ᠶᠢᠰᠦᠨ ᠰᠠᠷ᠎ᠠ ᠳᠤ ᠥᠯᠵᠡᠶ ᠰᠤᠮᠤᠨ ᠤ ᠣᠯᠠᠨ ᠲᠦᠮᠡᠨᠴᠢ ᠴᠢᠨᠠᠷᠲᠠᠶ ᠰᠣᠶᠣᠯ ᠲᠠᠮᠢᠷ ᠤᠨ ᠬᠥᠳᠡᠯᠭᠡᠭᠡᠨ ᠬᠥᠷ ᠬᠥᠭᠵᠢᠶᠡᠨ ᠲᠠᠢ ᠡᠬᠢᠯᠡᠪᠡ
ᠨᠡᠶᠢᠲᠡᠯᠡᠭᠰᠡᠨ ᠴᠠᠭ᠄
2024/9/20
     9 ᠰᠠᠷ᠎ᠠ ᠶᠢᠨ 11᠎ ᠤ ᠡᠳᠦᠷ ᠠᠴᠠ 15᠎ ᠤ ᠡᠳᠦᠷ ᠪᠣᠯᠲᠠᠯ᠎ᠠ᠂ 41 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠠᠯᠠᠱᠠ ᠵᠡᠭᠦᠨ ᠬᠤᠰᠢᠭᠤᠨ ᠤ ᠥᠯᠵᠡᠶ ᠰᠤᠮᠤ ᠳᠤ ᠬᠠᠴᠢᠨ ᠴᠢᠯᠠᠭᠤ ᠳᠡᠯᠭᠡᠨ ᠪᠣᠷᠣᠯᠠᠭᠤᠯᠬᠤ ᠴᠤᠭᠯᠠᠭᠠᠨ᠂ ᠪᠥᠬᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠤᠷᠠᠨ ᠰᠠᠶᠢᠬᠠᠨ ᠤ ᠦᠳᠡᠰᠢᠯᠡᠭᠡ ᠵᠡᠷᠭᠡ ᠠᠯᠢ ᠣᠯᠠᠨ ᠠᠭᠤᠯᠭ᠎ᠠ ᠪᠠᠷ ᠪᠠᠶᠠᠯᠢᠭ᠂ ᠭᠤᠶᠢᠳᠠ ᠰᠠᠶᠢᠬᠠᠨ ᠰᠣᠶᠣᠯ ᠲᠠᠮᠢᠷ ᠤᠨ ᠠᠵᠢᠯᠯᠠᠭ᠎ᠠ ᠥᠷᠨᠢᠭᠦᠯᠪᠡ᠃    ᠥᠯᠵᠡᠶ ᠰᠤᠷᠭᠠᠭᠤᠯᠢ ᠳᠤ᠂ ᠥᠯᠵᠡᠶ ᠰᠤᠮᠤ ᠶᠢᠨ ᠬᠤᠶᠠᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠣᠭᠲᠠᠭᠰᠠᠨ ᠬᠤᠭᠤᠴᠠᠭᠠᠨ ᠳᠤ ᠶᠠᠪᠤᠭᠳᠠᠵᠤ᠂ ᠪᠥᠬᠡ ᠪᠠᠷᠢᠯᠳᠤᠬᠤ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠬᠥᠯ ᠪᠥᠮᠪᠦᠭᠡ᠂ ᠪᠤᠤᠬᠢᠶ᠎ᠠ ᠳᠡᠭᠡᠰᠦ ᠦᠰᠦᠷᠬᠦ ᠵᠡᠷᠭᠡ ᠲᠥᠷᠥᠯ ᠵᠦᠢᠯ ᠨᠢ ᠥᠯᠵᠡᠶ ᠰᠤᠮᠤᠨ ᠤ ᠪᠠᠶᠢᠭᠤᠯᠭ᠎ᠠ᠂ ᠢᠩᠭᠡᠨ ᠰᠤᠮᠤᠨ ᠤ ᠪᠠᠶᠢᠭᠤᠯᠭ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠡᠯ᠎ᠡ ᠭᠠᠴᠠᠭ᠎ᠠ ᠵᠡᠷᠭᠡ 12 ᠲᠥᠯᠥᠭᠡᠯᠡᠭᠴᠢᠳ ᠤᠨ ᠠᠩᠭᠢ ᠶᠢ ᠤᠷᠢᠵᠤ ᠣᠷᠣᠯᠴᠠᠭᠤᠯᠪᠠ᠃ ᠡᠯ᠎ᠡ ᠠᠩᠭᠢ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠤᠷᠤᠯᠳᠤᠭᠠᠨ ᠢ ᠠᠪᠴᠣ ᠢᠷᠡᠵᠤ᠂ ᠺᠠᠳ᠋ᠷ᠂ ᠣᠯᠠᠨ ᠲᠦᠮᠡᠨ ᠤ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
   2024 ᠣᠨ ᠤ ᠪᠠᠶᠠᠨᠭᠤᠪᠢ ᠮᠠᠨᠤ ᠶᠢᠨ ᠠᠵᠢᠯ ᠲᠦᠷᠦᠯ ᠤᠨ ᠬᠤᠳᠠᠯᠳᠤᠭᠠᠴᠢᠳ ᠤᠨ ᠡᠪᠯᠡᠯ ᠤᠨ ᠳᠣᠯᠣᠳᠤᠭᠠᠷ ᠬᠤᠭᠤᠴᠠᠭᠠᠨ ᠤ ᠬᠠᠴᠢᠨ ᠴᠢᠯᠠᠭᠤᠨ ᠤ ᠳᠡᠯᠭᠡᠨ ᠪᠣᠷᠣᠯᠠᠭᠤᠯᠬᠤ ᠴᠤᠭᠯᠠᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠵᠦᠢᠯ ᠤᠨ ᠮᠠᠨᠤ ᠬᠠᠴᠢᠨ ᠴᠢᠯᠠᠭᠤ ᠨᠢᠳᠦ ᠭᠢᠯᠠᠰᠤᠮ᠎ᠠ ᠢᠷᠠᠯᠵᠠᠵᠤ᠂ ᠥᠩᠭᠡ ᠢᠯᠭᠠᠷᠠᠨ᠂ ᠳᠦᠷᠰᠦ ᠪᠠᠶᠢᠳᠠᠯ ᠨᠢ ᠥᠪᠡᠷ ᠥᠪᠡᠷ ᠤᠨ ᠣᠨᠴᠠᠯᠢᠭ ᠲᠠᠢ ᠪᠠᠶᠢᠵᠤ᠂ ᠶᠡᠭᠡ ᠬᠡᠮᠵᠢᠶᠡᠨ ᠤ ᠬᠠᠴᠢᠨ ᠴᠢᠯᠠᠭᠤᠨ ᠤ ᠪᠠᠭ᠋ᠠᠲᠠᠳ ᠪᠣᠯᠤᠨ ᠵᠤᠭᠠᠴᠠᠭᠰᠠᠳ ᠤᠨ ᠠᠩᠬᠠᠷᠤᠯ ᠢ ᠲᠠᠲᠠᠪᠠ᠃ ᠲᠣᠰ ᠬᠤᠭᠤᠴᠠᠭᠠᠨ ᠤ ᠬᠠᠴᠢᠨ ᠴᠢᠯᠠᠭᠤᠨ ᠤ ᠳᠡᠯᠭᠡᠨ ᠪᠣᠷᠣᠯᠠᠭᠤᠯᠬᠤ ᠴᠤᠭᠯᠠᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠣᠳᠣᠨ ᠪᠦᠲᠦᠭᠡᠯ ᠢ ᠳᠡᠯᠭᠡᠨ ᠦᠵᠡᠭᠦᠯᠬᠦ ᠪᠠ ᠤᠷᠤᠯᠳᠤᠭᠠᠨ ᠢᠶᠠᠷ ᠠᠳᠠᠯᠢᠳᠬᠠᠬᠤ ᠶᠢ ᠤᠶᠠᠯᠳᠤᠭᠤᠯᠬᠤ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠪᠠ ᠰᠦᠯᠵᠢᠶᠡᠨ ᠭᠠᠳᠠᠨ᠎ᠠ ᠪᠣᠷᠣᠯᠠᠭᠤᠯᠬᠤ ᠶᠢ ᠤᠶᠠᠯᠳᠤᠭᠤᠯᠬᠤ᠂ ᠴᠢᠯᠠᠭᠤ ᠰᠣᠨᠢᠷᠬᠠᠬᠤ ᠪᠠ ᠰᠣᠶᠣᠯ ᠤᠷᠠᠯᠢᠭ ᠢ ᠤᠶᠠᠯᠳᠤᠭᠤᠯᠬᠤ ᠬᠡᠯᠪᠡᠷᠢ ᠪᠠᠷ ᠥᠷᠨᠢᠭᠦᠯᠪᠡ᠃ ᠰᠦᠯᠵᠢᠶᠡᠨ ᠭᠠᠳᠠᠨᠠᠬᠢ ᠬᠤᠷᠠᠯ ᠤᠨ ᠲᠠᠯᠠᠪᠠᠶ ᠳᠤ ᠨᠡᠶᠢᠲᠡ 100 ᠳᠡᠯᠭᠡᠭᠡ ᠬᠤᠳᠠᠯᠳᠤᠭᠠᠨ ᠤ ᠲᠠᠯᠪᠢᠭᠤᠷ ᠭᠠᠷᠭᠠᠵᠤ᠂ ᠠᠵᠢᠯᠯᠠᠭ᠎ᠠ ᠶᠢᠨ ᠠᠩᠬᠠᠨ ᠤ ᠡᠳᠦᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢᠨ ᠬᠠᠴᠢᠨ ᠴᠢᠯᠠᠭᠤᠨ ᠤ ᠵᠣᠭᠤᠰ ᠤᠨ ᠲᠤᠭ᠎ᠠ 50 ᠭᠠᠷᠤᠶ ᠲᠦᠮᠡᠨ ᠲᠥᠭᠦᠷᠢᠭ ᠢ ᠳᠠᠪᠠᠪᠠ᠃
   ᠡᠨᠡ ᠬᠤᠭᠤᠴᠠᠭᠠᠨ ᠳᠤ᠂ ︽ᠨᠠᠮ ᠤᠨ ᠪᠠᠶᠢᠭᠤᠯᠤᠯᠲᠠ ᠨᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠬᠥᠲᠥᠯᠥᠨ ᠳᠠᠭᠠᠭᠤᠯᠬᠤ︾ ᠠᠯᠠᠱᠠ ᠶᠢᠨ ᠠᠷᠠᠳ ᠤᠨ ᠳᠠᠭᠤᠤ ᠶᠢᠨ ᠪᠣᠯᠪᠠᠰᠤᠷᠠᠯ ᠤᠨ ᠠᠩᠭᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠦᠷᠭᠦᠯᠵᠢᠯᠡᠨ ᠶᠠᠪᠤᠭᠳᠠᠵᠤ᠂ ᠺᠠᠳ᠋ᠷ ᠠᠵᠢᠯᠲᠠᠨ ᠠᠵᠢᠯᠴᠢᠨ ᠪᠣᠯᠤᠨ ᠮᠠᠯᠴᠢᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠪᠠ᠃    ᠣᠶᠢᠷ᠎ᠠ ᠶᠢᠨ ᠵᠢᠯ ᠳᠤ᠂ ᠥᠯᠵᠡᠶ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠵᠠᠩᠭᠢᠯᠠᠭ᠎ᠠ︾᠎ ᠶᠢᠨ ᠳᠠᠪᠠᠭᠤᠯᠢᠭ ᠲᠤ ᠲᠦᠰᠢᠭᠯᠡᠨ᠂ ᠲᠣᠰ ᠪᠡᠶ᠎ᠡ ᠶᠢᠨ ᠳᠠᠪᠠᠭᠤᠯᠢᠭ ᠠᠵᠤ ᠦᠢᠯᠡᠰ ᠢᠶᠠᠨ ᠲᠠᠰᠤᠷᠠᠯᠲᠠ ᠥᠬᠡᠶ ᠠᠭᠤᠳᠠᠯᠵᠤ᠂ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠨᠡᠭᠡᠭᠡᠯᠲᠡ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠵᠢᠭᠤᠯᠴᠢᠯᠠᠯ᠂ ᠰᠣᠶᠣᠯ᠂ ᠬᠠᠴᠢᠨ ᠴᠢᠯᠠᠭᠤ᠂ ᠳᠡᠭᠡᠳᠦ ᠲᠠᠰ ᠤᠨ ᠮᠠᠯ ᠠᠵᠤ ᠠᠬᠤᠶ ᠵᠡᠷᠭᠡ ᠠᠵᠤ ᠦᠢᠯᠡᠰ ᠲᠤ ᠬᠦᠴᠦ ᠣᠷᠣᠭᠤᠯᠪᠠ᠃ ᠡᠭᠦᠨ ᠤ ᠤᠯᠠᠮ ᠠᠴᠠ ᠥᠯᠵᠡᠶ ᠣᠷᠣᠨ ᠤ ᠭᠤᠷᠪᠠᠨ ᠠᠵᠤ ᠦᠢᠯᠡᠰ ᠤᠨ ᠠᠭᠤᠰᠤᠯᠴᠠᠯ ᠢ ᠳᠠᠶᠢᠴᠢᠯᠠᠵᠤ᠂ ᠥᠯᠵᠡᠶ ᠣᠷᠣᠨ ᠤ ᠣᠨᠴᠠᠯᠢᠭᠲᠤ ᠨᠠᠷᠠᠲᠤ ᠲᠡᠮᠳᠡᠭ ᠢ ᠠᠯᠳᠠᠷᠰᠢᠭᠤᠯᠤᠨ᠂ ᠦᠨᠳᠦᠰᠦᠲᠡᠨ ᠤ ᠣᠨᠴᠠᠯᠢᠭ ᠲᠠᠢ ᠪᠣᠭᠤᠮᠲᠠ ᠶᠢᠨ ᠴᠢᠬᠤᠯᠠ ᠪᠠᠯᠭᠠᠰᠤ ᠶᠢ ᠪᠠᠶᠢᠭᠤᠯᠤᠨ᠎ᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号