ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠬ᠎ᠠ ᠰᠤᠷᠭᠠᠭᠤᠯᠢ ᠶᠢᠨ ᠰᠢᠨ᠎ᠡ ᠰᠤᠷᠤᠭᠴᠢ ᠡᠯᠰᠡᠬᠦ ᠮᠡᠳᠡᠭᠳᠡᠯ
ᠨᠡᠶᠢᠲᠡᠯᠡᠭᠰᠡᠨ ᠴᠠᠭ᠄
2024/8/6
      ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ  ︽2024 ᠣᠨ ᠤ ᠳᠤᠮᠳᠠᠳᠤ ᠪᠠᠬ᠎ᠠ ᠰᠤᠷᠭᠠᠭᠤᠯᠢ ᠶᠢᠨ ᠴᠡᠴᠡᠷᠯᠢᠭ ᠤᠨ ᠰᠤᠷᠤᠭᠴᠢ ᠡᠯᠰᠡᠬᠦ ᠠᠵᠢᠯ ᠤᠨ ᠲᠥᠰᠦᠪ︾ ᠢ ᠦᠨᠳᠦᠰᠦᠯᠡᠵᠦ ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠬ᠎ᠠ ᠰᠤᠷᠭᠠᠭᠤᠯᠢ ᠶᠢᠨ 2024 ᠣᠨ ᠤ ᠰᠢᠨ᠎ᠡ ᠰᠤᠷᠤᠭᠴᠢ ᠡᠯᠰᠡᠬᠦ ᠠᠵᠢᠯ ᠢ ᠳᠣᠣᠷᠠᠬᠢ ᠮᠡᠲᠦ ᠲᠣᠬᠢᠷᠠᠭᠤᠯᠪᠠ᠂ ᠠᠩᠬᠠᠷᠤᠯ ᠳᠤ ᠪᠠᠨ ᠠᠪᠤᠬᠤ ᠪᠣᠯᠪᠠᠤ᠃       1. ᠨᠡᠷ᠎ᠡ ᠮᠡᠳᠡᠭᠦᠯᠬᠦ ᠴᠠᠭ᠄ ᠥᠷᠭᠡᠨ ᠤᠯᠠᠨ ᠭᠡᠷ ᠤᠨ ᠠᠬᠠᠮᠠᠳ ᠲᠤ ᠪᠠᠨ ᠲᠥᠬᠦᠮ ᠦᠵᠡᠭᠦᠯᠬᠦ᠂ ᠲᠤᠬᠠᠢ  ᠶᠢᠨ ᠴᠠᠭ ᠲᠤ ᠨᠡᠷ᠎ᠡ ᠪᠦᠷᠢᠳᠬᠡᠬᠦ ᠳᠤ ᠲᠥᠬᠦᠮ ᠦᠵᠡᠭᠦᠯᠬᠦ ᠶᠢᠨ ᠡᠭᠦᠳᠡᠨ ᠠᠴᠠ᠂ 2024 ᠣᠨ ᠤ 8 ᠰᠠᠷ᠎ᠠ  ᠶᠢᠨ 7 ᠤ ᠡᠳᠦᠷ ᠠᠴᠠ 8 ᠰᠠᠷ᠎ᠠ ᠶᠢᠨ 13 ᠤ ᠡᠳᠦᠷ ᠪᠣᠯᠲᠠᠯ᠎ᠠ ᠲᠣᠰ ᠮᠡᠳᠡᠭᠳᠡᠯ ᠤᠨ ᠠᠷᠦ ᠳᠠᠬᠢ ᠮᠡᠷᠬᠡᠨ ᠴᠤᠬᠤᠷ ᠢ ᠰᠢᠷᠪᠢᠵᠦ᠂ ᠴᠠᠬᠢᠮ ᠰᠦᠯᠵᠢᠶ᠎ᠡ ᠪᠠᠷ ᠨᠡᠷ᠎ᠡ ᠮᠡᠳᠡᠭᠦᠯᠦᠨ᠎ᠡ᠃
   8 ᠰᠠᠷ᠎ᠡ ᠶᠢᠨ 13 ᠤ ᠡᠳᠦᠷ᠂ ᠭᠡᠷ ᠤᠨ ᠠᠬᠠᠮᠠᠳ ᠬᠠᠮᠢᠶ᠎ᠠ ᠪᠦᠬᠦᠢ ᠮᠠᠲ᠋ᠧᠷᠢᠶᠡᠯ ᠢᠶᠠᠨ ᠠᠪᠴᠦ᠂ ᠰᠤᠷᠭᠠᠭᠤᠯᠢ  ᠳᠤ ᠢᠷᠡᠵᠦ ᠨᠡᠷ᠎ᠡ ᠮᠡᠳᠡᠭᠦᠯᠦᠨ᠎ᠡ᠃       ᠴᠠᠭ᠄ ᠦᠳᠡ ᠶᠢᠨ ᠡᠮᠦᠨ᠎ᠡ 8᠄ 30 — 11᠄ 30       ᠦᠳᠡ ᠶᠢᠨ ᠬᠤᠶᠢᠨ᠎ᠠ 3᠄ 00 — 6᠄ 00       ᠬᠥᠳᠡᠭᠡ ᠮᠠᠯᠵᠢᠬᠤ ᠣᠷᠣᠨ ᠳᠤ ᠪᠠᠶᠢᠭ᠎ᠠ ᠭᠡᠷ ᠤᠨ ᠠᠬᠠᠮᠠᠳ ᠭᠠᠵᠠᠷ ᠬᠤᠯᠠ᠂ ᠠᠵᠢᠯ ᠶᠠᠭᠠᠷᠠᠤ ᠠᠴᠠ ᠪᠣᠯᠵᠤ᠂ 8 ᠰᠠᠷ᠎ᠠ ᠶᠢᠨ 13 ᠤ ᠡᠳᠦᠷ ᠰᠤᠷᠭᠠᠭᠤᠯᠢ ᠳᠤ ᠢᠷᠠᠵᠤ ᠠᠮᠵᠢᠬᠤ ᠦᠭᠡᠢ ᠪᠣᠯ᠂ ᠤᠲᠠᠰᠦ ᠪᠠᠷ ᠨᠡᠷ᠎ᠡ ᠮᠡᠳᠡᠭᠦᠯᠵᠦ ᠪᠣᠯᠣᠨ᠎ᠠ᠃ ︵ᠬᠠᠷᠢᠯᠴᠠᠬᠤ ᠤᠲᠠᠰᠤ᠄ 13948068625︶       2. ᠨᠡᠷ᠎ᠡ ᠮᠡᠳᠡᠭᠦᠯᠬᠦ ᠭᠠᠵᠠᠷ᠄ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠨᠢᠭᠡᠳᠦᠭᠡᠷ ᠳᠠᠪᠬᠤᠷᠭ᠎ᠠ᠃       3. ᠨᠢᠭᠡᠳᠦᠭᠡᠷ ᠣᠨ ᠤ ᠰᠢᠨ᠎ᠡ ᠰᠤᠷᠤᠭᠴᠢ ᠶᠢ ᠪᠦᠬᠦᠯᠢ 6 ᠨᠠᠰᠤ ᠪᠠᠷ ᠬᠢᠵᠠᠭᠠᠷᠯᠠᠨ᠎ᠠ᠃ ︵2018 ᠣᠨ ᠤ 8 ᠰᠠᠷ᠎ᠠ ᠶᠢᠨ 31 ᠠᠴᠠ ᠡᠮᠦᠨ᠎ᠡ ᠲᠥᠷᠥᠭᠰᠡᠨ ᠪᠠᠶᠢᠬᠤ ᠬᠡᠷᠡᠭᠲᠡᠢ᠃︶       4. ᠡᠷᠦᠭᠡ ᠠᠮᠠ ᠶᠢᠨ ᠳᠠᠩᠰᠠ ᠪᠠᠨ ᠠᠪᠴᠤ ᠢᠷᠡᠨ᠎ᠡ᠃ A4 ᠴᠠᠭᠠᠰᠤᠨ ᠤ ᠳᠡᠭᠡᠷ᠎ᠡ ᠬᠠᠭᠠᠰ ᠬᠡᠰᠡᠭ ᠲᠤ  ᠨᠢ ᠡᠷᠦᠭᠡ ᠠᠮᠠ ᠶᠢᠨ ᠡᠵᠡᠨ᠂ ᠳᠣᠣᠷ᠎ᠠ ᠬᠠᠭᠠᠰ ᠬᠡᠰᠡᠭ ᠲᠤ ᠨᠢ ᠰᠤᠷᠤᠭᠴᠢ ᠶᠢᠨ ᠡᠷᠦᠭᠡ ᠠᠮᠠ ᠶᠢᠨ ᠳᠠᠩᠰᠠ ᠶᠢ ᠳᠠᠷᠤᠮᠠᠯᠯᠠᠨ ᠠᠪᠴᠤ ᠢᠷᠡᠨ᠎ᠡ᠃
      5. ᠲᠤᠬᠠᠢ ᠶᠢᠨ ᠭᠠᠵᠠᠷ ᠤᠨ ︽ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ︾  ᠢ ᠠᠪᠴᠤ ᠨᠡᠷ᠎ᠡ ᠮᠡᠳᠡᠭᠦᠯᠦᠨ᠎ᠡ᠃
      6. ᠰᠡᠷᠭᠡᠶᠢᠯᠡᠯᠲᠡ ᠶᠢᠨ ᠵᠡᠭᠦᠦ ᠲᠠᠷᠢᠯᠭ᠎ᠠ ᠶᠢᠨ ᠳᠡᠪᠲᠡᠷ ᠢᠶᠠᠨ ᠤᠷᠢᠳᠴᠢᠯᠡᠨ ᠪᠡᠯᠡᠳᠬᠡᠵᠦ᠂ ᠠᠩᠭᠢ ᠬᠤᠪᠢᠶᠠᠭᠰᠠᠨ ᠤ ᠲᠡᠷᠠᠭ᠎ᠠ᠂ ᠠᠩᠭᠢ ᠶᠢᠨ ᠡᠷᠭᠢᠯᠡᠭᠴᠢ ᠳᠤ ᠪᠠᠨ ᠲᠤᠰᠢᠶᠠᠨ᠎ᠠ᠃       ᠯᠠᠪᠯᠠᠬᠤ ᠤᠲᠠᠰᠤ᠄ 13804730684 13948068625       ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠬ᠎ᠠ ᠰᠤᠷᠭᠠᠭᠤᠯᠢ       2024 ᠣᠨ ᠤ 8 ᠳ᠋ᠤᠭᠠᠷ ᠰᠠᠷ᠎ᠠ ᠶᠢᠨ 5 ᠤ ᠡᠳᠦᠷ      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号