ᠪᠢ ᠪᠣᠯᠪᠠᠰᠤᠨ ᠦᠢᠯᠡᠳᠦᠯᠭᠡ ᠶᠢᠨ ᠲᠥᠪ ᠲᠤ ᠲᠡᠷᠭᠡᠯ ᠪᠠᠶᠠᠷ ᠢ ᠥᠩᠭᠡᠷᠡᠭᠦᠯᠪᠡ
ᠨᠡᠶᠢᠲᠡᠯᠡᠭᠰᠡᠨ ᠴᠠᠭ᠄
2024/9/23
   9 ᠰᠠᠷ᠎ᠠ ᠶᠢᠨ 13᠎ ᠤ ᠡᠳᠦᠷ᠂ ᠠᠯᠠᠱᠠ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠨᠠᠮ ᠪᠠ ᠣᠯᠠᠨ ᠲᠦᠮᠡᠨ ᠤ ᠶᠡᠷᠦᠩᠬᠡᠢᠯᠡᠭᠰᠡᠨ ᠦᠢᠯᠡᠴᠢᠯᠡᠭᠡᠨ ᠤ ᠲᠥᠪ᠂ ᠡᠮᠦᠨ᠎ᠡ ᠲᠣᠭᠤᠷᠢᠯᠳᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠ ᠭᠤᠸᠠ ᠴᠢᠤᠸᠠᠨ ᠨᠡᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠠᠮᠲᠤᠪᠡᠷ《 ᠪᠢ ᠪᠣᠯᠪᠠᠰᠤᠨ ᠦᠢᠯᠡᠳᠦᠯᠭᠡ ᠶᠢᠨ ᠲᠥᠪ ᠲᠤ ᠲᠡᠷᠭᠡᠯ ᠪᠠᠶᠠᠷ ᠢ ᠥᠩᠭᠡᠷᠡᠭᠦᠯᠪᠡ 》ᠰᠡᠳᠦᠪ ᠢᠶᠠᠷ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠡᠷᠬᠢᠯᠡᠪᠡ᠃
   ᠠᠵᠢᠯᠯᠠᠭᠠᠨ ᠤ ᠲᠣᠬᠠᠢ ᠶᠢᠨ ᠲᠠᠯᠠᠪᠣᠷ ᠲᠤ᠂ ᠲᠤᠰᠬᠠᠢ ᠪᠠᠭᠰᠢ ᠶᠢᠨ ᠬᠠᠪᠰᠤᠷᠤᠯᠭ᠎ᠠ ᠳᠣᠣᠷ᠎ᠠ ᠣᠯᠠᠨ ᠢᠶᠠᠷ ᠢᠶᠠᠨ ᠶᠧᠪᠡᠩ ᠤᠨ ᠬᠠᠯᠢᠰᠦ᠂ ᠶᠧᠪᠡᠩ ᠤᠨ ᠰᠢᠶᠠᠨᠰᠠ᠂ ᠬᠡᠪ ᠭᠠᠷᠭᠠᠬᠤ᠂ ᠰᠢᠷᠠᠵᠤ ᠬᠠᠭᠠᠷᠢᠬᠤ ᠵᠡᠷᠭᠡ ᠶᠠᠪᠣᠴᠠ ᠶᠢ ᠨᠠᠷᠢᠨ ᠬᠢᠨᠠᠮᠠᠭᠠᠢ ᠰᠤᠷᠴᠤ᠂ ᠶᠠᠷᠢᠯᠴᠠᠵᠤ ᠬᠦᠭᠡᠷᠦᠯᠳᠦᠬᠦ ᠶᠢᠨ ᠲᠠᠭᠠᠣ ᠶᠧᠪᠠᠩ ᠬᠢᠵᠤ᠂ ᠶᠧᠪᠡᠩ ᠬᠢᠬᠦ ᠤᠷ᠎ᠠ ᠮᠡᠷᠭᠡᠵᠢᠯ ᠢ ᠰᠤᠷᠤᠭᠰᠠᠨ ᠢᠶᠠᠷ ᠪᠠᠷᠠᠬᠤ ᠦᠭᠡᠢ ᠪᠠᠰᠠ ᠪᠠᠶᠠᠷ ᠪᠠᠶᠠᠰᠣᠯ ᠤᠨ ᠳᠤᠮᠳᠠ ᠨᠥᠬᠦᠷᠯᠡᠯ ᠢᠶᠠᠨ ᠵᠤᠵᠠᠭᠠᠳᠬᠠᠵᠠᠢ᠃      ᠠᠵᠢᠯᠯᠠᠭ᠎ᠠ ᠶᠢᠨ ᠳᠣᠮᠳᠠ ᠪᠠᠰᠠ ᠰᠣᠩᠭᠤᠳᠠᠭ ᠵᠣᠬᠢᠶᠠᠯ ᠤᠶᠠᠩᠭᠠᠯᠠᠬᠤ᠂ ᠭᠠᠷ ᠤᠷᠠᠯᠠᠯ ᠤᠨ ᠴᠡᠴᠡᠭᠲᠦ ᠳ᠋ᠧᠩᠯᠤ ᠬᠢᠬᠦ᠂ ᠣᠨᠢᠰᠤᠭ᠎ᠠ ᠲᠠᠭᠠᠬᠤ᠂ ᠬᠤᠪᠢᠩ ᠳᠤ ᠰᠣᠮᠣ ᠰᠢᠳᠡᠵᠤ ᠣᠷᠤᠭᠤᠯᠬᠤ ᠵᠡᠷᠭᠡ ᠤᠯᠠᠮᠵᠢᠯᠠᠯᠲᠤ ᠵᠠᠩ ᠲᠠᠳᠬᠠᠯ ᠤᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠯᠠᠮᠵᠢᠯᠠᠯᠲᠤ ᠰᠣᠶᠣᠯ ᠢ ᠣᠶᠢᠯᠠᠭᠠᠵᠤ ᠮᠡᠳᠡᠷᠡᠬᠦ ᠶᠢᠨ ᠬᠠᠮᠲᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠵᠣᠯ ᠵᠢᠷᠭᠠᠯ ᠢ ᠬᠠᠮᠲᠤ ᠳᠤ ᠪᠠᠨ ᠡᠳ᠋ᠯᠡᠵᠤ ᠥᠩᠭᠡᠷᠡᠭᠦᠯᠪᠡ᠃
   
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号