ᠪᠠᠷᠠᠭᠤᠨ ᠪᠠᠯ ᠪᠠᠯᠭᠠᠰᠤᠨ ᠤ ᠮᠠᠯᠴᠢᠨ ᠲᠠᠷᠢᠶᠠᠴᠢᠨ ᠡᠯᠪᠡᠭ ᠬᠤᠷᠢᠶᠠᠯᠲᠠ ᠪᠠᠨ ᠪᠠᠶᠠᠷᠯᠠᠨ ᠪᠡᠯᠭᠡᠯᠡᠪᠡ
ᠨᠡᠶᠢᠲᠡᠯᠡᠭᠰᠡᠨ ᠴᠠᠭ᠄
2024/9/27
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠣᠶ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 9 ᠰᠠᠷ᠎ᠠ ᠶᠢᠨ 20᠎ ᠤ ᠡᠳᠦᠷ᠂ ᠡᠯᠪᠡᠭ ᠬᠤᠷᠢᠶᠠᠯᠲᠠ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ︽ᠴᠠᠩ ᠹᠠᠨ ᠬᠤᠨᠳᠠᠭᠠᠲᠤ︾ ᠳᠥᠷᠪᠡᠳᠦᠭᠡᠷ ᠬᠤᠭᠤᠴᠠᠭᠠᠨ ᠤ ᠮᠠᠯᠴᠢᠨ ᠲᠠᠷᠢᠶᠠᠴᠢᠨ ᠤ ᠨᠠᠭᠠᠳᠤᠮ ᠤᠨ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ︽ᠲᠣᠰᠬᠤᠨ ᠤ ᠳᠠᠭᠤᠤ ᠬᠠᠩᠭᠢᠨᠠᠮ᠎ᠠ ᠰᠠᠶᠢᠬᠠᠨ︾ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠲᠠᠭᠤᠨ ᠤ ᠤᠷᠤᠯᠳᠤᠭᠠᠨ ᠪᠠᠶᠠᠨᠴᠣᠭᠲᠤ ᠭᠠᠴᠠᠭ᠎ᠠ ᠳᠤ ᠡᠬᠢᠯᠡᠪᠡ᠃    ᠡᠬᠢᠯᠡᠯᠲᠡ ᠶᠢᠨ ᠶᠣᠰᠣᠯᠠᠯ ᠳᠤ᠂ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠨᠠᠮ ᠵᠠᠰᠠᠭ ᠤᠨ ᠪᠠᠶᠢᠭᠤᠯᠭ᠎ᠠ᠂ ᠡᠯ᠎ᠡ ᠭᠠᠴᠠᠭ᠎ᠠ ᠪᠠᠷ ᠪᠦᠷᠢᠯᠳᠦᠭᠰᠡᠨ ᠤᠯᠤᠰ ᠤᠨ ᠲᠤᠭ ᠤᠨ ᠵᠢᠭᠰᠠᠭᠠᠯ᠂ ᠬᠢᠨᠠᠭᠴᠢ ᠶᠢᠨ ᠡᠩᠨᠡᠭᠡ᠂ ᠪᠦᠬᠡ ᠶᠢᠨ ᠡᠩᠨᠡᠭᠡ ᠵᠡᠷᠭᠡ ᠨᠢ ᠪᠠᠶᠠᠷ ᠤᠨ ᠡᠳᠦᠷ ᠤᠨ ᠡᠮᠦᠰᠭᠡᠯ ᠵᠠᠰᠠᠯ ᠢᠶᠠᠷ ᠢᠶᠠᠨ ᠴᠢᠮᠡᠵᠤ᠂ ᠢᠳᠡᠷᠡᠬᠦᠨ ᠠᠯᠬᠤᠭ᠎ᠠ ᠪᠠᠷ ᠬᠤᠷᠠᠯ ᠤᠨ ᠲᠠᠯᠠᠪᠠᠢ ᠳᠤ ᠣᠷᠣᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃
   ᠶᠣᠰᠣᠯᠠᠯ ᠤᠨ ᠡᠬᠢᠯᠡᠬᠦ ᠶᠢ ᠳᠠᠭᠠᠯᠳᠤᠨ᠂ ᠠᠩᠬᠠᠳᠤᠭᠠᠷ ᠬᠤᠭᠤᠴᠠᠭᠠᠨ ᠤ ︽ᠲᠣᠰᠬᠤᠨ ᠤ ᠳᠠᠭᠤᠤ ᠬᠠᠩᠭᠢᠨᠠᠮ᠎ᠠ ᠰᠠᠶᠢᠬᠠᠨ︾ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠲᠠᠭᠤᠨ ᠤ ᠤᠷᠤᠯᠳᠤᠭᠠᠨ ᠴᠦ ᠬᠦᠷ ᠬᠥᠭᠵᠢᠶᠡᠨᠲᠡᠢ ᠶᠠᠪᠤᠭᠳᠠᠵᠤ᠂ ᠣᠷᠣᠯᠴᠠᠭᠴᠢᠳ ᠬᠠᠩᠭᠢᠨᠠᠮ᠎ᠠ ᠰᠠᠶᠢᠬᠠᠨ ᠳᠠᠭᠤᠤ ᠪᠠᠨ ᠲᠠᠭᠤᠯᠠᠵᠤ᠂ ᠴᠤᠭ ᠵᠢᠪᠬᠤᠭ᠎ᠠ ᠲᠡᠭᠦᠯᠳᠡᠷ ᠢᠲᠡᠭᠡᠯ ᠵᠣᠷᠢᠭ ᠢᠶᠠᠷ ᠲᠦᠭᠦᠷᠡᠩ ᠪᠠᠶᠢᠵᠤ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠰᠢᠨ᠎ᠡ ᠠᠮᠢᠳᠤᠷᠠᠯ ᠢ ᠪᠡᠯᠭᠡᠳᠡᠨ ᠳᠠᠭᠤᠯᠠᠵᠠᠭᠠᠪᠠ᠃    ᠲᠣᠰ ᠤᠳᠠᠭᠠᠨ ᠤ ᠨᠠᠭᠠᠳᠤᠮ ᠤᠨ ᠬᠤᠷᠠᠯ ᠳᠤ ᠮᠣᠷᠢ ᠤᠷᠤᠯᠳᠤᠬᠤ᠂ ᠪᠦᠬᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠣᠷᠣᠯᠳᠤᠭᠠᠨ ᠪᠠᠶᠢᠵᠤ᠂ ᠲᠠᠮᠢᠷᠴᠢᠳ ᠢᠳᠡᠷᠡᠭᠦᠨ ᠳᠣᠷᠪᠢᠲᠠᠶ ᠴᠤᠭ ᠵᠢᠪᠬᠤᠭ᠎ᠠ ᠪᠠᠷ ᠢᠶᠠᠨ ᠲᠠᠯ᠎ᠠ ᠨᠤᠲᠤᠭ ᠤᠨ ᠲᠠᠮᠢᠷᠴᠢᠳ ᠤᠨ ᠡᠷᠴᠢ ᠬᠦᠴᠦ ᠢᠳᠡᠷᠡᠭᠦᠨ ᠵᠣᠷᠢᠭ ᠰᠠᠨᠠᠭ᠎ᠠ ᠶᠢ ᠢᠯᠡᠷᠡᠭᠦᠯᠪᠡ᠃ ᠡᠷᠭᠢᠨ ᠲᠣᠭᠤᠷᠢᠨ ᠤ ᠦᠵᠡᠭᠴᠢᠳ ᠤᠨ ᠣᠣᠬᠠᠶᠢᠯᠠᠨ ᠬᠥᠭᠡᠷᠦᠯᠳᠦᠬᠦ ᠳᠠᠭᠤᠨ ᠠᠳᠡ ᠲᠡᠨᠳᠡ ᠦᠭᠡᠢ ᠴᠤᠤᠷᠢᠶᠠᠳᠤᠪᠠ᠃ ᠡᠲᠡᠭᠡᠷ ᠣᠷᠣᠯᠳᠣᠭᠠᠨ ᠨᠢ ᠲᠠᠮᠢᠷᠴᠢᠳ ᠤᠨ ᠪᠡᠶ᠎ᠡ ᠮᠠᠬᠠᠪᠣᠳ ᠪᠠ ᠤᠷ᠎ᠠ ᠮᠡᠷᠭᠡᠵᠢᠯ ᠢ ᠰᠢᠯᠭᠠᠭᠰᠠᠨ ᠢᠶᠠᠷ ᠪᠠᠷᠠᠬᠤ ᠥᠬᠡᠶ᠂ ᠪᠠᠰᠠ ᠮᠣᠩᠭᠤᠯ ᠦᠨᠳᠦᠰᠦᠲᠡᠨ ᠤ ᠠᠷᠠᠳ ᠲᠦᠮᠡᠨ ᠤ ᠡᠷᠡᠯᠬᠡᠭ ᠪᠠᠭᠠᠲᠤᠷᠯᠢᠭ ᠪᠠ ᠰᠡᠴᠡᠨ ᠰᠡᠷᠭᠦᠯᠡᠩ ᠣᠶᠤᠨ ᠤᠬᠠᠭᠠᠨ ᠢ ᠤᠯᠠᠮᠵᠢᠯᠠᠨ ᠳᠡᠯᠭᠡᠷᠡᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠣᠭᠤᠷᠢᠭ ᠭᠠᠷᠭᠠᠵᠠᠶ᠃ ᠴᠠᠭᠠᠨ ᠢᠳᠡᠭᠡᠨ᠂ ᠮᠠᠭᠠᠵᠢ ᠶᠢᠨ ᠲᠣᠰᠣ᠂  ᠬᠦᠮᠡᠯᠢ ᠵᠡᠷᠭᠡ ᠲᠠᠷᠢᠶᠠᠯᠠᠩ ᠤᠨ ᠣᠨᠴᠠ ᠭᠠᠷᠤᠯᠲᠠ ᠪᠠᠶᠢᠵᠤ᠂ ᠦᠵᠡᠭᠦᠯᠭᠡ ᠶᠢᠨ ᠰᠢᠷᠡᠭᠡᠨ ᠤ ᠡᠮᠦᠨ᠎ᠡ ᠬᠥᠮᠦᠰ ᠬᠤᠷᠠᠨ ᠴᠤᠭᠯᠠᠷᠠᠵᠤ ᠂ ᠬᠥᠷ ᠬᠥᠭᠵᠢᠶᠡᠨ ᠲᠠᠢ ᠪᠠᠶᠢᠪᠠ᠃ ᠦᠵᠡᠰᠬᠦᠯᠡᠩ ᠳᠤ ᠣᠷᠣᠯᠴᠠᠭᠰᠠᠨ ᠡᠯ᠎ᠡ ᠬᠤᠳᠠᠯᠳᠤᠭᠠᠴᠢᠨ ᠥᠪᠡᠷ ᠤᠨ ᠳᠠᠪᠠᠭᠤᠯᠢᠭ ᠪᠦᠲᠦᠭᠡᠭᠳᠡᠬᠦᠨ ᠢᠶᠠᠨ ᠭᠠᠷᠭᠠᠵᠤ᠂ ᠵᠣᠴᠢᠳ ᠲᠤ ᠳᠡᠯᠭᠡᠨ ᠦᠵᠡᠭᠦᠯᠪᠡ᠃ ᠲᠤᠬᠠᠶ ᠶᠢᠨ ᠲᠠᠯᠠᠪᠤᠷ ᠲᠤ ᠨᠠᠶᠢᠷ ᠤᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠭᠠᠵᠠᠷ ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠠ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠢᠳᠡᠪᠬᠢᠲᠡᠶ ᠣᠪᠣᠷ ᠢᠯᠡᠷᠡᠵᠤ ᠪᠠᠶᠢᠪᠠ᠃    ᠪᠠᠷᠠᠭᠤᠨ ᠪᠡᠯ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ     ᠵᠠᠩ ᠶᠤᠸᠠᠢ    ᠲᠣᠰ ᠬᠤᠭᠤᠴᠠᠭᠠᠨ ᠤ ᠨᠠᠭᠠᠳᠤᠮ ᠤᠨ ᠬᠤᠷᠠᠯ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ︾᠎ ᠪᠠᠷ ᠭᠤᠤᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠣᠬᠢᠷᠲᠤᠯ ᠥᠬᠡᠶ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ᠂ ᠠᠷᠢᠭᠤᠨ ᠴᠢᠬᠡᠴᠢ ᠪᠠᠷ ᠬᠤᠷᠠᠯ ᠡᠷᠭᠢᠯᠡᠬᠦ ᠣᠶᠢᠯᠠᠭᠠᠭᠳᠠᠬᠤᠨ ᠢ ᠪᠠᠶᠠᠯᠢᠭᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠭᠠᠳᠤᠮ ᠤᠨ ᠥᠪᠡᠷᠮᠢᠴᠡ ᠲᠠᠲᠠᠬᠤ ᠬᠦᠴᠦᠨ ᠪᠠ ᠪᠠᠷᠠᠭᠤᠨ ᠪᠠᠯ ᠪᠠᠯᠭᠠᠰᠣᠨ ᠤ ᠡᠯ᠎ᠡ ᠦᠨᠳᠦᠰᠦᠲᠡᠨ ᠤ ᠣᠯᠠᠨ ᠲᠦᠮᠡᠨ ᠤ ᠪᠦᠯᠬᠦᠮᠳᠡᠨ ᠨᠢᠭᠲᠠᠷᠠᠵᠤ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠪᠢᠳᠡ ᠲᠤᠰ ᠬᠤᠭᠤᠴᠠᠭᠠᠨ ᠤ ᠨᠠᠭᠠᠳᠤᠮ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠤᠨ ᠠᠭᠤᠯᠤᠭᠳᠠᠬᠤᠨ ᠢ ᠤᠯᠠᠮ ᠴᠢᠨᠠᠭᠰᠢᠳᠠ ᠠᠭᠤᠳᠠᠯᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠭᠠᠵᠠᠷ ᠣᠷᠣᠨ ᠤ ᠨᠠᠶᠢᠵᠠ ᠨᠠᠷ ᠲᠠᠢ ᠥᠷᠭᠡᠨ ᠢᠶᠠᠷ ᠬᠠᠷᠢᠯᠴᠠᠵᠤ᠂ ᠮᠥᠨ ᠲᠣᠰ ᠤᠳᠠᠭᠠᠨ ᠤ ᠶᠡᠭᠡ ᠬᠤᠷᠠᠯ ᠢᠶᠠᠷ ᠲᠠᠮᠵᠢᠨ ᠪᠦᠬᠦ ᠪᠠᠯᠭᠠᠰᠣᠨ ᠤ ᠬᠥᠭᠵᠢᠯᠲᠡ ᠶᠢ ᠠᠬᠢᠭᠤᠯᠵᠣ᠂ ᠣᠨᠴᠠᠯᠢᠭ ᠢ ᠲᠤᠪᠤᠶᠢᠯᠭᠠᠵᠣ᠂  ᠪᠦᠬᠦ ᠠᠷᠠᠳ ᠢᠷᠭᠡᠳ ᠤᠨ ᠨᠥᠬᠦᠷᠯᠡᠯ ᠢ ᠵᠤᠵᠠᠭᠠᠳᠬᠠᠬᠤ ᠪᠠᠷ ᠦᠷᠭᠦᠯᠵᠢᠯᠡᠨ ᠴᠢᠷᠮᠠᠶᠢᠨ᠎ᠠ᠃        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号