ᠠᠯᠠᠱᠠ ᠵᠡᠭᠦᠨ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2024/9/20
     9 ᠰᠠᠷ᠎ᠠ ᠶᠢᠨ 13᠎ ᠤ ᠡᠳᠦᠷ᠂ ᠠᠯᠠᠱᠠ ᠵᠡᠭᠦᠨ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠢ ᠬᠠᠮᠲᠤᠷᠠᠨ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠴᠢᠶᠣᠤ ᠯᠢ ᠠᠵᠢᠯᠯᠠᠭ᠎ᠠ ᠳᠤ ᠣᠷᠣᠯᠴᠠᠵᠠᠶ᠃
  ᠤᠷᠤᠯᠳᠤᠭᠠᠨ ᠤ ᠳᠤᠮᠳᠠ᠂ 46 ᠤᠷᠤᠯᠳᠤᠭᠠᠨ ᠳᠤ ᠣᠷᠣᠯᠴᠠᠭᠰᠠᠳ ᠴᠤᠭ ᠵᠢᠪᠬᠤᠭ᠎ᠠ ᠪᠠᠳᠠᠷᠠᠩᠭᠤᠶ ᠪᠠᠶᠢᠳᠠᠯ ᠢᠶᠠᠷ᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠠᠵᠢᠯ ᠤᠨ ᠪᠣᠳᠠᠲᠤ ᠪᠠᠶᠢᠳᠠᠯ ᠪᠠ ᠲᠣᠰ ᠪᠡᠶ᠎ᠡ ᠶᠢᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠡᠯ᠎ᠡ ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠳᠤᠮᠳᠠᠬᠢ ᠰᠢᠯᠢᠳᠡᠭ ᠠᠷᠭ᠎ᠠ ᠬᠡᠮᠵᠢᠶ᠎ᠡ᠂ ᠣᠯᠤᠭᠰᠠᠨ ᠦᠷ᠎ᠡ ᠪᠦᠲᠦᠮᠵᠢ ᠶᠢ ᠶᠠᠷᠢᠪᠠ︔ ᠥᠪᠡᠷ ᠤᠨ ᠪᠡᠶ᠎ᠡ ᠪᠠ ᠳᠡᠷᠭᠡᠳᠡᠬᠢ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ ᠤ ᠠᠵᠢᠯ ᠤᠨ ᠪᠠᠶᠢᠷᠢ ᠳᠡᠭᠡᠷᠡᠬᠢ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠭᠰᠡᠨ ᠠᠮᠢᠳᠤᠯᠢᠭ ᠦᠢᠯᠡᠳᠦᠯᠭᠡ᠂ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠᠨ ᠶᠠᠷᠢᠵᠤ᠂ ᠬᠠᠮᠤᠭ ᠤᠨ ᠡᠭᠡᠯ ᠪᠣᠷᠣᠭᠵᠢᠭᠤᠨ ᠦᠭᠡ ᠬᠡᠯᠡ ᠪᠠᠷ ᠨᠠᠮ᠂ ᠤᠯᠤᠰ ᠵᠢᠴᠢ ᠰᠢᠨ᠎ᠡ ᠴᠠᠭ ᠦᠶ᠎ᠡ ᠳᠤ ᠪᠠᠨ ᠬᠠᠮᠤᠭ ᠤᠨ ᠴᠢᠩ ᠦᠨᠡᠨᠴᠢ ᠮᠠᠭᠲᠠᠭᠠᠯ ᠰᠠᠶᠢᠰᠢᠶᠠᠯ ᠢᠶᠠᠨ ᠲᠡᠪᠰᠢᠭᠦᠯᠵᠤ᠂ ᠲᠤᠬᠠᠶ ᠶᠢᠨ ᠲᠠᠯᠠᠪᠤᠷ ᠤᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃    ᠲᠣᠰ ᠤᠳᠠᠭᠠᠨ ᠤ ᠭᠤᠤᠯ ᠰᠡᠳᠦᠪᠲᠦ ᠶᠠᠷᠢᠶᠠᠨ ᠤ ᠤᠷᠤᠯᠳᠤᠭᠠᠨ ᠳᠤ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠴᠤᠭ ᠪᠠᠳᠠᠷᠠᠩᠭᠤᠶ᠂ ᠡᠷᠴᠢ ᠵᠣᠷᠢᠭ ᠢᠶᠠᠨ ᠬᠥᠪᠴᠢᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ︽ᠴᠢᠷᠮᠠᠶᠢᠨ ᠲᠡᠮᠡᠴᠡᠬᠦ ᠲᠣᠬᠠᠢ ᠦᠯᠢᠭᠡᠷ ᠶᠠᠷᠢᠬᠤ︾᠂ ︽ᠬᠥᠭᠵᠢᠯᠲᠡ ᠶᠢᠨ ᠠᠮᠵᠢᠯᠲᠠ ᠪᠦᠲᠦᠮᠵᠢ ᠶᠢ ᠶᠠᠷᠢᠬᠤ︾᠂ ︽ᠵᠣᠯ ᠵᠢᠷᠭᠠᠯᠲᠤ ᠠᠮᠢᠳᠤᠷᠠᠯ︾᠎ ᠢ ᠳᠡᠯᠭᠡᠬᠦ ᠪᠠᠷ ᠳᠠᠮᠵᠢᠭᠤᠯᠵᠤ᠂ ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠳᠠᠭᠠᠭᠤᠯᠵᠤ ᠢᠮᠠᠭᠲᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ︾᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号