ᠬᠤᠰᠢᠭᠤᠨ ᠤ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠠᠯᠠᠱᠠ ᠶᠢᠨ ᠬᠤᠪᠢᠰᠬᠠᠯ ᠤᠨ ᠨᠢᠭᠤᠴᠠ ᠣᠯᠠᠨ ᠤᠯᠤᠰ ᠤᠨ ᠵᠠᠮ ᠬᠠᠷᠢᠯᠴᠠᠭᠠᠨ ᠤ ᠱᠤᠭᠤᠮ ᠢᠶᠠᠷ ᠳᠠᠬᠢᠨ ᠵᠠᠮᠨᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/29
   9 ᠰᠠᠷ᠎ᠠ ᠶᠢᠨ 23᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠠᠯᠠᠱᠠ ᠶᠢᠨ ᠬᠤᠪᠢᠰᠬᠠᠯ ᠤᠨ ᠨᠢᠭᠤᠴᠠ ᠣᠯᠠᠨ ᠤᠯᠤᠰ ᠤᠨ ᠵᠠᠮ ᠬᠠᠷᠢᠯᠴᠠᠭᠠᠨ ᠤ ᠱᠤᠭᠤᠮ ᠢᠶᠠᠷ ᠳᠠᠬᠢᠨ ᠵᠠᠮᠨᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠤᠤ ᠽᠧᠩ ᠬᠠᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠠᠯᠲᠠᠨᠴᠢᠯᠠᠭᠤ ᠵᠢᠴᠢ ᠬᠤᠰᠢᠭᠤᠨ ᠤ ᠭᠠᠵᠠᠷ ᠤᠨ ᠲᠠᠰ ᠤᠨ ᠪᠤᠰᠤᠳ ᠤᠳᠤᠷᠢᠳᠬᠤ ᠺᠠᠳ᠋ᠷ ᠠᠵᠢᠯᠯᠠᠭ᠎ᠠ ᠳᠤ ᠣᠷᠣᠯᠴᠠᠵᠠᠶ᠃    ᠠᠵᠢᠯᠯᠠᠭ᠎ᠠ ᠶᠢᠨ ᠳᠤᠮᠳᠠ᠂ ᠣᠯᠠᠨ ᠢᠶᠠᠷ ᠢᠶᠠᠨ ᠠᠯᠠᠱᠠ ᠶᠢᠨ ᠬᠤᠪᠢᠰᠬᠠᠯ ᠤᠨ ᠬᠥᠮᠦᠵᠢᠯ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠲᠤ ᠬᠦᠷᠴᠦ᠂ ᠤᠯᠤᠰ ᠤᠨ ᠲᠤᠭ ᠮᠠᠨᠳᠤᠭᠤᠯᠬᠤ ᠲᠥᠪ ᠴᠢᠩᠭ᠎ᠠ ᠶᠣᠰᠣᠯᠠᠯ ᠶᠠᠪᠤᠭᠤᠯᠵᠤ᠂ ︽ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ︾᠎ ᠢ ᠲᠥᠪᠯᠡᠷᠡᠭᠦᠯᠦᠨ ᠰᠤᠷᠤᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠣᠹᠧᠰᠰᠣᠷ ᠨᠠᠰᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠢ ᠰᠣᠨᠣᠰᠤᠭᠰᠠᠨ ᠪᠥᠭᠡᠳ ᠯᠢᠦ ᡁᠢ ᠴᠢᠶᠠᠩ ᠤᠨ ᠳᠠᠭᠠᠭᠤᠯᠭ᠎ᠠ ᠳᠣᠤᠷ᠎ᠠ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠪᠡ᠃ ᠳᠠᠷᠠᠭ᠎ᠠ ᠨᠢ ᠠᠯᠠᠱᠠ ᠶᠢᠨ ᠬᠤᠪᠢᠰᠬᠠᠯ ᠤᠨ ᠲᠡᠤᠬᠡ ᠶᠢᠨ ᠦᠵᠡᠰᠬᠦᠯᠡᠩ ᠤᠨ ᠣᠷᠳᠣᠨ᠂ ᠦᠵᠡᠭᠦᠯᠦᠭᠡ ᠶᠢᠨ ᠣᠷᠳᠣᠨ᠂ ᠤᠤ ᠬᠥᠲᠦᠯ ᠤᠨ ᠪᠠᠭᠤᠷᠢ ᠶᠢ ᠲᠣᠭᠤᠷᠢᠨ ᠦᠵᠡᠬᠦ ᠪᠠᠷ ᠳᠠᠮᠵᠢᠭᠤᠯᠤᠨ ᠲᠤᠬᠠᠶ ᠶᠢᠨ ᠭᠠᠵᠠᠷ ᠲᠤᠨᠢ ᠰᠤᠳᠤᠯᠤᠨ ᠰᠤᠷᠤᠯᠴᠠᠪᠠ᠃ ᠬᠦᠷᠦᠭᠰᠡᠨ ᠭᠠᠵᠠᠷ ᠪᠣᠯᠭᠠᠨ ᠳᠤ᠂ ᠤᠯᠠᠨ ᠢᠶᠠᠷ ᠢᠶᠠᠨ ᠰᠡᠳᠬᠢᠯ ᠲᠠᠯᠪᠢᠨ ᠦᠵᠡᠵᠦ᠂ ᠲᠠᠶᠢᠯᠪᠤᠷᠢᠯᠠᠭᠴᠢ ᠶᠢᠨ ᠨᠠᠷᠢᠨ ᠨᠢᠮᠪᠠᠢ ᠲᠠᠶᠢᠯᠪᠤᠷᠢᠯᠠᠯᠲᠠ ᠶᠢ ᠰᠣᠨᠤᠰᠬᠤ ᠶᠢᠨ ᠬᠠᠮᠲᠣ᠂ ᠭᠡᠷᠡᠯ ᠵᠢᠷᠤᠭ ᠨᠢᠭᠡᠪᠦᠷᠢ᠂ ᠦᠵᠡᠭᠦᠯᠭᠡ ᠶᠢᠨ ᠪᠣᠳᠠᠰ ᠨᠢᠭᠡᠪᠦᠷᠢ ᠶᠢᠨ ᠠᠷᠤ ᠳᠠᠬᠢ ᠰᠡᠳᠬᠢᠯ ᠬᠥᠳᠡᠯᠭᠡᠮ᠎ᠡ ᠦᠯᠢᠭᠡᠷ ᠵᠢᠴᠢ ᠠᠯᠠᠱᠠ ᠶᠢᠨ ᠲᠡᠦᠬᠡ ᠰᠣᠶᠣᠯ ᠢ ᠭᠦᠨᠵᠡᠭᠡᠢ ᠣᠶᠢᠯᠠᠭᠠᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠦᠯᠡᠳᠡᠭᠡᠭᠰᠡᠨ ᠭᠡᠷᠡᠯ ᠰᠠᠴᠤᠷᠠᠩᠭᠤᠢ ᠤᠯᠠ ᠮᠥᠷ ᠢᠶᠠᠷ ᠬᠤᠪᠢᠰᠬᠠᠯ ᠤᠨ ᠳᠤᠷᠠᠰᠤᠮᠵᠢ ᠶᠢ ᠬᠠᠮᠲᠤ ᠪᠠᠷ ᠮᠥᠷᠳᠡᠵᠦ᠂ ᠬᠤᠪᠢᠰᠬᠠᠯ ᠤᠨ ᠬᠠᠶᠢᠷ᠎ᠠ ᠰᠡᠳᠬᠢᠯᠭᠡ ᠶᠢ ᠮᠡᠳᠡᠷᠡᠵᠦ᠂ ᠬᠦᠰᠡᠯ ᠮᠥᠷᠦᠭᠡᠳᠦᠯ ᠪᠠ ᠢᠲᠡᠭᠡᠯ ᠪᠢᠰᠢᠷᠡᠯ ᠢᠶᠠᠨ ᠨᠡᠩ ᠪᠠᠲᠤᠳᠬᠠᠪᠠ᠃    ᠲᠣᠰ ᠤᠳᠠᠭᠠᠨ ᠤ ᠠᠵᠢᠯᠯᠠᠭ᠎ᠠ ᠨᠢ ᠨᠢᠭᠡ ᠤᠳᠠᠭᠠᠨ ᠤ ᠠᠮᠢᠳᠤᠯᠢᠭ ᠬᠤᠪᠢᠰᠬᠠᠯ ᠤᠨ ᠬᠥᠮᠦᠵᠢᠯ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠭᠦᠨ ᠭᠦᠨᠵᠡᠭᠡᠶ ᠦᠵᠡᠯ ᠰᠠᠨᠠᠭᠠᠨ ᠤ ᠠᠷᠢᠭᠤᠳᠬᠠᠯ ᠪᠠ ᠣᠶᠤᠨ ᠰᠠᠨᠠᠭᠠᠨ ᠤ ᠳᠡᠭᠡᠭᠰᠢᠯᠡᠯᠲᠡ ᠪᠣᠯᠤᠨ᠎ᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠤᠪᠢᠰᠬᠠᠯ ᠤᠨ ᠭᠧᠨ ᠢ ᠴᠢᠨᠠᠭᠰᠢᠳᠠ ᠤᠯᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠴᠥᠬᠦᠷᠡᠰᠢ ᠦᠭᠡᠢ ᠪᠠᠳᠠᠷᠠᠭᠤᠯᠵᠤ᠂ ᠠᠷᠠᠳ ᠤᠨ ᠲᠥᠯᠥᠭᠡ ᠭᠡᠬᠦ ᠤᠬ ᠰᠠᠨᠠᠭ᠎ᠠ ᠶᠢ ᠪᠠᠲᠤ ᠰᠠᠬᠢᠵᠤ᠂ ᠲᠡᠦᠬᠡᠲᠦ ᠡᠭᠦᠷᠭᠡ ᠶᠢ ᠡᠭᠦᠷᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠨᠡᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠎ᠠ ᠭᠡᠵᠦ ᠢᠯᠡᠳᠬᠡᠵᠡᠭᠡᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号