2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠯᠠᠱᠠ ᠵᠡᠭᠦᠨ ᠬᠤᠰᠢᠭᠤᠨ ᠤ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/9/10
     9 ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ᠂ 2024 ᠣᠨ ᠳᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠢᠴᠢ ᠠᠯᠠᠱᠠ ᠵᠡᠭᠦᠨ ᠬᠤᠰᠢᠭᠤᠨ ᠤ ︽ᠰᠦᠯᠵᠢᠶᠡᠨ ᠤ ᠠᠮᠤᠷ ᠲᠦᠪᠰᠢᠨ ᠢ ᠬᠠᠮᠲᠤ ᠪᠠᠷ ᠡᠭᠦᠳᠴᠦ᠂ ᠵᠥᠪ ᠡᠨᠧᠷᠭᠢ ᠪᠠᠷ ᠬᠥᠭᠵᠢᠭᠦᠯᠬᠦ︾ ᠰᠦᠯᠵᠢᠶᠡᠨ ᠤ ᠠᠮᠤᠷ ᠲᠦᠪᠰᠢᠨ ᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠪᠥᠷ ᠮᠣᠩᠭᠤᠯ ᠤᠨ ᠪᠠᠷᠠᠭᠤᠨ ᠣᠷᠣᠨ ᠤ ᠺᠠᠶ ᠶᠤᠸᠠᠨ ᠠᠭᠤᠷᠬᠠᠶ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠳᠤ ᠡᠬᠢᠯᠡᠭᠦᠯᠪᠡ᠃ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠯᠦ ᠯᠦ ᠠᠵᠢᠯᠯᠠᠭ᠎ᠠ ᠳᠤ ᠣᠷᠣᠯᠴᠠᠵᠤ᠂ ᠡᠯ᠎ᠡ ᠪᠦᠷᠢᠯᠳᠦᠬᠦᠨ ᠨᠢᠭᠡᠴᠢ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠺᠠᠳ᠋ᠷ ᠠᠵᠢᠯᠯᠠᠭ᠎ᠠ ᠳᠤ ᠣᠷᠣᠯᠴᠠᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠺᠠᠳ᠋ᠷ ᠠᠵᠢᠯᠲᠠᠳ ᠲᠤ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠠᠬᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠪᠠ ᠤᠷ᠎ᠠ ᠴᠢᠳᠠᠪᠤᠷᠢ ᠶᠢ ᠲᠦᠭᠡᠮᠡᠯᠵᠢᠭᠦᠯᠪᠡ᠃ ᠲᠤᠬᠠᠶ ᠶᠢᠨ ᠲᠠᠯᠠᠪᠠᠶ ᠳᠤ ᠪᠠᠰᠠ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠰᠢᠨ᠎ᠡ ᠰᠣᠷᠭᠤᠭ ᠰᠣᠨᠢᠷᠬᠠᠯᠲᠠᠶ ᠬᠠᠷᠢᠯᠴᠠᠨ ᠬᠥᠳᠡᠯᠦᠯᠴᠡᠬᠦ APP᠎ ᠢᠶᠠᠷ᠂ ᠲᠤᠬᠠᠶ ᠶᠢᠨ ᠲᠠᠯᠠᠪᠠᠶ ᠶᠢᠨ ᠺᠠᠳ᠋ᠷ ᠠᠵᠢᠯᠲᠠᠨ ᠤ ᠢᠳᠡᠪᠬᠢᠲᠡᠶ ᠣᠷᠣᠯᠴᠠᠬᠤ ᠶᠢ ᠳᠠᠶᠢᠴᠢᠯᠠᠵᠤ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠤ ᠠᠮᠤᠷ ᠲᠦᠪᠰᠢᠨ ᠤ ᠰᠠᠬᠢᠨ ᠬᠠᠮᠠᠭᠠᠯᠠᠭᠴᠢ ᠪᠣᠯᠭᠠᠬᠤ ᠪᠠᠷ ᠴᠢᠷᠮᠠᠶᠢᠵᠤ᠂ ᠰᠦᠯᠵᠢᠶᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾᠎ ᠢ ᠬᠠᠮᠲᠤ ᠪᠠᠷ ᠪᠠᠬᠢᠵᠢᠭᠦᠯᠪᠡ᠃    ᠥᠪᠥᠷ ᠣᠩᠭᠤᠯ ᠤᠨ ᠪᠠᠷᠠᠭᠤᠨ ᠣᠷᠣᠨ ᠤ ᠺᠠᠢ ᠶᠤᠸᠠᠨ ᠠᠭᠤᠷᠬᠠᠢ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ     ᠰᠢ ᠰᠢᠶᠠ
   ᠲᠣᠰ ᠤᠳᠠᠭᠠᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠦᠬᠦ᠋ᠢᠯᠡ ᠠᠵᠤ ᠠᠬᠤᠶᠢᠯᠠᠯ ᠤᠨ ᠠᠰᠢᠭ ᠲᠤᠰᠠ ᠳᠤ ᠬᠤᠯᠪᠣᠭᠳᠠᠬᠤ ᠪᠥᠭᠡᠳ ᠪᠠᠰᠠ ᠴᠤ ᠮᠠᠨ ᠤ ᠠᠵᠢᠯᠲᠠᠨ ᠨᠢᠭᠡᠪᠦᠷᠢ ᠶᠢᠨ ᠬᠠᠷᠢᠭᠤᠴᠠᠯᠭ᠎ᠠ ᠪᠣᠯᠬᠤ ᠶᠢ ᠪᠢᠳᠡᠨ ᠳᠤ ᠲᠠᠨᠢᠭᠤᠯᠤᠭᠰᠠᠨ ᠪᠠᠶᠢᠨ᠎ᠠ᠃ ᠪᠢᠳᠡ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯᠲᠠᠨ ᠨᠢᠭᠡᠪᠦᠷᠢ ᠴᠥᠮ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠵᠠᠶᠢᠯᠠᠰᠬᠢᠵᠦ᠂ ᠡᠭᠦᠨ ᠤ ᠤᠯᠠᠮ ᠠᠴᠠ ᠪᠥᠬᠦ ᠠᠵᠢᠯᠲᠠᠳ ᠬᠠᠮᠲᠤ ᠪᠠᠷ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠲᠣᠰ ᠤᠳᠠᠭᠠᠨ ᠤ ᠤᠬᠠᠭᠤᠯᠭ᠎ᠠ ᠶᠢᠨ ᠭᠠᠷᠠᠭ ᠲᠤ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾᠎ ᠪᠠᠷ ᠭᠤᠤᠯ ᠰᠡᠳᠦᠪ ᠪᠣᠯᠭᠠᠵᠤ᠂ ᠬᠠᠤᠯᠢ ᠪᠠᠷ ᠵᠠᠰᠠᠬᠤ᠂ ᠮᠥᠩᠭᠦᠨ ᠭᠦᠢᠯᠭᠡᠭᠡ᠂ ᠴᠠᠬᠢᠯᠭᠠᠨ ᠬᠤᠯᠪᠣᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠯᠠᠭᠤᠴᠤᠳ ᠪᠠᠭᠠᠴᠤᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠲᠣᠭᠤᠷᠢᠨ ᠳᠤ ᠲᠠᠶᠢᠯᠤᠮᠵᠢ ᠬᠢᠬᠦ᠂ ᠮᠡᠳᠡᠯᠭᠡ ᠶᠢᠨ ᠤᠷᠤᠯᠳᠤᠭᠠᠨ ᠬᠢᠬᠦ ᠵᠡᠷᠭᠡ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠷᠠᠳ ᠣᠯᠠᠨ ᠤ ᠰᠦᠯᠵᠢᠶᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃    ᠠᠯᠠᠱᠠ ᠵᠡᠭᠦᠨ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠡᠷᠬᠢᠯᠡᠭᠴᠢ      ᠵᠦ ᠰᠢ ᠵᠢᠤᠸᠠᠨ
   ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠣᠯᠠᠨ ᠵᠦᠢᠯ ᠤᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠤ ᠠᠮᠤᠷ ᠲᠦᠪᠰᠢᠨ ᠤ ᠠᠰᠠᠭᠤᠳᠠᠯ ᠢ ᠨᠠᠩ ᠠᠩᠬᠠᠷᠴᠤ᠂ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠳᠤ ᠬᠠᠮᠲᠤ ᠪᠠᠷ ᠣᠷᠣᠯᠴᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠣᠯᠠᠨ ᠲᠦᠮᠡᠨ ᠲᠠᠢ ᠣᠶᠢᠷᠠᠲᠤᠬᠤ᠂ ᠬᠥᠮᠦᠰ ᠤᠨ ᠬᠦᠷᠢᠶᠡᠯᠡᠯ ᠢ ᠨᠢᠭᠲᠠᠷᠠᠭᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠤᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号