ᠬᠠᠨ ᠲᠡᠭᠷᠢ ᠶᠢᠨ ᠪᠠᠶᠠᠨ ᠬᠡᠰᠢᠭ
ᠨᠡᠶᠢᠲᠡᠯᠡᠭᠰᠡᠨ ᠴᠠᠭ᠄
2024/9/30
                         - ᠠᠯᠠᠱᠠ ᠶᠢᠨ ᠡᠯᠡᠰᠦ ᠪᠠ ᠨᠠᠭᠤᠷ              ᠠᠯᠠᠱᠠ ᠶᠢᠨ ᠨᠤᠲᠤᠭ ᠳᠡᠪᠢᠰᠬᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ ᠪᠠᠶᠢᠳᠠᠭ᠃ ᠡ᠊ᠡᠳᠡ ᠳᠡᠯᠡᠬᠡᠢ ᠶᠢᠨ ᠴᠣᠷ ᠤᠨ ᠭᠠᠭᠴᠠ ᠡᠯᠡᠰᠦ ᠮᠠᠩᠬᠠᠨ ᠪ᠊ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠠᠶᠢᠬᠤ ᠪᠠᠷ ᠪᠠᠷᠠᠬᠤ ᠦᠭᠡᠢ᠂ ᠪᠠᠰᠠ ︽ᠳᠡᠯᠡᠬᠡᠢ ᠶᠢᠨ ᠥᠪ ᠤᠨ ᠨᠡᠷᠡᠰ ᠤᠨ ᠵᠢᠭᠰᠠᠭᠠᠯᠲᠠ︾᠎ ᠳᠤ ᠣᠷᠣᠭᠰᠠᠨ ︽ᠪᠠᠳᠠᠢ ᠶᠢᠨ ᠵᠢᠷᠠᠨ ᠡᠯᠡᠰᠦ - ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ︾ ᠪᠤᠶ᠃ ᠠᠯᠲᠠᠨ ᠰᠢᠷᠭᠠᠯ ᠡᠯᠡᠰᠦ᠂ ᠥᠩᠭᠡ ᠢᠯᠭᠠᠷᠠᠭᠰᠠᠨ ᠨᠠᠭᠤᠷ ᠪᠦᠷᠢᠳᠦ ᠳᠤ ᠭᠠᠶᠢᠬᠠᠮᠰᠢᠭᠲᠤ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠢᠯᠭᠠᠷᠠᠨ ᠂ ︽ᠬᠠᠨ ᠲᠡᠭᠷᠢ ᠠᠯᠠᠱᠠ︾᠎ ᠶᠢᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ ᠪᠠᠶᠢᠳᠠᠭ᠃              ᠳᠡᠯᠡᠬᠡᠢ ᠶᠢᠨ ᠥᠪ ᠪᠣᠯ ᠠᠮᠢᠳᠤ ᠥᠪ ᠮᠥᠨ᠂ ᠲᠡᠷᠡ ᠨᠢ ᠲᠡᠦᠬᠡᠨ ᠳᠤ ᠬᠠᠷᠢᠶᠠᠯᠠᠭᠳᠠᠬᠤ ᠪᠠᠷ ᠪᠠᠷᠠᠬᠤ ᠦᠭᠡᠢ᠂ ᠨᠡᠩ ᠴᠤ ᠣᠳᠣ ᠪᠠ ᠢᠷᠡᠭᠡᠳᠦᠢ ᠳᠤ ᠬᠠᠷᠢᠶᠠᠯᠠᠭᠳᠠᠨ᠎ᠠ᠃ ᠦᠶ᠎ᠡ ᠶᠢᠨ ᠦᠶ᠎ᠡ ᠳᠡᠭᠡᠨ ᠰᠠᠬᠢᠨ ᠬᠠᠮᠠᠭᠠᠯᠠᠬᠤ ᠶᠢ ᠱᠠᠭᠠᠷᠳᠠᠬᠤ ᠪᠠᠷ ᠪᠠᠷᠠᠬᠤ ᠦᠭᠡᠢ ᠨᠡᠩ ᠴᠤ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠬᠡᠷᠡᠭᠲᠡᠢ᠃ ᠤᠯᠠᠨ ᠵᠢᠯ ᠤᠨ ᠲᠤᠷᠰᠢ᠂ ᠬᠥᠮᠥᠨ ᠪᠣᠯᠣᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠪᠠᠷ ᠬᠠᠷᠠᠯᠲᠠ ᠪᠤᠯᠭᠠᠵᠤ᠂ ᠠᠯᠠᠱᠠ ᠠᠶᠢᠮᠠᠭ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠶᠢᠨ ᠬᠠᠮᠲᠤ᠂ ᠡᠯᠡᠰᠦ ᠮᠠᠩᠬ᠎ᠠ᠂ ᠨᠠᠭᠤᠷ ᠪᠦᠷᠢᠳᠦ ᠵᠡᠷᠭᠡ ᠪᠠᠶᠢᠭᠠᠯᠢ ᠶᠢᠨ ᠥᠪ ᠤᠨ ᠬᠠᠮᠠᠭᠠᠯᠠᠯᠲᠠ᠂ ᠵᠠᠰᠠᠯᠲᠠ ᠪᠣᠯᠣᠨ ᠠᠰᠢᠭᠯᠠᠯᠲᠠ ᠶᠢ ᠶᠡᠬᠡᠪᠡᠷ ᠴᠢᠩᠭᠠᠳᠬᠠᠵᠤ᠂ ᠣᠨᠴᠠᠯᠢᠭᠲᠤ ᠰᠣᠶᠣᠯ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠦᠷᠭᠦᠯᠵᠢᠯᠡᠨ ᠠᠯᠳᠠᠷᠰᠢᠭᠤᠯᠤᠨ᠂ ᠠᠯᠠᠱᠠ ᠶᠢᠨ ᠡᠯᠡᠰᠦ ᠪᠣᠯᠣᠨ ᠨᠠᠭᠤᠷ ᠤᠨ ᠦᠵᠡᠮᠵᠢ ᠶᠢ ᠬᠥᠮᠥᠰ ᠲᠤ ᠭᠠᠶᠢᠬᠠᠭᠤᠯᠤᠨ ᠦᠵᠡᠭᠦᠯᠵᠦ᠂ ᠵᠤᠭᠠᠴᠠᠭᠰᠠᠳ ᠤᠨ ᠠᠩᠬᠠᠷᠤᠯ ᠢ ᠤᠯᠠᠮ ᠲᠠᠲᠠᠭᠰᠠᠨ ᠪᠠᠶᠢᠨ᠎ᠠ᠃                
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号