ᠡᠯᠡᠰᠦᠨ ᠴᠦᠯ ᠤᠨ ᠬᠦᠷᠳᠦᠲᠦ ᠰᠠᠨᠳᠠᠯᠢ ᠶᠢᠨ ᠥᠷᠢᠰᠥᠯᠳᠦᠭᠴᠢ ᠶᠢᠨ ᠶᠡᠭᠡ ᠬᠤᠷᠠᠯ ᠤᠳᠠᠯ ᠦᠭᠡᠶ ᠡᠬᠢᠯᠡᠬᠦ ᠭᠡᠵᠦ ᠪᠠᠶᠢᠨ᠎ᠠ
ᠨᠡᠶᠢᠲᠡᠯᠡᠭᠰᠡᠨ ᠴᠠᠭ᠄
2024/9/30
   ᠭᠤᠷᠪᠠᠳᠤᠭᠠᠷ ᠬᠤᠭᠤᠴᠠᠭᠠᠨ ᠤ ᠺᠠᠶ ᠶᠠᠩ ᠬᠤᠨᠳᠠᠭᠠᠲᠤ ︵2024︶ ᠬᠦᠷᠳᠦᠲᠦ ᠰᠠᠨᠳᠠᠯᠢ ᠶᠢᠨ ᠥᠷᠢᠰᠥᠯᠳᠦᠭᠴᠢ ᠶᠢᠨ ᠶᠡᠭᠡ ᠬᠤᠷᠠᠯ 10 ᠰᠠᠷ᠎ᠠ ᠶᠢᠨ 10᠎ ᠤ ᠡᠳᠦᠷ ᠠᠴᠠ 11᠎ ᠤ ᠡᠳᠦᠷ ᠪᠣᠯᠲᠠᠯ᠎ᠠ ᠠᠯᠠᠱᠠ ᠵᠡᠭᠦᠨ ᠬᠤᠰᠢᠭᠤᠨ ᠤ ᠲᠩᠷᠢ ᠡᠯᠡᠰᠦᠨ ᠴᠦᠯ ᠤᠨ ᠬᠦᠰᠡᠯ ᠮᠥᠷᠦᠭᠡᠳᠦᠯ ᠤᠨ ᠴᠡᠴᠡᠷᠯᠢᠭ ᠲᠤ ᠦᠪᠡᠳᠡᠭᠰᠢ ᠶᠡᠭᠡ ᠪᠠᠷ ᠶᠠᠪᠤᠭᠳᠠᠬᠤ ᠪᠣᠯᠤᠨ᠎ᠠ᠃    ᠥᠨᠥᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠠᠯᠠᠱᠠ ᠠᠶᠢᠮᠠᠭ ᠤᠨ ᠵᠠᠬᠢᠷᠭ᠎ᠠ ᠠᠯᠠᠱᠠ ᠵᠡᠭᠦᠨ ᠬᠤᠰᠢᠭᠤᠨ ᠳᠤ ᠰᠣᠨᠢᠨ ᠮᠡᠳᠡᠭᠡ ᠨᠡᠪᠲᠡᠷᠡᠯᠴᠡᠬᠦ ᠬᠤᠷᠠᠯ ᠬᠢᠪᠠ᠃ ᠲᠠᠨᠢᠯᠴᠠᠭᠤᠯᠭ᠎ᠠ ᠶᠢᠨ ᠬᠤᠷᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠵᠢᠴᠢ ᠠᠯᠠᠱᠠ ᠠᠶᠢᠮᠠᠭ ᠤᠨ ᠵᠠᠬᠢᠷᠭ᠎ᠠ ᠬᠠᠮᠲᠤᠷᠠᠨ ᠡᠷᠭᠢᠯᠡᠵᠦ᠂ ᠠᠯᠠᠱᠠ ᠠᠶᠢᠮᠠᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶ᠎ᠡ ᠮᠠᠬᠠᠪᠣᠳ ᠤᠨ ᠬᠥᠭᠵᠢᠯ ᠤᠨ ᠪᠡᠷᠬᠡᠰᠢᠶᠡᠯ ᠲᠠᠢ ᠬᠦᠮᠦᠰ ᠤᠨ ᠨᠡᠶᠢᠭᠡᠮᠯᠢᠭ ᠠᠴᠠ ᠳᠠᠭᠠᠭᠠᠨ ᠡᠷᠭᠢᠯᠡᠪᠡ᠃ ᠲᠣᠰ ᠤᠳᠠᠭᠠᠨ ᠤ ᠶᠡᠭᠡ ᠬᠤᠷᠠᠯ ᠨᠢ ᠵᠡᠮᠳᠡᠭᠴᠦᠳ ᠤᠨ ᠲᠠᠰᠣᠷᠠᠯᠳᠠ ᠦᠭᠡᠢ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠬᠠᠮᠲᠤ ᠠᠯᠠᠱᠠ ᠠᠶᠢᠮᠠᠭ ᠤᠨ ᠵᠢᠭᠤᠯᠴᠢᠯᠠᠯ ᠪᠠ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃
   ᠤᠷᠤᠯᠳᠤᠭᠠᠨ ᠨᠢ ᠪᠠᠶᠠᠯᠢᠭ ᠰᠠᠶᠢᠬᠠᠨ ᠶᠠᠪᠤᠭᠳᠠᠵᠤ᠂ ᠬᠦᠷᠳᠦᠲᠦ ᠰᠠᠨᠳᠠᠯᠢ ᠶᠢᠨ ᠡᠯᠡᠰᠦᠨ ᠴᠦᠯ ᠤᠨ ᠵᠠᠰᠠᠮᠠᠯ ᠵᠠᠮ ᠤᠨ ᠪᠢᠴᠢᠯ ᠮᠠᠷᠠᠰᠤᠨ ᠤᠷᠤᠯᠳᠤᠭᠠᠨ᠂ ᠡᠯᠡᠰᠦᠨ ᠴᠦᠯ ᠤᠨ ᠶᠠᠪᠠᠭᠠᠨ ᠥᠷᠢᠰᠥᠯᠳᠦᠭᠡᠨ ᠤ ᠤᠷᠤᠯᠳᠤᠭᠠᠨ ︵ᠬᠠᠷᠠᠭ᠎ᠠ᠂ ᠰᠣᠨᠣᠷ᠂ ᠦᠭᠡ  ᠶᠠᠷᠢᠶᠠᠨ ᠤ ᠬᠥᠭᠵᠢᠯ ᠤᠨ ᠪᠡᠷᠬᠡᠰᠢᠶᠡᠯ ᠲᠠᠢ ᠬᠦᠮᠦᠰ︶ ᠵᠢᠴᠢ ᠡᠯᠡᠰᠦᠨ ᠴᠦᠯ ᠤᠨ ᠠᠮᠢᠳᠤᠷᠠᠯ ᠳᠤ ᠵᠣᠬᠢᠴᠠᠬᠤ ᠴᠢᠨᠠᠷᠲᠠᠢ ᠥᠷᠢᠰᠥᠯᠳᠦᠭᠡᠨ ᠤ ᠤᠷᠤᠯᠳᠤᠭᠠᠨ ᠵᠡᠷᠭᠡ ᠡᠯᠡᠰᠦᠨ ᠴᠦᠯ ᠤᠨ ᠤᠨᠴᠠᠯᠢᠬᠳᠤ ᠲᠦᠷᠦᠯ ᠵᠦᠢᠯ ᠢ ᠪᠠᠭᠲᠠᠭᠠᠭᠰᠠᠨ ᠪᠥᠭᠡᠳ ᠪᠠᠰᠠ ᠰᠣᠬᠤᠷ ᠬᠥᠮᠥᠨ ᠪᠣᠯᠤᠨ ᠬᠦᠷᠳᠦᠲᠦ ᠰᠠᠨᠳᠠᠯᠢ ᠶᠢᠨ ᠰᠠᠭᠠᠳ ᠲᠠᠢ 50 ᠮᠧᠲᠷ ᠤᠨ ᠪᠠᠭᠠᠨ᠎ᠠ ᠲᠣᠭᠤᠷᠢᠬᠤ ᠤᠷᠤᠯᠳᠤᠭᠠᠨ᠂ ᠬᠦᠷᠳᠦᠲᠦ ᠰᠠᠨᠳᠠᠯᠢ ᠶᠢᠨ 4 × 100 ᠮᠧᠲᠷ ᠤᠨ ᠪᠤᠤᠬᠢᠶ᠎ᠠ ᠤᠷᠤᠯᠳᠤᠭᠠᠨ ︵ᠪᠦᠯᠬᠦᠮ︶᠂ ᠬᠦᠷᠳᠦᠲᠦ ᠰᠠᠨᠳᠠᠯᠢ ᠶᠢᠨ 100 ᠮᠧᠲᠷ ᠤᠨ ᠤᠷᠤᠯᠳᠤᠭᠠᠨ ︵ᠬᠤᠪᠢ ᠬᠥᠮᠦᠨ︶᠂ ᠬᠦᠷᠳᠦᠲᠦ ᠰᠠᠨᠳᠠᠯᠢ ᠶᠢᠨ ᠨᠠᠭᠤᠷ ᠲᠣᠭᠤᠷᠢᠬᠤ ᠤᠷᠤᠯᠳᠤᠭᠠᠨ ︵ᠬᠤᠪᠢ ᠬᠥᠮᠦᠨ︶ ᠵᠢᠴᠢ ᠡᠯᠡᠰᠦᠨ ᠴᠥᠯ ᠤᠨ ᠳᠡᠭᠡᠰᠦ ᠲᠠᠲᠠᠬᠤ ᠤᠷᠤᠯᠳᠤᠭᠠᠨ ︵ᠵᠡᠮᠳᠡᠭ ᠪᠣᠯᠣᠨ ᠡᠷᠡᠭᠦᠯ ᠬᠦᠮᠦᠰ ᠬᠠᠮᠲᠣ︶ ᠵᠡᠷᠭᠡ ᠣᠷᠣᠯᠳᠣᠭᠠᠨ ᠢ ᠬᠠᠮᠤᠷᠪᠠ᠃ ᠡᠭᠦᠨ ᠠᠴᠠ ᠭᠠᠳᠠᠨ᠎ᠠ᠂ ᠶᠡᠭᠡ ᠬᠤᠷᠠᠯ ᠠᠴᠠ ᠪᠠᠰᠠ ᠮᠣᠩᠭᠤᠯ ᠦᠨᠳᠦᠰᠦᠲᠡᠨ ᠤ ᠪᠥᠬᠡ ᠪᠠᠷᠢᠯᠳᠤᠬᠤ᠂ ᠤᠯᠠᠮᠵᠢᠯᠠᠯᠲᠤ ᠰᠤᠷ ᠬᠠᠷᠪᠤᠬᠤ᠂ ᠲᠦᠳᠡᠭ ᠭᠠᠯ ᠤᠨ ᠦᠳᠡᠰᠢᠯᠡᠭᠡ ᠵᠢᠴᠢ ᠭᠡᠷᠡᠯ ᠵᠢᠷᠤᠭ ᠠᠪᠬᠤ ᠵᠡᠷᠭᠡ ᠡᠯᠡᠰᠦᠨ ᠴᠦᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠲᠣᠬᠢᠷᠠᠭᠤᠯᠵᠤ᠂ ᠡᠨᠡ ᠪᠦᠬᠦᠨ ᠨᠢ ᠣᠷᠣᠯᠴᠠᠭᠰᠠᠳ ᠲᠤ ᠡᠯᠡᠰᠦᠨ ᠴᠦᠯ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠮᠡᠳᠡᠷᠡᠭᠦᠯᠬᠦ ᠶᠢᠨ ᠲᠥᠯᠥᠭᠡ ᠶᠤᠮ᠃ ᠠᠵᠢᠯᠯᠠᠭ᠎ᠠ ᠨᠢ ᠪᠥᠬᠦ ᠤᠯᠤᠰ ᠤᠨ ᠬᠡᠪᠴᠢᠶᠡᠨ ᠳᠤ 340 ᠬᠦᠷᠳᠦᠲᠦ ᠰᠠᠨᠳᠠᠯᠢ ᠶᠢᠨ ᠬᠡᠷᠡᠭᠯᠡᠭᠴᠢ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢ ᠣᠷᠣᠯᠴᠠᠭᠤᠯᠵᠤ᠂ ᠬᠡᠪᠴᠢᠶ᠎ᠡ ᠨᠢ ᠤᠷᠢᠳ ᠡᠮᠦᠨ᠎ᠡ ᠪᠠᠶᠢᠭ᠎ᠠ ᠥᠬᠡᠶ  ᠪᠣᠯᠪᠠ᠃    ᠣᠶᠢᠯᠠᠭᠠᠭᠰᠠᠨ ᠢᠶᠠᠷ᠂ ᠬᠤᠶᠠᠳᠤᠭᠠᠷ ᠬᠤᠭᠤᠴᠠᠭᠠᠨ ᠤ ᠡᠯᠡᠰᠦᠨ ᠴᠥᠯ ᠤᠨ ᠬᠦᠷᠳᠦᠲᠦ ᠰᠠᠨᠳᠠᠯᠢ ᠶᠢᠨ ᠥᠷᠢᠰᠥᠯᠳᠦᠭᠴᠢ ᠶᠢᠨ ᠶᠡᠭᠡ ᠬᠤᠷᠠᠯ ᠢ 2023 ᠣᠨ ᠳᠤ ᠠᠮᠵᠢᠯᠲᠠ ᠲᠠᠢ ᠡᠷᠬᠢᠯᠡᠵᠦ᠂ ᠨᠡᠶᠢᠲᠡ 10 ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠪᠥᠬᠦ ᠤᠯᠤᠰ ᠤᠨ 17 ᠮᠤᠵᠢ ᠬᠤᠲᠠ ᠶᠢᠨ 18 ᠲᠥᠯᠥᠭᠡᠯᠡᠭᠴᠢᠳ ᠤᠨ ᠠᠩᠭᠢ᠂ ᠨᠡᠶᠢᠲᠡ 137 ᠵᠡᠮᠳᠡᠭ ᠲᠠᠮᠢᠷᠴᠢᠨ ᠢᠳᠡᠪᠬᠢᠲᠡᠶ ᠣᠷᠣᠯᠴᠠᠵᠤ᠂ ᠲᠡᠭᠦᠰ ᠠᠮᠵᠢᠯᠲᠠ ᠤᠯᠪᠠ᠃ ᠲᠣᠰ ᠤᠳᠠᠭᠠᠨ ᠤ ᠭᠤᠷᠪᠠᠳᠤᠭᠠᠷ ᠬᠤᠭᠤᠴᠠᠭᠠᠨ ᠤ ᠶᠡᠭᠡ ᠬᠤᠷᠠᠯ ᠢ ᠡᠷᠭᠢᠯᠡᠭᠰᠡᠨ ᠨᠢ ᠵᠡᠮᠳᠡᠭᠴᠦᠳ ᠢ ᠠᠩᠬᠠᠷᠬᠤ᠂ ᠵᠡᠮᠳᠡᠭᠴᠦᠳ ᠪᠠ ᠡᠷᠡᠭᠦᠯ ᠬᠦᠮᠦᠰ ᠤᠨ ᠤᠶᠠᠯᠳᠤᠭᠤᠯᠬᠤ ᠶᠢ ᠠᠬᠢᠭᠤᠯᠬᠤ ᠨᠡᠶᠢᠭᠡᠮ ᠤᠨ ᠥᠷᠨᠢᠯᠲᠡ ᠶᠢ ᠳᠠᠬᠢᠨᠲᠠ ᠪᠣᠶ ᠪᠣᠯᠭᠠᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号