ᠠᠯᠠᠱᠠ ᠵᠡᠭᠦᠨ ᠬᠤᠰᠢᠭᠤᠨ ᠤ ᠠᠢ ᠮᠦᠸᠧ ᠰᠣᠶᠣᠯ ᠤᠷᠠᠯᠢᠭ ᠤᠨ ᠬᠢᠵᠠᠭᠠᠷᠲᠤ ᠺᠤᠮᠫᠠᠨᠢ ᠶᠢᠨ ᠰᠤᠷᠭᠠᠭᠤᠯᠢ ᠡᠷᠭᠢᠯᠡᠭᠦ ᠶᠢ ᠵᠣᠭᠰᠤᠭᠠᠬᠤ ᠵᠥᠪᠰᠢᠶᠡᠷᠡᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/9/30
                        ᠠᠯᠠᠱᠠ ᠵᠡᠭᠦᠨ ᠬᠤᠰᠢᠭᠤᠨ ᠤ ᠠᠢ ᠮᠦᠸᠧ ᠰᠣᠶᠣᠯ ᠤᠷᠠᠯᠢᠭ ᠤᠨ ᠬᠢᠵᠠᠭᠠᠷᠲᠤ ᠺᠤᠮᠫᠠᠨᠢ ᠶᠢᠨ ᠭᠤᠶᠤᠴᠢᠯᠠᠯ ᠢᠶᠠᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾᠎ ᠶᠢᠨ ᠲᠠᠪᠢᠨ ᠵᠢᠷᠭᠤᠳᠤᠭᠠᠷ ᠵᠦᠢᠯ᠂ ᠲᠠᠪᠢᠨ ᠳᠣᠯᠣᠳᠤᠭᠠᠷ ᠵᠦᠢᠯ᠂ ᠲᠠᠪᠢᠨ ᠨᠠᠢᠮᠠᠳᠤᠭᠠᠷ ᠵᠦᠢᠯ᠂ ᠲᠠᠪᠢ ᠶᠢᠰᠦᠳᠦᠭᠡᠷ ᠵᠦᠢᠯ᠂ ᠵᠢᠷᠠᠳᠤᠭᠠᠷ ᠵᠦᠢᠯ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢ ᠬᠡᠷᠡᠭᠵᠢᠭᠦᠯᠬᠦ ᠳᠦᠷᠢᠮ︾᠎ ᠤᠨ ᠲᠠᠪᠢᠳᠤᠭᠠᠷ ᠵᠦᠢᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠲᠣᠭᠲᠠᠭᠠᠯ ᠢ ᠦᠨᠳᠦᠰᠦᠯᠡᠨ᠂ ᠰᠤᠳᠤᠯᠬᠤ ᠪᠠᠷ ᠳᠠᠮᠵᠢᠨ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠠᠯᠠᠱᠠ ᠵᠡᠭᠦᠨ ᠬᠤᠰᠢᠭᠤᠨ ᠤ ᠠᠢ ᠮᠦᠸᠧ ᠰᠣᠶᠣᠯ ᠤᠷᠠᠯᠢᠭ ᠤᠨ ᠬᠢᠵᠠᠭᠠᠷᠲᠤ ᠺᠤᠮᠫᠠᠨᠢ ᠶᠢᠨ ᠰᠤᠷᠭᠠᠭᠤᠯᠢ ᠡᠷᠭᠢᠯᠡᠭᠦ ᠪᠠᠨ ᠵᠣᠬᠰᠣᠬᠤ ᠶᠢ ᠵᠥᠪᠰᠢᠶᠡᠷᠡᠵᠦ᠂ ᠡᠳᠦᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠣᠣᠷᠠᠬᠢ ᠮᠡᠲᠦ ᠨᠡᠶᠢᠲᠡᠯᠡᠵᠦ ᠪᠤᠢ᠂ ᠨᠡᠶᠢᠲᠡᠯᠡᠭᠰᠡᠨ ᠡᠳᠦᠷ ᠬᠤᠭᠤᠴᠠᠭ᠎ᠠ ᠨᠢ 2024 ᠣᠨ ᠤ 10 ᠰᠠᠷ᠎ᠠ ᠶᠢᠨ 31᠎ ᠤ ᠡᠳᠦᠷ ᠠᠴᠠ 2024 ᠣᠨ ᠤ 11 ᠰᠠᠷ᠎ᠠ ᠶᠢᠨ 8᠎ ᠤ ᠡᠳᠦᠷ ᠪᠤᠯᠲᠠᠯ᠎ᠠ᠄       ᠪᠠᠶᠢᠭᠤᠯᠤᠮᠵᠢ ᠶᠢᠨ ᠨᠡᠷᠡᠶᠢᠳᠦᠯ᠄ ᠠᠯᠠᠱᠠ ᠵᠡᠭᠦᠨ ᠬᠤᠰᠢᠭᠤᠨ ᠤ ᠠᠢ ᠮᠦᠸᠧ ᠰᠣᠶᠣᠯ ᠤᠷᠠᠯᠢᠭ ᠤᠨ ᠬᠢᠵᠠᠭᠠᠷᠲᠤ ᠺᠤᠮᠫᠠᠨᠢ       ᠲᠠᠯᠠᠪᠤᠷ ᠤᠨ ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠳ᠋ᠢᠩ ᠶᠤᠸᠠᠨ ᠶᠢᠩ 1 -109 ᠳ᠋ᠦ᠋ᠭᠡᠷ ᠲᠣᠭᠠᠲᠤ       ᠬᠠᠷᠢᠭᠤᠴᠠᠯᠭᠠᠲᠠᠨ᠄ ᠯᠥᠸᠧ ᠶᠦᠩ ᠴᠢᠩ       ᠰᠤᠷᠭᠠᠭᠤᠯᠢ ᠶᠢᠨ ᠲᠥᠷᠥᠯ ᠭᠡᠯᠪᠡᠷᠢ᠄ ᠰᠣᠶᠣᠯ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ       ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ᠂ ᠠᠯᠠᠱᠠ ᠵᠡᠭᠦᠨ ᠬᠤᠰᠢᠭᠤᠨ ᠤ ᠠᠢ ᠮᠦᠸᠧ ᠰᠣᠶᠣᠯ ᠤᠷᠠᠯᠢᠭ ᠤᠨ ᠬᠢᠵᠠᠭᠠᠷᠲᠤ ᠺᠤᠮᠫᠠᠨᠢ ᠰᠤᠷᠭᠠᠭᠤᠯᠢ ᠡᠷᠭᠢᠯᠡᠭᠦ ᠬᠢᠷᠢ ᠭᠡᠮ ᠢ ᠪᠦᠷᠢᠳᠦᠭᠦᠯᠦᠭᠰᠡᠨ ᠦᠭᠡᠢ᠂ ᠡᠨᠡ ᠬᠤᠭᠤᠴᠠᠭᠠᠨ ᠳᠤ ᠶᠠᠮᠠᠷᠪᠠ ᠰᠤᠷᠭᠠᠭᠤᠯᠢ ᠡᠷᠭᠢᠯᠡᠭᠦ ᠠᠵᠢᠯᠯᠠᠭ᠎ᠠ ᠬᠢᠵᠦ ᠪᠤᠯᠬᠤ ᠦᠭᠡᠢ᠂ ᠬᠡᠷᠪᠡ ᠵᠥᠷᠢᠴᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠺᠤᠮᠫᠠᠨᠢ ᠶᠢᠨ ᠬᠠᠷᠢᠭᠤᠴᠠᠯᠭᠠᠲᠠᠨ ᠨᠢ ᠲᠣᠭᠲᠠᠭᠠᠯ ᠶᠣᠰᠣᠭᠠᠷ ᠥᠪᠡᠰᠦᠪᠡᠨ ᠵᠣᠬᠢᠶᠠᠨ ᠪᠠᠶᠢᠭᠤᠯᠤᠨ ᠢᠯᠭᠠᠷᠠᠭᠤᠯᠤᠨ ᠪᠤᠳᠣᠬᠤ ᠶᠢᠨ ᠬᠠᠮᠲᠤ ᠳᠠᠩᠰᠠᠯᠠᠬᠤ ᠪᠠᠶᠢᠭᠤᠯᠤᠯᠭ᠎ᠠ ᠳᠤ ᠳᠠᠩᠰᠠᠯᠠᠭᠤᠯᠤᠭᠰᠠᠨ ᠢᠶᠠᠨ ᠬᠦᠴᠦᠨ ᠦᠭᠡᠢ ᠪᠤᠯᠭᠠᠬᠤ ᠭᠠᠷᠳᠠᠮ ᠢ ᠴᠠᠭ ᠲᠤᠬᠠᠢ ᠳᠤᠨᠢ ᠭᠦᠢᠴᠡᠳᠬᠡᠬᠦ ᠬᠡᠷᠡᠭᠲᠡᠢ᠃       ᠵᠠᠷᠯᠠᠬᠤ ᠬᠤᠭᠤᠴᠠᠭᠠᠨ ᠳᠤ ᠶᠠᠮᠠᠷᠪᠠ ᠨᠢᠭᠡᠴᠡ ᠪᠤᠶᠤ ᠬᠤᠪᠢ ᠬᠥᠮᠥᠨ ᠬᠡᠷᠪᠡ ᠣᠨᠳᠣᠣ ᠰᠠᠨᠠᠯ ᠲᠠᠢ ᠪᠣᠯ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶ᠎ᠠ ᠲᠠᠢ ᠬᠠᠷᠢᠯᠴᠠᠭᠠᠷᠠᠢ᠃ ᠨᠡᠶᠢᠲᠡᠯᠡᠬᠦ ᠬᠤᠭᠤᠴᠠᠭ᠎ᠠ ᠨᠢ ᠳᠠᠭᠤᠰᠪᠠᠯ᠂ ᠣᠨᠳᠣᠣ ᠰᠠᠨᠠᠯ ᠦᠭᠡᠢ ᠬᠠᠷᠢᠭᠤ ᠲᠤᠰᠬᠠᠯᠲᠠ ᠦᠭᠡᠢ᠂ ᠮᠠᠨ ᠤ ᠲᠣᠪᠴᠢᠶ᠎ᠠ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃       ᠬᠠᠷᠢᠯᠴᠠᠬᠤ ᠤᠲᠠᠰᠤ᠄ 0483 - 8222195       ᠬᠠᠷᠢᠯᠴᠠᠬᠤ ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠡᠳ᠋ ᠤᠨ ᠵᠠᠰᠠᠭ ᠤᠨ ᠶᠡᠭᠡ ᠠᠰᠠᠷ ᠤᠨ ᠨᠢᠭᠡᠳᠦᠭᠡᠷ ᠠᠰᠠᠷ      ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ               ᠮᠡᠳᠡᠭᠡ ᠵᠠᠩᠭᠢ ᠶᠢᠨ ᠢᠷᠡᠯᠲᠡ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号