| | ᠣᠶᠢᠷ᠎ᠠ ᠳᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ︽ᠠᠭᠤᠷᠬᠠᠢ ᠶᠢᠨ | ᠠᠪᠤᠷᠠᠨ ᠲᠤᠰᠠᠯᠠᠬᠤ ᠳᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 16 ᠳ᠋ᠤᠭᠠᠷ ᠲᠣᠭᠠᠲᠤ᠂ ᠳᠣᠷᠣᠭᠰᠢ ︽ᠳᠦᠷᠢᠮ︾ | ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠪᠠ᠃ ︽ᠳᠦᠷᠢᠮ ᠲᠣᠭᠲᠠᠭᠠᠯ︾ ᠢ ᠨᠠᠩ ᠰᠠᠶᠢᠨ ᠣᠶᠢᠯᠠᠭᠠᠨ | ᠨᠠᠶᠢᠳᠠᠪᠤᠷᠢᠵᠢᠭᠤᠯᠬᠤ ᠵᠣᠷᠢᠯᠭ᠎ᠠ ᠪᠠᠷ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠠᠷᠠᠭᠠᠬᠢ ᠬᠡᠳᠦᠨ | ᠲᠠᠯ᠎ᠠ ᠪᠠᠷ ᠲᠠᠶᠢᠯᠪᠤᠷᠢᠯᠠᠵᠤ ᠪᠠᠶᠢᠨ᠎ᠠ᠃ | | ᠨᠢᠭᠡ᠂ ︽ᠳᠦᠷᠢᠮ ᠲᠣᠭᠲᠠᠭᠠᠯ︾ ᠢ ᠲᠤᠭᠤᠷᠪᠢᠭᠰᠠᠨ ᠦᠨᠳᠦᠰᠦᠯᠡᠯ ᠪᠠ ᠶᠡᠷᠦᠩᠬᠡᠢ ᠪᠣᠳᠣᠯᠬᠢᠯᠠᠯ | ᠠᠭᠤᠷᠬᠠᠢ ᠶᠢᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠲᠦᠷᠭᠡᠨ᠂ ᠠᠶᠦᠯᠭᠦᠢ᠂ ᠪᠦᠲᠦᠮᠵᠢᠲᠡᠶ | ᠰᠢᠢᠳᠪᠦᠷᠢᠯᠡᠬᠦ ᠵᠣᠷᠢᠯᠭ᠎ᠠ ᠪᠠᠷ᠂ ᠠᠭᠤᠷᠬᠠᠢ ᠶᠢᠨ ᠠᠵᠢᠯ ᠡᠷᠬᠢᠯᠡᠭᠰᠡᠳ ᠪᠣᠯᠣᠨ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠶᠢᠨ ᠠᠪᠤᠷᠠᠨ ᠲᠤᠰᠠᠯᠠᠬᠤ ᠬᠥᠮᠥᠰ ᠤᠨ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠶᠢᠨ ᠬᠠᠮᠢᠶᠠᠷᠤᠯᠲᠠ ᠶᠢᠨ ᠶᠠᠮᠤᠨ ᠠᠴᠠ ᠬᠤᠯᠪᠣᠭᠳᠠᠯ ᠪᠦᠬᠦᠢ ᠨᠢᠭᠡᠴᠢ ᠪᠣᠯᠣᠨ | ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠠᠯᠪᠠᠳᠠᠯᠭ᠎ᠠ ᠶᠢᠨ ᠴᠢᠨᠠᠷᠲᠠᠢ ᠠᠵᠢᠯ ᠲᠦᠷᠦᠯ ᠤᠨ | ᠪᠠᠷᠢᠮᠵᠢᠶ᠎ᠠ ᠶᠢᠨ ︽ᠠᠭᠤᠷᠬᠠᠢ ᠶᠢᠨ ᠠᠪᠤᠷᠠᠨ ᠲᠤᠰᠠᠯᠠᠬᠤ ᠳᠦᠷᠢᠮ︾ ︵ AQ1008-2007︶ ᠢᠶᠠᠷ ᠰᠠᠭᠤᠷᠢ | ᠪᠣᠯᠭᠠᠨ᠂ ᠬᠢᠨᠠᠮᠠᠭᠠᠢ ᠰᠤᠳᠤᠯᠬᠤ ᠪᠠᠷ ᠳᠠᠮᠵᠢᠭᠤᠯᠤᠨ᠂ ᠡᠯ᠎ᠡ ᠬᠤᠯᠪᠣᠭᠳᠠᠯ ᠪᠦᠬᠦᠢ ᠲᠠᠯ᠎ᠠ ᠪᠣᠯᠣᠨ ᠨᠡᠶᠢᠭᠡᠮ | ᠨᠡᠶᠢᠲᠡ ᠶᠢᠨ ᠰᠠᠨᠠᠯ ᠢ ᠬᠤᠷᠢᠶᠠᠵᠤ᠂ ᠳᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠳᠦᠷᠢᠮ︾ | ᠢ ᠪᠤᠢ ᠪᠣᠯᠭᠠᠵᠤ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠬᠡᠯᠪᠡᠷᠢ ᠪᠠᠷ ᠨᠡᠶᠢᠲᠡᠯᠡᠨ ᠬᠡᠷᠡᠭᠵᠢᠭᠦᠯᠦᠨ᠎ᠡ᠃ | ᠶᠡᠷᠦᠩᠬᠡᠢ ᠳᠤᠨᠢ ᠠᠪᠴᠤ ᠬᠡᠯᠡᠪᠡᠯ 3 ᠲᠠᠯ᠎ᠠ ᠶᠢᠨ ᠪᠣᠳᠣᠯᠬᠢᠯᠠᠯ ᠪᠤᠢ᠄ | | ᠨᠢᠭᠡ ᠳᠤ᠂ ᠰᠢᠨ᠎ᠡ ᠴᠠᠭ ᠦᠶ᠎ᠡ ᠶᠢᠨ ᠠᠭᠤᠷᠬᠠᠢ ᠶᠢᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠴᠡᠭᠡ ᠳᠤ ᠵᠣᠬᠢᠴᠠᠭᠤᠯᠤᠨ᠎ᠠ᠃ ︽ᠠᠭᠤᠷᠬᠠᠢ ᠶᠢ ᠠᠪᠤᠷᠠᠨ ᠲᠤᠰᠠᠯᠠᠬᠤ ᠳᠦᠷᠢᠮ︾ ᠪᠣᠯ ᠠᠭᠤᠷᠬᠠᠢ ᠶᠢᠨ | ᠡ᠊ᠨᠳᠡᠯ ᠤᠨ ᠭᠠᠮᠰᠢᠭ ᠤᠨ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠦᠨᠳᠦᠰᠦᠨ | ᠵᠢᠷᠤᠮᠵᠢᠯ ᠮᠥᠨ᠂ 2007 ᠣᠨ ᠳᠤ ᠨᠡᠶᠢᠲᠡᠯᠡᠭᠰᠡᠨ ᠠᠴᠠ ᠨᠠᠰᠢ ᠨᠢᠭᠡᠨᠲᠡ 17 ᠵᠢᠯ ᠪᠣᠯᠵᠠᠢ᠃ ᠰᠢᠨ᠎ᠡ ᠴᠠᠭ | ᠦᠶ᠎ᠡ ᠳᠤ ᠣᠷᠣᠭᠠᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠴᠢᠮ ᠪᠠᠶᠢᠳᠠᠯ ᠢ | ᠲᠦᠷᠭᠡᠨ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ | ᠣᠶᠢᠯᠠᠭᠠᠭᠳᠠᠬᠤᠨ᠂ ᠰᠢᠨ᠎ᠡ ᠱᠠᠭᠠᠷᠳᠠᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠪᠠ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ ᠠᠪᠤᠷᠠᠨ | ᠲᠤᠰᠠᠯᠠᠬᠤ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠰᠢᠨ᠎ᠡ ᠬᠢᠷᠢ ᠲᠦᠪᠰᠢᠨ ᠳᠤ ᠬᠦᠷᠭᠡᠵᠦ᠂ ᠣᠶᠢᠷ᠎ᠠ ᠶᠢᠨ | ᠵᠢᠯ ᠤᠳ ᠲᠤ ᠡ᠊ᠨᠳᠡᠯ ᠠᠴᠠ ᠠᠪᠤᠷᠠᠨ ᠲᠤᠰᠠᠯᠠᠬᠤ ᠦᠢᠯᠡᠳᠦᠯᠭᠡ ᠳᠤ ᠨᠡᠩ ᠰᠢᠨᠵᠢᠯᠡᠬᠦ ᠤᠬᠠᠭᠠᠨᠴᠢ ᠠᠪᠤᠷᠠᠨ | ᠲᠤᠰᠠᠯᠠᠬᠤ ᠠᠷᠭ᠎ᠠ ᠬᠡᠮᠵᠢᠶ᠎ᠡ ᠨᠦᠭᠦᠳ ᠢ ᠪᠤᠢ ᠪᠣᠯᠭᠠᠭᠰᠠᠨ ᠪᠣᠯᠬᠤᠷ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠠᠭᠤᠷᠬᠠᠢ ᠶᠢᠨ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠳᠤ ᠵᠣᠬᠢᠴᠠᠭᠤᠯᠬᠤ ᠵᠣᠷᠢᠯᠭ᠎ᠠ ᠪᠠᠷ | ᠤᠳᠤ ᠶᠢᠨ ᠬᠡᠷᠡᠭᠵᠢᠭᠦᠯᠵᠦ ᠪᠠᠶᠢᠭ᠎ᠠ ᠲᠣᠭᠲᠠᠭᠠᠯ ᠢ ᠵᠣᠬᠢᠴᠠᠩᠭᠤᠢ ᠪᠠᠷ ᠥᠭᠡᠷᠡᠴᠢᠯᠡᠨ ᠰᠠᠶᠢᠵᠢᠷᠠᠭᠤᠯᠬᠤ ᠴᠢᠬᠤᠯᠠᠲᠠᠢ | ᠪᠠᠶᠢᠨ᠎ᠠ᠃ | | ᠬᠤᠶᠠᠷ ᠲᠤ ᠠᠭᠤᠷᠬᠠᠢ ᠶᠢᠨ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠶᠢ ᠴᠢᠩᠭᠠᠳᠬᠠᠨ | ᠵᠢᠷᠤᠮᠵᠢᠭᠤᠯᠤᠨ᠎ᠠ᠃ ︽ᠠᠭᠤᠷᠬᠠᠢ ᠶᠢᠨ ᠠᠪᠤᠷᠠᠨ ᠲᠤᠰᠠᠯᠠᠬᠤ ᠳᠦᠷᠢᠮ︾ ᠢᠶᠠᠷ ᠠᠵᠢᠯ ᠲᠥᠷᠥᠯ ᠤᠨ ᠪᠠᠷᠢᠮᠵᠢᠶ᠎ᠠ | ᠪᠣᠯᠭᠠᠵᠤ᠂ ᠠᠭᠤᠷᠬᠠᠢ ᠶᠢᠨ ᠠᠪᠤᠷᠠᠨ ᠲᠤᠰᠠᠯᠠᠬᠤ ᠠᠵᠢᠯ ᠢ ᠵᠢᠷᠤᠮᠵᠢᠭᠤᠯᠬᠤ᠂ ᠠᠭᠤᠷᠬᠠᠢ ᠶᠢᠨ ᠠᠵᠢᠯᠲᠠᠨ | ᠠᠵᠢᠯᠴᠢᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ᠂ ᠠᠳᠡᠯ ᠤᠨ ᠬᠤᠬᠢᠷᠠᠯ ᠢ ᠪᠠᠭᠠᠰᠬᠠᠬᠤ ᠵᠡᠷᠭᠡ | ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠭᠡᠪᠡᠴᠦ ᠪᠠᠰᠠ ᠮᠡᠷᠭᠡᠵᠢᠯ ᠤᠨ ᠴᠢᠨᠠᠷᠲᠠᠢ ᠱᠠᠭᠠᠷᠳᠠᠯᠭ᠎ᠠ ᠶᠢ | ᠴᠢᠬᠤᠯᠠᠴᠢᠯᠠᠬᠤ᠂ ᠠᠭᠤᠷᠬᠠᠢ ᠶᠢᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠵᠢᠯ ᠰᠤᠯᠠᠷᠠᠬᠤ᠂ ᠡᠷᠬᠡ ᠰᠤᠯᠢᠲᠤ | ᠴᠢᠨᠠᠷ ᠥᠨᠳᠥᠷ ᠪᠢᠰᠢ᠂ ᠠᠭᠤᠷᠬᠠᠢ ᠶᠢᠨ ᠠᠵᠤ ᠠᠬᠤᠶᠢᠯᠠᠯ ᠪᠠ ᠬᠤᠯᠪᠣᠭᠳᠠᠯ ᠪᠦᠬᠦᠢ ᠨᠢᠭᠡᠴᠢ ᠴᠢᠬᠤᠯᠠᠴᠢᠯᠠᠬᠤ ᠪᠠᠷ | ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠠᠭᠤᠷᠬᠠᠢ ᠶᠢᠨ ᠠᠪᠤᠷᠠᠨ ᠲᠤᠰᠠᠯᠠᠬᠤ | ᠠᠵᠢᠯ ᠢ ᠤᠯᠠᠮ ᠴᠢᠩᠭᠠᠳᠬᠠᠬᠤ ᠵᠣᠷᠢᠯᠭ᠎ᠠ ᠪᠠᠷ᠂ ︽ᠳᠦᠷᠢᠮ︾ ᠢ ᠠᠵᠢᠯ ᠲᠦᠷᠦᠯ ᠤᠨ ᠪᠠᠷᠢᠮᠵᠢᠶ᠎ᠠ ᠠᠴᠠ ᠰᠠᠯᠠᠭ᠎ᠠ | ᠮᠥᠴᠢᠷ ᠤᠨ ᠳᠦᠷᠢᠮ ᠲᠣᠭᠲᠠᠭᠠᠯ ᠤᠨ ᠬᠠᠮᠢᠶᠠᠷᠤᠯᠲᠠ ᠪᠣᠯᠭᠠᠨ ᠳᠡᠭᠡᠭᠰᠢᠯᠡᠭᠦᠯᠵᠦ᠂ ᠦᠢᠯᠡᠳᠦᠯ ᠢ ᠨᠢ ᠨᠡᠩ ᠰᠠᠶᠢᠨ | ᠪᠠᠳᠠᠷᠠᠭᠤᠯᠬᠤ ᠴᠢᠬᠤᠯᠠᠲᠠᠢ ᠪᠠᠶᠢᠨ᠎ᠠ᠃ | | ᠭᠤᠷᠪᠠ ᠳᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠶᠢᠨ ᠠᠪᠤᠷᠠᠨ ᠲᠤᠰᠠᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠶᠢᠨ ᠬᠡᠷᠡᠭᠴᠡᠭᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠭᠤᠷᠬᠠᠢ ᠶᠢᠨ ᠠᠶᠦᠯᠭᠦᠢ ᠶᠢᠨ ᠬᠠᠤᠯᠢ︾ ᠪᠣᠯᠣᠨ ︽ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠤᠨ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠳᠦᠷᠢᠮ︾ ︽ᠨᠡᠭᠦᠷᠡᠰᠦᠨ ᠠᠭᠤᠷᠬᠠᠢ ᠶᠢᠨ ᠠᠶᠦᠯᠭᠦᠢ ᠦᠢᠯᠡᠳᠪᠦᠷᠢᠯᠡᠯ ᠤᠨ | ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠲᠤᠰᠠᠯᠠᠬᠤ ᠠᠵᠢᠯ ᠤᠨ ᠲᠤᠬᠠᠢ ᠵᠠᠷᠴᠢᠮ ᠤᠨ ᠴᠢᠨᠠᠷᠲᠠᠢ ᠲᠣᠭᠲᠠᠭᠠᠯ ᠭᠠᠷᠭᠠᠵᠠᠢ᠃ ᠠᠭᠤᠷᠬᠠᠢ ᠶᠢᠨ ᠠᠪᠤᠷᠠᠨ | ᠲᠤᠰᠠᠯᠠᠯᠲᠠ ᠶᠢᠨ ᠡᠯ᠎ᠡ ᠲᠠᠯ᠎ᠠ ᠶᠢᠨ ᠠᠵᠢᠯ ᠢ ᠬᠠᠮᠤᠷᠤᠭᠰᠠᠨ᠂ ᠳᠡᠭᠡᠳᠦ ᠪᠠᠶᠢᠷᠢ ᠶᠢᠨ ᠬᠠᠤᠯᠢ ᠶᠢᠨ ᠬᠤᠯᠪᠣᠭᠳᠠᠯ | ᠪᠦᠬᠦᠢ ᠲᠣᠭᠲᠠᠭᠠᠯ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠪᠠ ᠣᠨᠣᠪᠴᠢᠲᠠᠶ ᠬᠡᠷᠡᠭᠵᠢᠭᠦᠯᠬᠦ ᠰᠠᠯᠠᠭ᠎ᠠ | ᠮᠥᠴᠢᠷ ᠤᠨ ᠳᠦᠷᠢᠮ ᠲᠣᠭᠲᠠᠭᠠᠯ ᠢ ᠲᠣᠭᠲᠠᠭᠠᠵᠤ᠂ ᠠᠭᠤᠷᠬᠠᠢ ᠶᠢᠨ ᠠᠪᠤᠷᠠᠨ ᠲᠤᠰᠠᠯᠠᠯᠲᠠ ᠶᠢᠨ ᠠᠵᠢᠯ ᠳᠤ | ᠦᠨᠳᠦᠰᠦᠨ᠂ ᠪᠥᠬᠦ ᠲᠠᠯ᠎ᠠ ᠶᠢᠨ ᠳᠦᠷᠢᠮ ᠤᠨ ᠵᠢᠷᠤᠮᠯᠠᠯ ᠬᠠᠩᠭᠠᠬᠤ ᠴᠢᠬᠤᠯᠠᠲᠠᠢ ᠪᠠᠶᠢᠨ᠎ᠠ᠃ | | ᠬᠤᠶᠠᠷ᠂ ︽ᠳᠦᠷᠢᠮ ᠲᠣᠭᠲᠠᠭᠠᠯ︾ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ︽ᠳᠦᠷᠢᠮ ᠲᠣᠭᠲᠠᠭᠠᠯ︾ ᠨᠢ ᠨᠡᠶᠢᠲᠡ 10 ᠪᠦᠯᠦᠭ᠂ 172 ᠵᠤᠷᠪᠤᠰ᠂ ᠠᠭᠤᠷᠬᠠᠢ ᠶᠢᠨ ᠠᠪᠤᠷᠠᠨ | ᠲᠤᠰᠠᠯᠠᠬᠤ ᠠᠵᠢᠯ ᠤᠨ ᠵᠢᠯᠤᠭᠤᠳᠬᠤ ᠵᠠᠷᠴᠢᠮ ᠪᠣᠯᠣᠨ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠵᠤ᠂ | ᠠᠭᠤᠷᠬᠠᠢ ᠶᠢᠨ ᠠᠪᠤᠷᠠᠨ ᠲᠤᠰᠠᠯᠠᠬᠤ ᠡᠩᠨᠡᠭᠡ᠂ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠪᠣᠯᠣᠨ ᠪᠡᠯᠡᠳᠬᠡᠮᠵᠢ | ᠂ ᠠᠪᠤᠷᠠᠨ ᠲᠤᠰᠠᠯᠠᠬᠤ ᠰᠤᠷᠭᠠᠯᠲᠠ ᠪᠣᠯᠣᠨ ᠰᠤᠷᠭᠠᠯᠲᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠡᠩ ᠤᠨ ᠲᠣᠭᠲᠠᠭᠠᠯ᠂ ᠠᠪᠤᠷᠠᠨ ᠲᠤᠰᠠᠯᠠᠬᠤ ᠠᠷᠭ᠎ᠠ ᠪᠣᠯᠣᠨ ᠠᠵᠢᠯᠯᠠᠭᠠᠨ ᠤ ᠵᠠᠷᠴᠢᠮ᠂ ᠲᠤᠬᠠᠢ ᠶᠢᠨ ᠲᠠᠯᠠᠪᠠᠢ ᠶᠢᠨ | ᠲᠦᠷᠭᠡᠨ ᠠᠪᠤᠷᠠᠯᠲᠠ᠂ ᠰᠡᠷᠭᠡᠶᠢᠯᠡᠬᠦ ᠴᠢᠨᠠᠷᠲᠠᠢ ᠠᠶᠦᠯᠭᠦᠢ ᠶᠢᠨ ᠪᠠᠶᠢᠴᠠᠭᠠᠯᠲᠠ ᠪᠣᠯᠣᠨ ᠠᠶᠦᠯᠭᠦᠢ ᠶᠢᠨ ᠮᠡᠷᠭᠡᠵᠢᠯ ᠤᠨ | ᠠᠵᠢᠯ᠂ ᠵᠠᠷᠤᠳᠠᠯ ᠪᠣᠯᠣᠨ ᠠᠵᠢᠯ ᠮᠡᠷᠭᠡᠵᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠠᠭᠤᠷᠬᠠᠢ ᠶᠢᠨ ᠠᠪᠤᠷᠠᠨ ᠲᠤᠰᠠᠯᠠᠬᠤ | ᠠᠵᠢᠯ ᠢ ᠵᠢᠷᠤᠮᠵᠢᠭᠤᠯᠪᠠ᠃ ︽ᠳᠦᠷᠢᠮ ᠲᠣᠭᠲᠠᠭᠠᠯ︾ ᠢ ︽ᠠᠭᠤᠷᠬᠠᠢ ᠶᠢᠨ ᠠᠪᠤᠷᠠᠯᠳᠠ ᠶᠢᠨ ᠳᠦᠷᠢᠮ | ᠲᠣᠭᠲᠠᠭᠠᠯ︾ ᠲᠠᠢ ᠬᠠᠷᠢᠴᠠᠭᠤᠯᠪᠠᠯ᠂ ᠭᠤᠣᠯᠳᠠᠭᠤ ᠳᠠᠷᠠᠭᠠᠬᠢ ᠬᠡᠳᠦᠨ ᠲᠠᠯ᠎ᠠ ᠪᠠᠷ ᠠᠭᠤᠯᠭ᠎ᠠ ᠳᠤ ᠵᠠᠰᠠᠪᠤᠷᠢ | ᠣᠷᠣᠭᠤᠯᠤᠨ᠎ᠠ᠄ | | ᠨᠢᠭᠡ ᠳᠤ᠂ ︽ᠬᠤᠶᠠᠷ ᠢ ᠳᠡᠭᠡᠳᠦᠯᠡᠬᠦ︾ ᠪᠠᠴᠢᠮ ᠪᠠᠶᠢᠳᠠᠯ ᠢ ᠲᠦᠷᠭᠡᠨ ᠠᠷᠭᠠᠴᠠᠬᠤ ᠠᠪᠤᠷᠠᠨ ᠲᠤᠰᠠᠯᠠᠬᠤ | ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃ ᠠᠭᠤᠷᠬᠠᠢ ᠶᠢᠨ ᠠᠪᠤᠷᠠᠨ ᠲᠤᠰᠠᠯᠠᠬᠤ ᠠᠵᠢᠯ ᠨᠢ ᠬᠥᠮᠥᠨ ᠢᠶᠠᠷ | ᠦᠨᠳᠦᠰᠦ ᠪᠣᠯᠭᠠᠬᠤ ᠶᠢ ᠲᠣᠳᠣᠷᠬᠠᠢ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠵᠠᠷᠴᠢᠮ ᠢ ᠲᠤᠤᠱᠯᠠᠭᠤᠯᠵᠤ᠂ ᠠᠶᠤᠯ ᠳᠤ | ᠤᠴᠠᠷᠠᠭᠰᠠᠨ ᠬᠥᠮᠥᠰ ᠢ ᠪᠥᠬᠦ ᠬᠦᠴᠦᠨ ᠢᠶᠠᠷ ᠢᠶᠠᠨ ᠠᠪᠤᠷᠠᠬᠤ ᠬᠡᠷᠡᠭᠲᠡᠢ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ | ᠠᠪᠤᠷᠠᠨ ᠲᠤᠰᠠᠯᠠᠬᠤ ᠠᠵᠢᠯᠲᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠡᠭᠦᠰᠦᠮᠡᠯ ᠭᠠᠢ ᠭᠠᠮᠰᠢᠭ ᠤᠨ | ᠠᠳᠡᠯ ᠢ ᠰᠡᠷᠭᠡᠶᠢᠯᠡᠨ᠂ ᠠᠳᠡᠯ ᠤᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠠᠴᠠ ᠵᠠᠶᠢᠯᠠᠰᠬᠢᠬᠦ | ᠪᠤᠶᠤ ᠪᠠᠭᠠᠰᠬᠠᠬᠤ ᠬᠡᠷᠡᠭᠲᠡᠢ᠃ | | ᠬᠤᠶᠠᠷ ᠲᠤ ᠠᠭᠤᠷᠬᠠᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠲᠤᠰᠠᠯᠠᠬᠤ ᠠᠵᠢᠯ ᠤᠨ ᠬᠠᠷᠢᠭᠤᠴᠠᠯᠭ᠎ᠠ ᠶᠢ ᠠᠭᠤᠷᠬᠠᠢ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠮᠡᠳᠡᠭᠦᠯᠬᠦ ᠵᠡᠷᠭᠡ ᠳᠦᠷᠢᠮ ᠲᠣᠭᠲᠠᠭᠠᠯ ᠢ ᠪᠠᠶᠢᠭᠤᠯᠤᠨ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠢ | ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠠᠪᠤᠷᠠᠨ ᠲᠤᠰᠠᠯᠠᠬᠤ ᠰᠣᠷᠢᠯᠲᠠ ᠶᠢ ᠵᠣᠬᠢᠶᠠᠨ | ᠪᠠᠶᠢᠭᠤᠯᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠡᠳ᠋ | ᠪᠣᠳᠠᠰ ᠢ ᠨᠥᠭᠡᠴᠡᠯᠡᠨ᠂ ᠠᠵᠢᠯᠯᠠᠵᠤ ᠪᠠᠶᠢᠭ᠎ᠠ ᠬᠥᠮᠥᠰ ᠲᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠥᠮᠦᠵᠢᠯ ᠪᠠ | ᠰᠤᠷᠭᠠᠯᠲᠠ ᠬᠢᠵᠦ᠂ ᠠᠭᠤᠷᠬᠠᠢ ᠶᠢᠨ ᠠᠪᠤᠷᠠᠨ ᠲᠤᠰᠠᠯᠠᠬᠤ ᠵᠢᠴᠢ ᠬᠤᠯᠪᠣᠭᠳᠠᠯ ᠪᠦᠬᠦᠢ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠲᠣᠭᠲᠠᠭᠠᠵᠠᠢ᠃ ᠠᠭᠤᠷᠬᠠᠢ ᠶᠢᠨ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢ ᠲᠤᠰ ᠨᠢᠭᠡᠴᠢ ᠶᠢᠨ ᠢᠶᠠᠨ ᠠᠭᠤᠷᠬᠠᠢ ᠶᠢᠨ ᠠᠪᠤᠷᠠᠨ ᠲᠤᠰᠠᠯᠠᠬᠤ | ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ | | ᠭᠤᠷᠪᠠ ᠳᠤ ᠠᠭᠤᠷᠬᠠᠢ ᠶᠢᠨ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠨᠢ ᠪᠠᠷᠢᠮᠵᠢᠶᠠᠵᠢᠭᠤᠯᠤᠭᠰᠠᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠬᠤ ᠶᠢᠨ ᠬᠠᠮᠲᠤ ᠪᠠᠷᠢᠮᠵᠢᠶᠠᠵᠢᠭᠤᠯᠤᠭᠰᠠᠨ ᠪᠦᠲᠦᠭᠡᠨ | ᠪᠠᠶᠢᠭᠤᠯᠤᠯᠲᠠ ᠶᠢᠨ ᠭᠤᠣᠯ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠠᠭᠤᠷᠬᠠᠢ ᠶᠢᠨ ᠠᠪᠤᠷᠠᠨ ᠲᠤᠰᠠᠯᠠᠬᠤ | ᠠᠩᠭᠢ ᠶᠢᠨ ᠬᠢᠨ ᠦᠵᠡᠯ ᠰᠠᠨᠠᠭ᠎ᠠ ᠤᠯᠤᠰ ᠲᠥᠷᠥ᠂ ᠠᠵᠢᠯ ᠮᠡᠷᠭᠡᠵᠢᠯ ᠤᠨ ᠰᠤᠷᠲᠠᠯ ᠪᠠ ᠠᠪᠤᠷᠠᠨ ᠲᠤᠰᠠᠯᠠᠬᠤ | ᠰᠣᠶᠣᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠬᠥᠮᠦᠵᠢᠯ ᠢᠶᠠᠨ ᠴᠢᠩᠭᠠᠳᠬᠠᠵᠤ᠂ | ᠡᠩᠨᠡᠭᠡᠨ ᠤ ᠡᠳᠦᠷ ᠲᠤᠲᠤᠮ ᠤᠨ ᠬᠠᠮᠢᠶᠠᠷᠤᠯᠲᠠ ᠪᠠᠨ ᠤᠯᠠᠮ ᠵᠢᠷᠤᠮᠵᠢᠭᠤᠯᠤᠨ᠂ 24 ᠴᠠᠭ ᠢᠶᠠᠷ ᠵᠢᠵᠢᠭᠦᠷᠯᠡᠬᠦ | ᠳᠦᠷᠢᠮ ᠢ ᠪᠠᠶᠢᠭᠤᠯᠬᠤ ᠬᠡᠷᠡᠭᠲᠡᠢ ᠭᠡᠬᠦ ᠵᠡᠷᠭᠡ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ | | ᠳᠥᠷᠪᠡ ᠳᠤ᠂ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠪᠠ ᠠᠪᠤᠷᠠᠨ ᠲᠤᠰᠠᠯᠠᠬᠤ ᠪᠠᠲᠤᠯᠠᠭ᠎ᠠ ᠶᠢ | ᠴᠢᠩᠭᠠᠳᠬᠠᠨ᠎ᠠ᠃ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠠᠭᠤᠷᠬᠠᠢ ᠶᠢᠨ ᠠᠪᠤᠷᠠᠨ ᠲᠤᠰᠠᠯᠠᠬᠤ ᠠᠵᠢᠯ ᠳᠤ | ᠣᠷᠣᠯᠴᠠᠬᠤ ᠳᠠᠭᠠᠨ ᠠᠩᠭᠢ ᠳᠠᠭᠠᠭᠤᠯᠤᠭᠴᠢ ᠨᠢ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ | ᠲᠥᠰᠥᠯ ᠲᠣᠭᠲᠠᠭᠠᠬᠤ ᠳᠤ ᠣᠷᠣᠯᠴᠠᠵᠤ᠂ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠤᠨ ᠨᠢᠭᠡᠳᠦᠯᠲᠡᠢ | ᠲᠣᠬᠢᠷᠠᠭᠤᠯᠤᠯᠲᠠ ᠪᠠ ᠵᠢᠯᠣᠭᠤᠳᠤᠯᠭ᠎ᠠ ᠳᠣᠣᠷ᠎ᠠ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠠᠪᠤᠷᠠᠨ | ᠲᠤᠰᠠᠯᠠᠬᠤ ᠠᠵᠢᠯᠯᠠᠭ᠎ᠠ ᠶᠢ ᠪᠣᠳᠠᠲᠠᠢ ᠬᠠᠷᠢᠭᠤᠴᠠᠨ ᠵᠢᠯᠤᠭᠤᠳᠬᠤ ᠬᠡᠷᠡᠭᠲᠡᠢ᠂ ᠪᠠᠴᠢᠮ ᠪᠠᠶᠢᠳᠠᠯ ᠢ ᠲᠦᠷᠭᠡᠨ | ᠠᠷᠭᠠᠴᠠᠵᠤ ᠠᠪᠤᠷᠠᠨ ᠲᠤᠰᠠᠯᠠᠬᠤ ᠬᠥᠮᠥᠰ ᠤᠨ ᠠᠮᠢ ᠨᠠᠰᠤᠨ ᠤ ᠠᠮᠤᠷ ᠲᠦᠪᠰᠢᠨ ᠳᠤ ᠠᠶᠤᠯ ᠲᠦᠭᠰᠢᠭᠦᠷᠢ | ᠤᠴᠠᠷᠠᠭᠤᠯᠬᠤ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠠᠩᠭᠢ ᠶᠢ ᠳᠠᠭᠠᠭᠤᠯᠤᠨ ᠠᠶᠤᠯᠲᠠᠢ ᠣᠷᠣᠨ ᠠᠴᠠ | ᠤᠬᠤᠷᠢᠨ ᠭᠠᠷᠬᠤ ᠡᠷᠬᠡ ᠲᠠᠢ ᠭᠡᠵᠦ ᠲᠣᠭᠲᠠᠭᠠᠵᠠᠢ᠃ ᠠᠪᠤᠷᠠᠨ ᠲᠤᠰᠠᠯᠠᠬᠤ ᠪᠠᠲᠤᠯᠠᠭ᠎ᠠ ᠶᠢᠨ ᠦᠨᠳᠦᠰᠦᠨ | ᠱᠠᠭᠠᠷᠳᠠᠯᠭ᠎ᠠ ᠶᠢ ᠳᠤᠷᠠᠳᠴᠤ᠂ ᠡᠩᠨᠡᠭᠡ ᠶᠢᠨ ᠥᠪᠡᠷ ᠢ ᠪᠠᠨ ᠪᠠᠲᠤᠯᠠᠬᠤ ᠴᠢᠳᠠᠪᠤᠷᠢ ᠪᠠᠨ ᠴᠢᠩᠭᠠᠳᠬᠠᠬᠤ ᠶᠢ | ᠵᠣᠷᠢᠭᠵᠢᠭᠤᠯᠪᠠ᠃ | | ᠲᠠᠪᠤ ᠳᠤ ᠠᠭᠤᠷᠬᠠᠢ ᠶᠢᠨ ᠡ᠊ᠨᠳᠡᠯ ᠢ ᠠᠪᠤᠷᠠᠨ ᠲᠤᠰᠠᠯᠠᠬᠤ ᠠᠷᠭ᠎ᠠ ᠪᠠ ᠠᠶᠤᠯᠭᠦᠢ ᠶᠢᠨ ᠠᠷᠭ᠎ᠠ ᠬᠡᠮᠵᠢᠶ᠎ᠡ ᠶᠢ | ᠨᠥᠬᠦᠪᠦᠷᠢᠯᠡᠨ᠎ᠡ᠃ ᠭᠠᠵᠠᠷ ᠤᠨ ᠳᠠᠷᠤᠯᠲᠠ ᠶᠢᠨ ᠳᠠᠭᠠᠷᠢᠯᠲᠠ ᠶᠢᠨ ᠡ᠊ᠨᠳᠡᠯ᠂ ᠠᠭᠤᠷᠬᠠᠢ ᠶᠢᠨ ᠬᠤᠳᠳᠤᠭ ᠤᠨ | ᠲᠡᠭᠡᠭᠡᠪᠦᠷᠢ ᠶᠢᠨ ᠡ᠊ᠨᠳᠡᠯ ᠤᠨ ᠠᠪᠤᠷᠠᠨ ᠲᠤᠰᠠᠯᠠᠬᠤ ᠠᠷᠭ᠎ᠠ ᠪᠠ ᠠᠵᠢᠯᠯᠠᠭ᠎ᠠ ᠶᠢ ᠳᠡᠭᠡᠭᠰᠢᠯᠡᠭᠦᠯᠬᠦ ᠵᠠᠷᠴᠢᠮ ᠢ | ᠰᠢᠨ᠎ᠡ ᠪᠠᠷ ᠨᠡᠮᠡᠭᠳᠡᠭᠦᠯᠵᠦ᠂ ᠠᠪᠤᠷᠠᠨ ᠲᠤᠰᠠᠯᠠᠬᠤ ᠬᠠᠷᠢᠯᠴᠠᠭᠠᠨ ᠤ ᠳᠣᠬᠢᠶ᠎ᠠ ᠪᠠ ᠶᠡᠭᠡ ᠠᠮᠠᠰᠠᠷᠲᠤ ᠠᠪᠤᠷᠠᠯᠳᠠ ᠶᠢᠨ | ᠨᠦᠬᠡᠯᠡᠬᠦ ᠠᠷᠭ᠎ᠠ ᠬᠡᠮᠵᠢᠶ᠎ᠡ ᠶᠢᠨ ᠲᠤᠬᠠᠢ ᠲᠣᠭᠲᠠᠭᠠᠯ ᠭᠠᠷᠭᠠᠨ᠎ᠠ᠃ ᠠᠭᠤᠷᠬᠠᠢ ᠶᠢᠨ ᠠᠪᠤᠷᠠᠨ ᠲᠤᠰᠠᠯᠠᠬᠤ | ᠠᠩᠭᠢ ᠶᠢᠨ ᠭᠠᠰ ᠭᠠᠳᠠᠭᠰᠢᠯᠠᠭᠤᠯᠬᠤ᠂ ᠭᠠᠯ ᠤᠨ ᠣᠷᠣᠨ ᠢ ᠨᠡᠭᠡᠭᠡᠬᠦ ᠵᠡᠷᠭᠡ ᠠᠮᠤᠷ ᠲᠦᠪᠰᠢᠨ ᠤ ᠮᠡᠷᠭᠡᠵᠢᠯ ᠤᠨ | ᠠᠵᠢᠯ ᠳᠤ ᠣᠷᠣᠯᠴᠠᠬᠤ ᠵᠢᠴᠢ ᠭᠠᠯ ᠤᠨ ᠣᠷᠣᠨ ᠢ ᠪᠢᠲᠡᠭᠦᠮᠵᠢᠯᠡᠬᠦ ᠠᠮᠤᠷ ᠲᠦᠪᠰᠢᠨ ᠤ ᠠᠷᠭ᠎ᠠ ᠬᠡᠮᠵᠢᠶ᠎ᠡ᠂ ᠵᠠᠳᠠᠭᠠᠢ | ᠠᠭᠤᠷᠬᠠᠢ ᠶᠢᠨ ᠬᠠᠵᠠᠭᠤ ᠶᠢᠨ ᠶᠡᠭᠦᠷᠡᠯ ᠤᠨ ᠠᠳᠡᠯ ᠢ ᠠᠪᠤᠷᠠᠨ ᠲᠤᠰᠠᠯᠠᠬᠤ ᠬᠤᠯᠪᠣᠭᠳᠠᠬᠤ ᠲᠣᠭᠲᠠᠭᠠᠯ ᠢ | ᠨᠥᠬᠦᠪᠦᠷᠢᠯᠡᠵᠦ᠂ ᠭᠠᠷ ᠤᠲᠠᠰᠤᠨ ᠤ ᠣᠷᠣᠨ ᠪᠠᠶᠢᠷᠢ ᠲᠣᠭᠲᠠᠭᠠᠬᠤ᠂ ᠲᠡᠷᠭᠡ ᠬᠥᠰᠬᠡ ᠶᠢ ᠬᠠᠶᠢᠨ ᠬᠡᠮᠵᠢᠬᠦ᠂ | ᠨᠢᠰᠦᠭᠦᠷ ᠵᠡᠷᠭᠡ ᠮᠡᠷᠭᠡᠵᠢᠯ ᠪᠠ ᠲᠥᠬᠦᠭᠡᠷᠦᠮᠵᠢ ᠶᠢ ᠬᠡᠷᠡᠭᠯᠡᠨ ᠬᠥᠮᠥᠰ ᠢ ᠡᠷᠢᠵᠦ ᠠᠪᠤᠷᠠᠬᠤ ᠪᠠ ᠠᠮᠤᠷ ᠲᠦᠪᠰᠢᠨ ᠤ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠦᠨ᠎ᠡ᠃ | | ᠵᠢᠷᠭᠤᠭ᠎ᠠ ᠳᠤ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠵᠠᠷᠤᠳᠠᠯ ᠤᠨ ᠪᠠᠲᠤᠯᠠᠭ᠎ᠠ ᠪᠠ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠠᠪᠤᠷᠠᠨ ᠲᠤᠰᠠᠯᠠᠬᠤ ᠠᠵᠢᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢ | ᠴᠢᠩᠭᠠᠳᠬᠠᠨ᠎ᠠ᠃ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠦᠷᠭᠦᠯᠵᠢᠯᠡᠨ᠂ ᠡᠷᠡᠭᠦᠯ ᠢᠶᠠᠷ ᠬᠥᠭᠵᠢᠬᠦ ᠶᠢ | ᠪᠠᠲᠤᠯᠠᠬᠤ ᠶᠢᠨ ᠲᠤᠰᠠᠳᠠ᠂ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠪᠦᠲᠦᠭᠡᠨ ᠪᠠᠶᠢᠭᠤᠯᠤᠯᠲᠠ ᠶᠢᠨ | ᠠᠵᠢᠯᠯᠠᠭᠠᠨ ᠤ ᠵᠠᠷᠤᠳᠠᠯ ᠤᠨ ᠪᠠᠲᠤᠯᠠᠭ᠎ᠠ ᠪᠠ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ ᠲᠤᠰᠠᠯᠠᠬᠤ | ᠠᠵᠢᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢᠨ ᠲᠠᠯ᠎ᠠ ᠪᠠᠷ ᠬᠢ ᠲᠣᠭᠲᠠᠭᠠᠯ ᠢ ᠤᠯᠠᠮ ᠲᠣᠳᠣᠷᠬᠠᠶᠢᠯᠠᠬᠤ | ᠬᠡᠷᠡᠭᠲᠡᠢ᠃ | | ᠳᠣᠯᠤᠭ᠎ᠠ ᠳᠤ ᠠᠭᠤᠷᠬᠠᠢ ᠶᠢᠨ ᠠᠪᠤᠷᠠᠨ ᠲᠤᠰᠠᠯᠠᠬᠤ ᠦᠨᠳᠦᠰᠦᠨ ᠲᠣᠨᠤᠭ ᠲᠥᠬᠦᠭᠡᠷᠦᠮᠵᠢ ᠶᠢᠨ | ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠮᠡᠷᠭᠡᠵᠢᠯ ᠨᠢ ᠪᠣᠯᠪᠠᠰᠤᠷᠠᠩᠭᠤᠢ᠂ | ᠲᠡᠷᠢᠭᠦᠨ ᠤ ᠪᠥᠭᠡᠳ ᠬᠡᠷᠡᠭᠯᠡᠬᠦ ᠳᠤ ᠲᠣᠬᠢᠷᠠᠮᠵᠢᠲᠠᠢ ᠠᠪᠴᠤ ᠶᠠᠪᠤᠬᠤ ᠳᠤ ᠲᠥᠬᠦᠮ ᠬᠡᠯᠪᠡᠷᠢ ᠶᠢᠨ ᠬᠡᠢ ᠪᠡᠶᠡᠲᠦ ᠶᠢ | ᠵᠠᠳᠠᠯᠤᠨ ᠰᠢᠨᠵᠢᠬᠦ ᠲᠥᠬᠦᠭᠡᠷᠦᠮᠵᠢ᠂ ᠠᠮᠢ ᠨᠠᠰᠤᠨ ᠤ ᠬᠠᠶᠢᠨ ᠬᠡᠮᠵᠢᠬᠦ ᠪᠠᠭᠠᠵᠢ᠂ ᠰᠢᠪᠠᠷ ᠡᠯᠡᠰᠦᠨ ᠤ ᠬᠥᠭᠡᠷᠭᠡ᠂ | ᠥᠨᠳᠥᠷ ᠳᠠᠷᠤᠯᠲᠠᠲᠤ ᠤᠰᠤ ᠲᠠᠲᠠᠷᠠᠭᠤᠯᠬᠤ ᠵᠥᠭᠡᠯᠡᠨ ᠬᠤᠭᠤᠯᠠᠢ ᠵᠡᠷᠭᠡ ᠰᠢᠨ᠎ᠡ ᠲᠣᠨᠤᠭ ᠲᠥᠬᠦᠭᠡᠷᠦᠮᠵᠢ ᠶᠢ | ᠨᠡᠮᠡᠵᠦ᠂ ᠮᠡᠷᠭᠡᠵᠢᠯ ᠨᠢ ᠬᠤᠴᠤᠷᠤᠩᠭᠤᠢ᠂ ᠬᠡᠷᠡᠭᠯᠡᠭᠡᠨ ᠤ ᠴᠢᠨᠠᠷ ᠢᠶᠠᠷ ᠠᠨᠠᠢ ᠰᠥᠭᠡᠷᠭᠦ ᠳᠠᠷᠤᠯᠲᠠᠲᠤ | ᠬᠦᠴᠢᠯᠲᠥ᠋ᠷᠥᠭᠴᠢ ᠶᠢᠨ ᠠᠮᠢᠰᠬᠤᠯ ᠤᠨ ᠮᠠᠰᠢᠨ᠂ ᠥᠨᠳᠥᠷ ᠳᠠᠷᠤᠯᠲᠠᠲᠤ ᠯᠤᠬᠰᠢᠯᠳᠤ ᠭᠠᠯ ᠲᠦᠢᠮᠡᠷ ᠢ ᠤᠨᠲᠠᠷᠠᠭᠠᠬᠤ | ᠲᠥᠬᠦᠭᠡᠷᠦᠮᠵᠢ᠂ ᠳᠡᠯᠪᠡᠷᠡᠯᠲᠡ ᠶᠢᠨ ᠭᠤᠷᠪᠠᠯᠵᠢᠨ ᠬᠡᠮᠵᠢᠭᠦᠷ ᠵᠡᠷᠭᠡ ᠬᠠᠭᠤᠴᠢᠨ ᠲᠣᠨᠤᠭ ᠲᠥᠬᠦᠭᠡᠷᠦᠮᠵᠢ ᠶᠢ | ᠬᠠᠰᠤᠵᠤ ᠬᠠᠶᠠᠭᠠᠳ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠪᠠ᠃ | | ᠭᠤᠷᠪᠠ᠂ ︽ᠳᠦᠷᠢᠮ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠲᠦᠯᠬᠢᠨ ᠠᠬᠢᠭᠤᠯᠤᠨ᠎ᠠ | ︽ᠳᠦᠷᠢᠮ︾ ᠪᠣᠯ ᠠᠭᠤᠷᠬᠠᠢ ᠶᠢᠨ ᠠᠪᠤᠷᠠᠨ ᠲᠤᠰᠠᠯᠠᠬᠤ ᠠᠵᠢᠯ ᠤᠨ ᠦᠨᠳᠦᠰᠦᠨ ᠵᠢᠷᠤᠮᠵᠢᠯ ᠪᠣᠯᠬᠤ | ᠲᠤᠯᠠ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠮᠲᠤᠪᠠᠷ ᠬᠦᠴᠦᠯᠡᠵᠦ᠂ ︽ᠳᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | | ᠨᠢᠭᠡ ᠳᠤ᠂ ︽ᠳᠦᠷᠢᠮ ᠲᠣᠭᠲᠠᠭᠠᠯ︾ ᠤᠨ ᠤᠬᠠᠭᠤᠯᠭ᠎ᠠ ᠰᠤᠷᠭᠠᠯᠲᠠ ᠢ ᠴᠢᠩᠭᠠᠳᠬᠠᠨ᠎ᠠ᠃ ︽ᠳᠦᠷᠢᠮ︾ | ᠤᠨ ᠲᠤᠰᠬᠠᠢ ᠳᠡᠪᠲᠡᠷ ᠢ ᠵᠣᠬᠢᠶᠠᠨ ᠪᠠᠶᠢᠭᠤᠯᠤᠨ ᠬᠡᠪᠯᠡᠭᠦᠯᠦᠨ ᠲᠠᠷᠬᠠᠭᠠᠵᠤ᠂ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ ︽ᠳᠦᠷᠢᠮ︾ ᠤᠨ ᠵᠦᠢᠯ ᠵᠤᠷᠪᠤᠰ ᠤᠨ ᠲᠠᠶᠢᠯᠪᠤᠷᠢᠯᠠᠯᠲᠠ ᠶᠢᠨ ᠮᠠᠲ᠋ᠧᠷᠢᠶᠠᠯ ᠢ ᠨᠠᠶᠢᠷᠠᠭᠤᠯᠤᠨ | ᠪᠢᠴᠢᠵᠦ᠂ ᠠᠭᠤᠷᠬᠠᠢ ᠶᠢᠨ ᠠᠪᠤᠷᠠᠨ ᠲᠤᠰᠠᠯᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠠᠷᠭᠠᠨ᠎ᠠ᠃ ᠡᠯ᠎ᠡ | ᠭᠠᠵᠠᠷ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠶᠦᠯᠭᠦᠢ ᠦᠢᠯᠡᠳᠪᠦᠷᠢᠯᠡᠯ ᠤᠨ ᠰᠤᠷᠭᠠᠯᠲᠠ ᠶᠢᠨ | ᠪᠠᠶᠢᠭᠤᠯᠤᠮᠵᠢ᠂ ᠠᠭᠤᠷᠬᠠᠢ ᠶᠢᠨ ᠠᠵᠤ ᠠᠬᠤᠶᠢᠯᠠᠯ ᠵᠢᠴᠢ ᠠᠭᠤᠷᠬᠠᠢ ᠶᠢᠨ ᠠᠪᠤᠷᠠᠨ ᠲᠤᠰᠠᠯᠠᠬᠤ ᠡᠩᠨᠡᠭᠡ ᠨᠢ | ᠪᠣᠳᠠᠲᠠᠢ ᠲᠠᠢ ᠪᠠᠨ ᠤᠶᠠᠯᠳᠤᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠣᠯᠠᠨ | ᠵᠦᠢᠯ ᠤᠨ ᠠᠷᠭ᠎ᠠ ᠪᠠᠷᠢᠯ ᠢ ᠬᠡᠷᠡᠭᠯᠡᠨ᠂ ᠲᠤᠰᠬᠠᠢ ᠰᠡᠳᠦᠪᠲᠦ ᠰᠤᠷᠭᠠᠯᠲᠠ᠂ ᠤᠬᠠᠭᠤᠯᠭ᠎ᠠ ᠬᠥᠮᠦᠵᠢᠯ᠂ ᠲᠤᠷᠰᠢᠯᠭ᠎ᠠ | ᠰᠣᠯᠢᠯᠴᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠤᠷᠬᠠᠢ ᠶᠢᠨ ᠠᠪᠤᠷᠠᠨ ᠲᠤᠰᠠᠯᠠᠬᠤ | ᠠᠵᠢᠯ ᠤᠨ ᠬᠤᠯᠪᠣᠭᠳᠠᠬᠤ ᠬᠥᠮᠥᠰ ᠤᠨ ︽ᠳᠦᠷᠢᠮ︾ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦ ᠪᠠ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | | ᠬᠤᠶᠠᠷ ᠲᠤ ᠠᠭᠤᠷᠬᠠᠢ ᠶᠢᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠠᠭᠤᠷᠬᠠᠢ ᠶᠢᠨ ᠠᠵᠤ ᠠᠬᠤᠶᠢᠯᠠᠯ ᠤᠳ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭᠠᠲᠠᠨ ᠪᠣᠯᠣᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ᠨᠢ ︽ᠳᠦᠷᠢᠮ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠬᠤᠯᠪᠣᠭᠳᠠᠬᠤ ᠳᠦᠷᠢᠮ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ | ᠣᠷᠣᠭᠤᠯᠤᠯᠲᠠ ᠪᠠᠨ ᠨᠡᠮᠡᠭᠳᠡᠭᠦᠯᠦᠨ᠂ ᠠᠪᠤᠷᠠᠨ ᠲᠤᠰᠠᠯᠠᠬᠤ ᠡᠩᠨᠡᠭᠡ ᠶᠢ ᠬᠦᠴᠦᠷᠬᠡᠭᠵᠢᠭᠦᠯᠵᠦ᠂ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠲᠤᠰ | ᠨᠢᠭᠡᠴᠢ ᠶᠢᠨ ᠢᠶᠠᠨ ᠡ᠊ᠨᠳᠡᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ | ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | | ᠭᠤᠷᠪᠠ ᠳᠤ ᠠᠪᠤᠷᠠᠨ ᠲᠤᠰᠠᠯᠠᠬᠤ ᠡᠩᠨᠡᠭᠡᠨ ᠤ ︽ᠰᠤᠷᠤᠯᠴᠠᠬᠤ᠂ ᠬᠡᠷᠡᠭᠯᠡᠬᠦ᠂ ᠬᠢᠬᠦ︾ ᠶᠢ ᠴᠢᠩᠭᠠᠳᠬᠠᠨ᠎ᠠ᠃ | ᠪᠦᠬᠦ ᠤᠯᠤᠰ ᠤᠨ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠬᠢᠨ ᠨᠡᠶᠢᠲᠡᠯᠢᠭ ᠠᠪᠤᠷᠠᠨ ᠲᠤᠰᠠᠯᠠᠬᠤ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠢᠨ᠎ᠡ ︽ᠳᠦᠷᠢᠮ ᠲᠣᠭᠲᠠᠭᠠᠯ︾ ᠢ ᠬᠢᠨᠠᠮᠠᠭᠠᠢ ᠰᠤᠷᠤᠯᠴᠠᠵᠤ᠂ | ᠰᠠᠨᠠᠭᠠᠴᠢᠯᠠᠭ᠎ᠠ ᠠᠴᠠ ᠪᠠᠨ ᠬᠡᠷᠡᠭᠯᠡᠨ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠵᠤ ᠠᠪᠤᠷᠠᠨ | ᠲᠤᠰᠠᠯᠠᠬᠤ ᠠᠵᠢᠯᠲᠠᠨ ᠨᠢᠭᠡᠪᠦᠷᠢ ᠶᠢᠨ ︽ᠳᠦᠷᠢᠮ ᠲᠣᠭᠲᠠᠭᠠᠯ︾ ᠤᠨ ᠱᠠᠭᠠᠷᠳᠠᠯᠭ᠎ᠠ ᠶᠢ ᠣᠨᠣᠪᠴᠢᠲᠠᠶ | ᠡᠵᠡᠮᠰᠢᠬᠦ ᠶᠢ ᠦᠨᠡᠨᠬᠦ ᠪᠠᠲᠤᠯᠠᠵᠤ᠂ ᠠᠪᠤᠷᠠᠨ ᠲᠤᠰᠠᠯᠠᠬᠤ ᠣᠨᠣᠯᠵᠢᠬᠤᠨ᠂ ᠵᠠᠷᠴᠢᠮ᠂ ᠠᠷᠭ᠎ᠠ ᠶᠢ ᠠᠪᠤᠷᠠᠨ | ᠲᠤᠰᠠᠯᠠᠬᠤ ᠠᠵᠢᠯ ᠳᠤ ᠲᠤᠤᠱᠯᠠᠭᠤᠯᠤᠨ᠂ ᠠᠳᠡᠯ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ | ᠥᠷᠨᠢᠭᠦᠯᠬᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠵᠤ᠂ ᠰᠢᠨᠵᠢᠯᠡᠬᠦ ᠤᠬᠠᠭᠠᠨᠴᠢ ᠪᠠᠷ | ᠠᠪᠤᠷᠠᠨ ᠲᠤᠰᠠᠯᠠᠬᠤ᠂ ᠠᠮᠤᠷ ᠲᠦᠪᠰᠢᠨ ᠢᠶᠠᠷ ᠠᠪᠤᠷᠠᠨ ᠲᠤᠰᠠᠯᠠᠬᠤ᠂ ᠥᠨᠳᠥᠷ ᠦᠷ᠎ᠡ ᠠᠰᠢᠭ ᠲᠠᠢ ᠪᠠᠷ ᠠᠪᠤᠷᠠᠨ | ᠲᠤᠰᠠᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ | | ᠳᠥᠷᠪᠡ ᠳᠤ ᠭᠦᠢᠴᠡᠳᠬᠡᠭᠰᠡᠨ ᠦᠷ᠎ᠡ ᠪᠦᠲᠦᠮᠵᠢ ᠶᠢ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠪᠠ᠃ | ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠭᠤᠷᠬᠠᠢ ᠶᠢᠨ | ᠠᠶᠦᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠠᠶᠦᠯᠭᠦᠢ ᠦᠢᠯᠡᠳᠪᠦᠷᠢᠯᠡᠯ ᠢ ᠰᠢᠮᠳᠠᠭᠤᠯᠤᠨ | ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠡᠯ᠎ᠡ ᠲᠥᠷᠥᠯ ᠤᠨ ᠲᠤᠰᠬᠠᠢ ᠵᠦᠢᠯ ᠤᠨ | ᠠᠵᠢᠯᠯᠠᠭ᠎ᠠ ᠪᠣᠯᠣᠨ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢᠨ ᠪᠠᠷᠢᠮᠵᠢᠶᠠᠵᠢᠭᠤᠯᠤᠨ ᠲᠡᠰ ᠲᠣᠭᠲᠠᠭᠠᠵᠤ | ᠬᠢᠨᠠᠨ ᠰᠢᠯᠭᠠᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ︽ᠳᠦᠷᠢᠮ︾ ᠢ ᠨᠠᠶᠢᠳᠠᠪᠤᠷᠢᠵᠢᠭᠤᠯᠤᠭᠰᠠᠨ ᠪᠠᠶᠢᠳᠠᠯ | ᠪᠣᠯᠣᠨ ᠦᠷ᠎ᠡ ᠪᠦᠲᠦᠮᠵᠢ ᠶᠢ ᠪᠠᠶᠢᠴᠠᠭᠠᠨ ᠦᠨᠡᠯᠡᠵᠦ᠂ ᠰᠢᠮᠳᠠᠭᠤᠯᠤᠨ ᠵᠢᠯᠤᠭᠤᠳᠬᠤ ᠪᠠ ᠦᠢᠯᠡᠴᠢᠯᠡᠬᠦ ᠪᠠᠨ | ᠴᠢᠩᠭᠠᠳᠬᠠᠨ᠂ ︽ᠳᠦᠷᠢᠮ︾ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠪᠠ ᠦᠢᠯᠡᠳᠦᠯ ᠢ ᠨᠢ | ᠪᠠᠳᠠᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠮᠵᠢᠯᠠᠨ ᠲᠠᠷᠬᠠᠭᠠᠭᠰᠠᠨ ︽ᠠᠭᠤᠷᠬᠠᠢ ᠶᠢᠨ ᠠᠪᠤᠷᠠᠨ | ᠲᠤᠰᠠᠯᠠᠬᠤ ᠳᠦᠷᠢᠮ︾ | | |