ᠠᠯᠠᠱᠠ ᠵᠡᠭᠦᠨ ᠬᠤᠰᠢᠭᠤ᠄ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾᠎ ᠶᠢ ᠳᠠᠬᠢᠨ ᠥᠷᠭᠡᠳᠬᠡᠨ᠂ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ᠨᠠᠩ ᠠᠮᠠᠷᠬᠠᠨ ᠪᠣᠯᠪᠠ
ᠨᠡᠶᠢᠲᠡᠯᠡᠭᠰᠡᠨ ᠴᠠᠭ᠄
2024/9/2
   ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠲᠠᠪᠬᠤᠷ ᠲᠤ᠂ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠴᠣᠩᠬᠤᠪᠴᠢ ᠶᠡᠭᠡ ᠲᠢᠩᠬᠢᠮ ᠤᠨ ᠢᠯᠡ ᠭᠠᠵᠠᠷ ᠲᠤ ᠪᠠᠶᠢᠷᠢᠯᠠᠵᠤ᠂ ᠠᠰᠠᠭᠤᠵᠤ ᠯᠠᠪᠯᠠᠬᠤ ᠪᠣᠶᠣ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠭᠡᠵᠤ ᠪᠠᠶᠢᠭ᠎ᠠ ᠬᠦᠮᠦᠰ ᠰᠦᠯᠵᠢᠯᠳᠣᠵᠣ ᠪᠠᠶᠢᠪᠠ᠃
       ᠵᠠᠩ ᠵᠢᠩ ᠶᠤᠸᠠᠨ    ᠥᠩᠭᠡᠷᠡᠭᠰᠡᠨ ᠳᠤ ᠬᠥᠬᠡᠬᠤᠲᠠ ᠶᠢᠨ ᠡᠵᠡᠩᠨᠡᠯᠲᠡ ᠶᠢᠨ ᠦᠨᠡᠮᠯᠡᠯ ᠠᠪᠬᠤ ᠭᠡᠪᠡᠯ ᠵᠠᠪᠠᠯ ᠲᠤᠬᠠᠶ ᠶᠢᠨ ᠭᠠᠵᠠᠷ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠴᠢᠵᠤ ᠭᠦᠢᠴᠡᠳᠬᠡᠬᠦ ᠬᠡᠷᠡᠭᠲᠡᠶ᠂ ᠭᠡᠲᠡᠯ᠎ᠡ ᠣᠳᠣ ᠵᠥᠪᠬᠡᠨ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠢᠷᠡᠵᠤ ᠰᠦᠯᠵᠢᠶᠡᠨ ᠳᠡᠭᠡᠷ᠎ᠡ ᠪᠦᠬᠦ ᠮᠠᠲ᠋ᠧᠷᠢᠶᠠᠯ ᠢᠶᠠᠨ  ᠲᠣᠰᠢᠶᠠᠴᠢᠬᠠᠭᠠᠳ ᠭᠡᠷ ᠲᠤ ᠪᠠᠨ ᠬᠦᠯᠢᠶᠡᠵᠤ ᠯᠡ ᠪᠠᠶᠢᠪᠠᠯ ᠪᠣᠯᠴᠢᠬᠠᠨ᠎ᠠ᠂ ᠠᠵᠢᠯᠳᠠᠳ ᠰᠢᠤᠳᠠᠨ ᠢᠶᠠᠷ ᠢᠯᠡᠭᠡᠭᠡᠳ ᠢᠷᠡᠳᠡᠭ᠂  ᠡᠨᠡ ᠨᠢ ᠪᠢᠳᠠᠨᠠᠷ ᠲᠤ ᠮᠠᠰᠢ ᠲᠦᠭᠦᠮ ᠦᠵᠡᠭᠦᠯᠵᠤ ᠪᠠᠶᠢᠨ᠎ᠠ᠃
    ᠣᠶᠢᠯᠠᠭᠠᠯᠲᠠ ᠪᠠᠷ᠂ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠭᠡᠳᠡᠭ ᠨᠢ ᠰᠠᠭᠤᠭ᠎ᠠ ᠭᠠᠵᠠᠷ ᠪᠠ ᠡᠷᠦᠬᠡ ᠠᠮᠠ ᠶᠢᠨ ᠭᠠᠵᠠᠷ ᠵᠡᠷᠭᠡ ᠣᠷᠣᠨ ᠪᠦᠰᠡ ᠶᠢᠨ ᠬᠢᠵᠠᠭᠠᠷᠯᠠᠯ ᠤᠨ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ᠂ ᠣᠯᠠᠨ ᠭᠠᠵᠠᠷ ᠬᠠᠮᠲᠤᠷᠠᠨ ᠭᠦᠢᠴᠡᠳᠬᠡᠬᠦ ᠵᠡᠷᠭᠡ ᠬᠡᠯᠪᠡᠷᠢ ᠪᠠᠷ᠂ ︽ᠣᠶᠢᠷ᠎ᠠ ᠬᠠᠪᠢ ᠳᠠᠭᠠᠨ ᠮᠡᠳᠡᠭᠦᠯᠬᠦ᠂ ᠣᠨᠳᠣᠤ ᠭᠠᠵᠠᠷ ᠲᠤ ᠪᠢᠴᠢᠭ ᠮᠠᠲ᠋ᠧᠷᠢᠶᠠᠯ ᠭᠥᠯᠢᠶᠡᠨ ᠠᠪᠬᠤ᠂ ᠠᠯᠤᠰ ᠠᠴᠠ ᠡᠷᠭᠢᠯᠳᠦᠭᠦᠯᠬᠦ᠂ ᠬᠠᠷᠢᠶ᠎ᠠ ᠭᠠᠵᠠᠷ ᠲᠤᠨᠢ ᠭᠦᠢᠴᠡᠳᠬᠡᠬᠦ᠂ ᠲᠠᠰ ᠳᠠᠪᠬᠤᠷᠭ᠎ᠠ ᠠᠯᠤᠰᠯᠠᠨ ᠬᠠᠮᠲᠤᠷᠠᠨ ᠭᠦᠢᠴᠡᠳᠬᠡᠬᠦ︾ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ︽ᠬᠢᠨᠠᠨ ᠵᠥᠪᠰᠢᠶᠡᠷᠡᠬᠦ ᠡᠷᠬᠡ ᠶᠢᠨ ᠬᠠᠷᠢᠶ᠎ᠠ ᠨᠢ ᠬᠤᠪᠢᠷᠠᠬᠤ ᠥᠬᠡᠶ᠂ ᠲᠤᠭ᠎ᠠ ᠪᠠᠷᠢᠮᠲᠠ ᠶᠢ ᠰᠦᠯᠵᠢᠶ᠎ᠡ ᠪᠠᠷ ᠡᠷᠭᠢᠯᠳᠦᠭᠦᠯᠬᠦ᠂ ᠴᠣᠬᠤᠯᠠᠪᠤᠷᠢ ᠶᠢ ᠲᠦᠷᠭᠡᠨ ᠬᠦᠷᠭᠡᠬᠦ︾᠎ ᠶᠢ ᠪᠡᠶᠡᠯᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠰᠦᠯᠵᠢᠶᠡᠨ ᠳᠡᠭᠡᠷ᠎ᠡ  ᠮᠠᠲ᠋ᠧᠷᠢᠶᠠᠯ ᠲᠤᠰᠢᠶᠠᠬᠤ᠂ ᠰᠦᠯᠵᠢᠶᠡᠨ ᠭᠠᠳᠠᠨ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠴᠣᠩᠬᠤᠪᠴᠢ ᠳᠤ ᠮᠠᠲ᠋ᠧᠷᠢᠶᠠᠯ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠶᠠᠮᠠᠷᠪᠠ ᠭᠠᠵᠠᠷ ᠲᠤ ᠴᠤ ᠴᠥᠮ ᠲᠤᠬᠠᠶᠢᠯᠠᠭᠰᠠᠨ ᠠᠵᠢᠯ ᠢᠶᠠᠨ ᠭᠤᠶᠤᠴᠢᠯᠠᠨ ᠭᠦᠢᠴᠡᠳᠬᠡᠵᠦ ᠪᠣᠯᠬᠤ ᠶᠢ ᠵᠢᠭᠠᠵᠤ ᠪᠣᠶ᠃    ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠣᠯᠠᠨ ᠲᠦᠮᠡᠨ ᠤ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠡᠪᠡᠷᠰᠢᠶᠡᠯ᠂ ᠬᠦᠴᠢᠷ ᠠᠰᠠᠭᠤᠳᠠᠯ ᠢ ᠰᠢᠢᠳᠪᠦᠷᠢᠯᠡᠪᠡ᠃ ︽ᠨᠢᠭᠡᠳᠦᠯᠲᠡᠶ ᠪᠠᠷᠢᠮᠵᠢᠶ᠎ᠠ᠂ ᠬᠠᠷᠢᠯᠴᠠᠨ ᠡᠷᠬᠡ ᠣᠯᠭᠤᠬᠤ᠂ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠬᠡᠬᠦ᠂ ᠬᠠᠮᠵᠢᠯᠴᠠᠨ ᠬᠠᠮᠲᠤᠷᠠᠨ ᠬᠥᠳᠡᠯᠦᠯᠴᠡᠬᠦ︾ ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠰᠬᠠᠶ ᠲᠣᠭᠤᠷᠢᠭ ᠲᠤ ᠲᠦᠰᠢᠭᠯᠡᠨ᠂ ᠮᠠᠲ᠋ᠧᠷᠢᠶᠠᠯ ᠢ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠳᠠᠮᠵᠢᠭᠤᠯᠬᠤ ᠶᠢ ᠪᠡᠶᠡᠯᠡᠭᠦᠯᠵᠦ᠂ ᠠᠯᠠᠭᠠᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠲᠥᠭᠡᠷᠢᠭᠳᠡᠬᠦ ᠥᠬᠡᠶ︾ ᠪᠠᠶᠢᠬᠤ ᠶᠢ ᠦᠨᠡᠨ ᠬᠦ ᠪᠠᠲᠤᠯᠠᠪᠠ︔ ᠰᠦᠯᠵᠢᠶᠡᠨ ᠭᠠᠳᠠᠨ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠴᠣᠩᠬᠤᠪᠴᠢ ᠳᠣᠭᠢᠷᠠᠭᠤᠯᠵᠤ᠂ ᠮᠠᠲ᠋ᠧᠷᠢᠶᠠᠯ ᠭᠥᠯᠢᠶᠡᠨ ᠠᠪᠬᠤ᠂ ᠭᠦᠢᠴᠡᠳᠬᠡᠬᠦ ᠬᠤᠶᠠᠷ ᠭᠠᠵᠠᠷ ᠤᠨ ᠴᠣᠩᠬᠤᠪᠴᠢ ᠶᠢᠨ ᠵᠡᠷᠭᠡ ᠪᠠᠷ ᠬᠠᠮᠵᠢᠯᠴᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠬᠤ ᠶᠢᠨ ᠬᠠᠮᠲᠤ᠂ ᠪᠥᠬᠦ ᠶᠠᠪᠤᠴᠠ ᠳᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠥᠨᠳᠥᠷ ᠳᠠᠪᠲᠠᠮᠵᠢᠲᠤ  ᠵᠦᠢᠯᠡᠰ ᠢ ︽ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ᠂ ᠪᠥᠬᠦ ᠶᠠᠪᠤᠴᠠ ᠪᠠᠷ ᠮᠥᠷᠳᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ︾᠎ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠣᠨᠳᠣᠤ ᠭᠠᠵᠠᠷ ᠲᠤ ᠠᠵᠢᠯ ᠶᠠᠪᠤᠳᠠᠯ ᠭᠦᠢᠴᠡᠳᠭᠡᠬᠦ ᠣᠷᠴᠢᠨ ᠢ ᠬᠠᠩᠭᠠᠪᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号