| ᠥᠷᠭᠡᠨ ᠣᠯᠠᠨ ᠬᠡᠭᠡᠷᠡᠯᠡᠨ ᠠᠶᠠᠯᠠᠬᠤ ᠳᠤ ᠪᠠᠭ᠋ᠠᠲᠠᠢ ᠬᠦᠮᠦᠰ ᠪᠠ ᠵᠤᠭᠠᠴᠠᠭᠰᠠᠳ ᠲᠤ ᠰᠠᠶᠢᠨ ᠰᠠᠶᠢᠬᠠᠨ | ᠣᠶᠢᠯᠠᠭᠠᠯᠲᠠ ᠲᠦᠷᠦᠭᠳᠡᠯ ᠬᠠᠩᠭᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠡᠯ᠎ᠡ ᠰᠠᠯᠠᠭ᠎ᠠ ᠮᠥᠴᠢᠷ ᠤᠨ | ᠬᠢᠨ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠪᠡ᠃ | ᠠᠯᠠᠱᠠ ᠵᠡᠭᠦᠨ ᠬᠤᠰᠢᠭᠤᠨ ᠤ ᠨᠠᠶᠢᠳᠠ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠲᠥᠪ | | ᠪᠠᠭᠠᠲᠤᠷᠴᠤᠳ ᠤᠨ ᠴᠤᠭᠯᠠᠭᠠᠨ ᠤ ᠲᠠᠯᠠᠪᠤᠷ ᠲᠤ᠂ ᠠᠯᠠᠱᠠ ᠵᠡᠭᠦᠨ ᠬᠤᠰᠢᠭᠤᠨ ᠤ ᠨᠡᠶᠢᠲᠡ ᠶᠢᠨ | ᠲᠥᠬᠦᠭᠡᠷᠦᠮᠵᠢ ᠶᠢ ᠬᠠᠮᠠᠭᠠᠯᠠᠬᠤ ᠲᠥᠪ ᠤᠨ ᠠᠵᠢᠯᠲᠠᠳ ᠬᠤᠷᠠᠯ ᠤᠨ ᠲᠠᠯᠠᠪᠠᠶ ᠶᠢᠨ ᠭᠡᠷᠡᠯᠲᠦᠭᠦᠯᠭᠡ ᠶᠢᠨ | ᠲᠥᠬᠦᠭᠡᠷᠦᠮᠵᠢ ᠶᠢ ᠪᠠᠶᠢᠴᠠᠭᠠᠨ ᠵᠠᠰᠠᠪᠠ᠃ | ︽ᠣᠳᠣᠬᠠᠨ ᠳᠤ᠂ ᠪᠢᠳᠡ 20 ᠭᠠᠷᠤᠶ ᠴᠠᠬᠢᠯᠭᠠᠨ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ | ᠠᠵᠢᠯᠲᠠᠨ ᠢ ᠵᠣᠬᠢᠶᠠᠨ ᠪᠠᠶᠢᠭᠤᠯᠣᠨ᠂ 73 ᠰᠠᠭᠤᠷᠢ ᠥᠨᠳᠥᠷ ᠬᠦᠴᠦᠳᠡᠯᠲᠦ ᠳ᠋ᠧᠩ᠂ ᠠᠷᠢᠭᠤᠨ ᠭᠠᠯ ᠤᠨ | ᠲᠠᠪᠴᠠᠩ ᠤᠨ 16 ᠰᠠᠭᠤᠷᠢ ᠦᠵᠡᠮᠵᠢ ᠶᠢᠨ ᠳ᠋ᠧᠩ ᠪᠣᠯᠤᠨ 468 ᠰᠠᠭᠤᠷᠢ ᠲᠡᠷᠭᠡᠨ ᠵᠣᠭᠰᠣᠭᠠᠯ ᠤᠨ | ᠭᠡᠷᠡᠯᠲᠦᠭᠦᠯᠭᠡ ᠶᠢᠨ ᠳ᠋ᠧᠩ ᠵᠡᠷᠭᠡ ᠭᠡᠷᠡᠯᠲᠦᠭᠦᠯᠭᠡ ᠶᠢᠨ ᠲᠥᠬᠦᠭᠡᠷᠦᠮᠵᠢ ᠳᠤ ᠰᠡᠯᠪᠢᠨ ᠵᠠᠰᠠᠬᠤ ᠪᠠᠶᠢᠴᠠᠭᠠᠯᠲᠠ ᠬᠢᠵᠦ᠂ | ᠬᠤᠷᠠᠯ ᠤᠨ ᠲᠠᠯᠠᠪᠠᠶ ᠶᠢᠨ ᠪᠣᠶ ᠪᠥᠬᠦᠶ ᠲᠤᠰᠬᠠᠶ ᠱᠤᠭᠤᠮ ᠤᠨ ᠴᠠᠬᠢᠯᠭᠠᠨ ᠲᠦᠭᠡᠭᠡᠬᠦ ᠬᠠᠶᠢᠷᠴᠠᠭ ᠵᠢᠴᠢ ᠴᠠᠬᠢᠯᠭᠠᠨ | ᠲᠠᠲᠠᠯᠭ᠎ᠠ ᠶᠢᠨ ᠣᠳᠣᠬᠢ ᠪᠠᠶᠢᠳᠠᠯ ᠢ ᠡᠮᠬᠢᠯᠡᠵᠦ᠂ 21 ᠬᠦᠴᠦᠳᠡᠯ ᠥᠭᠡᠷᠡᠴᠢᠯᠡᠭᠴᠢ ᠪᠣᠯᠤᠨ 139 ᠰᠠᠭᠤᠷᠢ PD | ᠴᠠᠬᠢᠯᠭᠠᠨ ᠲᠦᠭᠡᠭᠡᠬᠦ ᠬᠠᠶᠢᠷᠴᠠᠭ ᠲᠤ ᠴᠠᠬᠢᠯᠭᠠᠨ ᠬᠦᠷᠭᠡᠵᠦ᠂ ᠬᠤᠷᠠᠯ ᠤᠨ ᠲᠠᠯᠠᠪᠠᠶ ᠶᠢᠨ ᠭᠡᠷᠡᠯᠲᠦᠭᠦᠯᠭᠡ ᠵᠢᠴᠢ | ᠴᠠᠬᠢᠯᠭᠠᠨ ᠬᠠᠩᠭᠠᠬᠤ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ︾ ᠭᠡᠵᠤ | ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠬᠠᠮᠠᠭᠠᠯᠠᠬᠤ ᠲᠥᠪ ᠤᠨ ᠡᠷᠬᠢᠯᠡᠭᠴᠢ | ᠴᠢ ᡁᠢ ᠹᠧᠩ ᠬᠡᠯᠡᠪᠡ᠃ | ᠠᠯᠠᠱᠠ ᠵᠡᠭᠦᠨ ᠬᠤᠰᠢᠭᠤᠨ ᠤ ᠬᠤᠲᠠ ᠬᠥᠳᠡᠭᠡ ᠶᠢᠨ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ | | ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠬᠤᠲᠠ ᠬᠥᠳᠡᠭᠡ ᠶᠢᠨ ᠤᠰᠤᠨ ᠤ ᠶᠠᠪᠤᠳᠠᠯ ᠤᠨ ᠬᠢᠵᠠᠭᠠᠷᠲᠤ | ᠺᠣᠮᠫᠠᠨᠢ ᠶᠢᠨ ᠠᠵᠢᠯᠲᠠᠳ ᠪᠠᠭᠠᠲᠤᠷᠴᠤᠳ ᠤᠨ ᠴᠤᠭᠯᠠᠭᠠᠨ ᠤ ᠲᠠᠯᠠᠪᠤᠷ ᠲᠤ ᠤᠰᠤ ᠬᠠᠩᠭᠠᠬᠤ ᠬᠤᠭᠤᠯᠠᠶ ᠶᠢ | ᠲᠣᠭᠤᠷᠢᠨ ᠪᠠᠶᠢᠴᠠᠭᠠᠪᠠ᠃ ︽ᠣᠳᠣᠬᠠᠨ ᠳᠤ᠂ ᠪᠢᠳᠡ ᠨᠡᠶᠢᠲᠡ 200 ᠬᠥᠮᠦᠨ ᠤᠳᠠᠭ᠎ᠠ᠂ 45 ᠲᠡᠷᠭᠡ | ᠤᠳᠠᠭ᠎ᠠ ᠶᠢ ᠬᠥᠳᠡᠯᠭᠡᠵᠦ᠂ 2 ᠤᠰᠤᠨ ᠬᠥᠭᠡᠷᠭᠡ ᠶᠢ ᠰᠣᠯᠢᠵᠤ᠂ 20 ᠤᠰᠤᠨ ᠬᠤᠳᠳᠤᠭ᠂ 60 ᠪᠣᠬᠢᠷ | ᠤᠰᠤᠨ ᠤ ᠬᠤᠳᠳᠤᠭ ᠢ ᠴᠡᠪᠡᠷᠯᠡᠵᠦ᠂ ᠤᠰᠤ ᠬᠠᠩᠭᠠᠬᠤ ᠭᠠᠳᠠᠭᠰᠢᠯᠠᠭᠤᠯᠬᠤ ᠠᠵᠢᠯ ᠤᠨ ᠬᠡᠪ ᠤᠨ ᠠᠵᠢᠯᠯᠠᠭ᠎ᠠ ᠶᠢ | ᠪᠠᠲᠤᠯᠠᠪᠠ︾ ᠭᠡᠵᠤ ᠠᠯᠠᠱᠠ ᠵᠡᠭᠦᠨ ᠬᠤᠰᠢᠭᠤᠨ ᠤ ᠬᠤᠲᠠ ᠬᠥᠳᠡᠭᠡ ᠶᠢᠨ ᠤᠰᠤᠨ ᠤ ᠶᠠᠪᠤᠳᠠᠯ ᠤᠨ ᠬᠢᠵᠠᠭᠠᠷᠲᠤ | ᠺᠣᠮᠫᠠᠨᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ ᠰᠢᠶᠧ ᠶᠦᠩ ᠲᠦᠩ | ᠬᠡᠯᠡᠪᠡ᠃ | | | |