠᠢ ᠲᠣᠰᠣ ᠶᠢᠨ ︽ | ᠮᠡᠷᠭᠡᠵᠢᠯ ᠤᠨ ᠳᠦᠷᠢᠮᠵᠢᠯ︾ ᠳᠤ ᠨᠡᠶᠢᠴᠡᠬᠦ ᠡᠰᠡᠬᠦ ᠶᠢ ᠨᠤᠲᠠᠯᠠᠵᠤ ᠪᠣᠯᠣᠨ᠎ᠠ᠃ | | | | ᠶᠢᠰᠦ᠂ ᠶᠠᠭᠤᠨ ᠳᠤ ᠲᠡᠮᠳᠡᠭ ᠲᠠᠢ ᠬᠠᠭᠤᠷᠠᠢ ᠲᠣᠰᠣ ᠶᠢᠨ ᠠᠶᠤᠯᠭᠦᠢ ᠬᠡᠷᠡᠭᠯᠡᠬᠦ ᠬᠤᠭᠤᠴᠠᠭ᠎ᠠ ᠶᠢ | ᠱᠠᠭᠠᠷᠳᠠᠳᠠᠭ ᠪᠤᠢ︖ | | ᠬᠡᠷᠡᠭᠯᠡᠬᠦ ᠣᠨ ᠵᠢᠯ ᠤᠨ ᠨᠡᠮᠡᠭᠳᠡᠬᠦ ᠶᠢ ᠳᠠᠭᠠᠯᠳᠤᠨ᠂ ᠯᠢᠲ᠋ᠢ ᠢᠶᠤᠨ ᠤ ᠬᠡᠯᠬᠢᠶ᠎ᠡ ᠬᠠᠭᠤᠷᠠᠢ ᠲᠣᠰᠣ ᠶᠢᠨ | ᠪᠠᠭᠲᠠᠭᠠᠮᠵᠢ ᠠᠭᠠᠵᠢᠮ ᠢᠶᠠᠷ ᠪᠠᠭᠤᠷᠠᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠠᠶᠤᠯ ᠲᠦᠭᠰᠢᠭᠦᠷᠢ ᠴᠦ | ᠠᠭᠠᠵᠢᠮ ᠢᠶᠠᠷ ᠶᠡᠬᠡᠰᠳᠡᠭ᠃ ︽ᠮᠡᠷᠭᠡᠵᠢᠯ ᠤᠨ ᠵᠢᠷᠤᠮᠵᠢᠯ︾ ᠨᠢ ᠦᠢᠯᠡᠳᠬᠦ ᠬᠤᠳᠠᠯᠳᠤᠭᠠᠴᠢᠨ ᠢ ᠬᠠᠭᠤᠷᠠᠢ | ᠲᠣᠰᠣ ᠶᠢᠨ ᠳᠤᠭᠤᠶᠢᠯᠠᠩ ᠳᠡᠭᠡᠷ᠎ᠡ ︽ᠠᠶᠤᠯᠭᠦᠢ ᠬᠡᠷᠡᠭᠯᠡᠬᠦ ᠵᠢᠯ ᠬᠤᠭᠤᠴᠠᠭ᠎ᠠ︾ ᠶᠢ ᠲᠣᠳᠣᠷᠬᠠᠶᠢᠯᠠᠵᠤ᠂ | ᠬᠡᠷᠡᠭᠯᠡᠭᠴᠢ ᠳᠤ ᠬᠤᠭᠤᠴᠠᠭ᠎ᠠ ᠲᠤᠯᠪᠠᠯ ᠬᠠᠭᠤᠴᠢᠨ ᠬᠠᠭᠤᠷᠠᠢ ᠲᠣᠰᠣ ᠶᠢ ᠰᠢᠭᠰᠢᠭᠳᠡᠭᠦᠯᠵᠦ᠂ ᠬᠠᠭᠤᠴᠢᠨ ᠬᠠᠭᠤᠷᠠᠢ | ᠲᠣᠰᠣ ᠠᠴᠠ ᠪᠣᠯᠬᠤ ᠳᠠᠯᠳᠠ ᠠᠶᠤᠯᠭᠦᠢ ᠶᠢᠨ ᠲᠦᠭᠰᠢᠭᠦᠷᠢ ᠶᠢ ᠪᠠᠭᠠᠰᠬᠠᠵᠤ᠂ ᠬᠡᠷᠡᠭᠯᠡᠭᠴᠢ ᠶᠢᠨ ᠠᠮᠢ ᠨᠠᠰᠤ ᠪᠠ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠰᠠᠨᠠᠭᠤᠯᠵᠤ ᠪᠠᠶᠢᠨ᠎ᠠ᠃ | | | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ | ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠤᠯᠠᠮᠵᠢᠯᠠᠨ ᠲᠠᠷᠬᠠᠭᠠᠭᠰᠠᠨ ︽ | ᠴᠠᠬᠢᠯᠭᠠᠨ ᠳᠤᠭᠤᠢ ᠳᠤ ᠬᠡᠷᠡᠭᠯᠡᠬᠦ ᠯᠢᠲ᠋ᠢ ᠢᠶᠤᠨ ᠤ ᠴᠠᠬᠢᠯᠭᠠᠨ ᠬᠤᠷᠢᠶᠠᠭᠤᠷ ᠤᠨ ᠠᠶᠤᠯᠭᠦᠢ ᠶᠢᠨ ᠮᠡᠷᠭᠡᠵᠢᠯ ᠤᠨ | ᠵᠢᠷᠤᠮᠵᠢᠯ︾ | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ | ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | | | |