| | | | ᠲᠠ ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠪᠠᠷ ᠪᠠᠶᠢᠨ᠎ᠠ ᠤᠤ︖ ᠡᠨᠡ ᠵᠢᠯ ᠠᠴᠠ | ᠨᠠᠭᠠᠰᠢ᠂ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠨᠢ | ᠲᠠᠰᠤᠷᠠᠯᠲᠠ ᠦᠭᠡᠢ ᠥᠷᠭᠡᠵᠢᠨ ᠡᠷᠴᠢᠮ ᠨᠢ ᠲᠠᠰᠤᠷᠠᠯᠲᠠ ᠦᠭᠡᠢ ᠴᠢᠩᠭᠠᠷᠠᠭᠰᠠᠭᠠᠷ ᠢᠷᠡᠵᠡᠢ᠃ ᠬᠡᠷᠪᠡ ᠲᠠ | ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠶᠢ ᠪᠣᠳᠣᠯᠬᠢᠯᠠᠵᠤ ᠪᠠᠶᠢᠪᠠᠯ ᠳᠠᠷᠠᠭᠠᠬᠢ ᠵᠦᠢᠯᠡᠰ ᠢ ᠠᠩᠬᠠᠷᠪᠠᠯ | ᠵᠣᠬᠢᠨ᠎ᠠ᠄ ① ᠭᠠᠷ ᠤᠲᠠᠰᠤᠨ ᠤ ᠳ᠋ᠤᠭᠠᠷ ᠢᠶᠠᠨ ᠠᠶᠤᠯ ᠦᠭᠡᠢ ᠪᠠᠷ ᠰᠢᠯᠵᠢᠭᠦᠯᠬᠦ ᠪᠤᠶᠤ ᠬᠦᠴᠦᠨ ᠦᠭᠡᠢ | ᠪᠣᠯᠭᠠᠬᠤ ᠶᠢ ᠠᠩᠬᠠᠷᠤᠭᠠᠷᠠᠢ᠃ ᠬᠡᠷᠪᠡ ᠭᠠᠷ ᠤᠲᠠᠰᠤᠨ ᠤ ᠰᠢᠨ᠎ᠡ ᠳ᠋ᠤᠭᠠᠷ ᠠᠪᠬᠤ ᠪᠤᠶᠤ ᠣᠫᠧᠷᠠᠲ᠋ᠣᠷ ᠢᠶᠠᠨ | ᠰᠣᠯᠢᠬᠤ ᠴᠢᠬᠤᠯᠠ ᠲᠠᠢ ᠪᠣᠯ ᠤᠷᠢᠳ ᠢᠶᠠᠷ ᠥᠪᠡᠷ ᠤᠨ ᠪᠡᠶ᠎ᠡ ᠶᠢᠨ ᠦᠨᠡᠮᠯᠡᠯ ᠲᠠᠢ ᠪᠠᠨ ᠬᠤᠯᠪᠤᠭᠰᠠᠨ ᠭᠠᠷ | ᠤᠲᠠᠰᠤᠨ ᠤ ᠳ᠋ᠤᠭᠠᠷ ᠬᠡᠳᠦᠢ ᠪᠠᠶᠢᠬᠤ ᠭᠡᠳᠡᠭ ᠢᠶᠠᠨ ᠪᠠᠶᠢᠴᠠᠭᠠᠨ ᠦᠵᠡᠵᠦ᠂ ᠳᠠᠷᠠᠭᠠᠴᠢ ᠪᠠᠷ ᠣᠫᠧᠷᠠᠲ᠋ᠣᠷ ᠲᠠᠢ | ᠬᠠᠷᠢᠯᠴᠠᠵᠤ ᠪᠠᠶᠢᠭᠠᠳ ᠭᠠᠷ ᠤᠲᠠᠰᠤᠨ ᠤ ᠳ᠋ᠤᠭᠠᠷ ᠢᠶᠠᠨ ᠰᠢᠯᠵᠢᠭᠦᠯᠬᠦ ᠪᠤᠶᠤ ᠬᠦᠴᠦᠨ ᠦᠭᠡᠢ ᠳᠤ ᠪᠣᠯᠭᠠᠬᠤ ᠳᠤ | ᠳᠦᠭᠦᠮ ᠪᠣᠯᠭᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠪᠢᠴᠢᠯ ᠫᠷᠣᠭ᠍ᠷᠠᠮ ︽ | ᠭᠠᠷ ᠤᠲᠠᠰᠤᠨ ᠤ ᠺᠠᠷᠲ ᠢ ᠨᠢᠭᠡ ᠯᠠ ᠦᠨᠡᠮᠯᠡᠯ ᠢᠶᠠᠷ ᠨᠡᠶᠢᠳᠡᠮ ᠳᠤ ᠨᠢ ᠪᠠᠶᠢᠴᠠᠭᠠᠬᠤ︾ ᠦᠢᠯᠡᠴᠢᠯᠡᠭᠡ ᠪᠠᠷ ᠲᠡᠷᠡ | ᠳᠠᠷᠤᠢ ᠳᠤ ᠨᠢ ᠪᠠᠶᠢᠴᠠᠭᠠᠨ ᠯᠠᠪᠯᠠᠬᠤ ᠳᠤ ᠳᠥᠭᠦᠮ ᠪᠠᠶᠢᠳᠠᠭ᠃ ② ᠮᠡᠷᠭᠡᠵᠢᠯ ᠤᠨ ᠪᠥᠭᠡᠳ ᠡᠷᠬᠡ ᠰᠦᠷᠲᠦ | ᠠᠷᠠᠯᠵᠢᠶᠠᠯᠠᠬᠤ ᠲᠠᠪᠴᠠᠩ ᠢ ᠰᠣᠩᠭᠤᠵᠤ᠂ ᠳ᠋ᠠᠶᠢᠲ᠋ᠠ ᠪᠠᠨ ᠵᠠᠳᠠᠷᠠᠭᠤᠯᠬᠤ ᠠᠴᠠ ᠰᠡᠷᠭᠡᠶᠢᠯᠡᠭᠡᠷᠡᠢ᠃ ᠭᠠᠷ | ᠤᠲᠠᠰᠤᠨ ᠳᠤ ᠬᠤᠪᠢ ᠬᠥᠮᠥᠨ ᠤ ᠨᠢᠭᠤᠴᠠ ᠮᠡᠳᠡᠭᠡ ᠵᠠᠩᠭᠢ ᠣᠯᠠᠨ ᠬᠠᠳᠠᠭᠠᠯᠠᠭᠳᠠᠵᠤ ᠪᠠᠶᠢᠳᠠᠭ᠂ ᠬᠠᠭᠤᠴᠢᠨ ᠭᠠᠷ | ᠤᠲᠠᠰᠤ ᠪᠠᠨ ᠰᠣᠯᠢᠬᠤ ᠳᠤ ᠵᠥᠪᠬᠡᠨ ᠬᠠᠭᠤᠴᠢᠨ ᠭᠠᠷ ᠤᠲᠠᠰᠤᠨ ᠤ ︽ᠡᠯᠡᠭᠳᠡᠯ ᠦᠨ᠎ᠡ︾ ᠶᠢ ᠯᠠ ᠠᠩᠬᠠᠷᠤᠭᠠᠳ | ᠪᠠᠶᠢᠵᠤ ᠪᠣᠯᠬᠤ ᠦᠭᠡᠢ᠂ ᠡᠷᠬᠡᠪᠰᠢ ᠮᠡᠷᠭᠡᠵᠢᠯ ᠤᠨ ᠪᠥᠭᠡᠳ ᠡᠷᠬᠡ ᠰᠦᠷᠲᠦ ᠲᠠᠪᠴᠠᠩ ᠢ ᠰᠣᠩᠭᠤᠨ ᠠᠷᠠᠯᠵᠢᠶᠠᠯᠠᠬᠤ | ᠬᠡᠷᠡᠭᠲᠡᠢ᠃ | | | | ᠡᠭᠦᠨ ᠢ ᠰᠢᠷᠪᠢᠵᠦ ︽ᠭᠠᠷ ᠤᠲᠠᠰᠤᠨ ᠤ ᠺᠠᠷᠲ ᠢ ᠨᠢᠭᠡ ᠯᠠ ᠦᠨᠡᠮᠯᠡᠯ ᠢᠶᠠᠷ ᠨᠡᠶᠢᠳᠡᠮ ᠳᠤ ᠨᠢ ᠪᠠᠶᠢᠴᠠᠭᠠᠬᠤ | ︾ ᠦᠢᠯᠡᠴᠢᠯᠡᠭᠡ ᠪᠠᠷ ᠦᠢᠯᠡᠴᠢᠯᠡᠭᠦᠯᠦᠭᠡᠷᠡᠢ | |