| | | | ● ᠨᠠᠷᠠᠨ᠎ᠠ᠂ ᠡᠷᠳᠡᠨᠢᠬᠦᠦ | | ᠨᠠᠯᠠᠭᠠᠷ ᠨᠠᠮᠤᠷ ᠤᠨ ᠥᠩᠭᠡ ᠲᠠᠢ ᠰᠠᠶᠢᠬᠠᠨ ᠴᠠᠭ ᠢᠶᠠᠷ ᠠᠯᠠᠱᠠ ᠶᠢᠨ ᠡᠯ᠎ᠡ ᠭᠠᠵᠠᠷ ᠤᠨ ᠬᠢᠨ ᠡᠯᠪᠡᠭ | ᠬᠤᠷᠢᠶᠠᠯᠲᠠ ᠶᠢᠨ ᠴᠠᠭ ᠲᠠᠭᠠᠨ ᠣᠷᠣᠵᠤ᠂ ᠪᠥᠭᠡᠷᠡᠩᠬᠡᠢ ᠰᠣᠩᠭᠢᠨ᠎ᠠ᠂ ᠨᠡᠷᠡᠨ ᠬᠤᠸᠠᠷ᠂ ᠲᠠᠷᠪᠤᠰ ᠵᠡᠷᠭᠡ | ᠣᠨᠴᠠᠯᠢᠭᠲᠤ ᠲᠠᠷᠢᠮᠠᠯ ᠤᠨ ᠡᠯᠪᠡᠭ ᠬᠤᠷᠢᠶᠠᠯᠲᠠ ᠨᠢ ᠬᠥᠮᠥᠰ ᠤᠨ ᠠᠩᠬᠠᠷᠤᠯ ᠢ ᠲᠠᠲᠠᠨ᠎ᠠ᠃ | ᠠᠯᠠᠱᠠ ᠵᠡᠭᠦᠨ ᠬᠤᠰᠢᠭᠤᠨ ᠤ ᠣᠨᠳᠣᠷᠣᠯᠲᠤ ᠪᠠᠯᠭᠠᠰᠤᠨ ᠳᠤ᠂ ᠮᠢᠩᠭᠠᠨ ᠮᠦ ᠨᠡᠷᠡᠨ ᠬᠤᠸᠠᠷ᠂ | ᠵᠠᠭᠤᠨ ᠮᠦ ᠴᠢ ᠯᠢᠨ ᠲᠠᠷᠪᠤᠰ ᠪᠠ ᠡᠯ᠎ᠡ ᠲᠦᠷᠦᠯ ᠤᠨ ᠬᠢᠲᠠᠳ ᠡᠮ ᠤᠨ ᠮᠠᠲ᠋ᠧᠷᠢᠶᠠᠯ ᠡᠯᠪᠡᠭ ᠬᠤᠷᠢᠶᠠᠯᠲᠠ ᠣᠯᠵᠤ᠂ | ᠲᠠᠷᠢᠶᠠᠴᠢᠳ ᠴᠠᠭ ᠢ ᠠᠮᠵᠢᠨ ᠬᠤᠷᠢᠶᠠᠨ᠎ᠠ᠃ ︽ᠡᠨᠡ ᠵᠢᠯ ᠪᠢ 120 ᠮᠦ ᠨᠡᠷᠡᠨ ᠬᠤᠸᠠᠷ ᠳᠠᠷᠢᠵᠤ᠂ ᠮᠦ | ᠪᠦᠷᠢ ᠶᠢᠨ ᠤᠨᠠᠯᠲᠠ 500 ᠵᠢᠩ ᠣᠷᠴᠢᠮ ᠬᠦᠷᠴᠦ ᠪᠤᠢ᠂ ᠣᠯᠠᠩᠬᠢ ᠶᠢ ᠨᠢ ᠵᠧᠵᠢᠶᠠᠩ ᠵᠡᠷᠭᠡ ᠭᠠᠵᠠᠷ ᠲᠤ | ᠪᠣᠷᠣᠯᠠᠭᠤᠯᠤᠭᠠᠳ ᠮᠦ ᠪᠦᠷᠢ ᠪᠠᠷᠤᠭ 2700 ᠲᠥᠭᠦᠷᠢᠭ ᠤᠨ ᠣᠷᠣᠯᠭ᠎ᠠ ᠣᠯᠪᠠ︾ ᠭᠡᠵᠦ ᠲᠠᠷᠢᠶᠠᠴᠢᠨ ᠸᠠᠩ | ᠰᠢᠨ ᠵᠢᠶᠦ᠋ᠨ ᠶᠠᠷᠢᠨ᠎ᠠ᠃ | ᠣᠨᠳᠣᠷᠣᠯᠲᠤ ᠪᠠᠯᠭᠠᠰᠤᠨ ᠤ ᠳᠡᠯ ᠤᠯᠠᠭᠠᠨ ᠭᠠᠴᠠᠭᠠᠨ ᠤ ᠴᠢ ᠯᠢᠨ ᠲᠠᠷᠪᠤᠰ ᠳᠠᠷᠢᠬᠤ ᠰᠠᠭᠤᠷᠢᠨ | ᠭᠠᠵᠠᠷ ᠤᠨ 1900 ᠬᠦᠯᠡᠮᠵᠢ ᠶᠢᠨ ᠴᠢ ᠯᠢᠨ ᠲᠠᠷᠪᠤᠰ ᠢ ᠱᠠᠩᠬᠠᠢ᠂ ᠬᠠᠩᠵᠧᠦ᠂ ᠭᠤᠸᠠᠩᠵᠧᠦ ᠵᠡᠷᠭᠡ ᠭᠠᠵᠠᠷ | ᠤᠷᠤᠭᠤ ᠪᠣᠷᠣᠯᠠᠭᠤᠯᠵᠤ ᠪᠤᠢ᠃ ᠡᠨᠡ ᠵᠢᠯ ᠣᠨᠳᠣᠷᠣᠯᠲᠤ ᠪᠠᠯᠭᠠᠰᠤᠨ ᠤ ᠨᠠᠮ ᠤᠨ ᠬᠤᠷᠢᠶ᠎ᠠ ᠠᠴᠠ ᠳᠡᠯ ᠤᠯᠠᠭᠠᠨ | ᠭᠠᠴᠠᠭᠠᠨ ᠳᠤ ᠴᠢ ᠯᠢᠨ ᠲᠠᠷᠪᠤᠰ ᠲᠠᠷᠢᠬᠤ ᠲᠦᠷᠦᠯ ᠵᠦᠢᠯ ᠢ ᠣᠷᠣᠭᠤᠯᠵᠤ᠂ ᠭᠠᠴᠠᠭ᠎ᠠ ᠳᠤ 66.3 ᠲᠦᠮᠡᠨ | ᠲᠥᠭᠦᠷᠢᠭ ᠤᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠡᠭᠦᠳᠦᠨ᠂ 500 ᠭᠠᠷᠤᠢ ᠠᠵᠢᠯ ᠤᠨ ᠪᠠᠶᠢᠷᠢ ᠶᠢ | ᠨᠡᠮᠡᠭᠳᠡᠭᠦᠯᠵᠡᠢ᠃ ᠲᠠᠷᠢᠶᠠᠴᠢᠨ ᠰᠦᠨ ᠬᠤᠩ ᠰᠢᠶᠧ᠂ ᠡᠨᠡ ᠵᠢᠯ 390 ᠮᠦ ᠴᠢ ᠯᠢᠨ ᠲᠠᠷᠪᠤᠰ ᠢ ᠲᠤᠷᠰᠢᠨ | ᠳᠠᠷᠢᠵᠤ᠂ ᠮᠦ ᠪᠦᠷᠢ ᠶᠢᠨ ᠤᠨᠠᠯᠲᠠ ᠨᠢ 8000 ᠵᠢᠩ ᠠᠴᠠ ᠳᠡᠭᠡᠭᠰᠢ ᠪᠣᠯᠪᠠ ᠭᠡᠵᠦ ᠪᠠᠶᠢᠪᠠ᠃ ᠣᠨᠳᠣᠷᠣᠯᠲᠤ | ᠪᠠᠯᠭᠠᠰᠤ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠲᠠᠷᠢᠮᠠᠯ ᠤᠨ ᠡᠷᠦᠭᠡ ᠶᠢᠨ ᠤᠤᠯ ᠤᠨ ᠲᠠᠷᠢᠵᠦ ᠪᠠᠶᠢᠭᠰᠠᠨ | ᠡᠷᠳᠡᠨᠢ ᠰᠢᠰᠢ᠂ ᠪᠤᠭᠤᠳᠠᠢ᠂ ᠨᠡᠷᠡᠨ ᠬᠤᠸᠠᠷ ᠤᠨ ᠰᠠᠭᠤᠷᠢᠨ ᠳᠡᠭᠡᠷ᠎ᠡ ᠡᠪᠡᠰᠦᠨ ᠡᠮ ᠤᠨ ᠡᠭᠦᠯᠳᠡᠷ ᠢ | ᠪᠣᠶᠢᠵᠢᠭᠤᠯᠤᠨ ᠳᠠᠷᠢᠵᠣ᠂ ᠢᠳᠡᠰᠢᠨ ᠨᠣᠭᠤᠭ᠎ᠠ᠂ ᠲᠠᠷᠪᠤᠰ ᠵᠢᠮᠢᠰ ᠳᠠᠷᠢᠬᠤ ᠦᠢᠯᠡᠰ ᠢ ᠶᠡᠭᠡ ᠪᠠᠷ ᠬᠥᠭᠵᠢᠭᠦᠯᠬᠦ ᠶᠢ | ᠵᠣᠷᠢᠭᠵᠢᠭᠤᠯᠵᠠᠢ᠃ ᠣᠳᠣᠬᠠᠨ ᠡᠪᠡᠰᠦᠨ ᠡᠮ ᠤᠨ ᠠᠵᠤ ᠦᠢᠯᠡᠰ ᠤᠨ ᠬᠡᠪᠴᠢᠶ᠎ᠡ ᠤᠯᠠᠮ ᠨᠢᠭᠡ ᠠᠯᠬᠤᠮ | ᠥᠷᠭᠡᠵᠢᠵᠦ᠂ ᠽᠢ ᠷᠠᠨ᠂ ᠴᠢ ᠯᠢᠨ ᠲᠠᠷᠪᠤᠰ ᠵᠡᠷᠭᠡ ᠠᠵᠤ ᠠᠬᠤᠢ ᠶᠢᠨ ᠲᠠᠷᠢᠮᠠᠯ ᠤᠨ ᠠᠵᠤ ᠦᠢᠯᠡᠰ ᠴᠦ | ᠬᠥᠭᠵᠢᠭᠰᠡᠨ ᠪᠠᠶᠢᠨ᠎ᠠ᠃ ᠪᠦᠭᠦ ᠪᠠᠯᠭᠠᠰᠤᠨ ᠤ ᠬᠢᠲᠠᠳ ᠡᠮ ᠤᠨ ᠮᠠᠲ᠋ᠧᠷᠢᠶᠠᠯ ᠪᠠ ᠲᠠᠷᠪᠤᠰ ᠵᠢᠮᠢᠰ ᠢᠳᠡᠰᠢᠨ | ᠨᠣᠭᠤᠭ᠎ᠠ ᠵᠡᠷᠭᠡ ᠠᠵᠤ ᠠᠬᠤᠢ ᠶᠢᠨ ᠲᠠᠷᠢᠮᠠᠯ ᠤᠨ ᠲᠠᠯᠠᠪᠠᠶ ᠨᠢ 2022 ᠣᠨ ᠳᠤ 1.2 ᠲᠦᠮᠡᠨ ᠮᠦ | ᠪᠠᠶᠢᠭᠰᠠᠨ ᠠᠴᠠ ᠪᠠᠨ ᠡᠨᠡ ᠵᠢᠯ 3.3 ᠲᠦᠮᠡᠨ ᠮᠦ ᠪᠣᠯᠵᠠᠢ᠃ | ᠣᠳᠣᠬᠠᠨ ᠳᠤ᠂ ᠬᠤᠶᠠᠷᠬᠤᠳᠳᠤᠭ ᠤᠨ ᠬᠥᠳᠡᠭᠡ ᠶᠢᠨ ᠠᠮᠢ ᠠᠬᠤᠢ ᠶᠢᠨ ᠨᠡᠭᠦᠳᠡᠯ ᠠᠷᠠᠳ ᠤᠨ | ᠵᠢᠱᠢᠶ᠎ᠡ ᠦᠵᠡᠭᠦᠯᠭᠦ ᠣᠷᠣᠨ ᠤ 100 ᠮᠦ ᠪᠥᠭᠡᠷᠡᠩᠬᠡᠢ ᠰᠣᠩᠭᠢᠨ᠎ᠠ ᠬᠤᠷᠢᠶᠠᠯᠲᠠ ᠶᠢᠨ ᠤᠯᠠᠷᠢᠯ ᠳᠤ ᠣᠷᠣᠵᠤ᠂ | ᠲᠠᠷᠢᠶᠠᠴᠢᠳ ᠰᠣᠩᠭᠢᠨ᠎ᠠ ᠪᠠᠨ ᠮᠠᠯᠲᠠᠬᠤ᠂ ᠬᠤᠪᠢᠶᠠᠷᠢᠯᠠᠬᠤ᠂ ᠰᠣᠩᠭᠤᠬᠤ᠂ ᠪᠣᠭᠤᠳᠠᠯᠯᠠᠬᠤ ᠵᠡᠷᠭᠡ ᠠᠵᠢᠯ ᠳᠤ | ᠶᠠᠭᠠᠷᠠᠵᠤ ᠪᠤᠢ᠃ ︽ᠮᠠᠨ ᠤ 80 ᠮᠦ ᠪᠥᠭᠡᠷᠡᠩᠬᠡᠢ ᠰᠣᠩᠭᠢᠨ᠎ᠠ ᠶᠢᠨ ᠮᠦ ᠪᠦᠷᠢ ᠶᠢᠨ ᠤᠨᠠᠯᠲᠠ 7 ᠲᠣᠨ | ᠣᠷᠴᠢᠮ ᠳᠤ ᠬᠦᠷᠴᠦ᠂ ᠭᠤᠣᠯᠳᠠᠭᠤ ᠪᠦᠭᠦ ᠤᠯᠤᠰ ᠤᠨ ᠡᠯ᠎ᠡ ᠶᠡᠭᠡ ᠵᠠᠬ᠎ᠠ ᠳᠡᠯᠭᠡᠭᠦᠷ ᠲᠤ ᠪᠣᠷᠣᠯᠠᠭᠤᠯᠵᠤ ᠪᠤᠢ︾ | ᠭᠡᠵᠦ ᠬᠥᠪᠴᠢ ᠭᠠᠴᠠᠭᠠᠨ ᠤ ᠲᠠᠷᠢᠶᠠᠴᠢᠨ ᠰᠢᠦᠢ ᠱᠧᠦ ᠵᠢᠶᠦ᠋ᠨ ᠶᠠᠷᠢᠨ᠎ᠠ᠃ ᠣᠶᠢᠷ᠎ᠠ ᠶᠢᠨ ᠵᠢᠯ ᠠᠴᠠ ᠵᠢᠱᠢᠶ᠎ᠡ | ᠦᠵᠡᠭᠦᠯᠭᠦ ᠣᠷᠣᠨ ᠤ ᠬᠢᠨ ᠣᠨᠴᠠᠯᠢᠭᠲᠤ ᠲᠠᠷᠢᠶᠠᠯᠠᠩ ᠢᠶᠠᠷ ᠭᠠᠷᠳᠠᠴᠠ ᠪᠣᠯᠭᠠᠨ᠂ ᠠᠵᠤ ᠦᠢᠯᠡᠰ ᠤᠨ | ᠪᠦᠲᠦᠴᠡ ᠶᠢ ᠰᠢᠯᠢᠳᠡᠭᠵᠢᠭᠦᠯᠵᠦ᠂ ᠤᠯᠠᠮᠵᠢᠯᠠᠯᠲᠤ ᠲᠠᠷᠢᠶᠠᠯᠠᠩ ᠤᠨ ᠡᠷᠴᠢᠮᠵᠢᠭᠰᠡᠨ᠂ ᠥᠨᠳᠥᠷ ᠦᠷ᠎ᠡ ᠠᠰᠢᠭ ᠲᠠᠢ | ᠰᠢᠨ᠎ᠡ ᠭᠡᠯᠪᠡᠷᠢ ᠶᠢᠨ ᠲᠠᠷᠢᠶᠠᠯᠠᠩ ᠲᠡᠶᠢᠰᠢ ᠭᠡᠯᠪᠡᠷᠢ ᠪᠠᠨ ᠬᠤᠪᠢᠷᠠᠭᠤᠯᠤᠨ᠂ ᠮᠠᠯᠴᠢᠨ ᠲᠠᠷᠢᠶᠠᠴᠢᠨ ᠡᠷᠦᠭᠡ ᠶᠢᠨ | ᠪᠥᠭᠡᠷᠡᠩᠬᠡᠢ ᠰᠣᠩᠭᠢᠨ᠎ᠠ᠂ ᠯᠠᠵᠤᠤ ᠵᠡᠷᠭᠡ ᠥᠨᠳᠥᠷ ᠦᠷ᠎ᠡ ᠠᠰᠢᠭ ᠲᠠᠢ᠂ ᠠᠷᠠᠴᠢᠯᠠᠵᠤ ᠳᠣᠳᠣᠮᠳᠠᠬᠤ ᠳᠤ ᠭᠢᠯᠪᠠᠷ | ᠠᠵᠤ ᠠᠬᠤᠢ ᠶᠢᠨ ᠲᠠᠷᠢᠮᠠᠯ ᠳᠠᠷᠢᠬᠤ ᠶᠢ ᠵᠣᠷᠢᠭᠵᠢᠭᠤᠯᠵᠤ ᠪᠠᠶᠢᠭᠠᠳ ᠭᠠᠵᠠᠷ ᠰᠢᠷᠣᠢ ᠶᠢᠨ ᠶᠡᠷᠦᠩᠬᠡᠶᠢᠯᠡᠭᠰᠡᠨ | ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠡᠢ᠃ ᠮᠥᠨ ᠴᠦ ᠣᠯᠠᠨ ᠲᠦᠮᠡᠨ ᠤ ᠣᠨᠴᠠᠯᠢᠭᠲᠤ ᠲᠠᠷᠢᠮᠠᠯ ᠢᠶᠠᠷ | ᠣᠷᠣᠯᠭ᠎ᠠ ᠶᠢ ᠨᠡᠮᠡᠭᠳᠡᠭᠦᠯᠦᠨ ᠲᠠᠷᠢᠶᠠᠴᠢᠳ ᠢ ᠪᠠᠶᠠᠵᠢᠭᠤᠯᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃ | |