ᠭᠡᠷ ᠲᠡᠭᠡᠨ ᠰᠡᠷᠢᠭᠦᠨ ᠨᠣᠭᠤᠭ᠎ᠠ ᠬᠢᠵᠦ ᠪᠣᠷᠣᠯᠠᠭᠤᠯᠵᠤ ᠪᠠᠶᠢᠭ᠎ᠠ ᠮᠣᠩᠭᠤᠯ ᠪᠦᠰᠡᠭᠦᠢ
ᠨᠡᠶᠢᠲᠡᠯᠡᠭᠰᠡᠨ ᠴᠠᠭ᠄
2024/9/30
                           ● ᠰᠡᠴᠡᠨ᠂ ᠡᠷᠳᠡᠨᠢᠬᠦᠦ              ︽ᠥᠨᠥᠳᠥᠷ ᠤᠨ ᠰᠡᠷᠢᠭᠦᠨ ᠨᠣᠭᠤᠭ᠎ᠠ ᠵᠠᠬᠢᠶᠠᠯᠠᠭᠰᠠᠨ ᠬᠥᠮᠥᠨ ᠪᠣᠯ ᠮᠠᠨᠠᠶᠢᠬᠢ ᠠᠴᠠ ᠬᠤᠶᠠᠳᠠᠭᠢ ᠤᠳᠠᠭ᠎ᠠ ᠪᠠᠨ ᠨᠣᠭᠤᠭ᠎ᠠ ᠵᠠᠬᠢᠶᠠᠯᠠᠵᠤ ᠪᠠᠶᠢᠭ᠎ᠠ ᠬᠠᠭᠤᠴᠢᠨ ᠵᠣᠴᠢᠨ ᠰᠢᠤ︕ ᠬᠤᠶᠠᠷ ᠬᠡᠦᠬᠡᠳ ᠢᠶᠠᠨ ᠬᠠᠷᠠᠵᠤ ᠬᠠᠷᠠᠭᠠᠯᠵᠠᠬᠤ ᠴᠢᠬᠤᠯᠠᠲᠠᠢ ᠨᠠᠳᠠᠳᠤ ᠡᠨᠡ ᠠᠵᠢᠯ ᠴᠢᠨᠢ ᠪᠤᠯᠬᠤ ᠯᠠ ᠶᠤᠮ ᠪᠠᠶᠢᠨ᠎ᠠ︾ ᠭᠡᠵᠦ ᠠᠯᠲᠠᠨᠴᠡᠴᠡᠭ ᠤᠯᠠᠨ ᠰᠠᠪᠠ ᠲᠠᠢ ᠰᠡᠷᠢᠭᠦᠨ ᠨᠣᠭᠤᠭ᠎ᠠ ᠳᠠᠭᠠᠨ ᠠᠮᠲᠠ ᠲᠠᠭᠠᠷᠠᠭᠤᠯᠵᠦ ᠶᠠᠭᠠᠷᠠᠬᠤ ᠵᠠᠭᠤᠷ᠎ᠠ ᠰᠣᠷᠪᠤᠯᠵᠢᠯᠠᠭ᠎ᠠ ᠬᠦᠯᠢᠶᠡᠯ᠎ᠡ᠃              ᠣᠶᠢᠷ᠎ᠠ ᠶᠢᠨ ᠡᠳᠦᠷ᠂ ᠸᠢᠴᠠᠲ ᠤᠨ ᠨᠠᠶᠢᠵᠠ ᠶᠢᠨ ᠲᠣᠭᠤᠷᠢᠭ ᠲᠤ ︽ᠰᠡᠷᠢᠭᠦᠨ ᠨᠣᠭᠤᠭ᠎ᠠ ᠬᠢᠬᠦ ᠦᠢᠯᠡᠴᠢᠯᠡᠭᠡ ᠬᠠᠩᠭᠠᠨ᠎ᠠ᠃ ᠠᠮᠲᠠ ᠰᠢᠮᠳᠠ ᠨᠢ ᠰᠠᠶᠢᠨ᠂ ᠦᠨ᠎ᠡ ᠬᠠᠩᠰᠢ ᠨᠢ ᠲᠣᠬᠢᠷᠠᠮᠵᠢᠲᠠᠢ᠂ ᠠᠷᠢᠭᠤᠨ ᠴᠡᠪᠡᠷ᠂ ᠡᠯᠳᠡᠪ ᠤᠨ ᠠᠮᠲᠠᠯᠠᠭᠴᠢ ᠬᠤᠯᠢᠬᠤ ᠦᠭᠡᠢ︾ ᠭᠡᠰᠡᠨ ᠵᠠᠷ ᠮᠡᠳᠡᠭᠡ ᠶᠢ ᠣᠯᠵᠤ ᠬᠠᠷᠠᠭᠠᠳ ᠪᠠᠶᠠᠨᠬᠤᠲᠠ ᠪᠠᠯᠭᠠᠰᠤᠨ ᠳᠤ ᠰᠡᠷᠢᠭᠦᠨ ᠨᠣᠭᠤᠭ᠎ᠠ ᠬᠢᠵᠦ ᠪᠣᠷᠣᠯᠠᠭᠤᠯᠵᠤ ᠪᠠᠶᠢᠬᠤ ᠮᠣᠩᠭᠤᠯ ᠪᠦᠰᠡᠭᠦᠢ ᠠᠯᠲᠠᠨᠴᠡᠴᠡᠭ ᠲᠠᠢ ᠠᠭᠤᠯᠵᠠᠵᠤ ᠰᠣᠷᠪᠤᠯᠵᠢᠯᠠᠭ᠎ᠠ ᠠᠪᠤᠭᠰᠠᠨ ᠨᠢ ᠡᠨᠡ᠃ ᠠᠯᠲᠠᠨᠴᠡᠴᠡᠭ ᠪᠣᠯ ᠠᠯᠠᠱᠠ ᠪᠠᠷᠠᠭᠤᠨ ᠬᠤᠰᠢᠭᠤᠨ ᠤ ᠪᠠᠶᠠᠨᠭᠤᠣᠯ ᠰᠤᠮᠤᠨ ᠤ ᠬᠥᠮᠥᠨ᠃ 2022 ᠣᠨ ᠳᠤ ᠬᠤᠶᠠᠷ ᠬᠡᠦᠬᠡᠳ ᠲᠡᠭᠡᠨ ᠨᠡᠩ ᠰᠠᠶᠢᠨ ᠰᠤᠷᠭᠠᠨ ᠬᠥᠮᠦᠵᠢᠯ ᠭᠦᠷᠳᠡᠭᠦ ᠨᠥᠬᠦᠴᠡᠯ ᠪᠦᠷᠢᠳᠦᠭᠦᠯᠬᠦ ᠪᠠᠷ ᠡᠷ᠎ᠡ ᠨᠥᠬᠦᠷ ᠲᠠᠢ ᠪᠠᠨ ᠬᠠᠮᠲᠤ ᠪᠦᠬᠦᠯᠢ ᠠᠷᠪᠠᠨ ᠵᠢᠯ ᠬᠢᠭᠰᠡᠨ ᠬᠤᠪᠢ ᠶᠢᠨ ᠠᠵᠤ ᠠᠬᠤᠶᠢᠯᠠᠯ ᠤᠨ ᠠᠵᠢᠯ ᠢᠶᠠᠨ ᠤᠷᠭᠢᠭᠠᠳ ᠪᠠᠶᠠᠨᠬᠤᠲᠠ ᠶᠢ ᠵᠣᠷᠢᠵᠤ ᠢᠷᠡᠭᠰᠡᠨ ᠨᠢ ᠡᠨᠡ ᠠᠶᠢᠯ ᠤᠨ ᠬᠢᠨ ᠤ ᠬᠤᠯᠠᠴᠢ ᠪᠤᠳᠤᠯ ᠠᠵᠢ᠃              ᠬᠥᠮᠥᠨ ᠥᠪᠡᠷ ᠤᠨ ᠲᠣᠭᠲᠠᠭᠰᠠᠨ ᠠᠮᠢᠳᠤᠷᠠᠯ ᠤᠨ ᠭᠡᠯᠪᠡᠷᠢ ᠪᠠᠨ ᠬᠤᠪᠢᠷᠠᠭᠤᠯᠬᠤ ᠳᠤ ᠠᠮᠠᠷ ᠴᠤ ᠰᠢᠨ᠎ᠡ ᠠᠮᠢᠳᠤᠷᠠᠯ ᠢᠶᠠᠨ ᠡᠬᠢᠯᠡᠭᠦᠯᠵᠦ ᠲᠠᠭᠢᠨ ᠠᠵᠢᠯ ᠡᠷᠢᠵᠦ ᠦᠢᠯᠡᠰ ᠪᠣᠰᠬᠠᠨ᠎ᠠ ᠭᠡᠭᠴᠢ ᠲᠡᠶᠢᠮᠤ ᠠᠮᠠᠷ ᠪᠠᠶᠢᠬᠤ ᠦᠭᠡᠢ᠃ ᠠᠯᠲᠠᠨᠴᠡᠴᠡᠭ ᠤᠤᠯ ᠨᠢ ᠠᠵᠤ ᠠᠬᠤᠶᠢᠯᠠᠯ ᠳᠤ ᠲᠤᠭ᠎ᠠ ᠪᠦᠷᠢᠳᠬᠡᠯ ᠤᠨ ᠠᠵᠢᠯ ᠬᠢᠵᠦ᠂ ᠠᠯᠪᠠᠨ ᠤ ᠰᠢᠷᠡᠭᠡ ᠡᠯᠢᠭᠡᠳᠡᠵᠦ ᠴᠠᠯᠢᠩ ᠬᠥᠯᠥᠰᠦ ᠬᠠᠩᠭᠠᠮᠵᠢᠲᠠᠢ ᠰᠠᠶᠢᠨ ᠪᠠᠶᠢᠭᠰᠠᠨ ᠪᠤᠯᠪᠠᠴᠦ ᠬᠤᠶᠠᠷ ᠬᠡᠦᠬᠡᠳ ᠢᠶᠠᠨ ᠨᠡᠩ ᠰᠠᠶᠢᠨ ᠬᠠᠷᠠᠭᠠᠯᠵᠠᠶ᠎ᠠ ᠭᠡᠪᠡᠯ ᠭᠠᠳᠠᠭᠰᠢ ᠭᠠᠷᠴᠤ ᠵᠠᠪᠰᠢᠶᠠᠨ ᠡᠷᠢᠵᠦ᠂ ᠠᠮᠤᠷ ᠲᠠᠶᠢᠪᠤᠩ ᠠᠮᠢᠳᠤᠷᠠᠯ ᠢᠶᠠᠨ ᠲᠠᠶᠠᠭᠳᠠᠬᠤ ᠯᠡ ᠴᠢᠬᠤᠯᠠᠲᠠᠢ᠃ ᠤᠴᠢᠷ ᠨᠢ ᠦᠷ᠎ᠡ ᠬᠡᠦᠬᠡᠳ ᠢᠶᠠᠨ ᠬᠠᠶᠢᠷ᠎ᠠ ᠬᠠᠯᠠᠮᠵᠢ ᠪᠠᠷ ᠳᠤᠲᠠᠭᠤᠯᠬᠤ ᠦᠭᠡᠢ᠂ ᠬᠢᠴᠢᠶᠡᠯ ᠰᠤᠷᠤᠯᠭ᠎ᠠ ᠶᠢ ᠨᠢ ᠣᠰᠣᠯᠳᠠᠭᠤᠯᠬᠤ ᠦᠭᠡᠢ᠂ ᠪᠡᠶ᠎ᠡ ᠡᠷᠡᠭᠦᠯ ᠤᠬᠠᠭᠠᠨ ᠰᠠᠷᠠᠭᠤᠯ ᠬᠥᠮᠥᠨ ᠤ ᠵᠡᠷᠭᠡ ᠳᠤ ᠬᠦᠷᠭᠡᠬᠦ ᠪᠣᠯ ᠠᠪᠤ ᠡᠵᠢ ᠪᠣᠯᠣᠭᠰᠠᠳ ᠤᠨ ᠬᠠᠮᠤᠭ ᠤᠨ ᠶᠡᠭᠡ ᠡᠭᠦᠷᠭᠡ ᠬᠠᠷᠢᠭᠤᠴᠠᠯᠭ᠎ᠠ ᠪᠢᠯᠡ᠃ ᠨᠢᠭᠡ ᠭᠡᠷ ᠤᠨ ᠬᠤᠶᠠᠭᠤᠯᠠ ᠪᠠᠨ ᠵᠥᠪᠳᠡᠯᠴᠡᠭᠰᠡᠨ ᠤ ᠡᠴᠦᠰ ᠲᠤ ᠡᠷ᠎ᠡ ᠨᠥᠬᠦᠷ ᠨᠢ ᠭᠠᠳᠠᠭᠰᠢ ᠭᠠᠷᠴᠤ ᠠᠵᠢᠯᠯᠠᠬᠤ ᠪᠠᠷ ᠪᠣᠯᠵᠤ ᠠᠯᠲᠠᠨᠴᠡᠴᠡᠭ ᠭᠡᠷ ᠬᠡᠦᠬᠡᠳ ᠢᠶᠠᠨ ᠳᠣᠳᠣᠮᠳᠠᠬᠤ ᠪᠣᠯᠣᠯ᠎ᠠ᠃ ᠭᠡᠬᠦ ᠳᠤ ᠠᠯᠲᠠᠨᠴᠡᠴᠡᠭ ᠤᠤᠯ ᠠᠴᠠ ᠪᠠᠨ ᠵᠦᠭᠡᠷ ᠰᠠᠭᠤᠵᠤ ᠴᠢᠳᠠᠳᠠᠭ ᠦᠭᠡᠢ ᠬᠥᠮᠥᠨ ᠪᠣᠯᠬᠤᠷ ︽ᠶᠠᠮᠠᠷ ᠠᠵᠢᠯ ᠭᠢᠶ᠎ᠡ︖︾ ᠭᠡᠵᠦ ᠤᠯᠠᠨ ᠬᠤᠨᠤᠭ ᠪᠤᠳᠤᠯ ᠪᠣᠯᠵᠠᠢ᠃ ᠴᠠᠭᠠᠨ ᠰᠠᠷ᠎ᠠ ᠪᠠᠷ ᠬᠠᠳᠠᠮ ᠤᠨ ᠳᠠᠭᠠᠨ ᠬᠦᠷᠴᠦ ᠬᠠᠳᠠᠮ ᠤᠨ ᠲᠠᠯ᠎ᠠ ᠶᠢᠨ ᠠᠬ᠎ᠠ ᠳᠡᠭᠦᠦ ᠣᠯᠠᠭᠤᠯᠠ ᠪᠠᠨ ᠬᠠᠮᠲᠤ ᠴᠠᠭᠠᠯᠠᠬᠤ ᠳᠤ ᠠᠯᠲᠠᠨᠴᠡᠴᠡᠭ ᠨᠣᠭᠤᠭ᠎ᠠ ᠵᠠᠭᠤᠰᠢ ᠪᠡᠯᠡᠳᠬᠡᠬᠦ ᠠᠵᠢᠯ ᠢ ᠳᠠᠭᠠᠭᠠᠵᠤ᠂ ᠲᠡᠭᠦᠨ ᠤ ᠬᠢᠭᠰᠡᠨ ᠰᠡᠷᠢᠭᠦᠨ ᠨᠣᠭᠤᠭ᠎ᠠ ᠨᠢ ᠭᠡᠷ ᠤᠨ ᠬᠥᠮᠥᠰ ᠤᠨ ᠮᠠᠭᠲᠠᠭᠠᠯ ᠰᠠᠶᠢᠰᠢᠶᠠᠯ ᠢ ᠣᠯᠣᠭᠰᠠᠨ ᠢᠶᠠᠷ ᠭᠡᠨᠡᠳᠲᠡ ︽ᠪᠠᠶᠠᠨᠬᠤᠲᠠ ᠳᠤ ᠰᠡᠷᠢᠭᠦᠨ ᠨᠣᠭᠤᠭ᠎ᠠ ᠬᠢᠵᠦ ᠬᠤᠳᠠᠯᠳᠤᠪᠠᠯ ᠶᠠᠭᠠᠬᠢᠬᠤ ᠪᠣᠯ︖ ᠤᠳᠤ ᠶᠢᠨ ᠬᠥᠮᠥᠰ ᠠᠵᠢᠯ ᠠᠮᠢᠳᠤᠷᠠᠯ ᠭᠡᠳ ᠪᠦᠷ ᠯᠡ ᠶᠠᠭᠠᠷᠠᠤ᠂ ᠭᠡᠷ ᠵᠠᠭᠤᠷ᠎ᠠ ᠪᠠᠨ ᠬᠥᠮᠥᠨ ᠳᠠᠶᠢᠯᠠᠶ᠎ᠠ ᠭᠡᠬᠦ ᠳᠤ ᠨᠣᠭᠤᠭ᠎ᠠ ᠵᠠᠭᠤᠰᠢ ᠪᠡᠯᠡᠳᠬᠡᠬᠦ ᠵᠠᠪ ᠴᠢᠯᠦᠭᠡ ᠪᠠᠶᠢᠬᠤ ᠦᠭᠡᠢ᠂ ᠲᠡᠷᠡ ᠠᠵᠢᠯ ᠢ ᠨᠢ ᠪᠢ ᠬᠢᠴᠢᠬᠡᠪᠡᠯ ᠬᠥᠮᠥᠰ ᠲᠤ ᠲᠦᠭᠦᠮ ᠳᠥᠲᠡ ᠦᠢᠯᠡᠴᠢᠯᠡᠭᠡ ᠬᠠᠩᠭᠠᠵᠤ ᠴᠢᠳᠠᠬᠤ ᠮᠥᠷᠲᠡᠭᠡᠨ ᠥᠪᠡᠷ ᠲᠡᠭᠡᠨ ᠴᠤ ᠪᠠᠭ᠎ᠠ ᠰᠠᠭ᠎ᠠ ᠤᠷᠤᠯᠭ᠎ᠠ ᠣᠯᠵᠤ ᠪᠣᠯᠣᠨ᠎ᠠ᠃ ᠬᠡᠦᠬᠡᠳ ᠲᠤᠰᠴᠦ ᠬᠦᠷᠭᠡᠬᠦ ᠴᠠᠭ ᠢ ᠴᠤ ᠰᠠᠭᠠᠲᠠᠭᠠᠬᠤ ᠦᠭᠡᠢ ᠁︾ ᠭᠡᠰᠡᠨ ᠪᠤᠳᠤᠯ ᠰᠠᠨᠠᠭᠠᠨ ᠳᠤᠨᠢ ᠤᠷᠭᠤᠯ᠎ᠠ᠃ ᠢᠩᠭᠢᠭᠡᠳ ᠯᠠ ᠡᠷ᠎ᠡ ᠨᠥᠬᠦᠷ ᠪᠠ ᠨᠠᠶᠢᠵᠠ ᠨᠥᠬᠦᠳ ᠤᠨ ᠢᠶᠠᠨ ᠳᠡᠮᠵᠢᠯᠭᠡ ᠪᠠᠷ ᠭᠡᠷ ᠲᠡᠭᠡᠨ ᠰᠡᠷᠢᠭᠦᠨ ᠨᠣᠭᠤᠭ᠎ᠠ ᠬᠢᠵᠦ ᠬᠤᠳᠠᠯᠳᠤᠬᠤ ᠪᠠᠷ ᠪᠣᠯᠵᠠᠢ᠃              ᠠᠯᠲᠠᠨᠴᠡᠴᠡᠭ ᠤᠤᠯ ᠠᠴᠠ ᠪᠠᠨ ᠭᠠᠯ ᠲᠣᠭᠤᠭᠠᠨ ᠤ ᠠᠵᠢᠯ ᠳᠤ ᠭᠠᠶᠢᠭᠤᠢ ᠳᠡᠮᠲᠡᠢ᠃ ᠭᠡᠷ ᠵᠠᠭᠤᠷ᠎ᠠ ᠪᠠᠨ ᠬᠡᠳᠦᠨ ᠨᠣᠭᠤᠭ᠎ᠠ ᠵᠠᠭᠤᠰᠢ ᠪᠡᠯᠡᠳᠬᠡᠵᠦ ᠵᠣᠴᠢᠨ ᠢᠶᠠᠨ ᠳᠠᠶᠢᠯᠠᠴᠢᠬᠠᠬᠤ ᠳᠤ ᠠᠯᠵᠢᠳᠠᠭ ᠦᠭᠡᠢ ᠤᠴᠢᠷ ᠠᠴᠠ ᠥᠨᠥ ᠵᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ ᠪᠤᠳᠤᠵᠦ ᠪᠠᠶᠢᠭᠰᠠᠨ ᠠᠵᠢᠯ ᠢᠶᠠᠨ ᠡᠬᠢᠯᠡᠭᠦᠯᠵᠡᠢ᠃ ︽ᠰᠡᠷᠢᠭᠦᠨ ᠨᠣᠭᠤᠭ᠎ᠠ ᠬᠢᠭᠡᠳ ᠬᠠᠭᠠᠰ ᠰᠠᠷ᠎ᠠ ᠪᠣᠯᠵᠤ ᠠᠷᠪᠠᠭᠠᠳ ᠬᠥᠮᠥᠨ ᠤ ᠵᠠᠬᠢᠶᠠᠯᠠᠭ᠎ᠠ ᠲᠤᠰᠤᠨ ᠮᠢᠩᠭᠠᠭᠠᠳ ᠲᠥᠭᠦᠷᠢᠭ ᠤᠨ ᠤᠷᠤᠯᠭ᠎ᠠ ᠡᠭᠦᠳᠦᠯ᠎ᠡ᠃ ᠪᠢ ᠰᠡᠷᠢᠭᠦᠨ ᠨᠣᠭᠤᠭ᠎ᠠ ᠬᠢᠬᠦ ᠳᠡᠭᠡᠨ ᠠᠮᠲᠠᠨ ᠤ ᠤᠭᠢ ᠮᠡᠲᠦ ᠶᠢᠨ ᠠᠮᠲᠠ ᠣᠷᠣᠭᠤᠯᠤᠭᠴᠢ ᠲᠠᠭ ᠬᠢᠳᠡᠭ ᠦᠭᠡᠢ ᠤᠴᠢᠷ ᠠᠴᠠ ᠢᠳᠡᠵᠦ ᠥᠩᠭᠡᠷᠡᠭᠰᠡᠨ ᠬᠥᠮᠥᠰ ᠶᠡᠭᠡ ᠳᠤᠷᠠᠲᠠᠢ᠂ ᠬᠡᠮᠵᠢᠶ᠎ᠡ ᠨᠢ ᠴᠤ ᠶᠡᠭᠡ ᠪᠠᠶᠢᠨ᠎ᠠ ᠭᠡᠵᠦ ᠬᠤᠶᠠᠷ ᠭᠤᠷᠪᠠᠨ ᠬᠥᠮᠥᠨ ᠶᠠᠷᠢᠬᠤ ᠶᠢ ᠰᠣᠨᠣᠰᠤᠯ᠎ᠠ᠃ ᠬᠡᠦᠬᠡᠳ ᠢᠶᠠᠨ ᠬᠠᠷᠠᠵᠤ ᠬᠠᠷᠠᠭᠠᠯᠵᠠᠬᠤ ᠶᠢᠨ ᠬᠠᠮᠲᠤ ᠪᠠᠭ᠎ᠠ ᠰᠠᠭ᠎ᠠ ᠤᠷᠤᠯᠭ᠎ᠠ ᠣᠯᠵᠤ ᠠᠵᠤ ᠠᠮᠢᠳᠤᠷᠠᠯ ᠳᠠᠭᠠᠨ ᠨᠡᠮᠡᠷᠢ ᠪᠤᠯᠭᠠᠵᠦ ᠪᠠᠶᠢᠭ᠎ᠠ ᠶᠤᠮ ᠴᠢᠨᠢ ᠰᠡᠳᠬᠢᠯ ᠶᠡᠭᠡ ᠬᠠᠨᠤᠮᠵᠢᠳᠠᠢ ᠪᠠᠶᠢᠨ᠎ᠠ︾ ᠭᠡᠵᠦ ᠠᠯᠲᠠᠨᠴᠡᠴᠡᠭ ᠶᠠᠷᠢᠨ᠎ᠠ᠃ ᠨᠣᠭᠤᠭ᠎ᠠ ᠵᠠᠭᠤᠰᠢ ᠶᠢᠨ ᠲᠦᠷᠦᠯ ᠵᠦᠢᠯ ᠤᠯᠠᠨ ᠪᠣᠯ ᠵᠣᠴᠢᠳ ᠥᠪᠡᠷ ᠤᠨ ᠳᠤᠷᠠᠲᠠᠢ ᠨᠣᠭᠤᠭ᠎ᠠ ᠵᠠᠭᠤᠰᠢ ᠪᠠᠨ ᠰᠣᠩᠭᠤᠵᠤ ᠪᠣᠯᠣᠨ᠎ᠠ᠃ ᠠᠯᠲᠠᠨᠴᠡᠴᠡᠭ ᠣᠳᠣᠬᠠᠨ ᠳᠤ ᠨᠡᠶᠢᠳᠡ ᠠᠷᠪᠠᠨ ᠬᠡᠳᠦᠨ ᠵᠦᠢᠯ ᠤᠨ ᠰᠡᠷᠢᠭᠦᠨ ᠨᠣᠭᠤᠭ᠎ᠠ ᠬᠢᠵᠦ ᠴᠢᠳᠠᠳᠠᠭ ᠪᠤᠯᠪᠠᠴᠦ ᠲᠢᠺ ᠲᠤᠺ ᠲᠠᠪᠴᠠᠩ ᠢ ᠠᠰᠢᠭᠯᠠᠨ ᠰᠢᠨ᠎ᠡ ᠨᠣᠭᠤᠭ᠎ᠠ ᠬᠢᠵᠦ ᠰᠤᠷᠬᠤ ᠪᠠᠷ ᠴᠢᠷᠮᠠᠶᠢᠵᠤ ᠪᠤᠢ᠃ ︽ᠪᠢ ᠪᠠᠭ᠎ᠠ ᠠᠴᠠ ᠪᠠᠨ ᠪᠠᠳᠠᠢ ᠶᠢᠨ ᠵᠢᠷᠠᠨ ᠪᠠᠯᠭᠠᠰᠤᠨ ᠳᠤ ᠥᠰᠴᠦ ᠲᠣᠮᠣᠭᠠᠵᠢᠵᠤ᠂ ᠮᠥᠨ ᠲᠡᠨᠳᠡ ᠪᠠᠨ ᠤᠳᠠᠭᠠᠨ ᠵᠢᠯ ᠠᠵᠢᠯᠯᠠᠵᠤ ᠠᠮᠢᠳᠤᠷᠠᠵᠤ ᠪᠠᠶᠢᠭᠰᠠᠨ ᠪᠣᠯᠬᠤᠷ ᠪᠠᠶᠠᠨᠬᠤᠲᠠ ᠳᠤ ᠨᠠᠶᠢᠵᠠ ᠨᠥᠬᠦᠳ᠂ ᠲᠦᠷᠦᠯ ᠰᠠᠳᠤᠨ ᠭᠡᠵᠦ ᠴᠥᠭᠡᠨ᠃ ᠭᠡᠯ᠎ᠡ ᠴᠤ ᠲᠠᠨᠢᠳᠠᠭ ᠭᠡᠳᠦ ᠨᠢ ᠨᠠᠳᠠᠳᠤ ᠲᠡᠮ ᠪᠣᠯᠵᠤ ᠵᠠᠷ ᠮᠡᠳᠡᠭᠡ ᠶᠢ ᠮᠢᠨᠢ ᠰᠠᠶᠢᠨ ᠲᠠᠷᠬᠠᠭᠠᠵᠤ ᠥᠭᠳᠡᠭ᠃ ᠤᠯᠠᠨ ᠤ ᠬᠦᠰᠡᠯ ᠨᠠᠶᠢᠳᠠᠯᠭ᠎ᠠ ᠪᠠ ᠳᠡᠮᠵᠢᠯᠭᠡ ᠶᠢ ᠬᠥᠰᠡᠷᠳᠡᠭᠦᠯᠬᠦ ᠦᠭᠡᠢ ᠪᠠᠷ ᠬᠤᠶᠢᠰᠢᠳᠠ ᠨᠣᠭᠤᠭ᠎ᠠ ᠵᠠᠭᠤᠰᠢ ᠬᠢᠬᠦ ᠳᠡᠭᠡᠨ ᠠᠷᠢᠭᠤᠨ ᠴᠡᠪᠡᠷ ᠢ ᠤᠯᠠᠮ ᠰᠠᠶᠢᠨ ᠠᠩᠬᠠᠷᠴᠤ᠂ ᠴᠢᠨᠠᠷ ᠴᠢᠨᠰᠠᠭ᠎ᠠ ᠪᠠᠨ ᠪᠠᠲᠤᠯᠠᠨ᠂ ᠠᠮᠲᠠ ᠰᠢᠮᠳᠠ ᠶᠢ ᠡᠷᠬᠢᠮᠯᠡᠨ᠎ᠡ᠃ ᠬᠥᠮᠥᠰ ᠶᠡᠷᠦᠨᠢ ᠬᠢᠵᠦ ᠪᠠᠶᠢᠭ᠎ᠠ ᠠᠵᠢᠯ ᠢᠶᠠᠨ ᠨᠠᠨᠳᠢᠩᠨᠠᠵᠤ᠂ ᠬᠦᠴᠦ ᠬᠥᠯᠥᠰᠦ ᠪᠠᠨ ᠤᠷᠤᠰᠬᠠᠨ ᠴᠢᠷᠮᠠᠶᠢᠳᠠᠭ ᠯᠠ ᠪᠣᠯ ᠯᠠᠪᠲᠠᠢ ᠪᠦᠲᠦᠮᠵᠢ ᠭᠠᠷᠭᠠᠵᠤ ᠴᠢᠳᠠᠨ᠎ᠠ︾ ᠭᠡᠵᠦ ᠠᠯᠲᠠᠨᠴᠡᠴᠡᠭ ᠠᠮᠢᠳᠤᠷᠠᠯ ᠳᠠᠭᠠᠨ ᠢᠲᠡᠭᠡᠯ ᠳᠦᠭᠦᠷᠡᠩ ᠶᠠᠷᠢᠨ᠎ᠠ᠃              ᠠᠯᠲᠠᠨᠴᠡᠴᠡᠭ ᠤᠨ ᠬᠡᠦᠬᠡᠨ ᠨᠢ ᠪᠠᠭ᠎ᠠ ᠰᠤᠷᠭᠠᠭᠤᠯᠢ ᠠᠴᠠ ᠠᠩᠬ᠎ᠠ ᠲᠤᠮᠳᠠᠳᠤ ᠳᠤ ᠲᠠᠪᠰᠢᠨ ᠰᠢᠨ᠎ᠡ ᠰᠤᠷᠤᠯᠭ᠎ᠠ ᠶᠢᠨ ᠱᠠᠲᠤᠨ ᠳᠤ ᠠᠯᠬᠤᠨ ᠣᠷᠣᠵᠤ᠂ ᠬᠦᠦ ᠨᠢ ᠴᠤ ᠬᠡᠦᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠶᠢᠨ ᠪᠣᠱᠤᠭ᠎ᠠ ᠶᠢ ᠠᠯᠬᠤᠨ ᠣᠷᠣᠯ᠎ᠠ᠃ ᠠᠯᠲᠠᠨᠴᠡᠴᠡᠭ ᠴᠤ ᠡᠷ᠎ᠡ ᠨᠥᠬᠦᠷ ᠲᠠᠢ ᠪᠠᠨ ᠬᠠᠮᠲᠤ ᠰᠢᠨ᠎ᠡ ᠪᠠᠷ ᠡᠬᠢᠯᠡᠭᠦᠯᠵᠦ ᠪᠠᠶᠢᠭ᠎ᠠ ᠠᠵᠢᠯ ᠦᠢᠯᠡᠰ᠂ ᠠᠮᠢᠳᠤᠷᠠᠯ ᠳᠠᠭᠠᠨ ᠤᠷᠮᠠᠲᠠᠢ ᠵᠣᠷᠢᠭᠲᠠᠢ ᠮᠡᠷᠡᠶᠢᠨ᠎ᠡ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号