ᠠᠯᠠᠱᠠ ᠬᠤᠰᠢᠭᠤᠨ ᠤ ᠵᠠᠰᠠᠭ ᠨᠤᠶᠠᠨ ᠪᠤᠯ ᠬᠤᠰᠢᠭᠤᠨ ᠤ ᠬᠠᠮᠤᠭ ᠤᠨ ᠳᠡᠭᠡᠳᠤ ᠨᠤᠶᠠᠷᠬᠠᠭᠴᠢ ᠪᠤᠯᠬᠤ | ᠤᠴᠢᠷ ᠠᠴᠠ ᠵᠠᠰᠠᠭ ᠳᠦᠷᠤ᠂ ᠬᠠᠤᠯᠢ ᠴᠠᠭᠠᠵᠠ᠂ ᠡᠳ᠋ ᠤᠨ ᠵᠠᠰᠠᠭ ᠤᠨ ᠶᠡᠭᠡ ᠡᠷᠭᠡ ᠶᠢ ᠭᠠᠭᠴᠠᠭᠠᠷ ᠡᠵᠡᠮᠳᠡᠵᠤ | ᠪᠠᠶᠢᠳᠠᠭ᠃ ᠡᠨᠡᠬᠦ ᠡᠷᠭᠡ ᠠᠰᠢᠭ ᠢ ᠬᠠᠮᠠᠭᠠᠯᠠᠭᠰᠠᠨ ᠹᠸᠤᠳᠠᠯ ᠤᠨ ᠶᠤᠰᠤ ᠳᠢᠭᠯᠢᠮ ᠢ ᠬᠠᠷᠠᠭᠤᠯᠤᠭᠰᠠᠨ ᠵᠠᠰᠠᠭ ᠤᠨ | ᠶᠠᠪᠤᠳᠠᠯ ᠤᠨ ᠡᠳᠤᠷ ᠳᠤᠳᠤᠮ ᠤᠨ ᠠᠵᠢᠯ ᠢ ᠡᠷᠭᠢᠯᠡᠨ ᠬᠦᠢᠴᠡᠳᠭᠡᠬᠦ ᠵᠠᠰᠠᠭ ᠤᠨ ᠭᠡᠷᠡᠭ ᠤᠨ ᠭᠠᠵᠠᠷ ᠪᠤᠶᠤ | ᠳᠠᠮᠠᠭ᠎ᠠ ᠶᠢᠨ ᠶᠠᠮᠤᠨ᠂ ᠠᠯᠪᠠᠨ ᠪᠢᠴᠢᠭ᠂ ᠳᠠᠩᠰᠠ ᠡᠪᠭᠡᠮᠡᠯ ᠪᠠ ᠤᠷᠴᠢᠭᠤᠯᠭ᠎ᠠ ᠶᠢᠨ ᠠᠵᠢᠯ ᠢ ᠡᠷᠭᠢᠯᠡᠬᠦ | ᠪᠢᠴᠢᠭᠡᠴᠢ ᠶᠢᠨ ᠭᠠᠵᠠᠷ᠂ ᠬᠤᠰᠢᠭᠤᠨ ᠤ ᠡᠳ᠋ ᠮᠦᠩᠬᠦ ᠪᠠ ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢ | ᠬᠠᠮᠢᠶᠠᠷᠬᠤ ᠡᠳ᠋ ᠤᠨ ᠵᠠᠰᠠᠭ ᠤᠨ ᠭᠠᠵᠠᠷ᠂ ᠳᠤᠳᠤᠭᠠᠳᠤ ᠶᠢ ᠬᠠᠮᠠᠭᠠᠯᠠᠬᠤ ᠪᠠ ᠴᠠᠭᠳᠠᠨ ᠰᠡᠷᠭᠡᠶᠢᠯᠡᠬᠦ ᠠᠵᠢᠯ ᠢ | ᠡᠷᠭᠢᠯᠡᠬᠦ ᠴᠠᠭᠳᠠᠨ ᠪᠠᠶᠢᠴᠠᠭᠠᠬᠤ ᠬᠤᠷᠢᠶ᠎ᠠ᠂ ᠠᠯᠢᠪᠠ ᠬᠠᠤᠯᠢ ᠴᠠᠭᠠᠵᠠ ᠶᠢᠨ ᠭᠡᠷᠡᠭ ᠢ ᠡᠷᠭᠢᠯᠡᠬᠦ ᠭᠡᠷᠡᠭ ᠰᠶᠢᠳᠭᠡᠬᠦ | ᠭᠠᠵᠠᠷ᠂ ᠠᠯᠢᠪᠠ ᠰᠤᠷᠭᠠᠨ ᠬᠦᠮᠤᠵᠢᠯ ᠤᠨ ᠠᠵᠢᠯ ᠢ ᠡᠷᠭᠢᠨᠯᠬᠦ ᠰᠤᠷᠭᠠᠨ ᠬᠦᠮᠤᠵᠢᠯ ᠤᠨ ᠭᠠᠵᠠᠷ᠂ ᠠᠮᠤᠷ ᠢ | ᠬᠠᠮᠠᠭᠠᠯᠠᠬᠤ ᠴᠡᠷᠢᠭ ᠠᠩᠭᠢ ᠶᠢᠨ ᠭᠡᠷᠡᠭ ᠡᠷᠭᠢᠯᠡᠬᠦ ᠭᠠᠵᠠᠷ ᠪᠠ ᠴᠡᠷᠢᠭ ᠤᠨ ᠰᠠᠭᠤᠷᠢᠨ ᠭᠠᠵᠠᠷ ᠵᠡᠷᠭᠡ ᠤᠯᠤᠰ | ᠳᠦᠷᠤ ᠶᠢᠨ ᠴᠢᠨᠠᠷᠳᠡᠢ ᠵᠠᠰᠠᠭ ᠵᠠᠭᠢᠷᠭᠠᠨ ᠤ ᠪᠠᠶᠢᠭᠤᠯᠤᠮᠵᠢ ᠨᠢ ᠤᠨᠴᠠ ᠶᠡᠭᠡ ᠦᠢᠯᠡᠳᠤᠯ ᠦᠵᠡᠬᠦᠯᠵᠤ᠂ ᠡᠳᠡᠭᠡᠷ | ᠪᠠᠶᠢᠭᠤᠯᠤᠮᠵᠢ ᠶᠢᠨ ᠳᠤᠰᠢᠶᠠᠯᠳᠠᠳ ᠲᠤ ᠸᠠᠩ ᠨᠤᠶᠠᠨ ᠠᠴᠠ ᠭᠠᠳᠠᠨ᠎ᠠ ᠬᠤᠰᠢᠭᠤ ᠳᠤᠰᠠᠯᠠᠭᠴᠢ᠂ ᠵᠠᠭᠢᠷᠤᠭᠴᠢ᠂ | ᠮᠠᠶᠢᠷᠠᠨ᠂ ᠵᠠᠯᠠᠨ ᠵᠠᠩᠭᠢ ᠭᠡᠬᠦ ᠮᠡᠳᠤ ᠶᠢᠨ ᠵᠡᠷᠭᠡ ᠵᠢᠩᠰᠠ᠂ ᠡᠷᠭᠡ ᠳᠤᠰᠢᠶᠠᠯ ᠨᠢ ᠳᠤᠳᠤᠷᠬᠠᠢ ᠳᠤᠰᠢᠶᠠᠯᠳᠠᠳ | ᠪᠠᠶᠢᠳᠠᠭ᠃ | |