2024 ᠣᠨ ᠤ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠤᠪᠢᠶᠠᠷᠢᠯᠠᠯᠲᠠ ᠶᠢ ᠪᠠᠭᠤᠯᠭᠠᠭᠰᠠᠨ ᠪᠠᠶᠢᠳᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/8/6
                        ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠤᠶᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾  ︵  ᠥᠪᠥᠷ ᠵᠠᠰᠠᠭ ᠠᠯᠪᠠᠨ ﹇  2022﹈  9 ᠳ᠋ᠦ᠋ᠭᠡᠷ ᠲᠣᠭᠠᠲᠤ︶  ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠠᠯᠠᠱᠠ ᠵᠡᠭᠦᠨ ᠬᠤᠰᠢᠭᠤᠨ ᠤ 2024 ᠣᠨ ᠠᠴᠠ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠡᠳ᠋ ᠤᠨ ᠵᠠᠰᠠᠭ ᠢ ᠤᠶᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠬᠤᠪᠢᠶᠠᠷᠢᠯᠠᠯᠲᠠ ᠶᠢ ᠪᠠᠭᠤᠯᠭᠠᠭᠰᠠᠨ ᠪᠠᠶᠢᠳᠠᠯ ᠢ ᠳᠠᠷᠠᠭᠠᠬᠢ ᠬᠡᠳᠦᠨ ᠲᠠᠯ᠎ᠠ ᠪᠠᠷ ᠵᠠᠷᠯᠠᠶ᠎ᠠ᠄             ᠨᠢᠭᠡ᠂ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢ ᠪᠠᠭᠤᠯᠭᠠᠭᠰᠠᠨ ᠪᠠᠶᠢᠳᠠᠯ            7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠳᠡᠭᠡᠳᠦ ᠱᠠᠲᠤᠨ ᠠᠴᠠ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 10160 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠄  ᠲᠥᠪ ᠤᠨ ᠲᠠᠰ ᠤᠨ ᠪᠡᠯᠡ ᠮᠥᠩᠭᠦ 1706 ᠲᠦᠮᠡᠨ ᠲᠥᠭᠦᠷᠢᠭ︔  ᠥᠪᠡᠷᠲᠡᠭᠡᠨ ᠵᠠᠰᠠᠬᠤ ᠣᠷᠣᠨ ᠤ ᠲᠠᠰ ᠤᠨ ᠪᠡᠯᠡ ᠮᠥᠩᠭᠦ 8454 ᠲᠦᠮᠡᠨ ᠲᠥᠭᠦᠷᠢᠭ ᠪᠣᠯᠣᠨ᠎ᠠ᠃            ᠬᠤᠶᠠᠷ᠂ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢ ᠪᠠᠭᠤᠯᠭᠠᠭᠰᠠᠨ ᠪᠠᠶᠢᠳᠠᠯ            7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 10260 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠄  ᠲᠥᠪ ᠤᠨ ᠱᠠᠲᠤᠨ ᠤ ᠪᠡᠯᠡ ᠮᠥᠩᠭᠦ 1706 ᠲᠦᠮᠡᠨ ᠲᠥᠭᠦᠷᠢᠭ ᠪᠠᠶᠢᠵᠤ᠂ ᠭᠤᠣᠯᠳᠠᠭᠤ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠶᠢᠨ 2024 ᠣᠨ ᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ︵  ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶  213.74 ᠲᠦᠮᠡᠨ ᠲᠥᠭᠦᠷᠢᠭ ᠪᠣᠯᠣᠨ᠎ᠠ︔  ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ 540 ᠲᠦᠮᠡᠨ ᠲᠥᠭᠦᠷᠢᠭ ᠤᠨ ᠨᠥᠬᠦᠪᠦᠷᠢ ᠮᠥᠩᠭᠦ ᠣᠯᠭᠤᠨ᠎ᠠ ︵  ᠥᠯᠵᠡᠢ ᠰᠤᠮᠤ ᠶᠢᠨ ᠬᠢᠯᠢ ᠶᠢᠨ ᠲᠣᠣᠷ ᠰᠦᠯᠵᠢᠶᠡᠨ ᠤ ᠴᠢᠮᠡᠭᠡ ᠬᠤᠯᠪᠣᠭ᠎ᠠ ᠶᠢ ᠪᠦᠷᠬᠦᠭᠦᠯᠬᠦ ᠢᠨᠵᠧᠨᠧᠷᠢᠩ︶ ︔  ᠠᠯᠠᠱᠠ ᠵᠡᠭᠦᠨ ᠬᠤᠰᠢᠭᠤᠨ ᠤ ᠢᠩᠭᠡᠨ ᠰᠤᠮᠤ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ 245.26 ᠲᠦᠮᠡᠨ ᠲᠥᠭᠦᠷᠢᠭ ᠤᠨ ᠨᠥᠬᠦᠪᠦᠷᠢ ᠮᠥᠩᠭᠦ ᠣᠯᠭᠤᠨ᠎ᠠ ︵  ᠢᠩᠭᠡᠨ ᠰᠤᠮᠤ ᠶᠢᠨ ᠳᠠᠯᠠᠨᠲᠦ᠋ᠷᠦᠭᠦᠦ ᠭᠠᠴᠠᠭ᠎ᠠ ᠶᠢᠨ ᠬᠢᠯᠢ ᠶᠢᠨ ︽ᠳᠥᠷᠪᠡᠨ ᠬᠠᠮᠲᠤ ᠶᠢᠨ︾  ᠣᠷᠳᠣ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︶ ︔  ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ 72 ᠲᠦᠮᠡᠨ ᠲᠥᠭᠦᠷᠢᠭ ᠤᠨ ᠨᠥᠬᠦᠪᠦᠷᠢ ᠮᠥᠩᠭᠦ ︵  ᠮᠠᠯᠵᠢᠬᠤ ᠣᠷᠣᠨ ᠤ ᠪᠣᠬᠢᠷᠲᠤᠯ ᠦᠭᠡᠢ ᠡᠨᠧᠷᠭᠢ ᠶᠢᠨ ᠬᠡᠷᠡᠭᠯᠡᠭᠡᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ︶  ᠵᠠᠯᠭᠠᠭᠤᠯᠤᠨ᠎ᠠ︔  ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ 180 ᠲᠦᠮᠡᠨ ᠲᠥᠭᠦᠷᠢᠭ ᠤᠨ ᠨᠥᠬᠦᠪᠦᠷᠢ ᠮᠥᠩᠭᠦ ᠣᠯᠭᠤᠨ᠎ᠠ ︵  ᠵᠢᠷᠠᠲᠠᠢ ᠪᠠᠯᠭᠠᠰᠤᠨ ᠤ ᠳᠡᠷᠢᠲᠦ᠂ ᠴᠡᠩᠭᠡᠯᠲᠦ᠂ ᠪᠠᠭᠠᠲᠤᠷᠪᠤᠯᠠᠭ ᠂  ᠰᠤᠯᠢᠲᠤ ᠭᠠᠴᠠᠭ᠎ᠠ ᠶᠢᠨ ᠬᠥᠮᠥᠨ ᠮᠠᠯ ᠤᠨ ᠤᠤᠭᠤᠬᠤ ᠤᠰᠤᠨ ᠤ ᠬᠤᠳᠳᠤᠭ ᠵᠢᠴᠢ ᠤᠰᠤ ᠬᠠᠩᠭᠠᠬᠤ ᠬᠤᠭᠤᠯᠠᠢ ᠶᠢᠨ ᠲᠥᠷᠥᠯ ᠵᠦᠢᠯ︶ ︔  ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ 175 ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠴᠦ᠂ ᠠᠯᠠᠱᠠ ᠠᠶᠢᠮᠠᠭ ᠤᠨ ᠤᠯᠤᠰ ᠤᠨ ᠪᠠᠶᠠᠨᠮᠣᠳᠣ ᠲᠠᠷᠢᠶᠠᠯᠠᠩ ᠤᠨ ᠲᠠᠯᠠᠪᠠᠶ ᠶᠢᠨ ᠬᠥᠭᠵᠢᠭᠡᠳᠦᠢ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠶᠢ ᠪᠠᠬᠢᠵᠢᠭᠦᠯᠦᠨ ᠳᠡᠭᠡᠭᠰᠢᠯᠡᠭᠦᠯᠬᠦ ᠡᠭᠦᠷᠭᠡ ᠳᠤ ᠬᠡᠷᠡᠭᠯᠡᠪᠡ︔  2024 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ︵  ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ — ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠪᠠᠬᠢᠵᠢᠭᠦᠯᠦᠨ ᠥᠷᠭᠡᠳᠬᠡᠨ᠎ᠡ︶  280 ᠲᠦᠮᠡᠨ ᠲᠥᠭᠦᠷᠢᠭ ︵  ᠪᠠᠶᠠᠨᠬᠤᠲᠠ ᠪᠠᠯᠭᠠᠰᠤ ᠶᠢᠨ ᠦᠰᠦᠷᠦᠩᠭᠦᠢ ᠳᠠᠪᠰᠢᠯᠲᠠ ᠶᠢᠨ ᠭᠠᠴᠠᠭ᠎ᠠ 2024 ᠣᠨ ᠳᠤ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ 70 ᠲᠦᠮᠡᠨ ᠲᠥᠭᠦᠷᠢᠭ ᠬᠥᠭᠵᠢᠭᠦᠯᠦᠨ ᠪᠤᠵᠠᠭᠠᠶᠢᠷᠠᠭᠤᠯᠪᠠ︔  ᠪᠠᠶᠠᠨᠬᠤᠲᠠ ᠪᠠᠯᠭᠠᠰᠤ ᠶᠢᠨ ᠪᠠᠶᠠᠨᠲᠠᠯ᠎ᠠ ᠭᠠᠴᠠᠭ᠎ᠠ ᠶᠢᠨ ᠬᠢᠨ 2024 ᠣᠨ ᠳᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ 70 ᠲᠦᠮᠡᠨ ᠲᠥᠭᠦᠷᠢᠭ ᠢᠶᠠᠷ ᠲᠡᠳᠬᠦᠨ ᠬᠥᠭᠵᠢᠭᠦᠯᠵᠦ ᠪᠤᠵᠠᠭᠠᠶᠢᠷᠠᠭᠤᠯᠪᠠ︔  ᠣᠯᠠᠨᠪᠤᠯᠠᠭ ᠪᠠᠯᠭᠠᠰᠤᠨ ᠤ ᠲᠥᠬᠦᠮ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠳᠤ 70 ᠲᠦᠮᠡᠨ ᠲᠥᠭᠦᠷᠢᠭ ᠣᠷᠣᠭᠤᠯᠪᠠ︔  ᠪᠠᠷᠠᠭᠤᠨ ᠪᠡᠯ ᠪᠠᠯᠭᠠᠰᠤᠨ ᠤ ᠬᠥᠪᠡᠭᠡ ᠨᠠᠮᠤᠭ ᠭᠠᠴᠠᠭ᠎ᠠ2024 ᠣᠨ ᠳᠤ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ 70 ᠲᠦᠮᠡᠨ ᠲᠥᠭᠦᠷᠢᠭ ᠬᠥᠭᠵᠢᠭᠦᠯᠦᠨ ᠪᠤᠵᠠᠭᠠᠶᠢᠷᠠᠭᠤᠯᠪᠠ︶ ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠡᠯᠡ ᠮᠥᠩᠭᠦ 8454 ᠲᠦᠮᠡᠨ ᠲᠥᠭᠦᠷᠢᠭ᠂ ᠭᠤᠣᠯᠳᠠᠭᠤ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ 2024 ᠣᠨ ᠤ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠤᠭᠰᠠᠨ ᠪᠡᠯᠡ ᠮᠥᠩᠭᠦ ︵  ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ︶  299 ᠲᠦᠮᠡᠨ ᠲᠥᠭᠦᠷᠢᠭ ︵  ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠶᠢᠨ ᠰᠠᠭᠤᠭ᠎ᠠ ᠭᠠᠵᠠᠷ ᠤᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ 123 ᠲᠦᠮᠡᠨ ᠲᠥᠭᠦᠷᠢᠭ︔  ᠠᠯᠠᠱᠠ ᠵᠡᠭᠦᠨ ᠬᠤᠰᠢᠭᠤᠨ ᠤ ᠤᠨᠳᠤᠷᠤᠯᠲᠤ ᠪᠠᠯᠭᠠᠰᠤᠨ ᠤ ᠰᠠᠭᠤᠭ᠎ᠠ ᠭᠠᠵᠠᠷ ᠤᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ 176 ᠲᠦᠮᠡᠨ ᠲᠥᠭᠦᠷᠢᠭ︶ ︔  ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ︵  ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶  194 ᠲᠦᠮᠡᠨ ᠲᠥᠭᠦᠷᠢᠭ︔  ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ︵  ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢ ᠪᠠᠬᠢᠵᠢᠭᠦᠯᠦᠨ ᠥᠷᠭᠡᠳᠬᠡᠨ᠎ᠡ︶  1532.2 ᠲᠦᠮᠡᠨ ᠲᠥᠭᠦᠷᠢᠭ ︵  ᠠᠯᠠᠱᠠ ᠶᠢᠨ ᠴᠠᠭᠠᠨ ᠭᠤᠶᠣᠣ ᠤᠯᠠᠭᠠᠨ ᠭᠤᠶᠣᠣ ᠡᠳ᠋ᠰᠢᠭᠦᠯᠵᠦ ᠬᠥᠮᠥᠷᠭᠡᠯᠡᠨ ᠬᠠᠳᠠᠭᠠᠯᠠᠬᠤ ᠠᠷᠠᠯᠵᠢᠶᠠᠨ ᠤ ᠲᠥᠪ ᠤᠨ ᠲᠥᠷᠥᠯ ᠵᠦᠢᠯ 600 ᠲᠦᠮᠡᠨ ᠲᠥᠭᠦᠷᠢᠭ︔  ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 395 ᠲᠦᠮᠡᠨ ᠲᠥᠭᠦᠷᠢᠭ︔  ︽ᠠᠯᠠᠱᠠ ᠶᠢᠨ ᠪᠡᠯᠡᠭ︾  ᠣᠨᠴᠠᠯᠢᠭᠲᠤ ᠪᠦᠲᠦᠭᠡᠭᠳᠡᠬᠦᠨ ᠤ ᠡᠵᠡᠩᠨᠡᠨ ᠪᠣᠷᠣᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 150 ᠲᠦᠮᠡᠨ ᠲᠥᠭᠦᠷᠢᠭ︔  ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠳᠠᠭᠠᠳᠬᠠᠯ ᠤᠨ ᠰᠦᠢᠳᠬᠡᠯ ᠲᠤᠰᠢᠶᠠᠬᠤ ᠨᠥᠬᠦᠪᠦᠷᠢ 120 ᠲᠦᠮᠡᠨ ᠲᠥᠭᠦᠷᠢᠭ︔  ᠪᠣᠷᠣᠭᠠᠨ ᠤ ᠰᠢᠭᠦᠳᠡᠷᠢ ᠲᠥᠯᠥᠪᠯᠡᠭᠡ ᠳᠤ 5.1 ᠲᠦᠮᠡᠨ ᠲᠥᠭᠦᠷᠢᠭ ᠨᠥᠬᠦᠪᠦᠷᠢᠯᠡᠬᠦ ᠪᠠᠷ ᠲᠥᠯᠥᠪᠯᠡᠵᠦ ᠪᠣᠶ︔  ᠠᠯᠠᠱᠠ ᠵᠡᠭᠦᠨ ᠬᠤᠰᠢᠭᠤᠨ ᠤ 2024 ᠣᠨ ᠳᠤ 30 ᠲᠦᠮᠡᠨ ᠲᠥᠭᠦᠷᠢᠭ ᠤᠨ ᠬᠦᠷᠢᠶᠡᠨ ᠤ ᠠᠵᠤ ᠠᠬᠤᠢ ᠶᠢᠨ ᠱᠠᠩᠨᠠᠯ ᠨᠥᠬᠦᠪᠦᠷᠢ ᠶᠢᠨ ᠲᠥᠷᠥᠯ ᠵᠦᠢᠯ ᠢ ᠬᠥᠭᠵᠢᠭᠦᠯᠪᠡ︔  ᠠᠯᠠᠱᠠ ᠵᠡᠭᠦᠨ ᠬᠤᠰᠢᠭᠤᠨ ᠤ 2024 ᠣᠨ ᠳᠤ ᠡᠷᠦᠬᠡ ᠳᠤ ᠬᠦᠷᠴᠦ ᠱᠠᠩᠨᠠᠨ ᠨᠥᠬᠦᠪᠦᠷᠢᠯᠡᠬᠦ ᠲᠥᠷᠥᠯ ᠵᠦᠢᠯ ᠳᠤ 208.49 ᠲᠦᠮᠡᠨ ᠲᠥᠭᠦᠷᠢᠭ ᠣᠷᠣᠭᠤᠯᠪᠠ︔  ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 23.61 ᠲᠦᠮᠡᠨ ᠲᠥᠭᠦᠷᠢᠭ︶ ᠃ 2024 ᠣᠨ ᠳᠤ ᠪᠠᠶᠠᠨᠬᠤᠲᠠ ᠪᠠᠯᠭᠠᠰᠤ ᠶᠢᠨ ᠬᠥᠮᠥᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ 130 ᠲᠦᠮᠡᠨ ᠲᠥᠭᠦᠷᠢᠭ ᠲᠤ ᠬᠦᠷᠴᠡᠢ︔  ᠪᠠᠷᠠᠭᠤᠨ ᠪᠡᠯ ᠪᠠᠯᠭᠠᠰᠤᠨ ᠤ ᠰᠦ ᠶᠢᠨ ᠦᠢᠯᠡᠰ ᠢ ᠬᠥᠭᠵᠢᠭᠦᠯᠬᠦ ᠠᠵᠤ ᠦᠢᠯᠡᠰ ᠢ ᠲᠡᠳᠬᠦᠬᠦ ᠲᠦᠷᠦᠯ ᠵᠦᠢᠯ 700 ᠲᠦᠮᠡᠨ ᠲᠥᠭᠦᠷᠢᠭ ᠲᠤ ᠬᠦᠷᠴᠡᠢ︔  ᠪᠠᠷᠠᠭᠤᠨ ᠪᠡᠯ ᠪᠠᠯᠭᠠᠰᠤᠨ ᠤ ᠱᠠᠩᠬᠠᠢ ᠭᠠᠴᠠᠭᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠨᠢᠭᠡᠳᠦᠭᠡᠷ ᠬᠤᠭᠤᠴᠠᠭᠠᠨ ᠤ ᠲᠥᠷᠥᠯ ᠵᠦᠢᠯ 546 ᠲᠦᠮᠡᠨ ᠲᠥᠭᠦᠷᠢᠭ︔  ᠪᠠᠷᠠᠭᠤᠨ ᠪᠡᠯ ᠠᠯᠠᠰᠢᠨ ᠬᠤᠨᠢ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠬᠦ ᠲᠦᠷᠦᠯ ᠵᠦᠢᠯ 48 ᠲᠦᠮᠡᠨ ᠲᠥᠭᠦᠷᠢᠭ ᠲᠤ ᠬᠦᠷᠴᠡᠢ︔  ᠪᠠᠷᠠᠭᠤᠨ ᠪᠡᠯ ᠪᠠᠯᠭᠠᠰᠤᠨ ᠤ ᠴᠠᠬᠢᠮ ᠬᠤᠳᠠᠯᠳᠤᠭᠠᠨ ᠤ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 30 ᠲᠦᠮᠡᠨ ᠲᠥᠭᠦᠷᠢᠭ ᠲᠤ ᠬᠦᠷᠦᠨ᠎ᠡ︔  ᠪᠠᠷᠠᠭᠤᠨ ᠪᠡᠯ ᠪᠠᠯᠭᠠᠰᠤᠨ ᠤ ᠰᠢᠷ᠎ᠠ ᠬᠥᠳᠡᠭᠡ ᠭᠠᠴᠠᠭ᠎ᠠ ᠶᠢᠨ ᠠᠵᠤ ᠦᠢᠯᠡᠰ ᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 140 ᠲᠦᠮᠡᠨ ᠲᠥᠭᠦᠷᠢᠭ ᠲᠤ ᠬᠦᠷᠦᠨ᠎ᠡ︔  ᠪᠠᠷᠠᠭᠤᠨ ᠪᠡᠯ ᠪᠠᠯᠭᠠᠰᠤ ᠶᠢᠨ ᠬᠥᠮᠥᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠦᠷᠦᠯ ᠵᠦᠢᠯ 120 ᠲᠦᠮᠡᠨ ᠲᠥᠭᠦᠷᠢᠭ ᠲᠤ ᠬᠦᠷᠴᠡᠢ︔  ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠣᠷᠭᠤᠭ ᠢᠶᠠᠷ ᠨᠢ ᠬᠠᠳᠠᠭᠠᠯᠠᠬᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ 1250 ᠲᠦᠮᠡᠨ ᠲᠥᠭᠦᠷᠢᠭ︔  ᠣᠯᠠᠨᠪᠤᠯᠠᠭ ᠪᠠᠯᠭᠠᠰᠤ ᠶᠢᠨ ᠮᠥᠩᠬᠡ ᠬᠠᠷᠭᠠᠨ᠎ᠠ ᠭᠠᠴᠠᠭ᠎ᠠ ᠶᠢᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 535 ᠲᠦᠮᠡᠨ ᠲᠥᠭᠦᠷᠢᠭ︔  ᠣᠯᠠᠨᠪᠤᠯᠠᠭ ᠪᠠᠯᠭᠠᠰᠤ ᠶᠢᠨ ᠰᠢᠨ᠎ᠡ ᠤᠰᠤ ᠭᠠᠴᠠᠭ᠎ᠠ ᠶᠢᠨ ᠴᠢ ᠯᠢᠶᠠᠨ ᠬᠠᠢ ᠽᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 320 ᠲᠦᠮᠡᠨ ᠲᠥᠭᠦᠷᠢᠭ︔  ᠣᠯᠠᠨᠪᠤᠯᠠᠭ ᠪᠠᠯᠭᠠᠰᠤᠨ ᠤ ᠪᠣᠲᠣᠭᠤᠨ ᠤᠰᠤ ᠭᠠᠴᠠᠭ᠎ᠠ ᠶᠢᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠢᠴᠢ ᠢᠵᠢ ᠪᠦᠷᠢᠳᠦᠭᠦᠯᠬᠦ ᠠᠵᠤ ᠦᠢᠯᠡᠰ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 345 ᠲᠦᠮᠡᠨ ᠲᠥᠭᠦᠷᠢᠭ︔  ᠤᠨᠳᠤᠷᠤᠯᠲᠤ ᠪᠠᠯᠭᠠᠰᠤᠨ ᠤ ᠪᠠᠷᠠᠭᠤᠨ ᠬᠥᠳᠡᠭᠡ ᠭᠠᠴᠠᠭ᠎ᠠ ᠶᠢᠨ ᠬᠢᠲᠠᠳ ᠡᠮ ᠤᠨ ᠮᠠᠲ᠋ᠧᠷᠢᠶᠠᠯ ᠢ ᠠᠩᠬ᠎ᠠ ᠡᠳ᠋ᠰᠢᠭᠦᠯᠬᠦ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ 400 ᠲᠦᠮᠡᠨ ᠲᠥᠭᠦᠷᠢᠭ︔  ᠤᠨᠳᠤᠷᠤᠯᠲᠤ ᠪᠠᠯᠭᠠᠰᠤᠨ ᠤ ᠬᠥᠮᠥᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠦᠷᠦᠯ ᠵᠦᠢᠯ 80 ᠲᠦᠮᠡᠨ ᠲᠥᠭᠦᠷᠢᠭ ᠲᠤ ᠬᠦᠷᠦᠨ᠎ᠡ︔  ᠤᠨᠳᠤᠷᠤᠯᠲᠤ ᠪᠠᠯᠭᠠᠰᠤᠨ ᠤ ᠬᠢᠲᠠᠳ ᠡᠮ ᠤᠨ ᠮᠠᠲ᠋ᠧᠷᠢᠶᠠᠯ ᠢ ᠠᠩᠬ᠎ᠠ ᠡᠳ᠋ᠰᠢᠭᠦᠯᠬᠦ ᠰᠠᠭᠤᠷᠢᠨ — ᠤᠬᠢᠶᠠᠵᠤ ᠴᠡᠪᠡᠷᠯᠡᠬᠦ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 350 ᠲᠦᠮᠡᠨ ᠲᠥᠭᠦᠷᠢᠭ ᠲᠤ ᠬᠦᠷᠦᠨ᠎ᠡ ︔  ᠪᠠᠶᠠᠠᠨᠢᠷᠤᠭᠤᠨ ᠰᠤᠮᠤ ᠶᠢᠨ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠥᠷᠥᠯ ᠵᠦᠢᠯ 150 ᠲᠦᠮᠡᠨ ᠲᠥᠭᠦᠷᠢᠭ︔  ᠥᠯᠵᠡᠢ ᠰᠤᠮᠤ ᠶᠢᠨ ᠬᠥᠮᠥᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠦᠷᠦᠯ ᠵᠦᠢᠯ 350 ᠲᠦᠮᠡᠨ ᠲᠥᠭᠦᠷᠢᠭ ᠲᠤ ᠬᠦᠷᠴᠡᠢ︔  ᠢᠩᠭᠡᠨ ᠰᠤᠮᠤ ᠶᠢᠨ ᠬᠥᠮᠥᠰ ᠤᠨ ᠰᠠᠭᠤᠷᠢᠰᠢᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠷᠥᠯ ᠵᠦᠢᠯ 100 ᠲᠦᠮᠡᠨ ᠲᠥᠭᠦᠷᠢᠭ︔  ᠴᠣᠭᠲᠤᠬᠦ᠋ᠷᠢᠶ᠎ᠡ ᠰᠤᠮᠤ ᠶᠢᠨ ᠰᠠᠭᠤᠷᠢᠰᠢᠯ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠥᠷᠥᠯ ᠵᠦᠢᠯ 180 ᠲᠦᠮᠡᠨ ᠲᠥᠭᠦᠷᠢᠭ︔  ᠴᠣᠭᠲᠤᠬᠦ᠋ᠷᠢᠶ᠎ᠡ ᠰᠤᠮᠤ ᠶᠢᠨ ᠡᠯᠡᠰᠦᠨ ᠴᠦᠯ ᠤᠨ ᠮᠥᠩᠭᠦᠨ ᠳᠡᠯᠳᠡᠦ ᠶᠢᠨ ᠲᠠᠷᠢᠮᠠᠯ ᠤᠨ ᠲᠥᠷᠥᠯ ᠵᠦᠢᠯ ᠳᠤ 397 ᠲᠦᠮᠡᠨ ᠲᠥᠭᠦᠷᠢᠭ ᠣᠷᠣᠭᠤᠯᠤᠨ᠎ᠠ︔  ᠴᠣᠭᠲᠤᠬᠦ᠋ᠷᠢᠶ᠎ᠡ ᠰᠤᠮᠤ ᠶᠢᠨ ᠴᠠᠬᠢᠮ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 30 ᠲᠦᠮᠡᠨ ᠲᠥᠭᠦᠷᠢᠭ︔  ᠡᠷᠬᠡᠬᠠᠰᠢᠬ᠎ᠠ ᠰᠤᠮᠤ ᠶᠢᠨ ᠪᠠᠶᠠᠨᠨᠠᠭᠤᠷ ᠭᠠᠴᠠᠭ᠎ᠠ᠂ ᠭᠡᠳᠢᠩ ᠭᠠᠴᠠᠭ᠎ᠠ ᠶᠢᠨ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠨ ᠴᠡᠭᠴᠡᠯᠡᠬᠦ ᠢᠵᠢ ᠪᠦᠷᠢᠳᠦᠭᠦᠯᠬᠦ ᠲᠥᠷᠥᠯ ᠵᠦᠢᠯ 35 ᠲᠦᠮᠡᠨ ᠲᠥᠭᠦᠷᠢᠭ︔  ᠪᠠᠶᠠᠨᠬᠤᠲᠠ ᠪᠠᠯᠭᠠᠰᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠦᠭᠦᠯᠦᠨ 13.2 ᠲᠦᠮᠡᠨ ᠲᠥᠭᠦᠷᠢᠭ ᠲᠡᠳᠬᠦᠪᠡ︔  ᠪᠠᠷᠠᠭᠤᠨ ᠪᠡᠯ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠦᠭᠦᠯᠦᠨ 42 ᠲᠦᠮᠡᠨ ᠲᠥᠭᠦᠷᠢᠭ ᠢᠶᠠᠷ ᠲᠡᠳᠬᠦᠪᠡ︔  ᠤᠨᠳᠤᠷᠤᠯᠲᠤ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠭᠡᠵᠦ 6 ᠲᠦᠮᠡᠨ ᠲᠥᠭᠦᠷᠢᠭ ᠢᠶᠠᠷ ᠲᠡᠳᠬᠦᠨ᠎ᠡ︔  ᠡᠷᠬᠡᠬᠠᠰᠢᠬ᠎ᠠ ᠰᠤᠮᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠦᠭᠦᠯᠦᠨ 4.8 ᠲᠦᠮᠡᠨ ᠲᠥᠭᠦᠷᠢᠭ ᠢᠶᠠᠷ ᠲᠡᠳᠬᠦᠪᠡ︔  ᠴᠣᠭᠲᠤᠬᠦ᠋ᠷᠢᠶ᠎ᠡ ᠰᠤᠮᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠦᠭᠦᠯᠦᠨ 3.6 ᠲᠦᠮᠡᠨ ᠲᠥᠭᠦᠷᠢᠭ ᠢᠶᠠᠷ ᠲᠡᠳᠬᠦᠪᠡ︔  ᠵᠢᠷᠠᠲᠠᠢ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠭᠡᠵᠦ 30 ᠲᠦᠮᠡᠨ ᠲᠥᠭᠦᠷᠢᠭ ᠤᠨ ᠲᠡᠳᠬᠦᠮᠵᠢ ᠦᠵᠡᠭᠦᠯᠦᠨ᠎ᠡ ᠵᠡᠭᠦᠨ ᠪᠡᠯ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠭᠡᠵᠦ 4.8 ᠲᠦᠮᠡᠨ ᠲᠥᠭᠦᠷᠢᠭ ᠢ ᠲᠡᠳᠬᠦᠪᠡ︔  ᠣᠯᠠᠨᠪᠤᠯᠠᠭ ᠪᠠᠯᠭᠠᠰᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠲᠡᠯ᠎ᠡ 12 ᠲᠦᠮᠡᠨ ᠲᠥᠭᠦᠷᠢᠭ ︵  ᠡᠭᠦᠨ ᠳᠤ᠄  ᠣᠯᠠᠨᠪᠤᠯᠠᠭ ᠪᠠᠯᠭᠠᠰᠤ ᠶᠢᠨ 8.4 ᠲᠦᠮᠡᠨ ᠲᠥᠭᠦᠷᠢᠭ᠂ ᠠᠯᠠᠱᠠ ᠠᠶᠢᠮᠠᠭ ᠤᠨ ᠪᠠᠶᠠᠨᠮᠣᠳᠣ ᠲᠠᠷᠢᠶᠠᠯᠠᠩ ᠤᠨ ᠲᠠᠯᠠᠪᠠᠶ ᠶᠢᠨ 3.6 ᠲᠦᠮᠡᠨ ᠲᠥᠭᠦᠷᠢᠭ︶  ᠲᠡᠳᠬᠦᠨ᠎ᠡ︔  ᠪᠠᠶᠠᠠᠨᠢᠷᠤᠭᠤᠨ ᠰᠤᠮᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠦᠭᠦᠯᠦᠨ 9.6 ᠲᠦᠮᠡᠨ ᠲᠥᠭᠦᠷᠢᠭ ᠢᠶᠠᠷ ᠲᠡᠳᠬᠦᠪᠡ︔  ᠢᠩᠭᠡᠨ ᠰᠤᠮᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠭᠡᠵᠦ 4.8 ᠲᠦᠮᠡᠨ ᠲᠥᠭᠦᠷᠢᠭ ᠲᠡᠳᠬᠦᠪᠡ︔  ᠥᠯᠵᠡᠢ ᠰᠤᠮᠤ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠡᠷᠦᠬᠡ ᠳᠤ ᠬᠦᠷᠭᠡᠵᠦ 6 ᠲᠦᠮᠡᠨ ᠲᠥᠭᠦᠷᠢᠭ ᠢᠶᠠᠷ ᠲᠡᠳᠬᠦᠨ ᠳᠡᠮᠵᠢᠨ᠎ᠡ᠃ ᠪᠠᠶᠠᠨᠬᠤᠲᠠ ᠪᠠᠯᠭᠠᠰᠤ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 2 ᠲᠦᠮᠡᠨ ᠲᠥᠭᠦᠷᠢᠭ︔  ᠪᠠᠷᠠᠭᠤᠨ ᠪᠡᠯ ᠪᠠᠯᠭᠠᠰᠤᠨ ᠤ ᠲᠦᠷᠦᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 11 ᠲᠦᠮᠡᠨ ᠲᠥᠭᠦᠷᠢᠭ︔  ᠤᠨᠳᠤᠷᠤᠯᠲᠤ ᠪᠠᠯᠭᠠᠰᠤ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 7 ᠲᠦᠮᠡᠨ ᠲᠥᠭᠦᠷᠢᠭ︔  ᠡᠷᠬᠡᠬᠠᠰᠢᠬ᠎ᠠ ᠰᠤᠮᠤ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 0.5 ᠲᠦᠮᠡᠨ ᠲᠥᠭᠦᠷᠢᠭ︔  ᠴᠣᠭᠲᠤᠬᠦ᠋ᠷᠢᠶ᠎ᠡ ᠰᠤᠮᠤ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 8 ᠲᠦᠮᠡᠨ ᠲᠥᠭᠦᠷᠢᠭ︔  ᠵᠢᠷᠠᠲᠠᠢ ᠪᠠᠯᠭᠠᠰᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 9 ᠲᠦᠮᠡᠨ ᠲᠥᠭᠦᠷᠢᠭ︔  ᠣᠯᠠᠨᠪᠤᠯᠠᠭ ᠪᠠᠯᠭᠠᠰᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 12 ᠲᠦᠮᠡᠨ ᠲᠥᠭᠦᠷᠢᠭ︔  ᠪᠠᠶᠠᠠᠨᠢᠷᠤᠭᠤᠨ ᠰᠤᠮᠤ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 2 ᠲᠦᠮᠡᠨ ᠲᠥᠭᠦᠷᠢᠭ︔  ᠢᠩᠭᠡᠨ ᠰᠤᠮᠤ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 1 ᠲᠦᠮᠡᠨ ᠲᠥᠭᠦᠷᠢᠭ︔  ᠥᠯᠵᠡᠢ ᠰᠤᠮᠤ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠵᠠᠷᠤᠳᠠᠯ 3.5 ᠲᠦᠮᠡᠨ ᠲᠥᠭᠦᠷᠢᠭ᠃ ᠬᠤᠰᠢᠭᠤᠨ ᠤ ᠲᠣᠰ ᠱᠠᠲᠤᠨ ᠤ ᠪᠡᠯᠡ ᠮᠥᠩᠭᠦ 100 ᠲᠦᠮᠡᠨ ᠲᠥᠭᠦᠷᠢᠭ᠂ ᠭᠤᠣᠯᠳᠠᠭᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠣᠯᠭᠠᠭᠤᠯᠬᠤ ᠪᠡᠯᠡ ᠮᠥᠩᠭᠦ 100 ᠲᠦᠮᠡᠨ ᠲᠥᠭᠦᠷᠢᠭ ᠪᠣᠯᠣᠨ᠎ᠠ᠃                        2024 ᠣᠨ ᠤ 7 ᠳ᠋ᠤᠭᠠᠷ ᠰᠠᠷ᠎ᠠ ᠶᠢᠨ 31
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号