| | ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠲᠠᠰᠤᠷᠠᠯᠲᠠ ᠦᠭᠡᠢ ᠰᠢᠨᠡᠳᠴᠦ | ᠪᠠᠶᠢᠨ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠣᠶᠢᠷ᠎ᠠ ᠶᠢᠨ ᠬᠤᠭᠤᠴᠠᠭᠠᠨ ᠳᠤ ᠳᠡᠩᠨᠡᠨ | ᠪᠠᠶᠢᠴᠠᠭᠠᠭᠰᠠᠨ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠬᠡᠷᠡᠭ ᠲᠠᠢ ᠤᠶᠠᠯᠳᠤᠭᠤᠯᠤᠨ᠂ ᠴᠠᠭᠢᠯᠭᠠᠨ | ᠬᠤᠯᠪᠤᠭ᠎ᠠ ᠰᠦᠯᠵᠢᠶᠡᠨ ᠤ ᠮᠡᠬᠡᠯᠡᠭᠴᠢᠳ ᠤᠨ ᠦᠷᠭᠦᠯᠵᠢ ᠠᠰᠢᠭᠯᠠᠳᠠᠭ ᠬᠡᠳᠦᠨ ᠵᠦᠢᠯ ᠤᠨ ᠮᠡᠬᠡᠯᠡᠯ ᠤᠨ | ᠨᠢᠭᠤᠴᠠ ᠶᠢ ᠢᠯᠡᠴᠢᠯᠡᠵᠦ᠂ ᠠᠷᠠᠳ ᠢᠷᠭᠡᠳ ᠤᠨ ᠮᠥᠩᠭᠦ ᠵᠣᠭᠤᠰ ᠢᠶᠠᠨ ᠮᠡᠬᠡᠯᠡᠭᠳᠡᠬᠦ ᠠᠴᠠ ᠬᠢᠴᠢᠶᠡᠬᠦ ᠶᠢ | ᠣᠨᠴᠠᠭᠠᠶᠢᠯᠠᠨ ᠰᠠᠨᠠᠭᠤᠯᠵᠠᠢ᠃ | ᠮᠡᠬᠡᠯᠡᠯ ᠨᠢᠭᠡ᠄ ︽ᠪᠠᠲᠤᠲᠠᠢ ᠬᠤᠨᠵᠢᠬᠤ ᠠᠴᠠ ᠪᠢᠰᠢ ᠬᠤᠨᠵᠢᠭᠳᠠᠬᠤ ᠦᠭᠡᠢ︾ | APP ᠶᠢ ᠰᠠᠭᠤᠯᠭᠠᠪᠠᠯ ᠳᠠᠷᠤᠢ ᠪᠡᠯᠡ ᠣᠷᠣᠭᠤᠯᠤᠨ ᠡᠳ᠋ ᠤᠨ ᠶᠠᠪᠤᠳᠠᠯ ᠢ ᠬᠠᠮᠢᠶᠠᠷᠴᠤ ᠪᠣᠯᠣᠨ᠎ᠠ᠂ | ᠬᠡᠳᠦᠢ ᠠᠷᠪᠢᠨ ᠪᠡᠯᠡ ᠣᠷᠣᠭᠤᠯᠪᠠᠯ ᠲᠡᠳᠦᠢ ᠶᠡᠭᠡ ᠣᠯᠵᠤ᠂ ᠨᠢᠭᠡ ᠯᠡ ᠳᠣᠶ᠋ᠢᠪᠠᠯ ᠪᠡᠯᠡᠨ ᠵᠣᠭᠤᠰ ᠭᠠᠷᠭᠠᠨ ᠠᠪᠴᠤ | ᠂ ᠳᠠᠷᠤᠢ ᠳᠤᠨᠢ ᠲᠠᠩᠰᠠᠨ ᠳᠤ ᠣᠷᠣᠨ᠎ᠠ ᠁ ᠡᠨᠡ ᠶᠢ ᠬᠠᠷᠠᠭᠠᠳ ᠤᠯᠠᠨᠬᠭᠢ ᠬᠥᠮᠥᠰ ᠮᠠᠰᠢ ᠰᠡᠳᠬᠢᠯ ᠬᠥᠳᠡᠯᠬᠦ | ᠪᠠᠶᠢᠬ᠎ᠠ︖ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠪᠣᠯ ᠬᠥᠮᠥᠰ ᠤᠨ ᠵᠣᠭᠤᠰ ᠮᠥᠩᠭᠦ ᠶᠢ | ᠬᠠᠮᠢᠶᠠᠷᠬᠤ ᠨᠢᠭᠡ ᠵᠦᠢᠯ ᠤᠨ ᠠᠷᠭ᠎ᠠ ᠭᠡᠯᠪᠡᠷᠢ ᠮᠥᠨ᠂ ᠮᠡᠬᠡᠯᠡᠭᠴᠢ ᠴᠦ ᠡᠨᠡ ᠬᠦ ᠴᠠᠭ ᠲᠣᠭᠢᠶᠠᠯ ᠢ ᠠᠯᠳᠠᠵᠤ | ᠶᠠᠪᠤᠭᠤᠯᠬᠤ ᠦᠭᠡᠢ ᠲᠤᠯᠠ᠂ ᠲᠠᠨ ᠤ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠦᠶ᠎ᠡ ᠳᠤ ᠲᠡᠳᠡ | ᠨᠢᠭᠡᠨᠲᠡ ᠮᠡᠬᠡᠯᠡᠯ ᠤᠨ ᠭᠠᠷ ᠢᠶᠠᠨ ᠲᠠᠨ ᠤ ︽ᠬᠠᠷᠮᠠᠨ︾ ᠳᠤ ᠰᠢᠷᠭᠤᠭᠤᠯᠤᠭᠰᠠᠨ ᠪᠠᠶᠢᠳᠠᠭ᠃ | ᠬᠤᠲᠠ ᠶᠢᠨ ᠠᠷᠠᠳ ᠵᠠᠩ ᠠᠪᠤᠭᠠᠢ ᠴᠠᠭᠳᠠᠭ᠎ᠠ ᠳᠤ ᠬᠡᠷᠡᠭ ᠮᠡᠳᠡᠭᠦᠯᠬᠦ ᠳᠡᠭᠡᠨ᠂ ᠲᠡᠷᠡ ᠣᠬᠤᠷ | ᠸᠢᠳᠢᠤ᠋ ᠪᠠᠷ ᠰᠠᠨᠠᠮᠰᠠᠷ ᠦᠭᠡᠢ ᠪᠡᠯᠡ ᠣᠷᠣᠭᠤᠯᠤᠯᠲᠠ ᠶᠢᠨ ᠲᠡᠮᠳᠡᠭᠲᠦ ᠶᠢᠨ ᠮᠡᠳᠡᠯᠭᠡ ᠶᠢᠨ ᠬᠠᠮᠢᠶᠠᠲᠠᠢ ᠪᠢᠴᠢᠯᠭᠡ ᠶᠢ | ᠣᠯᠵᠤ ᠬᠠᠷᠠᠭᠠᠳ᠂ ᠨᠠᠩ ᠣᠯᠠᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠤᠷ᠎ᠠ | ᠮᠡᠷᠭᠡᠵᠢᠯ ᠢ ᠰᠤᠷᠤᠯᠴᠠᠬᠤ ᠶᠢᠨ ᠲᠥᠯᠥᠭᠡ᠂ ᠪᠢᠴᠢᠯᠭᠡ ᠳᠡᠭᠡᠷᠡᠬᠢ QQ ᠳ᠋ᠤᠭᠠᠷ ᠢ ᠨᠡᠮᠡᠵᠦ ᠨᠥᠭᠦᠭᠡ ᠬᠥᠮᠥᠨ ᠲᠠᠢ | ᠬᠠᠷᠢᠯᠴᠠᠭᠰᠠᠨ ᠪᠠᠶᠢᠨ᠎ᠠ᠃ ᠤᠳᠠᠯ ᠦᠭᠡᠢ ᠨᠥᠭᠦᠭᠡ ᠬᠥᠮᠥᠨ ᠨᠢ ᠲᠡᠭᠦᠨ ᠢ ᠨᠢᠭᠡ ᠬᠤᠯᠪᠤᠭ᠎ᠠ ᠳᠤ ᠣᠷᠣᠭᠤᠯᠪᠠ᠃ | ᠬᠤᠯᠪᠤᠭ᠎ᠠ ᠳᠤ ᠵᠠᠷᠢᠮ ᠨᠢᠭᠡ ᠨᠢ ᠦᠨᠡᠲᠦ ᠲᠡᠮᠳᠡᠭᠲᠦ ᠪᠣᠯᠣᠨ ᠰᠲ᠋ᠣᠺ ᠤᠨ ᠲᠤᠬᠠᠢ ᠮᠡᠳᠡᠯᠭᠡ ᠶᠢ | ᠲᠠᠨᠢᠯᠴᠠᠭᠤᠯᠤᠭᠰᠠᠨ ᠳᠤ ᠵᠠᠩ ᠠᠪᠤᠭᠠᠢ ᠵᠢᠭᠠᠪᠤᠷᠢ ᠶᠣᠰᠣᠭᠠᠷ ᠨᠢᠭᠡ ᠵᠦᠢᠯ ᠤᠨ ᠬᠠᠭᠤᠷᠮᠠᠭ ᠰᠲ᠋ᠣᠺ ᠠᠷᠠᠯᠵᠢᠶᠠᠯᠠᠬᠤ | APP ᠰᠠᠭᠤᠯᠭᠠᠭᠰᠠᠨ ᠪᠥᠭᠡᠳ ᠬᠤᠶᠢᠨ᠎ᠠ ᠡᠮᠦᠨ᠎ᠡ 7 ᠤᠳᠠᠭ᠎ᠠ ᠲᠤᠰ APP ᠳᠤ ︽ᠰᠲ᠋ᠣᠺ ᠠᠷᠠᠯᠵᠢᠶᠠᠯᠠᠬᠤ︾ | ᠪᠠᠷ ᠵᠣᠭᠤᠰ ᠨᠡᠮᠡᠵᠡᠢ᠃ APP ᠳᠣᠲᠣᠷᠠᠬᠢ ︽ᠠᠰᠢᠭ ᠣᠷᠣᠯᠭ᠎ᠠ︾ ᠨᠢ ᠨᠡᠮᠡᠭᠳᠡᠭᠰᠡᠨ ᠤ ᠳᠠᠷᠠᠭ᠎ᠠ᠂ ᠲᠡᠷᠡ | ᠮᠥᠩᠭᠦ ᠪᠠᠨ ᠭᠠᠷᠭᠠᠨ ᠠᠪᠬᠤ ᠭᠡᠰᠡᠨ ᠳᠤ ᠬᠠᠷᠢᠨ ᠪᠡᠯᠡᠨ ᠵᠣᠭᠤᠰ ᠭᠠᠷᠭᠠᠨ ᠠᠪᠴᠤ ᠴᠢᠳᠠᠬᠤ ᠦᠭᠡᠢ ᠪᠣᠯᠪᠠ᠃ | ᠲᠡᠭᠡᠭᠡᠳ ᠲᠡᠷᠡ ᠦᠢᠯᠡᠴᠢᠯᠡᠭᠴᠢ ᠠᠴᠠ ᠠᠰᠠᠭᠤᠨ ᠯᠠᠪᠯᠠᠭᠰᠠᠨ ᠳᠤ ᠨᠥᠭᠦᠭᠡ ᠡᠲᠡᠭᠡᠳ ᠨᠢ ᠬᠠᠷᠢᠨ ᠲᠡᠭᠦᠨ ᠳᠤ | ᠪᠡᠯᠡᠨ ᠵᠣᠭᠤᠰ ᠭᠠᠷᠭᠠᠨ ᠠᠪᠬᠤ ᠭᠡᠪᠡᠯ ᠠᠬᠢᠭᠠᠳ ᠵᠣᠭᠤᠰ ᠢᠶᠠᠨ ᠨᠡᠮᠡᠵᠦ ᠬᠢᠬᠦ ᠬᠡᠷᠡᠭᠲᠡᠢ ᠭᠡᠵᠡᠢ᠃ ᠡᠨᠡ ᠦᠶᠡᠰ | ᠵᠠᠩ ᠠᠪᠤᠭᠠᠢ ᠰᠠᠶ᠋ᠢ ᠥᠪᠡᠷ ᠤᠨ ᠮᠡᠬᠡᠯᠡᠭᠳᠡᠭᠰᠡᠨ ᠢᠶᠠᠨ ᠰᠡᠷᠡᠵᠦ ᠮᠡᠳᠡᠭᠰᠡᠨ ᠴᠦ ᠨᠢᠭᠡᠨᠲᠡ 24 ᠲᠦᠮᠡᠨ ᠲᠥᠭᠦᠷᠢᠭ | ᠬᠤᠬᠢᠷᠠᠭᠰᠠᠨ ᠪᠠᠶᠢᠨ᠎ᠠ᠃ | ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠪᠡᠯᠡ ᠣᠷᠣᠭᠤᠯᠵᠤ ᠡᠳ᠋ ᠤᠨ ᠶᠠᠪᠤᠳᠠᠯ ᠢ | ᠬᠠᠮᠢᠶᠠᠷᠬᠤ ᠳᠤ ᠵᠠᠪᠠᠯ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠬᠤ ᠬᠡᠷᠡᠭᠲᠡᠢ᠂ ᠪᠤᠰᠤᠳ ᠤᠨ | ᠲᠠᠨᠢᠯᠴᠠᠭᠤᠯᠤᠭᠰᠠᠨ ᠢᠷᠡᠯᠲᠡ ᠨᠢ ᠲᠣᠳᠣᠷᠬᠠᠢ ᠦᠭᠡᠢ APP ᠶᠢ ᠳᠤᠷ᠎ᠠ ᠪᠠᠷ ᠰᠠᠭᠤᠯᠭᠠᠵᠤ ᠪᠤᠯᠬᠤ ᠦᠭᠡᠢ; ︽ | ᠮᠡᠷᠭᠡᠵᠢᠯ ᠤᠨ ᠵᠢᠯᠣᠭᠤᠳᠤᠮᠵᠢ︾᠂ ︽ᠶᠡᠭᠡ ᠬᠡᠮᠵᠢᠶᠡᠨ ᠤ ᠤᠷᠤᠯᠭ᠎ᠠ ᠬᠠᠷᠠᠮᠵᠢ︾᠂ ︽ᠪᠠᠲᠤᠲᠠᠢ ᠬᠤᠨᠵᠢᠬᠤ ᠠᠴᠠ | ᠪᠢᠰᠢ ᠬᠤᠨᠵᠢᠭᠳᠠᠬᠤ ᠦᠭᠡᠢ︾ ᠭᠡᠬᠦ ᠮᠡᠲᠦ ᠶᠢᠨ ᠰᠦᠯᠵᠢᠶ᠎ᠡ ᠪᠠᠷ ᠪᠡᠯᠡ ᠣᠷᠣᠭᠤᠯᠵᠤ ᠡᠳ᠋ ᠤᠨ ᠶᠠᠪᠤᠳᠠᠯ ᠢ | ᠬᠠᠮᠢᠶᠠᠷᠴᠤ ᠪᠣᠷᠣᠯᠠᠭᠤᠯᠬᠤ ᠶᠢ ᠢᠲᠡᠭᠡᠵᠦ ᠪᠤᠯᠬᠤ ᠦᠭᠡᠢ᠂ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠬᠤ ᠭᠡᠷᠡᠭᠲᠡᠶ; | ᠲᠠᠨᠢᠯ ᠪᠤᠰᠤ ᠬᠥᠮᠥᠨ ᠳᠤ ᠪᠡᠶ᠎ᠡ ᠶᠢᠨ ᠦᠨᠡᠮᠯᠡᠯ᠂ ᠪᠠᠩᠬᠢ ᠶᠢᠨ ᠳ᠋ᠤᠭᠠᠷ᠂ ᠨᠢᠭᠤᠴᠠ ᠨᠣᠮᠧᠷ᠂ ᠰᠢᠯᠭᠠᠬᠤ ᠨᠣᠮᠧᠷ | ᠵᠡᠷᠭᠡ ᠮᠡᠳᠡᠭᠡ ᠵᠠᠩᠭᠢ ᠶᠢ ᠬᠠᠩᠭᠠᠵᠤ ᠪᠤᠯᠬᠤ ᠥᠭᠡᠶ;ᠲᠠᠨᠢᠯ ᠪᠤᠰᠤ ᠬᠥᠮᠥᠨ ᠤ ᠢᠯᠡᠭᠡᠭᠰᠡᠨ ᠬᠤᠶᠠᠷ ᠬᠡᠮᠵᠢᠯᠲᠦ | ᠺᠣᠳ᠋ ᠢ ᠰᠢᠷᠪᠢᠬᠦ ᠦᠭᠡᠢ;ᠢᠷᠡᠯᠲᠡ ᠨᠢ ᠲᠣᠳᠣᠷᠬᠠᠢ ᠪᠤᠰᠤ ᠰᠦᠯᠵᠢᠶᠡᠨ ᠤ ᠬᠤᠯᠪᠣᠭᠠᠰᠤ ᠶᠢ ᠲᠣᠪᠴᠢᠳᠠᠵᠤ | ᠳᠠᠷᠤᠬᠤ ᠦᠭᠡᠢ᠃ | ᠮᠡᠬᠡᠯᠡᠯ ᠬᠤᠶᠠᠷ᠄ ︽ᠢᠲᠡᠭᠡᠮᠵᠢ ᠶᠢᠨ ᠮᠡᠳᠡᠭᠡ ᠵᠠᠩᠭᠢ ᠶᠢ ᠴᠢᠨᠢ ᠬᠠᠪᠰᠤᠷᠴᠤ ᠥᠭᠡᠷᠡᠴᠢᠯᠡᠬᠦ︾ | ᠬᠤᠲᠠ ᠶᠢᠨ ᠠᠷᠠᠳ ᠸᠠᠩ ᠠᠪᠤᠭᠠᠢ ᠴᠠᠭᠳᠠᠭ᠎ᠠ ᠳᠤ᠂ ᠥᠪᠡᠷ ᠢ ᠪᠠᠨ ᠶᠠᠮᠠᠷ ᠨᠢᠭᠡᠨ ᠢᠲᠡᠭᠡᠮᠵᠢᠲᠦ | ᠵᠢᠭᠡᠯᠡᠯᠭᠡ ᠶᠢᠨ ᠦᠢᠯᠡᠴᠢᠯᠡᠭᠴᠢ ᠶᠢᠨ ᠤᠲᠠᠰᠤ ᠲᠤᠰᠴᠦ᠂ ᠲᠠ ᠶᠠᠮᠠᠷ ᠨᠢᠭᠡᠨ ᠢᠲᠡᠭᠡᠮᠵᠢᠲᠦ ᠵᠢᠭᠡᠯᠡᠯᠭᠡ ᠶᠢ ᠬᠡᠷᠡᠭᠯᠡᠵᠦ | ᠥᠩᠭᠡᠷᠡᠭᠰᠡᠨ ᠠᠴᠠ ᠡᠶᠢᠮᠦ ᠠᠵᠢᠯᠯᠠᠭ᠎ᠠ ᠨᠢ ᠲᠠᠨ ᠤ ᠢᠲᠡᠭᠡᠮᠵᠢ ᠶᠢᠨ ᠮᠡᠳᠡᠭᠡ ᠵᠠᠩᠭᠢ ᠶᠢ ᠨᠥᠯᠥᠭᠡᠯᠡᠬᠦ ᠪᠣᠯᠣᠨ᠎ᠠ | ᠭᠡᠵᠡᠢ᠃ ᠢᠩᠭᠢᠭᠡᠳ ᠨᠥᠭᠦᠭᠡ ᠡᠲᠡᠭᠡᠳ ᠤᠨ ᠢᠶᠠᠨ ᠵᠢᠭᠠᠭᠰᠠᠨ ᠶᠣᠰᠣᠭᠠᠷ᠂ ᠸᠠᠩ ᠠᠪᠤᠭᠠᠢ ᠬᠠᠭᠤᠷᠮᠠᠭ | ᠢᠲᠡᠭᠡᠮᠵᠢ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠨᠡᠭᠡᠭᠡᠵᠦ᠂ ᠪᠠᠰᠠ ᠡᠭᠦᠯᠡᠨ ᠰᠣᠹᠲ ᠪᠠᠭᠤᠯᠭᠠᠨ ᠠᠪᠴᠤ | ᠨᠥᠭᠦᠭᠡ ᠡᠲᠡᠭᠡᠳ ᠲᠠᠢ ᠤᠲᠠᠰᠤ ᠪᠠᠷ ᠶᠠᠷᠢᠯᠴᠠᠪᠠ᠃ ᠨᠥᠭᠦᠭᠡ ᠡᠲᠡᠭᠡᠳ ᠤᠨ ᠬᠡᠯᠡᠬᠦ ᠪᠠᠷ᠂ ᠬᠤᠶᠠᠷ ᠬᠡᠮᠵᠢᠯᠲᠦ | ᠺᠣᠳ᠋ ᠢ ᠤᠩᠰᠢᠭᠤᠯᠵᠤ ᠲᠠᠩᠰᠠ ᠰᠢᠯᠵᠢᠭᠦᠯᠪᠡᠯ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷ᠎ᠠ ᠲᠠᠩᠰᠠ ᠶᠢ | ᠠᠷᠢᠯᠭᠠᠵᠤ ᠪᠤᠯᠬᠤ ᠪᠥᠭᠡᠳ ᠰᠢᠯᠵᠢᠭᠦᠯᠦᠭᠰᠡᠨ ᠮᠥᠩᠭᠦ ᠶᠢ ᠤᠤᠯ ᠤᠨ ᠵᠠᠮ ᠢᠶᠠᠷ ᠢᠶᠠᠨ ᠪᠤᠴᠠᠭᠠᠵᠤ ᠥᠭᠭᠦᠨ᠎ᠡ ᠭᠡᠵᠡᠢ | ᠃ ᠸᠠᠩ ᠠᠪᠤᠭᠠᠢ ᠦᠨᠡᠮᠰᠢᠵᠦ᠂ ᠨᠥᠭᠦᠭᠡ ᠡᠲᠡᠭᠡᠳ ᠲᠤ ᠬᠤᠶᠢᠨ᠎ᠠ ᠡᠮᠦᠨ᠎ᠡ 8 ᠤᠳᠠᠭ᠎ᠠ ᠳᠠᠩᠰᠠ | ᠰᠢᠯᠵᠢᠭᠦᠯᠦᠭᠰᠡᠨ ᠪᠤᠯᠪᠠᠴᠤ ᠵᠣᠭᠤᠰ ᠨᠢ ᠪᠤᠴᠠᠵᠤ ᠢᠷᠡᠭᠰᠡᠨ ᠦᠭᠡᠢ ᠪᠣᠯᠬᠤᠷ ᠰᠠᠶ᠋ᠢ ᠮᠡᠬᠡᠯᠡᠭᠳᠡᠭᠰᠡᠨ ᠢᠶᠠᠨ ᠰᠡᠷᠡᠵᠦ᠂ | ᠨᠡᠶᠢᠲᠡ 16 ᠲᠦᠮᠡ ᠭᠠᠷᠤᠢ ᠲᠥᠭᠦᠷᠢᠭ ᠤᠨ ᠬᠤᠬᠢᠷᠠᠯ ᠳᠤ ᠤᠴᠠᠷᠠᠵᠠᠢ᠃ | ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ | ᠳᠤᠮᠳᠠᠳᠤ ᠤᠯᠤᠰ ᠤᠨ ᠠᠷᠠᠳ ᠤᠨ ᠪᠠᠩᠬᠢ ᠪᠣᠯᠣᠨ ᠲᠡᠭᠦᠨ ᠤ ᠲᠣᠮᠢᠯᠠᠭᠰᠠᠨ ᠪᠠᠶᠢᠭᠤᠯᠤᠮᠵᠢ ᠠᠴᠠ ᠨᠢᠭᠡᠳᠦᠯᠲᠡᠢ | ᠬᠠᠮᠢᠶᠠᠷᠤᠨ᠎ᠠ᠂ ᠶᠠᠮᠠᠷᠪᠠ ᠪᠠᠶᠢᠭᠤᠯᠤᠮᠵᠢ ᠪᠤᠶᠤ ᠬᠤᠪᠢ ᠬᠥᠮᠥᠨ ᠳᠤ ᠪᠠᠯᠠᠯᠬᠤ ᠪᠤᠶᠤ ᠵᠠᠰᠠᠬᠤ ᠡᠷᠬᠡ ᠦᠭᠡᠢ᠂ ︽ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠷ᠎ᠠ ᠳᠠᠩᠰᠠ ᠶᠢ ᠠᠷᠢᠯᠭᠠᠬᠤ︾ ᠳᠤ ᠬᠤᠯᠪᠣᠭᠳᠠᠭᠰᠠᠨ ᠬᠡᠯᠡᠯᠭᠡ ᠴᠥᠮ | ᠮᠡᠬᠡᠯᠡᠯ ᠮᠥᠨ᠃ ᠢᠨᠲ᠋ᠧᠷ ᠰᠦᠯᠵᠢᠶᠡᠨ ᠤ ᠲᠠᠪᠴᠠᠩ ᠳᠠᠬᠢ ᠬᠡᠷᠡᠭᠯᠡᠭᠴᠢᠳ ᠤᠨ ᠦᠢᠯᠡᠴᠢᠯᠡᠭᠡ ᠨᠢ ᠬᠤᠪᠢ | ᠬᠥᠮᠥᠨ ᠤ ᠭᠠᠷ ᠤᠲᠠᠰᠤᠨ ᠤ ᠨᠣᠮᠧᠷ ᠪᠤᠶᠤ ᠪᠤᠰᠤᠳ ᠠᠯᠪᠠᠨ ᠤ ᠪᠤᠰᠤ ᠨᠡᠶᠢᠭᠡᠮ ᠤᠨ ᠬᠠᠷᠢᠯᠴᠠᠭᠠᠨ ᠤ ᠠᠷᠭ᠎ᠠ | ᠮᠠᠶ᠋ᠢᠭ ᠢᠶᠠᠷ ᠬᠡᠷᠡᠭᠯᠡᠭᠴᠢ ᠲᠠᠢ ᠬᠠᠷᠢᠯᠴᠠᠬᠤ ᠦᠭᠡᠢ ᠶᠤᠮ᠃ ︽ᠦᠢᠯᠡᠴᠢᠯᠡᠭᠴᠢ ᠶᠢᠨ ᠦᠢᠯᠡᠴᠢᠯᠡᠭᠡ︾ ᠠᠴᠠ | ᠢᠷᠡᠭᠦᠯᠦᠭᠰᠡᠨ ᠤᠲᠠᠰᠤ ᠶᠢ ᠲᠤᠰᠬᠤ ᠳᠠᠭᠠᠨ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠬᠤᠪᠢ ᠬᠥᠮᠥᠨ ᠤ ᠮᠡᠳᠡᠭᠡ | ᠵᠠᠩᠭᠢ ᠶᠢ ᠭᠢᠯᠪᠠᠷᠬᠠᠨ ᠢᠶᠠᠷ ᠵᠠᠳᠠᠷᠠᠭᠤᠯᠵᠤ ᠪᠤᠯᠬᠤ ᠥᠭᠡᠶ;ᠭᠡᠷᠪᠡ ᠮᠠᠳᠠᠭ ᠲᠠᠢ ᠪᠣᠯ ᠲᠠᠪᠴᠠᠩ ᠤᠨ ᠠᠯᠪᠠᠨ ᠤ | ᠲᠠᠯ᠎ᠠ ᠶᠢᠨ ᠦᠢᠯᠡᠴᠢᠯᠡᠭᠡᠨ ᠤ ᠤᠲᠠᠰᠤ ᠪᠠᠷ ᠰᠢᠭᠤᠳ ᠬᠠᠷᠭᠤᠭᠤᠯᠵᠤ ᠪᠣᠯᠣᠨ᠎ᠠ᠃ ᠨᠠᠶᠢᠵᠠ ᠶᠢᠨ ᠢᠶᠠᠨ ᠳᠡᠯᠭᠡᠴᠡ | ᠬᠤᠪᠢᠶᠠᠯᠴᠠᠨ ᠨᠡᠮᠡᠬᠦ ᠭᠤᠶᠤᠴᠢᠯᠠᠯ ᠳᠤ ᠪᠣᠯᠭᠤᠮᠵᠢᠲᠠᠢ ᠬᠠᠨᠳᠤᠬᠤ ᠬᠡᠷᠡᠭᠲᠡᠢ᠂ ᠰᠠᠶᠢᠨ ᠨᠠᠶᠢᠵᠠ ᠶᠢᠨ ᠳᠡᠯᠭᠡᠴᠡ | ᠬᠤᠪᠢᠶᠠᠯᠴᠠᠨ ᠨᠡᠮᠡᠬᠦ ᠪᠣᠯ ᠬᠠᠭᠤᠷᠮᠠᠭ ᠢᠲᠡᠭᠡᠮᠵᠢ ᠶᠢᠨ ᠮᠡᠳᠡᠭᠡ ᠵᠠᠩᠭᠢ ᠶᠢᠨ ᠲᠥᠷᠥᠯ ᠤᠨ ᠮᠡᠬᠡᠯᠡᠯ ᠤᠨ ᠨᠡᠶᠢᠲᠡᠯᠢᠭ | ᠠᠷᠭ᠎ᠠ ᠵᠠᠮ ᠮᠥᠨ᠂ ᠭᠢᠯᠪᠠᠷᠬᠠᠨ ᠢᠶᠠᠷ ᠸᠢᠳᠢᠤ᠋ ᠪᠠᠷ ᠵᠣᠭᠤᠭᠳᠠᠬᠤ ᠪᠤᠶᠤ ᠳᠡᠯᠭᠡᠴᠡ ᠬᠤᠪᠢᠶᠠᠯᠴᠠᠬᠤ ᠰᠣᠹᠲ ᠢ | ᠰᠠᠭᠤᠯᠭᠠᠵᠤ ᠲᠠᠨᠢᠯ ᠪᠤᠰᠤ ᠬᠥᠮᠥᠨ ᠲᠠᠢ ᠵᠣᠭᠤᠭᠳᠠᠵᠤ ᠪᠤᠯᠬᠤ ᠦᠭᠡᠢ᠂ ᠨᠠᠩ ᠴᠤ ᠳᠡᠯᠭᠡᠴᠡ ᠬᠤᠪᠢᠶᠠᠯᠴᠠᠨ | ᠪᠠᠩᠬᠢ ᠶᠢᠨ ᠲᠠᠩᠰᠠᠨ ᠤ ᠠᠵᠢᠯᠯᠠᠭ᠎ᠠ ᠬᠢᠵᠦ ᠪᠤᠯᠬᠤ ᠦᠭᠡᠢ᠂ ᠬᠤᠪᠢ ᠬᠥᠮᠥᠨ ᠤ ᠮᠡᠳᠡᠭᠡ ᠵᠠᠩᠭᠢ ᠶᠢ | ᠵᠠᠳᠠᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃ | ᠮᠡᠬᠡᠯᠡᠯ ᠭᠤᠷᠪᠠ᠄ ᠲᠠᠨᠢᠯ ᠪᠤᠰᠤ ᠲᠦᠷᠭᠡᠨ ᠬᠦᠷᠭᠡᠯᠲᠡ | ᠬᠤᠲᠠ ᠶᠢᠨ ᠠᠷᠠᠳ ᠸᠠᠩ ᠠᠪᠠᠭ᠋ᠠᠢ ᠴᠠᠭᠳᠠᠭ᠎ᠠ ᠳᠤ ᠬᠡᠷᠡᠭ ᠮᠡᠳᠡᠭᠦᠯᠬᠦ ᠳᠡᠭᠡᠨ᠂ ᠲᠡᠷᠡ ᠨᠢᠭᠡᠨ | ᠲᠦᠷᠭᠡᠨ ᠬᠦᠷᠭᠡᠯᠲᠡ ᠲᠤᠰᠴᠠᠢ᠂ ᠲᠦᠷᠭᠡᠨ ᠬᠦᠷᠭᠡᠯᠲᠡ ᠳᠤ ᠬᠤᠶᠠᠷ ᠬᠡᠮᠵᠢᠯᠲᠦ ᠺᠣᠳ᠋ ᠲᠠᠢ ᠪᠤᠳᠤᠭᠲᠤ ᠺᠠᠷᠲ | ᠬᠤᠶᠠᠷ ᠪᠤᠢ᠃ ᠸᠠᠩ ᠠᠪᠠᠭ᠋ᠠᠢ ᠰᠣᠨᠢᠷᠬᠠᠯ ᠲᠦᠷᠦᠭᠡᠳ ᠬᠤᠶᠠᠷ ᠬᠡᠮᠵᠢᠯᠲᠦ ᠺᠣᠳ᠋ ᠢ ᠰᠢᠷᠪᠢᠭᠰᠡᠨ ᠳᠤ᠂ ᠨᠢᠭᠡᠨ ᠠᠵᠤ | ᠠᠬᠤᠶᠢᠯᠠᠯ ᠤᠨ ᠠᠯᠪᠠᠨ ᠤ ᠳ᠋ᠤᠭᠠᠷ ᠢ ᠨᠡᠮᠡᠭᠰᠡᠨ ᠪᠥᠭᠡᠳ ᠨᠢᠭᠡᠨ ᠴᠤᠭᠯᠠᠷᠠᠯ ᠳᠤ ᠲᠠᠲᠠᠭᠳᠠᠨ ᠣᠷᠣᠵᠠᠢ᠃ | ᠣᠯᠠᠨ ᠢᠶᠠᠷ ᠢᠶᠠᠨ ᠵᠣᠭᠤᠰ ᠮᠥᠩᠭᠦ ᠣᠯᠬᠤ ᠠᠷᠭ᠎ᠠ ᠵᠠᠮ ᠲᠠᠨᠢᠯᠴᠠᠭᠤᠯᠵᠤ ᠬᠡᠯᠡᠬᠦ ᠶᠢ ᠰᠣᠨᠣᠰᠤᠭᠠᠳ ᠸᠠᠩ ᠠᠪᠠᠭ᠋ᠠᠢ | ᠨᠥᠭᠦᠭᠡ ᠡᠲᠡᠭᠡᠳ ᠤᠨ ᠢᠶᠠᠨ ᠵᠢᠭᠠᠭᠰᠠᠨ ᠶᠣᠰᠣᠭᠠᠷAPP ᠰᠠᠭᠤᠯᠭᠠᠨ ᠠᠪᠴᠤ ᠳᠠᠩᠰᠠ ᠰᠢᠯᠵᠢᠭᠦᠯᠦᠭᠰᠡᠨ ᠳᠤ | ᠲᠦᠷᠦᠭᠦᠦ ᠬᠤᠶᠠᠷ ᠤᠳᠠᠭ᠎ᠠ ᠨᠢ ᠦᠨᠡᠬᠡᠷ ᠠᠰᠢᠭ ᠣᠯᠵᠠᠢ᠂ ᠭᠡᠪᠡᠴᠦ ᠳᠠᠷᠠᠭᠠᠴᠢ ᠶᠢᠨ ᠳᠠᠩᠰᠠ ᠶᠢ ᠰᠢᠯᠵᠢᠭᠦᠯᠵᠦ | ᠠᠰᠢᠭ ᠬᠤᠨᠵᠢᠪᠤᠷᠢ ᠶᠢ ᠨᠢ ᠠᠪᠬᠤ ᠭᠡᠰᠡᠨ ᠳᠤ ᠭᠠᠷᠭᠠᠵᠤ ᠳᠡᠶᠢᠯᠭᠦ ᠦᠭᠡᠢ ᠪᠣᠯᠵᠠᠢ᠂ ᠢᠩᠭᠢᠭᠡᠳ ᠲᠡᠷᠡ ᠰᠠᠶ᠋ᠢ | ᠮᠡᠬᠡᠯᠡᠭᠳᠡᠭᠰᠡᠨ ᠢᠶᠠᠨ ᠮᠡᠳᠡᠵᠦ᠂ ᠨᠡᠶᠢᠲᠡ 3 ᠲᠦᠮᠡ ᠭᠠᠷᠤᠢ ᠲᠥᠭᠦᠷᠢᠭ ᠬᠤᠬᠢᠷᠠᠭᠰᠠᠨ ᠪᠠᠶᠢᠨ᠎ᠠ᠃ | ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠵᠠᠬᠢᠶᠠᠯᠠᠭ᠎ᠠ ᠶᠢᠨ ᠲᠥᠷᠥᠯ ᠤᠨ ᠮᠡᠬᠡᠯᠡᠯ ᠳᠤ᠂ | ᠲᠦᠷᠦᠭᠦᠴᠢ ᠶᠢᠨ ᠬᠤᠭᠤᠴᠠᠭᠠᠨ ᠳᠤ ᠮᠡᠬᠡᠯᠡᠭᠴᠢ ᠨᠡᠶᠢᠭᠡᠮ ᠤᠨ ᠬᠠᠷᠢᠯᠴᠠᠭᠠᠨ ᠤ APP ᠪᠠᠷ ᠳᠠᠮᠵᠢᠭᠤᠯᠤᠨ | ᠬᠥᠮᠥᠨ ᠤ ᠰᠣᠨᠢᠷᠬᠠᠯ ᠢ ᠲᠠᠲᠠᠬᠤ ᠵᠠᠷ ᠨᠡᠶᠢᠲᠡᠯᠡᠵᠦ᠂ ᠬᠤᠬᠢᠷᠠᠯ ᠠᠮᠰᠠᠭᠴᠢ ᠶᠢ ᠲᠠᠲᠠᠵᠤ ᠲᠤᠰᠢᠶᠠᠯ ᠬᠠᠪᠰᠤᠷᠭᠠᠨ | ᠵᠠᠬᠢᠶᠠᠯᠠᠭ᠎ᠠ ᠶᠢᠨ ᠬᠤᠬᠢᠷᠠᠯ ᠠᠮᠰᠠᠭᠴᠢ ᠠᠩᠬ᠎ᠠ ᠠᠯᠬᠤᠮ ᠤᠨ ᠳᠠᠩᠰᠠ ᠪᠤᠳᠤᠬᠤ ᠡᠭᠦᠷᠭᠡ ᠪᠠᠨ ᠪᠡᠶᠡᠯᠡᠭᠦᠯᠪᠡᠯ᠂ | ᠮᠡᠬᠡᠯᠡᠭᠴᠢ ᠪᠠᠭ᠎ᠠ ᠲᠣᠭᠠᠨ ᠤ ᠬᠥᠯᠥᠰᠦᠨ ᠮᠥᠩᠭᠦ ᠶᠢ ᠪᠤᠴᠠᠭᠠᠨ ᠥᠭᠴᠦ ᠬᠤᠬᠢᠷᠠᠯ ᠠᠮᠰᠠᠭᠴᠢ ᠶᠢᠨ ᠢᠲᠡᠭᠡᠯ ᠢ | ᠤᠯᠳᠠᠭ;ᠮᠡᠭᠡᠯᠡᠭᠴᠢ ᠢᠲᠡᠭᠡᠯ ᠢ ᠣᠯᠣᠭᠰᠠᠨ ᠤ ᠳᠠᠷᠠᠭ᠎ᠠ᠂ ᠲᠠᠩᠰᠠ ᠲᠠᠶᠢᠯᠬᠤ ᠵᠣᠭᠤᠰ ᠤᠨ ᠲᠤᠭ᠎ᠠ ᠨᠢ ᠢᠳᠡᠭ | ᠢᠳᠡᠭ ᠢᠶᠠᠷ ᠨᠡᠮᠡᠭᠳᠡᠵᠦ᠂ ᠳᠠᠷᠠᠭ᠎ᠠ ᠨᠢ ᠲᠠᠪᠴᠠᠩ ᠳᠤ ︽ᠪᠡᠯᠡᠨ ᠮᠥᠩᠭᠦ ᠭᠠᠷᠭᠠᠵᠤ ᠲᠡᠶᠢᠯᠭᠦ ᠦᠭᠡᠢ︾ ᠪᠠᠶᠢᠳᠠᠯ | ᠢᠯᠡᠷᠡᠵᠦ᠂ ᠴᠢᠨᠠᠭᠰᠢᠯᠠᠪᠠᠯ ᠬᠤᠬᠢᠷᠠᠯ ᠠᠮᠰᠠᠭᠴᠢ ᠪᠠᠷ ᠦᠷᠭᠦᠯᠵᠢᠯᠡᠨ ︽ᠪᠠᠲᠤᠯᠠᠭ᠎ᠠ ᠶᠢᠨ ᠮᠥᠩᠭᠦ︾᠂ ︽ | ᠴᠡᠪᠳᠡᠭᠰᠢᠭᠦᠯᠦᠯ ᠠᠴᠠ ᠲᠠᠶᠢᠯᠬᠤ ᠵᠠᠷᠤᠳᠠᠯ︾ ᠲᠤᠰᠢᠶᠠᠯᠭᠠᠬᠤ ᠪᠠᠷ ᠱᠠᠭᠠᠷᠳᠠᠬᠤ ᠪᠣᠯᠣᠨ᠎ᠠ᠃ ᠰᠦᠯᠵᠢᠶᠡᠨ ᠳᠡᠭᠡᠷᠡᠬᠢ | ᠳᠠᠩᠰᠠ ᠵᠣᠬᠢᠶᠠᠬᠤ ᠪᠣᠯ ᠲᠡᠷᠡ ᠴᠢᠭ ᠢᠶᠠᠷ ᠢᠶᠠᠨ ᠮᠡᠬᠡᠯᠡᠯ ᠪᠠᠶᠢᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠮᠥᠨ | ᠂ ᠰᠦᠯᠵᠢᠶᠡᠨ ᠳᠡᠭᠡᠷᠡᠬᠢ ︽ᠥᠨᠳᠥᠷ ᠬᠥᠯᠥᠰᠦᠨ ᠮᠥᠩᠭᠦ︾᠂ ︽ᠤᠷᠢᠳ ᠢᠶᠠᠷ ᠣᠷᠣᠯᠠᠨ ᠲᠤᠰᠢᠶᠠᠬᠤ︾ ᠵᠡᠷᠭᠡ | ᠲᠤᠰᠢᠶᠠᠯ ᠬᠠᠪᠰᠤᠷᠭᠠᠭᠰᠠᠨ ᠳᠠᠩᠰᠠ ᠵᠣᠬᠢᠶᠠᠬᠤ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠤᠯᠬᠤ ᠦᠭᠡᠢ᠂ | ᠶᠠᠭᠠᠬᠢᠭᠰᠠᠨ ᠴᠤ ᠶᠡᠭᠡ ᠬᠡᠮᠵᠢᠶᠡᠨ ᠤ ᠬᠥᠯᠥᠰᠦ ᠣᠯᠭᠤᠮᠵᠢ ᠳᠤ ᠲᠥᠭᠡᠷᠢᠭᠳᠡᠵᠦ ᠪᠤᠯᠬᠤ ᠦᠭᠡᠢ᠃ ᠲᠠᠨᠢᠯ ᠪᠤᠰᠤ | ᠬᠤᠯᠪᠣᠭᠠᠰᠤ ᠶᠢ ᠬᠠᠮᠢᠶ᠎ᠠ ᠦᠭᠡᠢ ᠲᠣᠪᠴᠢᠳᠠᠵᠤ ᠪᠤᠯᠬᠤ ᠦᠭᠡᠢ᠂ ᠲᠠᠨᠢᠯ ᠪᠤᠰᠤ ᠮᠡᠳᠡᠭᠡ ᠵᠠᠩᠭᠢ ᠶᠢ ᠳᠤᠷ᠎ᠠ ᠪᠠᠷ | ᠬᠠᠷᠢᠭᠤᠯᠵᠤ ᠪᠤᠯᠬᠤ ᠦᠭᠡᠢ᠂ ᠨᠠᠩ ᠴᠤ ᠲᠠᠨᠢᠯ ᠪᠤᠰᠤ ᠲᠠᠩᠰᠠᠨ ᠳᠤ ᠮᠥᠩᠭᠦ ᠰᠢᠯᠵᠢᠭᠦᠯᠵᠦ ᠪᠤᠯᠬᠤ ᠦᠭᠡᠢ᠃ | | | |