| - ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠬᠠᠷᠢᠭᠤᠴᠠᠯᠭᠠᠲᠠᠨ ︽ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ | ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ | ᠣᠶᠢᠷ᠎ᠠ ᠳᠤ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ︵ᠳᠣᠷᠣᠭᠰᠢ ︽ᠲᠣᠭᠲᠠᠭᠠᠯ ᠤᠳ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠬᠠᠷᠢᠭᠤᠴᠠᠯᠭᠠᠲᠠᠨ ︽ | ᠲᠣᠭᠲᠠᠭᠠᠯ ᠤᠳ︾ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ | ᠬᠠᠷᠢᠭᠤᠯᠵᠠᠢ᠃ | ᠠᠰᠠᠭᠤᠯᠲᠠ᠄ ︽ᠲᠣᠭᠲᠠᠭᠠᠯ ᠤᠳ︾ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠪᠠ ᠠᠴᠢ | ᠬᠤᠯᠪᠣᠭᠳᠠᠯ ᠢ ᠲᠠᠨᠢᠯᠴᠠᠭᠤᠯᠵᠤ ᠥᠭᠭᠦᠨ᠎ᠡ ᠦᠦ︖ | ᠬᠠᠷᠢᠭᠤᠯᠲᠠ᠄ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠢᠮᠠᠭᠲᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ | ᠠᠭᠤᠯᠭ᠎ᠠ ᠪᠤᠯᠭᠠᠵᠤ᠂ ᠦᠨᠳᠦᠰᠦᠨ ᠱᠠᠲᠤ ᠶᠢ ᠬᠠᠯᠠᠮᠵᠢᠯᠠᠨ ᠬᠠᠶᠢᠷᠠᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠪᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ | ᠪᠠᠶᠢᠷᠢᠯᠠᠭᠤᠯᠵᠤ ᠠᠬᠢᠭᠤᠯᠤᠭᠰᠠᠨ ᠢᠶᠠᠷ᠂ ᠲᠥᠪ ᠤᠨ ᠲᠡᠰ ᠳᠠᠪᠬᠤᠷᠭ᠎ᠠ ᠠᠴᠠ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ︵ᠳᠣᠷᠣᠭᠰᠢ | ᠲᠤᠰᠬᠠᠢ ᠠᠵᠢᠯ ᠤᠨ ᠲᠣᠭᠲᠠᠴᠠ ᠭᠡᠵᠦ ᠳᠥᠭᠦᠮᠴᠢᠯᠡᠨ᠎ᠡ︶ ᠶᠢ ᠪᠠᠶᠢᠭᠤᠯᠵᠤ᠂ ᠠᠯᠢ ᠤᠯᠠᠨ ᠬᠦᠴᠦᠲᠡᠢ ᠠᠷᠭ᠎ᠠ | ᠬᠡᠮᠵᠢᠶ᠎ᠡ ᠠᠪᠴᠤ᠂ ᠢᠯᠡᠳᠲᠡ ᠦᠷ᠎ᠡ ᠪᠦᠲᠦᠮᠵᠢ ᠣᠯᠵᠠᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠶᠢ | ᠭᠦᠨᠵᠡᠭᠡᠶᠢᠷᠡᠭᠦᠯᠦᠨ ᠥᠷᠭᠡᠳᠬᠡᠵᠦ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ | ᠬᠠᠩᠭᠠᠬᠤ ᠶᠢᠨ ᠲᠥᠯᠥᠭᠡ᠂ ︽ᠲᠣᠭᠲᠠᠭᠠᠯ ᠤᠳ︾ ᠢ ᠲᠣᠭᠲᠠᠭᠠᠪᠠ᠃ | ︽ᠲᠣᠭᠲᠠᠭᠠᠯ ᠤᠳ︾ ᠢ ᠲᠣᠭᠲᠠᠭᠠᠨ ᠨᠡᠶᠢᠲᠡᠯᠡᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠦᠨ ᠥᠷᠭᠡᠳᠬᠡᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠳᠤ ᠴᠢᠬᠤᠯᠠ | ᠳᠦᠷᠢᠮ ᠤᠨ ᠵᠢᠷᠤᠮᠯᠠᠯ ᠬᠠᠩᠭᠠᠬᠤ ᠪᠣᠯ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠢᠭᠡ ᠳᠤ᠂ ᠨᠠᠮ ᠤᠨ ᠲᠥᠪ ᠬᠤᠷᠢᠶ᠎ᠠ ᠶᠢᠨ ᠬᠡᠯᠪᠡᠷᠢᠴᠢ ᠦᠵᠡᠯ ᠢ ᠪᠦᠭᠦ | ᠲᠠᠯ᠎ᠠ ᠪᠠᠷ ᠴᠢᠩᠭ᠎ᠠ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠷᠡᠰ ᠵᠣᠷᠢᠭ ᠢ | ᠭᠦᠢᠴᠡᠳ ᠢᠯᠡᠷᠡᠭᠦᠯᠪᠡ᠃ ᠨᠠᠮ ᠤᠨ ᠲᠥᠪ ᠬᠤᠷᠢᠶᠠᠨ ᠤ ᠬᠢᠨ ᠰᠢᠨ᠎ᠡ ᠴᠠᠭ ᠦᠶ᠎ᠡ ᠰᠢᠨ᠎ᠡ ᠠᠶᠠᠨ ᠢ ᠪᠡᠶᠡᠯᠡᠭᠦᠯᠬᠦ | ᠨᠠᠮ ᠤᠨ ᠡᠭᠦᠷᠭᠡ ᠬᠠᠷᠢᠭᠤᠴᠠᠯᠭ᠎ᠠ ᠱᠠᠭᠠᠷᠳᠠᠯᠭ᠎ᠠ ᠳᠤ ᠰᠠᠭᠤᠷᠢᠯᠠᠨ᠂ ᠣᠶᠢᠷ᠎ᠠ ᠶᠢᠨ ᠵᠢᠯ ᠤᠨ ᠲᠤᠷᠰᠢᠬᠢ ᠴᠡᠭᠴᠡᠯᠡᠨ | ᠵᠠᠰᠠᠬᠤ ᠠᠵᠢᠯ ᠤᠨ ᠳᠦᠷᠢᠮ ᠲᠣᠭᠲᠠᠭᠠᠯ ᠢ ᠨᠠᠪᠲᠠᠷᠡᠭᠦᠯᠵᠦ᠂ ᠠᠩᠬ᠎ᠠ ᠤᠳᠠᠭ᠎ᠠ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠤᠨ ᠭᠡᠯᠪᠡᠷᠢ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠦᠷᠢᠮ ᠤᠨ ᠵᠢᠷᠤᠮᠵᠢᠯ ᠢ | ᠲᠣᠭᠲᠠᠭᠠᠨ ᠨᠡᠶᠢᠲᠡᠯᠡᠵᠦ᠂ ᠲᠥᠪ ᠤᠨ ᠨᠠᠢᠮᠠᠨ ᠲᠣᠭᠲᠠᠭᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠳᠦᠷᠢᠮ | ᠲᠣᠭᠲᠠᠭᠠᠯ᠂ ᠬᠠᠲᠠᠭᠤ ᠪᠠᠷᠢᠮᠵᠢᠶ᠎ᠠ ᠶᠢ ᠪᠦᠷᠢᠯᠳᠦᠭᠦᠯᠵᠦ᠂ ᠪᠦᠭᠦ ᠨᠠᠮ ᠪᠦᠭᠦ ᠨᠡᠶᠢᠭᠡᠮ ᠳᠤ ᠴᠥᠬᠦᠷᠡᠰᠢ ᠦᠭᠡᠢ | ᠡᠴᠦᠰ ᠲᠤᠨᠢ ᠲᠤᠯᠲᠠᠯ᠎ᠠ ᠠᠳᠬᠤᠬᠤ ᠢᠯᠡ ᠲᠣᠳᠣ ᠣᠪᠣᠷ ᠢ ᠢᠯᠡᠷᠬᠡᠶᠢᠯᠡᠭᠰᠡᠨ ᠪᠠᠶᠢᠨ᠎ᠠ᠃ ᠬᠤᠶᠠᠷ ᠲᠤ᠂ | ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠥᠷᠭᠡᠳᠬᠡᠵᠦ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠪᠡ᠃ ︽ | ᠲᠣᠭᠲᠠᠭᠠᠯ ᠤᠳ︾ ᠨᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠷ ᠲᠤᠰᠤᠯᠲᠠ ᠪᠤᠯᠭᠠᠵᠤ᠂ | ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠠᠩᠬᠠᠷᠴᠤ ᠪᠠᠶᠢᠭ᠎ᠠ ᠪᠠ ᠬᠦᠰᠡᠯ ᠡᠷᠡᠮᠡᠯᠵᠡᠯ ᠳᠤ ᠬᠠᠷᠢᠭᠤᠯᠲᠠ | ᠥᠭᠴᠦ᠂ ︽ᠵᠢᠵᠢᠭ ᠭᠠᠷᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ ︽ᠴᠢᠩᠭ᠎ᠠ ᠬᠢᠵᠠᠭᠠᠷᠯᠠᠯ︾ ᠲᠣᠭᠲᠠᠭᠠᠵᠤ᠂ | ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠶᠢ ᠴᠢᠬᠤᠯᠠᠴᠢᠯᠠᠨ᠂ ᠴᠢᠨᠠᠷ ᠢ | ᠲᠣᠭᠲᠠᠭᠠᠵᠤ ᠬᠡᠮᠵᠢᠶ᠎ᠡ ᠶᠢ ᠲᠣᠭᠲᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠤᠨ ᠪᠠᠯᠠᠷᠬᠠᠢ ᠣᠷᠣᠨ | ᠵᠠᠢ ᠶᠢ ᠪᠠᠭᠠᠰᠬᠠᠨ᠂ ᠢᠯᠡ ᠲᠣᠳᠣ ᠳᠦᠷᠢᠮ ᠤᠨ ᠵᠢᠷᠤᠮᠵᠢᠯ ᠢ ᠪᠠᠶᠢᠭᠤᠯᠵᠤ᠂ ᠴᠡᠭᠴᠡᠯᠡᠨ ᠵᠠᠰᠠᠬᠤ ᠠᠵᠢᠯ ᠢ | ᠳᠦᠷᠢᠮ ᠤᠨ ᠵᠠᠮ ᠳᠡᠭᠡᠷ᠎ᠡ ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠪᠠ᠃ ᠭᠤᠷᠪᠠ ᠳᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠠᠷᠭ᠎ᠠ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠴᠢᠳᠠᠪᠤᠷᠢ | ᠣᠯᠭᠤᠬᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ | ᠠᠵᠢᠯ ᠤᠨ ᠤᠳᠤᠷᠢᠳᠤᠮᠵᠢ ᠶᠢ ᠢᠯᠡ ᠲᠣᠳᠣ ᠪᠤᠢ ᠪᠣᠯᠭᠠᠪᠠ᠃ ︽ᠲᠣᠭᠲᠠᠭᠠᠯ ᠤᠳ︾ ᠨᠢ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠪᠠ ᠴᠢᠳᠠᠮᠵᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠬᠦ ᠳᠤ ᠳᠦᠷᠢᠮ ᠤᠨ | ᠴᠢᠨᠠᠷᠲᠠᠢ ᠲᠣᠬᠢᠷᠠᠭᠤᠯᠤᠯᠲᠠ ᠬᠢᠵᠦ᠂ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ | ᠬᠥᠭᠵᠢᠭᠡᠬᠦ ᠳᠤ ᠠᠰᠢᠭᠲᠠᠢ ᠪᠠᠶᠢᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠬᠤ ᠪᠣᠯᠣᠨ᠎ᠠ᠃ | ᠠᠰᠠᠭᠤᠯᠲᠠ᠄ ︽ᠲᠣᠭᠲᠠᠭᠠᠯ ᠤᠳ︾ ᠢ ᠲᠣᠭᠲᠠᠭᠠᠭᠰᠠᠨ ᠶᠡᠷᠦᠩᠬᠡᠢ ᠪᠣᠳᠣᠯᠬᠢᠯᠠᠯ ᠨᠢ ᠶᠠᠭᠤ ᠪᠤᠶ︖ | | ᠬᠠᠷᠢᠭᠤᠯᠲᠠ᠄ ︽ᠲᠣᠭᠲᠠᠭᠠᠯ ᠤᠳ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠢᠯᠡᠷᠡᠭᠦᠯᠬᠦ ᠶᠢ | ᠪᠣᠳᠣᠯᠬᠢᠯᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠠᠵᠢᠯ ᠢ ᠢᠮᠠᠭᠲᠠ ᠵᠥᠪ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠭᠤᠯᠬᠤ ᠶᠢ ᠦᠨᠡᠨ ᠬᠦ ᠪᠠᠲᠤᠯᠠᠪᠠ᠃ | ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠡᠵᠡᠮᠳᠡᠪᠡ᠄ ᠨᠢᠭᠡ ᠳᠤ᠂ ᠦᠵᠡᠯ ᠰᠠᠨᠠᠭ᠎ᠠ ᠪᠠᠷ ᠬᠥᠲᠥᠯᠥᠨ | ᠳᠠᠭᠠᠭᠤᠯᠬᠤ ᠶᠢ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠨᠣᠶᠠᠨᠴᠢ | ᠰᠤᠷᠲᠠᠯ ᠢ ᠴᠢᠩᠭ᠎ᠠ ᠴᠡᠭᠡᠷᠯᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ | ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠳᠠᠮᠵᠢᠭᠤᠯᠤᠨ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠪᠠᠷ ᠭᠤᠣᠯ ᠰᠢᠵᠢᠮ ᠪᠤᠯᠭᠠᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ | ᠬᠤᠭᠤᠴᠠᠭᠠᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠤᠷᠤᠭᠰᠢᠯᠠᠯᠲᠠ ᠶᠢᠨ ᠴᠢᠭᠯᠡᠯ᠂ | ᠳᠦᠷᠢᠮ ᠤᠨ ᠵᠢᠷᠤᠮᠯᠠᠯ ᠢ ᠲᠣᠳᠣᠷᠬᠠᠶᠢᠯᠠᠪᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ | ᠴᠢᠬᠤᠯᠠᠴᠢᠯᠠᠵᠤ᠂ ᠣᠳᠣᠬᠠᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢᠶᠠᠷ | ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠦᠭᠰᠡᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠯᠲᠦ | ᠴᠢᠨᠠᠷᠲᠠᠢ ᠪᠠᠷ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠠᠯᠢ ᠤᠯᠠᠨ ᠴᠠᠭᠠᠵᠠᠯᠠᠬᠤ | ᠴᠢᠨᠠᠷᠲᠠᠢ᠂ ᠬᠢᠵᠠᠭᠠᠷᠯᠠᠬᠤ ᠴᠢᠨᠠᠷᠲᠠᠢ ᠲᠣᠭᠲᠠᠭᠠᠯ ᠭᠠᠷᠭᠠᠪᠠ᠃ ᠭᠤᠷᠪᠠ ᠳᠤ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠣᠶᠢᠷ᠎ᠠ ᠶᠢᠨ ᠵᠢᠯ ᠤᠨ ᠲᠤᠷᠰᠢᠬᠢ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠳᠤᠮᠳᠠᠬᠢ ᠲᠤᠷᠰᠢᠯᠭ᠎ᠠ ᠠᠷᠭ᠎ᠠ ᠬᠢᠳᠡᠯ ᠢ | ᠡᠮᠬᠢᠯᠡᠨ ᠳ᠋ᠦᠩᠨᠡᠵᠦ᠂ ᠦᠢᠯᠡᠳᠦᠯᠭᠡ ᠶᠢᠨ ᠰᠢᠯᠭᠠᠯᠲᠠ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠪᠠᠬᠢᠵᠢᠭᠦᠯᠵᠦ | ᠳᠦᠷᠢᠮ ᠪᠣᠯᠭᠠᠨ ᠵᠢᠷᠤᠮᠵᠢᠭᠤᠯᠬᠤ ᠶᠢᠨ ᠬᠠᠮᠲᠤ ᠬᠦᠴᠢᠷ ᠠᠰᠠᠭᠤᠳᠠᠯ᠂ ᠲᠦᠭᠵᠢᠷᠡᠯ ᠠᠰᠠᠭᠤᠳᠠᠯ ᠢ | ᠰᠢᠢᠳᠪᠦᠷᠢᠯᠡᠬᠦ ᠶᠢ ᠪᠣᠳᠣᠯᠬᠢᠯᠠᠵᠤ ᠰᠢᠨ᠎ᠡ ᠬᠠᠲᠠᠭᠤ ᠠᠷᠭ᠎ᠠ ᠬᠡᠮᠵᠢᠶ᠎ᠡ ᠳᠤᠷᠠᠳᠪᠠ᠃ ᠳᠥᠷᠪᠡ ᠳᠤ᠂ ᠪᠣᠳᠠᠲᠠᠢ ᠶᠢ | ᠡᠷᠬᠢᠮᠯᠡᠨ ᠬᠡᠷᠡᠭᠴᠡᠭᠡ ᠲᠠᠢ ᠪᠠᠶᠢᠬᠤ ᠶᠢ ᠴᠢᠬᠤᠯᠠᠴᠢᠯᠠᠵᠤ᠂ ᠳᠦᠷᠢᠮ ᠲᠣᠭᠲᠠᠭᠠᠯ ᠲᠣᠭᠲᠠᠭᠠᠬᠤ ᠲᠠᠯ᠎ᠠ ᠪᠠᠷ ᠤᠷᠳᠤ | ᠤᠨᠤᠯ ᠭᠠᠷᠭᠠᠬᠤ ᠦᠭᠡᠢ᠂ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠠᠷᠭ᠎ᠠ ᠬᠡᠮᠵᠢᠶ᠎ᠡ ᠱᠠᠭᠠᠷᠳᠠᠯᠭ᠎ᠠ ᠳᠤᠷᠠᠳᠴᠤ᠂ | ᠲᠣᠪᠴᠢ ᠲᠣᠳᠣᠷᠬᠠᠢ᠂ ᠪᠣᠳᠠᠲᠠᠢ ᠪᠠᠶᠢᠵᠤ᠂ ᠣᠶᠢᠯᠠᠭᠠᠬᠤ ᠪᠠ ᠬᠡᠷᠡᠭᠵᠢᠭᠦᠯᠬᠦ ᠳᠤ ᠲᠦᠭᠦᠮ ᠪᠤᠯᠭᠠᠬᠤ ᠶᠢ | ᠴᠢᠬᠤᠯᠠᠴᠢᠯᠠᠪᠠ᠃ ᠲᠠᠪᠤ ᠳᠤ᠂ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠵᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠬᠤ ᠲᠠᠢ ᠨᠢᠭᠲᠠ ᠤᠶᠠᠯᠳᠤᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ | ᠬᠠᠷᠠᠭᠠᠯᠵᠠᠭᠰᠠᠨ ᠲᠣᠭᠲᠠᠭᠠᠯ ᠭᠠᠷᠭᠠᠵᠤ᠂ ᠬᠠᠷᠢᠯᠴᠠᠨ ᠠᠪᠴᠠᠯᠳᠤᠭᠤᠯᠬᠤ ᠶᠢᠨ ᠬᠠᠮᠲᠤ ᠤᠳᠤ ᠶᠢᠨ ᠬᠡᠷᠡᠭᠵᠢᠭᠦᠯᠵᠦ | ᠪᠠᠶᠢᠭ᠎ᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠠᠢ ᠵᠣᠯᠭᠠᠭᠤᠯᠵᠤ᠂ ᠰᠢᠰᠲ᠋ᠧᠮᠲᠦ ᠴᠢᠨᠠᠷ᠂ ᠪᠦᠬᠦᠯᠢ | ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠶᠢ ᠠᠩᠬᠠᠷᠪᠠ᠃ | ᠠᠰᠠᠭᠤᠯᠲᠠ᠄ ︽ᠲᠣᠭᠲᠠᠭᠠᠯ ᠤᠳ︾ ᠤᠨ ᠭᠤᠣᠯ ᠪᠣᠷᠣ ᠲᠥᠯᠥᠪ ᠪᠠ ᠠᠭᠤᠯᠭ᠎ᠠ ᠨᠢ ᠶᠠᠭᠤ ᠪᠤᠶ︖ | | ᠬᠠᠷᠢᠭᠤᠯᠲᠠ᠄ ︽ᠲᠣᠭᠲᠠᠭᠠᠯ ᠤᠳ︾ ᠨᠢ ᠨᠡᠶᠢᠲᠡ 7 ᠬᠡᠰᠡᠭ᠂ 21 ᠵᠤᠷᠪᠤᠰ ᠪᠣᠳᠠᠲᠠᠢ | ᠲᠣᠭᠲᠠᠭᠠᠯ ᠲᠠᠢ᠃ ᠨᠢᠭᠡ ᠳᠤ᠂ ︽ᠪᠢᠴᠢᠭ ᠮᠠᠲ᠋ᠧᠷᠢᠶᠠᠯ ᠢ ᠦᠨᠡᠨ ᠬᠦ ᠴᠣᠮᠬᠠᠳᠬᠠᠵᠤ︾᠂ ᠭᠤᠣᠯᠳᠠᠭᠤ ᠪᠢᠴᠢᠭ | ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ | ᠳᠡᠭᠡᠭᠰᠢᠯᠡᠭᠦᠯᠭᠦ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠵᠡᠷᠭᠡ ᠶᠢ ᠲᠣᠭᠲᠠᠭᠠᠪᠠ᠃ ᠬᠤᠶᠠᠷ ᠲᠤ᠂ ︽ᠬᠤᠷᠠᠯ ᠢ | ᠴᠢᠩᠭ᠎ᠠ ᠴᠣᠮᠬᠠᠳᠬᠠᠵᠤ︾᠂ ᠭᠤᠣᠯᠳᠠᠭᠤ ᠬᠤᠷᠠᠯ ᠤᠨ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠬᠡᠪᠴᠢᠶ᠎ᠡ | ᠬᠡᠮᠵᠢᠶ᠎ᠡ ᠶᠢ ᠬᠢᠵᠠᠭᠠᠷᠯᠠᠬᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠵᠡᠷᠭᠡ ᠶᠢ ᠲᠣᠭᠲᠠᠭᠠᠪᠠ᠃ | ᠭᠤᠷᠪᠠ ᠳᠤ᠂ ︽ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ︾ ᠶᠢ ᠨᠢᠭᠡᠳᠦᠯᠲᠡᠢ | ᠲᠥᠯᠥᠪᠵᠢᠭᠦᠯᠦᠨ ᠵᠢᠷᠤᠮᠵᠢᠭᠤᠯᠵᠤ᠂ ᠭᠤᠣᠯᠳᠠᠭᠤ ᠲᠥᠯᠥᠪᠯᠡᠭᠡ ᠪᠣᠯᠣᠨ ᠳᠠᠩᠰᠠᠯᠠᠬᠤ ᠬᠠᠮᠢᠶᠠᠷᠤᠯᠲᠠ ᠶᠢ | ᠴᠢᠩᠭᠠᠳᠬᠠᠵᠤ᠂ ᠠᠷᠭ᠎ᠠ ᠭᠡᠯᠪᠡᠷᠢ ᠪᠠᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠱᠠᠯᠠᠪᠳᠠᠭᠤᠯᠤᠨ ᠪᠠᠶᠢᠴᠠᠭᠠᠬᠤ | ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠡᠷᠦᠩᠬᠡᠢ ᠬᠡᠮᠵᠢᠶ᠎ᠡ ᠵᠡᠷᠭᠡ ᠶᠢ ᠴᠢᠩᠭ᠎ᠠ ᠡᠵᠡᠮᠳᠡᠨ᠎ᠡ ᠭᠡᠵᠦ ᠲᠣᠭᠲᠠᠭᠠᠪᠠ᠃ | ᠳᠥᠷᠪᠡ ᠳᠤ᠂ ︽ᠺᠠᠳ᠋ᠷ ᠢ ᠵᠢᠭᠡᠯᠡᠨ ᠬᠡᠷᠡᠭᠯᠡᠬᠦ︾ ᠶᠢ ᠵᠢᠷᠤᠮᠵᠢᠭᠤᠯᠵᠤ᠂ ᠭᠤᠣᠯᠳᠠᠭᠤ ᠰᠢᠶᠠᠨ ᠵᠢᠴᠢ ᠲᠡᠭᠦᠨ ᠠᠴᠠ | ᠳᠣᠷᠣᠭᠰᠢᠬᠢ ᠨᠢᠭᠡᠴᠢ ᠠᠴᠠ ᠺᠠᠳ᠋ᠷ ᠢ ᠵᠢᠭᠡᠯᠡᠨ ᠰᠢᠯᠵᠢᠭᠦᠯᠬᠦ ᠦᠭᠡᠢ᠂ ᠬᠤᠳᠠ ᠵᠢᠴᠢ ᠲᠡᠭᠦᠨ ᠠᠴᠠ ᠳᠡᠭᠡᠭᠰᠢᠬᠢ | ᠨᠢᠭᠡᠴᠢ ᠠᠴᠠ ᠺᠠᠳ᠋ᠷ ᠢ ᠵᠢᠭᠡᠯᠡᠨ ᠰᠢᠯᠵᠢᠭᠦᠯᠬᠦ ᠶᠢ ᠴᠢᠩᠭ᠎ᠠ ᠬᠢᠵᠠᠭᠠᠷᠯᠠᠬᠤ ᠵᠡᠷᠭᠡ ᠶᠢ ᠲᠣᠭᠲᠠᠭᠠᠪᠠ᠃ ᠲᠠᠪᠤ ᠳᠤ᠂ ︽ | ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠤᠨ ᠬᠠᠮᠢᠶᠠᠷᠤᠯᠲᠠ︾ ᠶᠢ | ᠵᠢᠷᠤᠮᠵᠢᠭᠤᠯᠵᠤ᠂ ᠭᠤᠣᠯᠳᠠᠭᠤ ᠦᠨᠳᠦᠰᠦᠨ ᠱᠠᠲᠤᠨ ᠳᠤ ᠬᠠᠨᠳᠤᠭᠤᠯᠤᠭᠰᠠᠨ ᠵᠠᠰᠠᠭ ᠤᠨ ᠶᠠᠪᠤᠳᠠᠯ ᠤᠨ | ᠬᠡᠷᠡᠭᠯᠡᠭᠡᠨ ᠤ ᠫᠷᠣᠭ᠍ᠷᠠᠮ ᠢ ᠢᠯᠭᠠᠷᠠᠭᠤᠯᠵᠤ ᠡᠮᠬᠢᠯᠡᠨ ᠨᠡᠶᠢᠳᠬᠡᠬᠦ᠂ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ | ᠴᠢᠩᠭᠠᠳᠬᠠᠬᠤ᠂ ᠴᠢᠳᠠᠮᠵᠢ ᠶᠢᠨ ᠣᠨᠳᠣᠣᠰᠢᠬᠤ ᠶᠢ ᠰᠡᠷᠭᠡᠶᠢᠯᠡᠬᠦ ᠵᠡᠷᠭᠡ ᠶᠢ ᠲᠣᠭᠲᠠᠭᠠᠪᠠ᠃ ᠵᠢᠷᠭᠤᠭ᠎ᠠ ᠳᠤ᠂ ︽ | ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ︾ ᠶᠢ ᠵᠢᠷᠤᠮᠵᠢᠭᠤᠯᠵᠤ᠂ ᠭᠤᠣᠯᠳᠠᠭᠤ | ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠨᠠᠷᠢᠨ ᠲᠠᠩᠰᠠ ᠠᠴᠠ ᠭᠠᠳᠠᠨᠠᠬᠢ | ᠵᠦᠢᠯᠡᠰ ᠢ ᠵᠥᠪᠰᠢᠶᠡᠷᠡᠨ ᠣᠷᠣᠭᠤᠯᠬᠤ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ᠂ ᠫᠠᠶᠢᠰᠠ ᠡᠯᠭᠦᠬᠦ | ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠵᠤ᠂ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠬᠤ ᠵᠡᠷᠭᠡ ᠶᠢ ᠲᠣᠭᠲᠠᠭᠠᠪᠠ᠃ ᠳᠣᠯᠤᠭ᠎ᠠ ᠳᠤ | ᠂ ︽ᠡᠭᠦᠳᠦᠨ ᠪᠠᠶᠢᠭᠤᠯᠬᠤ ᠵᠢᠱᠢᠶ᠎ᠡ ᠦᠵᠡᠭᠦᠯᠭᠦ ᠪᠠ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ︾ ᠶᠢ | ᠵᠢᠷᠤᠮᠵᠢᠭᠤᠯᠵᠤ᠂ ᠭᠤᠣᠯᠳᠠᠭᠤ ᠲᠥᠷᠥᠯ ᠵᠦᠢᠯ ᠲᠤᠭ᠎ᠠ ᠬᠡᠮᠵᠢᠶ᠎ᠡ ᠶᠢ ᠴᠣᠮᠬᠠᠳᠬᠠᠬᠤ᠂ ᠡᠭᠦᠳᠦᠨ ᠪᠠᠶᠢᠭᠤᠯᠬᠤ | ᠵᠢᠱᠢᠶ᠎ᠡ ᠦᠵᠡᠭᠦᠯᠭᠦ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠦᠨᠳᠦᠰᠦᠨ ᠱᠠᠲᠤᠨ ᠳᠤ ᠪᠠᠷᠢᠮᠵᠢᠶ᠎ᠠ ᠳᠤ | ᠬᠦᠷᠦᠭᠦᠯᠬᠦ ᠠᠵᠢᠯᠯᠠᠭ᠎ᠠ ᠥᠷᠨᠢᠭᠦᠯᠬᠦ ᠦᠭᠡᠢ ᠵᠡᠷᠭᠡ ᠶᠢ ᠲᠣᠭᠲᠠᠭᠠᠪᠠ᠃ | ᠠᠰᠠᠭᠤᠯᠲᠠ᠄ ︽ᠲᠣᠭᠲᠠᠭᠠᠯ ᠤᠳ︾ ᠲᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠭᠠᠷᠭᠠᠭᠰᠠᠨ ᠢ | ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ︽ᠲᠣᠭᠲᠠᠭᠠᠯ ᠤᠳ︾ ᠲᠤ ᠰᠢᠰᠲ᠋ᠧᠮᠳᠤ ᠦᠵᠡᠯᠲᠡ ᠶᠢ ᠪᠠᠷᠢᠮᠲᠠᠯᠠᠵᠤ᠂ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠣᠳᠣᠬᠠᠨ ᠳᠤ ᠣᠷᠣᠰᠢᠵᠤ ᠪᠠᠶᠢᠭ᠎ᠠ ᠬᠡᠯᠪᠡᠷᠢᠴᠢ ᠦᠵᠡᠯ ᠤᠨ | ᠬᠠᠭᠤᠴᠢᠨ ᠠᠰᠠᠭᠤᠳᠠᠯ ᠰᠢᠨ᠎ᠡ ᠪᠠᠶᠢᠳᠠᠯ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠲᠣᠭᠲᠠᠭᠠᠯ ᠢ | ᠴᠢᠩᠭᠠᠳᠬᠠᠬᠤ ᠶᠢᠨ ᠬᠠᠮᠲᠤ᠂ ᠠᠯᠢ ᠣᠯᠠᠨ ᠰᠢᠨ᠎ᠡ ᠪᠣᠳᠠᠲᠠᠢ ᠠᠷᠭ᠎ᠠ ᠬᠡᠮᠵᠢᠶ᠎ᠡ ᠶᠢ ᠴᠢᠭᠯᠡᠭᠦᠯᠦᠯᠲᠦ ᠴᠢᠨᠠᠷᠲᠠᠢ ᠪᠠᠷ | ᠳᠤᠷᠠᠳᠴᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠲᠠᠰᠤᠷᠠᠯᠲᠠ ᠦᠭᠡᠢ ᠦᠨᠳᠦᠰᠦᠨ ᠠᠴᠠ | ᠨᠢ ᠵᠠᠰᠠᠬᠤ ᠲᠡᠶᠢᠰᠢ ᠭᠦᠨᠵᠡᠭᠡᠶᠢᠷᠡᠭᠦᠯᠬᠦ ᠶᠢ ᠠᠬᠢᠭᠤᠯᠪᠠ᠃ ᠵᠢᠱᠢᠶᠡᠯᠡᠪᠡᠯ᠂ ᠵᠠᠷᠢᠮ ᠭᠠᠵᠠᠷ ᠣᠷᠣᠨ ᠪᠠ ᠰᠠᠯᠠᠭ᠎ᠠ | ᠮᠥᠴᠢᠷ ᠤᠨ ᠪᠢᠴᠢᠭ ᠮᠠᠲ᠋ᠧᠷᠢᠶᠠᠯ ᠲᠤᠭᠤᠷᠪᠢᠵᠤ ᠲᠠᠷᠬᠠᠭᠠᠬᠤ ᠭᠤᠭᠴᠤᠭ᠎ᠠ ᠳᠤ ᠦᠨᠡᠯᠡᠯᠲᠡ ᠬᠢᠵᠦ ᠬᠢᠨᠠᠨ | ᠪᠠᠶᠢᠴᠠᠭᠠᠭᠰᠠᠨ ᠨᠢ ᠴᠢᠩᠭ᠎ᠠ ᠪᠢᠰᠢ ᠠᠴᠠ ᠪᠣᠯᠵᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠡᠬᠢ | ᠡᠭᠦᠰᠦᠯ ᠠᠴᠠ ᠨᠢ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠪᠠᠶᠢᠳᠠᠯ ᠢᠯᠡᠷᠡᠭᠰᠡᠨ ᠵᠡᠷᠭᠡ | ᠠᠰᠠᠭᠤᠳᠠᠯ ᠳᠤ ᠴᠢᠭᠯᠡᠭᠦᠯᠦᠨ᠂ ︽ᠣᠷᠣᠨ ᠨᠤᠲᠤᠭ ᠪᠠ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠲᠤᠭᠤᠷᠪᠢᠵᠤ | ᠲᠠᠷᠬᠠᠭᠠᠬᠤ ᠳᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠨᠢᠭᠡᠳᠦᠯᠲᠦ ᠴᠢᠨᠠᠷᠲᠠᠢ ᠦᠨᠡᠯᠡᠯᠲᠡ | ᠬᠢᠬᠦ ᠬᠡᠷᠡᠭᠲᠡᠢ︾ ᠭᠡᠬᠦ ᠲᠣᠭᠲᠠᠭᠠᠯ ᠭᠠᠷᠭᠠᠵᠤ᠂ ᠣᠷᠣᠨ ᠨᠤᠲᠤᠭ ᠪᠠ ᠰᠠᠯᠠᠭ᠎ᠠ ᠮᠥᠴᠢᠷ ᠢ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠵᠤ ᠲᠠᠷᠬᠠᠭᠠᠬᠤ ᠭᠤᠭᠴᠤᠭ᠎ᠠ ᠳᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠠᠢ ᠨᠢᠭᠡᠳᠦᠯᠲᠦ ᠴᠢᠨᠠᠷᠲᠠᠢ ᠦᠨᠡᠯᠡᠯᠲᠡ ᠬᠢᠵᠦ ᠬᠢᠨᠠᠨ ᠪᠠᠶᠢᠴᠠᠭᠠᠯᠲᠠ ᠬᠢᠬᠦ ᠶᠢ | ᠱᠠᠭᠠᠷᠳᠠᠵᠤ᠂ ᠬᠡᠯᠪᠡᠷᠢᠴᠢ ᠦᠵᠡᠯ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠳᠤ | ᠨᠡᠶᠢᠴᠡᠬᠦ ᠦᠭᠡᠢ ᠪᠠᠶᠢᠳᠠᠯ ᠭᠠᠷᠬᠤ ᠠᠴᠠ ᠵᠠᠶᠢᠯᠠᠰᠬᠢᠪᠡ᠃ | ᠠᠰᠠᠭᠤᠯᠲᠠ᠄ ︽ᠲᠣᠭᠲᠠᠭᠠᠯ ᠤᠳ︾ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ | ᠠᠳᠬᠤᠬᠤ ᠪᠤᠶ︖ | ᠬᠠᠷᠢᠭᠤᠯᠲᠠ᠄ ᠨᠠᠮ ᠤᠨ ᠲᠥᠪ ᠬᠤᠷᠢᠶ᠎ᠠ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ︽ᠲᠣᠭᠲᠠᠭᠠᠯ ᠤᠳ︾ ᠢ ᠴᠢᠩᠭ᠎ᠠ ᠬᠡᠷᠡᠭᠵᠢᠭᠦᠯᠵᠦ᠂ ︽ᠲᠣᠭᠲᠠᠭᠠᠯ ᠤᠳ︾ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠰᠤᠷᠤᠯᠴᠠᠯᠭ᠎ᠠ ᠪᠣᠯᠪᠠᠰᠤᠷᠠᠯ ᠢ | ᠴᠢᠩᠭᠠᠳᠬᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ︽ᠲᠣᠭᠲᠠᠭᠠᠯ ᠤᠳ︾ ᠢ ᠨᠠᠷᠢᠨ ᠬᠢᠨᠠᠮᠠᠭᠠᠢ | ᠰᠤᠷᠤᠯᠴᠠᠵᠤ᠂ ︽ᠲᠣᠭᠲᠠᠭᠠᠯ ᠤᠳ︾ ᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠪᠣᠯᠣᠨ ᠡᠯ᠎ᠡ ᠱᠠᠲᠤᠨ ᠤ | ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ | ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠤᠶᠠᠷ ᠲᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ | ᠳᠠᠭᠠᠭᠤᠯᠬᠤ ᠶᠢ ᠪᠠᠷᠢᠮᠲᠠᠯᠠᠨ᠎ᠠ᠃ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ | ᠵᠥᠪ ᠢ ᠡᠷᠢᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ︽ᠲᠣᠭᠲᠠᠭᠠᠯ ᠤᠳ︾ ᠤᠨ ᠡᠯ᠎ᠡ ᠵᠦᠢᠯ ᠤᠨ ᠲᠣᠭᠲᠠᠭᠠᠯ ᠢ ᠡᠯ᠎ᠡ | ᠱᠤᠭᠤᠮ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ︽ᠲᠣᠭᠲᠠᠭᠠᠯ ᠤᠳ︾ ᠲᠠᠢ ᠬᠠᠷᠭᠤᠭᠤᠯᠵᠤ ᠪᠠᠶᠢᠭᠠᠳ | ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠢᠨᠠᠮᠠᠭᠠᠢ ᠪᠠᠶᠢᠴᠠᠭᠠᠨ ᠦᠵᠡᠵᠦ᠂ ᠲᠣᠭᠲᠠᠭᠠᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ | ᠭᠡᠰᠢᠭᠦᠨ ᠺᠠᠳ᠋ᠷᠴᠤᠳ ᠤᠨ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ | ᠨᠢᠭᠡ ᠶᠢ ᠴᠡᠭᠴᠡᠯᠡᠨ ᠵᠠᠰᠠᠬᠤ ᠭᠡᠷᠡᠭᠲᠡᠢ; ᠵᠣᠬᠢᠬᠤ ᠨᠡᠶᠢᠲᠡᠯᠢᠭ ᠴᠢᠨᠠᠷᠲᠠᠢ᠂ ᠨᠡᠶᠢᠳᠡᠮ ᠤᠨ ᠴᠢᠨᠠᠷᠲᠠᠢ | ᠠᠰᠠᠭᠤᠳᠠᠯ ᠳᠤ ᠬᠦᠴᠦᠨ ᠢᠶᠠᠨ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠪᠠ ᠢᠯᠭᠠᠷᠠᠭᠤᠯᠬᠤ ᠠᠵᠢᠯ ᠢ | ᠥᠷᠨᠢᠭᠦᠯᠬᠦ ᠬᠡᠷᠡᠭᠲᠡᠢ᠃ ᠳᠥᠷᠪᠡ ᠳᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠲᠤᠰᠬᠠᠢ ᠵᠦᠢᠯ ᠤᠨ | ᠠᠵᠢᠯ ᠤᠨ ᠲᠣᠭᠲᠠᠴᠠ ᠳᠤ ᠣᠯᠠᠨ ᠵᠦᠢᠯ ᠤᠨ ᠭᠡᠯᠪᠡᠷᠢ ᠮᠠᠶ᠋ᠢᠭ ᠢ ᠠᠪᠴᠤ᠂ ᠱᠠᠯᠠᠪᠳᠠᠭᠤᠯᠤᠨ ᠪᠠᠶᠢᠴᠠᠭᠠᠬᠤ ᠪᠠᠨ | ᠴᠢᠩᠭᠠᠳᠬᠠᠨ᠂ ᠬᠠᠤᠯᠢ ᠲᠣᠭᠲᠠᠭᠠᠯ ᠳᠦᠷᠢᠮ ᠤᠨ ᠬᠠᠲᠠᠭᠤ ᠴᠢᠨᠠᠷ ᠪᠣᠯᠣᠨ ᠬᠢᠵᠠᠭᠠᠷᠯᠠᠬᠤ ᠬᠦᠴᠦᠨ ᠢ | ᠴᠢᠩᠭᠠᠷᠠᠭᠤᠯᠵᠤ᠂ ᠨᠡᠶᠢᠲᠡᠯᠢᠭ ᠠᠰᠠᠭᠤᠳᠠᠯ ᠢ ᠢᠯᠡ ᠪᠠᠷ ᠨᠡᠶᠢᠲᠡᠯᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ | | | | | |